9 ᠰᠠᠷ᠎ᠠ᠎ᠶ᠋ᠢᠨ 13᠎ᠤ ᠡᠳᠦᠷ
ᠡᠬᠢᠯᠡᠬᠦ᠌ ᠴᠠᠭ᠄
2025-09-13 12:10:36
ᠨᠠᠶ᠋ᠢᠷᠠᠭᠤᠯᠤᠭᠴᠢ ᠄

ᠨᠡᠪᠲᠡᠷᠡᠬᠦᠯᠦᠭᠴᠢ ᠄

ᠮᠡᠷᠭᠡᠵᠢᠯ ᠄

ᠤᠩᠰᠢᠭᠰᠠᠨ ᠤᠳᠠᠭ᠎ᠠ᠄


ᠨᠡᠢᠭᠡᠮ                                  

✦ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ ᠤ᠋ᠨ ᠮᠡᠳᠡᠭᠡ ᠵᠢ ᠦᠨᠳᠦᠰᠦᠯᠡᠪᠡᠯ᠂ ᠮᠠᠨ᠎ᠤ ᠤᠯᠤᠰ ᠳᠡᠯᠡᠬᠡᠢ ᠳᠡᠭᠡᠷᠡᠬᠢ ᠬᠡᠪᠴᠢᠶ᠎ᠡ᠎ᠪᠡᠷ ᠬᠠᠮᠤᠭ ᠤ᠋ᠨ ᠶᠡᠬᠡ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ ᠰᠢᠰᠲᠧᠮ ᠪᠠ ᠳᠡᠯᠡᠬᠡᠢ ᠳᠡᠭᠡᠷᠡᠬᠢ ᠬᠡᠪᠴᠢᠶ᠎ᠡ᠎ᠪᠡᠷ ᠬᠠᠮᠤᠭ᠎ᠤᠨ ᠶᠡᠬᠡ ᠡᠮ ᠡᠮᠨᠡᠯᠭᠡ᠎ᠶᠢᠨ ᠦᠢᠯᠡᠴᠢᠯᠡᠭᠡᠨ᠎ᠦ ᠰᠢᠰᠲᠧᠮ᠎ᠢ ᠪᠠᠢᠭᠤᠯᠵᠠᠢ᠃ 2024 ᠣᠨ᠎ᠤ ᠵᠢᠯ᠎ᠦᠨ ᠡᠴᠦᠰ ᠪᠣᠯᠲᠠᠯ᠎ᠠ᠂ ᠪᠦᠬᠦ ᠤᠯᠤᠰ᠎ᠤᠨ ᠡᠮ ᠡᠮᠨᠡᠯᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ 109 ᠲᠦᠮᠡ ᠳ᠋ᠦ ᠬᠦᠷᠴᠦ᠂ ᠡᠷᠡᠭᠦᠯ ᠬᠠᠮᠠᠭᠠᠯᠠᠯ᠎ᠤᠨ ᠠᠵᠢᠯᠲᠠᠨ 1578 ᠲᠦᠮᠡ᠎ᠳᠦ ᠬᠦᠷᠴᠡᠢ᠃

✦10᠎ᠤ ᠡᠳᠦᠷ᠂ ᠲᠥᠷᠥ᠎ᠶᠢᠨ ᠶᠠᠪᠤᠳᠠᠯ᠎ᠤᠨ ᠬᠣᠷᠢᠶ᠎ᠠ ᠵᠢᠨ ᠰᠣᠨᠢᠨ ᠮᠡᠳᠡᠭᠡᠨ᠎ᠦ ᠠᠯᠪᠠᠨ ᠭᠡᠷ ᠰᠣᠨᠢᠨ ᠮᠡᠳᠡᠭᠡ ᠨᠡᠢᠲᠡᠯᠡᠬᠦ ᠬᠤᠷᠠᠯ ᠬᠢᠵᠦ ᠲᠠᠨᠢᠯᠴᠠᠭᠤᠯᠤᠭᠰᠠᠨ ᠵᠢᠡᠷ᠂ ᠪᠥᠬᠥ ᠤᠯᠤᠰ᠎ᠤᠨ ᠳᠠᠩᠰᠠᠯᠠᠭᠤᠯᠤᠭᠰᠠᠨ ᠮᠦᠽᠧᠢ ᠶ᠋ᠢᠨ ᠲᠣᠭ᠎ᠠ 7046 ᠪᠣᠯᠪᠠ᠂ ᠡᠭᠦᠨ᠎ᠳᠦ 6444 ᠮᠦᠽᠧᠢ᠎ᠶᠢ ᠰᠦᠢᠳᠬᠡᠯ ᠬᠤᠷᠢᠶᠠᠬᠤ ᠦᠭᠡᠢ᠎ᠪᠡᠷ ᠨᠡᠭᠡᠭᠡᠵᠦ᠂ 91%᠎ᠡᠴᠡ ᠳᠡᠭᠡᠭᠰᠢᠬᠢ᠎ᠶᠢ ᠡᠵᠡᠯᠡᠪᠡ᠃ 《ᠠᠷᠪᠠᠨ ᠳᠥᠷᠪᠡᠳᠦᠭᠡᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠤᠭᠤᠴᠠᠭᠠᠨ ᠳ᠋ᠤ᠂ ᠭᠡᠭᠡᠭᠳᠡᠭᠰᠡᠨ ᠲᠡᠦᠬᠡ᠎ᠶᠢᠨ ᠳᠤᠷᠠᠰᠬᠠᠯᠲᠤ ᠵᠦᠢᠯᠡᠰ ᠪᠠ ᠤᠷᠠᠯᠢᠭ᠋᠎ᠤᠨ 35 ᠪᠦᠯᠦᠭ ᠤᠳᠠᠭ᠎ᠠ᠎ᠶᠢᠨ 537 ᠢᠵᠢ ᠵᠦᠢᠯ᠎ᠢ ᠡᠭᠡᠭᠦᠯᠦᠨ ᠠᠪᠴᠢᠷᠠᠵᠤ᠂ ᠳᠤᠮᠳᠠᠳᠤ ᠭᠠᠳᠠᠭᠠᠳᠤ᠎ᠶᠢᠨ ᠬᠠᠮᠲᠤᠷᠠᠭᠰᠠᠨ 49 ᠵᠦᠢᠯ᠎ᠦᠨ ᠬᠠᠭᠤᠴᠢ ᠰᠤᠳᠤᠯᠤᠯ ᠤ᠋ᠨ ᠵᠦᠢᠯᠡᠰ᠎ᠢ ᠯᠠᠪᠳᠠᠭᠤᠨ᠎ᠢᠶᠠᠷ ᠬᠡᠷᠡᠭᠵᠢᠭᠦᠯᠪᠡ᠃

✦ᠣᠯᠠᠨ ᠲᠦᠮᠡᠨ᠎ᠦ ᠢᠯᠡᠴᠢᠯᠡᠨ ᠮᠡᠳᠡᠭᠦᠯᠬᠦ ᠠᠷᠭ᠎ᠠ ᠵᠠᠮ᠎ᠢ ᠤᠯᠠᠮ ᠨᠢᠭᠡ ᠠᠯᠬᠤᠮ ᠰᠠᠭᠠᠳ ᠦᠭᠡᠢ ᠨᠠᠪᠲᠠᠷᠡᠭᠦᠯᠵᠦ᠂ ᠣᠷᠴᠢᠨ ᠲᠤᠭᠤᠷᠢᠨ᠎ᠤ ᠡᠬᠢ ᠪᠠᠶᠠᠯᠢᠭ᠋ ᠪᠠ ᠢᠳᠡᠭᠡᠨ᠎ᠦ ᠵᠦᠢᠯ ᠡᠮ᠎ᠦᠨ ᠵᠦᠢᠯᠡᠰ᠎ᠦᠨ ᠶᠠᠯᠠᠲᠤ ᠠᠵᠢᠯᠯᠠᠭ᠎ᠠ ᠳ᠋ᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠬᠦ᠎ᠶᠢᠨ ᠲᠥᠯᠥᠭᠡ᠂ ᠣᠢᠷ᠎ᠠ᠎ᠳᠤ ᠳᠣᠲᠣᠭᠠᠳᠤ ᠶ᠋ᠢ ᠬᠠᠮᠠᠭᠠᠯᠠᠬᠤ ᠶᠠᠮᠤᠨ 《ᠪᠥᠬᠥ ᠤᠯᠤᠰ᠎ᠤᠨ ᠣᠷᠴᠢᠨ ᠲᠤᠭᠤᠷᠢᠨ ᠤ᠋ ᠡᠬᠢ ᠪᠠᠶᠠᠯᠢᠭ᠋ ᠪᠠ ᠢᠳᠡᠭᠡᠨ᠎ᠦ ᠵᠦᠢᠯ ᠡᠮ᠎ᠦᠨ ᠵᠦᠢᠯᠡᠰ᠎ᠦᠨ ᠶᠠᠯᠠᠲᠤ ᠠᠵᠢᠯᠯᠠᠭ᠎ᠠ᠎ᠶᠢᠨ ᠰᠦᠪᠡᠭᠴᠢ᠎ᠶᠢ ᠢᠯᠡᠴᠢᠯᠡᠨ ᠮᠡᠳᠡᠭᠦᠯᠬᠦ ᠲᠠᠪᠴᠠᠩ》  ᠢ᠋ ᠵᠢᠩᠬᠢᠨᠢ᠎ᠪᠡᠷ ᠰᠦᠯᠵᠢᠶᠡᠨ ᠳ᠋ᠦ ᠭᠠᠷᠭᠠᠪᠠ᠃

✦ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ᠎ᠦᠨ ᠮᠡᠳᠡᠭᠡ᠎ᠶᠢ ᠦᠨᠳᠦᠰᠦᠯᠡᠪᠡᠯ᠂ ᠡᠨᠡ ᠵᠢᠯ᠎ᠡᠴᠡ ᠨᠠᠭᠠᠰᠢ ᠰᠢᠯᠢ ᠶ᠋ᠢᠨ ᠭᠣᠣᠯ ᠠᠢᠮᠠᠭ᠎ᠤᠨ ᠬᠢᠨ ᠡᠯᠡᠰᠦ ᠲᠣᠭᠣᠯᠣᠭᠰᠠᠨ 28 ᠵᠠᠰᠠᠮᠠᠯ ᠵᠠᠮ᠎ᠤᠨ ᠲᠥᠷᠥᠯ ᠵᠦᠢᠯ᠎ᠢ ᠨᠢᠭᠡᠨᠲᠡ ᠡᠬᠢᠯᠡᠨ ᠪᠠᠢᠭᠤᠯᠵᠤ᠂ ᠪᠥᠬᠥ ᠣᠷᠳᠣ᠌ ᠨᠢ 459.3 ᠺᠢᠯᠣᠮᠧᠲᠷ ᠪᠠᠢᠵᠤ᠂ ᠦᠯᠡᠳᠡᠭᠰᠡᠨ 53 ᠺᠢᠯᠣᠮᠧᠲᠷ᠎ᠦᠨ 4 ᠲᠥᠷᠥᠯ ᠵᠦᠢᠯ᠎ᠳᠦ ᠨᠢᠭᠡᠨᠲᠡ ᠳᠠᠭᠠᠭᠠᠴᠢᠯᠠᠯᠲᠠ ᠵᠠᠷᠯᠠᠬᠤ ᠠᠯᠪᠠᠨ ᠵᠠᠷᠯᠠᠯ ᠨᠡᠢᠲᠡᠯᠡᠭᠰᠡᠨ ᠪᠠᠢᠨ᠎ᠠ᠃

✦ᠣᠢᠷ᠎ᠠ᠎ᠳᠦ ᠠᠯᠠᠱᠠ ᠠᠢᠮᠠᠭ ᠪᠠᠭ᠍ᠰᠢ ᠎ᠶᠢ ᠬᠦᠨᠳᠦᠳᠬᠡᠵᠦ ᠬᠠᠷᠠᠭᠠᠯᠵᠠᠬᠤ 18 ᠵᠤᠷᠪᠤᠰ ᠲᠥᠷᠥ᠎ᠶᠢᠨ ᠪᠣᠳᠣᠯᠭ᠎ᠠ᠎ᠶᠢ ᠬᠡᠷᠡᠭᠵᠢᠭᠦᠯᠦᠨ᠂ ᠪᠠᠭ᠍ᠰᠢ ᠶ᠋ᠢ ᠤᠷᠮᠠᠰᠢᠭᠤᠯᠬᠤ᠂ ᠡᠮ ᠡᠮᠨᠡᠯᠭᠡ ᠡᠷᠡᠭᠦᠯ ᠮᠡᠨᠳᠦ᠂ ᠰᠣᠶᠣᠯ᠎ᠤᠨ ᠳᠡᠭᠡᠭᠰᠢᠯᠡᠯᠲᠡ᠂ ᠠᠮᠢᠳᠤᠷᠠᠯ᠎ᠤᠨ ᠦᠢᠯᠡᠴᠢᠯᠡᠭᠡ ᠵᠡᠷᠭᠡ ᠳᠥᠷᠪᠡᠨ ᠶᠡᠬᠡ ᠬᠦᠷᠢᠶ᠎ᠡ ᠵᠢ ᠬᠠᠮᠤᠷᠴᠤ᠂ ᠪᠥᠬᠥ ᠠᠢᠮᠠᠭ᠎ᠤᠨ ᠳᠤᠮᠳᠠᠳᠤ ᠪᠠᠭ᠎ᠠ ᠰᠤᠷᠭᠠᠭᠤᠯᠢ ᠬᠡᠦᠬᠡᠳ᠎ᠦᠨ ᠴᠡᠴᠡᠷᠯᠢᠭ᠎ᠦᠨ ᠠᠵᠢᠯ᠎ᠤᠨ ᠪᠠᠢᠷᠢ᠎ᠳᠤ ᠪᠠᠢᠭ᠎ᠠ 3500 ᠭᠠᠷᠤᠢ ᠪᠠᠭ᠍ᠰᠢ ᠳ᠋ᠦ ᠠᠰᠢᠭ᠋ ᠬᠦᠷᠲᠡᠭᠡᠵᠦ᠂ ᠲᠡᠳᠡᠨᠡᠷ᠎ᠦᠨ ᠡᠷᠬᠡ ᠠᠰᠢᠭ᠋ ᠎ᠢ ᠬᠠᠮᠠᠭᠠᠯᠠᠬᠤ ᠳ᠋ᠤ ᠪᠠᠲᠤᠯᠠᠭ᠎ᠠ ᠬᠠᠩᠭᠠᠵᠤ ᠪᠠᠢᠨ᠎ᠠ᠃

✦10᠎ᠦ ᠡᠳᠦᠷ᠂ ᠤᠯᠠᠭᠠᠬᠠᠳᠠ ᠬᠤᠲᠠ᠎ᠶᠢᠨ ᠵᠡᠮᠳᠡᠭᠴᠦᠳ᠎ᠤᠨ ᠬᠣᠯᠪᠣᠭ᠎ᠠ ᠬᠤᠲᠠ᠎ᠶᠢᠨ ᠵᠡᠮᠳᠡᠭᠴᠦᠳ᠎ᠢ ᠳᠡᠮᠵᠢᠬᠦ ᠨᠡᠢᠲᠡ ᠶ᠋ᠢᠨ ᠠᠰᠠᠷᠠᠮᠵᠢ᠎ᠶᠢᠨ ᠰᠠᠢᠨ ᠳᠤᠷ᠎ᠠ᠎ᠶᠢᠨ ᠦᠢᠯᠡᠴᠢᠯᠡᠭᠡ ᠎ᠶᠢᠨ ᠠᠵᠢᠯᠯᠠᠬᠤ ᠥᠷᠲᠡᠭᠡ᠎ᠶᠢᠨ ᠫᠠᠢᠰᠠ ᠡᠯᠭᠦᠬᠦ ᠶᠣᠰᠣᠯᠠᠯ ᠶᠠᠪᠤᠭᠳᠠᠭᠤᠯᠪᠠ᠃

✦ᠣᠢᠷ᠎ᠠ᠎ᠶᠢᠨ ᠡᠳᠦᠷ ᠬᠣᠷᠴᠢᠨ ᠵᠡᠭᠦᠨ ᠭᠠᠷᠤᠨ ᠬᠣᠢᠲᠤ ᠬᠣᠰᠢᠭᠤᠨ ᠤ᠋ ᠪᠠᠭᠠᠲᠠᠯ᠎ᠠ ᠰᠤᠮᠤ᠎ᠶᠢᠨ ᠶᠡᠬᠡᠪᠤᠯᠠᠭ ᠭᠠᠴᠠᠭ᠎ᠠ ᠵᠢᠨ ᠬᠢᠨ ᠠᠩᠬᠠᠨ᠎ᠤ ᠡᠭᠡᠯᠵᠢ ᠶ᠋ᠢᠨ ᠨᠠᠶ᠋ᠮᠠᠯᠵᠢ᠎ᠪᠡᠨ ᠱᠦᠭᠦᠵᠦ ᠡᠬᠢᠯᠡᠪᠡ᠃ ᠵᠢᠱ᠌ᠢᠯᠲᠡ᠎ᠪᠡᠷ ᠲᠤᠰ ᠭᠠᠴᠠᠭᠠᠨ ᠤ᠋ 3000 ᠮᠦ᠍ ᠨᠠᠭᠤᠷ᠎ᠤᠨ ᠨᠠᠶ᠋ᠮᠠᠯᠵᠢ᠎ᠶᠢᠨ ᠶᠡᠷᠦᠩᠬᠡᠢ ᠭᠠᠷᠤᠯᠲᠠ 5 ᠲᠦᠮᠡᠨ ᠵᠢᠩ ᠎ᠢ ᠳᠠᠪᠠᠵᠤ᠂ ᠪᠦᠬᠦ ᠣᠷᠣᠯᠭ᠎ᠠ ᠨᠢ 100 ᠲᠦᠮᠡᠨ ᠲᠥᠭᠥᠷᠢᠭ ᠲᠦ᠍ ᠬᠦᠷᠬᠦ ᠪᠣᠯᠣᠨ᠎ᠠ᠃

 ᠠᠵᠦ ᠠᠬᠤᠢ 

✦ᠬᠤᠳᠠᠯᠳᠤᠭᠠᠨ ᠎ᠤ ᠶᠠᠪᠤᠳᠠᠯ᠎ᠤᠨ ᠶᠠᠮᠤᠨ ᠤ᠋ ᠮᠡᠳᠡᠭᠡ ᠵᠢ ᠦᠨᠳᠦᠰᠦᠯᠡᠪᠡᠯ᠂ ᠡᠨᠡ ᠵᠢᠯ᠎ᠦᠨ ᠳᠡᠭᠡᠷ᠎ᠡ ᠬᠠᠭᠠᠰ ᠵᠢᠯ᠎ᠳᠦ ᠮᠠᠨ᠎ᠤ ᠤᠯᠤᠰ᠎ᠤᠨ ᠲᠣᠭᠠᠴᠢᠯᠠᠨ ᠲᠤᠰᠢᠶᠠᠵᠤ ᠪᠣᠯᠬᠤ ᠦᠢᠯᠡᠴᠢᠯᠡᠭᠡ᠎ᠶᠢ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠬᠰᠠᠨ ᠬᠡᠮᠵᠢᠶ᠎ᠡ 1.5 ᠲᠦᠮᠡᠨ ᠳ᠋ᠦᠩᠰᠢᠭᠤᠷ ᠲᠥᠭᠥᠷᠢᠭ᠎ᠲᠦ ᠬᠦᠷᠴᠦ ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠬᠰᠠᠨ ᠬᠡᠮᠵᠢᠶ᠎ᠡ 1.3 ᠲᠦᠮᠡᠨ ᠳ᠋ᠦᠩᠰᠢᠭᠤᠷ ᠲᠥᠭᠥᠷᠢᠭ᠎ᠲᠦ ᠬᠦᠷᠴᠦ᠂ ᠴᠥᠮ ᠲᠡᠦᠬᠡ᠎ᠶᠢᠨ ᠰᠢᠨ᠎ᠡ ᠲᠡᠮᠳᠡᠭᠯᠡᠯ᠎ᠢ ᠡᠭᠦᠳᠪᠡ ᠃

✦2024 ᠣᠨ᠎ᠳᠤ᠂ ᠮᠠᠨ᠎ᠤ ᠤᠯᠤᠰ᠎ᠤᠨ ᠲᠣᠭᠠᠴᠢᠯᠠᠭᠰᠠᠨ ᠠᠵᠤ ᠠᠬᠤᠢ᠎ᠶᠢᠨ ᠭᠣᠣᠯᠯᠠᠭ᠍ᠴᠢ ᠠᠵᠤ ᠦᠢᠯᠡᠰ᠎ᠦᠨ ᠡᠭᠦᠳᠦᠯᠲᠡ᠎ᠶᠢᠨ ᠲᠤᠰᠬᠠᠢ ᠠᠰᠢᠭ᠋᠎ᠤᠨ ᠡᠷᠬᠡ ᠣᠯᠭᠣᠭᠰᠠᠨ ᠬᠡᠮᠵᠢᠶ᠎ᠡ ᠨᠢᠭᠡᠨᠲᠡ 50 ᠲᠦᠮᠡᠨ ᠬᠤᠪᠢ᠎ᠳᠤ ᠬᠦᠷᠴᠦ᠂ ᠪᠦᠬᠦ ᠪᠥᠮᠪᠥᠷᠴᠡᠭ᠎ᠦᠨ ᠨᠢᠭᠡᠳᠦᠭᠡᠷ ᠎ᠲᠦ ᠣᠷᠣᠵᠤ᠂ ᠠᠳᠠᠯᠢ ᠬᠤᠭᠤᠴᠠᠭᠠᠨ᠎ᠤ ᠬᠢ᠎ᠡᠴᠡ 23.1% ᠎ᠪᠠᠷ ᠨᠡᠮᠡᠭᠳᠡᠵᠦ᠂ ᠪᠦᠬᠦ ᠪᠥᠮᠪᠥᠷᠴᠡᠭ ᠦ᠋ᠨ ᠳᠤᠮᠳᠠᠴᠢ ᠨᠡᠮᠡᠭᠳᠡᠯ᠎ᠦᠨ ᠬᠤᠷᠳᠤᠴᠠ᠎ᠠᠴᠠ ᠬᠤᠯᠠ ᠳᠠᠪᠠᠭᠰᠠᠨ ᠪᠠᠢᠨ᠎ᠠ᠃

 ᠰᠤᠶᠤᠯ

✦ᠦᠢᠷ᠎ᠡ᠎ᠳᠦ ᠵᠢᠷᠭᠤᠳᠤᠭᠠᠷ ᠬᠤᠭᠤᠴᠠᠭᠠᠨ᠎ᠤ 《ᠴᠢᠩ ᠺᠧ》 ᠤᠳᠬ᠎ᠠ ᠵᠣᠬᠢᠶᠠᠯ᠎ᠤ᠋ᠨ ᠱᠠᠩᠨᠠᠯ ᠣᠯᠭᠣᠬᠤ ᠶᠣᠰᠣᠯᠠᠯ ᠰᠸᠴᠤᠸᠠᠨ ᠮᠤᠵᠢ᠎ᠳᠤ ᠶᠠᠪᠤᠭᠳᠠᠵᠤ᠂ ᠮᠠᠨ᠎ᠤ ᠣᠷᠣᠨ᠎ᠤ ᠵᠣᠬᠢᠶᠠᠯᠴᠢ ᠴᠧᠨ ᠰᠠᠷᠠᠨ᠎ᠠ 《ᠠᠭᠤᠯᠠ ᠤᠰᠤ᠎ᠶᠢ ᠳᠠᠪᠠᠭᠠᠳ》 ᠭᠡᠬᠦ ᠪᠦᠲᠦᠭᠡᠯ᠎ᠢᠶᠡᠷ᠎ᠢᠶᠡᠨ ᠲᠤᠭᠤᠵᠢᠰ᠎ᠤᠨ ᠱᠠᠩᠨᠠᠯ ᠬᠦᠷᠲᠡᠪᠡ᠃

 ᠲᠠᠮᠢᠷ

✦ᠤᠯᠤᠰ᠎ᠤᠨ ᠪᠡᠶ᠎ᠡ᠎ᠶᠢᠨ ᠲᠠᠮᠢᠷ᠎ᠤᠨ ᠶᠡᠷᠦᠩᠬᠡᠢ ᠲᠣᠪᠴᠢᠶ᠎ᠠ᠎ᠶᠢᠨ ᠪᠡᠶ᠎ᠡ ᠶ᠋ᠢᠨ ᠲᠠᠮᠢᠷ᠎ᠤᠨ ᠠᠵᠤ ᠠᠬᠤᠢ᠎ᠶᠢᠨ ᠵᠤᠷᠭᠠᠨ᠎ᠤ ᠨᠡᠢᠲᠡᠯᠡᠭᠰᠡᠨ 《2024 ᠣᠨ᠎ᠤ ᠳᠤᠮᠳᠠᠳᠤ ᠤᠯᠤᠰ᠎ᠤᠨ ᠪᠡᠶ᠎ᠡ᠎ᠶᠢᠨ ᠲᠠᠮᠢᠷ᠎ᠤᠨ ᠦᠢᠯᠡᠴᠢᠯᠡᠭᠡᠨ᠎ᠦ ᠠᠷᠠᠯᠵᠢᠶ᠎ᠠ ᠶ᠋ᠢᠨ ᠬᠥᠭᠵᠢᠯᠲᠡ᠎ᠶᠢᠨ ᠮᠡᠳᠡᠭᠦᠯᠦᠯᠲᠡ》᠎ᠳᠤ ᠢᠯᠡᠷᠡᠭᠦᠯᠦᠭᠰᠡᠨ ᠵᠢᠡᠷ᠂ 2024 ᠣᠨ᠎ᠤ ᠳᠤᠮᠳᠠᠳᠤ ᠤᠯᠤᠰ᠎ᠤᠨ ᠭᠣᠣᠯ ᠪᠣᠯᠬᠤ ᠪᠡᠶ᠎ᠡ᠎ᠶᠢᠨ ᠲᠠᠮᠢᠷ᠎ᠤᠨ ᠦᠢᠯᠡᠴᠢᠯᠡᠭᠡᠨ᠎ᠦ ᠠᠷᠠᠯᠵᠢᠶ᠎ᠠ᠎ᠶᠢᠨ ᠭᠠᠳᠠᠭᠠᠳᠤ᠎ᠠᠴᠠ ᠣᠷᠣᠭᠤᠯᠵᠤ ᠭᠠᠳᠠᠭᠠᠳᠤ ᠳ᠋ᠤ ᠭᠠᠷᠭᠠᠭᠰᠠᠨ ᠬᠡᠮᠵᠢᠶ᠎ᠠ ᠠᠷᠠᠳ᠎ᠤᠨ ᠵᠣᠭᠣᠰ᠎ᠢᠶᠠᠷ 693.42 ᠳ᠋ᠦᠩᠰᠢᠭᠤᠷ ᠲᠥᠭᠥᠷᠢᠭ᠎ᠲᠤ ᠬᠦᠷᠴᠦ᠂ ᠳᠡᠭᠡᠷ᠎ᠠ ᠵᠢᠯ᠎ᠦᠨ ᠬᠢ᠎ᠡᠴᠡ 164.55 ᠳ᠋ᠦᠩᠰᠢᠭᠤᠷ ᠲᠥᠭᠥᠷᠢᠭ ᠨᠡᠮᠡᠭᠳᠡᠨ᠂ 31.1% ᠪᠡᠷ ᠨᠡᠮᠡᠭᠳᠡᠵᠡᠢ᠃

✦ᠲᠦᠷᠦᠭᠦᠬᠡᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶᠢᠨ ᠲᠠᠮᠢᠷ᠎ᠤᠨ ᠲᠣᠪᠴᠢᠶ᠎ᠠ ᠪᠣᠯᠣᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠬᠠᠮᠲᠤᠷᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠭᠤᠷᠪᠠᠨ ᠲᠣᠮᠣ᠌ ᠪᠥᠮᠪᠥᠭᠡ 〉 ᠶ᠋ᠢᠨ ᠪᠦᠰᠡᠯᠡᠯᠲᠡ ᠰᠢᠪᠲᠤᠯᠬᠤ ᠲᠥᠯᠥᠪᠯᠡᠭᠡ》 ᠶ᠋ᠢ ᠨᠡᠢᠳᠡᠯᠡᠵᠦ᠂ 2027 ᠣᠨ ᠪᠣᠯᠬᠤ᠎ᠳᠤ 《ᠭᠤᠷᠪᠠᠨ ᠲᠣᠮᠣ᠌ ᠪᠥᠮᠪᠥᠭᠡ》᠎ᠶᠢᠨ ᠬᠥᠭᠵᠢᠯᠲᠡ᠎ᠶᠢᠨ ᠰᠢᠰᠲᠧᠮ᠎ᠢ ᠦᠨᠳᠦᠰᠦᠨ᠎ᠳᠡᠭᠡᠨ ᠪᠦᠷᠢᠨᠰᠢᠭᠦᠯᠵᠦ᠂ 2030 ᠣᠨ ᠪᠣᠯᠬᠤ ᠎ᠳᠤ ᠪᠣᠯᠪᠠᠰᠤᠷᠠᠯ᠂ ᠤᠷᠤᠯᠳᠤᠭᠠᠨ᠎ᠤ ᠰᠢᠰᠲ᠋ᠸᠮ ᠎ᠢ ᠨᠡᠩ ᠪᠣᠯᠪᠠᠰᠤᠷᠠᠩᠭᠤᠢ ᠪᠣᠯᠭᠠᠵᠤ᠂ ᠲᠦᠭᠡᠮᠡᠯᠵᠢᠭᠦᠯᠬᠦ ᠪᠠ ᠤᠷᠤᠯᠳᠤᠭᠠᠨ ᠎ᠤ ᠲᠦᠪᠰᠢᠨ ᠎ᠢ ᠦᠷᠭᠦᠯᠵᠢᠯᠡᠨ ᠳᠡᠭᠡᠭᠰᠢᠯᠡᠭᠦᠯᠦᠨ᠎ᠡ ᠭᠡᠵᠡᠢ᠃

 ᠲᠡᠯᠡᠬᠡᠢ

✦ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠠᠩᠭ᠌ᠯᠢ᠎ᠶᠢᠨ ᠲᠡᠷᠢᠭᠦᠨ ᠰᠠᠢᠳ ᠰᠲ᠋ᠠᠮᠦ᠋ᠸᠸ ᠲᠤᠬᠠᠢ᠎ᠶᠢᠨ ᠭᠠᠵᠠᠷ᠎ᠤᠨ ᠴᠠᠭ᠎ᠢᠶᠠᠷ 10 ᠎ᠤ ᠡᠳᠦᠷ ᠠᠢᠯᠴᠢᠯᠠᠬᠤ ᠎ᠪᠠᠷ ᠢᠷᠡᠭᠰᠡᠨ ᠢᠰᠷᠧᠯ᠎ᠦᠨ ᠶᠡᠷᠦᠩᠬᠡᠢᠯᠡᠭᠴᠢ ᠢᠰᠠᠺ· ᠡᡁᠸᠷᠽᠦ᠋ᠸᠸᠭ᠌ᠸ ᠶ᠋ᠢ ᠬᠦᠯᠢᠶᠡᠨ ᠠᠪᠴᠤ ᠠᠭᠤᠯᠵᠠᠬᠤ ᠳᠤᠮᠳᠠ᠂ ᠠᠩᠭ᠌ᠯᠢ᠎ᠶᠢᠨ ᠬᠢᠨ ᠫᠠᠯᠸᠰᠲ᠋ᠠᠢ᠍ᠢᠨ ᠤᠯᠤᠰ᠎ᠢ ᠮᠡᠳᠡᠷᠡᠬᠦ ᠵᠢᠴᠢ ᠢᠰᠷᠧᠯ᠎ᠦᠨ ᠴᠡᠷᠢᠭ ᠭᠠᠽᠠ ᠣᠷᠣᠨ᠎ᠳᠤ ᠴᠡᠷᠢᠭ᠎ᠦᠨ ᠶᠠᠪᠤᠳᠠᠯ᠎ᠤᠨ ᠠᠵᠢᠯᠯᠠᠭ᠎ᠠ᠎ᠶᠢ ᠠᠬᠢᠭᠤᠯᠵᠤ ᠪᠤᠢ ᠵᠡᠷᠭᠡ ᠵᠥᠪᠯᠡᠬᠦ ᠰᠡᠳᠦᠪ᠎ᠦᠨ ᠲᠤᠬᠠᠢ ᠮᠠᠷᠭᠤᠭᠠᠨ ᠡᠭᠦᠰᠴᠡᠢ᠃

✦ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠬᠡᠦᠬᠡᠳ᠎ᠦᠨ ᠰᠠᠭᠤᠷᠢ ᠮᠥᠩᠭᠥᠨ᠎ᠦ ᠨᠡᠢᠭᠡᠮᠯᠢᠭ 9᠎ᠦ ᠡᠳᠦᠷ ᠢᠯᠡᠷᠬᠡᠢᠯᠡᠬᠦ᠎ᠳᠡᠭᠡᠨ᠂ ᠠᠰᠢᠭ ᠦᠭᠡᠢ ᠰᠤᠯᠠ ᠢᠳᠡᠭᠡᠨ᠎ᠤ ᠨᠦᠯᠦᠭᠡ ᠪᠡᠷ ᠪᠥᠬᠥ ᠳᠡᠯᠡᠬᠡᠢ ᠶ᠋ᠢᠨ 5  ᠠ᠋ᠴᠠ 19 ᠨᠠᠰᠤᠨ᠎ᠤ ᠬᠣᠭᠣᠷᠣᠨᠳᠣᠬᠢ ᠮᠠᠷᠢᠶ᠎ᠠ᠎ᠲᠠᠢ ᠬᠡᠦᠬᠡᠳ ᠪᠠ ᠵᠠᠯᠠᠭᠤᠴᠤᠳ ᠪᠠᠭᠠᠴᠤᠳ ᠲᠦᠷᠭᠡᠨ᠎ᠢᠶᠡᠷ ᠨᠡᠮᠡᠭᠳᠡᠵᠦ᠂ 10 ᠬᠥᠮᠥᠨ ᠪᠦᠷᠢ᠎ᠳᠦ 1 ᠬᠥᠮᠥᠨ ᠨᠢ ᠮᠠᠷᠢᠶ᠎ᠠ ᠲᠠᠢ ᠪᠠᠢᠨ᠎ᠠ ᠭᠡᠵᠡᠢ᠃

ᠦᠢᠯᠡᠴᠢᠯᠡᠭᠡ 

✦ᠬᠥᠬᠡᠬᠣᠲᠠ᠎ᠦᠨᠳᠦᠰᠦᠲᠡᠨ᠎ᠦ ᠳᠡᠭᠡᠳᠦ ᠰᠤᠷᠭᠠᠭᠤᠯᠢ 10 ᠠᠵᠢᠯᠲᠠᠨ ᠡᠯᠰᠡᠨ᠎ᠠ᠃ 

ᠲᠠᠨ᠎ᠤ ᠲᠤᠰᠠ᠎ᠳᠤ 

✦ ᠰᠤᠯᠠ ᠠᠯᠬᠤᠬᠤ ᠨᠢ ᠪᠠᠮᠪᠠᠢ ᠪᠤᠯᠴᠢᠷᠬᠠᠢ ᠶ᠋ᠢᠨ ᠡᠪᠡᠳᠴᠢᠲᠡᠨ᠎ᠳᠦ ᠣᠯᠠᠨ ᠰᠠᠢᠨ ᠲᠠᠯ᠎ᠠ᠎ᠲᠠᠢ ᠪᠠᠢᠳᠠᠭ᠃ ᠴᠢᠰᠤᠨ᠎ᠤ ᠡᠷᠭᠢᠯᠲᠡ᠎ᠶᠢ ᠰᠠᠢᠵᠢᠷᠠᠭᠤᠯᠵᠤ᠂ ᠪᠠᠮᠪᠠᠢ ᠪᠤᠯᠴᠢᠷᠬᠠᠢ᠎ᠶᠢᠨ ᠬᠡᠪ᠎ᠦᠨ ᠠᠵᠢᠯᠯᠠᠭ᠎ᠠ᠎ᠶᠢ ᠪᠠᠲᠤᠯᠠᠬᠤ᠎ᠳᠤ ᠲᠤᠰᠠᠲᠠᠢ᠃ ᠰᠢᠨ᠎ᠡ ᠬᠠᠭᠤᠴᠢᠨ᠎ᠤ ᠰᠣᠯᠢᠯᠴᠠᠭ᠎ᠠ᠎ᠶᠢ ᠴᠢᠩᠭᠠᠳᠬᠠᠵᠤ᠂ ᠡᠪᠡᠳᠴᠢᠲᠡᠨ᠎ᠦ ᠢᠯᠡᠭᠦᠴᠡ ᠢᠯᠴᠢ ᠪᠠ ᠥᠭᠡᠬᠦ᠎ᠶᠢ ᠬᠣᠷᠣᠭᠳᠠᠭᠤᠯᠬᠤ᠎ᠳᠤ ᠬᠠᠪᠰᠤᠷᠤᠨ᠎ᠠ᠃ ᠳᠣᠲᠣᠭᠠᠳᠤ ᠱᠦᠭᠦᠷᠡᠯ᠎ᠦᠨ ᠰᠢᠰᠲᠧᠮ  ᠢ᠋ ᠲᠣᠬᠢᠷᠠᠭᠤᠯᠵᠤ᠂ ᠪᠠᠮᠪᠠᠢ ᠪᠤᠯᠴᠢᠷᠬᠠᠢ ᠶ᠋ᠢᠨ ᠬᠣᠷᠮᠣᠨ᠎ᠤ ᠱᠦᠭᠦᠷᠡᠯᠲᠡ ᠶ᠋ᠢ ᠤᠯᠠᠮ ᠲᠣᠭᠲᠠᠪᠤᠷᠢᠲᠠᠢ ᠪᠣᠯᠭᠠᠨ᠎ᠠ᠃ ᠳᠠᠷᠬᠠᠯᠠᠭ᠎ᠠ ᠵᠢ ᠰᠠᠢᠵᠢᠷᠠᠭᠤᠯᠵᠤ᠂ ᠡᠪᠡᠳᠴᠢᠨ᠎ᠢ ᠨᠡᠩ ᠰᠠᠢᠨ ᠡᠵᠡᠮᠳᠡᠬᠦ ᠪᠠ ᠬᠠᠯᠳᠠᠪᠤᠷᠢᠯᠠᠯ ᠵᠡᠷᠭᠡ ᠳᠠᠪᠬᠤᠴᠠᠭᠰᠠᠨ ᠡᠪᠡᠳᠴᠢᠨ᠎ᠦ ᠡᠭᠦᠰᠬᠦ ᠲᠦᠭᠰᠢᠭᠦᠷᠢ᠎ᠶᠢ ᠪᠠᠭᠠᠰᠬᠠᠨ᠎ᠠ᠃ ᠳᠠᠷᠤᠭᠠᠰᠤ ᠪᠠ ᠵᠣᠪᠠᠨᠢᠯ᠎ᠢ ᠬᠥᠩᠭᠡᠷᠡᠭᠦᠯᠵᠦ᠂ ᠤᠷᠮ᠎ᠠ ᠰᠡᠳᠬᠢᠯᠭᠡ ᠶ᠋ᠢ ᠰᠠᠢᠵᠢᠷᠠᠭᠤᠯᠤᠨ ᠪᠠᠮᠪᠠᠢ ᠪᠤᠯᠴᠢᠷᠬᠠᠢ᠎ᠶᠢᠨ ᠠᠵᠢᠯᠯᠠᠭ᠎ᠠ᠎ᠶᠢᠨ ᠲᠣᠭᠲᠠᠭᠤᠨ ᠪᠠᠢᠬᠤ᠎ᠶᠢ ᠪᠠᠲᠤᠯᠠᠨ᠎ᠠ᠃

ᠵᠠᠯᠭᠠᠭᠠᠳ 《ᠲᠠᠯ᠎ᠠ ᠵᠢᠨ ᠲᠤᠷᠭᠠᠨ ᠵᠡᠷᠭᠡᠯᠭᠡ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠤ  ᠪᠠᠶᠠᠷᠯᠠᠯ᠎ᠠ᠂  ᠪᠠᠶᠠᠷᠳᠠᠢ!

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)

ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号