12 ᠰᠠᠷ᠎ᠠ ᠵᠢᠨ 15 ᠎ᠤ ᠡᠳᠤᠷ
ᠡᠬᠢᠯᠡᠬᠦ᠌ ᠴᠠᠭ᠄
2025-12-15 11:10:39
ᠨᠠᠶ᠋ᠢᠷᠠᠭᠤᠯᠤᠭᠴᠢ ᠄

ᠨᠡᠪᠲᠡᠷᠡᠬᠦᠯᠦᠭᠴᠢ ᠄

ᠮᠡᠷᠭᠡᠵᠢᠯ ᠄

ᠤᠩᠰᠢᠭᠰᠠᠨ ᠤᠳᠠᠭ᠎ᠠ᠄


 ᠨᠡᠢᠭᠡᠮ                        

✦ᠤᠯᠠᠨ ᠤᠯᠤᠰ ᠎ᠤᠨ ᠬᠣᠯᠪᠣᠭᠠᠲᠤ ᠪᠠᠢᠭᠤᠯᠭ᠎ᠠ᠎ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ᠎ᠤᠨ ᠵᠣᠬᠢᠶᠠᠨ ᠪᠠᠢᠭᠤᠯᠤᠯᠲᠠ᠎ᠶᠢᠨ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭᠠᠯᠠᠬᠤ ᠵᠠᠰᠠᠭ ᠎ᠤᠨ ᠣᠷᠳᠣᠨ᠎ᠤ ᠬᠣᠭᠣᠷᠣᠨᠳᠣᠬᠢ ᠵᠥᠪᠯᠡᠯ᠎ᠦᠨ 21 ᠳ᠋ᠤᠭᠡᠷ ᠬᠤᠭᠤᠴᠠᠭᠠᠨ᠎ᠤ ᠪᠠᠢᠨᠭᠭᠤ ᠵᠢᠨ ᠬᠤᠷᠠᠯ 2026 ᠤᠨ ᠳ᠋ᠤ ᠰᠢᠶᠠᠮᠸᠨ ᠳ᠋ᠤ ᠶᠠᠪᠤᠭᠳᠠᠬᠤ ᠪᠤᠯᠤᠨ᠎ᠠ᠃

✦13 ᠎ᠤ ᠡᠳᠦᠷ᠂ ᠪᠥᠬᠥ ᠤᠯᠤᠰ᠎ᠤᠨ ᠡᠮᠴᠢᠯᠡᠭᠡᠨ ᠎ᠤ ᠪᠠᠲᠤᠯᠠᠭ᠎ᠠ᠎ᠶᠢᠨ ᠠᠵᠢᠯ ᠎ᠤᠨ ᠬᠤᠷᠠᠯ ᠪᠡᠭᠡᠵᠢᠩ᠎ᠳᠦ ᠬᠤᠷᠠᠯᠳᠤᠵᠦ᠂ ᠤᠯᠤᠰ ᠎ᠤᠨ ᠡᠮᠴᠢᠯᠡᠭᠡᠨ ᠎ᠤ ᠪᠠᠲᠤᠯᠠᠭ᠎ᠠ᠎ᠶᠢᠨ ᠲᠣᠪᠴᠢᠶ᠎ᠠ ᠢᠯᠡᠷᠬᠡᠢᠯᠡᠬᠦ᠎ᠳᠡᠭᠡᠨ᠂ 2026 ᠣᠨ᠎ᠳᠤ ᠪᠥᠬᠥ ᠤᠯᠤᠰ᠎ᠤᠨ ᠲᠥᠷᠥ ᠎ᠶᠢᠨ ᠪᠣᠳᠣᠯᠭ᠎ᠠ ᠎ᠶᠢᠨ ᠬᠡᠪᠴᠢᠶᠡᠨ᠎ᠳ᠋ᠡᠬᠢ ᠬᠤᠪᠢ ᠬᠥᠮᠥᠨ᠎ᠤ ᠬᠥᠩᠭᠡᠵᠢᠯᠳᠡ᠎ᠳᠦ《ᠥᠪᠡᠷ᠎ᠢᠶᠡᠨ ᠮᠥᠩᠭᠥ ᠲᠥᠯᠥᠬᠦ ᠦᠭᠡᠢ 》ᠪᠠᠢᠬᠤ ᠎ᠶᠢ ᠦᠨᠳᠦᠰᠦᠨ᠎ᠳᠡᠭᠡᠨ ᠪᠡᠶᠡᠯᠡᠭᠦᠯᠦᠨ᠎ᠠ ᠭᠡᠵᠡᠢ᠃


640.jpg


✦ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ᠂ ᠡᠳ᠋᠎ᠦᠨ ᠵᠠᠰᠠᠭ᠎ᠤᠨ ᠲᠢᠩᠬᠢᠮ᠎ᠡᠴᠡ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠠᠯᠳᠠᠯᠲᠠ᠎ᠶᠢᠨ ᠳᠠᠭᠠᠳᠬᠠᠯ᠎ᠤᠨ ᠮᠥᠩᠭᠥ᠎ᠶᠢᠨ ᠪᠠᠷᠢᠮᠵᠢᠶ᠎ᠠ᠎ᠳᠤ ᠲᠣᠬᠢᠷᠠᠭᠤᠯᠤᠯᠲᠠ ᠬᠢᠬᠦ ᠮᠡᠳᠡᠭᠳᠡᠯ ᠨᠡᠢᠲᠡᠯᠡᠵᠦ᠂ ᠪᠥᠬᠥ ᠣᠷᠣᠨ᠎ᠤ ᠠᠵᠢᠯ ᠠᠯᠳᠠᠯᠲᠠ ᠶ᠋ᠢᠨ ᠳᠠᠭᠠᠳᠬᠠᠯ᠎ᠤᠨ ᠮᠥᠩᠭᠥ᠎ᠶᠢᠨ ᠪᠠᠷᠢᠮᠵᠢᠶ᠎ᠠ᠎ᠶᠢ 2380 ᠲᠥᠭᠥᠷᠢᠭ᠎ᠢᠶᠡᠷ ᠰᠠᠭᠤᠷᠢ ᠲᠣᠭ᠎ᠠ ᠪᠤᠯᠭᠠᠵᠤ᠂ 2025 ᠣᠨ᠎ᠤ 12 ᠰᠠᠷ᠎ᠠ ᠠ᠋ᠴᠠ ᠡᠬᠢᠯᠡᠵᠦ ᠬᠡᠷᠡᠭᠵᠢᠭᠦᠯᠦᠨ᠎ᠡ᠃

✦ᠣᠢᠷ᠎ᠠ ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠤ᠋ 《ᠵᠠᠮ ᠬᠠᠷᠢᠯᠴᠠᠭ᠎ᠠ ᠬᠢᠭᠡᠳ ᠵᠢᠭᠤᠯᠴᠢᠯᠠᠯ᠎ᠢ ᠠᠭᠤᠰᠤᠯᠴᠠᠭᠤᠯᠤᠨ ᠬᠥᠭᠵᠢᠭᠦᠯᠬᠦ》 ᠵᠠᠮ ᠬᠠᠷᠢᠯᠴᠠᠭᠠᠨ᠎ᠤ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠎ᠶᠢᠨ ᠲᠤᠷᠰᠢᠯᠲᠠ᠎ᠴᠡᠭ᠎ᠤᠨ ᠡᠭᠦᠷᠭᠡ ᠨᠢ ᠵᠠᠮ ᠬᠠᠷᠢᠯᠴᠠᠭ᠎ᠠ ᠲᠡᠭᠡᠭᠡᠪᠦᠷᠢ᠎ᠶᠢᠨ ᠶᠠᠮᠤᠨ᠎ᠤ ᠰᠢᠯᠭᠠᠨ ᠪᠠᠢᠴᠠᠭᠠᠯᠲᠠ᠎ᠳᠤ ᠬᠢᠷᠢ ᠲᠡᠩᠴᠡᠵᠦ᠂ ᠮᠠᠨ᠎ᠤ ᠣᠷᠣᠨ᠎ᠤ ᠠᠩᠬᠠᠳᠠᠭ᠍ᠴᠢ ᠰᠢᠯᠭᠠᠨ ᠪᠠᠢᠴᠠᠭᠠᠯᠲᠠ᠎ᠳᠤ ᠬᠢᠷᠢ ᠲᠡᠩᠴᠡᠭᠰᠡᠨ ᠵᠠᠮ ᠬᠠᠷᠢᠯᠴᠠᠭᠠᠨ᠎ᠤ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠎ᠶᠢᠨ ᠲᠤᠷᠰᠢᠯᠲᠠ᠎ᠴᠡᠭ᠎ᠤᠨ ᠡᠭᠦᠷᠭᠡ ᠪᠣᠯᠤᠭᠰᠠᠨ ᠪᠠᠢᠨ᠎ᠠ᠃


640 (3).png


✦ᠥᠪᠥᠷ ᠮᠣᠩᠭᠣᠯ ᠎ᠤᠨ ᠭᠠᠵᠠᠷ ᠰᠢᠨᠵᠢᠯᠡᠭᠡ ᠠᠭᠤᠷᠬᠠᠢ ᠎ᠶᠢᠨ ᠭᠠᠷᠤᠯᠲᠠ ᠶ᠋ᠢᠨ ᠪᠦᠯᠦᠭᠯᠡᠯ᠎ᠡᠴᠡ ᠣᠢᠯᠠᠭᠠᠭᠰᠠᠨ ᠵᠢᠡᠷ᠂ ᠲᠣᠰ ᠪᠦᠯᠦᠭᠯᠡᠯ ᠵᠢᠯ ᠭᠠᠷᠤᠢ᠎ᠶᠢᠨ ᠴᠢᠷᠮᠠᠢᠯᠭ᠎ᠠ ᠪᠡᠷ ᠳᠠᠮᠵᠢᠨ ᠨᠢᠭᠡᠨᠲᠡ ᠪᠥᠬᠥ ᠤᠯᠤᠰ᠎ᠤᠨ ᠠᠩᠬᠠᠳᠠᠭ᠍ᠴᠢ ᠠᠭᠤᠷᠬᠠᠢ ᠬᠠᠢᠬᠤ ᠵᠢᠱ᠌ᠢᠯᠲᠡ᠎ᠶᠢᠨ ᠲᠣᠮᠣ᠌ ᠵᠠᠭᠪᠤᠷ᠎ᠤᠨ ᠲᠤᠰᠬᠠᠢ ᠲᠣᠭ᠎ᠠ ᠪᠠᠷᠢᠮᠲᠠ᠎ᠶᠢᠨ ᠡᠮᠬᠢᠳᠬᠡᠯ᠎ᠢ ᠠᠩᠬ᠎ᠠ ᠠᠯᠬᠤᠮ ᠪᠠᠢᠭᠤᠯᠤᠭᠰᠠᠨ ᠪᠥᠭᠡᠳ AI ᠵᠢᠱ᠌ᠢᠯᠲᠡ ᠎ᠶᠢᠨ ᠰᠢᠯᠭᠠᠨ ᠪᠠᠲᠤᠯᠠᠯᠲᠠ᠎ᠶᠢ ᠠᠮᠵᠢᠯᠲᠠᠲᠠᠢ ᠥᠷᠨᠢᠭᠦᠯᠦᠭᠰᠡᠨ ᠪᠠᠢᠨ᠎ᠠ᠂ ᠡᠨᠡ ᠨᠢ ᠥᠪᠥᠷ ᠮᠣᠩᠭᠣᠯ ᠎ᠤᠨ ᠭᠠᠵᠠᠷ ᠰᠢᠨᠵᠢᠯᠡᠭᠡᠨ᠎ᠦ ᠠᠭᠤᠷᠬᠠᠢ ᠬᠠᠢᠬᠤ ᠠᠵᠢᠯ ᠣᠶᠤᠨᠴᠢᠯᠠᠭᠰᠠᠨ ᠰᠢᠨ᠎ᠡ ᠱᠠᠲᠤᠨ ᠎ᠳᠤ ᠣᠷᠣᠭᠰᠠᠨ᠎ᠢ ᠬᠠᠷᠠᠭᠤᠯᠵᠤ ᠪᠠᠢᠨ᠎ᠠ᠃

✦ᠣᠳᠣᠬᠠᠨ ᠪᠣᠯᠲᠠᠯ᠎ᠠ ᠬᠣᠷᠴᠢᠨ ᠵᠡᠭᠦᠨ ᠭᠠᠷᠤᠨ ᠬᠣᠢᠲᠤ ᠬᠣᠰᠢᠭᠤ ᠨᠡᠢ᠍ᠢᠲᠡ 366.52 ᠲᠦᠮᠡᠨ ᠮᠦ᠍ ᠡᠯᠡᠰᠦ᠎ᠶᠢ ᠵᠠᠰᠠᠬᠤ᠎ᠶᠢ ᠪᠡᠶᠡᠯᠡᠭᠦᠯᠵᠦ᠂ 1362 ᠲᠦᠮᠡᠨ ᠮᠦ᠍ ᠡᠯᠡᠰᠦᠷᠬᠡᠭᠵᠢᠭᠰᠡᠨ ᠭᠠᠵᠠᠷ ᠰᠢᠷᠣᠢ᠎ᠶᠢ ᠪᠦᠲᠦᠮᠵᠢᠲᠡᠶ ᠬᠣᠷᠢᠭ᠍ᠯᠠᠵᠤ᠂ ᠣᠢ ᠰᠢᠭᠤᠢ᠎ᠶᠢᠨ ᠪᠦᠷᠬᠦᠴᠡ᠎ᠶᠢᠨ ᠨᠣᠷᠮ᠎ᠠ᠎ᠶᠢ 10% ᠳᠡᠭᠡᠭᠰᠢᠯᠡᠭᠦᠯᠦᠨ᠂ ᠨᠤᠲᠤᠭ ᠪᠡᠯᠴᠢᠭᠡᠷ᠎ᠦᠨ ᠤᠷᠭᠤᠮᠠᠯ᠎ᠤᠨ ᠬᠤᠴᠢᠯᠭ᠎ᠠ 69.4%᠎ᠳᠤ ᠬᠥᠷᠪᠡ᠃

✦ᠤᠢᠷ᠎ᠠ ᠳ᠋ᠤ ᠤᠷᠠᠳ᠎ᠤᠨ ᠬᠣᠢᠲᠤ ᠬᠣᠰᠢᠭᠤ《ᠤᠷᠠᠳ᠎ᠤᠨ ᠬᠣᠢᠲᠤ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠥᠲᠥᠯ ᠭᠠᠵᠠᠷ᠎ᠢ ᠬᠠᠭᠠᠯᠪᠤᠷᠢᠯᠠᠬᠤ᠎ᠶᠢ ᠴᠠᠭᠠᠵᠠᠯᠠᠬᠤ ᠬᠡᠪᠴᠢᠶ᠎ᠡ᠎ᠶᠢᠨ ᠲᠤᠬᠠᠢ ᠠᠯᠪᠠᠨ ᠵᠠᠷᠯᠠᠯ 》ᠨᠡᠢᠲᠡᠯᠡᠵᠦ᠂ ᠪᠥᠬᠥ ᠬᠣᠰᠢᠭᠤᠨ᠎ᠤ ᠠᠲᠠᠷ ᠬᠠᠭᠠᠯᠪᠤᠷᠢᠯᠠᠬᠤ᠎ᠶᠢ ᠴᠠᠭᠠᠵᠠᠯᠠᠭᠰᠠᠨ ᠬᠥᠲᠥᠯ ᠭᠠᠵᠠᠷ᠎ᠦᠨ ᠲᠠᠯᠠᠪᠠᠶ ᠵᠢ 12871.51 ᠾᠧᠺᠲ᠋ᠠᠷ ᠵᠠᠭᠠᠭᠯᠠᠨ ᠲᠣᠭᠲᠠᠭᠠᠵᠠᠢ᠃


ᠠᠵᠤ ᠠᠬᠤᠢ  

✦ᠲᠥᠪ ᠲᠧᠯᠸᠢᠰ ᠎ᠦᠨ ᠮᠡᠳᠡᠭᠡ᠎ᠶᠢ ᠦᠨᠳᠦᠰᠦᠯᠡᠪᠡᠯ᠂《ᠠᠷᠪᠠᠨ ᠳᠥᠷᠪᠡᠳᠦᠭᠡᠷ ᠲᠠᠪᠤᠨ ᠵᠢᠯ᠎ᠦᠨ ᠲᠥᠯᠦᠪᠵᠢᠭᠦᠯᠭᠡ》 ᠶ᠋ᠢᠨ ᠬᠤᠭᠤᠴᠠᠭᠠᠨ᠎ᠳᠤ ᠮᠠᠨ ᠤ᠋ ᠤᠯᠤᠰ᠎ᠤᠨ ᠠᠵᠤ ᠠᠬᠤᠢ᠎ᠶᠢᠨ ᠪᠣᠳᠠᠲᠤ ᠬᠦᠴᠦᠨ ᠢᠯᠡᠳᠲᠡ ᠪᠤᠵᠠᠭᠠᠢᠷᠠᠵᠤ᠂ ᠠᠵᠤ ᠠᠬᠤᠢ ᠶ᠋ᠢᠨ ᠶᠡᠷᠦᠩᠬᠡᠢ ᠬᠡᠮᠵᠢᠶ᠎ᠡ ᠦᠷᠭᠦᠯᠵᠢᠯᠡᠨ 110 ᠲᠦᠮᠡᠨ ᠳ᠋ᠦᠩᠰᠢᠭᠤᠷ ᠲᠥᠭᠥᠷᠢᠭ᠂ 120 ᠲᠦᠮᠡᠨ ᠳ᠋ᠦᠩᠰᠢᠭᠤᠷ ᠲᠥᠭᠥᠷᠢᠭ᠂ 130 ᠲᠦᠮᠡᠨ ᠳ᠋ᠦᠩᠰᠢᠭᠤᠷ ᠲᠥᠭᠥᠷᠢᠭ᠎ᠤᠨ ᠪᠤᠭᠤᠮᠳᠠ ᠵᠢ ᠳᠠᠪᠠᠵᠤ᠂ 2025 ᠣᠨ᠎ᠳᠤ ᠵᠢᠱ᠌ᠢᠯᠲᠡ᠎ᠪᠡᠷ 140 ᠲᠦᠮᠡᠨ ᠳ᠋ᠦᠩᠰᠢᠭᠤᠷ ᠲᠥᠭᠥᠷᠢᠭ ᠣᠷᠴᠢᠮ ᠬᠦᠷᠬᠦ ᠪᠣᠯᠣᠨ᠎ᠠ᠃

✦ᠤᠯᠤᠰ ᠎ᠤᠨ ᠺᠢᠨᠣ᠋ ᠎ᠶᠢᠨ ᠲᠣᠪᠴᠢᠶ᠎ᠠ ᠎ᠶᠢᠨ ᠪᠦᠷᠢᠳᠬᠡᠯ ᠵᠢᠡᠷ᠂ 2025 ᠣᠨ᠎ᠤ 12 ᠰᠠᠷ᠎ᠠ᠎ᠶᠢᠨ 13᠎ᠤ ᠡᠳᠦᠷ᠎ᠦᠨ 14 ᠴᠠᠭ 30 ᠮᠢᠨᠦ᠋ᠲ ᠪᠤᠯᠬᠤ ᠳ᠋ᠤ ᠪᠥᠬᠥ ᠵᠢᠯ᠎ᠦᠨ ᠺᠢᠨᠣ᠋᠎ᠶᠢᠨ ᠪᠢᠯᠧᠲ᠎ᠦᠨ ᠣᠷᠣᠯᠭ᠎ᠠ ᠨᠢᠭᠡᠨᠲᠡ 500 ᠳ᠋ᠦᠩᠰᠢᠭᠤᠷ ᠲᠥᠭᠥᠷᠢᠭ᠎ᠲᠦ ᠬᠦᠷᠴᠡᠢ᠃

✦ᠡᠨᠡ ᠵᠢᠯ᠎ᠤᠨ 1 ︱ 11 ᠰᠠᠷ᠎ᠠ᠎ᠳᠤ᠂ ᠰᠢᠯᠢ᠎ᠶᠢᠨ ᠭᠣᠣᠯ ᠠᠢᠮᠠᠭ᠎ᠤᠨ ᠡᠯ᠎ᠡ ᠭᠠᠵᠠᠷ ᠣᠷᠣᠨ᠎ᠤ ᠬᠢᠨ ᠬᠡᠷᠡᠭᠯᠡᠭᠡ᠎ᠶᠢ ᠠᠬᠢᠭᠤᠯᠬᠤ ᠠᠵᠢᠯᠯᠠᠭ᠎ᠠ᠎ᠶᠢ 1073 ᠲᠠᠯᠠᠪᠤᠷ(ᠤᠳᠠᠭ᠎ᠠ)  ᠵᠣᠬᠢᠶᠠᠨ ᠪᠠᠢᠭᠤᠯᠤᠨ ᠥᠷᠨᠢᠭᠦᠯᠵᠦ᠂ ᠨᠢᠳᠤᠨᠤᠨ᠎ᠤ ᠠᠳᠠᠯᠢ ᠬᠤᠭᠤᠴᠠᠭᠠᠨ᠎ᠤ ᠬᠢ᠎ᠡᠴᠡ 30 ᠭᠠᠷᠤᠢ ᠲᠠᠯᠠᠪᠤᠷ  (ᠤᠳᠠᠭ᠎ᠠ) ᠨᠡᠮᠡᠭᠳᠡᠨ᠂ ᠪᠣᠷᠤᠯᠠᠭᠤᠯᠭ᠎ᠠ᠎ᠶᠢᠨ ᠬᠡᠮᠵᠢᠶ᠎ᠡ 10.5 ᠳ᠋ᠦᠩᠰᠢᠭᠤᠷ ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 4% ᠪᠡᠷ ᠨᠡᠮᠡᠭᠳᠡᠪᠡ᠃


640 (1).jpg


ᠰᠤᠶᠤᠯ  


✦ᠦᠢᠷ᠎ᠡ᠎ᠳᠦ ᠦᠦᠰᠢᠨ ᠬᠣᠰᠢᠭᠤᠨ᠎ᠤ ᠵᠠᠩᠭᠠᠷ᠎ᠤᠨ ᠲᠤᠤᠯᠢ᠎ᠶᠢ ᠪᠦᠲᠦᠭᠡᠯᠴᠢ ᠪᠠᠷ ᠤᠯᠠᠮᠵᠢᠯᠠᠨ ᠬᠥᠭᠵᠢᠭᠦᠯᠬᠦ ᠲᠤᠰᠬᠠᠢ ᠰᠡᠳᠦᠪᠲᠦ ᠬᠠᠷᠢᠭᠤ ᠮᠡᠳᠡᠭᠦᠯᠦᠯᠲᠡ᠎ᠶᠢᠨ ᠲᠣᠭᠯᠠᠯᠲᠠ ᠶᠠᠪᠤᠭᠳᠠᠵᠤ᠂ ᠨᠠᠷᠢᠨ ᠨᠢᠮᠪᠠᠢ ᠵᠣᠬᠢᠶᠠᠨ ᠨᠠᠢᠷᠠᠭᠤᠯᠤᠭᠰᠠᠨ ᠤᠳᠬ᠎ᠠ ᠤᠷᠠᠯᠢᠭ᠋᠎ᠤᠨ ᠰᠣᠳᠣᠨ ᠪᠦᠲᠦᠭᠡᠯ《ᠵᠠᠩᠭᠠᠷ — ᠬᠡ ᠵᠢᠯᠠᠭᠠᠨ ᠪᠠᠭᠠᠲᠤᠷ᠎ᠤᠨ ᠮᠠᠭᠲᠠᠭᠠᠯ》ᠢ᠋ ᠠᠩᠬ᠎ᠠ ᠤᠳᠠᠭ᠎ᠠ ᠲᠣᠭᠯᠠᠭᠰᠠᠨ ᠪᠠᠢᠨ᠎ᠠ᠃

 

ᠲᠠᠮᠢᠷ

✦2025 ︱ 2026 ᠤᠷᠤᠯᠳᠤᠭᠠᠨ᠎ᠤ ᠤᠯᠠᠷᠢᠯ᠎ᠤᠨ ᠣᠯᠠᠨ ᠤᠯᠤᠰ ᠤ᠋ᠨ ᠴᠠᠰᠤᠨ᠎ᠤ ᠬᠣᠯᠪᠣᠭ᠎ᠠ ᠵᠢᠨ ᠳᠡᠯᠡᠬᠡᠢ᠎ᠶᠢᠨ ᠬᠤᠨᠳᠠᠭᠠᠲᠤ ᠰᠢᠢᠳᠪᠦᠷᠢᠲᠦ ᠤᠷᠤᠯᠳᠤᠭᠠᠨ᠎ᠳᠤ᠂ ᠳᠤᠮᠳᠠᠳᠤ ᠤᠯᠤᠰ ᠎ᠤᠨ ᠠᠩᠭᠢ᠎ᠶᠢᠨ ᠬᠥ ᠠᠢ ᠯᠢᠩ ᠡᠮᠡᠭᠲᠡᠢ ᠶ᠋ᠢᠨ ᠳᠤᠭᠤᠢᠯᠠᠩ᠎ᠳ᠋ᠤ ᠮᠠᠩᠯᠠᠢᠯᠠᠵᠤ᠂ ᠳᠡᠯᠡᠬᠡᠢ᠎ᠶᠢᠨ ᠬᠤᠨᠳᠠᠭᠠᠲᠤ ᠤᠷᠤᠯᠳᠤᠭᠠᠨ ᠳ᠋ᠤ ᠵᠠᠯᠭᠠᠭ᠎ᠠ᠎ᠪᠠᠷ ᠭᠤᠷᠪᠠ ᠤᠳᠠᠭ᠎ᠠ ᠮᠠᠩᠯᠠᠢᠯᠠᠪᠠ᠃


640 (2).jpg


 ᠲᠡᠯᠡᠬᠡᠢ 

✦ᠲᠤᠬᠠᠢ᠎ᠶᠢᠨ ᠭᠠᠵᠠᠷ᠎ᠤᠨ ᠴᠠᠭ᠎ᠢᠶᠠᠷ 12᠎ᠤᠨ ᠡᠳᠦᠷ᠂ ᠣᠯᠠᠨ ᠤᠯᠤᠰ᠎ᠤᠨ ᠠᠯᠠᠭᠠᠳᠠᠬᠤ ᠪᠥᠮᠪᠥᠭᠡ᠎ᠶᠢᠨ ᠬᠣᠯᠪᠣᠭᠠᠨ᠎ᠤ ᠠᠯᠪᠠᠨ ᠰᠦᠯᠵᠢᠶ᠎ᠡ᠎ᠳ᠋ᠤ ᠮᠡᠳᠡᠭᠡᠯᠡᠭᠰᠡᠨ ᠵᠢᠡᠷ᠂ ᠣᠷᠣᠰ ᠪᠣᠯᠣᠨ ᠪᠸᠯᠤᠷᠦ᠋ᠰ᠎ᠤᠨ ᠫᠠᠰᠫᠣᠷᠲ᠎ᠲᠠᠢ ᠵᠠᠯᠠᠭᠤ ᠲᠠᠮᠢᠷᠴᠢᠳ᠎ᠢ ᠣᠯᠠᠨ ᠤᠯᠤᠰ᠎ᠤᠨ ᠪᠠ ᠭᠠᠵᠠᠷ ᠣᠷᠣᠨ᠎ᠤ ᠵᠠᠯᠠᠭᠤᠴᠤᠳ᠎ᠤᠨ ᠤᠷᠤᠯᠳᠤᠭᠠᠨ᠎ᠳᠤ ᠣᠷᠣᠯᠴᠠᠭᠤᠯᠬᠤ᠎ᠶᠢ ᠵᠥᠪᠰᠢᠶᠡᠷᠡᠨ᠎ᠡ᠂ ᠲᠣᠰ ᠲᠣᠭᠲᠠᠭᠠᠯ 2026 ᠣᠨ᠎ᠤ 1 ᠰᠠᠷ᠎ᠠ᠎ᠶᠢᠨ 1᠎ᠦ ᠡᠳᠦᠷ᠎ᠡᠴᠡ ᠬᠦᠴᠦᠨ ᠲᠠᠢ ᠪᠤᠯᠤᠨ᠎ᠠ᠃


2025121016155169211.jpg


✦ᠲᠤᠬᠠᠢ ᠶ᠋ᠢᠨ ᠭᠠᠵᠠᠷ᠎ᠤᠨ ᠴᠠᠭ᠎ᠢᠶᠠᠷ 12᠎ᠤᠨ ᠡᠳᠦᠷ᠂ ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ  ᠶ᠋ᠢᠨ ᠠᠶᠤᠯᠭᠦᠢ  ᠶ᠋ᠢᠨ ᠵᠥᠪᠯᠡᠯ ᠰᠣᠮᠠᠯᠢ ᠶ᠋ᠢᠨ《ᠵᠠᠯᠠᠭᠤᠴᠤᠳ᠎ᠤᠨ ᠨᠠᠮ》᠎ᠢ ᠵᠠᠯᠬᠠᠭᠠᠬᠤ ᠶ᠋ᠢ ᠤᠷᠳᠤᠳᠬᠠᠬᠤ 2806 ᠳ᠋ᠤᠭᠠᠷ ᠲᠣᠭᠠᠲᠤ ᠰᠢᠢᠳᠪᠦᠷᠢ ᠶ᠋ᠢ ᠪᠦᠷᠢᠨ ᠪᠢᠯᠧᠲ ᠢ᠋ᠶ᠋ᠡᠷ ᠪᠠᠲᠤᠯᠠᠪᠠ᠃ ᠰᠣᠮᠠᠯᠢ᠎ᠶᠢᠨ 《ᠵᠠᠯᠠᠭᠤᠴᠤᠳ᠎ᠤᠨ ᠨᠠᠮ》ᠪᠣᠯ《ᠰᠠᠭᠤᠷᠢᠨ ᠭᠠᠵᠠᠷ》᠎ᠤᠨ ᠵᠣᠬᠢᠶᠠᠨ ᠪᠠᠢᠭᠤᠯᠤᠯᠲᠠ᠎ᠲᠠᠢ ᠬᠣᠯᠪᠣᠭ᠎ᠠ᠎ᠲᠠᠢ ᠬᠡᠲᠦᠷᠡᠮᠡᠬᠡᠢ ᠵᠣᠬᠢᠶᠠᠨ ᠪᠠᠢᠭᠤᠯᠤᠯᠲᠠ ᠪᠠᠢᠵᠤ᠂ ᠣᠢᠷ᠎ᠠ᠎ᠶᠢᠨ ᠵᠢᠯ᠎ᠳᠦ ᠰᠣᠮᠠᠯᠢ ᠵᠢᠴᠢ ᠬᠥᠷᠰᠢ ᠤᠯᠤᠰ᠎ᠲᠤ ᠤᠯᠠᠨ ᠤᠳᠠᠭ᠎ᠠ ᠰᠦᠷᠳᠡᠭᠦᠯᠦᠯ᠎ᠦᠨ ᠳᠠᠭᠠᠷᠢᠯᠲᠠ ᠶᠠᠪᠤᠭᠤᠯᠵᠠᠢ᠃

 

ᠦᠢᠯᠡᠴᠢᠯᠡᠭᠡ 

✦ᠲᠦᠩᠯᠢᠶᠣᠣ᠎ᠬᠤᠳᠠ ᠵᠢᠨ ᠠᠵᠤ ᠠᠬᠤᠢ ᠲᠸᠭᠨᠢᠭ ᠮᠡᠷᠭᠡᠵᠢᠯ᠎ᠦᠨ ᠨᠡᠭᠡᠭᠡᠯᠲᠡ᠎ᠶᠢᠨ ᠲᠣᠭᠣᠷᠢᠭ᠋ 20 ᠨᠡᠢᠭᠡᠮ ᠲᠣᠭᠣᠷᠢᠭ᠋᠎ᠤᠨ ᠠᠵᠢᠯᠲᠠᠨ ᠡᠯᠰᠡᠨ᠎ᠠ᠃ 

 

ᠲᠠᠨ ᠎ᠤ ᠲᠤᠰᠡ ᠳ᠋ᠤ 

✦ᠪᠤᠯᠭᠤᠮᠵᠢ ᠦᠭᠡᠢ ᠪᠡᠷ ᠮᠥᠩᠭᠥᠨ ᠤᠰᠤᠨ ᠳᠤᠯᠠᠭᠠᠨ᠎ᠤ ᠬᠡᠮᠵᠢᠭᠦᠷ᠎ᠢ ᠬᠠᠭᠠᠯᠪᠠᠯ ᠬᠡᠷᠬᠢᠨ ᠰᠢᠢᠳᠪᠦᠷᠢᠯᠡᠬᠦ ᠪᠤᠢ?

ᠮᠥᠩᠭᠥᠨ ᠤᠰᠤᠨ ᠎ᠳᠤ ᠪᠣᠬᠢᠷᠲᠤᠭᠰᠠᠨ ᠥᠷᠥᠭᠡ᠎ᠡᠴᠡ ᠬᠦᠮᠦᠰ᠎ᠢ ᠲᠦᠷᠭᠡᠨ ᠵᠠᠢᠯᠠᠭᠤᠯᠵᠤ᠂ ᠡᠭᠦᠳᠡ ᠴᠣᠩᠬᠣ᠌᠎ᠶᠢ ᠨᠡᠭᠡᠭᠡᠵᠦ ᠰᠠᠯᠬᠢ ᠨᠡᠪᠲᠡᠷᠡᠭᠦᠯᠦᠨ᠎ᠡ᠃  ᠮᠥᠩᠭᠥᠨ ᠤᠰᠤᠨ᠎ᠤ ᠮᠥᠬᠥᠯᠢᠭ᠎ᠢ ᠬᠠᠲᠠᠭᠤ ᠴᠠᠭᠠᠰᠤ ᠪᠡᠷ ᠬᠤᠮᠬᠢᠵᠤ ᠠᠪᠬᠤ ᠪᠤᠶᠤ ᠨᠣᠢᠲᠠᠨ ᠬᠥᠪᠥᠩ᠎ᠤᠨ ᠰᠠᠪᠠᠭ᠎ᠠ᠎ᠪᠠᠷ ᠬᠣᠷᠢᠶᠠᠨ ᠠᠪᠴᠤ ᠨᠢᠭ᠍ᠲᠠ ᠪᠢᠲᠡᠭᠦᠮᠵᠢᠯᠡᠭᠰᠡᠨ ᠯᠣᠩᠬᠣᠨ᠎ᠳᠤ ᠬᠢᠬᠦ᠎ᠶᠢᠨ ᠬᠠᠮᠲᠤ《ᠮᠥᠩᠭᠥᠨ ᠤᠰᠤᠨ ᠎ᠤ ᠬᠠᠶᠠᠭᠳᠠᠮᠠᠯ ᠪᠣᠳᠠᠰ》ᠭᠡᠵᠦ ᠳᠤᠳᠤᠷᠬᠠᠢᠯᠠᠭᠠᠳ《ᠬᠣᠣᠷᠲᠠᠢ》ᠭᠡᠰᠡᠨ ᠦᠰᠦᠭ᠎ᠪᠦᠬᠦᠢ ᠬᠣᠭ᠎ᠤᠨ ᠰᠠᠪᠠᠨ᠎ᠳᠤ ᠬᠢᠨ᠎ᠠ᠃ ᠦᠪᠡᠷ ᠎ᠤᠨ ᠪᠡᠶ᠎ᠡ᠎ᠶᠢᠨ ᠬᠠᠮᠠᠭᠠᠯᠠᠯᠲᠠ᠎ᠶᠢ ᠠᠩᠬᠠᠷᠴᠤ᠂ ᠪᠡᠶ᠎ᠡ ᠎ᠶᠢᠨ ᠳᠤᠯᠠᠭᠠᠨ᠎ᠤ ᠬᠡᠮᠵᠢᠭᠦᠷ ᠡᠪᠳᠡᠷᠡᠵᠦ ᠮᠥᠩᠭᠥᠨ ᠤᠰᠤ ᠯᠡᠪᠡᠷᠡᠭᠰᠡᠨ ᠦᠶ᠎ᠡ᠎ᠳᠦ᠂ ᠰᠢᠭᠤᠳ ᠮᠥᠩᠭᠥᠨ ᠤᠰᠤ ᠎ᠲᠠᠢ ᠬᠦᠷᠦᠯᠴᠡᠵᠦ ᠪᠣᠯᠬᠤ ᠦᠭᠡᠢ᠂ ᠭᠣᠮ ᠪᠡᠭᠡᠯᠡᠢ ᠵᠡᠭᠦᠵᠦ᠂ ᠨᠥᠬᠥᠴᠡᠯ ᠲᠠᠢ ᠪᠣᠯ ᠳᠠᠪᠬᠤᠷ ᠠᠮᠠᠪᠴᠢ ᠵᠡᠭᠦᠨ᠎ᠠ᠃ ᠮᠦᠨᠭᠭᠦᠨ ᠤᠰᠤᠨ ᠳ᠋ᠤ ᠪᠣᠬᠢᠷᠲᠤᠭᠰᠠᠨ ᠪᠤᠳᠠᠰ᠎ᠢ ᠬᠠᠶᠠᠬᠤ ᠪᠤᠶᠤ ᠪᠣᠬᠢᠷᠲᠤᠭᠰᠠᠨ ᠬᠡᠰᠡᠭ᠎ᠢ ᠨᠢ ᠬᠠᠢ᠍ᠢᠴᠢᠯᠠᠵᠤ ᠬᠠᠶᠠᠬᠤ᠎ᠶᠢ ᠰᠠᠨᠠᠭᠤᠯᠤᠶ᠎ᠠ᠃


ᠵᠠᠯᠭᠠᠭᠠᠳ《ᠲᠠᠯ᠎ᠠ ᠵᠢᠨ ᠲᠠᠪᠤᠨ ᠲᠤᠯᠤᠭᠠᠢ》ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠨᠡᠪᠳᠡᠷᠡᠭᠦᠯᠬᠡ ᠮᠠᠨᠢ ᠲᠠ ᠪᠦᠬᠦᠨ᠎ᠳᠦ ᠲᠠᠭᠠᠯᠠᠬᠳᠠᠬᠰᠠᠨ ᠪᠤᠯ ᠤᠳᠤᠨ ᠳᠡᠮᠳᠡᠭ ᠱᠠᠩᠨᠠᠵᠤ ᠪᠢᠳᠡᠨ ᠳ᠋ᠤ  ᠤᠷᠮ᠎ᠠ ᠬᠠᠢᠷᠠᠯᠠᠭᠠᠷᠠᠢ!ᠲᠠ ᠪᠦᠬᠦᠨ ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠤ  ᠪᠠᠶᠠᠷᠯᠠᠯ᠎ᠠ᠂  ᠪᠠᠶᠠᠷᠳᠠᠢ!

 

ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ


ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号