12 ᠰᠠᠷ᠎ᠠ᠎ᠶ᠋ᠢᠨ 14᠎ᠦ ᠡᠳᠦᠷ
ᠡᠬᠢᠯᠡᠬᠦ᠌ ᠴᠠᠭ᠄
2025-12-14 11:49:19
ᠨᠠᠶ᠋ᠢᠷᠠᠭᠤᠯᠤᠭᠴᠢ ᠄

ᠨᠡᠪᠲᠡᠷᠡᠬᠦᠯᠦᠭᠴᠢ ᠄

ᠮᠡᠷᠭᠡᠵᠢᠯ ᠄
  
ᠤᠩᠰᠢᠭᠰᠠᠨ ᠤᠳᠠᠭ᠎ᠠ᠄


9.jpg


1. 语言播报 日期_01.png


1. 天气预报模板_01.png


1. 盟市天气模板_01.png


ᠨᠡᠢᠭᠡᠮ

✦ ᠤᠯᠤᠰ᠎ᠤᠨ ᠲᠣᠭ᠎ᠠ ᠪᠦᠷᠢᠳᠬᠡᠯ᠎ᠦᠨ ᠲᠣᠪᠴᠢᠶ᠎ᠠ ᠵᠢᠨ ᠮᠡᠳᠡᠭᠡᠯᠡᠭᠰᠡᠨ ᠵᠢᠡᠷ᠂ 2025 ᠣᠨ᠎ᠳᠤ ᠪᠦᠬᠦ ᠤᠯᠤᠰ᠎ᠤᠨ ᠠᠮᠤ ᠪᠤᠳᠠᠭᠠᠨ᠎ᠤ ᠶᠡᠷᠦᠩᠬᠡᠢ ᠤᠨᠠᠯᠲᠠ 71488 ᠲᠦᠮᠡᠨ ᠲᠣᠨ (14298 ᠳ᠋ᠦᠩᠰᠢᠭᠤᠷ ᠵᠢᠩ) ᠳ᠋ᠤ ᠬᠦᠷᠴᠦ᠂ 2024 ᠣᠨ᠎ᠤ ᠬᠢ᠎ᠡᠴᠡ 838 ᠲᠦᠮᠡᠨ ᠲᠣᠨ (168 ᠳ᠋ᠦᠩᠰᠢᠭᠤᠷ ᠵᠢᠩ) ᠨᠡᠮᠡᠭᠳᠡᠵᠦ᠂ 1.2% ᠵᠢᠡᠷ ᠨᠡᠮᠡᠭᠳᠡᠵᠡᠢ᠃


QQ截图20251212105835.png


✦ ᠣᠢᠷ᠎ᠠ᠎ᠳᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ ᠣᠯᠠᠨ ᠰᠠᠯᠠᠭ᠎ᠠ ᠮᠥᠴᠢᠷ᠎ᠲᠠᠢ ᠬᠠᠮᠲᠤᠷᠠᠨ 《ᠰᠦᠯᠵᠢᠶᠡᠨ ᠬᠤᠳᠠᠯᠳᠤᠭᠠᠨ᠎ᠤ ᠲᠠᠪᠴᠠᠩ᠎ᠤᠨ ᠦᠢᠯᠡᠳᠬᠦᠨ ᠪᠠ ᠦᠢᠯᠡᠴᠢᠯᠡᠭᠡᠨ᠎ᠦ ᠶᠠᠰᠤ ᠴᠢᠨᠠᠷ᠎ᠢ ᠳᠡᠭᠡᠭᠰᠢᠯᠡᠭᠦᠯᠬᠦ ᠲᠤᠬᠠᠢ ᠵᠢᠯᠤᠭᠣᠳᠬᠤ ᠰᠠᠨᠠᠯ》᠎ᠢ ᠳᠠᠷᠤᠮᠠᠯᠯᠠᠨ ᠲᠠᠷᠬᠠᠭᠠᠵᠤ᠂ ᠰᠢᠭᠤᠳ ᠨᠡᠪᠲᠡᠷᠡᠭᠦᠯᠭᠡ ᠵᠢᠨ ᠡᠯᠧᠺᠲᠷᠣᠨ ᠬᠤᠳᠠᠯᠳᠤᠭ᠎ᠠ᠎ᠳᠤ ᠴᠢᠭᠯᠡᠭᠦᠯᠦᠨ ᠦᠢᠯᠡᠳᠬᠦᠨ ᠰᠣᠩᠭᠣᠬᠤ ᠲᠣᠭᠲᠠᠴᠠ᠂ ᠪᠣᠯᠪᠠᠰᠤᠷᠠᠯ᠎ᠤᠨ ᠱᠠᠭᠠᠷᠳᠠᠯᠭ᠎ᠠ ᠪᠠ 《ᠬᠠᠷ᠎ᠠ ᠲᠠᠩᠰᠠ》᠎ᠶᠢᠨ ᠳᠦᠷᠢᠮ᠎ᠢ ᠲᠤᠰᠬᠠᠢᠯᠠᠨ ᠲᠣᠳᠣᠷᠬᠠᠢ ᠲᠣᠭᠲᠠᠭᠠᠵᠠᠢ᠃

✦ 12᠎ᠤᠨ ᠡᠳᠦᠷ᠂ ᠳᠤᠮᠳᠠᠳᠤ ᠤᠯᠤᠰ᠎ᠤᠨ ᠬᠠᠮᠤᠭ᠎ᠤᠨ ᠬᠣᠢᠲᠤ ᠦᠵᠦᠭᠦᠷ᠎ᠦᠨ ᠳᠠᠭᠠᠭᠤᠯᠢ ᠣᠳᠣᠨ᠎ᠤ ᠲᠣᠭ᠎ᠠ ᠪᠠᠷᠢᠮᠲᠠ᠎ᠶᠢ ᠭᠥᠯᠢᠶᠡᠨ ᠠᠪᠬᠤ ᠥᠷᠲᠡᠭᠡ — ᠳᠤᠮᠳᠠᠳᠤ ᠤᠯᠤᠰ᠎ᠤᠨ ᠠᠯᠤᠰ ᠰᠡᠷᠡᠯ᠎ᠦᠨ ᠳᠠᠭᠠᠭᠤᠯᠢ ᠣᠳᠣᠨ᠎ᠤ ᠭᠠᠵᠠᠷ ᠳᠡᠭᠡᠷᠡᠬᠢ ᠥᠷᠲᠡᠭᠡ ᠵᠢᠨ ᠮᠦᠸᠸ ᠾᠸ ᠳᠠᠭᠠᠭᠤᠯᠢ ᠣᠳᠣᠨ᠎ᠤ ᠲᠣᠭ᠎ᠠ ᠪᠠᠷᠢᠮᠲᠠ᠎ᠶᠢ ᠭᠥᠯᠢᠶᠡᠨ ᠠᠪᠬᠤ ᠥᠷᠲᠡᠭᠡ ᠠᠰᠢᠭ᠍ᠯᠠᠯᠲᠠ ᠳ᠋ᠤ ᠣᠷᠣᠵᠤ᠂ ᠮᠠᠨ᠎ᠤ ᠤᠯᠤᠰ᠎ᠤᠨ ᠡᠬᠡ ᠬᠠᠭᠤᠷᠠᠢ᠎ᠶᠢᠨ ᠳᠠᠭᠠᠭᠤᠯᠢ ᠣᠳᠣᠨ᠎ᠤ ᠭᠥᠯᠢᠶᠡᠨ ᠠᠪᠬᠤ ᠥᠷᠲᠡᠭᠡ᠎ᠶᠢᠨ ᠲᠣᠣᠷ᠎ᠤᠨ ᠣᠷᠣᠨ ᠵᠠᠢ᠎ᠶᠢᠨ ᠪᠠᠢᠷᠢᠯᠠᠭᠤᠯᠤᠯᠲᠠ᠎ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃


640.png


✦ ᠬᠤᠳᠠᠯᠳᠤᠭᠠᠨ᠎ᠤ ᠶᠠᠪᠤᠳᠠᠯ᠎ᠤᠨ ᠶᠠᠮᠤᠨ᠂ ᠪᠣᠭᠣᠮᠲᠠ᠎ᠶᠢᠨ ᠶᠡᠷᠦᠩᠬᠡᠢ ᠵᠠᠬᠢᠷᠭ᠎ᠠ ᠣᠢᠷ᠎ᠠ᠎ᠳᠤ ᠠᠯᠪᠠᠨ ᠵᠠᠷᠯᠠᠯ ᠳᠠᠷᠤᠮᠠᠯᠯᠠᠨ ᠲᠠᠷᠬᠠᠭᠠᠵᠤ᠂ ᠬᠡᠰᠡᠭ ᠪᠣᠯᠣᠳ ᠲᠡᠮᠦᠷ᠎ᠦᠨ ᠦᠢᠯᠡᠳᠬᠦᠨ᠎ᠳᠦ ᠭᠠᠳᠠᠭᠠᠳᠤ᠎ᠳᠤ ᠭᠠᠷᠭᠠᠬᠤ ᠵᠥᠪᠰᠢᠶᠡᠷᠡᠯ᠎ᠦᠨ ᠦᠨᠡᠮᠯᠡᠯ᠎ᠦᠨ ᠬᠠᠮᠢᠶᠠᠷᠤᠯᠲᠠ ᠶᠠᠪᠤᠭᠤᠯᠬᠤ᠎ᠪᠠᠷ ᠲᠣᠭᠲᠠᠪᠠ᠃ ᠠᠯᠪᠠᠨ ᠵᠠᠷᠯᠠᠯ᠎ᠢ 2026 ᠣᠨ᠎ᠤ 1 ᠰᠠᠷ᠎ᠠ᠎ᠶᠢᠨ 1᠎ᠦ ᠡᠳᠦᠷ᠎ᠡᠴᠡ ᠡᠬᠢᠯᠡᠵᠦ ᠬᠡᠷᠡᠭᠵᠢᠭᠦᠯᠦᠨ᠎ᠡ᠃

✦ 12᠎ᠤᠨ ᠡᠳᠦᠷ᠂ ᠡᠮᠦᠨᠡᠲᠦ᠎ᠶᠢᠨ ᠤᠰᠤ᠎ᠶᠢ ᠤᠮᠠᠷᠠᠰᠢ ᠲᠠᠲᠠᠬᠤ ᠵᠡᠭᠦᠨ ᠳᠤᠮᠳᠠ ᠱᠤᠭᠤᠮ᠎ᠤᠨ ᠨᠢᠭᠡᠳᠦᠭᠡᠷ ᠬᠤᠭᠤᠴᠠᠭᠠᠨ᠎ᠤ ᠢᠨᠵᠧᠨᠧᠷᠢᠩ ᠨᠢᠭᠡᠨᠲᠡ 11 ᠵᠢᠯ ᠠᠮᠤᠷ ᠲᠦᠪᠰᠢᠨ ᠲᠣᠭᠲᠠᠭᠤᠨ᠎ᠢᠶᠠᠷ ᠠᠵᠢᠯᠯᠠᠵᠤ᠂ ᠨᠡᠶ᠋ᠢᠲᠡ 844 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠤᠰᠤ ᠲᠠᠲᠠᠵᠤ᠂ ᠵᠠᠮ ᠳᠠᠭᠠᠤ᠎ᠶᠢᠨ 48 ᠲᠣᠮᠣ᠌ ᠳᠤᠮᠳᠠ ᠬᠣᠲᠠ᠂ 1.95 ᠳ᠋ᠦᠩᠰᠢᠭᠤᠷ ᠬᠥᠮᠥᠨ᠎ᠳᠦ ᠲᠣᠭᠲᠠᠭᠤᠨ ᠴᠢᠨᠠᠷ ᠰᠠᠢᠲᠠᠢ ᠤᠰᠤᠨ᠎ᠤ ᠰᠤᠷᠪᠤᠯᠵᠢ᠎ᠶᠢ ᠬᠠᠩᠭᠠᠭᠰᠠᠨ ᠪᠠᠢᠨ᠎ᠠ᠃


640 (2).png


✦ ᠴᠦᠩᠴᠢᠩ ᠬᠣᠲᠠ᠎ᠶᠢᠨ ᠲᠥᠯᠦᠪᠵᠢᠭᠦᠯᠭᠡ ᠪᠠ ᠪᠠᠢᠭᠠᠯᠢ᠎ᠶᠢᠨ ᠡᠬᠢ ᠪᠠᠶᠠᠯᠢᠭ᠋᠎ᠤᠨ ᠲᠣᠪᠴᠢᠶ᠎ᠠ᠎ᠶᠢᠨ ᠮᠡᠳᠡᠭᠡ᠎ᠵᠢ ᠦᠨᠳᠦᠰᠦᠯᠡᠪᠡᠯ᠂ ᠲᠤᠰ ᠲᠣᠪᠴᠢᠶ᠎ᠠ ᠶ᠋ᠢᠨ ᠭᠤᠤᠯᠯᠠᠨ ᠪᠡᠶᠡᠯᠡᠭᠦᠯᠦᠭᠰᠡᠨ ᠠᠪᠤᠷᠭᠤ ᠭᠦᠷᠪᠡᠯ᠎ᠦᠨ ᠰᠤᠳᠤᠯᠭᠠᠨ᠎ᠤ ᠦᠷ᠎ᠡ ᠪᠦᠲᠦᠭᠡᠯ᠎ᠢ ᠣᠯᠠᠨ ᠤᠯᠤᠰ᠎ᠤᠨ ᠡᠷᠬᠡ ᠰᠦᠷᠲᠦ ᠡᠷᠳᠡᠮ ᠰᠢᠨᠵᠢᠯᠡᠭᠡᠨ᠎ᠦ ᠬᠤᠭᠤᠴᠠᠭᠠᠲᠤ ᠰᠡᠳᠬᠦᠯ ᠳ᠋ᠤ ᠨᠡᠢᠲᠡᠯᠡᠪᠡ᠃ ᠲᠣᠰ ᠰᠤᠳᠤᠯᠭᠠᠨ᠎ᠤ ᠥᠭᠦᠯᠡᠯ᠎ᠳᠦ ᠴᠦᠩᠴᠢᠩ᠎ᠦᠨ ᠾᠸᠴᠤᠸᠠᠨ ᠣᠷᠣᠨ᠎ᠳᠤ ᠢᠯᠡᠷᠡᠭᠦᠯᠦᠭᠰᠡᠨ ᠲᠣᠮᠣ᠌ ᠬᠡᠯᠪᠡᠷᠢ᠎ᠶᠢᠨ ᠠᠪᠤᠷᠭᠤ ᠭᠦᠷᠪᠡᠯ᠎ᠦᠨ ᠴᠢᠯᠠᠭᠤᠵᠢᠮᠠᠯ᠎ᠢ ᠭᠤᠷᠪᠠᠨ ᠮᠥᠷᠡᠨ᠎ᠦ ᠮᠠ ᠮᠸᠨ ᠰᠢ ᠠᠪᠤᠷᠭᠤ ᠭᠦᠷᠪᠡᠯ ᠭᠡᠵᠦ ᠨᠡᠷᠡᠢᠳᠪᠡ᠃


640.jpg


✦ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠲᠢᠩᠬᠢᠮ᠎ᠡᠴᠡ ᠣᠢᠯᠠᠭᠠᠭᠰᠠᠨ ᠵᠢᠡᠷ᠂ ᠰᠢᠨ᠎ᠡ᠎ᠪᠡᠷ ᠬᠥᠭᠵᠢᠭᠰᠡᠨ ᠠᠵᠤ ᠦᠢᠯᠡᠰ᠎ᠦᠨ ᠬᠦᠷᠢᠶᠡᠨ᠎ᠳᠡᠬᠢ ᠨᠢᠭᠡᠨᠲᠡ ᠪᠠᠢᠭ᠎ᠠ ᠠᠵᠤ ᠠᠬᠤᠢᠯᠠᠯ᠎ᠤᠨ ᠨᠡᠷᠡᠰ᠎ᠦᠨ ᠰᠠᠭᠤᠷᠢᠨ ᠳᠡᠭᠡᠷ᠎ᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨ᠎ᠡ᠎ᠪᠡᠷ ᠨᠡᠮᠡᠭᠳᠡᠭᠰᠡᠨ ᠬᠣᠶᠠᠳᠤᠭᠠᠷ ᠪᠦᠯᠦᠭ᠎ᠦᠨ ᠰᠢᠨ᠎ᠡ᠎ᠪᠡᠷ ᠬᠥᠭᠵᠢᠭᠰᠡᠨ ᠠᠵᠤ ᠦᠢᠯᠡᠰ᠎ᠦᠨ ᠬᠦᠷᠢᠶᠡᠨ᠎ᠳᠡᠬᠢ ᠠᠵᠤ ᠠᠬᠤᠢᠯᠠᠯ 189 ᠪᠣᠯᠵᠠᠢ᠃

✦ 《ᠠᠷᠪᠠᠨ ᠳᠥᠷᠪᠡᠳᠦᠭᠡᠷ ᠲᠠᠪᠤᠨ ᠵᠢᠯ᠎ᠦᠨ ᠲᠥᠯᠦᠪᠵᠢᠭᠦᠯᠭᠡ》᠎ᠶᠢᠨ ᠬᠤᠭᠤᠴᠠᠭᠠᠨ ᠳ᠋ᠤ᠂ ᠪᠠᠷᠠᠭᠤᠨ ᠦᠵᠦᠮᠦᠴᠢᠨ ᠬᠣᠰᠢᠭᠤᠨ᠎ᠤ ᠵᠠᠮ ᠬᠠᠷᠢᠯᠴᠠᠭᠠᠨ᠎ᠤ ᠰᠠᠭᠤᠷᠢ ᠲᠥᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ᠎ᠶᠢᠨ ᠬᠤᠷᠳᠤᠴᠠ ᠨᠡᠮᠡᠭᠳᠡᠵᠦ᠂ ᠲᠥᠯᠦᠪᠵᠢᠭᠦᠯᠭᠡ᠎ᠶᠢᠨ ᠡᠭᠦᠷᠭᠡ ᠪᠡᠨ 161% ᠪᠡᠷ ᠳᠠᠪᠠᠭᠤᠯᠤᠨ ᠪᠡᠶᠡᠯᠡᠭᠦᠯᠵᠦ᠂ ᠨᠡᠶ᠋ᠢᠲᠡ 1760 ᠭᠠᠷᠤᠢ ᠺᠢᠯᠣᠮᠧᠲᠷ ᠵᠠᠰᠠᠮᠠᠯ ᠵᠠᠮ ᠵᠠᠰᠠᠵᠤ᠂ 22 ᠳ᠋ᠦᠩᠰᠢᠭᠤᠷ ᠲᠥᠭᠥᠷᠢᠭ᠎ᠦᠨ ᠪᠡᠯᠡ ᠣᠷᠣᠭᠤᠯᠤᠯᠲᠠ᠎ᠶᠢ ᠪᠡᠶᠡᠯᠡᠭᠦᠯᠵᠡᠢ᠃


640 (4).jpg


✦ ᠣᠢᠷ᠎ᠠ᠎ᠳᠤ ᠤᠷᠠᠳ᠎ᠤᠨ ᠳᠤᠮᠳᠠᠳᠤ ᠬᠣᠰᠢᠭᠤᠨ ᠤ᠋ 2025 ᠣᠨ᠎ᠤ ᠰᠢᠨ᠎ᠡ ᠡᠨᠧᠷᠬᠢ᠎ᠪᠠᠷ ᠴᠠᠬᠢᠯᠭᠠᠠ ᠬᠠᠩᠭᠠᠬᠤ ᠮᠠᠯᠴᠢᠨ ᠡᠷᠦᠬᠡ᠎ᠶᠢ ᠲᠣᠣᠷ᠎ᠲᠤ ᠰᠢᠯᠵᠢᠭᠦᠯᠬᠦ ᠴᠠᠬᠢᠯᠭᠠᠨ᠎ᠤ ᠪᠠᠷᠢᠯᠭ᠎ᠠ ᠵᠢᠨ ᠠᠵᠢᠯ ᠳᠠᠭᠤᠰᠴᠤ᠂ ᠪᠠᠶᠠᠨ᠌ᠤ᠋ᠯᠠᠭᠠᠨ ᠰᠤᠮᠤ᠂ ᠴᠣᠩᠵᠢ ᠰᠤᠮᠤ᠂ ᠰᠢᠬ᠎ᠠ ᠭᠣᠣᠯ ᠪᠠᠯᠭᠠᠰᠤᠨ᠎ᠤ 47 ᠡᠷᠦᠬᠡ ᠮᠠᠯᠴᠢᠨ ᠲᠠᠷᠢᠶᠠᠴᠢᠨ᠎ᠤ ᠴᠠᠬᠢᠯᠭᠠᠨ ᠬᠡᠷᠡᠭᠯᠡᠬᠦ᠎ᠳᠦ ᠬᠦᠴᠢᠷ ᠪᠠᠢᠬᠰᠠᠨ ᠠᠰᠠᠭᠤᠳᠠᠯ᠎ᠢ ᠰᠢᠢᠳᠪᠦᠷᠢᠯᠡᠵᠡᠢ᠃


ᠠᠵᠤ ᠠᠬᠤᠢ

✦ 2025 ᠣᠨ᠎ᠳᠤ ᠲᠦᠨᠭᠯᠢᠶᠤᠤ ᠬᠤᠲᠠ᠎ᠶᠢᠨ ᠥᠨᠳᠥᠷᠯᠢᠭ᠎ᠦᠨ ᠤᠯᠠᠭᠠᠨ ᠠᠯᠮᠤᠷᠠᠳ ᠳᠠᠷᠢᠭ᠍ᠰᠠᠨ ᠲᠠᠯᠠᠪᠠᠢ 34.14 ᠲᠦᠮᠡᠨ ᠮᠦ᠍᠎ᠳᠦ ᠬᠦᠷᠪᠡ᠂ ᠡᠭᠦᠨ᠎ᠳᠦ ᠵᠢᠮᠢᠰᠯᠡᠬᠦ ᠬᠤᠭᠤᠴᠠᠭᠠᠨ᠎ᠳᠠᠭᠠᠨ ᠣᠷᠣᠭᠰᠠᠨ ᠵᠢᠮᠢᠰ᠎ᠦᠨ ᠮᠣᠳᠣᠨ᠎ᠤ ᠲᠠᠯᠠᠪᠠᠢ ᠨᠢ 12.45 ᠲᠦᠮᠡᠨ ᠮᠦ᠍ ᠪᠠᠢᠵᠤ᠂ ᠵᠢᠮᠢᠰ᠎ᠦᠨ ᠶᠡᠷᠦᠩᠬᠡᠢ ᠭᠠᠷᠤᠯᠲᠠ 6.95 ᠲᠦᠮᠡᠨ ᠲᠣᠨ᠎ᠳᠤ ᠬᠦᠷᠴᠦ᠂ ᠦᠢᠷ᠎ᠡ ᠬᠠᠪᠢ᠎ᠶᠢᠨ ᠵᠢᠮᠢᠰ᠎ᠦᠨ ᠲᠠᠷᠢᠶᠠᠴᠢᠳ᠎ᠤᠨ ᠣᠷᠣᠯᠭ᠎ᠠ᠎ᠪᠠᠨ ᠨᠡᠮᠡᠭᠳᠡᠭᠦᠯᠦᠨ ᠪᠠᠶᠠᠵᠢᠨ ᠴᠢᠨᠡᠭᠡᠯᠢᠭᠵᠢᠬᠦ᠎ᠶᠢ ᠦᠨᠡᠨ ᠬᠦ᠌ ᠳᠠᠶ᠋ᠢᠴᠢᠯᠠᠪᠠ᠃


640 (2).jpg


✦ ᠦᠢᠷ᠎ᠡ᠎ᠶᠢᠨ ᠵᠢᠯ᠎ᠡᠴᠡ᠂ ᠵᠠᠯᠠᠶ᠋ᠢᠳ ᠬᠣᠰᠢᠭᠤ ᠪᠡᠯᠴᠢᠭᠡᠷ ᠡᠪᠡᠰᠦ ᠬᠣᠷᠢᠶᠠᠨ ᠲᠡᠭᠡᠭᠡᠪᠦᠷᠢᠯᠡᠵᠦ ᠲᠣᠬᠢᠷᠠᠭᠤᠯᠤᠨ ᠬᠦᠷᠭᠡᠬᠦ ᠶᠡᠷᠦᠩᠬᠡᠢ ᠦᠢᠯᠡᠴᠢᠯᠡᠭᠡᠨ᠎ᠦ ᠲᠥᠪ ᠵᠢᠡᠷ ᠠᠴᠢᠶᠠᠯᠠᠪᠤᠷᠢ ᠪᠣᠯᠭᠠᠵᠤ᠂ ᠲᠠᠷᠢᠶᠠᠨ ᠭᠠᠵᠠᠷ᠎ᠤᠨ 《ᠬᠠᠶᠠᠭᠳᠠᠮᠠᠯ ᠡᠰᠢ ᠰᠦᠷᠡᠯ》 ᠢ᠋ ᠲᠡᠵᠢᠭᠡᠨ ᠦᠷᠡᠵᠢᠭᠦᠯᠬᠦ ᠲᠠᠯᠠᠪᠠᠢ᠎ᠶᠢᠨ 《ᠨᠠᠷᠢᠯᠢᠭ᠋ ᠲᠡᠵᠢᠭᠡᠯ ᠪᠣᠷᠳᠣᠭ᠎ᠠ》 ᠪᠣᠯᠭᠠᠨ ᠬᠤᠪᠢᠷᠠᠭᠤᠯᠵᠤ᠂ ᠡᠰᠢ ᠰᠦᠷᠡᠯ᠎ᠢ ᠪᠦᠬᠦ ᠲᠠᠯ᠎ᠠ᠎ᠪᠠᠷ ᠪᠣᠷᠳᠣᠭ᠎ᠠ ᠪᠣᠯᠭᠠᠨ ᠠᠰᠢᠭ᠍ᠯᠠᠬᠤ᠎ᠶᠢ ᠳᠡᠭᠡᠭᠰᠢᠯᠡᠭᠦᠯᠵᠦ᠂ ᠡᠰᠢ ᠰᠦᠷᠡᠯ᠎ᠢ ᠶᠡᠷᠦᠩᠬᠡᠢᠯᠡᠨ ᠠᠰᠢᠭ᠍ᠯᠠᠬᠤ ᠨᠣᠷᠮ᠎ᠠ᠎ᠶᠢ 90%᠎ᠠᠴᠠ ᠳᠡᠭᠡᠭᠰᠢ ᠪᠠᠢᠯᠭᠠᠬᠤ ᠪᠡᠷ ᠴᠢᠷᠮᠠᠢᠵᠤ ᠪᠠᠢᠨ᠎ᠠ᠃


ᠰᠣᠶᠣᠯ

✦ ᠦᠢᠷ᠎ᠡ᠎ᠳᠦ ᠡᠵᠡᠨ ᠬᠣᠷᠣᠭ᠎ᠠ ᠬᠣᠰᠢᠭᠤᠨ᠎ᠤ ᠦᠨᠳᠦᠰᠦᠲᠡᠨ᠎ᠦ ᠰᠤᠳᠤᠷ ᠪᠢᠴᠢᠭ ᠦ᠋ᠨ ᠠᠵᠢᠯ᠎ᠤᠨ ᠶᠠᠷᠢᠯᠴᠠᠬᠤ ᠬᠤᠷᠠᠯ ᠵᠢᠴᠢ 《ᠡᠵᠡᠨ ᠬᠣᠷᠣᠭ᠎ᠠ ᠬᠣᠰᠢᠭᠤᠨ ᠤ᠋ ᠲᠡᠦᠬᠡᠨ ᠳᠠᠩᠰᠠ ᠡᠪᠬᠡᠮᠡᠯ》᠎ᠢ ᠡᠮᠬᠢᠳᠬᠡᠨ ᠣᠷᠴᠢᠭᠤᠯᠵᠤ ᠬᠡᠪᠯᠡᠭᠦᠯᠬᠦ ᠠᠵᠢᠯ᠎ᠤᠨ ᠡᠬᠢᠯᠡᠯᠲᠡ᠎ᠶᠢᠨ ᠶᠣᠰᠣᠯᠠᠯ ᠶᠠᠪᠤᠭᠳᠠᠪᠠ᠃ 《ᠡᠵᠡᠨ ᠬᠣᠷᠣᠭ᠎ᠠ ᠬᠣᠰᠢᠭᠤᠨ᠎ᠤ ᠲᠡᠦᠬᠡᠨ ᠳᠠᠩᠰᠠ ᠡᠪᠬᠡᠮᠡᠯ》᠎ᠢ ᠠᠩᠬ᠎ᠠ ᠠᠯᠬᠤᠮ 4 ᠳᠡᠪᠲᠡᠷ ᠡᠮᠬᠢᠳᠬᠡᠨ 2026 ᠣᠨ᠎ᠤ ᠵᠢᠯ᠎ᠦᠨ ᠰᠡᠭᠦᠯᠴᠢ᠎ᠡᠴᠡ ᠡᠮᠦᠨ᠎ᠡ ᠤᠩᠰᠢᠭ᠍ᠴᠢᠳ᠎ᠲᠤ ᠬᠦᠷᠭᠡᠬᠦ᠎ᠪᠠᠷ ᠲᠥᠯᠥᠪᠯᠡᠵᠦ ᠪᠠᠢᠨ᠎ᠠ᠃


640 (1).jpg


ᠲᠠᠮᠢᠷ

✦ ᠣᠢᠷ᠎ᠠ᠎ᠳᠤ ᠶᠠᠪᠤᠭᠳᠠᠭᠰᠠᠨ ᠮᠢᠯᠠᠨ᠎ᠤ ᠡᠪᠦᠯ᠎ᠤᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭᠠᠨ᠎ᠤ ᠬᠢᠷᠢ ᠬᠡᠮ᠎ᠦᠨ ᠤᠷᠤᠯᠳᠤᠭᠠᠨ ᠳ᠋ᠤ᠂ ᠳᠤᠮᠳᠠᠳᠤ ᠤᠯᠤᠰ᠎ᠤᠨ ᠮᠥᠰᠥᠨ ᠳᠡᠪᠦᠷ᠎ᠡ᠎ᠶᠢᠨ ᠡᠷᠡᠭᠲᠡᠢ᠎ᠶᠢᠨ ᠠᠩᠭᠢ 9 ᠄ 4 ᠪᠠᠷ ᠶᠠᠫᠤᠨ᠎ᠤ ᠠᠩᠭᠢ᠎ᠶᠢ ᠢᠯᠠᠵᠤ᠂ ᠮᠢᠯᠠᠨ᠎ᠤ ᠡᠪᠦᠯ᠎ᠤᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭᠠᠨ᠎ᠳᠤ ᠣᠷᠣᠯᠴᠠᠬᠤ ᠬᠢᠷᠢ ᠬᠡᠮ᠎ᠢ ᠣᠯᠵᠠᠢ᠃

 

640 (3).jpg


ᠳᠡᠯᠡᠬᠡᠢ

✦ ᠰᠢᠨᠬᠤᠸᠠ ᠬᠣᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠮᠠᠯᠠᠢᠰᠢᠶ᠎ᠠ ᠵᠢᠨ ᠶᠡᠷᠦᠩᠬᠡᠢ ᠰᠠᠢᠳ ᠠᠨᠸᠠᠷ 13᠎ᠤ ᠡᠳᠦᠷ᠂ ᠵᠡᠭᠦᠨ ᠡᠮᠦᠨᠡᠲᠦ ᠠᠽᠢᠶ᠎ᠠ᠎ᠶᠢᠨ ᠤᠯᠤᠰ᠎ᠤᠳ᠎ᠤᠨ ᠬᠣᠯᠪᠣᠭ᠎ᠠ᠎ᠶᠢᠨ ᠡᠭᠡᠯᠵᠢᠲᠦ ᠲᠡᠷᠢᠭᠦᠯᠡᠭᠴᠢ ᠤᠯᠤᠰ ᠪᠣᠯᠤᠭᠰᠠᠨ ᠤ᠋ ᠬᠤᠪᠢ᠎ᠳᠤ᠂ ᠮᠠᠯᠠᠢᠰᠢᠶ᠎ᠠ ᠣᠢᠷ᠎ᠠ᠎ᠶᠢᠨ ᠬᠤᠭᠤᠴᠠᠭᠠᠨ᠎ᠳᠤ ᠵᠡᠭᠦᠨ ᠡᠮᠦᠨᠡᠲᠦ ᠠᠽᠢᠶ᠎ᠠ᠎ᠶᠢᠨ ᠤᠯᠤᠰ᠎ᠤᠳ᠎ᠤᠨ ᠬᠣᠯᠪᠣᠭ᠎ᠠ᠎ᠶᠢᠨ ᠭᠠᠳᠠᠭᠠᠳᠤ ᠶᠠᠪᠤᠳᠠᠯ᠎ᠤᠨ ᠶᠠᠮᠤᠨ᠎ᠤ ᠰᠠᠢᠳ ᠨᠠᠷ᠎ᠤᠨ ᠣᠨᠴᠠᠭᠠᠢ ᠬᠤᠷᠠᠯ᠎ᠢ ᠬᠤᠷᠠᠯᠳᠤᠭᠤᠯᠵᠤ᠂ ᠺᠠᠮᠪᠤᠵᠠ ᠲᠠᠢ ᠤᠯᠤᠰ᠎ᠤᠨ ᠪᠠᠢᠳᠠᠯ᠎ᠢ ᠦᠨᠡᠯᠡᠬᠦ᠎ᠶᠢᠨ ᠬᠠᠮᠲᠤ ᠪᠠᠴᠢᠮ ᠪᠠᠢᠳᠠᠯ᠎ᠢ ᠨᠠᠮᠳᠠᠭᠤᠯᠬᠤ ᠬᠣᠯᠪᠣᠭᠳᠠᠯ ᠪᠦᠬᠦᠢ ᠠᠷᠭ᠎ᠠ ᠬᠡᠮᠵᠢᠶ᠎ᠡ᠎ᠶᠢ ᠰᠦᠪᠡᠭᠴᠢᠯᠡᠨ᠎ᠠ ᠭᠡᠵᠡᠢ᠃

✦ ᠲᠤᠬᠠᠢ᠎ᠶᠢᠨ ᠭᠠᠵᠠᠷ᠎ᠤᠨ ᠴᠠᠭ᠎ᠢᠶᠠᠷ 11᠎ᠦ ᠡᠳᠦᠷ᠂ ᠭᠧᠷᠮᠠᠨ᠎ᠤ ᠣᠯᠠᠨ ᠴᠢᠬᠤᠯᠠ ᠠᠵᠤ ᠠᠬᠤᠢ᠎ᠶᠢᠨ ᠰᠤᠳᠤᠯᠭᠠᠨ᠎ᠤ ᠪᠠᠢᠭᠤᠯᠤᠮᠵᠢ᠎ᠶᠢᠨ ᠨᠡᠢᠲᠡᠯᠡᠭᠰᠡᠨ ᠡᠪᠦᠯ᠎ᠦᠨ ᠤᠯᠠᠷᠢᠯ᠎ᠤᠨ ᠵᠢᠱ᠌ᠢᠯᠲᠡ᠎ᠶᠢᠨ ᠮᠡᠳᠡᠭᠦᠯᠦᠯᠲᠡ᠎ᠳᠦ ᠢᠯᠡᠷᠡᠭᠦᠯᠦᠭᠰᠡᠨ ᠵᠢᠡᠷ᠂ ᠠᠮᠧᠷᠢᠺᠠ᠎ᠶᠢᠨ ᠭᠠᠳᠠᠭᠠᠳᠤ ᠭᠠᠷᠭᠠᠯᠲᠠ ᠢᠯᠡᠳᠲᠡ ᠪᠠᠭᠤᠷᠠᠭᠰᠠᠨ ᠵᠡᠷᠭᠡ ᠬᠦᠴᠦᠨ ᠵᠦᠢᠯ᠎ᠦᠨ ᠨᠥᠯᠥᠭᠡ᠎ᠡᠴᠡ ᠪᠣᠯᠵᠤ᠂ 2025 ᠣᠨ᠎ᠳᠤ ᠭᠧᠷᠮᠠᠨ᠎ᠤ ᠠᠵᠤ ᠠᠬᠤᠢ ᠵᠥᠪᠬᠡᠨ 0.1% ᠪᠡᠷ ᠨᠡᠮᠡᠭᠳᠡᠵᠦ᠂ ᠨᠠᠮᠤᠷ᠎ᠤᠨ ᠤᠯᠠᠷᠢᠯ᠎ᠤᠨ ᠵᠢᠱ᠌ᠢᠯᠲᠡ᠎ᠳᠡᠬᠢ 0.2%᠎ᠤᠨ ᠨᠡᠮᠡᠭᠳᠡᠯ᠎ᠦᠨ ᠬᠡᠮᠵᠢᠶ᠎ᠡ᠎ᠡᠴᠡ ᠳᠠᠬᠢᠨᠲᠠ ᠪᠠᠭᠤᠷᠠᠭᠰᠠᠨ ᠪᠠᠢᠨ᠎ᠠ᠃


640 (1).png

 

ᠦᠢᠯᠡᠴᠢᠯᠡᠭᠡ

✦ ᠤᠯᠠᠭᠠᠨᠬᠠᠳᠠ ᠳᠡᠭᠡᠳᠦ ᠰᠤᠷᠭᠠᠭᠤᠯᠢ᠎ᠶᠢᠨ ᠬᠠᠷᠢᠶᠠᠲᠤ ᠡᠮᠨᠡᠯᠭᠡ᠎ᠶᠢᠨ ᠬᠣᠷᠢᠶ᠎ᠠ 20 ᠠᠵᠢᠯᠲᠠᠨ ᠡᠯᠰᠡᠵᠦ ᠪᠤᠢ᠃ 


ᠲᠠᠨ᠎ᠤ ᠲᠤᠰᠠ᠎ᠳᠤ

✦ ᠬᠦᠢᠲᠡᠨ ᠤᠷᠤᠰᠬᠠᠯ᠎ᠤᠨ ᠨᠦᠯᠦᠭᠡ ᠡᠴᠡ ᠬᠡᠷᠬᠢᠨ ᠰᠡᠷᠭᠡᠢᠯᠡᠬᠦ ᠪᠤᠢ?

ᠪᠠᠭᠠᠴᠤᠳ ᠬᠡᠤᠬᠡᠳ᠂ ᠵᠢᠷᠮᠦᠰᠦᠨ ᠪᠦᠰᠡᠬᠦᠢ ᠪᠠ ᠨᠠᠰᠤᠲᠠᠢᠴᠤᠳ ᠬᠦᠢᠳᠡᠷᠡᠬᠦ ᠠ᠋ᠴᠠ ᠡᠮᠦᠨ᠎ᠡ ᠸᠠᠺᠼᠢᠨ᠎ᠤ ᠲᠠᠷᠢᠯᠭ᠎ᠠ ᠬᠢᠬᠦ᠎ᠶᠢ ᠰᠠᠨᠠᠭᠤᠯᠵᠤ ᠪᠠᠢᠨ᠎ᠠ᠃ ᠵᠢᠷᠦᠬᠡ ᠲᠠᠷᠢᠬᠢᠨ᠎ᠤ ᠴᠢᠰᠤᠨ ᠰᠤᠳᠠᠯ᠎ᠤᠨ ᠡᠪᠡᠳᠴᠢᠨ᠂ ᠠᠮᠢᠰᠬᠤᠯ᠎ᠤᠨ ᠰᠢᠰᠲᠧᠮ᠎ᠦᠨ ᠡᠪᠡᠳᠴᠢᠨ᠂ ᠰᠢᠬᠢᠷ ᠰᠢᠵᠢᠩ ᠡᠪᠡᠳᠴᠢᠨ ᠵᠡᠷᠭᠡ ᠤᠳᠠᠭᠠᠨ ᠴᠢᠨᠠᠷᠲᠠᠢ ᠡᠪᠡᠳᠴᠢᠳᠡᠳ ᠡᠮ᠎ᠦᠨ ᠵᠦᠢᠯᠡᠰ᠎ᠢ ᠤᠷᠢᠳᠴᠢᠯᠠᠨ ᠪᠡᠯᠡᠳᠬᠡᠬᠦ ᠬᠡᠷᠡᠭᠳᠡᠢ᠃ ᠤᠷᠲᠤ ᠬᠤᠭᠤᠴᠠᠭ᠎ᠠ᠎ᠪᠠᠷ ᠬᠦᠢᠲᠡᠨ ᠣᠷᠴᠢᠨ᠎ᠳᠤ ᠠᠵᠢᠯᠯᠠᠵᠤ ᠪᠠᠢᠭ᠎ᠠ ᠬᠦᠮᠦᠰ ᠠᠪᠴᠤ ᠶᠠᠪᠤᠬᠤ᠎ᠳᠤ ᠳᠥᠭᠥᠮ ᠮᠠᠶᠢᠭ᠋᠎ᠤᠨ ᠳᠤᠯᠠᠭᠠᠯᠠᠬᠤ ᠡᠳ᠋ ᠪᠣᠳᠠᠰ ᠪᠠ ᠴᠢᠬᠢᠭ ᠬᠦᠢᠲᠡᠨ᠎ᠡᠴᠡ ᠰᠡᠷᠭᠡᠢᠯᠡᠬᠦ ᠠᠵᠢᠯ᠎ᠤᠨ ᠬᠤᠪᠴᠠᠰᠤ᠂ ᠭᠤᠯᠭᠤᠬᠤ᠎ᠠᠴᠠ ᠰᠡᠷᠭᠡᠢᠯᠡᠬᠦ ᠱᠠᠬᠠᠢ ᠵᠡᠷᠭᠡ᠎ᠶᠢ ᠪᠡᠯᠡᠳᠬᠡᠬᠦ᠎ᠶᠢᠨ ᠬᠠᠮᠲᠤ ᠬᠥᠯᠳᠡᠭᠰᠡᠨ ᠰᠢᠷᠬ᠎ᠠ᠎ᠶᠢ ᠬᠤᠷᠳᠤᠨ ᠠᠨᠠᠭᠠᠬᠤ ᠠᠷᠭ᠎ᠠ᠎ᠶᠢ ᠰᠤᠷᠤᠯᠴᠠᠬᠤ ᠬᠡᠷᠡᠭᠲᠡᠢ᠃

ᠵᠠᠯᠭᠠᠭᠠᠳ 《ᠠᠩᠭᠢᠷ ᠰᠢᠪᠠᠭᠤ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠤ  ᠪᠠᠶᠠᠷᠯᠠᠯ᠎ᠠ᠂  ᠪᠠᠶᠠᠷᠳᠠᠢ!

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)

ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号