



ᠨᠡᠢᠭᠡᠮ
✦ᠣᠢᠷ᠎ᠠ᠎ᠳᠤ
ᠡᠳ᠋᠎ᠦᠨ ᠵᠠᠰᠠᠭ᠎ᠤᠨ ᠶᠠᠮᠤᠨ᠂ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠶᠠᠮᠤᠨ 44.4 ᠳ᠋ᠦᠩᠰᠢᠭᠤᠷ ᠲᠥᠭᠥᠷᠢᠭ᠎ᠦᠨ ᠲᠥᠪ᠎ᠦᠨ
ᠡᠪᠦᠯ ᠬᠠᠪᠤᠷ᠎ᠤᠨ ᠲᠦᠷ ᠴᠠᠭ᠎ᠤᠨ ᠠᠮᠢᠳᠤᠷᠠᠯ᠎ᠤᠨ ᠬᠦᠴᠢᠷᠳᠡᠯ᠎ᠦᠨ ᠠᠪᠤᠷᠠᠨ ᠲᠤᠰᠠᠯᠠᠬᠤ ᠪᠡᠯᠡ ᠮᠥᠩᠭᠥ ᠪᠠᠭᠤᠯᠭᠠᠵᠤ᠂
ᠬᠦᠨᠳᠦ ᠭᠠᠮᠰᠢᠭ᠍ᠳᠠᠭᠰᠠᠨ ᠭᠠᠵᠠᠷ ᠣᠷᠣᠨ᠂ ᠬᠠᠬᠢᠷ ᠬᠦᠢᠲᠡᠨ ᠭᠠᠵᠠᠷ ᠣᠷᠣᠨ᠂ ᠬᠥᠭᠵᠢᠯᠲᠡ᠎ᠪᠡᠷ ᠤᠳᠠᠭᠠᠨ ᠭᠠᠵᠠᠷ
ᠣᠷᠣᠨ ᠵᠡᠷᠭᠡ ᠳᠠᠢᠰᠢ ᠭᠣᠣᠯᠳᠠᠯᠭ᠎ᠠ᠎ᠲᠠᠢ ᠬᠡᠯᠪᠡᠢᠯᠭᠡᠵᠦ᠂ 2601 ᠲᠦᠮᠡᠨ ᠬᠥᠮᠥᠨᠳ᠋ᠤ ᠠᠰᠢᠭ᠋ ᠭᠥᠷᠳᠡᠭᠡᠭᠰᠡᠨ
ᠪᠠᠢᠨ᠎ᠠ᠃
✦ᠤᠢᠷ᠎ᠠ ᠳ᠋ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ
ᠰᠢᠨ᠎ᠡ ᠤᠨ᠂ ᠴᠠᠭᠠᠨ ᠰᠠᠷ᠎ᠠ᠎ᠶᠢᠨ ᠬᠤᠭᠤᠴᠠᠭᠠᠨ᠎ᠳᠠᠬᠢ ᠠᠷᠠᠳ᠎ᠤᠨ ᠠᠮᠢᠳᠤᠷᠠᠯ᠎ᠤᠨ ᠴᠢᠬᠤᠯᠠ ᠲᠠᠸᠠᠷ᠎ᠤᠨ ᠦᠢᠯᠡᠴᠢᠯᠡᠭᠡ᠎ᠶᠢᠨ
ᠦᠨ᠎ᠡ ᠶ᠋ᠢ ᠲᠣᠭᠲᠠᠪᠤᠷᠢᠵᠢᠭᠤᠯᠤᠨ ᠴᠢᠨᠠᠷ᠎ᠢ ᠪᠠᠲᠤᠯᠠᠬᠤ ᠠᠵᠢᠯ᠎ᠢ ᠪᠠᠢᠷᠢᠯᠠᠭᠤᠯᠤᠨ ᠥᠷᠨᠢᠭᠦᠯᠵᠦ᠂ ᠠᠷᠠᠳ᠎ᠤᠨ
ᠠᠮᠢᠳᠤᠷᠠᠯ᠎ᠤᠨ ᠴᠢᠬᠤᠯᠠ ᠲᠠᠸᠠᠷ᠎ᠤᠨ ᠰᠦᠯᠵᠢᠶᠡᠨ ᠳᠡᠭᠡᠷᠡᠬᠢ ᠪᠠ ᠪᠤᠳᠠᠳᠤ ᠴᠤᠭᠴᠠ ᠵᠢᠨ ᠦᠨ᠎ᠡ ᠬᠠᠩᠰᠢ᠎ᠶᠢ
ᠬᠢᠨᠠᠨ ᠬᠡᠮᠵᠢᠬᠦ ᠡᠷᠴᠢᠮ᠎ᠢ ᠴᠢᠩᠭᠠᠳᠬᠠᠵᠤ᠂ ᠪᠠᠶᠠᠷ᠎ᠤᠨ ᠡᠳᠦᠷ᠎ᠦᠨ ᠪᠣᠷᠤᠯᠠᠭᠤᠯᠭ᠎ᠠ ᠰᠠᠢᠲᠠᠢ ᠢᠳᠡᠭᠡᠨ᠎ᠦ
ᠵᠦᠢᠯᠡᠰ᠎ᠢ ᠰᠤᠭᠤᠴᠢᠨ ᠪᠠᠢᠴᠠᠭᠠᠬᠤ ᠡᠷᠴᠢᠮ᠎ᠢ ᠴᠢᠨᠭᠭᠠᠳᠬᠠᠪᠠ᠃
✦27᠎ᠤ ᠡᠳᠦᠷ᠂ ᠮᠠᠨ᠎ᠤ ᠤᠯᠤᠰ᠎ᠤᠨ ᠪᠠᠢᠭᠤᠯᠵᠤ ᠪᠠᠢᠭ᠎ᠠ ᠲᠡᠯᠡᠶ᠎ᠶᠢᠨ ᠲᠦᠪᠰᠢᠨ᠎ᠡᠴᠡ ᠬᠠᠮᠤᠭ᠎ᠤᠨ
ᠥᠨᠳᠥᠷ ᠬᠣᠣᠰ ᠮᠤᠷᠤᠢ ᠭᠤᠯᠳᠤᠩ ᠬᠠᠰᠢᠯᠭ᠎ᠠ ᠶ᠋ᠢᠨ ᠴᠠᠬᠢᠯᠭᠠᠨ ᠥᠷᠲᠡᠭᠡ — ᠶᠧ ᠪᠠ ᠲᠠᠨ ᠤᠰᠤᠨ ᠴᠠᠬᠢᠯᠭᠠᠨ᠎ᠤ ᠥᠷᠲᠡᠭᠡ ᠶ᠋ᠢᠨ ᠠᠩᠬᠠᠨ᠎ᠤ ᠪᠦᠯᠦᠭ ᠮᠠᠰᠢᠨ ᠴᠣᠭᠴᠠᠯᠠᠪᠤᠷᠢ
ᠠᠰᠢᠭ᠍ᠯᠠᠯᠲᠠ᠎ᠳᠤ ᠣᠷᠣᠵᠤ ᠴᠠᠬᠢᠯᠭᠠᠨ ᠭᠠᠷᠭᠠᠪᠠ᠃

✦ᠲᠥᠪ᠎ᠦᠨ ᠢᠨᠲᠸᠷ ᠰᠦᠯᠵᠢᠶᠡᠨ᠎ᠦ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠲᠠ
ᠶ᠋ᠢᠨ
ᠠᠯᠪᠠᠨ ᠭᠡᠷ 26᠎ᠤ ᠡᠳᠦᠷ ᠮᠡᠳᠡᠭᠳᠡᠯ ᠨᠡᠢᠲᠡᠯᠡᠵᠦ᠂ ᠰᠦᠯᠵᠢᠶᠡᠨ᠎ᠦ ᠨᠠᠷᠠᠲᠤ ᠬᠥᠮᠥᠰ᠎ᠦᠨ
ᠲᠠᠩᠰᠠᠨ ᠳ᠋ᠤᠭᠠᠷ᠎ᠦᠨ ᠦᠶ᠋ᠯᠡ ᠠᠵᠢᠯᠯᠠᠭ᠎ᠠ ᠶ᠋ᠢᠨ ᠬᠠᠮᠢᠶᠠᠷᠤᠯᠲᠠ᠎ᠶᠢ ᠴᠢᠩᠭᠠᠳᠬᠠᠬᠤ᠎ᠶᠢᠨ ᠬᠠᠮᠲᠤ ᠰᠦᠯᠵᠢᠶᠡᠨ᠎ᠦ
ᠨᠠᠷᠠᠲᠤ ᠬᠥᠮᠥᠰ᠎ᠦᠨ ᠲᠠᠩᠰᠠᠨ ᠳ᠋ᠤᠭᠠᠷ᠎ᠦᠨ ᠦᠶ᠋ᠯᠡ ᠠᠵᠢᠯᠯᠠᠭ᠎ᠠ᠎ᠶᠢᠨ ᠨᠠᠵᠠᠭᠠᠢ ᠲᠠᠯ᠎ᠠ᠎ᠶᠢᠨ ᠨᠠᠷᠢᠨ ᠲᠠᠩᠰᠠ᠎ᠶᠢ
ᠲᠣᠭᠲᠠᠭᠠᠵᠤ᠂ ᠦᠶ᠋ᠯᠡ ᠠᠵᠢᠯᠯᠠᠭ᠎ᠠ᠎ᠶᠢᠨ ᠵᠠᠭᠠᠭ ᠬᠢᠵᠠᠭᠠᠷ ᠤ᠋ᠨ ᠲᠤᠬᠠᠢ ᠲᠣᠳᠣᠷᠬᠠᠢ ᠲᠣᠭᠲᠠᠭᠠᠯ ᠭᠠᠷᠭᠠᠪᠠ᠃
✦ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ ᠤ᠋ᠨ ᠮᠡᠳᠡᠭᠡ ᠵᠢ
ᠦᠨᠳᠦᠰᠦᠯᠡᠪᠡᠯ᠂ 11 ᠰᠠᠷ᠎ᠠ᠎ᠶᠢᠨ ᠰᠡᠭᠦᠯᠴᠢ ᠪᠣᠯᠲᠠᠯ᠎ᠠ ᠪᠥᠬᠥ ᠤᠯᠤᠰ ᠤ᠋ᠨ ᠠᠯᠪᠠᠨ ᠠ᠋ᠴᠠ ᠪᠠᠢᠭᠤᠯᠤᠭᠰᠠᠨ
ᠡᠮᠨᠡᠯᠭᠡ᠎ᠶᠢᠨ ᠬᠣᠷᠢᠶ᠎ᠠ᠎ᠶᠢᠨ ᠡᠭᠦᠳᠡᠨ ᠡᠮᠨᠡᠯᠭᠡ ᠳ᠋ᠤ ᠤᠷᠢᠳᠴᠢᠯᠠᠨ ᠲᠤᠰᠢᠶᠠᠭᠰᠠᠨ ᠮᠥᠩᠭᠥ ᠵᠢ ᠪᠠᠷᠤᠭ
90 ᠳ᠋ᠦᠩᠰᠢᠭᠤᠷ ᠲᠥᠭᠥᠷᠢᠭ ᠢᠯᠭᠠᠷᠠᠭᠤᠯᠤᠨ ᠪᠤᠴᠠᠭᠠᠵᠤ᠂ 1.4 ᠳ᠋ᠦᠩᠰᠢᠭᠤᠷ ᠬᠤᠪᠢ ᠬᠥᠮᠥᠨ᠎ᠦ ᠲᠠᠩᠰᠠᠨ
ᠡᠷᠦᠬᠡ᠎ᠳᠦ ᠬᠣᠯᠪᠣᠭᠳᠠᠵᠠᠢ᠃
✦ᠤᠯᠤᠰ᠎ᠤᠨ ᠠᠭᠤᠷ ᠠᠮᠢᠰᠬᠤᠯ᠎ᠤᠨ ᠲᠥᠪ᠎ᠦᠨ ᠬᠢᠨᠠᠨ ᠬᠡᠮᠵᠢᠭᠰᠡᠨ ᠲᠣᠭ᠎ᠠ ᠪᠠᠷᠢᠮᠲᠠ᠎ᠳᠤ
ᠢᠯᠡᠷᠡᠭᠦᠯᠦᠭᠰᠡᠨ᠎ᠢᠶᠡᠷ᠂ 2025 ᠣᠨ᠎ᠤ 12 ᠰᠠᠷ᠎ᠠ ᠠ᠋ᠴᠠ ᠨᠠᠭᠠᠰᠢ (12 ᠰᠠᠷ᠎ᠠ᠎ᠶᠢᠨ 25᠎ᠤ ᠡᠳᠦᠷ ᠪᠣᠯᠲᠠᠯ᠎ᠠ) ᠪᠥᠬᠥ
ᠤᠯᠤᠰ᠎ᠤᠨ ᠳᠤᠮᠳᠠᠴᠢ ᠠᠭᠠᠷ᠎ᠤᠨ ᠳᠤᠯᠠᠭᠠᠨ - 0.90 ᠭᠷᠡᠳᠦ᠋ᠰ ᠪᠠᠢᠵᠤ᠂ ᠡᠩ᠎ᠦᠨ ᠵᠢᠯ᠎ᠦᠨ ᠠᠳᠠᠯᠢ
ᠬᠤᠭᠤᠴᠠᠭᠠᠨ᠎ᠤ ᠬᠢ᠎ᠡᠴᠡ 1.71 ᠭᠷᠡᠳᠦ᠋ᠰ ᠥᠨᠳᠥᠷ ᠪᠠᠢᠵᠤ᠂ 1961 ᠣᠨ ᠠ᠋ᠴᠠ ᠨᠠᠭᠠᠰᠢᠬᠢ ᠲᠡᠦᠬᠡ᠎ᠶᠢᠨ ᠠᠳᠠᠯᠢ ᠬᠤᠭᠤᠴᠠᠭᠠᠨ ᠤ᠋
ᠬᠣᠶᠠᠳᠤᠭᠠᠷ ᠥᠨᠳᠥᠷ ᠬᠡᠮᠵᠢᠭᠳᠡᠯ᠎ᠳᠦ ᠬᠦᠷᠴᠠᠢ᠃
✦《ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ᠎ᠦ ᠡᠨᠧᠷᠭᠢ᠎ᠶᠢᠨ ᠬᠣᠷᠣᠭᠳᠠᠯ ᠤ᠋ᠨ ᠬᠡᠮᠵᠢᠶ᠎ᠡ᠎ᠶᠢᠨ
ᠬᠢᠵᠠᠭᠠᠷ ᠬᠡᠮᠵᠢᠭᠳᠡᠯ 1 ᠳ᠋ᠤᠭᠡᠷ ᠬᠡᠰᠡᠭ᠄ ᠰᠠᠭᠤᠳᠠᠯ ᠤ᠋ᠨ ᠮᠠᠰᠢᠨ ᠲᠡᠷᠭᠡ》 ᠶ᠋ᠢᠨ ᠤᠯᠤᠰ᠎ᠤᠨ ᠪᠠᠷᠢᠮᠵᠢᠶ᠎ᠠ᠎ᠶᠢ 2026 ᠣᠨ᠎ᠤ 1 ᠰᠠᠷ᠎ᠠ᠎ᠶᠢᠨ 1᠎ᠦ ᠡᠳᠦᠷ᠎ᠡᠴᠡ ᠡᠬᠢᠯᠡᠵᠦ
ᠬᠡᠷᠡᠭᠵᠢᠭᠦᠯᠦᠨ᠎ᠡ᠂ ᠳᠤᠰ ᠪᠠᠷᠢᠮᠵᠢᠶ᠎ᠠ ᠪᠣᠯ ᠪᠦᠭᠦ ᠳᠡᠯᠡᠬᠡᠢ ᠶ᠋ᠢᠨ ᠠᠩᠬᠠᠳᠠᠭ᠍ᠴᠢ ᠴᠠᠬᠢᠯᠭᠠᠨ ᠬᠥᠳᠡᠯᠭᠡᠭᠦᠷᠲᠦ
ᠮᠠᠰᠢᠨ ᠲᠡᠷᠭᠡᠨ᠎ᠦ ᠴᠠᠬᠢᠯᠭᠠᠨ᠎ᠤ ᠬᠣᠷᠣᠭᠳᠠᠯ᠎ᠤᠨ ᠬᠢᠵᠠᠭᠠᠷ ᠬᠡᠮᠵᠢᠭᠳᠡᠯ᠎ᠦᠨ ᠠᠯᠪᠠᠳᠠᠯᠭ᠎ᠠ᠎ᠶᠢᠨ ᠴᠢᠨᠠᠷᠲᠠᠢ
ᠪᠠᠷᠢᠮᠵᠢᠶ᠎ᠠ ᠪᠣᠯᠣᠨ᠎ᠠ᠃

✦《ᠠᠷᠪᠠᠨ ᠳᠥᠷᠪᠡᠳᠦᠭᠡᠷ ᠲᠠᠪᠤᠨ ᠵᠢᠯ᠎ᠤᠨ ᠲᠦᠯᠦᠪᠵᠢᠬᠦᠯᠭᠡ》 ᠵᠢᠨ ᠬᠤᠭᠤᠴᠠᠭᠠᠨ᠎ᠳᠤ᠂ ᠥᠪᠥᠷ ᠮᠣᠩᠭᠣᠯ ᠨᠡᠶ᠋ᠢᠲᠡ 203 ᠳ᠋ᠦᠩᠰᠢᠭᠤᠷ ᠲᠥᠭᠥᠷᠢᠭ ᠦ᠋ᠨ
ᠪᠡᠯᠡ ᠣᠷᠣᠭᠤᠯᠤᠯᠲᠠ᠎ᠶᠢ ᠪᠡᠶᠡᠯᠡᠭᠦᠯᠵᠦ᠂ 2287 ᠤᠰᠤ ᠬᠠᠩᠭᠠᠬᠤ ᠬᠤᠳᠳᠤᠭ ᠮᠠᠯᠳᠠᠵᠤ᠂ 2.15 ᠲᠦᠮᠡᠨ ᠮᠠᠯᠴᠢᠨ
ᠲᠠᠷᠢᠶᠠᠴᠢᠨ ᠡᠷᠦᠬᠡ᠎ᠳᠦ ᠰᠠᠯᠬᠢᠨ ᠬᠦᠴᠦ ᠭᠡᠷᠡᠯᠴᠢ
ᠴᠡᠨᠡᠭ ᠬᠠᠷᠢᠯᠴᠠᠨ ᠨᠥᠬᠥᠪᠦᠷᠢᠯᠡᠬᠦ ᠲᠥᠬᠦᠭᠡᠷᠦᠮᠵᠢ ᠤᠭᠰᠠᠷᠠᠨ ᠥᠭᠴᠦ᠂ ᠡᠯ᠎ᠡ ᠲᠠᠰ᠎ᠤᠨ ᠵᠠᠰᠠᠮᠠᠯ ᠵᠠᠮ᠎ᠢ
1705 ᠺᠢᠯᠣᠮᠧᠲᠷ ᠨᠠᠪᠲᠠᠷᠡᠭᠦᠯᠵᠦ᠂ 331 ᠤᠯᠤᠰ᠎ᠤᠨ ᠵᠠᠮ᠎ᠤᠨ 4G ᠳᠣᠬᠢᠶᠠᠨ᠎ᠤ ᠪᠦᠷᠬᠦᠴᠡ᠎ᠶᠢᠨ ᠨᠣᠷᠮ᠎ᠠ᠎ᠶᠢ 47% ᠪᠠᠢᠭᠰᠠᠨ᠎ᠠᠴᠠ 82% ᠪᠣᠯᠭᠠᠨ ᠳᠡᠭᠡᠭᠰᠢᠯᠡᠭᠦᠯᠪᠡ᠃

✦26 ᠤ᠋ ᠡᠳᠦᠷ᠂ ᠬᠥᠬᠡᠬᠣᠲᠠ᠎ᠶᠢᠨ ᠢᠷᠡᠭᠡᠳᠦᠢ᠎ᠶᠢᠨ ᠤᠰᠤᠨ᠎ᠤ ᠠᠮᠢ
ᠠᠬᠤᠢ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠣᠲᠠ᠎ᠶᠢᠨ ᠳᠠᠬᠢᠯᠲᠠ ᠤᠰᠤᠨ᠎ᠤ ᠦᠢᠯᠡᠳᠪᠦᠷᠢ
ᠵᠢ ᠲᠤᠷᠰᠢᠨ ᠠᠵᠢᠯᠯᠠᠭᠤᠯᠪᠠ᠃ ᠲᠤᠰ ᠲᠥᠷᠥᠯ ᠵᠦᠢᠯ ᠦ᠋ᠨ ᠶᠡᠷᠦᠩᠬᠡᠢ ᠪᠡᠯᠡ ᠣᠷᠣᠭᠤᠯᠤᠯᠲᠠ ᠪᠠᠷᠤᠭ 2.78 ᠳ᠋ᠦᠩᠰᠢᠭᠤᠷ
ᠲᠥᠭᠥᠷᠢᠭ ᠪᠠᠢᠵᠤ᠂ ᠡᠳᠦᠷ᠎ᠦᠨ ᠰᠢᠢᠳᠪᠦᠷᠢᠯᠡᠬᠦ ᠤᠰᠤᠨ᠎ᠤ ᠬᠡᠮᠵᠢᠶ᠎ᠠ 2.5 ᠲᠦᠮᠡᠨ
ᠲᠣᠨ ᠬᠦᠷᠴᠦ᠂ ᠦᠢᠯᠡᠴᠢᠯᠡᠭᠡᠨ᠎ᠦ ᠬᠡᠪᠴᠢᠶ᠎ᠡ ᠨᠢ 26 ᠲᠡᠭᠰᠢ ᠳᠥᠷᠪᠡᠯᠵᠢᠨ ᠺᠢᠯᠣᠮᠧᠲᠷ᠎ᠦᠨ
ᠣᠷᠣᠨ ᠪᠦᠰᠡ᠎ᠶᠢ ᠬᠠᠮᠤᠷᠴᠠᠢ᠃

✦11 ᠰᠠᠷ᠎ᠠ᠎ᠶᠢᠨ ᠰᠡᠭᠦᠯᠴᠢ ᠪᠣᠯᠲᠠᠯ᠎ᠠ᠂ ᠲᠦᠨᠭᠯᠢᠶᠤᠤ ᠬᠤᠳᠠ ᠵᠢᠨ ᠬᠣᠷᠴᠢᠨ ᠲᠣᠭᠣᠷᠢᠭ᠋᠎ᠤᠨ
ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ᠎ᠶᠢᠨ ᠬᠢᠨ 9787 ᠬᠦᠴᠢᠷᠳᠡᠯᠲᠡᠢ
ᠣᠯᠠᠨ ᠲᠦᠮᠡᠨ ᠳ᠋ᠦ ᠨᠠᠰᠤᠵᠢᠯ᠎ᠤᠨ ᠠᠰᠠᠷᠠᠮᠵᠢ᠎ᠶᠢᠨ ᠳᠠᠭᠠᠳᠬᠠᠯ᠎ᠤᠨ ᠵᠠᠷᠤᠳᠠᠯ᠎ᠢ 136.59 ᠲᠦᠮᠡᠨ ᠲᠥᠭᠥᠷᠢᠭ
ᠣᠷᠣᠯᠠᠨ ᠲᠤᠰᠢᠶᠠᠨ ᠥᠭᠴᠦ᠂ ᠲᠦᠮᠡ ᠭᠠᠷᠤᠢ ᠬᠥᠮᠥᠨ᠎ᠳᠦ ᠬᠠᠮᠢᠶ᠎ᠠ ᠪᠦᠬᠦᠢ ᠬᠠᠷᠠᠭᠠᠯᠵᠠᠯ ᠬᠦᠷᠲᠡᠭᠡᠵᠡᠢ᠃
ᠠᠵᠤ ᠠᠬᠤᠢ
✦ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ ᠵᠢᠨ
ᠮᠡᠳᠡᠭᠡ ᠵᠢ ᠦᠨᠳᠦᠰᠦᠯᠡᠪᠡᠯ᠂ 1 — 11 ᠰᠠᠷ᠎ᠠ᠎ᠳᠤ ᠭᠡᠷ᠎ᠦᠨ
ᠴᠠᠬᠢᠯᠭᠠᠨ ᠬᠡᠷᠡᠭᠰᠡᠯ᠎ᠤᠨ ᠬᠠᠭᠤᠴᠢᠨ᠎ᠢᠶᠠᠷ ᠰᠢᠨ᠎ᠡ᠎ᠶᠢ ᠰᠣᠯᠢᠭᠰᠠᠨ ᠬᠡᠮᠵᠢᠶ᠎ᠠ 1.28 ᠳ᠋ᠦᠩᠰᠢᠭᠤᠷ᠎ᠢ
ᠳᠠᠪᠠᠵᠤ᠂ ᠬᠣᠯᠪᠣᠭᠳᠠᠯ ᠪᠦᠬᠦᠢ ᠲᠠᠸᠠᠷ᠎ᠤᠨ ᠪᠣᠷᠤᠯᠠᠭᠤᠯᠭ᠎ᠠ᠎ᠶᠢᠨ ᠬᠡᠮᠵᠢᠶ᠎ᠡ 2.5 ᠲᠦᠮᠡᠨ ᠳ᠋ᠦᠩᠰᠢᠭᠤᠷ
ᠲᠥᠭᠥᠷᠢᠭ᠎ᠢ ᠳᠠᠪᠠᠵᠠᠢ᠃
✦ᠡᠨᠡ ᠵᠢᠯ᠎ᠡᠴᠡ ᠨᠠᠭᠠᠰᠢ᠂ ᠡᠷᠢᠶᠡᠨ ᠪᠣᠭᠣᠮᠲᠠ ᠠᠮᠢᠳᠤ ᠮᠠᠯ᠎ᠤᠨ ᠪᠣᠭᠣᠮᠲᠠ᠎ᠪᠠᠷ ᠣᠷᠣᠭᠤᠯᠵᠤ
ᠭᠠᠷᠭᠠᠬᠤ ᠬᠣᠣᠰ ᠴᠢᠭᠯᠡᠯ᠎ᠢᠶᠡᠷ ᠰᠠᠭᠠᠳ ᠦᠭᠡᠢ ᠨᠡᠪᠲᠡᠷᠡᠬᠦ᠎ᠶᠢ ᠪᠡᠶᠡᠯᠡᠭᠦᠯᠵᠦ᠂ ᠳᠤᠮᠳᠠᠳᠤ ᠮᠣᠩᠭᠣᠯ᠎ᠤᠨ
ᠮᠠᠯ ᠠᠵᠤ ᠠᠬᠤᠢ᠎ᠶᠢᠨ ᠬᠠᠮᠲᠤᠷᠠᠯᠴᠠᠭ᠎ᠠ ᠶ᠋ᠢ ᠬᠦᠴᠦᠲᠡᠢ ᠠᠬᠢᠭᠤᠯᠪᠠ᠃ ᠲᠣᠭ᠎ᠠ ᠪᠠᠷᠢᠮᠲᠠ᠎ᠳᠤ ᠢᠯᠡᠷᠡᠭᠦᠯᠦᠭᠰᠡᠨ᠎ᠢᠶᠡᠷ᠂
ᠲᠦᠷᠦᠭᠦᠸ᠋ 11 ᠰᠠᠷ᠎ᠠ᠎ᠳᠤ᠂ 1.78 ᠲᠦᠮᠡᠨ ᠬᠣᠨᠢ᠂ 123 ᠮᠣᠷᠢ ᠤᠷᠤᠭᠤᠯᠵᠤ᠂ 41 ᠮᠣᠷᠢ᠂ 393 ᠦᠬᠡᠷᠭᠠᠷᠭᠠᠵᠠᠢ᠃

✦25 ᠡᠴᠡ 27 ᠤ᠋ ᠡᠳᠦᠷ ᠪᠤᠯᠳᠠᠯ᠎ᠠ ᠣᠲᠤᠭ᠎ᠤᠨ ᠡᠮᠦᠨᠡᠲᠦ ᠬᠣᠰᠢᠭᠤ ᠡᠪᠦᠯ᠎ᠦᠨ ᠦᠭᠦᠴᠡ ᠨᠥᠭᠡᠴᠡᠯᠡᠬᠦ
ᠰᠣᠶᠣᠯ᠎ᠢᠶᠠᠷ ᠬᠡᠷᠡᠭᠯᠡᠭᠡ᠎ᠶᠢ ᠠᠬᠢᠭᠤᠯᠬᠤ ᠠᠵᠢᠯᠯᠠᠭ᠎ᠠ ᠡᠬᠢᠯᠡᠵᠦ᠂ ᠡᠪᠦᠯ᠎ᠦᠨ ᠤᠯᠠᠷᠢᠯ᠎ᠤᠨ ᠦᠢᠯᠡᠳᠪᠦᠷᠢᠯᠡᠯ
ᠪᠠ ᠵᠠᠬ᠎ᠠ ᠳᠡᠯᠭᠡᠭᠦᠷ᠎ᠦᠨ ᠬᠡᠷᠡᠭᠴᠡᠭᠡ ᠱᠠᠭᠠᠷᠳᠠᠯᠭ᠎ᠠ᠎ᠵᠢ ᠣᠨᠣᠪᠴᠢᠲᠠᠶ ᠵᠣᠯᠭᠠᠭᠤᠯᠵᠤ᠂ ᠮᠠᠯ᠎ᠤᠨ ᠠᠰᠢᠭ᠋
ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ ᠢ᠋ ᠪᠣᠷᠣᠯᠠᠭᠤᠯᠬᠤ ᠴᠢᠬᠤᠯᠠ ᠠᠷᠭ᠎ᠠ ᠠᠪᠴᠠᠯ ᠪᠤᠯᠭᠠᠵᠤ᠂ ᠮᠠᠯᠴᠢᠨ
ᠲᠠᠷᠢᠶᠠᠴᠢᠳ ᠲᠤ᠌ ᠭᠠᠷᠤᠯᠲᠠ᠎ᠪᠠᠨ ᠳᠡᠯᠭᠡᠨ ᠪᠣᠷᠣᠯᠠᠭᠤᠯᠬᠤ ᠲᠠᠪᠴᠠᠩ ᠬᠠᠩᠭᠠᠭᠰᠠᠨ᠎ᠢᠶᠠᠷ ᠪᠠᠷᠠᠬᠤ ᠦᠭᠡᠢ ᠪᠠᠰᠠ
100 ᠲᠦᠮᠡᠨ ᠲᠥᠭᠥᠷᠢᠭ᠎ᠦᠨ ᠬᠡᠷᠡᠭᠯᠡᠭᠡᠨ᠎ᠦ ᠲᠡᠮᠳᠡᠭᠲᠦ ᠲᠠᠷᠬᠠᠭᠠᠵᠠᠢ᠃

ᠲᠠᠮᠢᠷ
✦2025 ᠣᠨ ᠤ᠋ ᠠᠯᠠᠱᠠ
ᠠᠢᠮᠠᠭ᠎ᠤᠨ ᠲᠡᠮᠡᠭᠡᠨ᠎ᠦ ᠬᠣᠯᠪᠣᠭᠠᠲᠤ ᠤᠷᠤᠯᠳᠤᠭᠠᠨ ᠤ᠋ ᠡᠬᠢᠯᠡᠯᠲᠡ᠎ᠶᠢᠨ
ᠶᠣᠰᠣᠯᠠᠯ ᠵᠢᠴᠢ ᠨᠢᠭᠡᠳᠦᠭᠡᠷ ᠲᠠᠯᠠᠪᠠᠢ ᠤᠷᠤᠯᠳᠤᠭᠠᠨ 27 ᠡᠴᠡ 29 ᠤ᠋ ᠡᠳᠦᠷ ᠪᠤᠯᠳᠠᠯ᠎ᠠ ᠪᠠᠶᠠᠨᠬᠣᠲᠠ
ᠳ᠋ᠤ ᠶᠠᠪᠤᠭᠳᠠᠵᠤ᠂ ᠥᠪᠥᠷ ᠮᠣᠩᠭᠣᠯ᠂ ᠭᠠᠨᠰᠤ᠂ ᠰᠢᠨᠵᠢᠶᠠᠩ᠂ ᠨᠢᠩᠰᠢᠶᠠ᠂ ᠬᠥᠬᠡᠨᠠᠭᠤᠷ᠂ ᠵᠢᠶᠠᠩᠰᠤ ᠵᠡᠷᠭᠡ
6 ᠮᠤᠵᠢ ᠣᠷᠣᠨ᠎ᠤ 26 ᠬᠣᠰᠢᠭᠤ ᠰᠢᠶᠠᠨ ᠪᠠ ᠠᠵᠤ ᠠᠬᠤᠢᠯᠠᠯ᠎ᠤᠨ ᠲᠥᠯᠥᠭᠡᠯᠡᠭᠴᠢ᠎ᠶᠢᠨ ᠠᠩᠭᠢ᠎ᠶᠢᠨ 1050 ᠲᠡᠮᠡᠭᠡ᠂
506 ᠳᠡᠮᠡᠭᠡᠴᠢᠨ ᠡᠯ᠎ᠠ ᠲᠦᠷᠦᠯ᠎ᠤᠨ ᠤᠷᠤᠯᠳᠤᠭᠠᠨ ᠳ᠋ᠤ ᠤᠷᠤᠯᠴᠠᠵᠠᠢ᠃

ᠳᠡᠯᠡᠬᠡᠢ
✦ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ 26᠎ᠤ ᠡᠳᠦᠷ ᠦᠺᠷᠠᠢᠨ᠎ᠤ ᠶᠡᠷᠦᠩᠬᠡᠢᠯᠡᠭᠴᠢ
ᠽᠸᠯᠢᠶᠠᠨᠰᠺᠢ ᠬᠡᠯᠡᠬᠦ᠎ᠳᠡᠭᠡᠨ᠂ ᠬᠡᠷᠪᠡ ᠣᠷᠣᠰ ᠨᠠᠭᠠᠲᠤ ᠵᠠᠬ᠎ᠠ᠎ᠳᠠᠭᠠᠨ 60 ᠡᠳᠦᠷ ᠳᠠᠢᠲᠤᠬᠤ᠎ᠪᠠᠨ ᠵᠣᠭᠰᠣᠬᠤ
ᠶ᠋ᠢ ᠵᠥᠪᠰᠢᠶᠡᠷᠡᠬᠦ ᠳ᠋ᠦ ᠬᠦᠷᠪᠡᠯ᠂ ᠲᠡᠷᠡ ᠳᠤᠷᠠᠳᠠᠢᠶᠠ ᠵᠥᠪᠳᠡᠵᠦ ᠪᠠᠢᠭ᠎ᠠ ᠣᠷᠣᠰ ᠦᠺᠷᠠᠢᠨ᠎ᠤ 《ᠨᠠᠢᠷᠠᠮᠳᠠᠯ ᠤ᠋ᠨ ᠲᠥᠯᠥᠪᠯᠡᠭᠡ》᠎ᠳ᠋ᠤ
ᠪᠦᠬᠦ ᠠᠷᠠᠳ᠎ᠤᠨ ᠪᠢᠯᠸᠲ ᠦᠭᠭᠦᠯᠳᠡ ᠶᠠᠪᠤᠭᠤᠯᠤᠨ᠎ᠠ ᠭᠡᠵᠡᠢ᠃
✦ᠲᠤᠬᠠᠢ᠎ᠶᠢᠨ ᠭᠠᠵᠠᠷ᠎ᠤᠨ ᠴᠠᠭ᠎ᠢᠶᠠᠷ 27᠎ᠤ ᠡᠳᠦᠷ᠂ ᠺᠠᠮᠪᠤᠵᠠ᠎ᠲᠠᠢ ᠤᠯᠤᠰ᠎ᠤᠨ ᠬᠢᠯᠢ᠎ᠶᠢᠨ
ᠵᠠᠭᠠᠭ᠎ᠤᠨ ᠶᠡᠷᠦᠩᠬᠡᠢ ᠵᠥᠪᠯᠡᠯ᠎ᠦᠨ ᠭᠤᠷᠪᠠᠳᠤᠭᠠᠷ ᠤᠳᠠᠭ᠎ᠠ᠎ᠶᠢᠨ ᠣᠨᠴᠠᠭᠠᠢ ᠬᠤᠷᠠᠯ᠎ᠤᠨ ᠬᠠᠮᠲᠤᠷᠠᠭᠰᠠᠨ ᠢᠯᠡᠷᠬᠡᠢᠯᠡᠯᠲᠡ᠎ᠶᠢᠨ
ᠶᠣᠰᠣᠭᠠᠷ ᠺᠠᠮᠪᠤᠵᠠ᠎ᠲᠠᠢ ᠬᠣᠶᠠᠷ ᠤᠯᠤᠰ ᠲᠠᠢ᠍ᠢᠨ ᠵᠣᠭᠰᠣᠬᠤ ᠪᠠᠢᠳᠠᠯ᠎ᠳᠤ ᠣᠷᠣᠪᠠ᠃

ᠦᠢᠯᠡᠴᠢᠯᠡᠭᠡ
✦ᠬᠥᠬᠡᠬᠣᠲᠠ᠎ᠶᠢᠨ ᠰᠣᠶᠣᠯ ᠵᠢᠭᠤᠯᠴᠢᠯᠠᠯ᠎ᠤᠨ ᠪᠡᠯᠡ ᠣᠷᠣᠭᠤᠯᠤᠯᠲᠠ᠎ᠶᠢᠨ ᠪᠦᠯᠦᠭᠯᠡᠯ᠎ᠦᠨ
ᠬᠢᠵᠠᠭᠠᠷᠲᠤ ᠺᠣᠮᠫᠠᠨᠢ 20 ᠠᠵᠢᠯᠲᠠᠨ ᠡᠯᠰᠡᠬᠦ ᠪᠡᠷ ᠪᠤᠢ᠃
✦ᠠᠯᠪᠠᠨ᠎ᠤ ᠲᠠᠯ᠎ᠠ᠎ᠶᠢᠨ ᠨᠡᠢᠲᠡᠯᠡᠭᠰᠡᠨ ᠬᠠᠮᠤᠭ᠎ᠤᠨ ᠰᠢᠨ᠎ᠡ ᠲᠥᠷᠥ᠎ᠶᠢᠨ ᠪᠣᠳᠣᠯᠭ᠎ᠠ᠎ᠶᠢ
ᠦᠨᠳᠦᠰᠦᠯᠡᠪᠡᠯ᠂ 2026 ᠣᠨ᠎ᠤ ᠰᠢᠨ᠎ᠡ ᠤᠨ᠎ᠤ ᠠᠮᠠᠷᠠᠯᠲᠠ 1 ᠰᠠᠷ᠎ᠠ᠎ᠶᠢᠨ 1᠎ᠦ ᠡᠳᠦᠷ᠎ᠡᠴᠡ 3᠎ᠤ ᠡᠳᠦᠷ ᠪᠤᠯᠳᠠᠯ᠎ᠠ
ᠦᠷᠬᠦᠯᠵᠢᠯᠡᠨᠠ᠃ ᠲᠤᠰ ᠠᠮᠠᠷᠠᠯᠳᠠ ᠵᠢᠨ ᠬᠤᠭᠤᠴᠠᠭᠠᠨ᠎ᠳᠤ ᠪᠥᠬᠥ ᠤᠯᠤᠰ᠎ᠤᠨ ᠲᠦᠷᠭᠡᠨ
ᠤ᠋ ᠵᠠᠰᠠᠮᠠᠯ ᠵᠠᠮ ᠰᠦᠢᠳᠬᠡᠯ ᠬᠤᠷᠢᠶᠠᠬᠤ ᠦᠭᠡᠢ ᠲᠦᠷᠦ ᠵᠢᠨ ᠪᠤᠳᠤᠯᠭ᠎ᠠ ᠬᠡᠷᠡᠭᠵᠢᠬᠦᠯᠬᠦ ᠦᠭᠡᠢ ᠪᠠᠢᠵᠤ᠂
ᠠᠶᠠᠨᠴᠢᠳ
ᠬᠡᠪ᠎ᠦᠨ ᠶᠣᠰᠣᠭᠠᠷ ᠰᠦᠢᠳᠬᠡᠯ ᠲᠤᠰᠢᠶᠠᠬᠤ ᠬᠡᠷᠡᠭᠲᠡᠢ᠃
ᠲᠠᠨ᠎ᠤ ᠲᠤᠰᠠ᠎ᠳᠤ
✦ ᠰᠦ᠎ᠲᠠᠢ ᠴᠠᠢ ᠵᠢ 《ᠰᠦ ᠪᠠ ᠴᠠᠢ》 ᠪᠠᠷ ᠬᠢᠭᠰᠡᠨ ᠶᠤᠮ᠂ ᠴᠠᠢ᠎ᠶᠢᠨ ᠳᠣᠲᠣᠷ᠎ᠠ
ᠺᠤᠹᠸᠶ᠋ᠢᠨ ᠠᠭᠤᠯᠵᠤ ᠪᠠᠢᠳᠠᠭ᠃ ᠠᠩᠬᠠᠷᠤᠭᠤᠰᠢᠲᠠᠢ ᠨᠢ ᠭᠡᠪᠡᠯ᠂ ᠵᠠᠬ᠎ᠠ ᠳᠡᠯᠭᠡᠭᠦᠷ᠎ᠲᠦ ᠬᠤᠳᠠᠯᠳᠤᠵᠤ ᠪᠠᠢᠭ᠎ᠠ
ᠮᠠᠰᠢ ᠣᠯᠠᠨ ᠶᠠᠨᠭᠵᠤ ᠵᠢᠨ ᠰᠦ᠎ᠲᠠᠢ ᠴᠠᠢ ᠨᠢ ᠴᠥᠮ ᠰᠢᠭᠤᠳ ᠬᠡᠷᠡᠭᠯᠡᠳᠡᠭ ᠠᠭᠰᠢᠭᠠᠮᠠᠯ ᠴᠠᠢ ᠪᠣᠯᠬᠣᠷ ᠺᠤᠹᠸᠶ᠋ᠢᠨ
ᠤ ᠠᠭᠤᠯᠤᠭᠳᠠᠴᠠ ᠨᠢ ᠶᠡᠷᠦ᠎ᠳᠡᠭᠡᠨ ᠨᠠᠩ ᠥᠨᠳᠥᠷ ᠪᠠᠢᠳᠠᠭ᠃ ᠲᠤᠮᠤᠴᠤᠤᠯ ᠪᠤᠶᠤ ᠬᠡᠦᠬᠡᠳ᠎ᠦᠨ ᠠᠯᠢ ᠨᠢ ᠴᠦ᠍
ᠭᠡᠰᠡᠨ ᠰᠦ᠎ᠲᠠᠢ ᠴᠠᠢ ᠤᠤᠭᠤᠬᠤ᠎ᠳᠠᠭᠠᠨ ᠪᠦᠷ ᠺᠤᠹᠸᠶ᠋ᠢᠨ ᠤ᠋ ᠬᠡᠮᠵᠢᠶ᠎ᠠ᠎ᠶᠢ ᠠᠩᠬᠠᠷᠬᠤ ᠬᠡᠷᠡᠭᠲᠡᠢ᠃

ᠵᠠᠯᠭᠠᠭᠠᠳ 《ᠰᠢᠷ᠎ᠠ ᠲᠠᠯ᠎ᠠ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ
ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠤ ᠪᠠᠶᠠᠷᠯᠠᠯ᠎ᠠ᠂ ᠪᠠᠶᠠᠷᠳᠠᠢ!
(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ
ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ
ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ
ᠬᠤᠳᠠ᠂ ᠬᠤᠰᠢᠭᠤ ᠰᠢᠶᠠᠨ᠎ᠤ ᠵᠢᠷᠬᠢᠶ᠎ᠠ᠎ᠶᠢᠨ ᠲᠠᠪᠴᠠᠩ)