



ᠨᠡᠢᠭᠡᠮ
✦ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ ᠤᠯᠤᠰ ᠤᠨ ᠠᠷᠠᠳ ᠤ᠋ᠨ ᠲᠥᠯᠥᠭᠡᠯᠡᠭᠴᠢᠳ ᠦᠨ ᠶᠡᠬᠡ ᠬᠤᠷᠠᠯ ᠤᠨ
ᠪᠠᠢᠩᠭᠤ ᠶᠢᠨ ᠬᠣᠷᠢᠶ᠎ᠠ ᠵᠢᠨ ᠠᠷᠪᠠᠨ ᠳᠣᠯᠣᠳᠤᠭᠠᠷ ᠬᠤᠷᠠᠯ ᠠ᠋ᠴᠠ 《ᠪᠥᠬᠥᠳᠡ
ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠴᠡᠴᠡᠷᠯᠢᠭ᠎ᠦᠨ ᠬᠠᠤᠯᠢ》 ᠶ᠋ᠢ ᠪᠠᠲᠤᠯᠠᠵᠤ᠂ 2026 ᠣᠨ᠎ᠤ 1 ᠰᠠᠷ᠎ᠠ ᠵᠢᠨ 1
ᠤ᠋ ᠡᠳᠦᠷ ᠡᠴᠡ ᠡᠬᠢᠯᠡᠵᠦ ᠬᠡᠷᠡᠭᠵᠢᠬᠦᠯᠦᠨ᠎ᠠ᠃
✦ᠵᠠᠬ᠎ᠠ ᠳᠡᠯᠭᠡᠭᠦᠷ ᠦᠨ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ ᠡᠨᠡ ᠵᠢᠯ ᠭᠣᠣᠯᠳᠠᠯᠭ᠎ᠠ᠎ᠲᠠᠢ
ᠭᠠᠵᠠᠷ ᠣᠷᠣᠨ ᠳᠤ ᠠᠩᠬᠠᠷᠤᠯ᠎ᠢᠶᠠᠨ ᠲᠥᠪᠯᠡᠷᠡᠭᠦᠯᠵᠦ᠂ ᠬᠥᠳᠡᠭᠡ ᠲᠣᠰᠬᠣᠨ ᠤ ᠬᠠᠭᠤᠷᠮᠠᠭ ᠮᠠᠭᠤ ᠢᠳᠡᠭᠡᠨ᠎ᠦ
ᠵᠦᠢᠯ᠎ᠢ ᠴᠡᠭᠴᠡᠯᠡᠨ ᠵᠠᠰᠠᠬᠤ ᠡᠷᠴᠢᠮ᠎ᠢᠶᠡᠨ ᠴᠢᠩᠭᠠᠷᠠᠭᠤᠯᠵᠤ᠂ ᠬᠥᠳᠡᠭᠡ ᠲᠣᠰᠬᠣᠨ᠎ᠤ ᠵᠠᠬ᠎ᠠ ᠳᠡᠯᠭᠡᠭᠦᠷ᠎ᠦᠨ《ᠭᠤᠷᠪᠠ ᠦᠭᠡᠢ》 ᠢᠳᠡᠭᠡᠨ᠂ ᠬᠤᠭᠤᠴᠠᠭ᠎ᠠ᠎ᠠᠴᠠ ᠬᠡᠲᠦᠷᠡᠭᠰᠡᠨ ᠬᠠᠭᠤᠷᠮᠠᠭ ᠮᠠᠭᠤ ᠢᠳᠡᠭᠡᠨ᠂ ᠢᠷᠡᠯᠲᠡ ᠨᠢ
ᠲᠣᠳᠣᠷᠬᠠᠢ ᠦᠭᠡᠢ ᠢᠳᠡᠭᠡᠨ ᠵᠡᠷᠭᠡ ᠲᠣᠪᠣᠢᠮ᠎ᠠ ᠠᠰᠠᠭᠤᠳᠠᠯ᠎ᠢ ᠭᠣᠣᠯᠳᠠᠯᠭ᠎ᠠ ᠲᠠᠢ ᠴᠡᠭᠴᠡᠯᠡᠨ ᠵᠠᠰᠠᠨ᠎ᠠ᠃

✦ᠲᠥᠷᠥ᠎ᠶᠢᠨ ᠶᠠᠪᠤᠳᠠᠯ᠎ᠤᠨ ᠬᠤᠷᠢᠶ᠎ᠠ ᠵᠢᠨ ᠰᠣᠨᠢᠨ ᠮᠡᠳᠡᠭᠡᠨ᠎ᠦ ᠠᠯᠪᠠᠨ ᠭᠡᠷ 《〈ᠠᠷᠪᠠᠨ ᠳᠥᠷᠪᠡᠳᠦᠭᠡᠷ ᠲᠠᠪᠤᠨ ᠵᠢᠯ〉᠎ᠤᠨ ᠲᠥᠯᠦᠪᠵᠢᠭᠦᠯᠭᠡ᠎ᠶᠢ ᠴᠢᠨᠠᠷ ᠰᠠᠢᠲᠠᠢ ᠪᠡᠶᠡᠯᠡᠭᠦᠯᠬᠦ 》 ᠰᠢᠷᠢᠰ ᠭᠣᠣᠯ ᠰᠡᠳᠦᠪᠲᠦ ᠰᠣᠨᠢᠨ ᠮᠡᠳᠡᠭᠡ ᠨᠡᠢᠲᠡᠯᠡᠬᠦ ᠬᠤᠷᠠᠯ ᠬᠢᠵᠦ ᠲᠠᠨᠢᠯᠴᠠᠭᠤᠯᠤᠭᠰᠠᠨ᠎ᠢᠶᠠᠷ᠂
ᠮᠠᠨ᠎ᠤ ᠤᠯᠤᠰ᠎ᠤᠨ ᠰᠤᠳᠤᠯᠵᠤ ᠪᠠᠢᠭ᠎ᠠ ᠰᠢᠨ᠎ᠡ ᠡᠮ᠎ᠦᠨ ᠲᠣᠭ᠎ᠠ ᠪᠦᠬᠦ ᠪᠥᠮᠪᠥᠷᠴᠡᠭ᠎ᠲᠦ ᠡᠵᠡᠯᠡᠬᠦ ᠬᠠᠷᠢᠴᠠᠯ
20% ᠶ᠋ᠢ ᠳᠠᠪᠠᠵᠤ᠂ ᠪᠦᠬᠦ ᠪᠥᠮᠪᠥᠷᠴᠡᠭ᠎ᠦᠨ ᠰᠢᠨ᠎ᠡ ᠡᠮ ᠰᠤᠳᠤᠯᠤᠨ ᠦᠢᠯᠡᠳᠬᠦ ᠬᠣᠶᠠᠳᠤᠭᠠᠷ ᠪᠠᠢᠷᠢᠨ᠎ᠳᠤ ᠣᠷᠣᠵᠡᠢ᠃
✦ᠣᠳᠣᠬᠠᠨ᠎ᠳᠤ ᠤᠮᠠᠷᠠᠲᠤ ᠣᠷᠣᠨ ᠨᠢᠭᠡᠨᠲᠡ ᠨᠠᠮᠤᠷ᠎ᠤᠨ ᠤᠯᠠᠷᠢᠯ᠎ᠤᠨ ᠴᠡᠴᠡᠭ ᠦ᠋ᠨ ᠲᠣᠭᠣᠰᠣᠨ᠎ᠤ ᠣᠷᠭᠢᠯ
ᠦᠶ᠎ᠠ᠎ᠳᠤ ᠣᠷᠣᠵᠤ᠂ ᠴᠡᠴᠡᠭ᠎ᠦᠨ ᠲᠣᠭᠣᠰᠣᠨ᠎ᠤ ᠬᠤᠭᠤᠴᠠᠭ᠎ᠠ ᠨᠢ 9 ᠰᠠᠷ᠎ᠠ᠎ᠶᠢᠨ
ᠰᠡᠭᠦᠯᠴᠢ᠎ᠡᠴᠡ 10 ᠰᠠᠷ᠎ᠠ᠎ᠶᠢᠨ ᠡᠬᠢ ᠪᠣᠯᠲᠠᠯ᠎ᠠ ᠦᠷᠭᠦᠯᠵᠢᠯᠡᠵᠦ᠂ ᠨᠠᠮᠤᠷ᠎ᠤᠨ
ᠤᠯᠠᠷᠢᠯ ᠳ᠋ᠤ ᠴᠡᠴᠡᠭ᠎ᠦᠨ ᠲᠣᠭᠣᠰᠣᠨ᠎ᠤ ᠣᠷᠭᠢᠯ ᠦᠶᠡᠪᠠ ᠠᠶᠤᠩᠭᠠᠲᠤ ᠪᠣᠷᠣᠭᠠᠨ᠎ᠤ ᠠᠭᠤᠷ ᠠᠮᠢᠰᠬᠤᠯ ᠳᠠᠪᠬᠤᠴᠠᠪᠠᠯ《ᠠᠶᠤᠩᠭᠠᠲᠤ ᠪᠣᠷᠣᠭᠠᠨ᠎ᠤ ᠬᠢᠷᠬᠢᠷ᠎ᠡ》 ᠡᠬᠦᠰᠭᠡᠵᠦ ᠮᠡᠳᠡᠬᠦ ᠤᠴᠢᠷ ᠡᠴᠡ ᠤᠷᠢᠳᠴᠢᠯᠠᠨ ᠰᠡᠷᠭᠡᠢᠯᠡᠬᠦ ᠵᠢ ᠰᠠᠨᠠᠭᠤᠯᠵᠤ
ᠪᠠᠢᠨ᠎ᠠ᠃

✦2024 ᠣᠨ᠎ᠳᠤ ᠮᠠᠨ᠎ᠤ ᠤᠯᠤᠰ᠎ᠤᠨ ᠰᠠᠭᠤᠭᠠᠯᠢ ᠠᠷᠠᠳ᠎ᠤᠨ ᠬᠥᠮᠥᠨ ᠳᠤᠮᠳᠠᠴᠢ᠎ᠶᠢᠨ ᠵᠢᠱ᠌ᠢᠭᠰᠡᠨ ᠨᠠᠰᠤᠨ
ᠬᠤᠲᠤᠭ 79 ᠨᠠᠰᠤ ᠬᠦᠷᠴᠦ᠂ 2020 ᠣᠨ᠎ᠤ ᠬᠢ᠎ᠡᠴᠡ 1.1 ᠨᠠᠰᠤ ᠳᠡᠭᠡᠭᠰᠢᠯᠡᠵᠦ᠂ 8 ᠮᠤᠵᠢ ᠣᠷᠣᠨ᠎ᠤ ᠬᠥᠮᠥᠨ
ᠳᠤᠮᠳᠠᠴᠢ᠎ᠶᠢᠨ ᠵᠢᠱ᠌ᠢᠭᠰᠡᠨ ᠨᠠᠰᠤᠨ ᠬᠤᠲᠤᠭ 80 ᠨᠠᠰᠤ᠎ᠶᠢ ᠳᠠᠪᠠᠵᠤ᠂ ᠰᠠᠭᠤᠭᠠᠯᠢ ᠠᠷᠠᠳ᠎ᠤᠨ ᠡᠷᠡᠭᠦᠯ ᠮᠡᠨᠳᠦ᠎ᠶᠢᠨ
ᠲᠦᠪᠰᠢᠨ ᠲᠣᠭᠲᠠᠭᠤᠨ᠎ᠢᠶᠠᠷ ᠳᠡᠭᠡᠭᠰᠢᠯᠡᠵᠡᠢ᠃
✦ᠣᠢᠷ᠎ᠠ᠎ᠳᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ ᠡᠴᠡ
42 ᠵᠦᠢᠯ᠎ᠦᠨ ᠬᠥᠳᠡᠯᠮᠦᠷᠢ᠎ᠶᠢᠨ ᠬᠠᠮᠠᠭᠠᠯᠠᠯᠲᠠ ᠶ᠋ᠢᠨ ᠬᠡᠷᠡᠭᠰᠡᠯ ᠦ᠋ᠨ ᠠᠯᠪᠠᠳᠠᠯᠭ᠎ᠠ᠎ᠶᠢᠨ ᠴᠢᠨᠠᠷᠲᠠᠢ ᠤᠯᠤᠰ᠎ᠤᠨ
ᠪᠠᠷᠢᠮᠵᠢᠶ᠎ᠠ᠎ᠶᠢ ᠵᠥᠪᠰᠢᠶᠡᠷᠡᠨ ᠨᠡᠢᠲᠡᠯᠡᠵᠦ᠂ ᠨᠢᠳᠦ ᠨᠢᠭᠤᠷ᠎ᠤᠨ ᠬᠡᠰᠡᠭ᠂ ᠰᠣᠨᠣᠷ᠂ ᠠᠮᠢᠰᠬᠤᠯ᠂ ᠲᠣᠯᠣᠭᠠᠢ᠂
ᠭᠠᠷ᠂ ᠬᠥᠯ᠂ ᠬᠤᠪᠴᠠᠰᠤ ᠬᠤᠨᠠᠷ ᠵᠢᠴᠢ ᠤᠨᠠᠬᠤ ᠡᠴᠡ ᠬᠠᠮᠠᠭᠠᠯᠠᠬᠤ ᠨᠠᠢ᠍ᠮᠠᠨ ᠶᠡᠬᠡ ᠬᠥᠳᠡᠯᠮᠦᠷᠢ᠎ᠶᠢᠨ ᠬᠠᠮᠠᠭᠠᠯᠠᠯᠲᠠ᠎ᠶᠢᠨ
ᠬᠦᠷᠢᠶ᠎ᠡ᠎ᠶᠢ ᠬᠠᠮᠤᠷᠴᠤ᠂ ᠦᠢᠯᠡᠳᠬᠦᠨ᠎ᠦ ᠶᠠᠰᠤ ᠴᠢᠨᠠᠷ᠎ᠤᠨ ᠠᠮᠤᠷ ᠲᠦᠪᠰᠢᠨ᠂ ᠰᠣᠩᠭᠣᠯᠲᠠ᠂ ᠬᠡᠷᠡᠭᠯᠡᠯᠲᠡ ᠪᠠ
ᠬᠠᠮᠠᠭᠠᠯᠠᠯᠲᠠ ᠵᠡᠷᠭᠡ᠎ᠶᠢᠨ ᠪᠠᠷᠢᠮᠵᠢᠶ᠎ᠠ᠎ᠳᠤ ᠬᠣᠯᠪᠣᠭᠳᠠᠵᠠᠢ᠃

✦ᠮᠠᠨ᠎ᠤ ᠤᠯᠤᠰ ᠤᠨ ᠰᠢᠨᠵᠢᠯᠡᠬᠦ ᠤᠬᠠᠭᠠᠨ᠎ᠤ ᠰᠤᠳᠤᠯᠭᠠᠨ ᠤ ᠠᠵᠢᠯᠲᠠᠳ ᠥᠮᠡᠨ ᠡᠪᠡᠳᠴᠢᠨ᠎ᠦ ᠡᠭᠡᠯᠢᠯᠡᠭᠡ᠎ᠶᠢᠨ
ᠡᠮᠴᠢᠯᠡᠭᠡ ᠳᠦ ᠬᠡᠷᠡᠭᠯᠡᠵᠦ ᠪᠣᠯᠬᠤ ᠨᠠᠨᠦᠮᠧᠲᠷ᠎ᠤᠨ ᠮᠠᠰᠢᠨ ᠬᠥᠮᠥᠨ ᠢ ᠨᠡᠭᠡᠭᠡᠨ ᠦᠢᠯᠡᠳᠴᠦ᠂ ᠬᠠᠮᠢᠶ᠎ᠠ
ᠪᠦᠬᠦᠢ ᠦᠷ᠎ᠠ ᠪᠦᠲᠦᠭᠡᠯ ᠢ 《ᠪᠠᠢᠭᠠᠯᠢ》 ᠰᠡᠳᠬᠦᠯ ᠤᠨ ᠰᠦᠯᠵᠢᠶᠡᠨ ᠳ᠋ᠤ ᠨᠡᠢᠲᠡᠯᠡᠵᠡᠢ᠃
✦ᠣᠯᠠᠨ ᠲᠦᠮᠡᠨ᠎ᠦ ᠲᠠᠷᠢᠯᠭ᠎ᠠ᠎ᠶᠢᠨ ᠬᠡᠷᠡᠭᠴᠡᠭᠡ ᠱᠠᠭᠠᠷᠳᠠᠯᠭ᠎ᠠ᠎ᠶᠢ ᠬᠠᠩᠭᠠᠬᠤ᠎ᠶᠢᠨ ᠲᠥᠯᠥᠭᠡ᠂
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ
ᠲᠣᠪᠴᠢᠶ᠎ᠠ ᠠ᠋ᠴᠠ ᠪᠥᠬᠥ ᠣᠷᠣᠨ᠎ᠳᠦ HPV
ᠸᠠᠺᠼᠢᠨ ᠪᠠ ᠮᠤᠭᠠᠢ ᠢᠯᠳᠦ ᠵᠢᠨ
ᠸᠠᠺᠼᠢᠨ᠎ᠤ ᠵᠠᠷᠤᠳᠠᠯ᠎ᠢ ᠬᠠᠰᠤᠵᠤ ᠬᠡᠯᠲᠦᠷᠢᠭᠦᠯᠬᠦ ᠠᠵᠢᠯᠯᠠᠭ᠎ᠠ᠎ᠶᠢᠨ ᠴᠠᠭ᠎ᠢ 12 ᠰᠠᠷ᠎ᠠ᠎ᠶᠢᠨ 31᠎ᠦ
ᠡᠳᠦᠷ ᠪᠣᠯᠲᠠᠯ᠎ᠠ ᠤᠷᠲᠤᠳᠬᠠᠵᠤ᠂ ᠪᠥᠬᠥ ᠲᠠᠷᠢᠯᠭ᠎ᠠ᠎ᠶᠢᠨ ᠶᠠᠪᠤᠴᠠ ᠳᠠᠭᠤᠰᠬᠤ ᠴᠠᠭ᠎ᠢ 2026 ᠣᠨ᠎ᠤ 6
ᠰᠠᠷ᠎ᠠ᠎ᠶᠢᠨ 30᠎ᠤ ᠡᠳᠦᠷ ᠪᠣᠯᠲᠠᠯ᠎ᠠ ᠤᠷᠲᠤᠳᠬᠠᠪᠠ᠃

✦ᠤᠢᠷ᠎ᠠ ᠳ᠋ᠤ ᠰᠢᠯᠢ᠎ᠶᠢᠨ ᠭᠣᠣᠯ ᠠᠢᠮᠠᠭ᠎ᠤᠨ ᠰᠣᠶᠣᠯ ᠵᠢᠭᠤᠯᠴᠢᠯᠠᠯ ᠤ᠋ᠨ ᠨᠡᠢᠭᠡᠮᠯᠢᠭ
ᠪᠠᠢᠭᠤᠯᠤᠭᠳᠠᠪᠠ᠃ ᠲᠦᠷᠦᠭᠦᠦ ᠪᠦᠯᠦᠭ ᠦᠨ 87
ᠭᠡᠰᠢᠭᠦᠨ ᠨᠢᠭᠡᠴᠢ ᠨᠢ ᠦᠵᠡᠮᠵᠢ᠎ᠶᠢᠨ ᠣᠷᠣᠨ᠂ ᠪᠠᠭᠤᠳᠠᠯ᠂ ᠢᠳᠡᠭᠡᠨ ᠤᠮᠳᠠᠭᠠᠨ᠂ ᠵᠢᠭᠤᠯᠴᠢᠯᠠᠯ
ᠤ᠋ᠨ ᠭᠠᠵᠠᠷ ᠵᠡᠷᠭᠡ ᠰᠣᠶᠣᠯ ᠵᠢᠭᠤᠯᠴᠢᠯᠠᠯ᠎ᠤᠨ ᠠᠵᠤ ᠦᠢᠯᠡᠰ᠎ᠦᠨ ᠣᠯᠠᠨ ᠠᠵᠢᠯ ᠲᠥᠷᠥᠯ᠎ᠢ ᠪᠠᠭᠲᠠᠭᠠᠪᠠ᠃
✦ᠣᠢᠷ᠎ᠠ᠎ᠶᠢᠨ ᠵᠢᠯ᠎ᠡᠴᠡ ᠨᠠᠭᠠᠰᠢ᠂ ᠬᠢᠩᠭᠠᠨ ᠠᠢᠮᠠᠭ ᠠᠭᠠᠯᠢᠭ᠋ ᠠᠯᠢᠮ᠎ᠠ᠎ᠶᠢᠨ ᠠᠵᠤ ᠦᠢᠯᠡᠰᠵᠢᠡᠷ ᠠᠮᠢ ᠠᠬᠤᠢ᠎ᠶᠢ
ᠰᠡᠷᠭᠦᠭᠡᠬᠦ ᠪᠠ ᠲᠠᠷᠢᠶᠠᠴᠢᠳ ᠤ᠋ᠨ ᠣᠷᠣᠯᠭ᠎ᠠ ᠶ᠋ᠢ ᠨᠡᠮᠡᠭᠳᠡᠭᠦᠯᠬᠦ ᠴᠢᠬᠤᠯᠠ ᠭᠠᠷᠳᠠᠴᠠ ᠪᠣᠯᠭᠠᠵᠤ᠂
ᠣᠳᠣᠬᠠᠨ᠎ᠳᠤ ᠪᠦᠬᠦ ᠠᠢᠮᠠᠭ ᠤ᠋ᠨ ᠠᠭᠠᠯᠢᠭ᠋ ᠠᠯᠢᠮ᠎ᠠ᠎ᠶᠢᠨ ᠲᠠᠷᠢᠮᠠᠯ᠎ᠤᠨ ᠲᠠᠯᠠᠪᠠᠢ 14.67 ᠲᠦᠮᠡᠨ ᠮᠦ᠍᠎ᠳᠤ ᠬᠦᠷᠴᠦ᠂ ᠵᠢᠯ ᠦᠨ ᠵᠢᠮᠢᠰ᠎ᠦᠨ ᠭᠠᠷᠤᠯᠲᠠ 6000 ᠲᠦᠮᠡᠨ ᠵᠢᠩ᠎ᠳᠦ ᠬᠦᠷᠴᠦ᠂ 8000 ᠭᠠᠷᠤᠢ
ᠲᠠᠷᠢᠶᠠᠴᠢᠨ ᠡᠷᠤᠬᠡ ᠳᠤ ᠠᠰᠢᠭ᠋ ᠬᠦᠷᠲᠡᠭᠡᠵᠦ᠂ ᠠᠵᠤ ᠦᠢᠯᠡᠰ᠎ᠤᠨ ᠶᠡᠷᠦᠩᠬᠡᠢᠯᠡᠭᠰᠡᠨ ᠵᠢᠯ᠎ᠦᠨ ᠦᠢᠯᠡᠳᠬᠦᠨ᠎ᠦ
ᠥᠷᠲᠡᠭ 2.6
ᠳ᠋ᠦᠩᠰᠢᠭᠤᠷ ᠲᠥᠭᠥᠷᠢᠭ᠎ᠢ ᠳᠠᠪᠠᠭᠰᠠᠨ ᠪᠠᠢᠨ᠎ᠠ᠃

✦ᠣᠳᠣᠬᠠᠨ ᠪᠣᠯᠲᠠᠯ᠎ᠠ ᠠᠪᠠᠭ᠎ᠠ ᠬᠣᠰᠢᠭᠤ 146.923 ᠲᠦᠮᠡᠨ ᠮᠦ᠍ ᠬᠠᠳᠤᠯᠠᠩ ᠤ᠋ᠨ ᠲᠠᠯᠠᠪᠠᠢ᠎ᠶᠢ
ᠳᠠᠩᠰᠠᠯᠠᠭᠤᠯᠵᠤ᠂ ᠵᠢᠱ᠌ᠢᠯᠲᠡ᠎ᠪᠡᠷ ᠡᠨᠡ ᠵᠢᠯ᠎ᠦᠨ ᠡᠪᠡᠰᠦᠨ᠎ᠦ ᠭᠠᠷᠤᠯᠲᠠ 7 ᠲᠦᠮᠡᠨ ᠲᠣᠨ᠎ᠳᠤ ᠬᠦᠷᠬᠦ
ᠪᠣᠯᠣᠨ᠎ᠠ᠃
ᠠᠵᠤ ᠠᠬᠤᠢ
✦ᠬᠠᠮᠤᠭ ᠤᠨ ᠰᠢᠨ᠎ᠡ ᠲᠣᠭ᠎ᠠ ᠪᠠᠷᠢᠮᠲᠠ᠎ᠳᠤ ᠢᠯᠡᠷᠡᠭᠦᠯᠦᠭᠰᠡᠨ᠎ᠢᠶᠡᠷ᠂ ᠡᠨᠡ ᠵᠢᠯ ᠦᠨ 1 ︱ 8 ᠰᠠᠷ᠎ᠠ᠎ᠳᠤ᠂ ᠮᠠᠨ᠎ᠤ ᠤᠯᠤᠰ ᠤᠨ ᠮᠠᠰᠢᠨ ᠲᠡᠷᠭᠡᠨ᠎ᠦ ᠦᠢᠯᠡᠳᠪᠦᠷᠢᠯᠡᠯ ᠪᠣᠷᠤᠯᠠᠭᠤᠯᠭ᠎ᠠ᠎ᠶᠢᠨ
ᠬᠡᠮᠵᠢᠶ᠎ᠡ ᠲᠣᠰ ᠲᠣᠰ 2105.1 ᠲᠦᠮᠡ ᠪᠠ 2112.8 ᠲᠦᠮᠡ᠎ᠶᠢ ᠪᠡᠶᠡᠯᠡᠭᠦᠯᠵᠦ᠂ ᠠᠳᠠᠯᠢ ᠬᠤᠭᠤᠴᠠᠭᠠᠨ᠎ᠤ ᠬᠢ᠎ᠡᠴᠡ
ᠲᠣᠰ ᠲᠣᠰ 12.7% ᠪᠠ 12.6% ᠪᠡᠷ ᠨᠡᠮᠡᠭᠳᠡᠪᠡ᠃ ᠮᠠᠨ᠎ᠤ ᠤᠯᠤᠰ᠎ᠤᠨ ᠮᠠᠰᠢᠨ ᠲᠡᠷᠭᠡᠨ᠎ᠦ ᠦᠢᠯᠡᠳᠪᠦᠷᠢᠯᠡᠯ
ᠪᠣᠷᠤᠯᠠᠭᠤᠯᠭ᠎ᠠ᠎ᠶᠢᠨ ᠬᠡᠮᠵᠢᠶ᠎ᠡ ᠠᠩᠬ᠎ᠠ ᠤᠳᠠᠭ᠎ᠠ ᠬᠣᠣᠰ 2000 ᠲᠦᠮᠡ᠎ᠶᠢ ᠳᠠᠪᠠᠵᠠᠢ᠃

ᠰᠤᠶᠤᠯ
✦13᠎ᠤ ᠡᠳᠦᠷ᠂ 2025 ᠣᠨ᠎ᠤ ᠠᠯᠠᠱᠠ ᠨᠠᠭᠠᠳᠤᠮ ᠠᠯᠠᠱᠠ ᠵᠡᠭᠦᠨ ᠬᠣᠰᠢᠭᠤ᠎ᠳᠤ ᠡᠬᠢᠯᠡᠵᠠᠢ᠃ ᠲᠤᠰ
ᠤᠳᠠᠭᠠᠨ᠎ᠤ ᠨᠠᠭᠠᠳᠤᠮ ᠨᠢ 3 ᠡᠳᠦᠷ᠎ᠦᠨ ᠬᠤᠭᠤᠴᠠᠭ᠎ᠠ᠎ᠲᠠᠢ ᠶᠠᠪᠤᠭᠳᠠᠵᠤ᠂ ᠪᠥᠬᠡ ᠶᠢᠨ ᠪᠠᠷᠢᠯᠳᠤᠭᠠᠨ᠂ ᠮᠣᠷᠢᠨ
ᠤᠷᠤᠯᠳᠤᠭᠠᠨ᠂ ᠲᠡᠮᠡᠭᠡᠨ ᠤᠷᠤᠯᠳᠤᠭᠠᠨ᠂ ᠰᠤᠷ ᠬᠠᠷᠪᠤᠭ᠎ᠠ
ᠵᠡᠷᠭᠡ 39 ᠲᠥᠷᠥᠯ ᠦᠨ ᠤᠷᠤᠯᠳᠤᠭᠠᠨ ᠪᠠ ᠠᠳᠠᠯᠢᠳᠬᠠᠯ ᠰᠢᠯᠭᠠᠷᠠᠭᠤᠯᠤᠯᠲᠠ᠂ ᠦᠵᠡᠭᠦᠯᠭᠡ ᠶ᠋ᠢᠨ ᠠᠭᠤᠯᠭ᠎ᠠ᠎ᠠᠴᠠ
ᠭᠠᠳᠠᠨ᠎ᠠ ᠪᠣᠳᠠᠰ᠎ᠤᠨ ᠪᠤᠰᠤ ᠰᠣᠶᠣᠯ ᠤᠨ ᠥᠪ᠎ᠦᠨ ᠤᠯᠠᠮᠵᠢᠯᠠᠯᠲᠤ ᠲᠣᠭᠯᠠᠭᠠᠮ᠂ ᠳᠡᠯᠭᠡᠨ ᠪᠣᠷᠤᠯᠠᠭᠤᠯᠭ᠎ᠠ᠂
ᠣᠷᠣᠨ ᠨᠤᠲᠤᠭ ᠤᠨ ᠣᠨᠴᠠᠯᠢᠭ᠍ᠲᠤ ᠣᠨᠴᠠ ᠭᠠᠷᠤᠯᠲᠠ ᠠᠮᠲᠠᠲᠤ ᠢᠳᠡᠭᠡᠨ ᠦ ᠠᠷᠠᠯᠵᠢᠶ᠎ᠠ ᠬᠤᠳᠠᠯᠳᠤᠭ᠎ᠠ᠂ ᠵᠢᠭᠤᠯᠴᠢᠯᠠᠯ
ᠤᠨ ᠡᠬᠢ ᠪᠠᠶᠠᠯᠢᠭ᠋᠎ᠢ ᠤᠬᠠᠭᠤᠯᠤᠨ ᠲᠠᠨᠢᠯᠴᠠᠭᠤᠯᠬᠤ ᠵᠡᠷᠭᠡ ᠠᠭᠤᠯᠭ᠎ᠠ᠎ᠶᠢ ᠲᠣᠬᠢᠷᠠᠭᠤᠯᠤᠭᠰᠠᠨ ᠪᠠᠢᠨ᠎ᠠ᠃

ᠲᠡᠯᠡᠬᠡᠢ
✦ᠰᠢᠨᠬᠤᠸᠠ ᠬᠤᠷᠢᠶ᠎ᠠ ᠵᠢᠨ ᠮᠡᠳᠡᠭᠡ ᠵᠢ
ᠦᠨᠳᠦᠰᠦᠯᠡᠪᠡᠯ᠂ 12 ᠤ᠋ᠨ ᠡᠳᠦᠷ ᠫᠠᠺᠢᠰᠲ᠋ᠠᠨ᠎ᠤ ᠨᠡᠢᠰᠯᠡᠯ ᠢᠰᠯᠠᠮᠠᠪᠠᠳ᠋
ᠪᠣᠯᠣᠨ ᠢᠷᠡᠨ᠎ᠤ ᠨᠡᠢᠰᠯᠡᠯ ᠲᠸᠾᠷᠠᠨ ᠤ᠋ ᠬᠣᠭᠣᠷᠣᠨᠳᠤ 60 ᠵᠢᠯ
ᠨᠢᠰᠬᠦ᠎ᠪᠡᠨ ᠵᠣᠭᠰᠣᠭᠰᠠᠨ ᠡᠭᠡᠯᠵᠢ ᠶ᠋ᠢᠨ ᠨᠢᠰᠬᠡᠯ ᠳᠠᠬᠢᠨ ᠰᠡᠷᠭᠦᠵᠦ᠂ ᠠᠩᠬᠠᠨ᠎ᠤ ᠠᠶᠠᠯᠠᠯ᠎ᠤᠨ ᠶᠣᠰᠣᠯᠠᠯ
11 ᠦ ᠡᠳᠦᠷ ᠢᠰᠯᠠᠮᠠᠪᠠᠳ᠋᠎ᠤᠨ ᠤᠯᠠᠨ ᠤᠯᠤᠰ᠎ᠤᠨ ᠨᠢᠰᠬᠡᠯ᠎ᠦᠨ
ᠪᠠᠭᠤᠳᠠᠯ ᠳᠤ ᠶᠠᠪᠤᠭᠳᠠᠵᠤ᠂ ᠫᠠᠺᠢᠰᠲ᠋ᠠᠨ ᠪᠣᠯᠣᠨ ᠢᠷᠡᠨ᠎ᠤ ᠤᠯᠠᠨ ᠵᠣᠴᠢᠳ ᠶᠣᠰᠣᠯᠠᠯ᠎ᠳᠤ ᠣᠷᠣᠯᠴᠠᠪᠠ᠃

ᠦᠢᠯᠡᠴᠢᠯᠡᠭᠡ
✦ᠲᠦᠮᠡᠳ ᠵᠡᠭᠦᠨ ᠬᠣᠰᠢᠭᠤᠨ ᠤ ᠰᠤᠷᠭᠠᠨ ᠬᠥᠮᠦᠵᠢᠯ ᠦᠨ ᠰᠢᠰᠲᠧᠮ ᠦᠨ ᠬᠢᠨ 43 ᠬᠡᠦᠬᠡᠳ᠎ᠦᠨ ᠴᠡᠴᠡᠷᠯᠢᠭ᠎ᠦᠨ ᠪᠠᠭ᠍ᠰᠢ ᠡᠯᠰᠡᠨ᠎ᠠ᠃
ᠲᠠᠨ ᠤ ᠲᠤᠰᠡ ᠳ᠋ᠤ
✦ ᠶᠠᠮᠠᠷ ᠪᠠᠢᠳᠠᠯ ᠳᠤ ᠠᠷᠠᠭᠠᠨ ᠰᠢᠳᠦ᠎ᠪᠡᠨ
ᠡᠷᠲᠡᠬᠡᠨ ᠠᠪᠴᠤ ᠬᠠᠶᠠᠬᠤ᠎ᠨᠢ ᠰᠠᠢᠨ ᠪᠣᠶ ?
ᠠᠷᠠᠭᠠᠨ ᠰᠢᠳᠦ ᠬᠣᠷᠣᠬᠠᠢᠲᠤᠬᠤ᠂ ᠠᠷᠠᠭᠠᠨ ᠰᠢᠳᠦ᠎ᠨᠢ ᠬᠠᠵᠠᠭᠤ ᠵᠢᠨ ᠰᠢᠳᠦ᠎ᠶᠢ
ᠳᠠᠷᠤᠬᠤ ᠪᠤᠶᠤ ᠰᠢᠬᠠᠬᠤ᠂ ᠠᠷᠠᠭᠠᠨ ᠰᠢᠳᠦᠨᠦ ᠦᠷᠪᠢᠰᠦᠯ ᠳᠠᠬᠢᠨ ᠳᠠᠪᠲᠠᠨ ᠡᠭᠦᠰᠬᠦ᠂ ᠰᠢᠳᠦ ᠳᠡᠭᠰᠢᠯᠡᠬᠦ᠂
ᠡᠮᠡᠭᠲᠡᠢᠴᠤᠳ ᠵᠢᠷᠮᠦᠰᠦᠯᠡᠬᠦ᠎ᠳᠦ ᠪᠡᠯᠡᠳᠬᠡᠬᠦ ᠵᠡᠷᠭᠡ ᠪᠠᠢᠳᠠᠯ ᠳ᠋ᠤ ᠠᠷᠠᠭᠠᠨ ᠰᠢᠳᠦ ᠵᠢ ᠡᠷᠳᠡᠬᠡᠨ
ᠠᠪᠴᠤ ᠬᠠᠶᠠᠬᠤ ᠨᠢ ᠰᠠᠢᠨ ᠪᠠᠢᠳᠠᠭ᠃
ᠵᠠᠯᠭᠠᠭᠠᠳ 《ᠨᠤᠲᠤᠭ ᠡᠵᠢ ᠨᠠᠮᠤᠷ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ
ᠵᠢᠷᠭᠠᠭᠠᠶ᠎ᠠ᠂ ᠨᠡᠪᠳᠡᠷᠡᠭᠦᠯᠬᠡ ᠮᠠᠨᠢ ᠲᠠ ᠪᠦᠬᠦᠨ ᠳᠦ ᠲᠠᠭᠠᠯᠠᠬᠳᠠᠬᠰᠠᠨ ᠪᠤᠯ ᠤᠳᠤᠨ ᠳᠡᠮᠳᠡᠭ ᠱᠠᠩᠨᠠᠵᠤ
ᠪᠢᠳᠡᠨ ᠳᠤ ᠤᠷᠮ᠎ᠠ ᠬᠠᠢᠷᠠᠯᠠᠭᠠᠷᠠᠢ!ᠲᠠ ᠪᠦᠬᠦᠨ ᠤ ᠬᠦᠯᠢᠶᠡᠨ ᠠᠪᠴᠤ᠌ ᠰᠤᠨᠤᠰᠤᠬ᠍ᠰᠠᠨ ᠳ᠋ᠤ ᠪᠠᠶᠠᠷᠯᠠᠯ᠎ᠠ᠂
ᠪᠠᠶᠠᠷᠳᠠᠢ!
(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ ᠤᠨ
ᠡᠳᠦᠷ ᠤᠨ ᠰᠤᠨᠢᠨ ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ
ᠲᠠᠪᠴᠠᠩ᠂ ᠮᠠᠨ᠎ᠤ ᠤᠷᠤᠨ ᠤ ᠡᠯ᠎ᠠ ᠠᠢᠮᠠᠭ
ᠬᠤᠳᠠ᠂ ᠬᠤᠰᠢᠭᠤ ᠰᠢᠶᠠᠨ᠎ᠤ ᠵᠢᠷᠬᠢᠶ᠎ᠠ ᠶᠢᠨ ᠲᠠᠪᠴᠠᠩ)