12 ᠰᠠᠷ᠎ᠠ᠎ᠶ᠋ᠢᠨ 11᠎ᠦ ᠡᠳᠦᠷ
ᠡᠬᠢᠯᠡᠬᠦ᠌ ᠴᠠᠭ᠄
2025-12-11 10:32:24
ᠨᠠᠶ᠋ᠢᠷᠠᠭᠤᠯᠤᠭᠴᠢ ᠄
ᠤᠷᠠᠨᠲᠠᠨ᠎ᠡ
ᠨᠡᠪᠲᠡᠷᠡᠬᠦᠯᠦᠭᠴᠢ ᠄
ᠤᠷᠠᠨᠲᠠᠨ᠎ᠠ
ᠮᠡᠷᠭᠡᠵᠢᠯ ᠄

ᠤᠩᠰᠢᠭᠰᠠᠨ ᠤᠳᠠᠭ᠎ᠠ᠄

新 语音播报 封面.jpg


10001010101010101010101010101010101010112.11语言播报 日期0101.jpg


10001010101010101010101010101010101010112.11天气预报模板0101.jpg


10001010101010101010101010101010101010112.11各盟市天气模板0101.jpg


ᠨᠡᠢᠭᠡᠮ

✦ ᠳᠤᠮᠳᠠᠳᠤ ᠤᠯᠤᠰ᠎ᠤᠨ ᠬᠥᠮᠥᠨ ᠰᠠᠭᠤᠯᠭᠠᠭᠰᠠᠨ ᠰᠠᠨᠰᠠᠷ᠎ᠤᠨ ᠠᠶᠠᠯᠠᠯ᠎ᠤᠨ ᠢᠨᠵᠧᠨᠧᠷᠢᠩ᠎ᠦᠨ ᠠᠯᠪᠠᠨ ᠭᠡᠷ᠎ᠦᠨ ᠮᠡᠳᠡᠭᠡ᠎ᠶᠢ ᠦᠨᠳᠦᠰᠦᠯᠡᠪᠡᠯ᠂ ᠪᠡᠭᠡᠵᠢᠩ᠎ᠦᠨ ᠴᠠᠭ᠎ᠢᠶᠠᠷ 2025 ᠣᠨ᠎ᠤ 12 ᠰᠠᠷ᠎ᠠ᠎ᠶᠢᠨ 9᠎ᠤ ᠡᠳᠦᠷ᠎ᠦᠨ 18 ᠴᠠᠭ 45 ᠮᠢᠨᠦ᠋ᠲ᠎ᠲᠦ᠂ 8 ᠴᠠᠭ ᠰᠢᠬᠠᠮ᠎ᠤᠨ ᠥᠷᠥᠭᠡᠨ᠎ᠡᠴᠡ ᠭᠠᠷᠬᠤ ᠠᠵᠢᠯᠯᠠᠭ᠎ᠠ ᠪᠠᠷ ᠳᠠᠮᠵᠢᠨ᠂ ᠬᠤᠪᠢᠯᠭᠠᠨ ᠣᠩᠭᠣᠴᠠ ᠬᠣᠷᠢᠨ ᠨᠢᠭᠡᠳᠦᠭᠡᠷ᠎ᠦᠨ ᠰᠠᠨᠰᠠᠷᠴᠢᠨ᠎ᠤ ᠳᠤᠭᠤᠢᠯᠠᠩ ᠠᠩᠬ᠎ᠠ ᠤᠳᠠᠭ᠎ᠠ ᠥᠷᠥᠭᠡᠨ᠎ᠡᠴᠡ ᠭᠠᠷᠬᠤ ᠠᠵᠢᠯᠯᠠᠭ᠎ᠠ᠎ᠪᠠᠨ ᠲᠡᠭᠦᠰ ᠠᠮᠵᠢᠯᠲᠠ᠎ᠲᠠᠢ ᠪᠡᠶᠡᠯᠡᠭᠦᠯᠵᠦ᠂ ᠥᠪᠥᠷ ᠮᠣᠩᠭᠣᠯ ᠨᠤᠲᠤᠭ᠎ᠲᠠᠢ ᠰᠠᠨᠰᠠᠷᠴᠢᠨ ᠦ᠋ ᠹᠧᠢ ᠥᠷᠥᠭᠡᠨ᠎ᠡᠴᠡ ᠭᠠᠷᠬᠤ ᠡᠭᠦᠷᠭᠡ᠎ᠶᠢ ᠪᠡᠶᠡᠯᠡᠭᠦᠯᠪᠡ᠃


QQ截图20251001113555.png


✦ 12 ᠰᠠᠷ᠎ᠠ᠎ᠶᠢᠨ 10᠎ᠤ ᠡᠳᠦᠷ᠂ ᠲᠥᠪ᠎ᠦᠨ ᠷᠠᠳᠢᠣ᠋ ᠲᠧᠯᠸᠢᠰ᠎ᠦᠨ ᠶᠡᠷᠦᠩᠬᠡᠢ ᠬᠣᠷᠢᠶ᠎ᠠ 《2026 ᠣᠨ᠎ᠤ ᠴᠠᠭᠠᠨ ᠰᠠᠷ᠎ᠠ᠎ᠶᠢᠨ ᠦᠳᠡᠰᠢᠯᠡᠭᠡ》 ᠵᠢᠨ ᠭᠣᠣᠯ ᠰᠡᠳᠦᠪ ᠪᠠ ᠭᠣᠣᠯ ᠢᠯᠡᠳᠬᠡᠮᠵᠢ ᠲᠡᠮᠳᠡᠭ᠎ᠢ ᠨᠡᠢᠲᠡᠯᠡᠪᠡ᠃


微信图片_2025-12-10_163552_683.jpg


✦ 12 ᠰᠠᠷ᠎ᠠ ᠵᠢᠨ 9᠎ᠤ ᠡᠳᠤᠷ᠂ 2025 ᠣᠨ᠎ᠤ ᠬᠡᠪᠯᠡᠯ᠎ᠦᠨ 《ᠨᠡᠢᠭᠡᠮ᠎ᠦᠨ ᠠᠵᠢᠯᠲᠠᠨ᠎ᠤ ᠠᠵᠢᠯ ᠮᠡᠷᠭᠡᠵᠢᠯ᠎ᠦᠨ ᠬᠢᠷᠢ ᠬᠡᠮ᠎ᠦᠨ ᠰᠢᠯᠭᠠᠯᠲᠠ᠎ᠶᠢᠨ ᠬᠥᠲᠥᠯᠪᠦᠷᠢ》 ᠵᠢ ᠨᠡᠢᠲᠡᠯᠡᠪᠡ᠃

✦ ᠤᠢᠷ᠎ᠠ᠎ᠳᠤ ᠪᠠᠶᠠᠨᠨᠠᠭᠤᠷ᠎ᠤᠨ ᠲᠠᠷᠢᠶᠠᠯᠠᠩ᠎ᠤᠨ ᠴᠠᠭ ᠠᠭᠤᠷ᠎ᠤᠨ ᠲᠤᠷᠰᠢᠯᠲᠠ᠎ᠶᠢᠨ ᠥᠷᠲᠡᠭᠡ ᠥᠪᠥᠷ ᠮᠣᠩᠭᠣᠯ᠎ᠤᠨ ᠪᠠᠷᠠᠭᠤᠨ ᠣᠷᠣᠨ᠎ᠤ ᠴᠤᠷ᠎ᠤᠨ ᠭᠠᠭᠴᠠ ᠤᠯᠤᠰ᠎ᠤᠨ ᠨᠢᠭᠡᠳᠦᠭᠡᠷ ᠳᠡᠰ᠎ᠤᠨ ᠲᠠᠷᠢᠶᠠᠯᠠᠩ᠎ᠤᠨ ᠴᠠᠭ ᠠᠭᠤᠷ᠎ᠤᠨ ᠲᠤᠷᠰᠢᠯᠲᠠ᠎ᠶᠢᠨ ᠥᠷᠲᠡᠭᠡ ᠪᠣᠯᠵᠤ᠂ ᠤᠯᠤᠰ᠎ᠤᠨ ᠳᠡᠰ᠎ᠤᠨ ᠲᠠᠷᠢᠶᠠᠯᠠᠩ᠎ᠤᠨ ᠴᠠᠭ ᠠᠭᠤᠷ᠎ᠤᠨ ᠭᠣᠣᠯᠯᠠᠭ᠍ᠴᠢ ᠡᠩᠨᠡᠭᠡᠨ᠎ᠳᠦ ᠣᠷᠣᠵᠠᠢ᠃ 

✦ 12 ᠰᠠᠷ᠎ᠠ᠎ᠶᠢᠨ 9᠎ᠦ ᠡᠳᠦᠷ᠂ ᠬᠥᠯᠥᠨ ᠪᠣᠢᠷ ᠬᠣᠲᠠ᠎ᠶᠢᠨ ᠰᠤᠷᠭᠠᠨ ᠬᠥᠮᠦᠵᠢᠯ᠎ᠦᠨ ᠲᠣᠪᠴᠢᠶ᠎ᠠ᠂ ᠬᠥᠯᠥᠨ ᠪᠣᠢᠷ ᠬᠤᠲᠠ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ ᠵᠡᠷᠭᠡ ᠨᠢᠭᠡᠴᠢ ᠬᠠᠮᠲᠤᠷᠠᠨ 《ᠬᠥᠯᠥᠨ ᠪᠣᠶ᠋ᠢᠷ ᠬᠤᠲᠠ᠎ᠶᠢᠨ 2025 ᠣᠨ᠎ᠤ 〈ᠴᠠᠰᠤᠨ᠎ᠤ ᠠᠮᠠᠷᠠᠯᠲᠠ〉᠎ᠶᠢᠨ ᠲᠤᠰᠬᠠᠢ ᠠᠵᠢᠯ᠎ᠤᠨ ᠲᠥᠰᠥᠯ》᠎ᠢ ᠳᠠᠷᠤᠮᠠᠯᠯᠠᠨ ᠳᠠᠷᠬᠠᠭᠠᠵᠤ᠂ ᠠᠯᠪᠠᠨ ᠵᠢᠷᠤᠮ᠎ᠤᠨ ᠰᠤᠷᠭᠠᠨ ᠬᠦᠮᠦᠵᠢᠯ᠎ᠤᠨ ᠱᠠᠳᠤᠨ᠎ᠤ 1 — 8 ᠎ᠳᠤᠭᠠᠷ ᠤᠨ᠎ᠤ ᠰᠤᠷᠤᠬᠴᠢᠳ 12 ᠰᠠᠷ᠎ᠠ ᠵᠢᠨ 24 ᠡᠴᠡ 28᠎ᠤ ᠡᠳᠤᠷ ᠪᠤᠯᠳᠠᠯ᠎ᠠ 《3 + 2》 5 ᠡᠳᠤᠷ᠎ᠤᠨ ᠴᠢᠯᠦᠭᠡᠨ᠎ᠤ ᠬᠤᠭᠤᠴᠠᠭ᠎ᠠ ᠲᠠᠢ ᠪᠤᠯᠤᠨ᠎ᠠ ᠭᠡᠵᠤ ᠳᠤᠳᠤᠷᠬᠠᠢᠯᠠᠵᠠᠢ᠃

✦ ᠠᠯᠠᠱᠠ ᠪᠠᠷᠠᠭᠤᠨ ᠬᠣᠰᠢᠭᠤᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠎ᠠᠴᠠ ᠣᠢᠯᠠᠭᠠᠭᠰᠠᠨ᠎ᠢᠶᠠᠷ᠂ ᠥᠪᠥᠷ ᠮᠣᠩᠭᠣᠯ᠎ᠤᠨ ᠪᠠᠳᠠᠢ ᠱᠧᠨ ᠲᠦᠸᠧ ᠲᠡᠮᠡᠭᠡᠨ᠎ᠦ ᠠᠮᠢᠳᠤ ᠪᠣᠳᠠᠰ᠎ᠤᠨ ᠰᠢᠨᠵᠢᠯᠡᠭᠡ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶᠢᠨ ᠦᠢᠯᠡᠳᠪᠦᠷᠢᠯᠡᠭᠰᠡᠨ 《ᠪᠢᠴᠢᠬᠠᠨ ᠲᠡᠮᠡᠭᠡ ᠠ ᠳ᠋ᠠᠨ》 ᠲᠦᠷᠦᠯ ᠲᠡᠮᠳᠡᠭᠲᠦ ᠬᠥᠯᠳᠡᠭᠡᠭᠰᠡᠨ ᠲᠡᠮᠡᠭᠡᠨ ᠮᠢᠬ᠎ᠠ᠎ᠶᠢᠨ ᠱᠠᠯᠪᠢᠩ᠂ ᠠᠮᠲᠠ ᠤᠷᠤᠭᠤᠯᠤᠭᠰᠠᠨ ᠳᠡᠮᠡᠭᠡᠨ ᠮᠢᠬ᠎ᠠ᠂ ᠲᠡᠮᠡᠭᠡᠨ ᠪᠣᠷᠴᠠ ᠵᠡᠷᠭᠡ ᠭᠤᠷᠪᠠᠨ ᠵᠦᠢᠯ᠎ᠦᠨ ᠦᠢᠯᠡᠳᠬᠦᠨ 《ᠥᠪᠥᠷ ᠮᠣᠩᠭᠣᠯ》 ᠨᠡᠷᠡᠮᠵᠢᠲᠦ ᠭᠡᠷᠡᠴᠢᠯᠡᠯ᠎ᠢ ᠣᠯᠵᠤ᠂ ᠪᠥᠬᠥ ᠣᠷᠣᠨ᠎ᠤ ᠠᠩᠬᠠᠨ᠎ᠤ ᠲᠤᠰ ᠭᠡᠷᠡᠴᠢᠯᠡᠯ᠎ᠢ ᠣᠯᠣᠭᠰᠠᠨ ᠲᠡᠮᠡᠭᠡᠨ ᠮᠢᠬᠠᠨ᠎ᠤ ᠲᠥᠷᠥᠯ᠎ᠦᠨ ᠠᠵᠤ ᠠᠬᠤᠢᠯᠠᠯ ᠪᠣᠯᠵᠠᠢ᠃


捕获.JPG


✦ ᠤᠷᠴᠢᠮᠬᠠᠨ ᠡᠵᠡᠨ ᠬᠣᠷᠣᠭ᠎ᠠ ᠬᠣᠰᠢᠭᠤᠨ᠎ᠤ ᠠᠯᠲᠠᠨᠰᠢᠷᠡᠭᠡᠲᠦ ᠪᠠᠯᠭᠠᠰᠤ ᠨᠢ ᠵᠠᠰᠠᠭ᠎ᠤᠨ ᠶᠠᠪᠤᠳᠠᠯ᠎ᠤᠨ ᠦᠢᠯᠡᠴᠢᠯᠡᠭᠡ᠎ᠶᠢ ᠬᠣᠲᠠ᠎ᠶᠢᠨ ᠠᠷᠠᠳ᠎ᠤᠨ ᠡᠭᠦᠳᠡᠨ᠎ᠳᠤ ᠬᠦᠷᠭᠡᠵᠦ᠂ 24 ᠴᠠᠭ᠎ᠢᠶᠠᠷ ᠠᠵᠢᠯᠯᠠᠬᠤ ᠠᠦ᠋ᠲ᠋ᠣᠴᠢᠯᠠᠭᠰᠠᠨ ᠵᠠᠰᠠᠭ᠎ᠤᠨ ᠶᠠᠪᠤᠳᠠᠯ᠎ᠤᠨ ᠦᠢᠯᠡᠴᠢᠯᠡᠬᠦ ᠥᠷᠲᠡᠭᠡ᠎ᠶᠢ ᠨᠡᠢᠭᠡᠮ ᠲᠣᠭᠣᠷᠢᠭ᠋᠂ ᠨᠠᠮ᠎ᠤᠨ ᠬᠡᠰᠢᠭᠦᠨ ᠪᠠ ᠣᠯᠠᠨ ᠲᠦᠮᠡᠨ᠎ᠤ ᠦᠢᠯᠡᠴᠢᠯᠡᠭᠡᠨ᠎ᠤ ᠲᠥᠪ᠎ᠲᠦ ᠭᠠᠷᠭᠠᠵᠤ᠂ ᠤᠯᠠᠨ ᠲᠦᠮᠡᠨ᠎ᠳᠦ ᠳᠥᠭᠥᠮ ᠦᠵᠡᠭᠦᠯᠵᠦ ᠪᠠᠢᠨ᠎ᠠ᠃


微信图片_2025-12-10_110552_300.jpg

 

ᠰᠣᠶᠣᠯ

✦ 12 ᠰᠠᠷ᠎ᠠ᠎ᠶᠢᠨ 9᠎ᠤ ᠡᠳᠦᠷ᠂ 《ᠤᠯᠠ ᠮᠥᠷ — 〈ᠨᠠᠨᠵᠢᠩ᠎ᠤᠨ ᠵᠠᠯᠠᠭᠤᠰ〉 ᠦᠦᠰᠢᠨ ᠨᠤᠲᠤᠭ᠎ᠲᠤ》᠂ 《ᠴᠣᠭ ᠵᠣᠯᠪᠣᠭ᠎ᠠ — ᠨᠠᠨᠵᠢᠩ᠎ᠤᠨ ᠰᠡᠬᠡᠭᠡᠲᠡᠨ ᠵᠠᠯᠠᠭᠤᠰ ᠦᠦᠰᠢᠨ ᠨᠤᠲᠤᠭ᠎ᠲᠤ》 ᠭᠡᠬᠦ ᠨᠣᠮ ᠲᠠᠷᠬᠠᠭᠠᠬᠤ ᠶᠣᠰᠣᠯᠠᠯ ᠵᠢᠴᠢ 《ᠤᠯᠠ ᠮᠥᠷ》 ᠭᠡᠬᠦ ᠪᠠᠷᠢᠮᠲᠠᠲᠤ ᠹᠢᠯᠢᠮ᠎ᠦᠨ ᠨᠡᠭᠡᠭᠡᠯᠲᠡ᠎ᠶᠢᠨ ᠶᠣᠰᠣᠯᠠᠯ ᠨᠠᠨᠵᠢᠩ ᠬᠤᠲᠠ᠎ᠳᠤ ᠶᠠᠪᠤᠭᠳᠠᠵᠤ᠂ ᠣᠷᠳᠣᠰ ᠬᠤᠲᠠ᠂ ᠦᠦᠰᠢᠨ ᠬᠣᠰᠢᠭᠤᠨ᠎ᠤ ᠬᠠᠮᠢᠶ᠎ᠠ ᠪᠦᠬᠦᠢ ᠬᠠᠷᠢᠭᠤᠴᠠᠯᠭᠠᠲᠠᠳ᠂ ᠨᠠᠢᠷᠠᠭᠤᠯᠤᠨ ᠪᠢᠴᠢᠬᠦ ᠵᠥᠪᠯᠡᠯ᠎ᠦᠨ ᠪᠦᠷᠢᠯᠳᠦᠭᠦᠨ᠂ 130 ᠭᠠᠷᠤᠢ ᠨᠠᠨᠵᠢᠩ᠎ᠤᠨ ᠰᠡᠬᠡᠭᠡᠲᠡᠨ ᠣᠷᠣᠯᠴᠠᠭᠰᠠᠨ ᠪᠠᠢᠨ᠎ᠠ᠃


捕获123.JPG


捕获100.JPG


✦ ᠲᠦᠷᠦᠬᠦᠬᠡᠨ ᠶᠠᠪᠤᠭᠳᠠᠭᠰᠠᠨ 2025 ᠣᠨ ᠎ᠤ ᠠᠵᠤ ᠠᠬᠤᠢᠯᠠᠯᠲᠠᠨ᠎ᠤ ᠪᠥᠸᠧ ᠤᠣ ᠶᠠᠷᠢᠶᠠᠨ᠎ᠤ ᠲᠠᠪᠴᠠᠩ᠎ᠳᠤ᠂ ᠣᠲᠣᠭ ᠬᠣᠰᠢᠭᠤ ᠰᠣᠶᠣᠯ ᠵᠢᠭᠤᠯᠴᠢᠯᠠᠯ᠎ᠤᠨ ᠲᠦᠷᠦᠯ ᠳᠡᠮᠳᠡᠭ᠂ ᠣᠨᠴᠠᠯᠢᠭ᠍ᠲᠤ ᠨᠤᠲᠤᠭ᠎ᠤᠨ ᠭᠠᠷᠤᠯᠲᠠ᠎ᠪᠠᠷ᠎ᠢᠶᠠᠨ ᠤᠯᠤᠰ᠎ᠤᠨ ᠳᠣᠲᠣᠭᠠᠳᠤ ᠭᠠᠳᠠᠭᠠᠳᠤ᠎ᠶᠢᠨ ᠵᠣᠴᠢᠳ᠎ᠲᠤ 《ᠣᠲᠣᠭ᠎ᠤᠨ ᠦᠪᠡᠳᠡᠭᠰᠢ ᠨᠠᠢᠷ》᠎ᠢ ᠬᠦᠷᠭᠡᠵᠦ᠂ ᠣᠲᠤᠭ᠎ᠤᠨ ᠤᠯᠠᠭᠠᠨᠮᠥ᠋ᠴᠢᠷ᠎ᠦᠨ ᠲᠣᠭᠯᠠᠯᠲᠠ᠂ ᠣᠨᠴᠠᠯᠢᠭ᠍ᠲᠤ ᠰᠣᠶᠣᠯ᠎ᠤᠨ ᠡᠭᠦᠳᠦᠯᠲᠡ᠎ᠶᠢᠨ ᠪᠦᠲᠦᠭᠡᠭᠳᠡᠬᠦᠨ᠂ ᠦᠨᠳᠦᠰᠦᠲᠡᠨ᠎ᠦ ᠤᠯᠠᠮᠵᠢᠯᠠᠯᠲᠤ ᠭᠠᠷ ᠤᠷᠠᠯᠠᠯ᠎ᠤᠨ ᠪᠦᠲᠦᠭᠡᠭᠳᠡᠬᠦᠨ ᠵᠡᠷᠭᠡ ᠨᠢ ᠣᠯᠠᠨ᠎ᠤ ᠠᠩᠬᠠᠷᠤᠯ᠎ᠢ ᠲᠠᠲᠠᠵᠠᠢ᠃


ᠤᠲᠤᠭ ᠬᠤᠰᠢᠭᠤ.png

 

✦ 12 ᠰᠠᠷ᠎ᠠ᠎ᠶᠢᠨ 9᠎ᠤ ᠡᠳᠦᠷ᠂ ᠪᠠᠭᠠᠷᠢᠨ ᠪᠠᠷᠠᠭᠤᠨ ᠬᠣᠰᠢᠭᠤᠨ᠎ᠤ ᠡᠮᠡᠭᠲᠡᠢᠴᠦᠳ᠎ᠤᠨ ᠬᠤᠯᠪᠤᠭ᠎ᠠ᠂ ᠪᠠᠭᠠᠷᠢᠨ ᠪᠠᠷᠠᠭᠤᠨ ᠬᠣᠰᠢᠭᠤᠨ᠎ᠤ ᠭᠡᠰᠡᠷ ᠰᠣᠶᠣᠯ᠎ᠤᠨ ᠠᠮᠢ ᠠᠬᠤᠢ᠎ᠶᠢ ᠬᠠᠮᠠᠭᠠᠯᠠᠵᠤ ᠬᠥᠭᠵᠢᠭᠦᠯᠬᠦ ᠲᠥᠪ᠎ᠡᠴᠡ ᠬᠠᠮᠲᠤᠷᠠᠨ ᠡᠷᠬᠢᠯᠡᠭᠰᠡᠨ ᠪᠠᠭᠠᠷᠢᠨ ᠪᠠᠷᠠᠭᠤᠨ ᠬᠣᠰᠢᠭᠤᠨ᠎ᠤ 《ᠦᠢ ᠣᠯᠠᠨ ᠤᠷᠠᠴᠤᠳ ᠤᠷ᠎ᠠ ᠮᠡᠷᠭᠡᠵᠢᠯ᠎ᠢᠶᠠᠨ ᠭᠠᠢᠬᠠᠭᠤᠯᠵᠤ ᠤᠷᠠᠨ ᠰᠣᠳᠣᠨ ᠡᠮᠡᠭᠲᠡᠢᠴᠦᠳ ᠭᠠᠢᠬᠠᠮᠰᠢᠭ᠍ᠲᠤ ᠪᠠᠭᠠᠷᠢᠨ ᠵᠢᠡᠨ ᠮᠠᠨᠳᠤᠭᠤᠯᠬᠤ》 ᠬᠠᠳᠬᠤᠮᠠᠯ᠎ᠤᠨ ᠤᠷᠤᠯᠳᠤᠭᠠᠨ ᠪᠠᠭᠠᠷᠢᠨ ᠪᠠᠷᠠᠭᠤᠨ ᠬᠤᠰᠢᠭᠤᠨ᠎ᠤ ᠭᠡᠰᠡᠷ᠎ᠢ ᠤᠯᠠᠮᠵᠢᠯᠠᠨ ᠰᠤᠷᠬᠤ ᠭᠠᠵᠠᠷ᠎ᠲᠦ ᠤᠳᠬ᠎ᠠ ᠲᠡᠭᠦᠯᠳᠡᠷ ᠶᠠᠪᠤᠭᠳᠠᠵᠠᠢ᠃


微信图片_2025-12-10_111419_492.jpg


✦ ᠠᠪᠠᠭ᠎ᠠ ᠬᠣᠰᠢᠭᠤᠨ᠎ᠤ ᠡᠪᠯᠡᠯ᠎ᠦᠨ ᠬᠣᠷᠢᠶ᠎ᠠ ᠡᠴᠡ ᠡᠷᠬᠢᠯᠡᠭᠰᠡᠨ᠎ᠢᠰᠡᠭᠡᠢ ᠤᠷᠠᠯᠠᠯ᠎ᠤᠨ ᠬᠢᠴᠢᠶᠡᠯ ᠲᠦᠷᠦᠬᠦᠬᠡᠨ ᠠᠪᠠᠭ᠎ᠠ ᠬᠣᠰᠢᠭᠤᠨ᠎ᠤ ᠵᠠᠯᠠᠭᠤᠴᠤᠳ᠎ᠤᠨ ᠦᠢᠯᠡᠰ ᠪᠣᠰᠬᠠᠬᠤ ᠬᠦᠷᠢᠶᠡᠯᠡᠩ᠎ᠳᠤ ᠶᠠᠪᠤᠬᠳᠠᠵᠤ᠂ 20 ᠭᠠᠷᠤᠢ ᠬᠦᠮᠦᠨ ᠣᠷᠣᠯᠴᠠᠵᠤ᠂ ᠵᠠᠯᠠᠭᠤᠴᠤᠳ᠎ᠤᠨ ᠰᠤᠷᠤᠯᠭ᠎ᠠ ᠠᠮᠢᠳᠤᠷᠠᠯ᠎ᠳᠤ ᠰᠢᠨ᠎ᠡ ᠪᠦᠲᠦᠭᠡᠯᠴᠢ ᠰᠡᠳᠬᠢᠮᠵᠢ ᠪᠠ ᠬᠠᠯᠠᠮᠵᠢᠯᠠᠯ᠎ᠢ ᠮᠡᠳᠡᠷᠡᠭᠦᠯᠪᠡ᠃


640.jpg


ᠲᠠᠮᠢᠷ

✦ 12 ᠰᠠᠷ᠎ᠠ ᠵᠢᠨ 9᠎ᠤ ᠡᠳᠤᠷ᠂ 2025 ᠪᠥᠬᠥ ᠤᠯᠤᠰ᠎ᠤᠨ ᠵᠡᠮᠳᠡᠭᠴᠦᠳ᠎ᠦᠨ ᠤᠨᠴᠠᠭᠠᠢ ᠣᠯᠢᠮᠫᠢᠺ᠎ᠤᠨ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠬᠦᠨᠳᠦ ᠬᠥᠩᠭᠡᠨ ᠪᠡᠶ᠎ᠡ᠎ᠶᠢᠨ ᠲᠠᠮᠢᠷ᠎ᠤᠨ ᠤᠷᠤᠯᠳᠤᠭᠠᠨ᠎ᠤ 100 ᠮᠸᠲᠷ᠎ᠤᠨ ᠤᠷᠤᠯᠳᠤᠭᠠᠨ᠎ᠳᠤ ᠬᠥᠬᠡᠬᠣᠲᠠ ᠵᠢᠨ ᠳᠠᠮᠢᠷᠴᠢᠨ ᠯᠢᠶᠠᠩ ᠶᠦᠩ ᠪᠢᠨ 11 ᠰᠧᠺᠦ᠋ᠨ᠋ᠳ᠋ 65 ᠵᠢᠨ ᠬᠢᠷᠢ ᠪᠦᠲᠦᠮᠵᠢ ᠪᠡᠷ ᠮᠠᠩᠯᠠᠢᠯᠠᠵᠤ᠂ ᠮᠠᠨ᠎ᠤ ᠤᠷᠤᠨ᠎ᠤ ᠠᠩᠬᠠᠨ᠎ᠤ ᠠᠯᠲᠠᠨ ᠮᠸᠳᠡᠯ᠎ᠢ ᠭᠦᠷᠳᠡᠪᠡ᠃


QQ截图20251001104448.png

 

✦ ᠡᠷᠡᠭᠲᠡᠢ᠎ᠶᠢᠨ 100 ᠮᠧᠲᠷ᠎ᠦᠨ ᠠᠽᠢᠶ᠎ᠠ ᠲᠢᠪ᠎ᠦᠨ ᠲᠡᠮᠳᠡᠭᠯᠡᠯ᠎ᠢ ᠬᠠᠳᠠᠭᠠᠯᠠᠭ᠍ᠴᠢ᠂ ᠳᠤᠮᠳᠠᠳᠤ ᠤᠯᠤᠰ᠎ᠤᠨ ᠤᠢᠷ᠎ᠠ ᠭᠦᠶᠦᠯᠲᠡ᠎ᠶᠢᠨ ᠨᠠᠷᠠᠲᠤ ᠳᠠᠮᠢᠷᠴᠢᠨ ᠰᠸ᠋ ᠪᠢᠩ ᠲᠢᠶᠠᠨ 9᠎ᠦ ᠡᠳᠦᠷ ᠬᠤᠪᠢ ᠬᠥᠮᠥᠨ᠎ᠦ ᠪᠢᠴᠢᠯ ᠪᠦᠷᠭᠡ᠎ᠢᠶᠠᠷ ᠵᠢᠡᠨ ᠳᠠᠮᠵᠢᠭᠤᠯᠤᠨ ᠠᠵᠢᠯ᠎ᠠᠴᠠ᠎ᠪᠠᠨ ᠬᠠᠯᠠᠬᠳᠠᠬᠰᠠᠨ ᠵᠢᠡᠨ ᠠᠯᠪᠠᠨ ᠶᠣᠰᠣᠭᠠᠷ ᠨᠡᠢᠲᠡᠯᠡᠪᠡ᠃

✦ ᠲᠦᠷᠦᠬᠦᠬᠡᠨ ᠪᠦᠬᠦ ᠠᠷᠠᠳ᠎ᠢᠶᠠᠷ᠎ᠢᠶᠠᠨ ᠮᠣᠷᠢ ᠤᠨᠤᠵᠤ ᠪᠡᠶᠡᠴᠢᠯᠡᠨ ᠣᠢᠯᠠᠭᠠᠬᠤ ᠠᠵᠢᠯᠯᠠᠭ᠎ᠠ ᠵᠢᠴᠢ ᠮᠣᠷᠢ ᠵᠢᠷᠤᠭᠠᠯᠠᠭᠤᠯᠬᠤ ᠮᠡᠷᠭᠡᠵᠢᠯ᠎ᠦᠨ ᠦᠵᠡᠭᠦᠯᠭᠡ ᠦᠤᠰᠢᠨ ᠬᠤᠰᠢᠭᠤᠨ᠎ᠤ ᠭᠠᠯᠠᠭᠤᠲᠤ ᠪᠠᠯᠭᠠᠰᠤᠨ᠎ᠳᠤ ᠠᠮᠵᠢᠯᠲᠠ᠎ᠲᠠᠢ ᠶᠠᠪᠤᠭᠳᠠᠪᠠ᠃ ᠠᠵᠢᠯᠯᠠᠭ᠎ᠠ᠎ᠶᠢᠨ ᠠᠬᠤᠢ ᠲᠠᠯᠠᠪᠠᠢ ᠬᠥᠷ ᠬᠥᠭᠵᠢᠶᠡᠨ᠎ᠢᠶᠠᠷ ᠪᠢᠯᠬᠠᠵᠤ᠂ ᠰᠠᠭᠤᠭᠠᠯᠢ ᠠᠷᠠᠳ ᠪᠣᠯᠣᠨ ᠡᠷᠭᠢᠨ ᠲᠣᠭᠣᠷᠢᠨ᠎ᠤ ᠮᠤᠵᠢ ᠬᠣᠲᠠ᠎ᠠᠴᠠ ᠬᠦᠷᠦᠯᠴᠡᠨ ᠢᠷᠡᠭᠰᠡᠨ ᠮᠢᠩᠭ᠎ᠠ ᠭᠠᠷᠤᠢ ᠵᠢᠭᠤᠯᠴᠢᠯᠠᠬᠴᠢ ᠣᠷᠣᠯᠴᠠᠪᠠ᠃


捕获99.JPG

 

ᠳᠡᠯᠡᠬᠡᠢ

✦ ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠡᠸᠦ᠋ᠷᠦᠫᠡ᠎ᠶᠢᠨ ᠬᠣᠯᠪᠣᠭ᠎ᠠ᠎ᠶᠢᠨ ᠠᠭᠤᠷ ᠠᠮᠢᠰᠬᠤᠯ᠎ᠤᠨ ᠬᠢᠨᠠᠨ ᠬᠡᠮᠵᠢᠯᠲᠡ᠎ᠶᠢᠨ ᠪᠠᠢᠭᠤᠯᠤᠮᠵᠢ᠎ᠶᠢᠨ ᠨᠡᠢᠲᠡᠯᠡᠭᠰᠡᠨ ᠠᠯᠪᠠᠨ ᠮᠡᠳᠡᠭᠡ᠎ᠳᠦ ᠢᠯᠡᠷᠡᠭᠦᠯᠦᠭᠰᠡᠨ᠎ᠢᠶᠡᠷ᠂ ᠡᠨᠡ ᠵᠢᠯ᠎ᠦᠨ ᠲᠦᠷᠦᠭᠦᠦ 11 ᠰᠠᠷ᠎ᠠ᠎ᠶᠢᠨ ᠠᠭᠠᠷ᠎ᠤᠨ ᠳᠤᠯᠠᠭᠠᠨ᠎ᠤ ᠲᠣᠭ᠎ᠠ ᠪᠠᠷᠢᠮᠲᠠ᠎ᠶᠢ ᠦᠨᠳᠦᠰᠦᠯᠡᠪᠡᠯ᠂ 2025 ᠣᠨ ᠨᠢ 2023 ᠣᠨ᠎ᠲᠠᠢ ᠵᠡᠷᠭᠡᠴᠡᠨ ᠬᠠᠮᠢᠶ᠎ᠠ ᠪᠦᠬᠦᠢ ᠲᠡᠮᠳᠡᠭᠯᠡᠯ᠎ᠲᠠᠢ ᠪᠣᠯᠤᠭᠰᠠᠨ᠎ᠠᠴᠠ ᠨᠠᠭᠠᠰᠢᠬᠢ ᠬᠣᠶᠠᠳᠠᠭᠢ ᠬᠠᠯᠠᠭᠤᠨ ᠵᠢᠯ ᠪᠣᠯᠵᠤ᠂ 2024 ᠣᠨ᠎ᠤ ᠳᠠᠷᠠᠭ᠎ᠠ ᠵᠢᠬᠰᠠᠭᠠᠬᠳᠠᠪᠠ᠃

 

ᠦᠢᠯᠡᠴᠢᠯᠡᠭᠡ

✦ ᠪᠤᠭᠤᠳᠤ ᠬᠤᠳᠠ ᠵᠢᠨ ᠶᠢᠰᠦᠳᠦᠭᠡᠷ ᠳᠤᠮᠳᠠᠳᠤ ᠰᠤᠷᠭᠠᠭᠤᠯᠢ ᠪᠠᠬᠰᠢ ᠡᠯᠰᠡᠵᠤ ᠪᠤᠢ᠃

 

ᠲᠠᠨ᠎ᠤ ᠲᠤᠰᠠ᠎ᠳᠤ

✦ ᠰᠤᠳᠤᠯᠭᠠᠲᠠᠳ᠎ᠠᠴᠠ ᠤᠷᠳᠤ ᠬᠤᠭᠤᠴᠠᠭ᠎ᠠ᠎ᠪᠠᠷ ᠰᠢᠷᠠᠭᠰᠠᠨ ᠲᠠᠬᠢᠶ᠎ᠠ᠂ ᠱᠣᠷᠣᠯᠠᠭ᠂ ᠲᠣᠰᠣ᠌ ᠶᠡᠬᠡᠲᠡᠢ ᠪᠣᠭᠣᠷᠰᠣᠭ ᠵᠡᠷᠭᠡ᠎ᠶᠢ ᠢᠳᠡᠬᠦ ᠨᠢ ᠵᠢᠷᠦᠬᠡ ᠲᠠᠷᠢᠬᠢᠨ᠎ᠤ ᠴᠢᠰᠤᠨ ᠰᠤᠳᠠᠯ᠂ ᠡᠯᠢᠭᠡ᠂ ᠭᠡᠳᠡᠰᠦ ᠵᠡᠷᠭᠡ ᠪᠡᠶ᠎ᠡ᠎ᠶᠢᠨ ᠡᠷᠬᠡᠲᠡᠨ᠎ᠢ ᠭᠡᠮᠲᠦᠭᠡᠬᠦ ᠤᠴᠢᠷ᠎ᠠᠴᠠ ᠪᠠᠭ᠎ᠠ ᠢᠳᠡᠬᠦ᠎ᠶᠢ ᠰᠠᠨᠠᠭᠤᠯᠵᠤ ᠪᠣᠶ᠃


QQ截图20250825102238.png


ᠵᠠᠯᠭᠠᠭᠠᠳ 《ᠰᠠᠢᠬᠠᠨ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠦ  ᠪᠠᠶᠠᠷᠯᠠᠯ᠎ᠠ᠂ ᠪᠠᠶᠠᠷᠳᠠᠢ!

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)

ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号