12 ᠰᠠᠷ᠎ᠠ ᠵᠢᠨ 13 ᠎ᠤ ᠡᠳᠤᠷ
ᠡᠬᠢᠯᠡᠬᠦ᠌ ᠴᠠᠭ᠄
2025-12-13 12:13:01
ᠨᠠᠶ᠋ᠢᠷᠠᠭᠤᠯᠤᠭᠴᠢ ᠄

ᠨᠡᠪᠲᠡᠷᠡᠬᠦᠯᠦᠭᠴᠢ ᠄

ᠮᠡᠷᠭᠡᠵᠢᠯ ᠄

ᠤᠩᠰᠢᠭᠰᠠᠨ ᠤᠳᠠᠭ᠎ᠠ᠄


ᠨᠡᠢᠭᠡᠮ

✦ᠠᠷᠪᠠᠨ ᠳᠥᠷᠪᠡᠳᠦᠭᠡᠷ ᠲᠠᠪᠤᠨ ᠵᠢᠯ᠎ᠦᠨ ᠲᠥᠯᠦᠪᠵᠢᠭᠦᠯᠭᠡ᠎ᠶᠢᠨ ᠬᠤᠭᠤᠴᠠᠭᠠᠨ ᠳ᠋ᠤ᠂ ᠡᠮ ᠡᠮᠨᠡᠯᠭᠡ᠎ᠶᠢᠨ ᠳᠠᠭᠠᠳᠬᠠᠯ᠎ᠤᠨ ᠰᠠᠭᠤᠷᠢ ᠮᠥᠩᠭᠥ᠎ᠶᠢᠨ ᠵᠠᠷᠤᠯᠭ᠎ᠠ ᠨᠡᠶ᠋ᠢᠲᠡ 13 ᠲᠦᠮᠡᠨ ᠳ᠋ᠦᠩᠰᠢᠭᠤᠷ ᠲᠥᠭᠥᠷᠢᠭ᠎ᠲᠦ ᠬᠦᠷᠴᠦ᠂ ᠠᠷᠠᠳ ᠣᠯᠠᠨ᠎ᠤ ᠡᠪᠡᠳᠴᠢᠨ ᠦᠵᠡᠭᠦᠯᠵᠦ ᠡᠮᠴᠢᠯᠡᠭᠦᠯᠬᠦ᠎ᠳᠦ ᠪᠠᠲᠤᠯᠠᠭ᠎ᠠ ᠬᠠᠩᠭᠠᠬᠤ᠎ᠶᠢᠨ ᠬᠠᠮᠲᠤ ᠪᠠᠰᠠ ᠡᠮ ᠡᠮᠨᠡᠯᠭᠡ᠎ᠶᠢᠨ ᠠᠵᠢᠯ ᠲᠥᠷᠥᠯ᠎ᠦᠨ ᠰᠢᠨ᠎ᠡ᠎ᠶᠢ ᠡᠭᠦᠳᠦᠨ ᠬᠥᠭᠵᠢᠬᠦ ᠳ᠋ᠦ ᠳᠡᠮᠵᠢᠯᠭᠡ ᠬᠠᠩᠭᠠᠵᠠᠢ᠃


640 (1).png


✦11᠎ᠦ ᠡᠳᠦᠷ᠂ ᠰᠤᠷᠭᠠᠨ ᠬᠥᠮᠦᠵᠢᠯ᠎ᠦᠨ ᠶᠠᠮᠤᠨ ᠪᠥᠬᠥ ᠤᠯᠤᠰ᠎ᠤᠨ ᠲᠦᠷᠦᠭᠦᠸ᠋ ᠪᠦᠯᠦᠭ᠎ᠦᠨ 50 ᠨᠢᠭᠡᠴᠢ᠎ᠲᠠᠢ ᠭᠡᠷ᠎ᠡ ᠲᠣᠭᠲᠠᠨ ᠬᠠᠮᠲᠤᠷᠠᠯᠴᠠᠭᠠᠨ᠎ᠤ ᠬᠠᠨᠢᠲᠠᠨ᠎ᠤ ᠰᠦᠯᠵᠢᠶ᠎ᠡ᠎ᠶᠢ ᠬᠠᠮᠲᠤᠷᠠᠨ ᠪᠠᠢᠭᠤᠯᠵᠤ᠂ ᠭᠠᠳᠠᠭᠠᠳᠤ᠎ᠳᠤ ᠰᠤᠷᠤᠯᠴᠠᠵᠤ ᠪᠠᠢᠭ᠎ᠠ ᠰᠤᠷᠤᠭ᠍ᠴᠢᠳ᠎ᠤᠨ ᠤᠯᠤᠰ᠎ᠲᠠᠭᠠᠨ ᠪᠤᠴᠠᠵᠤ ᠠᠵᠢᠯ ᠣᠯᠬᠤ ᠪᠠ ᠦᠢᠯᠡᠰ ᠪᠤᠰᠬᠠᠬᠤ ᠎ᠳᠤ ᠤᠯᠤᠰ ᠎ᠤᠨ ᠲᠠᠰ᠎ᠤᠨ ᠦᠢᠯᠡᠴᠢᠯᠡᠭᠡᠨ᠎ᠦ ᠲᠠᠪᠴᠠᠩ ᠪᠠᠢᠭᠤᠯᠵᠤ ᠥᠭᠪᠡ᠃

✦ᠤᠯᠤᠰ ᠎ᠤᠨ ᠲᠣᠭ᠎ᠠ ᠪᠦᠷᠢᠳᠬᠡᠯ᠎ᠦᠨ ᠲᠣᠪᠴᠢᠶ᠎ᠠ᠎ᠶᠢᠨ ᠨᠡᠢᠲᠡᠯᠡᠭᠰᠡᠨ ᠲᠣᠭ᠎ᠠ ᠪᠠᠷᠢᠮᠲᠠ᠎ᠶᠢ ᠦᠨᠳᠦᠰᠦᠯᠡᠪᠡᠯ᠂ 2025 ᠣᠨ᠎ᠳᠤ ᠥᠪᠥᠷ ᠮᠣᠩᠭᠣᠯ᠎ᠤᠨ ᠠᠮᠤ ᠪᠤᠳᠠᠭᠠᠨ᠎ᠤ ᠤᠨᠠᠯᠲᠠ ᠬᠣᠶᠠᠷ ᠵᠢᠯ ᠳᠠᠷᠠᠭᠠᠯᠠᠨ 800 ᠳ᠋ᠦᠩᠰᠢᠭᠤᠷ ᠵᠢᠩ ᠢ᠋ ᠳᠠᠪᠠᠵᠤ᠂ 840.7 ᠳ᠋ᠦᠩᠰᠢᠭᠤᠷ ᠵᠢᠩ᠎ᠳᠦ ᠬᠦᠷᠴᠦ᠂ ᠶᠡᠷᠦᠩᠬᠡᠢ ᠤᠨᠠᠯᠲᠠ ᠨᠢ ᠠᠩᠬ᠎ᠠ ᠤᠳᠠᠭ᠎ᠠ ᠪᠥᠬᠥ ᠤᠯᠤᠰ᠎ᠲᠤ ᠵᠢᠷᠭᠤᠳᠤᠭᠠᠷ᠎ᠲᠤ ᠣᠷᠣᠵᠤ ᠪᠠᠢᠭᠰᠠᠨ ᠡᠴᠠ᠎ᠪᠠᠨ ᠲᠠᠪᠤᠳᠤᠭᠠᠷ᠎ᠲᠤ ᠣᠷᠣᠪᠠ᠃ ᠳᠡᠭᠡᠷ᠎ᠠ ᠵᠢᠯ᠎ᠦᠨ ᠬᠢ᠎ᠡᠴᠡ 20.6 ᠳ᠋ᠦᠩᠰᠢᠭᠤᠷ ᠵᠢᠩ ᠨᠡᠮᠡᠭᠳᠡᠵᠦ᠂ ᠨᠡᠮᠡᠭᠳᠡᠯ᠎ᠦᠨ ᠬᠡᠮᠵᠢᠶ᠎ᠡ ᠨᠢ ᠪᠦᠬᠦ ᠤᠯᠤᠰ ᠎ᠤᠨ ᠬᠣᠶᠠᠳᠤᠭᠠᠷ᠎ᠲᠤ ᠣᠷᠣᠵᠤ᠂《ᠬᠣᠷᠢᠨ ᠬᠣᠶᠠᠷ ᠵᠢᠯ ᠳᠠᠷᠠᠭᠠᠯᠠᠨ ᠡᠯᠪᠡᠭ ᠬᠤᠷᠢᠶᠠᠯᠲᠠ ᠤᠯᠬᠤ》 ᠶ᠋ᠢ ᠪᠡᠶᠡᠯᠡᠭᠦᠯᠪᠠ᠃


640 (2).png


✦ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ ᠎ᠤ ᠡᠳ᠋ ᠎ᠦᠨ ᠵᠠᠰᠠᠭ ᠎ᠤᠨ ᠲᠢᠩᠬᠢᠮ᠎ᠡᠴᠡ ᠣᠢᠯᠠᠭᠠᠭᠰᠠᠨ ᠵᠢᠡᠷ᠂ ᠠᠷᠪᠠᠨ ᠳᠥᠷᠪᠡᠳᠦᠭᠡᠷ ᠲᠠᠪᠤᠨ ᠵᠢᠯ᠎ᠦᠨ ᠲᠥᠯᠦᠪᠵᠢᠭᠦᠯᠭᠡ ᠎ᠶᠢᠨ ᠬᠤᠭᠤᠴᠠᠭᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ  ᠠ᠋ᠴᠠ ᠡᠯ᠎ᠡ ᠲᠥᠷᠥᠯ ᠎ᠦᠨ ᠪᠡᠯᠡ ᠮᠥᠩᠭᠥ᠎ᠶᠢ ᠨᠡᠶ᠋ᠢᠲᠡ 22.1 ᠳ᠋ᠦᠩᠰᠢᠭᠤᠷ ᠲᠥᠭᠥᠷᠢᠭ ᠨᠠᠢᠳᠠᠪᠤᠷᠢᠵᠢᠭᠤᠯᠵᠤ᠂ ᠪᠥᠬᠥ ᠣᠷᠣᠨ᠎ᠤ ᠮᠠᠯᠵᠢᠬᠤ ᠲᠠᠷᠢᠶᠠᠯᠠᠬᠤ ᠣᠷᠣᠨ᠎ᠤ ᠤᠰᠤ ᠬᠠᠩᠭᠠᠬᠤ ᠪᠠᠲᠤᠯᠠᠭ᠎ᠠ᠎ᠶᠢᠨ ᠲᠦᠷᠦᠯ ᠵᠦᠢᠯ ᠦ᠋ᠨ ᠪᠦᠲᠦᠭᠡᠨ ᠪᠠᠢᠭᠤᠯᠤᠯᠲᠠ ᠵᠢᠴᠢ ᠠᠵᠢᠯᠯᠠᠭᠠᠨ᠎ᠤ ᠬᠠᠮᠠᠭᠠᠯᠠᠯᠲᠠ᠎ᠳᠤ ᠲᠤᠰᠬᠠᠢ ᠬᠡᠷᠡᠭᠯᠡᠵᠡᠢ᠃

✦ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠤᠭᠤᠷᠢᠨ ᠎ᠤ ᠲᠢᠩᠬᠢᠮ᠎ᠡᠴᠡ ᠣᠢᠯᠠᠭᠠᠭᠰᠠᠨ ᠵᠢᠡᠷ᠂ ᠠᠷᠪᠠᠨ ᠳᠥᠷᠪᠡᠳᠦᠭᠡᠷ ᠲᠠᠪᠤᠨ ᠵᠢᠯ᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ᠂ ᠪᠥᠬᠥ ᠣᠷᠣᠨ᠎ᠤ ᠬᠣᠲᠠ ᠪᠠᠯᠭᠠᠰᠤᠨ ᠤ᠋ ᠠᠮᠢᠳᠤᠷᠠᠯ᠎ᠤᠨ ᠪᠣᠬᠢᠷ ᠤᠰᠤ᠎ᠶᠢ ᠰᠢᠢᠳᠪᠦᠷᠢᠯᠡᠬᠦ ᠦᠢᠯᠡᠳᠪᠦᠷᠢ ᠴᠥᠮ ᠨᠢᠭᠡᠳᠦᠭᠡᠷ ᠳᠡᠰ᠎ᠤᠨ A ᠭᠠᠳᠠᠭᠰᠢᠯᠠᠭᠤᠯᠬᠤ ᠪᠠᠷᠢᠮᠵᠢᠶ᠎ᠠ ᠳ᠋ᠤ ᠬᠦᠷᠴᠦ᠂ ᠬᠣᠲᠠ ᠪᠠᠯᠭᠠᠰᠤ᠎ᠶᠢᠨ ᠳᠠᠬᠢᠯᠲᠠ ᠤᠰᠤᠨ ᠎ᠤ ᠠᠰᠢᠭ᠍ᠯᠠᠯᠲᠠ᠎ᠶᠢᠨ ᠨᠣᠷᠮ᠎ᠠ 47.7%᠎ᠳᠤ ᠬᠦᠷᠴᠦ᠂ ᠪᠥᠬᠥ ᠣᠷᠣᠨ ᠎ᠤ ᠬᠣᠲᠠ ᠪᠠᠯᠭᠠᠰᠤᠨ᠎ᠤ ᠠᠮᠢᠳᠤᠷᠠᠯ᠎ᠤᠨ ᠬᠣᠭ ᠨᠣᠪᠰᠢ᠎ᠶᠢ ᠬᠣᠣᠷ ᠦᠭᠡᠢᠳᠡᠬᠦᠯᠦᠨ ᠰᠢᠢᠳᠪᠦᠷᠢᠯᠡᠭᠰᠡᠨ ᠨᠣᠷᠮ᠎ᠠ 100%᠎ᠳᠤ ᠬᠦᠷᠴᠦ᠂ ᠪᠣᠬᠢᠷ ᠤᠰᠤ᠎ᠶᠢ ᠰᠢᠢᠳᠪᠦᠷᠢᠯᠡᠭᠰᠡᠨ ᠨᠣᠷᠮ᠎ᠠ 98.89%᠎ᠳᠤ ᠬᠥᠷᠪᠡ᠃


640 (2).jpg


✦ᠰᠢᠨᠬᠤᠸᠠ ᠰᠦᠯᠵᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠥᠪᠥᠷ ᠮᠣᠩᠭᠣᠯ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠤᠭ᠍ᠴᠢᠳ᠎ᠤᠨ ᠡᠳᠦᠷ ᠪᠦᠷᠢ ᠶ᠋ᠢᠨ ᠶᠡᠷᠦᠩᠬᠡᠢᠯᠡᠭᠰᠡᠨ ᠪᠡᠶ᠎ᠡ᠎ᠶᠢᠨ ᠲᠠᠮᠢᠷ ᠎ᠤᠨ ᠬᠥᠳᠡᠯᠭᠡᠭᠡᠨ᠎ᠢ 2 ᠴᠠᠭ᠎ᠠᠴᠠ ᠳᠣᠣᠷ᠎ᠠ ᠪᠠᠢᠯᠭᠠᠬᠤ ᠦᠭᠡᠢ ᠪᠠᠢᠬᠤ ᠱᠠᠭᠠᠷᠳᠠᠯᠭ᠎ᠠ᠎ᠶᠢ ᠬᠡᠷᠡᠭᠵᠢᠭᠦᠯᠵᠦ᠂ ᠪᠡᠶ᠎ᠡ ᠮᠠᠬᠠᠪᠤᠳ ᠤ᠋ᠨ ᠡᠷᠡᠭᠦᠯ ᠮᠡᠨᠳᠦ᠎ᠶᠢᠨ ᠪᠠᠷᠢᠮᠵᠢᠶ᠎ᠠ᠎ᠳᠤ ᠬᠦᠷᠬᠦ ᠨᠣᠷᠮ᠎ᠠ᠎ᠶᠢ ᠲᠣᠭᠲᠠᠭᠤᠨ᠎ᠢᠶᠠᠷ ᠳᠡᠭᠡᠭᠰᠢᠯᠡᠭᠦᠯᠵᠦ᠂ ᠣᠢᠷ᠎ᠠ ᠬᠠᠷᠠᠭ᠎ᠠ᠎ᠶᠢᠨ ᠨᠣᠷᠮ᠎ᠠ᠎ᠶᠢ 2020 ᠣᠨ᠎ᠤ ᠬᠢ᠎ᠡᠴᠡ 5.2% ᠵᠢᠡᠷ ᠪᠠᠭᠤᠷᠠᠭᠤᠯᠪᠠ᠃

✦11᠎ᠦ ᠡᠳᠦᠷ᠂ 《ᠥᠪᠥᠷ ᠮᠣᠩᠭᠣᠯ᠎ᠤᠨ ᠰᠠᠢᠨ ᠡᠮᠴᠢ ᠰᠠᠢᠨ ᠰᠤᠪᠢᠯᠠᠭ᠍ᠴᠢ》ᠶ᠋ᠢᠨ ᠠᠯᠠᠱᠠ᠎ᠳᠠᠬᠢ ᠲᠤᠷᠰᠢᠯᠭ᠎ᠠ ᠰᠣᠯᠢᠯᠴᠠᠬᠤ ᠠᠵᠢᠯᠯᠠᠭ᠎ᠠ ᠪᠠᠶᠠᠨᠬᠣᠲᠠ᠎ᠳᠤ ᠶᠠᠪᠤᠭᠳᠠᠵᠤ᠂ ᠠᠵᠢᠯᠯᠠᠭ᠎ᠠ᠎ᠳᠤ ᠲᠤᠷᠰᠢᠯᠭ᠎ᠠ ᠰᠣᠯᠢᠯᠴᠠᠬᠤ᠂ ᠠᠯᠪᠠᠨ ᠵᠢᠷᠤᠮ᠎ᠤᠨ ᠡᠮᠴᠢᠯᠡᠭᠡ ᠬᠢᠬᠦ ᠪᠣᠯᠣᠨ ᠱᠠᠩᠨᠠᠯ ᠣᠯᠭᠣᠬᠤ ᠵᠡᠷᠭᠡ ᠠᠭᠤᠯᠭ᠎ᠠ ᠳᠤᠬᠢᠷᠠᠭᠤᠯᠵᠠᠢ᠃

✦ᠣᠢᠷ᠎ᠠ᠎ᠳᠤ 2025 ᠬᠣᠲᠠ᠎ᠶᠢᠨ ᠲᠥᠷᠥᠯ ᠲᠡᠮᠳᠡᠭ᠎ᠤᠨ ᠶᠠᠷᠢᠶᠠᠨ᠎ᠤ ᠲᠠᠪᠴᠠᠩ ᠠᠷᠠᠳ᠎ᠤᠨ ᠡᠳᠦᠷ᠎ᠦᠨ ᠰᠣᠨᠢᠨ᠎ᠤ ᠬᠣᠷᠢᠶ᠎ᠠ᠎ᠳᠤ ᠶᠠᠪᠤᠭᠳᠠᠵᠤ᠂ 2025 ᠤᠨ ᠎ᠤ ᠪᠥᠬᠥ ᠤᠯᠤᠰ᠎ᠤᠨ ᠲᠤᠰᠬᠠᠢ ᠣᠷᠣᠨ ᠎ᠤ ᠲᠠᠰ᠎ᠤᠨ ᠬᠣᠲᠠ᠎ᠶᠢᠨ ᠲᠥᠷᠥᠯ ᠲᠡᠮᠳᠡᠭ ᠎ᠤᠨ ᠵᠢᠭᠠᠯᠲᠠ ᠲᠣᠭ᠎ᠠ(ᠮᠤᠵᠢ᠎ᠶᠢᠨ ᠲᠥᠪ᠎ᠡᠴᠡ ᠳᠡᠭᠡᠭᠰᠢᠬᠢ ᠬᠣᠲᠠ ᠪᠠᠭᠲᠠᠬᠤ ᠦᠭᠡᠢ)᠎ᠶᠢᠨ ᠲᠦᠷᠦᠭᠦᠸ᠋ 100 ᠬᠣᠲᠠ᠎ᠶᠢᠨ ᠨᠡᠷᠡᠰ᠎ᠢ ᠨᠡᠢᠲᠡᠯᠡᠪᠡ᠃ ᠡᠭᠦᠨ᠎ᠳᠦ᠂ ᠣᠷᠳᠣᠰ ᠬᠣᠲᠠ 407 ᠬᠣᠲᠠ᠎ᠶᠢᠨ ᠲᠥᠷᠥᠯ ᠲᠡᠮᠳᠡᠭ᠎ᠤᠨ ᠨᠥᠯᠥᠭᠡᠯᠡᠬᠦ ᠬᠦᠴᠦᠨ᠎ᠦ ᠵᠢᠭᠠᠯᠲᠠ ᠲᠣᠭ᠎ᠠ᠎ᠪᠠᠷ ᠪᠥᠬᠥ ᠤᠯᠤᠰ᠎ᠤᠨ 17 ᠳ᠋ᠤᠭᠠᠷ᠎ᠲᠤ ᠵᠢᠭ᠍ᠰᠠᠭᠠᠭᠳᠠᠵᠠᠢ ᠃


640 (1).jpg


✦ᠣᠢᠷ᠎ᠠ᠎ᠳᠤ ᠬᠢᠩᠭᠠᠨ ᠠᠢᠮᠠᠭ᠎ᠤᠨ ᠬᠣᠷᠴᠢᠨ ᠪᠠᠷᠠᠭᠤᠨ ᠡᠮᠦᠨᠡᠲᠦ  ᠬᠣᠰᠢᠭᠤᠨ ᠤ᠋ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠠᠵᠢᠯ ᠣᠯᠭᠣᠯᠲᠠ᠎ᠶᠢᠨ ᠦᠢᠯᠡᠴᠢᠯᠡᠭᠡᠨ᠎ᠤ ᠲᠦᠪ᠎ᠡᠴᠡ ᠬᠥᠳᠡᠭᠡ ᠲᠣᠰᠬᠣᠨ᠎ᠤ ᠶᠠᠭᠠᠷᠮᠠᠭ᠎ᠤᠨ ᠡᠳᠦᠷ᠎ᠢ ᠲᠣᠬᠢᠶᠠᠯᠳᠤᠭᠤᠯᠤᠨ ᠠᠵᠢᠯ᠎ᠤᠨ ᠪᠠᠢᠷᠢ ᠪᠠ ᠠᠵᠢᠯ ᠣᠯᠭᠣᠯᠲᠠ᠎ᠶᠢᠨ ᠲᠥᠷᠦ ᠶ᠋ᠢᠨ ᠪᠣᠳᠣᠯᠭ᠎ᠠ᠎ᠶᠢ ᠤᠬᠠᠭᠤᠯᠬᠤ ᠠᠵᠢᠯᠯᠠᠭ᠎ᠠ ᠥᠷᠨᠢᠭᠦᠯᠵᠦ᠂ ᠣᠯᠠᠨ ᠲᠦᠮᠡᠨ᠎ᠦ ᠠᠵᠢᠯ ᠣᠯᠭᠣᠯᠲᠠ᠎ᠶᠢ ᠠᠬᠢᠭᠤᠯᠵᠤ ᠪᠠᠢᠨ᠎ᠠ᠃ ᠣᠢᠯᠠᠭᠠᠭᠰᠠᠨ᠎ᠢᠶᠠᠷ᠂ ᠡᠨᠡ ᠵᠢᠯ᠎ᠠᠴᠠ ᠨᠠᠭᠠᠰᠢ ᠲᠤᠰ ᠰᠢᠷᠢᠰ ᠠᠵᠢᠯᠯᠠᠭ᠎ᠠ᠎ᠶᠢ 22 ᠤᠳᠠᠭ᠎ᠠ ᠥᠷᠨᠢᠭᠦᠯᠵᠦ᠂ ᠨᠡᠶ᠋ᠢᠲᠡ 1010 ᠠᠵᠤ ᠠᠬᠤᠢᠯᠠᠯ᠎ᠠᠴᠠ 43396 ᠠᠵᠢᠯ᠎ᠤᠨ ᠪᠠᠢᠷᠢ ᠬᠠᠩᠭᠠᠵᠤ᠂ 2297 ᠬᠤᠪᠢ ᠠᠵᠢᠯ ᠣᠯᠭᠣᠬᠤ ᠭᠡᠷ᠎ᠡ ᠲᠣᠭᠲᠠᠪᠠ᠃

✦ᠣᠳᠣᠬᠠᠨ ᠪᠣᠯᠲᠠᠯ᠎ᠠ ᠬᠦᠷᠢᠶ᠎ᠡ ᠬᠣᠰᠢᠭᠤ ᠨᠢᠭᠡᠨᠲᠡ 175 ᠲᠦᠮᠡᠨ ᠲᠣᠨ ᠡᠪᠡᠰᠦ ᠪᠣᠷᠳᠣᠭ᠎ᠠ ᠨᠥᠭᠡᠴᠡᠯᠡᠵᠦ ᠂ ᠪᠦᠬᠦ ᠵᠢᠯ᠎ᠦᠨ ᠲᠥᠯᠥᠪᠯᠡᠭᠡ᠎ᠶᠢᠨ᠎ᠢᠶᠡᠨ 83%᠎ᠶᠢ ᠪᠡᠶᠡᠯᠡᠭᠦᠯᠦᠨ᠂ 98.5 ᠲᠦᠮᠡᠨ ᠮᠠᠯ ᠣᠨᠤᠭ᠎ᠠ᠎ᠪᠠᠨ ᠮᠡᠨᠳᠦ ᠡᠪᠦᠯᠵᠢᠭᠦᠯᠬᠦ᠎ᠳᠦ ᠪᠠᠲᠤᠯᠠᠭ᠎ᠠ ᠬᠠᠩᠭᠠᠵᠤ ᠪᠠᠢᠨ᠎ᠠ᠃  


640.png


✦ᠣᠢᠷ᠎ᠠ ᠎ᠳᠤ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠬᠡᠭᠡᠷ᠎ᠡ᠎ᠶᠢᠨ ᠠᠮᠢᠲᠠᠨ᠎ᠢ ᠬᠠᠮᠠᠭᠠᠯᠠᠬᠤ ᠬᠠᠤᠯᠢ》 ᠳ᠋ᠦ ᠳᠣᠭᠳᠠᠭᠠᠭᠰᠠᠨ《ᠠᠮᠢ ᠠᠬᠤᠢ᠂ ᠰᠢᠨᠵᠢᠯᠡᠬᠦ ᠤᠬᠠᠭᠠᠨ᠂ ᠨᠡᠢᠭᠡᠮ᠎ᠦᠨ ᠴᠢᠬᠤᠯᠠ ᠦᠨ᠎ᠡ ᠥᠷᠲᠡᠭ᠎ᠲᠠᠢ ᠡᠬᠡ ᠬᠠᠭᠤᠷᠠᠢ᠎ᠶᠢᠨ ᠬᠡᠭᠡᠷ᠎ᠡ᠎ᠶᠢᠨ ᠠᠮᠢᠲᠠᠨ 》ᠪᠤᠯᠬᠤ ᠨᠤᠭᠲᠤᠷᠤ ᠵᠢᠨ ᠰᠦᠷᠦᠭ ᠠᠯᠠᠱᠠ ᠪᠠᠷᠠᠭᠤᠨ ᠬᠤᠰᠢᠭᠤᠨ ᠳ᠋ᠤ ᠶᠡᠬᠡ ᠬᠡᠮᠵᠢᠶ᠎ᠠ ᠪᠡᠷ ᠢᠯᠡᠷᠡᠵᠡᠢ᠃ ᠡᠨᠡ ᠨᠢ ᠲᠤᠬᠠᠢ᠎ᠶᠢᠨ ᠭᠠᠵᠠᠷ ᠎ᠤᠨ ᠠᠮᠢ ᠠᠬᠤᠢ ᠣᠷᠴᠢᠨ ᠲᠤᠭᠤᠷᠢᠨ ᠦᠷᠭᠦᠯᠵᠢᠯᠡᠨ ᠰᠠᠢᠵᠢᠷᠠᠭᠰᠠᠨ ᠎ᠢ ᠭᠦᠢᠴᠡᠳ ᠭᠡᠷᠡᠴᠢᠯᠡᠵᠦ ᠪᠠᠢᠨ᠎ᠠ᠃

ᠠᠵᠤ ᠠᠬᠤᠢ  

 

✦ᠳᠡᠯᠡᠬᠡᠢ᠎ᠶᠢᠨ ᠪᠠᠩᠬᠢ ᠬᠠᠮᠤᠭ᠎ᠤᠨ ᠰᠢᠨ᠎ᠡ ᠬᠤᠭᠤᠴᠠᠭᠠᠨ᠎ᠤ ᠳᠤᠮᠳᠠᠳᠤ ᠤᠯᠤᠰ᠎ᠤᠨ ᠠᠵᠤ ᠠᠬᠤᠢ᠎ᠶᠢᠨ ᠲᠣᠪᠴᠢ ᠮᠡᠳᠡᠭᠡ ᠨᠡᠢᠲᠡᠯᠡᠵᠦ᠂ ᠳᠡᠭᠡᠷ᠎ᠡ ᠬᠤᠭᠤᠴᠠᠭᠠᠨ᠎ᠤ ᠲᠣᠪᠴᠢ ᠮᠡᠳᠡᠭᠡ᠎ᠲᠠᠢ ᠬᠠᠷᠢᠴᠠᠭᠤᠯᠪᠠᠯ 2025 ᠣᠨ᠎ᠤ ᠳᠤᠮᠳᠠᠳᠤ ᠤᠯᠤᠰ᠎ᠤᠨ ᠠᠵᠤ ᠠᠬᠤᠢ᠎ᠶᠢᠨ ᠨᠡᠮᠡᠭᠳᠡᠯ᠎ᠦᠨ ᠵᠢᠱ᠌ᠢᠯᠳᠡ ᠵᠢ ᠵᠠᠭᠤᠨ ᠤ᠋ ᠬᠠᠷᠢᠴᠠᠯ ᠵᠢᠡᠷ 0.4 ᠬᠤᠪᠢ ᠳᠡᠭᠡᠭᠰᠢᠯᠡᠬᠦᠯᠪᠡ᠃

✦ᠤᠯᠤᠰ ᠎ᠤᠨ  ᠲᠣᠭ᠎ᠠ ᠪᠦᠷᠢᠳᠬᠡᠯ᠎ᠦᠨ ᠲᠣᠪᠴᠢᠶ᠎ᠠ ᠎ᠶᠢᠨ ᠨᠡᠢᠲᠡᠯᠡᠭᠰᠡᠨ ᠲᠣᠭ᠎ᠠ ᠪᠠᠷᠢᠮᠲᠠ᠎ᠳᠤ ᠢᠯᠡᠷᠡᠭᠦᠯᠦᠭᠰᠡᠨ᠎ᠢᠶᠡᠷ᠂ 2025 ᠣᠨ᠎ᠤ 11 ᠰᠠᠷ᠎ᠠ᠎ᠳᠤ ᠪᠥᠬᠥ ᠤᠯᠤᠰ᠎ᠤᠨ ᠰᠠᠭᠤᠭᠠᠯᠢ ᠠᠷᠠᠳ᠎ᠤᠨ ᠬᠡᠷᠡᠭᠯᠡᠭᠡᠨ᠎ᠦ ᠦᠨ᠎ᠡ ᠬᠠᠩᠰᠢ ᠠᠳᠠᠯᠢ ᠬᠤᠭᠤᠴᠠᠭᠠᠨ᠎ᠤ ᠬᠢ᠎ᠡᠴᠡ 0.7% ᠪᠡᠷ ᠦᠰᠴᠦ᠂ ᠠᠯᠲᠠᠨ ᠴᠢᠮᠡᠭᠯᠡᠯ ᠦ᠋ᠨ ᠦᠨ᠎ᠡ ᠬᠠᠩᠰᠢ ᠠᠳᠠᠯᠢ ᠬᠤᠭᠤᠴᠠᠭᠠᠨ᠎ᠤ ᠬᠢ᠎ᠡᠴᠡ 58.4% ᠥᠰᠴᠡᠢ᠃


微信图片_2025-12-12_104209_028.jpg


✦ᠳᠤᠮᠳᠠᠳᠤ ᠤᠯᠤᠰ᠎ᠤᠨ ᠮᠠᠰᠢᠨ ᠲᠡᠷᠭᠡᠨ᠎ᠦ ᠠᠵᠤ ᠦᠢᠯᠡᠳᠪᠦᠷᠢ᠎ᠶᠢᠨ ᠨᠡᠢᠭᠡᠮᠯᠢᠭ᠎ᠦᠨ ᠲᠣᠭ᠎ᠠ ᠪᠠᠷᠢᠮᠲᠠ᠎ᠠᠴᠠ ᠦᠵᠡᠪᠡᠯ᠂ 11 ᠰᠠᠷ᠎ᠠ᠎ᠳᠤ ᠮᠠᠨ᠎ᠤ ᠤᠯᠤᠰ᠎ᠤᠨ ᠮᠠᠰᠢᠨ ᠲᠡᠷᠭᠡᠨ᠎ᠦ ᠰᠠᠷ᠎ᠠ᠎ᠶᠢᠨ ᠭᠠᠷᠤᠯᠲᠠ ᠠᠩᠬ᠎ᠠ ᠤᠳᠠᠭ᠎ᠠ 350 ᠲᠦᠮᠡ᠎ᠶᠢ ᠳᠠᠪᠠᠵᠤ᠂ ᠲᠡᠦᠬᠡ᠎ᠶᠢᠨ ᠰᠢᠨ᠎ᠡ ᠲᠡᠮᠳᠡᠭᠯᠡᠯ᠎ᠢ ᠡᠭᠦᠳᠴᠡᠢ᠃ ᠡᠭᠦᠨ᠎ᠢᠶᠡᠷ ᠪᠠᠷᠠᠬᠤ ᠦᠭᠡᠢ ᠡᠨᠡ ᠵᠢᠯ᠎ᠦᠨ ᠲᠦᠷᠦᠭᠦᠸ᠋ 11 ᠰᠠᠷ᠎ᠠ ᠎ᠳᠤ ᠮᠠᠰᠢᠨ ᠲᠡᠷᠭᠡᠨ ᠎ᠦ ᠦᠢᠯᠡᠳᠪᠦᠷᠢᠯᠡᠯ ᠪᠣᠷᠤᠯᠠᠭᠤᠯᠭ᠎ᠠ᠎ᠶᠢᠨ ᠬᠡᠮᠵᠢᠶ᠎ᠡ ᠴᠥᠮ 3100 ᠲᠦᠮᠡ᠎ᠶᠢ ᠳᠠᠪᠠᠵᠤ᠂ ᠠᠳᠠᠯᠢ ᠬᠤᠭᠤᠴᠠᠭᠠᠨ᠎ᠤ ᠬᠢ᠎ᠡᠴᠡ ᠴᠥᠮ 10% ᠪᠡᠷ ᠳᠡᠭᠡᠭᠰᠢᠯᠡᠭᠰᠡᠨ ᠪᠠᠢᠨ᠎ᠠ᠃

 

ᠰᠤᠶᠤᠯ 

✦ᠲᠤᠬᠠᠢ ᠶ᠋ᠢᠨ ᠭᠠᠵᠠᠷ᠎ᠤᠨ ᠴᠠᠭ᠎ᠢᠶᠠᠷ 12 ᠰᠠᠷ᠎ᠠ ᠶ᠋ᠢᠨ 11᠎ᠦ ᠡᠳᠦᠷ᠂ ᠡᠨᠡᠳᠬᠡᠭ᠎ᠦᠨ ᠰᠢᠨ᠎ᠡ ᠳ᠋ᠸᠯᠢ ᠳ᠋ᠥ ᠬᠤᠷᠠᠯᠳᠤᠭᠰᠠᠨ ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ ᠶ᠋ᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ᠎ᠤᠨ ᠵᠣᠬᠢᠶᠠᠨ ᠪᠠᠢᠭᠤᠯᠤᠯᠲᠠ ᠶ᠋ᠢᠨ ᠪᠣᠳᠠᠰ᠎ᠤᠨ ᠪᠤᠰᠤ ᠰᠣᠶᠣᠯ᠎ᠤᠨ ᠥᠪ ᠢ᠋ ᠬᠠᠮᠠᠭᠠᠯᠠᠬᠤ ᠵᠠᠰᠠᠭ᠎ᠤᠨ ᠣᠷᠳᠣᠨ᠎ᠤ ᠬᠣᠭᠣᠷᠣᠨᠳᠣᠬᠢ ᠺᠣᠮᠢᠰ᠎ᠤᠨ 20 ᠳ᠋ᠤᠭᠠᠷ ᠬᠤᠭᠤᠴᠠᠭᠠᠨ ᠤ᠋ ᠪᠠᠢᠩᠭᠤ ᠶ᠋ᠢᠨ ᠬᠤᠷᠠᠯ ᠳᠡᠭᠡᠷ᠎ᠡ᠂ ᠳᠤᠮᠳᠠᠳᠤ ᠤᠯᠤᠰ᠎ᠤᠨ ᠮᠡᠳᠡᠭᠦᠯᠦᠭᠰᠡᠨ《ᠾᠧᠵᠧ ᠦᠨᠳᠦᠰᠦᠲᠡᠨ ᠤ᠋ ᠢᠮᠠᠺᠠᠨ》 ᠰᠢᠯᠭᠠᠷᠠᠭᠤᠯᠤᠯᠲᠠ᠎ᠳᠤ ᠬᠢᠷᠢ ᠲᠡᠩᠴᠡᠵᠦ᠂ ᠪᠠᠴᠢᠮ ᠬᠠᠮᠠᠭᠠᠯᠠᠯᠳᠠ ᠵᠢ ᠱᠠᠭᠠᠷᠳᠠᠵᠤ ᠪᠠᠢᠭ᠎ᠠ ᠪᠣᠳᠠᠰ᠎ᠤᠨ ᠪᠤᠰᠤ ᠰᠣᠶᠣᠯ᠎ᠤᠨ ᠥᠪ᠎ᠦᠨ ᠨᠡᠷᠡᠰ᠎ᠡᠴᠡ ᠬᠥᠮᠥᠨ ᠲᠥᠷᠥᠯᠬᠢᠲᠡᠨ᠎ᠦ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠯᠥᠭᠡᠯᠡᠬᠦ ᠪᠦᠲᠦᠭᠡᠯ ᠎ᠦᠨ ᠨᠡᠷᠡᠰ᠎ᠦᠨ ᠵᠢᠭ᠍ᠰᠠᠭᠠᠯᠲᠠ ᠎ᠳᠤ ᠠᠮᠵᠢᠯᠲᠠ᠎ᠲᠠᠢ᠎ᠪᠠᠷ ᠰᠢᠯᠵᠢᠭᠰᠡᠨ ᠪᠦᠭᠡᠳ 《ᠾᠧᠵᠧ ᠦᠨᠳᠦᠰᠦᠲᠡᠨ᠎ᠦ ᠢᠮᠠᠺᠠᠨ》᠎ᠢ ᠬᠠᠮᠠᠭᠠᠯᠠᠬᠤ ᠲᠥᠯᠥᠪᠯᠡᠭᠡ ᠨᠢ ᠰᠢᠯᠢᠳᠡᠭ ᠬᠠᠮᠠᠭᠠᠯᠠᠯᠲᠠ ᠶ᠋ᠢᠨ ᠦᠢᠯᠡᠳᠦᠯᠭᠡ ᠶ᠋ᠢᠨ ᠨᠡᠷᠡᠰ᠎ᠲᠦ ᠰᠣᠩᠭᠣᠭᠳᠠᠨ ᠣᠷᠣᠵᠠᠢ᠃


640.jpg

 

ᠲᠡᠯᠡᠬᠡᠢ 

✦ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ ᠲᠤᠬᠠᠢ᠎ᠶᠢᠨ ᠭᠠᠵᠠᠷ᠎ᠤᠨ ᠴᠠᠭ᠎ᠢᠶᠠᠷ 10᠎ᠤ ᠡᠳᠦᠷ ᠣᠨᠴᠠᠭᠠᠶ ᠬᠤᠷᠠᠯ ᠬᠤᠷᠠᠯᠳᠤᠭᠤᠯᠵᠤ᠂ ᠠᠩᠬᠠᠳᠠᠭ᠍ᠴᠢ 《ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ ᠎ᠶᠢᠨ ᠦᠷᠭᠦᠯᠵᠢᠯᠡᠬᠦ ᠵᠠᠮ ᠬᠠᠷᠢᠯᠴᠠᠭᠠᠨ ᠎ᠤ ᠠᠷᠪᠠᠨ ᠵᠢᠯ (2026 - 2035 ᠣᠨ)》 ᠵᠢᠴᠢ ᠲᠡᠭᠦᠨ᠎ᠦ ᠢᠵᠢ ᠪᠦᠷᠢᠳᠦᠭᠰᠡᠨ ᠬᠡᠷᠡᠭᠵᠢᠭᠦᠯᠬᠦ ᠲᠥᠯᠥᠪᠯᠡᠭᠡ᠎ᠶᠢ ᠡᠬᠢᠯᠡᠭᠦᠯᠪᠡ᠃

✦ᠲᠤᠬᠠᠢ᠎ᠶᠢᠨ ᠭᠠᠵᠠᠷ᠎ᠤᠨ ᠴᠠᠭ᠎ᠢᠶᠠᠷ 10᠎ᠤ ᠡᠳᠦᠷ᠎ᠤᠨ ᠠᠯᠪᠠᠨ ᠎ᠤ ᠲᠠᠯ᠎ᠠ ᠎ᠶᠢᠨ ᠠᠯᠪᠠᠨ ᠵᠠᠷᠯᠠᠯ ᠳ᠋ᠤ ᠢᠯᠡᠷᠡᠭᠦᠯᠦᠭᠰᠡᠨ᠎ᠢᠶᠡᠷ᠂ ᠲᠸᠷᠠᠮᠫᠦ᠋ ᠵᠢᠨ ᠵᠠᠰᠠᠭ᠎ᠤᠨ ᠣᠷᠳᠣᠨ᠎ᠠᠴᠠ ᠭᠠᠳᠠᠭᠠᠳᠤ᠎ᠶᠢᠨ ᠵᠢᠭᠤᠯᠴᠢᠯᠠᠭ᠍ᠴᠢᠳ ᠬᠢᠯᠢ᠎ᠳᠦ ᠣᠷᠣᠵᠤ ᠢᠷᠡᠬᠦ᠎ᠡᠴᠡ ᠡᠮᠦᠨ᠎ᠡ ᠥᠩᠭᠡᠷᠡᠭᠰᠡᠨ ᠲᠠᠪᠤᠨ ᠵᠢᠯ᠎ᠦᠨ ᠨᠡᠢᠭᠡᠮ ᠎ᠦᠨ ᠬᠠᠷᠢᠯᠴᠠᠭᠠᠨ ᠎ᠤ ᠵᠠᠭᠤᠴᠢᠯᠠᠭᠤᠷ᠎ᠤᠨ ᠲᠡᠮᠳᠡᠭᠯᠡᠯ᠎ᠵᠢᠡᠨ ᠨᠡᠢᠲᠡᠯᠡᠬᠦ ᠬᠡᠷᠡᠭᠲᠡᠢ ᠭᠡᠵᠦ ᠱᠠᠭᠠᠷᠳᠠᠬᠤ ᠪᠡᠷ ᠳᠦᠯᠦᠪᠯᠡᠵᠦ ᠪᠠᠢᠨ᠎ᠠ᠃


ᠲᠠᠨ ᠎ᠤ ᠲᠤᠰᠡ ᠳ᠋ᠤ 

✦ᠯᠢᠨᠾᠧ ᠲᠣᠭᠣᠷᠢᠭ᠋ ᠨᠡᠶ᠋ᠢᠲᠡ ᠎ᠶᠢᠨ ᠠᠰᠠᠷᠠᠮᠵᠢ᠎ᠶᠢᠨ ᠴᠢᠨᠠᠷᠲᠠᠢ ᠠᠵᠢᠯ᠎ᠤᠨ ᠪᠠᠢᠷᠢ᠎ᠳ᠋ᠤ 17 ᠠᠵᠢᠯᠲᠠᠨ ᠡᠯᠰᠡᠵᠦ ᠪᠤᠢ᠃ 


ᠦᠢᠯᠡᠴᠢᠯᠡᠭᠡ 

✦ᠠᠮᠠᠷᠠᠬᠤ ᠳ᠋ᠤ ᠨᠠᠵᠠᠭᠠᠢ ᠨᠦᠯᠦᠭᠡ ᠦᠵᠡᠬᠦᠯᠳᠡᠭ 3 ᠳᠠᠳᠬᠠᠯ᠄

1. ᠬᠣᠭᠣᠯᠠ ᠢᠳᠡᠬᠦ᠎ᠶᠢᠨ ᠳᠠᠭᠠᠤ ᠳᠦᠷᠰᠦ ᠰᠢᠩᠭᠡᠭᠡᠯᠲᠡ ᠦᠵᠡᠬᠦ᠄ ᠬᠣᠭᠣᠯᠠ ᠢᠳᠡᠬᠦ ᠎ᠳᠡᠭᠡᠨ ᠭᠠᠷ ᠤᠳᠠᠰᠤᠨ᠎ᠤ ᠳᠡᠯᠭᠡᠴᠡ᠎ᠶᠢ ᠤᠳᠠᠭᠠᠨ ᠰᠢᠷᠲᠡᠪᠡᠯ ᠰᠢᠩᠭᠡᠭᠡᠯᠲᠡ ᠮᠠᠭᠤᠳᠠᠵᠤ᠂ ᠲᠠᠷᠢᠬᠢ ᠲᠣᠯᠣᠭᠠᠢ ᠳᠦᠢᠷᠡᠨ᠎ᠡ᠃

2. ᠤᠳᠠᠭᠠᠨ ᠰᠠᠭᠤᠭᠠᠳ ᠬᠥᠳᠡᠯᠬᠦ ᠦᠭᠡᠢ ᠪᠤᠶᠤ ᠤᠳᠠᠭᠠᠨ ᠬᠡᠪᠲᠡᠭᠡᠳ ᠪᠤᠰᠬᠤ ᠦᠭᠡᠢ ᠪᠠᠢᠬᠤ᠄ ᠤᠳᠠᠭᠠᠨ ᠰᠠᠭᠤᠭᠠᠳ 50 ᠮᠢᠨᠦ᠋ᠲ᠎ᠡᠴᠡ ᠬᠡᠲᠦᠷᠡᠵᠦ ᠪᠣᠯᠬᠤ ᠦᠭᠡᠢ᠂ ᠠᠮᠠᠷᠠᠯᠲᠠ᠎ᠶᠢᠨ ᠡᠳᠦᠷ᠎ᠴᠦ᠍ ᠣᠷᠣᠨ᠎ᠠᠴᠠ᠎ᠪᠠᠨ ᠪᠠᠭᠤᠬᠤ ᠦᠭᠡᠢ ᠪᠠᠢᠵᠤ ᠪᠣᠯᠬᠤ ᠦᠭᠡᠢ᠃ ᠵᠣᠬᠢᠬᠤ ᠬᠡᠮᠵᠢᠶᠡᠨ᠎ᠦ ᠬᠥᠳᠡᠯᠭᠡᠭᠡᠨ ᠬᠢᠬᠦ᠎ᠶᠢ ᠰᠠᠨᠠᠭᠤᠯᠤᠶ᠎ᠠ᠃

3. ᠰᠥᠨᠢᠵᠢᠨ ᠭᠠᠷ ᠤᠲᠠᠰᠤ ᠦᠵᠡᠵᠦ᠂ ᠳᠠᠷᠠᠭ᠎ᠠ ᠡᠳᠦᠷ ᠨᠢ ᠨᠣᠢᠷ ᠨᠥᠬᠥᠬᠦ᠄ ᠰᠥᠨᠢ᠎ᠶᠢᠨ ᠭᠦᠨ᠎ᠳᠦ ᠭᠠᠷ ᠤᠲᠠᠰᠤ ᠦᠵᠡᠬᠦ ᠨᠢ ᠪᠡᠶ᠎ᠡ᠎ᠳᠦ ᠬᠣᠣᠷ ᠪᠣᠯᠣᠨ᠎ᠠ᠂ ᠲᠡᠷᠡ ᠮᠦᠷᠲᠡᠭᠡᠨ ᠳᠠᠷᠠᠭ᠎ᠠ ᠡᠳᠦᠷ ᠨᠢ ᠢᠯᠡᠭᠦᠦ ᠤᠨᠲᠠᠪᠠᠯ ᠨᠤᠢᠷ ᠨᠥᠬᠥᠵᠦ ᠲᠠᠶ᠋ᠢᠯᠤᠨ᠎ᠠ ᠭᠡᠰᠡᠨ ᠶᠠᠪᠤᠳᠠᠯ ᠪᠢᠰᠢ᠂ ᠣᠷᠳᠣ᠌ ᠬᠤᠭᠤᠴᠠᠭ᠎ᠠ᠎ᠪᠠᠷ ᠢᠩᠭᠢᠵᠦ ᠤᠨᠲᠠᠪᠠᠯ ᠤᠯᠠᠮ ᠶᠠᠳᠠᠷᠠᠨ᠎ᠠ᠃

 

ᠵᠠᠯᠭᠠᠭᠠᠳ《ᠵᠢᠷᠢᠮ᠎ᠤᠨ ᠴᠠᠭᠠᠨ ᠨᠠᠭᠤᠷ》ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠨᠡᠪᠳᠡᠷᠡᠭᠦᠯᠬᠡ ᠮᠠᠨᠢ ᠲᠠ ᠪᠦᠬᠦᠨ᠎ᠳᠦ ᠲᠠᠭᠠᠯᠠᠬᠳᠠᠬᠰᠠᠨ ᠪᠤᠯ ᠤᠳᠤᠨ ᠳᠡᠮᠳᠡᠭ ᠱᠠᠩᠨᠠᠵᠤ ᠪᠢᠳᠡᠨ ᠎ᠳᠤ ᠤᠷᠮ᠎ᠠ ᠬᠠᠢᠷᠠᠯᠠᠭᠠᠷᠠᠢ!ᠲᠠ ᠪᠦᠬᠦᠨ ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠤ  ᠪᠠᠶᠠᠷᠯᠠᠯ᠎ᠠ᠂  ᠪᠠᠶᠠᠷᠳᠠᠢ!

 

ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ


ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号