



ᠨᠡᠢᠭᠡᠮ
✦ ᠤᠯᠤᠰ᠎ᠤᠨ ᠡᠮᠴᠢᠯᠡᠭᠡᠨ᠎ᠤ ᠪᠠᠳᠤᠯᠠᠭ᠎ᠠ ᠵᠢᠨ ᠲᠣᠪᠴᠢᠶ᠎ᠠ᠎ᠶᠢᠨ
ᠮᠡᠳᠡᠭᠡ᠎ᠶᠢ ᠦᠨᠳᠦᠰᠦᠯᠡᠪᠡᠯ᠂ 114 ᠵᠦᠢᠯ᠎ᠦᠨ ᠰᠢᠨ᠎ᠡ ᠡᠮ 2025 ᠣᠨ᠎ᠤ ᠤᠯᠤᠰ᠎ᠤᠨ ᠡᠮ ᠡᠮᠨᠡᠯᠭᠡ᠎ᠶᠢᠨ ᠳᠠᠭᠠᠳᠬᠠᠯ᠎ᠤᠨ ᠡᠮ᠎ᠦᠨ
ᠵᠦᠢᠯᠡᠰ᠎ᠦᠨ ᠭᠠᠷᠴᠠᠭ᠎ᠲᠤ ᠣᠷᠣᠪᠠ᠃
✦ ᠪᠡᠶ᠎ᠡ᠎ᠶᠢᠨ ᠲᠠᠮᠢᠷ᠎ᠤᠨ ᠶᠡᠷᠦᠩᠬᠡᠢ ᠲᠣᠪᠴᠢᠶ᠎ᠠ᠎ᠶᠢᠨ ᠰᠦᠯᠵᠢᠶ᠎ᠡ ᠤᠷᠴᠢᠮᠬᠠᠨ
ᠮᠡᠳᠡᠭᠳᠡᠯ ᠨᠡᠢᠲᠡᠯᠡᠵᠦ᠂ ᠨᠥᠬᠥᠴᠡᠯ᠎ᠲᠠᠢ ᠳᠤᠮᠳᠠᠳᠤ ᠪᠠᠭ᠎ᠠ ᠰᠤᠷᠭᠠᠭᠤᠯᠢ᠎ᠶᠢᠨ ᠬᠢᠨ ᠰᠤᠷᠤᠭ᠍ᠴᠢᠳ᠎ᠤᠨ ᠬᠡᠷᠡᠭᠴᠡᠭᠡ᠎ᠶᠢ
ᠦᠨᠳᠦᠰᠦᠯᠡᠨ᠂ ᠪᠡᠶ᠎ᠡ᠎ᠶᠢᠨ ᠲᠠᠮᠢᠷ᠎ᠤᠨ ᠬᠢᠴᠢᠶᠡᠯ᠎ᠳᠦ ᠰᠠᠭᠰᠤᠨ ᠪᠥᠮᠪᠥᠭᠡ᠎ᠶᠢᠨ ᠬᠢᠴᠢᠶᠡᠯ᠎ᠦᠨ ᠡᠵᠡᠯᠡᠬᠦ
ᠬᠠᠷᠢᠴᠠᠯ᠎ᠢ ᠨᠡᠮᠡᠭᠳᠡᠬᠦᠯᠬᠦ ᠵᠢ ᠵᠤᠷᠢᠬᠵᠢᠭᠤᠯᠤᠨ᠎ᠠ ᠭᠡᠵᠡᠢ᠃

✦ ᠲᠥᠷᠤᠬᠦᠭᠡᠨ ᠰᠣᠶᠣᠯ ᠪᠠ ᠵᠢᠭᠤᠯᠴᠢᠯᠠᠯ᠎ᠤᠨ ᠶᠠᠮᠤᠨ᠂ ᠳᠤᠮᠳᠠᠳᠤ ᠤᠯᠤᠰ᠎ᠤᠨ ᠠᠷᠠᠳ᠎ᠤᠨ
ᠠᠭᠠᠷ᠎ᠤᠨ ᠲᠡᠭᠡᠭᠡᠪᠦᠷᠢ᠎ᠶᠢᠨ ᠲᠣᠪᠴᠢᠶ᠎ᠠ ᠬᠠᠮᠲᠤᠷᠠᠨ ᠲᠥᠰᠥᠯ ᠨᠡᠢᠲᠡᠯᠡᠵᠦ᠂ 2027 ᠣᠨ ᠪᠣᠯᠬᠤ᠎ᠳᠤ ᠵᠢᠭᠤᠯᠴᠢᠯᠠᠯ᠎ᠤᠨ ᠦᠢᠯᠡᠴᠢᠯᠡᠭᠡᠨ᠎ᠦ ᠲᠦᠪᠰᠢᠨ᠎ᠢ
ᠢᠯᠡᠳᠲᠡ ᠳᠡᠭᠡᠭᠰᠢᠯᠡᠭᠦᠯᠵᠦ᠂ ᠤᠯᠤᠰ᠎ᠤᠨ ᠳᠣᠲᠣᠭᠠᠳᠤ ᠭᠠᠳᠠᠭᠠᠳᠤ᠎ᠶᠢᠨ ᠵᠢᠭᠤᠯᠴᠢᠯᠠᠯ᠎ᠤᠨ ᠠᠶᠠᠯᠠᠯ᠎ᠤᠨ ᠱᠤᠭᠤᠮ᠎ᠤᠨ
ᠪᠦᠷᠬᠦᠴᠡ᠎ᠶᠢ ᠨᠠᠩ ᠥᠷᠭᠡᠨ ᠪᠣᠯᠭᠠᠵᠤ᠂ ᠠᠭᠤᠰᠤᠯᠴᠠᠭᠰᠠᠨ ᠦᠢᠯᠡᠳᠬᠦᠨ ᠪᠠ ᠲᠠᠯᠠᠪᠤᠷ᠎ᠢ ᠨᠠᠩ ᠡᠯᠪᠡᠭ ᠪᠠᠶᠠᠯᠢᠭ᠋
ᠣᠯᠠᠨ ᠡᠰᠢᠵᠢᠭᠦᠯᠦᠨᠡ ᠭᠡᠪᠡ᠃
✦ ᠥᠪᠡᠷᠲᠡᠭᠡᠨ ᠵᠠᠰᠠᠬᠤ ᠣᠷᠣᠨ᠎ᠤ ᠣᠢ ᠰᠢᠭᠤᠢ ᠪᠠ ᠨᠤᠲᠤᠭ ᠪᠡᠯᠴᠢᠭᠡᠷ᠎ᠦᠨ ᠲᠣᠪᠴᠢᠶ᠎ᠠ᠎ᠡᠴᠡ
ᠣᠢᠯᠠᠭᠠᠭᠰᠠᠨ᠎ᠢᠶᠠᠷ᠂ ᠲᠥᠪ᠎ᠡᠴᠡ ᠮᠠᠨ᠎ᠤ ᠤᠷᠤᠨ᠎ᠳᠤ 2026 ᠣᠨ᠎ᠤ ᠣᠢ ᠰᠢᠭᠤᠢ ᠨᠤᠲᠤᠭ ᠪᠡᠯᠴᠢᠭᠡᠷ᠎ᠤᠨ ᠬᠦᠷᠢᠶᠡᠨ᠎ᠳᠡᠬᠢ ᠲᠤᠰᠬᠠᠢ ᠪᠡᠯᠡ
ᠮᠥᠩᠭᠥ᠎ᠶᠢ 134.3 ᠳ᠋ᠦᠩᠰᠢᠭᠤᠷ ᠲᠥᠭᠥᠷᠢᠭ ᠤᠷᠢᠳᠴᠢᠯᠠᠨ ᠪᠠᠭᠤᠯᠭᠠᠪᠠ᠃

✦ ᠤᠢᠷ᠎ᠠ ᠵᠢᠨ ᠡᠳᠤᠷ ᠦᠦᠰᠢᠨ ᠬᠣᠰᠢᠭᠤ ᠣᠷᠳᠣᠰ ᠬᠣᠲᠠ᠎ᠶᠢᠨ ᠴᠢᠳᠠᠪᠤᠷᠢᠲᠠᠨ ᠡᠯᠰᠡᠬᠦ
ᠪᠦᠯᠬᠦᠮ᠎ᠲᠠᠢ ᠬᠠᠮᠲᠤ ᠴᠧᠩᠳᠦ᠋᠂ ᠰᠸᠴᠤᠸᠠᠨ ᠵᠡᠷᠭᠡ ᠭᠠᠵᠠᠷ᠎ᠤᠨ ᠬᠣᠶᠠᠷ ᠭᠣᠣᠯᠳᠠᠯᠭ᠎ᠠ᠎ᠲᠠᠢ ᠶᠡᠬᠡ ᠰᠤᠷᠭᠠᠭᠤᠯᠢ᠎ᠳᠤ
ᠬᠦᠷᠴᠦ ᠴᠢᠳᠠᠪᠤᠷᠢᠲᠠᠨ ᠡᠯᠰᠡᠬᠦ ᠠᠵᠢᠯᠯᠠᠭ᠎ᠠ ᠥᠷᠨᠢᠭᠦᠯᠪᠡ᠃
✦ ᠠᠵᠢᠯ ᠬᠦᠯᠢᠶᠡᠵᠦ ᠪᠠᠢᠭ᠎ᠠ ᠬᠥᠮᠥᠰ᠎ᠦᠨ ᠠᠵᠢᠯ ᠣᠯᠭᠣᠯᠲᠠ᠎ᠶᠢᠨ ᠬᠦᠴᠢᠷ ᠠᠰᠠᠭᠤᠳᠠᠯ᠎ᠢ
ᠰᠢᠢᠳᠪᠦᠷᠢᠯᠡᠵᠦ ᠠᠵᠢᠯ ᠣᠯᠭᠣᠬᠤ ᠠᠷᠭ᠎ᠠ ᠵᠠᠮ᠎ᠢ ᠥᠷᠭᠡᠳᠬᠡᠨ᠂ ᠵᠠᠬ᠎ᠠ ᠳᠡᠯᠭᠡᠭᠦᠷ᠎ᠦᠨ ᠬᠡᠷᠡᠭᠴᠡᠭᠡ ᠱᠠᠭᠠᠷᠳᠠᠯᠭ᠎ᠠ᠎ᠶᠢ
ᠬᠠᠩᠭᠠᠬᠤ ᠵᠢᠨ ᠲᠥᠯᠥᠭᠡ᠂ ᠦᠶ᠋ᠷᠠᠳᠦ ᠠᠯᠠᠱᠠ ᠵᠡᠭᠦᠨ ᠬᠣᠰᠢᠭᠤᠨ᠎ᠤ ᠠᠵᠢᠯ ᠣᠯᠭᠣᠯᠲᠠ᠎ᠶᠢᠨ ᠦᠢᠯᠡᠴᠢᠯᠡᠭᠡᠨ᠎ᠦ
ᠲᠥᠪ ᠪᠣᠯᠣᠨ ᠠᠯᠠᠱᠠ ᠵᠡᠭᠦᠨ ᠬᠣᠰᠢᠭᠤᠨ᠎ᠤ᠎ᠶᠢᠨ ᠯᠢᠨ ᠠᠵᠢᠯ ᠮᠡᠷᠭᠡᠵᠢᠯ᠎ᠦᠨ ᠪᠣᠯᠪᠠᠰᠤᠷᠠᠯ᠎ᠤᠨ ᠰᠤᠷᠭᠠᠭᠤᠯᠢ
ᠬᠠᠮᠲᠤᠷᠠᠨ ᠰᠦᠯᠵᠢᠶᠡᠨ ᠬᠤᠳᠠᠯᠳᠤᠭ᠎ᠠ᠂ ᠨᠣᠣᠰᠣᠨ ᠤᠲᠠᠰᠤ᠎ᠪᠠᠷ ᠬᠤᠸᠠᠷ ᠨᠡᠬᠡᠬᠦ᠂ ᠥᠨᠳᠡᠭᠡᠨ ᠪᠣᠭᠣᠷᠰᠣᠭ ᠬᠢᠬᠦ
ᠵᠡᠷᠭᠡ ᠠᠭᠤᠯᠭ᠎ᠠ᠎ᠪᠠᠷ ᠣᠬᠣᠷ ᠬᠤᠭᠤᠴᠠᠭᠠᠨ᠎ᠤ ᠪᠣᠯᠪᠠᠰᠤᠷᠠᠯ᠎ᠤᠨ ᠠᠩᠭᠢ ᠡᠷᠬᠢᠯᠡᠵᠦ᠂ ᠣᠷᠣᠯᠴᠠᠭᠰᠠᠳ᠎ᠲᠤ ᠤᠷ᠎ᠠ
ᠮᠡᠷᠭᠡᠵᠢᠯ ᠡᠵᠡᠮᠰᠢᠭᠦᠯᠦᠨ᠂ ᠠᠳᠠᠯ ᠦᠢᠯᠡᠰ ᠪᠣᠰᠬᠠᠬᠤ᠎ᠳᠤ ᠰᠠᠭᠤᠷᠢ ᠲᠠᠯᠪᠢᠭ᠍ᠰᠠᠨ ᠪᠠᠢᠨ᠎ᠠ᠃

✦ ᠡᠬᠡ ᠨᠢᠯᠬᠠᠰ᠎ᠢ ᠠᠰᠠᠷᠠᠨ ᠰᠤᠪᠢᠯᠠᠬᠤ ᠵᠠᠬ᠎ᠠ ᠳᠡᠯᠭᠡᠭᠦᠷ᠎ᠦᠨ ᠬᠡᠷᠡᠭᠴᠡᠭᠡ ᠱᠠᠭᠠᠷᠳᠠᠯᠭ᠎ᠠ᠎ᠲᠠᠢ
ᠨᠠᠷᠢᠯᠢᠭ᠋ ᠣᠨᠣᠪᠴᠢᠲᠠᠶ᠎ᠪᠠᠷ ᠵᠣᠯᠭᠠᠭᠤᠯᠵᠤ᠂ ᠬᠣᠲᠠ ᠬᠥᠳᠡᠭᠡ᠎ᠶᠢᠨ ᠬᠥᠳᠡᠯᠮᠦᠷᠢ ᠬᠦᠴᠦᠨ᠎ᠦ ᠴᠢᠨᠠᠷ ᠰᠠᠢᠲᠠᠢ
ᠠᠵᠢᠯ ᠣᠯᠭᠣᠯᠲᠠ᠎ᠶᠢ ᠪᠡᠶᠡᠯᠡᠭᠦᠯᠬᠦ᠎ᠳᠦ ᠬᠦᠴᠦᠨ ᠨᠡᠮᠡᠷᠢᠯᠡᠬᠦ᠎ᠶᠢᠨ ᠲᠥᠯᠥᠭᠡ᠂ ᠠᠪᠠᠭ᠎ᠠ ᠬᠣᠰᠢᠭᠤᠨ᠎ᠤ ᠠᠵᠢᠯ
ᠣᠯᠭᠣᠯᠲᠠ᠎ᠶᠢᠨ ᠲᠣᠪᠴᠢᠶ᠎ᠠ ᠨᠢ《ᠮᠧᠩ ᠲᠦᠸᠧ》 ᠠᠵᠢᠯ ᠮᠡᠷᠭᠡᠵᠢᠯ᠎ᠤᠨ ᠪᠣᠯᠪᠠᠰᠤᠷᠠᠯ᠎ᠤᠨ ᠰᠤᠷᠭᠠᠭᠤᠯᠢ᠎ᠲᠠᠢ ᠬᠠᠮᠲᠤᠷᠠᠨ ᠡᠬᠡ ᠨᠢᠯᠬᠠᠰ᠎ᠤᠨ
ᠠᠰᠠᠷᠠᠭ᠍ᠴᠢ᠎ᠶᠢᠨ ᠮᠡᠷᠭᠡᠵᠢᠯ ᠴᠢᠳᠠᠪᠤᠷᠢ᠎ᠶᠢᠨ ᠪᠣᠯᠪᠠᠰᠤᠷᠠᠯ᠎ᠤᠨ ᠠᠩᠭᠢ ᠡᠷᠬᠢᠯᠡᠵᠦ᠂ ᠭᠤᠴᠢᠭᠠᠳ ᠰᠤᠷᠤᠯᠭᠠᠳᠠᠨ
ᠤᠷᠤᠯᠴᠠᠬᠰᠠᠨ ᠪᠠᠢᠨ᠎ᠠ᠃
ᠠᠵᠤ ᠠᠬᠤᠢ
✦ ᠵᠡᠭᠦᠨ ᠦᠵᠦᠮᠦᠴᠢᠨ ᠬᠣᠰᠢᠭᠤᠨ᠎ᠤ ᠡᠵᠢᠨᠠᠭᠤᠷ ᠪᠠᠯᠭᠠᠰᠤᠨ᠎ᠤ
ᠰᠠᠢᠨ᠌ᠤ᠋ᠰᠤ ᠭᠠᠴᠠᠭᠠᠨ᠎ᠤ ᠮᠠᠯᠴᠢᠨ ᠠᠯᠲᠠᠨᠲᠣᠭᠣᠰ ᠱᠠᠭ᠎ᠠ᠎ᠶᠢᠨ ᠬᠡᠪ ᠶᠠᠩᠵᠤ᠎ᠲᠠᠢ ᠴᠣᠺᠤᠯᠠᠳ᠋ ᠬᠢᠵᠦ ᠪᠣᠷᠣᠯᠠᠭᠤᠯᠤᠭᠠᠳ
ᠰᠠᠷ᠎ᠠ᠎ᠶᠢᠨ 2 ᠲᠦᠮᠡ ᠭᠠᠷᠤᠢ ᠲᠥᠭᠥᠷᠢᠭ᠎ᠦᠨ ᠣᠷᠣᠯᠭ᠎ᠠ ᠡᠭᠦᠳᠴᠤ ᠪᠠᠢᠨ᠎ᠠ᠃

✦ ᠦᠤᠰᠢᠨ ᠬᠤᠰᠢᠭᠤᠨ᠎ᠤ ᠭᠠᠯᠠᠭᠤᠲᠤ ᠪᠠᠯᠭᠠᠰᠤ᠎ᠶᠢᠨ ᠪᠤᠵᠠᠶ ᠭᠠᠴᠠᠭᠠᠨ᠎ᠤ ᠮᠠᠯᠴᠢᠨ ᠭᠡᠭᠡᠷᠡᠯᠲᠦ 《ᠦᠦᠰᠢᠨ ᠬᠣᠰᠢᠭᠤᠨ᠎ᠤ ᠴᠢ ᠰᠢᠶᠠᠩ ᠠᠳᠤᠭᠤᠨ᠎ᠤ ᠠᠵᠤ ᠦᠢᠯᠡᠰ》᠎ᠤᠨ ᠺᠣᠮᠫᠠᠨᠢ ᠪᠠᠢᠭᠤᠯᠤᠨ᠂ ᠤᠷᠢᠳ ᠬᠣᠵᠢᠳ 700 ᠭᠠᠷᠤᠢ ᠲᠦᠮᠡᠨ ᠲᠥᠭᠥᠷᠢᠭ ᠵᠠᠷᠤᠴᠠᠭᠤᠯᠵᠤ᠂
6000 ᠭᠠᠷᠤᠢ ᠲᠡᠭᠰᠢ ᠳᠥᠷᠪᠡᠯᠵᠢᠨ ᠮᠧᠲᠷ ᠪᠦᠬᠦᠢ ᠠᠳᠤᠭᠤᠨ᠎ᠤ ᠬᠠᠰᠢᠶ᠎ᠠ ᠬᠣᠷᠣᠭ᠎ᠠ᠂ ᠡᠪᠡᠰᠦᠨ ᠰᠠᠷᠠᠪᠴᠢ᠂
ᠴᠡᠭᠡ ᠪᠣᠯᠪᠠᠰᠤᠷᠠᠭᠤᠯᠬᠤ ᠪᠠ ᠬᠠᠳᠠᠭᠠᠯᠠᠵᠤ ᠬᠤᠷᠢᠶᠠᠬᠤ ᠬᠥᠮᠥᠷᠭᠡ ᠵᠡᠷᠭᠡ᠎ᠶᠢ ᠪᠠᠢᠭᠤᠯᠤᠨ᠂ ᠠᠳᠤᠭᠤᠨ᠎ᠤ ᠠᠵᠤ
ᠦᠢᠯᠡᠰ᠎ᠦᠨ ᠬᠡᠪᠴᠢᠶᠡᠵᠢᠯ᠎ᠢᠶᠠᠨ ᠥᠷᠭᠡᠳᠬᠡᠨ ᠪᠣᠷᠤᠯᠠᠭᠤᠯᠭ᠎ᠠ᠎ᠪᠠᠨ ᠨᠡᠮᠡᠭᠳᠡᠭᠦᠯᠵᠦ ᠪᠠᠢᠨ᠎ᠠ᠃
ᠰᠣᠶᠣᠯ
✦ ᠪᠠᠷᠠᠭᠤᠨ ᠦᠵᠦᠮᠦᠴᠢᠨ ᠬᠣᠰᠢᠭᠤᠨ᠎ᠤ 《99 ᠨᠣᠮᠧᠷᠲᠤ ᠵᠠᠰᠠᠮᠠᠯ ᠵᠠᠮ》᠎ᠤᠨ ᠴᠠᠰᠤ ᠮᠦᠰᠦᠨ᠎ᠤ ᠤᠯᠠᠷᠢᠯ᠎ᠤᠨ ᠰᠢᠷᠢᠰ ᠠᠵᠢᠯᠯᠠᠭ᠎ᠠ 12 ᠰᠠᠷ᠎ᠠ᠎ᠶᠢᠨ 30᠎ᠤ ᠡᠳᠦᠷ ᠡᠬᠢᠯᠡᠵᠦ᠂ 2026 ᠣᠨ᠎ᠤ 2 ᠰᠠᠷ᠎ᠠ᠎ᠶᠢᠨ 28᠎ᠤ ᠡᠳᠦᠷ ᠪᠣᠯᠲᠠᠯ᠎ᠠ
ᠶᠠᠪᠤᠬᠳᠠᠬᠤ ᠪᠡᠷ ᠪᠤᠢ᠃ ᠡᠭᠦᠨ᠎ᠳᠤ ᠲᠦᠷᠪᠡᠨ ᠶᠡᠬᠡ ᠴᠠᠰᠤ ᠮᠦᠰᠦᠨ᠎ᠤ ᠲᠠᠯᠠᠪᠤᠷ᠂ ᠶᠢᠰᠦᠨ ᠲᠦᠷᠦᠯ᠎ᠤᠨ ᠣᠨᠴᠠᠯᠢᠭ᠍ᠲᠤ
ᠠᠵᠢᠯᠯᠠᠭ᠎ᠠ᠎ᠪᠠᠷ ᠳᠠᠮᠵᠢᠭᠤᠯᠤᠨ ᠵᠢᠭᠤᠯᠴᠢᠳ ᠲᠸ᠋ ᠮᠦᠩᠬᠦᠨ ᠡᠪᠤᠯ᠎ᠤᠨ ᠴᠠᠰᠤᠳᠤ ᠳᠠᠯ᠎ᠠ ᠵᠢᠨ ᠦᠵᠡᠮᠵᠢ ᠵᠢ
ᠪᠡᠶᠡᠴᠢᠯᠡᠨ ᠤᠢᠯᠠᠭᠠᠭᠤᠯᠬᠤ ᠪᠣᠯᠣᠨ᠎ᠠ᠃

✦ ᠦᠦᠰᠢᠨ ᠬᠣᠰᠢᠭᠤᠨ᠎ᠤ ᠬᠣᠱᠣᠩ ᠱᠣᠭ ᠵᠦᠴᠦᠭᠡᠴᠢᠳ᠎ᠦᠨ ᠨᠡᠢᠭᠡᠮᠯᠢᠭ ᠦᠨ ᠳᠤᠮᠳᠠᠳᠤ
ᠶᠢᠨ ᠦᠨᠳᠦᠰᠦᠲᠡᠨ ᠦ ᠬᠠᠮᠲᠤ ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ 《ᠪᠠᠶᠠᠰᠬᠤᠯᠠᠩᠲᠤ ᠦᠦᠰᠢᠨ》 ᠬᠣᠱᠣᠩ
ᠱᠣᠭᠤᠨ ᠦᠳᠡᠰᠢᠯᠡᠭᠡ ᠲᠦᠷᠦᠬᠦᠬᠡᠨ ᠦᠤᠰᠢᠨ ᠬᠤᠰᠢᠭᠤᠨ᠎ᠤ ᠰᠢᠷᠠᠠᠤᠰᠤᠨ ᠲᠢᠶᠠᠲᠷ᠎ᠲᠤ ᠠᠮᠵᠢᠯᠲᠠ ᠲᠠᠢ ᠶᠠᠪᠤᠭᠳᠠᠪᠠ᠃

ᠲᠠᠮᠢᠷ
✦ 12 ᠰᠠᠷ᠎ᠠ᠎ᠶᠢᠨ 7᠎ᠤ ᠡᠳᠦᠷ᠂ 2025 ᠣᠨ᠎ᠤ ᠣᠯᠠᠨ ᠤᠯᠤᠰ᠎ᠤᠨ ᠫᠢᠩᠫᠠᠩ ᠪᠥᠮᠪᠥᠭᠡ᠎ᠶᠢᠨ ᠬᠤᠯᠪᠤᠭ᠎ᠠ ᠵᠢᠨ ᠬᠣᠯᠢᠮᠠᠭ ᠪᠦᠯᠬᠦᠮ᠎ᠦᠨ ᠳᠡᠯᠡᠬᠡᠢ᠎ᠶᠢᠨ
ᠬᠤᠨᠳᠠᠭᠠᠲᠤ ᠤᠷᠤᠯᠳᠤᠭᠠᠨ᠎ᠤ ᠰᠢᠢᠳᠪᠦᠷᠢᠲᠦ ᠤᠷᠤᠯᠳᠤᠭᠠᠨ᠎ᠳᠤ ᠳᠤᠮᠳᠠᠳᠤ ᠤᠯᠤᠰ᠎ᠤᠨ ᠠᠩᠭᠢ 8᠄ 1᠎ᠪᠠᠷ ᠶᠠᠫᠤᠨ᠎ᠤ ᠠᠩᠭᠢ᠎ᠶᠢ ᠢᠯᠠᠵᠤ
ᠮᠠᠩᠯᠠᠢᠯᠠᠪᠠ᠃ ᠡᠨᠡ ᠨᠢ ᠮᠦᠨᠴᠤ ᠳᠤᠮᠳᠠᠳᠤ ᠤᠯᠤᠰ᠎ᠤᠨ ᠠᠩᠭᠢ ᠡᠨᠡ ᠲᠦᠷᠦᠯ᠎ᠤᠨ ᠤᠷᠤᠯᠳᠤᠭᠠᠨ᠎ᠳᠤ ᠵᠠᠯᠭᠠᠭ᠎ᠠ᠎ᠪᠠᠷ
ᠮᠠᠩᠯᠠᠢᠯᠠᠬᠰᠠᠨ ᠶᠠᠪᠤᠳᠠᠯ ᠪᠤᠯᠤᠨ᠎ᠠ᠃

ᠳᠡᠯᠡᠬᠡᠢ
✦ ᠰᠢᠨᠬᠤᠸᠠ ᠬᠤᠷᠢᠶ᠎ᠠ
ᠵᠢᠨ ᠮᠡᠳᠡᠭᠡ ᠵᠢ ᠦᠨᠳᠦᠰᠦᠯᠡᠪᠡᠯ᠂ ᠲᠸᠷᠠᠮᠫᠦ᠋ ᠵᠠᠰᠠᠭ ᠵᠠᠬᠢᠷᠭᠠᠨ᠎ᠤ ᠵᠠᠷᠯᠢᠭ᠋᠎ᠲᠤ ᠭᠠᠷᠤᠨ ᠥᠰᠥᠭ ᠵᠢᠷᠤᠵᠤ᠂
ᠠᠮᠸᠷᠢᠺᠠ ᠵᠢᠨ ᠭᠠᠳᠠᠭᠠᠳᠤ ᠪᠡᠯᠡ᠎ᠶᠢᠨ ᠠᠵᠤ ᠠᠬᠤᠢᠯᠠᠯ᠎ᠤᠨ ᠢᠳᠡᠭᠡᠨ᠎ᠦ ᠥᠷᠢᠰᠦᠯᠳᠦᠭᠡᠨ᠎ᠢ ᠡᠰᠡᠷᠭᠦᠴᠡᠬᠦ ᠦᠶ᠋ᠯᠡ
ᠠᠵᠢᠯᠯᠠᠭ᠎ᠠ᠎ᠶᠢ ᠪᠠᠢᠴᠠᠭᠠᠪᠠ᠃
ᠦᠢᠯᠡᠴᠢᠯᠡᠭᠡ
✦ ᠤᠷᠳᠤᠰ ᠬᠤᠳᠠ ᠵᠢᠨ ᠳ᠋ᠦᠩᠱᠸᠩ ᠲᠤᠭᠤᠷᠢᠭ᠎ᠤᠨ ᠡᠷᠡᠬᠦᠯ
ᠬᠠᠮᠠᠭᠠᠯᠠᠯ ᠡᠷᠡᠬᠦᠯ ᠮᠡᠨᠳᠤ ᠵᠢᠨ ᠤᠢᠯᠡᠴᠢᠯᠡᠭᠡᠨ᠎ᠤ ᠰᠢᠰᠲᠸᠮ᠎ᠤᠨ ᠠᠵᠢᠯ ᠤᠢᠯᠡᠰ᠎ᠤᠨ ᠨᠢᠭᠡᠴᠢ ᠠᠵᠢᠯᠳᠠᠨ
ᠡᠯᠰᠡᠬᠦ ᠪᠡᠷ ᠪᠤᠢ᠃
ᠲᠠᠨ᠎ᠤ ᠲᠤᠰᠠ᠎ᠳᠤ
✦ ᠱᠥᠯᠥᠨᠦ ᠳᠠᠪᠤᠰᠤ ᠨᠢ ᠶᠡᠬᠡᠳᠦᠭᠰᠡᠨ ᠦᠶᠡᠰ ᠲᠥᠮᠥᠰᠥ᠎ᠶᠢ ᠬᠡᠰᠡᠭᠯᠡᠨ ᠬᠡᠷᠴᠢᠵᠦ ᠱᠥᠯᠥᠨ᠎ᠳᠡᠭᠡᠨ ᠬᠢᠭᠡᠳ
ᠬᠡᠳᠦᠨ ᠮᠢᠨᠦ᠋ᠲ ᠴᠢᠨᠠᠪᠠᠯ ᠱᠣᠷᠪᠣᠭ ᠠᠮᠲᠠ ᠨᠢ ᠭᠠᠢᠭᠤᠢ ᠪᠣᠯᠳᠠᠭ᠃

ᠵᠠᠯᠭᠠᠭᠠᠳ 《ᠠᠬ᠎ᠠ
ᠡᠭᠡᠴᠢ᠎ᠳᠡᠭᠡᠨ ᠡᠷᠬᠦᠬᠦ ᠳᠠᠭᠤᠤ》 ᠬᠡᠬᠦ ᠲᠠᠭᠤᠤ ᠪᠡᠷ ᠠᠶ᠎ᠠ
ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ ᠤ ᠬᠦᠯᠢᠶᠡᠨ ᠠᠪᠴᠤ᠌
ᠰᠤᠨᠤᠰᠤᠬ᠍ᠰᠠᠨ ᠳ᠋ᠦ ᠪᠠᠶᠠᠷᠯᠠᠯ᠎ᠠ᠂ ᠪᠠᠶᠠᠷᠳᠠᠢ!
(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ
ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ
ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ
ᠬᠤᠳᠠ᠂ ᠬᠤᠰᠢᠭᠤ ᠰᠢᠶᠠᠨ᠎ᠤ ᠵᠢᠷᠬᠢᠶ᠎ᠠ᠎ᠶᠢᠨ ᠲᠠᠪᠴᠠᠩ)