12 ᠰᠠᠷ᠎ᠠ ᠵᠢᠨ 26᠎ᠤ ᠡᠳᠤᠷ
ᠡᠬᠢᠯᠡᠬᠦ᠌ ᠴᠠᠭ᠄
2025-12-26 11:23:47
ᠨᠠᠶ᠋ᠢᠷᠠᠭᠤᠯᠤᠭᠴᠢ ᠄

ᠨᠡᠪᠲᠡᠷᠡᠬᠦᠯᠦᠭᠴᠢ ᠄

ᠮᠡᠷᠭᠡᠵᠢᠯ ᠄

ᠤᠩᠰᠢᠭᠰᠠᠨ ᠤᠳᠠᠭ᠎ᠠ᠄


ᠨᠡᠢᠭᠡᠮ                                   

✦ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ ᠶ᠋ᠢᠨ ᠶᠠᠮᠤᠨ᠎ᠤ ᠮᠡᠳᠡᠭᠡ᠎ᠶᠢ ᠦᠨᠳᠦᠰᠦᠯᠡᠪᠡᠯ᠂ 2026 ᠣᠨ᠎ᠳᠤ ᠮᠠᠨ᠎ᠤ ᠤᠯᠤᠰ ᠭᠠᠵᠠᠷ ᠳᠣᠣᠷᠠᠬᠢ ᠬᠤᠭᠤᠯᠠᠢ ᠲᠣᠣᠷ᠎ᠤᠨ ᠥᠭᠡᠷᠡᠴᠢᠯᠡᠯᠲᠡ ᠪᠠ ᠶᠡᠷᠦᠩᠬᠡᠢᠯᠡᠭᠰᠡᠨ ᠬᠤᠭᠤᠯᠠᠢ᠎ᠬᠣᠩᠭᠢᠯ᠎ᠤᠨ ᠪᠦᠲᠦᠭᠡᠨ ᠪᠠᠢᠭᠤᠯᠤᠯᠲᠠ ᠎ᠶᠢ ᠦᠷᠭᠦᠯᠵᠢᠯᠡᠨ ᠥᠷᠨᠢᠭᠦᠯᠵᠦ᠂ ᠬᠣᠲᠠ᠎ᠶᠢᠨ ᠰᠢᠲᠠᠮᠠᠬᠠᠢ ᠬᠡᠢ᠎ᠶᠢᠨ ᠬᠤᠭᠤᠯᠠᠢ ᠶ᠋ᠢ ᠰᠢᠨᠡᠳᠬᠡᠨ ᠥᠭᠡᠷᠡᠴᠢᠯᠡᠬᠦ ᠎ᠶᠢ ᠪᠠᠢᠩᠭᠤᠵᠢᠭᠤᠯᠤᠨ ᠠᠬᠢᠭᠤᠯᠵᠤ᠂ ᠡᠯ᠎ᠡ ᠲᠥᠷᠥᠯ᠎ᠦᠨ ᠰᠢᠲᠠᠮᠠᠬᠠᠢ ᠬᠡᠢ᠎ᠶᠢᠨ ᠬᠤᠭᠤᠯᠠᠢ᠎ᠵᠢ 3 ᠲᠦᠮᠡᠨ ᠺᠢᠯᠣᠮᠧᠲᠷ ᠥᠭᠡᠷᠡᠴᠢᠯᠡᠨ ᠰᠢᠨᠡᠳᠬᠡᠬᠦ᠎ᠪᠡᠷ ᠪᠤᠢ᠃

✦ᠤᠢᠷ᠎ᠠ ᠳ᠋ᠤ ᠪᠥᠬᠥ ᠤᠯᠤᠰ᠎ᠤᠨ ᠠᠩᠬᠠᠳᠠᠭ᠍ᠴᠢ ᠪᠦᠯᠦᠭ ᠠᠯᠪᠠᠨ ᠳ᠋ᠤ ᠬᠡᠷᠡᠭᠯᠡᠬᠦ ᠣᠩᠭᠣᠴᠠ ᠰᠠᠯ ᠎ᠢ ᠴᠠᠬᠢᠯᠭᠠᠨᠵᠢᠭᠤᠯᠬᠤ ᠥᠭᠡᠷᠡᠴᠢᠯᠡᠯᠲᠡ ᠎ᠶᠢᠨ ᠲᠥᠷᠥᠯ ᠵᠦᠢᠯ ᠰᠢᠯᠭᠠᠨ ᠪᠠᠢᠴᠠᠭᠠᠯᠲᠠ᠎ᠳᠤ ᠬᠢᠷᠢ ᠲᠡᠩᠴᠡᠵᠦ᠂ 30 ᠮᠧᠲᠷ᠎ᠦᠨ ᠲᠠᠰ᠎ᠤᠨ 7 ᠰᠢᠲᠠᠭᠠᠯᠭ᠎ᠠ᠎ᠶᠢᠨ ᠲᠣᠰᠣᠨ᠎ᠤ ᠲᠡᠯᠡᠶ᠎ᠶᠢᠨ ᠴᠠᠭᠳᠠᠭᠤᠯ ᠣᠩᠭᠣᠴᠠ ᠵᠢᠨ ᠬᠡᠯᠪᠡᠷᠢ ᠵᠢ ᠠᠮᠵᠢᠯᠲᠠ᠎ᠲᠠᠢ᠎ᠪᠠᠷ ᠦᠭᠡᠷᠡᠴᠢᠯᠡᠨ ᠣᠶᠤᠨᠴᠢ ᠴᠠᠬᠢᠯᠭᠠᠨ ᠬᠥᠳᠡᠯᠭᠡᠭᠦᠷᠲᠦ ᠲᠡᠯᠡᠶ ᠶ᠋ᠢᠨ ᠴᠠᠭᠳᠠᠭᠤᠯ ᠣᠩᠭᠣᠴᠠ ᠪᠣᠯᠭᠠᠪᠠ᠃

✦ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ᠎ᠶᠢᠨ ᠮᠡᠳᠡᠭᠡ᠎ᠡᠴᠡ ᠦᠵᠡᠪᠡᠯ᠂ ᠰᠢᠭᠤᠳ ᠨᠡᠪᠲᠡᠷᠡᠭᠦᠯᠭᠡ᠎ᠶᠢᠨ ᠡᠯᠧᠺᠲᠷᠣᠨ ᠬᠤᠳᠠᠯᠳᠤᠭᠠᠨ᠎ᠤ ᠡᠵᠡᠩᠨᠡᠭᠴᠢᠳ᠎ᠤᠨ ᠢᠳᠡᠭᠡᠨ᠎ᠦ ᠠᠮᠤᠷ ᠲᠦᠪᠰᠢᠨ ᠤ᠋ ᠭᠤᠤᠯ ᠴᠣᠭᠴᠠ ᠶ᠋ᠢᠨ ᠬᠠᠷᠢᠭᠤᠴᠠᠯᠭ᠎ᠠ᠎ᠶᠢᠨ ᠬᠢᠨᠠᠯᠲᠠ ᠬᠠᠮᠢᠶᠠᠷᠤᠯᠲᠠ᠎ᠶᠢᠨ ᠲᠣᠭᠲᠠᠭᠠᠯ᠎ᠢ ᠣᠢᠷ᠎ᠠ᠎ᠶᠢᠨ ᠬᠤᠭᠤᠴᠠᠭᠠᠨ᠎ᠳᠤ ᠨᠡᠢᠲᠡᠯᠡᠨ ᠬᠡᠷᠡᠭᠵᠢᠭᠦᠯᠵᠦ᠂ ᠰᠢᠭᠤᠳ ᠨᠡᠪᠲᠡᠷᠡᠭᠦᠯᠭᠡ᠎ᠶᠢᠨ ᠡᠯᠧᠺᠲᠷᠣᠨ ᠬᠤᠳᠠᠯᠳᠤᠭᠠᠨ᠎ᠤ ᠡᠵᠡᠩᠨᠡᠭᠴᠢᠳ ᠤ᠋ᠨ ᠢᠳᠡᠭᠡᠨ᠎ᠦ ᠠᠮᠤᠷ ᠲᠦᠪᠰᠢᠨ᠎ᠦ ᠭᠤᠤᠯ ᠴᠣᠭᠴᠠ᠎ᠶᠢᠨ ᠬᠠᠷᠢᠭᠤᠴᠠᠯᠭ᠎ᠠ᠎ᠶᠢ ᠨᠠᠢᠳᠠᠪᠤᠷᠢᠵᠢᠭᠤᠯᠬᠤ᠎ᠶᠢ ᠴᠢᠩᠭ᠎ᠠ ᠬᠢᠨᠠᠨ ᠬᠠᠮᠢᠶᠠᠷᠴᠤ᠂ ᠰᠢᠭᠤᠳ ᠨᠡᠪᠲᠡᠷᠡᠭᠦᠯᠭᠡ ᠪᠡᠷ ᠢᠳᠡᠭᠡᠨ ᠤᠮᠳᠠᠭᠠᠨ ᠬᠤᠳᠠᠯᠳᠤᠬᠤ ᠎ᠳᠤ 《ᠬᠤᠷᠢᠭ᠎ᠠ  ᠱᠤᠭᠤᠮ》  ᠲᠤᠭᠲᠠᠭᠠᠪᠠ᠃

✦ᠵᠠᠮ ᠬᠠᠷᠢᠯᠴᠠᠭ᠎ᠠ ᠲᠡᠭᠡᠭᠡᠪᠦᠷᠢ᠎ᠶᠢᠨ ᠶᠠᠮᠤᠨ᠎ᠤ ᠬᠣᠯᠪᠣᠭᠳᠠᠯ ᠪᠦᠬᠦᠢ ᠬᠠᠷᠢᠭᠤᠴᠠᠯᠭᠠᠲᠠᠨ ᠢᠯᠡᠷᠬᠡᠢᠯᠡᠬᠦ᠎ᠳᠡᠭᠡᠨ᠂ 2026 ᠣᠨ᠎ᠳᠤ ᠪᠥᠬᠥ ᠤᠯᠤᠰ᠎ᠤᠨ ᠲᠦᠷᠭᠡᠨ ᠤ᠋ ᠵᠠᠰᠠᠮᠠᠯ ᠵᠠᠮ᠎ᠤᠨ ᠦᠢᠯᠡᠴᠢᠯᠡᠭᠡᠨ᠎ᠦ ᠲᠣᠭᠣᠷᠢᠭ᠋᠎ᠲᠤ 1 ᠲᠦᠮᠡ ᠡᠴᠡ ᠳᠡᠭᠡᠭᠰᠢ ᠴᠠᠬᠢᠯᠭᠠᠨ ᠴᠡᠨᠡᠭᠯᠡᠬᠦᠷ ᠰᠢᠨ᠎ᠠ ᠪᠡᠷ ᠤᠭᠰᠠᠷᠠᠨ᠎ᠠ ᠭᠡᠵᠡᠢ᠃

✦ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠣᠢᠷ᠎ᠠ᠎ᠳᠤ 2025 ᠣᠨ᠎ᠤ ᠬᠤᠳᠠᠯᠳᠤᠭᠠᠨ᠎ᠤ ᠶᠠᠪᠤᠳᠠᠯ ᠪᠠ ᠪᠣᠭᠣᠮᠲᠠ᠎ᠶᠢᠨ ᠬᠥᠭᠵᠢᠯᠲᠡ᠎ᠶᠢᠨ ᠲᠤᠰᠬᠠᠢ ᠪᠡᠯᠡ ᠮᠥᠩᠭᠥ ᠵᠢ 5000 ᠲᠦᠮᠡᠨ ᠲᠥᠭᠥᠷᠢᠭ ᠪᠠᠭᠤᠯᠭᠠᠵᠤ᠂ ᠪᠥᠬᠥ ᠣᠷᠣᠨ᠎ᠤ ᠬᠡᠷᠡᠭᠯᠡᠭᠡᠨ᠎ᠦ ᠵᠠᠬ᠎ᠠ ᠳᠡᠯᠭᠡᠭᠦᠷ᠎ᠦᠨ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠠᠵᠤ ᠠᠬᠤᠢ᠎ᠶᠢᠨ ᠲᠣᠭᠲᠠᠭᠤᠨ ᠪᠥᠭᠡᠳ ᠡᠷᠡᠭᠦᠯ᠎ᠢᠶᠡᠷ ᠬᠥᠭᠵᠢᠬᠦ᠎ᠳᠦ ᠬᠦᠴᠦᠲᠡᠢ ᠬᠥᠳᠡᠯᠭᠡᠬᠦ ᠬᠦᠴᠦᠨ ᠨᠡᠮᠡᠷᠢᠯᠡᠪᠡ᠃

✦ᠣᠢᠷ᠎ᠠ᠎ᠳᠦ ᠪᠠᠶᠠᠠᠨᠠᠭᠤᠷ ᠬᠤᠲᠠ᠎ᠶᠢᠨ《ᠭᠡᠷ᠎ᠤ᠋ᠨ ᠶᠣᠰᠣ᠌ ᠭᠡᠷ᠎ᠤ᠋ᠨ ᠰᠤᠷᠭᠠᠯ ᠭᠡᠷ᠎ᠤ᠋ᠨ ᠰᠤᠷᠲᠠᠯ᠎ᠢ ᠳᠡᠯᠭᠡᠨ ᠦᠵᠡᠭᠦᠯᠬᠦ》ᠬᠡᠷᠡᠭ᠎ᠦᠨ ᠵᠢᠱ᠌ᠢᠶ᠎ᠡ᠎ᠶᠢ ᠨᠡᠢᠲᠡᠯᠡᠬᠦ ᠠᠵᠢᠯᠯᠠᠭ᠎ᠠ ᠶᠠᠪᠤᠭᠳᠠᠵᠤ᠂ ᠪᠠᠶᠠᠠᠨᠠᠭᠤᠷ ᠬᠤᠲᠠ᠎ᠶᠢᠨ ᠭᠡᠷ ᠪᠦᠯᠢ᠎ᠶᠢᠨ ᠪᠣᠯᠪᠠᠰᠤᠨ᠎ᠤ ᠪᠠᠢᠭᠤᠯᠤᠯᠲᠠ᠎ᠶᠢᠨ ᠬᠠᠮᠤᠭ᠎ᠤᠨ ᠰᠢᠨ᠎ᠡ ᠦᠷ᠎ᠡ ᠪᠦᠲᠦᠭᠡᠯ᠎ᠢ ᠲᠥᠪᠯᠡᠷᠡᠭᠦᠯᠦᠨ ᠳᠡᠯᠭᠡᠨ ᠦᠵᠡᠭᠦᠯᠵᠦ᠂ ᠨᠡᠶ᠋ᠢᠲᠡ 126 ᠭᠡᠷ ᠪᠦᠯᠢ᠎ᠶᠢᠨ ᠰᠠᠢᠨ ᠰᠠᠢᠬᠠᠨ ᠶᠣᠰᠣ᠌ ᠰᠣᠷᠳᠠᠬᠣᠨ ᠤ᠋ ᠲᠡᠷᠢᠭᠦᠨ᠎ᠦ ᠨᠡᠢᠲᠡᠯᠢᠭ ᠵᠢᠱ᠌ᠢᠶ᠎ᠡ᠎ᠶᠢ ᠰᠢᠯᠭᠠᠷᠠᠭᠤᠯᠤᠭᠰᠠᠨ ᠪᠠᠢᠨ᠎ᠠ᠃

✦ᠠᠷᠪᠠᠨ ᠳᠥᠷᠪᠡᠳᠦᠭᠡᠷ ᠲᠠᠪᠤᠨ ᠵᠢᠯ ᠲᠦᠯᠦᠪᠵᠢᠬᠦᠯᠭᠡ ᠵᠢᠨ ᠬᠤᠭᠤᠴᠠᠭᠠᠨ ᠳ᠋ᠤ᠂ ᠰᠢᠯᠢ᠎ᠶᠢᠨ ᠭᠣᠣᠯ ᠠᠢᠮᠠᠭ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠬᠤᠳᠠᠯ ᠬᠠᠭᠤᠷᠮᠠᠭ ᠪᠠᠷᠠᠭ᠎ᠠ ᠲᠠᠸᠠᠷ ᠦᠢᠯᠡᠳᠪᠦᠷᠢᠯᠡᠨ ᠪᠣᠷᠣᠯᠠᠭᠣᠯᠬᠣ ᠵᠡᠷᠭᠡ ᠬᠠᠤᠯᠢ ᠲᠣᠭᠲᠠᠭᠠᠯ ᠡᠴᠠ ᠵᠥᠷᠢᠴᠡᠭᠰᠡᠨ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ 2021 ᠣᠨ ᠠ᠋ᠴᠠ ᠨᠠᠭᠠᠰᠢ ᠪᠥᠬᠥ ᠠᠢᠮᠠᠭ᠎ᠵᠢᠡᠷ ᠵᠢᠡᠨ ᠢᠳᠡᠭᠡᠨ᠎ᠦ ᠵᠦᠢᠯ᠎ᠦᠨ ᠦᠢᠯᠡᠳᠪᠦᠷᠢᠯᠡᠯ ᠡᠵᠡᠩᠨᠡᠯᠲᠡ᠎ᠶᠢᠨ ᠨᠢᠭᠡᠴᠢ᠎ᠶᠢ ᠨᠡᠶ᠋ᠢᠲᠡ 11.4 ᠲᠦᠮᠡ ᠭᠠᠷᠤᠢ ᠤᠳᠠᠭ᠎ᠠ ᠪᠠᠢᠴᠠᠭᠠᠵᠤ᠂ 5914 ᠳᠠᠯᠳᠠ ᠬᠡᠮ᠎ᠢ ᠴᠡᠭᠴᠡᠯᠡᠨ ᠰᠠᠢᠵᠢᠷᠠᠭᠤᠯᠵᠤ᠂ 2356 ᠬᠡᠷᠡᠭ᠎ᠢ ᠪᠠᠢᠴᠠᠭᠠᠨ ᠰᠢᠢᠳᠪᠦᠷᠢᠯᠡᠵᠡᠢ᠃

✦24 ᠤ᠋ ᠡᠳᠦᠷ᠂ ᠬᠦᠯᠦᠨ ᠪᠤᠢᠷ ᠬᠤᠳᠠ᠎ᠶᠢᠨ ᠴᠠᠰᠤ ᠮᠥᠰᠥᠨ᠎ᠤ ᠠᠮᠠᠷᠠᠯᠲᠠ ᠡᠬᠢᠯᠡᠬᠦ ᠳᠠᠰᠢᠷᠠᠮ ᠵᠢᠡᠷ ᠪᠠᠭᠠᠴᠤᠳ ᠬᠡᠤᠬᠡᠳ᠎ᠤᠨ ᠴᠠᠰᠤ ᠮᠥᠰᠥᠨ᠎ᠤ ᠪᠣᠯᠪᠠᠰᠤᠷᠠᠯ᠎ᠤᠨ ᠠᠨᠭᠬᠢ ᠵᠢᠨ ᠨᠡᠬᠡᠬᠡᠯᠳᠡ᠎ᠶᠢᠨ ᠠᠵᠢᠯᠯᠠᠭ᠎ᠠ ᠬᠥᠭᠵᠢᠶᠡᠨᠲᠡᠢ ᠶᠠᠪᠤᠭᠳᠠᠵᠤ᠂ ᠪᠦᠬᠦ ᠬᠤᠳᠠ᠎ᠶᠢᠨ ᠡᠯ᠎ᠡ ᠳᠤᠮᠳᠠᠳᠤ ᠪᠠᠭ᠎ᠠ ᠰᠤᠷᠭᠠᠭᠤᠯᠢ᠎ᠶᠢᠨ 400 ᠰᠢᠬᠠᠮ ᠪᠠᠭ᠍ᠰᠢ ᠰᠤᠷᠤᠭ᠍ᠴᠢ ᠵᠢᠨ ᠲᠥᠯᠥᠭᠡᠯᠡᠭᠴᠢ ᠤᠷᠤᠯᠴᠠᠵᠠᠢ᠃

✦23 ᠤ᠋ ᠡᠳᠦᠷ᠂ ᠤᠷᠳᠤᠰ ᠬᠤᠳᠠ ᠵᠢᠨ ᠳ᠋ᠦᠩᠱᠧᠩ ᠲᠣᠭᠣᠷᠢᠭ᠋ 2025 ᠣᠨ᠎ᠤ ᠨᠡᠶ᠋ᠢᠲᠡ᠎ᠶᠢᠨ ᠲᠦᠷᠢᠶᠡᠰᠦᠨ ᠣᠷᠣᠨ ᠰᠠᠭᠤᠴᠠ ᠬᠤᠪᠢᠶᠠᠷᠢᠯᠠᠬᠤ ᠠᠵᠢᠯᠯᠠᠭ᠎ᠠ ᠥᠷᠨᠢᠭᠦᠯᠪᠡ᠃ ᠣᠷᠣᠨ ᠰᠠᠭᠤᠴᠠ᠎ᠶᠢᠨ ᠬᠤᠪᠢᠶᠠᠷᠢᠯᠠᠯᠲᠠ ᠨᠢ ᠲᠥᠪ ᠭᠤᠤᠯᠴᠢ ᠡᠷᠬᠡ ᠲᠡᠭᠰᠢ ᠪᠠᠢᠬᠣ ᠵᠠᠷᠴᠢᠮ᠎ᠢ ᠪᠠᠷᠢᠮᠲᠠᠯᠠᠵᠤ᠂ 17 ᠰᠠᠭᠤᠭᠠᠯᠢ ᠲᠣᠭᠣᠷᠢᠭ᠋᠎ᠢ ᠪᠠᠭᠲᠠᠭᠠᠭᠰᠠᠨ 840 ᠢᠵᠢ ᠭᠡᠷ ᠪᠠᠢᠰᠢᠩ᠎ᠢ ᠰᠢᠪᠠᠭ᠎ᠠ ᠰᠤᠭᠤᠯᠤᠨ ᠬᠤᠪᠢᠶᠠᠷᠢᠯᠠᠬᠤ᠎ᠪᠠᠷ ᠳᠠᠮᠵᠢᠨ ᠡᠴᠦᠰ᠎ᠲᠡᠬᠡᠨ 840 ᠡᠷᠦᠬᠡ ᠰᠢᠨ᠎ᠡ ᠰᠠᠭᠤᠷᠢᠰᠢᠯ ᠬᠤᠪᠢᠳᠠᠨ ᠣᠯᠣᠭᠰᠠᠨ ᠪᠠᠢᠨ᠎ᠠ᠃

✦ᠣᠢᠷ᠎ᠠ᠎ᠳ᠋ᠤ ᠲᠠᠢᠹᠤᠰᠧ ᠬᠣᠰᠢᠭᠤ 2025 ᠣᠨ᠎ᠤ 11 ︱ 12 ᠰᠠᠷ᠎ᠠ ᠶ᠋ᠢᠨ ᠨᠠᠭᠠᠲᠤ ᠵᠠᠬ᠎ᠠ᠎ᠶᠢᠨ ᠠᠮᠢᠳᠤᠷᠠᠯ᠎ᠤᠨ ᠪᠠᠲᠤᠯᠠᠭ᠎ᠠ ᠵᠢᠨ ᠮᠥᠩᠭᠥ ᠪᠣᠯᠣᠨ ᠣᠨᠴᠠ ᠬᠦᠴᠢᠷᠳᠡᠯᠲᠡᠢ ᠬᠥᠮᠥᠰ᠎ᠢ ᠠᠰᠠᠷᠠᠨ ᠬᠠᠷᠠᠭᠠᠯᠵᠠᠬᠤ ᠪᠡᠯᠡ ᠮᠥᠩᠭᠥ᠎ᠶᠢ 1768.35 ᠲᠦᠮᠡᠨ ᠲᠥᠭᠥᠷᠢᠭ᠂ ᠵᠤᠨ᠎ᠤ ᠤᠯᠠᠷᠢᠯ᠎ᠤᠨ ᠣᠨᠴᠠᠭᠠᠢ ᠴᠠᠭ ᠠᠭᠤᠷ᠎ᠤᠨ ᠭᠠᠮᠰᠢᠭ᠋᠎ᠲᠤ ᠳᠠᠭᠠᠷᠢᠭ᠍ᠳᠠᠭᠰᠠᠨ ᠤᠯᠠᠨ ᠲᠦᠮᠡᠨ᠎ᠳᠦ 110 ᠲᠦᠮᠡᠨ ᠲᠥᠭᠥᠷᠢᠭ᠎ᠦᠨ ᠠᠪᠤᠷᠠᠨ ᠲᠤᠰᠠᠯᠠᠬᠤ ᠪᠡᠯᠡ ᠮᠥᠩᠭᠥ᠎ᠶᠢ ᠵᠡᠷᠭᠡ ᠪᠡᠷ ᠲᠠᠷᠬᠠᠭᠠᠵᠤ᠂ 1043 ᠶᠠᠳᠠᠭᠤ ᠬᠦᠴᠢᠷᠳᠡᠯᠲᠡᠢ ᠤᠯᠠᠨ ᠲᠦᠮᠡᠨ᠎ᠳᠦ ᠠᠰᠢᠭ᠋ ᠬᠦᠷᠲᠡᠭᠡᠵᠡᠢ᠃

 ᠠᠵᠦ ᠠᠬᠤᠢ 

✦ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶᠢᠨ ᠵᠣᠭᠣᠰᠤᠨ᠎ᠤ ᠲᠦᠷᠦ ᠶ᠋ᠢᠨ ᠪᠣᠳᠣᠯᠭ᠎ᠠ᠎ᠶᠢᠨ ᠵᠥᠪᠯᠡᠯ᠎ᠦᠨ 2025 ᠣᠨ᠎ᠤ ᠳᠥᠷᠪᠡᠳᠦᠭᠡᠷ ᠤᠯᠠᠷᠢᠯ᠎ᠤᠨ ᠲᠣᠭᠲᠠᠮᠠᠯ ᠬᠤᠷᠠᠯ᠎ᠤᠨ ᠮᠡᠳᠡᠭᠡ ᠳ᠋ᠤ ᠢᠯᠡᠷᠡᠭᠦᠯᠦᠭᠰᠡᠨ᠎ᠢᠶᠡᠷ᠂ ᠵᠣᠬᠢᠰᠲᠠᠢ ᠠᠭᠤᠵᠢᠭᠤ ᠪᠠᠢᠯᠭᠠᠬᠤ ᠵᠣᠭᠣᠰᠤᠨ᠎ᠤ ᠲᠦᠷᠦ᠎ᠶᠢᠨ ᠪᠣᠳᠣᠯᠭ᠎ᠠ᠎ᠶᠢ ᠦᠷᠭᠦᠯᠵᠢᠯᠡᠨ ᠬᠡᠷᠡᠭᠵᠢᠭᠦᠯᠵᠦ᠂ ᠰᠥᠷᠭᠡᠦ ᠦᠶᠡᠯᠡᠯ᠎ᠦᠨ ᠬᠤᠭᠤᠴᠠᠭ᠎ᠠ ᠪᠠ ᠦᠶᠡᠯᠡᠯ ᠠᠯᠤᠰᠯᠠᠨ ᠲᠣᠬᠢᠷᠠᠭᠤᠯᠬᠤ ᠡᠷᠴᠢᠮ᠎ᠢ ᠴᠢᠩᠭᠠᠷᠠᠭᠤᠯᠵᠤ᠂ ᠵᠣᠭᠣᠰᠤᠨ᠎ᠤ ᠲᠦᠷᠦ᠎ᠶᠢᠨ ᠪᠣᠳᠣᠯᠭ᠎ᠠ᠎ᠶᠢᠨ ᠪᠠᠭᠠᠵᠢ᠎ᠶᠢᠨ ᠶᠡᠷᠦᠩᠬᠡᠢ ᠬᠡᠮᠵᠢᠶ᠎ᠡ ᠪᠠ ᠪᠦᠲᠦᠴᠡ᠎ᠶᠢᠨ ᠳᠠᠪᠬᠤᠷ ᠴᠢᠳᠠᠮᠵᠢ᠎ᠶᠢ ᠨᠡᠩ ᠰᠠᠢᠲᠤᠷ ᠪᠠᠳᠠᠷᠠᠭᠤᠯᠵᠤ᠂ ᠵᠣᠭᠣᠰᠤᠨ᠎ᠤ ᠡᠳ᠋᠎ᠦᠨ ᠵᠠᠰᠠᠭ᠎ᠤᠨ ᠲᠦᠷᠦ᠎ᠶᠢᠨ ᠪᠣᠳᠣᠯᠭ᠎ᠠ᠎ᠶᠢᠨ ᠬᠠᠮᠵᠢᠯᠴᠠᠭ᠎ᠠ ᠶ᠋ᠢ ᠴᠢᠩᠭᠠᠳᠬᠠᠵᠤ᠂ ᠠᠵᠤ ᠠᠬᠤᠢ᠎ᠶᠢᠨ ᠲᠣᠭᠲᠠᠭᠤᠨ᠎ᠢᠶᠠᠷ ᠨᠡᠮᠡᠭᠳᠡᠬᠦ ᠪᠠ ᠪᠠᠷᠠᠭᠠᠨ᠎ᠤ ᠦᠨ᠎ᠡ᠎ᠶᠢᠨ ᠵᠣᠬᠢᠰᠲᠠᠢ ᠦᠰᠬᠦ᠎ᠶᠢ ᠠᠬᠢᠭᠤᠯᠬᠤ ᠪᠤᠯᠤᠨ᠎ᠠ᠃

✦ᠤᠢᠷ᠎ᠠ ᠳ᠋ᠤ ᠤᠯᠤᠰ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ ᠶ᠋ᠢᠨ ᠶᠡᠷᠦᠩᠬᠡᠢ ᠲᠣᠪᠴᠢᠶ᠎ᠠ《ᠮᠠᠰᠢᠨ ᠲᠡᠷᠭᠡᠨ᠎ᠦ ᠠᠵᠢᠯ ᠲᠥᠷᠥᠯ᠎ᠦᠨ ᠦᠨ᠎ᠡ ᠬᠠᠩᠰᠢ᠎ᠶᠢᠨ ᠠᠵᠢᠯᠯᠠᠭ᠎ᠠ᠎ᠶᠢᠨ ᠲᠣᠭᠲᠠᠭᠠᠯ᠎ᠳᠤ ᠨᠡᠢᠴᠡᠬᠦ ᠵᠦᠭᠯᠡᠭᠦᠷ (ᠰᠠᠨᠠᠯ ᠬᠤᠷᠢᠶᠠᠬᠤ ᠨᠣᠣᠷᠠᠭ)》  ᠨᠡᠢᠲᠡᠯᠡᠵᠦ᠂ ᠨᠡᠢᠳᠡ ᠲᠠᠪᠤᠨ ᠪᠦᠯᠦᠭ 28 ᠵᠦᠢᠯ ᠦ᠋ᠨ ᠵᠢᠯᠤᠭᠣᠳᠬᠤ ᠱᠠᠭᠠᠷᠳᠠᠯᠭ᠎ᠠ ᠳᠤᠷᠠᠳᠴᠤ᠂ ᠪᠦᠬᠦᠯᠢ ᠲᠡᠷᠭᠡ᠎ᠡᠴᠡ ᠰᠡᠯᠪᠢᠭ ᠲᠣᠨᠣᠭ ᠦᠢᠯᠡᠳᠪᠦᠷᠢᠯᠡᠬᠦ᠂ ᠦᠨ᠎ᠡ ᠲᠣᠭᠲᠠᠭᠠᠬᠤ ᠠᠷᠭ᠎ᠠ ᠪᠣᠳᠣᠯᠭ᠎ᠠ᠎ᠠᠴᠠ ᠪᠣᠷᠣᠯᠠᠭᠤᠯᠬᠤ ᠠᠵᠢᠯᠯᠠᠭ᠎ᠠ ᠬᠦᠷᠲᠡᠯᠡᠬᠢ ᠡᠯ᠎ᠡ ᠭᠣᠭᠴᠣᠭ᠎ᠠ᠎ᠶᠢᠨ ᠦᠨ᠎ᠡ ᠬᠠᠩᠰᠢ ᠶ᠋ᠢᠨ ᠲᠣᠭᠲᠠᠭᠠᠯ᠎ᠳᠤ ᠨᠡᠢᠴᠡᠬᠦ ᠱᠠᠭᠠᠷᠳᠠᠯᠭ᠎ᠠ᠎ᠶᠢ ᠲᠣᠳᠣᠷᠬᠠᠢ ᠲᠣᠭᠲᠠᠭᠠᠵᠠᠢ᠃

 ᠰᠤᠶᠤᠯ 

✦ᠪᠠᠷᠠᠭᠤᠨ ᠦᠵᠦᠮᠦᠴᠢᠨ ᠬᠣᠰᠢᠭᠤᠨ᠎ᠤ ᠵᠢᠷ᠎ᠦᠨ ᠭᠣᠣᠯ ᠪᠠᠯᠭᠠᠰᠤᠨ᠎ᠤ ᠬᠥᠭᠵᠢᠯᠲᠦ ᠭᠠᠴᠠᠭ᠎ᠠ ᠵᠢᠨ ᠠᠳᠤᠭᠤᠴᠢᠳ᠎ᠦᠨ ᠬᠠᠮᠲᠤᠷᠠᠨ ᠡᠷᠬᠢᠯᠡᠬᠦ᠎ᠪᠡᠷ ᠪᠠᠢᠭ᠎ᠠ ᠮᠥᠩᠭᠥᠨ ᠡᠪᠦᠯ᠎ᠦᠨ ᠦᠵᠦᠮᠦᠴᠢᠨ 《ᠮᠢᠩᠭᠠᠨ ᠠᠳᠤᠭᠤᠨ᠎ᠤ ᠨᠠᠢᠷ》ᠠᠳᠤᠭᠤᠨ ᠰᠣᠶᠣᠯ ᠤ᠋ᠨ ᠨᠠᠭᠠᠳᠤᠮ 2026 ᠣᠨ᠎ᠤ 1 ᠰᠠᠷ᠎ᠠ ᠎ᠶᠢᠨ 7 ᠎ᠤ ᠡᠳᠦᠷ ᠪᠠᠷᠠᠭᠤᠨ ᠦᠵᠦᠮᠦᠴᠢᠨ ᠬᠣᠰᠢᠭᠤᠨ᠎ᠤ ᠵᠢᠷ᠎ᠤᠨ ᠭᠣᠣᠯ ᠪᠠᠯᠭᠠᠰᠤᠨ᠎ᠤ ᠬᠥᠭᠵᠢᠯᠲᠦ ᠭᠠᠴᠠᠭ᠎ᠠ ᠳ᠋ᠤ ᠶᠠᠪᠤᠭᠳᠠᠬᠤ ᠪᠡᠷ ᠪᠤᠢ᠃

 ᠲᠠᠮᠢᠷ 

✦ᠤᠢᠷ᠎ᠠ ᠳ᠋ᠤ ᠬᠣᠷᠢᠨ ᠨᠢᠭᠡᠳᠦᠭᠡᠷ ᠬᠤᠭᠤᠴᠠᠭᠠᠨ᠎ᠤ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ᠎ᠤ ᠴᠠᠰᠤ ᠮᠥᠰᠥᠨ᠎ᠤ ᠨᠠᠭᠠᠳᠤᠮ᠎ᠤᠨ ᠰᠢᠷᠢᠰ ᠠᠵᠢᠯᠯᠠᠭ᠎ᠠ ᠪᠣᠯᠬᠤ 2500 ᠮᠧᠲᠷ᠎ᠤᠨ ᠬᠤᠷᠳᠤᠨ ᠮᠣᠷᠢᠨ᠎ᠤ ᠤᠷᠤᠯᠳᠤᠭᠠᠨ᠂ 5000 ᠮᠧᠲᠷ᠎ᠦᠨ ᠬᠤᠷᠳᠤᠨ ᠮᠣᠷᠢᠨ᠎ᠤ ᠤᠷᠤᠯᠳᠤᠭᠠᠨ᠂ 2500 ᠮᠧᠲᠷ᠎ᠦᠨ ᠡᠮᠡᠭᠡᠯᠲᠦ ᠮᠣᠷᠢᠨ᠎ᠤ ᠤᠷᠤᠯᠳᠤᠭᠠᠨ᠂ 1000 ᠮᠧᠲᠷ᠎ᠦᠨ ᠮᠣᠷᠢᠨ ᠴᠢᠷᠭ᠎ᠠ᠎ᠶᠢᠨ ᠤᠷᠤᠯᠳᠤᠭᠠᠨ᠂ ᠲᠡᠮᠡᠭᠡᠨ ᠪᠥᠮᠪᠥᠭᠡ᠎ᠶᠢᠨ ᠤᠷᠤᠯᠳᠤᠭᠠᠨ᠂ 2500 ᠮᠧᠲᠷ᠎ᠦᠨ ᠲᠡᠮᠡᠭᠡᠨ᠎ᠦ ᠤᠷᠤᠯᠳᠤᠭᠠᠨ᠂ 5000 ᠮᠧᠲᠷ᠎ᠤᠨ ᠲᠡᠮᠡᠭᠡᠨ᠎ᠦ ᠤᠷᠤᠯᠳᠤᠭᠠᠨ ᠵᠡᠷᠭᠡ ᠳᠣᠯᠣᠭᠠᠨ ᠲᠥᠷᠥᠯ᠎ᠦᠨ ᠤᠷᠤᠯᠳᠤᠭᠠᠨ ᠠᠷᠤ ᠠᠷᠤ ᠡᠴᠡ ᠪᠡᠨ ᠶᠠᠪᠤᠭᠳᠠᠵᠤ᠂ ᠠᠯᠠᠱᠠ᠂ ᠪᠤᠭᠤᠲᠤ᠂ ᠲᠦᠩᠯᠢᠶᠣᠣ᠂ ᠰᠢᠯᠢ᠎ᠶᠢᠨ ᠭᠣᠣᠯ ᠪᠠ ᠬᠥᠯᠥᠨ ᠪᠣᠢᠷ ᠬᠤᠲᠠ᠎ᠶᠢᠨ ᠡᠯ᠎ᠡ ᠬᠣᠰᠢᠭᠤ᠎ᠠᠴᠠ ᠬᠦᠷᠦᠯᠴᠡᠨ ᠢᠷᠡᠭᠰᠡᠨ 200 ᠭᠠᠷᠤᠢ ᠤᠶᠠᠭᠠᠴᠢ ᠤᠷᠣᠯᠴᠠᠵᠠᠢ᠃

 ᠲᠡᠯᠡᠬᠡᠢ 

✦ᠲᠦᠪ ᠲᠸᠯᠸᠢᠰ᠎ᠤᠨ ᠮᠡᠳᠡᠭᠡ ᠵᠢ ᠦᠨᠳᠦᠰᠦᠯᠡᠪᠡᠯ᠂ ᠦᠺᠷᠠᠢᠨ᠎ᠤ ᠶᠡᠷᠦᠩᠬᠡᠢᠯᠡᠭᠴᠢ ᠽᠸᠯᠢᠶᠠᠨᠰᠺᠢ ᠮᠥᠷᠭᠥᠯᠳᠦᠭᠡᠨ ᠢ᠋ ᠳᠠᠭᠤᠰᠬᠠᠬᠤ ᠲᠤᠬᠠᠢ 20 ᠵᠦᠢᠯ᠎ᠦᠨ 《ᠨᠠᠢᠷᠠᠮᠳᠠᠯ᠎ᠤᠨ ᠲᠥᠯᠥᠪᠯᠡᠭᠡ》 ᠶ᠋ᠢᠨ ᠲᠥᠰᠥᠯ᠎ᠦᠨ ᠨᠠᠷᠢᠨ ᠵᠦᠢᠯᠡᠰ  ᠢ᠋ ᠨᠡᠢᠲᠡᠯᠡᠵᠦ᠂ ᠦᠺᠷᠠᠢᠨ᠎ᠤ ᠬᠢᠨ《ᠨᠠᠢᠷᠠᠮᠳᠠᠯ᠎ᠤᠨ ᠲᠥᠯᠥᠪᠯᠡᠭᠡ》ᠶ᠋ᠢᠨ ᠲᠥᠰᠥᠯ ᠢ᠋ ᠵᠥᠪᠯᠡᠯᠭᠡᠨ᠎ᠦ ᠬᠤᠷᠠᠯ᠎ᠳᠤ ᠳᠡᠪᠰᠢᠭᠦᠯᠵᠦ ᠪᠠᠲᠤᠯᠠᠭᠤᠯᠬᠤ ᠪᠤᠶᠤ ᠪᠦᠬᠦ ᠠᠷᠠᠳ᠎ᠤᠨ ᠪᠢᠯᠸᠲ ᠦᠭᠭᠦᠯᠳᠡ ᠪᠡᠷ ᠪᠠᠳᠤᠯᠠᠭᠤᠯᠬᠤ ᠪᠦᠭᠡᠳ ᠤᠮᠠᠷᠠᠲᠤ ᠠᠲᠯᠠᠨᠲ ᠳᠠᠯᠠᠢ᠎ᠶᠢᠨ ᠨᠡᠢᠳᠡ ᠵᠢᠨ ᠭᠡᠷ᠎ᠠ ᠵᠢᠨ ᠵᠤᠬᠢᠶᠠᠨ ᠪᠠᠢᠭᠤᠯᠤᠯᠳᠠ ᠳ᠋ᠤ ᠤᠷᠤᠬᠤ ᠪᠡᠨ ᠲᠠᠶᠠᠭᠳᠠᠬᠤ ᠦᠭᠡᠢ ᠭᠡᠵᠡᠢ᠃

✦《ᠯᠠᠪᠯᠠᠯᠲᠠ᠎ᠶᠢᠨ ᠮᠡᠳᠡᠭᠡ》ᠰᠣᠨᠢᠨ ᠤ᠋ ᠮᠡᠳᠡᠭᠡᠯᠡᠯ ᠎ᠢ ᠦᠨᠳᠦᠰᠦᠯᠡᠪᠡᠯ᠂ ᠠᠩᠭ᠌ᠯᠢ ᠶ᠋ᠢᠨ ᠣᠷᠴᠢᠨ ᠲᠣᠭᠣᠷᠢᠨ ᠢᠳᠡᠭᠡᠨ᠎ᠦ ᠵᠦᠢᠯᠡᠰ ᠪᠣᠯᠣᠨ ᠬᠥᠳᠡᠭᠡ ᠲᠣᠰᠬᠣᠨ᠎ᠤ ᠶᠠᠮᠤᠨ᠎ᠤ ᠣᠢᠷ᠎ᠠ᠎ᠳᠤ ᠨᠡᠢᠲᠡᠯᠡᠭᠰᠡᠨ ᠪᠢᠴᠢᠭ ᠮᠠᠲᠧᠷᠢᠶᠠᠯ᠎ᠳᠤ᠂ ᠠᠮᠢᠳᠤ ᠰᠠᠮ ᠬᠣᠷᠣᠬᠠᠢ ᠶ᠋ᠢ ᠪᠤᠴᠠᠯᠤᠭᠰᠠᠨ ᠤᠰᠤᠨ᠎ᠳᠤ ᠬᠢᠵᠦ ᠴᠢᠨᠠᠬᠤ ᠶ᠋ᠢ ᠳᠦᠷᠢᠮ ᠡᠴᠡ ᠵᠥᠷᠢᠴᠡᠭᠰᠡᠨ ᠵᠢᠡᠷ ᠦᠵᠡᠵᠦ᠂ ᠠᠮᠢᠳᠤ ᠰᠠᠮ ᠬᠣᠷᠣᠬᠠᠢ᠎ᠶᠢ ᠰᠢᠭᠤᠳ ᠲᠣᠭᠣᠭᠠᠨ᠎ᠳᠤ ᠬᠢᠵᠦ ᠴᠢᠨᠠᠬᠤ ᠦᠶ᠋ᠯᠡ ᠠᠵᠢᠯᠯᠠᠭ᠎ᠠ᠎ᠶᠢ ᠲᠣᠳᠣᠷᠬᠠᠢ ᠵᠠᠷᠯᠢᠭ᠍ᠳᠠᠨ ᠴᠠᠭᠠᠵᠠᠯᠠᠨ᠎ᠠ᠃ ᠬᠤᠶᠠᠭᠲᠠᠨ᠎ᠤ ᠲᠥᠷᠥᠯ᠎ᠦᠨ ᠠᠮᠢᠲᠠᠨ ᠳ᠋ᠤ ᠠᠪᠴᠤ ᠬᠡᠯᠡᠪᠡᠯ 《ᠠᠮᠢᠳᠤ᠎ᠪᠠᠷ ᠴᠢᠨᠠᠬᠤ ᠨᠢ ᠨᠢᠭᠡ ᠵᠦᠢᠯ᠎ᠦᠨ ᠭᠥᠯᠢᠶᠡᠨ ᠠᠪᠴᠤ ᠪᠣᠯᠬᠤ ᠠᠯᠠᠵᠤ ᠨᠢᠲᠤᠯᠬᠤ ᠠᠷᠭ᠎ᠠ ᠪᠢᠰᠢ》᠂ ᠠᠯᠪᠠᠨ᠎ᠤ ᠲᠠᠯ᠎ᠠ᠎ᠶᠢᠨ ᠬᠢᠨ ᠪᠠᠰᠠ ᠬᠣᠯᠪᠣᠭᠳᠠᠯ ᠪᠦᠬᠦᠢ ᠠᠯᠠᠵᠤ ᠨᠢᠲᠤᠯᠬᠤ ᠣᠷᠣᠯᠠᠬᠤ ᠠᠷᠭ᠎ᠠ ᠵᠢ ᠨᠡᠢᠲᠡᠯᠡᠬᠦ ᠪᠣᠯᠣᠨ᠎ᠠ ᠭᠡᠵᠡᠢ᠃

 ᠦᠢᠯᠡᠴᠢᠯᠡᠭᠡ 

✦ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠎ᠰᠢᠨᠵᠢᠯᠡᠬᠦ ᠤᠬᠠᠭᠠᠨ᠎ᠤ ᠰᠤᠳᠤᠯᠭᠠᠨ᠎ᠤ ᠲᠤᠰᠠᠯᠠᠭ᠍ᠴᠢ ᠡᠯᠰᠡᠵᠦ ᠪᠤᠢ᠃ ᠨᠠᠷᠢᠨ ᠠᠭᠤᠯᠭ᠎ᠠ᠎ᠶᠢ《ᠤᠤᠯ ᠵᠤᠬᠢᠶᠠᠯ᠎ᠢ ᠦᠵᠡᠬᠦ》(阅读原文)ᠦᠰᠦᠭ᠎ᠢ ᠳᠤᠪᠴᠢᠳᠠᠵᠤ ᠦᠵᠡᠭᠡᠷᠡᠢ!

 ᠲᠠᠨ᠎ᠤ ᠲᠤᠰᠠ᠎ᠳᠤ 

✦ᠳᠡᠭᠡᠰᠦ ᠦᠰᠦᠷᠬᠦ ᠪᠣᠯ ᠨᠢᠭᠡ ᠵᠦᠢᠯ᠎ᠦᠨ ᠳᠥᠭᠥᠮ ᠮᠥᠷᠲᠡᠭᠡᠨ ᠪᠦᠲᠦᠮᠵᠢᠲᠡᠶ ᠲᠠᠮᠢᠷ᠎ᠤᠨ ᠬᠥᠳᠡᠯᠭᠡᠭᠡᠨ ᠮᠥᠨ᠃ ᠵᠢᠷᠦᠬᠡ ᠠᠭᠤᠰᠬᠢ᠎ᠶᠢᠨ ᠠᠵᠢᠯᠯᠠᠭ᠎ᠠ᠎ᠶᠢ ᠪᠣᠯᠪᠠᠰᠤᠷᠠᠭᠤᠯᠬᠤ᠎ᠪᠠᠷ ᠪᠠᠷᠠᠬᠤ ᠦᠭᠡᠢ᠂ ᠪᠠᠰᠠ ᠵᠢᠷᠦᠬᠡᠨ᠎ᠦ ᠠᠵᠢᠯᠯᠠᠭ᠎ᠠ ᠵᠢᠨ ᠳᠠᠭᠠᠭᠠᠴᠠ᠎ᠶᠢ ᠨᠡᠮᠡᠭᠳᠡᠭᠦᠯᠳᠡᠭ᠃ ᠡᠳᠦᠷ ᠪᠦᠷᠢ ᠳᠡᠭᠡᠰᠦ ᠦᠰᠦᠷᠬᠦ ᠎ᠶᠢ ᠬᠡᠳᠦᠨ ᠮᠢᠨᠦ᠋ᠲ ᠪᠠᠷᠢᠮᠲᠠᠯᠠᠪᠠᠯ ᠵᠢᠷᠦᠬᠡ᠎ᠶᠢ ᠭᠦᠢᠴᠡᠳ ᠪᠣᠯᠪᠠᠰᠤᠷᠠᠭᠤᠯᠵᠤ᠂ ᠵᠢᠷᠦᠬᠡᠨ᠎ᠦ ᠴᠢᠰᠤ᠎ᠶᠢ ᠬᠥᠭᠡᠷᠦᠭᠦᠯᠬᠦ ᠴᠢᠳᠠᠪᠤᠷᠢ᠎ᠶᠢ ᠳᠡᠭᠡᠭᠰᠢᠯᠡᠭᠦᠯᠵᠦ᠂ ᠪᠡᠶ᠎ᠡ ᠮᠠᠬᠠᠪᠤᠳ᠎ᠢ ᠨᠡᠩ ᠡᠷᠡᠭᠦᠯ ᠴᠢᠭᠢᠷᠠᠭ ᠬᠦᠴᠦᠨ ᠴᠢᠳᠠᠯ᠎ᠲᠠᠢ ᠪᠣᠯᠭᠠᠳᠠᠭ᠃

ᠵᠠᠯᠭᠠᠭᠠᠳ《ᠡᠭᠦᠯᠡᠨ ᠴᠡᠨᠭᠬᠡᠷ ᠬᠠᠨᠭᠭᠠᠢ》ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠤ  ᠪᠠᠶᠠᠷᠯᠠᠯ᠎ᠠ᠂  ᠪᠠᠶᠠᠷᠳᠠᠢ!

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)

ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号