



ᠨᠡᠢᠭᠡᠮ
✦ᠲᠥᠷᠥ᠎ᠶᠢᠨ ᠶᠠᠪᠤᠳᠠᠯ᠎ᠤᠨ ᠬᠤᠷᠢᠶ᠎ᠠ
ᠵᠢᠨ ᠡᠷᠳᠡᠮ᠎ᠦᠨ ᠴᠣᠯᠠ᠎ᠶᠢᠨ ᠵᠥᠪᠯᠡᠯ᠎ᠡᠴᠡ ᠬᠠᠮᠢᠶᠠᠷᠤᠯᠲᠠ᠎ᠶᠢᠨ ᠠᠷᠭ᠎ᠠ ᠳᠠᠷᠤᠮᠠᠯᠯᠠᠨ ᠲᠠᠷᠬᠠᠭᠠᠵᠤ᠂ ᠴᠥᠭᠡᠨ
ᠲᠣᠭᠠᠨ᠎ᠤ ᠡᠷᠳᠡᠮ ᠴᠢᠳᠠᠪᠤᠷᠢ᠎ᠲᠠᠢ ᠳ᠋ᠣᠺᠲ᠋ᠣᠷᠠᠨᠲ᠎ᠤᠨ ᠰᠢᠨᠵᠢᠯᠡᠭᠡᠨ᠎ᠦ ᠰᠠᠯᠠᠭ᠎ᠠ ᠠᠯᠤᠰᠯᠠᠨ ᠮᠠᠰᠲᠧᠷ ᠴᠣᠯᠠ
ᠬᠠᠮᠠᠭᠠᠯᠠᠬᠤ᠎ᠪᠠᠷ ᠰᠤᠷᠤᠯᠴᠠᠬᠤ᠎ᠶᠢ ᠳᠡᠮᠵᠢᠨ᠎ᠡ ᠭᠡᠪᠡ᠃
✦ᠤᠯᠤᠰ᠎ᠤᠨ ᠨᠡᠭᠦᠳᠡᠯ ᠠᠷᠠᠳ᠎ᠤᠨ
ᠬᠠᠮᠢᠶᠠᠷᠤᠯᠲᠠ᠎ᠶᠢᠨ ᠳᠤᠪᠴᠢᠶ᠎ᠠ ᠵᠢᠨ ᠮᠡᠳᠡᠭᠡ᠎ᠶᠢ ᠦᠨᠳᠦᠰᠦᠯᠡᠪᠡᠯ᠂ ᠰᠢᠨ᠎ᠡ ᠵᠢᠯ ᠤ᠋ᠨ ᠠᠮᠠᠷᠠᠯᠲᠠ᠎ᠶᠢᠨ ᠬᠤᠭᠤᠴᠠᠭᠠᠨ᠎ᠳᠤ
ᠬᠢᠯᠢ᠎ᠪᠡᠷ ᠣᠷᠣᠵᠤ ᠭᠠᠷᠬᠤ ᠠᠶᠠᠨᠴᠢᠳ ᠳᠤᠮᠳᠠᠴᠢ᠎ᠪᠠᠷ 210 ᠲᠦᠮᠡᠨ ᠬᠥᠮᠥᠨ ᠤᠳᠠᠭ᠎ᠠ᠎ᠶᠢ ᠳᠠᠪᠠᠵᠤ᠂ ᠨᠢᠳᠤᠨᠤᠨ᠎ᠤ
ᠠᠳᠠᠯᠢ ᠬᠤᠭᠤᠴᠠᠭᠠᠨ᠎ᠤ ᠬᠢ᠎ᠡᠴᠡ 22.4% ᠪᠡᠷ ᠨᠡᠮᠡᠭᠳᠡᠬᠦ ᠪᠣᠯᠣᠨ᠎ᠠ᠃
✦29 ᠦ ᠡᠳᠦᠷ᠂ ᠤᠯᠤᠰ᠎ᠤᠨ ᠳᠣᠲᠣᠭᠠᠳᠤ᠎ᠶᠢᠨ
ᠠᠩᠬᠠᠳᠠᠭ᠍ᠴᠢ ᠬᠣᠲᠠ (ᠲᠡᠭᠦᠷᠭᠡ) ᠵᠢᠨ ᠲᠡᠮᠦᠷ ᠵᠠᠮ᠎ᠤᠨ ᠲᠡᠯᠡᠶ ᠠᠯᠤᠰᠯᠠᠭᠰᠠᠨ ᠲᠣᠮᠣ᠌ ᠬᠥᠭᠥᠷᠭᠡ — ᠨᠢᠩᠪᠦ᠋ᠸᠧ
ᠬᠤᠲᠠ᠎ᠶᠢᠨ ᠲᠡᠮᠦᠷ ᠵᠠᠮ᠎ᠤᠨ ᠰᠢᠶᠠᠩ ᠱᠠᠨ ᠭᠠᠷᠠᠮ᠎ᠤᠨ ᠳᠠᠯᠠᠢ ᠰᠤᠨᠳᠠᠯᠠᠭᠰᠠᠨ ᠶᠡᠬᠡ ᠬᠥᠭᠥᠷᠭᠡ ᠤᠷᠤᠭᠰᠢᠲᠠᠢ
ᠨᠡᠢᠯᠡᠪᠡ᠃

✦30 ᠤ ᠡᠳᠦᠷ᠂ S43 ᠬᠥᠬᠡᠬᠣᠲᠠ ᠨᠢᠰᠬᠡᠯ᠎ᠦᠨ ᠪᠠᠭᠤᠳᠠᠯ᠎ᠤᠨ ᠲᠦᠷᠭᠡᠨ᠎ᠤ
ᠵᠠᠰᠠᠮᠠᠯ ᠵᠠᠮ ᠲᠡᠷᠭᠡ ᠨᠡᠪᠲᠡᠷᠡᠪᠡ᠃
✦ᠰᠢᠯᠢ᠎ᠶᠢᠨ ᠭᠣᠣᠯ ᠠᠢᠮᠠᠭ᠎ᠤᠨ
ᠰᠢᠨ᠎ᠡ ᠡᠨᠧᠷᠭᠢ᠎ᠶᠢᠨ ᠮᠠᠰᠢᠨ ᠴᠣᠭᠴᠠᠯᠠᠪᠤᠷᠢ᠎ᠶᠢᠨ ᠬᠡᠪᠴᠢᠶ᠎ᠡ ᠪᠠ ᠴᠠᠬᠢᠯᠭᠠᠨ ᠭᠠᠷᠭᠠᠭᠰᠠᠨ ᠬᠡᠮᠵᠢᠶ᠎ᠡ ᠨᠢ
ᠪᠦᠬᠦ ᠣᠷᠣᠨ ᠳ᠋ᠤ ᠳᠦᠷᠦᠬᠦᠯᠡᠪᠡ᠃

✦ᠤᠢᠷ᠎ᠠ᠎ᠳᠤ ᠤᠷᠠᠳ᠎ᠤᠨ ᠳᠤᠮᠳᠠᠳᠤ
ᠬᠣᠰᠢᠭᠤᠨ᠎ᠤ ᠭᠠᠭᠴᠠᠮᠣᠳᠤ ᠪᠠᠯᠭᠠᠰᠤᠨ᠎ᠳᠤ《ᠭᠠᠳᠠᠭᠠᠳᠤ᠎ᠳᠤ ᠰᠠᠭᠤᠭ᠎ᠠ
ᠠᠬ᠎ᠠ ᠳᠡᠭᠦᠦ ᠨᠠᠷ᠎ᠦᠨ ᠭᠡᠷ》ᠪᠠᠢᠭᠤᠯᠤᠭᠳᠠᠵᠤ᠂ ᠤᠯᠤᠰ᠎ᠲᠠᠭᠠᠨ ᠪᠤᠴᠠᠵᠤ
ᠢᠷᠡᠭᠰᠡᠨ ᠳᠤᠮᠳᠠᠳᠤ᠎ᠶᠢᠨ ᠬᠠᠷᠢᠶᠠᠲᠤ ᠨᠠᠷ᠎ᠲᠤ ᠬᠣᠯᠪᠣᠭ᠎ᠠ ᠪᠠᠷᠢᠵᠤ ᠨᠥᠬᠥᠷᠯᠡᠯ ᠪᠠᠶ᠋ᠢᠭᠤᠯᠬᠤ᠂ ᠲᠦᠷᠦ᠎ᠶᠢᠨ
ᠪᠣᠳᠣᠯᠭ᠎ᠠ᠎ᠶᠢᠨ ᠵᠥᠪᠯᠡᠯᠭᠡ ᠥᠭᠬᠦ᠂ ᠦᠢᠯᠡᠴᠢᠯᠡᠭᠡᠨ᠎ᠦ ᠪᠠᠲᠤᠯᠠᠭ᠎ᠠ ᠬᠠᠩᠭᠠᠬᠤ᠂ ᠰᠣᠶᠣᠯ᠎ᠤᠨ ᠰᠣᠯᠢᠯᠴᠠᠭ᠎ᠠ
ᠬᠢᠬᠦ ᠵᠡᠷᠭᠡ ᠶᠡᠷᠦᠩᠬᠡᠢᠯᠡᠭᠰᠡᠨ ᠴᠢᠨᠠᠷᠲᠠᠢ ᠲᠠᠪᠴᠠᠩ ᠬᠠᠩᠭᠠᠭᠰᠠᠨ ᠪᠠᠢᠨ᠎ᠠ᠃
ᠠᠵᠤ ᠠᠬᠤᠢ
✦ᠡᠵᠡᠨ ᠬᠣᠷᠣᠭ᠎ᠠ ᠬᠣᠰᠢᠭᠤᠨ᠎ᠤ
ᠵᠠᠰᠠᠭ ᠪᠠᠯᠭᠠᠰᠤᠨ᠎ᠤ ᠬᠠᠭᠤᠷᠠᠢ ᠴᠠᠶ᠋ᠢᠳᠠᠮ ᠲᠣᠰᠬᠣᠨ᠎ᠤ ᠦᠨᠦᠷᠲᠦ ᠮᠥᠭᠥ ᠲᠠᠷᠢᠬᠤ ᠰᠠᠭᠤᠷᠢᠨ ᠡᠯᠪᠡᠭ ᠬᠤᠷᠢᠶᠠᠯᠲᠠ
ᠣᠯᠪᠠ᠃ ᠳᠤᠰ ᠰᠠᠭᠤᠷᠢᠨ ᠡᠨᠡ ᠵᠢᠯ 26 ᠬᠦᠯᠡᠮᠵᠢ᠎ᠳᠤ ᠨᠡᠢᠲᠡ 20 ᠲᠦᠮᠡᠨ ᠰᠢᠳᠠᠮ᠎ᠲᠤ ᠨᠤᠨᠲᠠᠭᠯᠠᠭᠤᠷ ᠮᠥᠬᠥ
ᠲᠠᠷᠢᠵᠤ᠂ ᠨᠢᠭᠡ ᠰᠢᠳᠠᠮ᠎ᠲᠤ ᠨᠤᠨᠲᠠᠭᠯᠠᠭᠤᠷᠢ 2 ᠵᠢᠩ᠎ᠢᠶᠡᠷ ᠪᠤᠳᠤᠪᠠᠯ᠂ ᠵᠢᠯ᠎ᠦᠨ ᠦᠢᠯᠡᠳᠬᠦᠨ᠎ᠦ ᠥᠷᠲᠡᠭ ᠨᠢ
40 ᠲᠦᠮᠡᠨ ᠵᠢᠩ᠎ᠳᠤ ᠬᠦᠷᠴᠦ᠂ ᠪᠠᠷᠤᠭ 200 ᠲᠦᠮᠡᠨ ᠲᠥᠭᠥᠷᠢᠭ᠎ᠤᠨ ᠤᠷᠤᠯᠭ᠎ᠠ ᠤᠯᠬᠤ ᠪᠤᠯᠤᠨ᠎ᠠ᠃

ᠰᠤᠶᠤᠯ
✦12 ᠰᠠᠷ᠎ᠠ᠎ᠶ᠋ᠢᠨ 30᠎ᠤ ᠡᠳᠤᠷ᠂ ᠦᠵᠦᠮᠦᠴᠢᠨ
ᠨᠤᠲᠤᠭ᠎ᠤᠨ ᠮᠦᠩᠬᠦᠨ ᠡᠪᠤᠯ᠎ᠤᠨ ᠨᠠᠭᠠᠳᠤᠮ ᠵᠢᠴᠢ ᠲᠠᠯ᠎ᠠ ᠨᠤᠲᠤᠭ᠎ᠤᠨ 99 ᠨᠣᠮᠧᠷᠲᠤ ᠵᠠᠰᠠᠮᠠᠯ ᠵᠠᠮ᠎ᠤᠨ ᠴᠠᠰᠤ
ᠮᠦᠰᠦᠨ᠎ᠤ ᠤᠯᠠᠷᠢᠯ᠎ᠤᠨ ᠡᠬᠢᠯᠡᠯᠳᠡ ᠵᠢᠨ ᠶᠤᠰᠤᠯᠠᠯ ᠨᠢᠵᠢᠬᠢᠷ ᠶᠠᠪᠤᠬᠳᠠᠪᠠ᠃


✦ᠠᠩᠬᠠᠳᠤᠭᠠᠷ ᠤᠳᠠᠭᠠᠨ᠎ᠤ ᠪᠥᠬᠥ
ᠣᠷᠣᠨ᠎ᠤ ᠱᠠᠭ᠎ᠠ᠎ᠶᠢᠨ ᠲᠠᠮᠢᠷ ᠤ᠋ᠨ ᠰᠣᠯᠢᠯᠴᠠᠭᠠᠨ᠎ᠤ ᠠᠵᠢᠯᠯᠠᠭ᠎ᠠ ᠲᠦᠷᠦᠬᠦᠬᠡᠨ ᠠᠪᠠᠭ᠎ᠠ ᠬᠣᠰᠢᠭᠤᠨ᠎ᠤ ᠪᠦᠬᠦ
ᠠᠷᠠᠳ᠎ᠤᠨ ᠪᠡᠶ᠎ᠡ ᠴᠢᠭᠢᠷᠠᠭᠵᠢᠭᠤᠯᠬᠤ ᠲᠥᠪ ᠲᠤ ᠶᠠᠪᠤᠭᠳᠠᠵᠤ᠂ 6 ᠠᠢᠮᠠᠭ ᠬᠣᠲᠠ᠎ᠶᠢᠨ ᠠᠷᠪᠠᠨ ᠬᠣᠰᠢᠭᠤᠨ᠎ᠤ
ᠱᠠᠭᠠᠢᠴᠢᠳ ᠣᠷᠣᠯᠴᠠᠭᠰᠠᠨ ᠪᠠᠢᠨ᠎ᠠ᠃
✦《ᠳᠠᠭᠤᠤ ᠪᠦᠵᠢᠭ ᠵᠢᠡᠷ
ᠵᠠᠯᠠᠭᠤ ᠨᠠᠰᠤᠨ᠎ᠤ ᠴᠤᠭ ᠵᠢᠪᠬᠤᠭ᠎ᠠ ᠵᠢ ᠢᠯᠡᠷᠡᠬᠦᠯᠵᠤ᠂ ᠬᠦᠰᠡᠯ ᠮᠦᠷᠦᠭᠡᠳᠤᠯ ᠵᠢᠡᠨ ᠬᠦᠭᠡᠭᠡᠴᠡᠯᠳᠦᠬᠦ》 ᠭᠤᠤᠯ
ᠰᠡᠳᠤᠪᠳᠤ ᠤᠯᠠᠭᠠᠠᠬᠠᠳᠠ ᠳᠡᠭᠡᠳᠤ ᠰᠤᠷᠭᠠᠭᠤᠯᠢ ᠵᠢᠨ ᠪᠦᠵᠢᠭ᠎ᠤᠨ ᠳᠤᠰᠬᠠᠢ ᠳᠤᠬᠯᠠᠯᠳᠠ ᠤᠷᠴᠢᠮᠬᠠᠨᠳᠠ ᠯᠢ
ᠶᠠ ᠵᠦᠴᠦᠭᠡ ᠵᠢᠨ ᠲᠢᠶᠠᠲ᠋ᠷ᠎ᠲᠦ ᠶᠠᠪᠤᠬᠳᠠᠵᠠᠢ᠃
✦12 ᠰᠠᠷ᠎ᠠ᠎ᠶᠢᠨ 28᠎ᠤ ᠡᠳᠦᠷ᠂
ᠠᠮᠵᠢᠯᠲᠠ ᠪᠦᠲᠦᠮᠵᠢ᠎ᠪᠠᠷ ᠳᠦᠭᠦᠷᠡᠩ ᠬᠠᠭᠤᠴᠢᠨ ᠣᠨ᠎ᠢᠶᠠᠨ ᠦᠳᠡᠨ ᠮᠣᠷᠳᠠᠭᠤᠯᠵᠤ᠂ ᠠᠤᠭ᠎ᠠ ᠡᠷᠡᠨ᠎ᠦ ᠬᠡᠰᠢᠭ
ᠬᠤᠷᠤᠢᠯᠠᠭᠰᠠᠨ ᠰᠢᠨ᠎ᠡ ᠣᠨ᠎ᠢᠶᠠᠨ ᠤᠭᠲᠤᠬᠤ ᠣᠩᠨᠢᠭᠤᠳ ᠬᠣᠰᠢᠭᠤᠨ᠎ᠤ ᠠᠷᠠᠳ᠎ᠤᠨ ᠤᠷᠠᠯᠢᠭ᠍ᠴᠢᠳ᠎ᠤᠨ ᠨᠡᠢᠭᠡᠮᠯᠢᠭ᠎ᠦᠨ
ᠰᠢᠨ᠎ᠡ ᠣᠨ᠎ᠢᠶᠠᠨ ᠤᠭᠲᠤᠬᠤ ᠴᠡᠩᠭᠡᠬᠦᠨ ᠰᠢᠨᠡᠰᠦ᠋ᠮ᠎ᠡ ᠰᠤᠮᠤ᠎ᠳᠦ ᠪᠣᠯᠵᠤ ᠥᠩᠭᠡᠷᠡᠪᠡ᠃


ᠲᠠᠮᠢᠷ
✦ᠳᠡᠯᠡᠬᠡᠢ᠎ᠶᠢᠨ ᠫᠢᠩᠫᠠᠩ ᠪᠥᠮᠪᠥᠭᠡ᠎ᠶᠢᠨ
ᠲᠤᠰᠬᠠᠢ ᠮᠡᠷᠭᠡᠵᠢᠯ᠎ᠦᠨ ᠬᠣᠯᠪᠣᠭ᠎ᠠ (WTT) ᠵᠢᠨ 29 ᠦ ᠡᠳᠦᠷ᠎ᠤᠨ ᠮᠡᠳᠡᠭᠡ ᠵᠢ ᠦᠨᠳᠦᠰᠦᠯᠡᠪᠡᠯ᠂ ᠳᠤᠮᠳᠠᠳᠤ ᠤᠯᠤᠰ᠎ᠤᠨ ᠲᠠᠮᠢᠷᠴᠢᠨ
ᠰᠦᠨ ᠶᠢᠩ ᠱᠠ 2026 ᠣᠨ᠎ᠤ WTT
ᠳ᠋ᠠᠦ᠋ᠬᠠᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ᠎ᠳᠤ ᠤᠷᠤᠯᠴᠠᠬᠤ ᠪᠠᠨ ᠪᠤᠯᠢᠵᠥ᠂ ᠳᠤᠮᠳᠠᠳᠤ ᠤᠯᠤᠰ᠎ᠤᠨ
ᠰᠢᠶᠠᠩᠭᠠᠩ᠎ᠤᠨ ᠠᠩᠭᠢ᠎ᠶᠢᠨ ᠲᠠᠮᠢᠷᠴᠢᠨ ᠳᠦ ᠺᠠᠢ ᠴᠢᠨ ᠤᠷᠤᠯᠳᠤᠭᠠᠨ᠎ᠳᠤ ᠤᠷᠤᠯᠠᠨ ᠤᠷᠤᠯᠴᠠᠬᠤ ᠪᠡᠷ
ᠪᠤᠯᠪᠠ᠃

✦29 ᠤ᠋ ᠡᠳᠦᠷ᠂ ᠠᠯᠠᠱᠠ᠎ᠶᠢᠨ
ᠲᠡᠮᠡᠭᠡᠨ᠎ᠦ ᠬᠣᠯᠪᠣᠭᠠᠲᠤ ᠤᠷᠤᠯᠳᠤᠭᠠᠨ᠎ᠤ 15 ᠺᠢᠯᠣᠮᠧᠲᠷ᠎ᠦᠨ ᠬᠤᠯᠠ᠎ᠶᠢᠨ ᠲᠡᠮᠡᠭᠡᠨ᠎ᠦ ᠤᠷᠤᠯᠳᠤᠭᠠᠨ ᠬᠥᠷ
ᠬᠥᠭᠵᠢᠶᠡᠨ᠎ᠲᠠᠢ ᠶᠠᠪᠤᠭᠳᠠᠪᠠ᠃ ᠤᠷᠤᠯᠳᠤᠭᠠᠨ᠎ᠳᠤ 27 ᠬᠤᠷᠳᠤᠨ ᠠᠲᠠ ᠣᠷᠤᠯᠳᠤᠭᠤᠯᠵᠤ᠂ ᠠᠯᠠᠱᠠ ᠪᠠᠷᠠᠭᠤᠨ ᠬᠣᠰᠢᠭᠤᠨ᠎ᠤ
ᠢᠷᠦᠭᠡᠯᠲᠦ᠎ᠶᠢᠨ ᠱᠥᠮᠪᠥᠭᠡᠷ ᠠᠲᠠ ᠲᠡᠷᠢᠭᠦᠯᠡᠵᠡᠢ᠃

ᠳᠡᠯᠡᠬᠡᠢ
✦ᠰᠢᠨᠬᠤᠸᠠ ᠬᠤᠷᠢᠶ᠎ᠠ ᠵᠢᠨ
ᠮᠡᠳᠡᠭᠡ ᠵᠢ ᠦᠨᠳᠦᠰᠦᠯᠡᠪᠡᠯ᠂ ᠠᠮᠧᠷᠢᠺᠠ᠎ᠶᠢᠨ ᠺᠠᠯᠢᠹᠣᠷᠨᠢᠶ᠎ᠠ ᠵᠧᠦ᠎ᠶᠢᠨ ᠣᠯᠠᠨ ᠣᠷᠣᠨ ᠨᠤᠲᠤᠭ᠎ᠤᠨ ᠵᠠᠭᠤᠴᠢᠯᠠᠭᠤᠷ
28 ᠤ ᠡᠳᠦᠷ ᠠᠳᠠᠯᠢ ᠠᠭᠤᠯᠭ᠎ᠠ ᠳᠠᠢ ᠬᠤᠷᠢᠶ᠎ᠠ ᠵᠢᠨ ᠥᠭᠦᠯᠡᠯ ᠨᠡᠢᠲᠡᠯᠡᠵᠦ᠂ ᠲᠸᠷᠠᠮᠫᠦ᠋᠎ᠶᠢᠨ ᠵᠠᠰᠠᠭ᠎ᠤᠨ
ᠣᠷᠳᠣᠨ᠎ᠤ ᠠᠷᠠᠯᠵᠢᠶᠠᠨ᠎ᠤ ᠲᠥᠷᠥ᠎ᠶᠢᠨ ᠪᠣᠳᠣᠯᠭ᠎ᠠ᠎ᠶᠢ ᠰᠢᠭᠦᠮᠵᠢᠯᠡᠪᠡ᠃
ᠦᠢᠯᠡᠴᠢᠯᠡᠭᠡ
✦ᠡᠵᠡᠨ᠎ᠡ ᠬᠤᠰᠢᠭᠤᠨ᠎ᠤ
ᠤᠯᠠᠭᠠᠠᠮᠦ᠋ᠴᠢᠷ ᠠᠵᠢᠯ ᠤᠢᠯᠡᠰ᠎ᠤᠨ ᠤᠷᠤᠨ ᠲᠤᠭ᠎ᠠ ᠳᠠᠢ ᠠᠵᠢᠯᠳᠠᠨ ᠡᠯᠰᠡᠬᠦ ᠪᠡᠷ ᠪᠤᠢ᠃
ᠲᠠᠨ᠎ᠤ ᠲᠤᠰᠠ᠎ᠳᠤ
✦ᠵᠢᠭᠠᠰᠤ᠎ᠶᠢ ᠬᠠᠭᠠᠷᠢᠬᠤ᠎ᠠᠴᠠ
ᠪᠡᠨ ᠡᠮᠦᠨ᠎ᠡ ᠦᠨᠢᠶᠡᠨ ᠰᠦᠳᠦ ᠵᠢᠭᠠᠬᠠᠨ ᠳᠡᠪᠲᠦᠭᠡᠪᠡᠯ᠂ ᠰᠢᠩᠬᠡᠭ ᠦᠨᠦᠷ᠎ᠢ ᠠᠷᠢᠯᠭᠠᠵᠤ ᠳᠡᠢᠯᠬᠦ ᠮᠥᠷᠲᠡᠭᠡᠨ
ᠪᠠᠰᠠ ᠰᠢᠨ᠎ᠡ ᠰᠣᠷᠭᠣᠭ ᠠᠮᠳᠠ ᠵᠢ ᠨᠡᠮᠡᠭᠳᠡᠭᠦᠯᠳᠡᠭ᠃

ᠵᠠᠯᠭᠠᠭᠠᠳ 《ᠡᠷᠬᠡᠯᠡᠵᠤ
ᠰᠠᠨᠠᠬᠤ ᠬᠠᠢᠷ᠎ᠠ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ ᠤ ᠬᠦᠯᠢᠶᠡᠨ ᠠᠪᠴᠤ᠌ ᠰᠤᠨᠤᠰᠤᠬ᠍ᠰᠠᠨ ᠳ᠋ᠦ ᠪᠠᠶᠠᠷᠯᠠᠯ᠎ᠠ᠂
ᠪᠠᠶᠠᠷᠳᠠᠢ!
(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ ᠬᠤᠳᠠ᠂ ᠬᠤᠰᠢᠭᠤ ᠰᠢᠶᠠᠨ᠎ᠤ ᠵᠢᠷᠬᠢᠶ᠎ᠠ᠎ᠶᠢᠨ ᠲᠠᠪᠴᠠᠩ)