



ᠨᠡᠢᠭᠡᠮ
✦ ᠲᠦᠷᠦᠭᠦᠬᠡᠨ ᠲᠥᠷᠥ᠎ᠶᠢᠨ ᠶᠠᠪᠤᠳᠠᠯ᠎ᠤᠨ ᠬᠣᠷᠢᠶ᠎ᠠ ᠵᠢᠨ ᠠᠯᠪᠠᠨ ᠲᠢᠩᠬᠢᠮ ᠵᠠᠰᠠᠪᠤᠷᠢ ᠣᠷᠣᠭᠤᠯᠤᠨ ᠨᠠᠢᠷᠠᠭᠤᠯᠤᠭᠰᠠᠨᠤ
ᠳᠠᠷᠠᠭᠠᠬᠢ 《〈ᠤᠮᠠᠷᠠᠲᠤ᠎ᠶᠢᠨ ᠭᠤᠷᠪᠠᠨ ᠣᠷᠣᠨ〉᠎ᠤ ᠢᠨᠵᠧᠨᠧᠷᠢᠩ᠎ᠦᠨ ᠶᠡᠷᠦᠩᠬᠡᠢ ᠲᠥᠯᠦᠪᠵᠢᠭᠦᠯᠭᠡ》᠎ᠶᠢ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠣᠷᠣᠨ᠎ᠤ ᠪᠠᠢᠯᠳᠤᠬᠤ ᠪᠣᠳᠣᠯᠭ᠎ᠠ᠎ᠶᠢᠨ
ᠲᠣᠭᠲᠠᠯ ᠬᠦᠴᠦᠨ᠎ᠢ ᠪᠠᠲᠤᠯᠠᠵᠤ᠂ 《ᠤᠮᠠᠷᠠᠲᠤ᠎ᠶᠢᠨ ᠭᠤᠷᠪᠠᠨ ᠣᠷᠣᠨ》᠎ᠤ ᠢᠨᠵᠧᠨᠧᠷᠢᠩ᠎ᠦᠨ ᠴᠢᠨᠠᠷ ᠰᠠᠢᠲᠠᠢ ᠬᠥᠭᠵᠢᠯᠲᠡ᠎ᠶᠢ ᠦᠷᠭᠦᠯᠵᠢᠯᠡᠨ ᠲᠦᠯᠬᠢᠨ ᠠᠬᠢᠭᠤᠯᠬᠤ᠎ᠶᠢ
ᠵᠢᠭᠠᠨ ᠵᠢᠯᠣᠭᠣᠳᠪᠠ᠃
✦ ᠠᠷᠠᠳ᠎ᠤᠨ ᠶᠠᠪᠤᠳᠠᠯ᠎ᠤᠨ ᠶᠠᠮᠤᠨ 13᠎ᠤ ᠡᠳᠦᠷ 《ᠣᠯᠠᠨ ᠤᠯᠤᠰ᠎ᠤᠨ ᠴᠢᠨᠠᠷᠲᠠᠢ ᠨᠡᠢᠭᠡᠮ᠎ᠦᠨ ᠵᠣᠬᠢᠶᠠᠨ ᠪᠠᠢᠭᠤᠯᠤᠯᠲᠠ ᠶ᠋ᠢᠨ ᠳᠦᠷᠢᠮ᠎ᠦᠨ
ᠵᠢᠱ᠌ᠢᠶ᠎ᠡ ᠦᠵᠡᠭᠦᠯᠬᠦ ᠪᠢᠴᠢᠭ (ᠲᠤᠷᠰᠢᠨ ᠬᠡᠷᠡᠭᠵᠢᠭᠦᠯᠬᠦ)》᠎ᠢ ᠨᠡᠢᠲᠡᠯᠡᠵᠦ᠂ ᠮᠠᠨ᠎ᠤ ᠤᠯᠤᠰ᠎ᠤᠨ ᠬᠢᠯᠢ ᠶ᠋ᠢᠨ ᠳᠣᠲᠣᠷ᠎ᠠ ᠪᠦᠷᠢᠳᠬᠡᠭᠦᠯᠦᠨ ᠳᠠᠩᠰᠠᠯᠠᠭᠤᠯᠤᠭᠰᠠᠨ
ᠣᠯᠠᠨ ᠤᠯᠤᠰ᠎ᠤᠨ ᠴᠢᠨᠠᠷᠲᠠᠢ ᠨᠡᠢᠭᠡᠮ᠎ᠦᠨ ᠵᠣᠬᠢᠶᠠᠨ ᠪᠠᠢᠭᠤᠯᠤᠯᠲᠠ ᠶ᠋ᠢᠨ ᠳᠦᠷᠢᠮ ᠢ᠋ ᠲᠣᠭᠲᠠᠭᠠᠵᠤ ᠵᠠᠰᠠᠬᠤ᠎ᠳᠤ
ᠦᠯᠢᠭᠡᠷ ᠵᠢᠱ᠌ᠢᠶ᠎ᠡ ᠬᠠᠩᠭᠠᠭᠰᠠᠨ ᠪᠠᠢᠨ᠎ᠠ᠃ ᠡᠨᠡ ᠪᠣᠯ ᠮᠠᠨ᠎ᠤ ᠤᠯᠤᠰ᠎ᠤᠨ ᠠᠩᠬᠠᠳᠠᠭ᠍ᠴᠢ ᠤᠯᠠᠨ ᠤᠯᠤᠰ᠎ᠤᠨ
ᠴᠢᠨᠠᠷᠲᠠᠢ ᠨᠡᠢᠭᠡᠮ᠎ᠦᠨ ᠵᠣᠬᠢᠶᠠᠨ ᠪᠠᠢᠭᠤᠯᠤᠯᠲᠠ᠎ᠶᠢᠨ ᠬᠠᠮᠢᠶᠠᠷᠤᠯᠲᠠ᠎ᠳᠤ ᠴᠢᠭᠯᠡᠭᠦᠯᠦᠭᠰᠡᠨ ᠵᠢᠷᠤᠮᠵᠢᠯ᠎ᠤᠨ
ᠴᠢᠨᠠᠷᠲᠠᠢ ᠪᠢᠴᠢᠭ ᠮᠠᠲᠧᠷᠢᠶᠠᠯ ᠪᠣᠯᠣᠨ᠎ᠠ᠃
✦ ᠵᠠᠮ ᠬᠠᠷᠢᠯᠴᠠᠭ᠎ᠠ ᠲᠡᠭᠡᠭᠡᠪᠦᠷᠢ᠎ᠶᠢᠨ ᠶᠠᠮᠤᠨ᠎ᠤ ᠲᠣᠭ᠎ᠠ ᠪᠠᠷᠢᠮᠲᠠ᠎ᠳᠤ ᠢᠯᠡᠷᠡᠭᠦᠯᠦᠭᠰᠡᠨ᠎ᠢᠶᠡᠷ᠂
2024 ᠣᠨ᠎ᠤ ᠡᠴᠦᠰ ᠪᠣᠯᠲᠠᠯ᠎ᠠ ᠪᠥᠬᠥ ᠤᠯᠤᠰ᠎ᠲᠤ ᠬᠣᠲᠠ᠎ᠶᠢᠨ ᠨᠡᠶ᠋ᠢᠲᠡ᠎ᠶᠢᠨ ᠮᠠᠰᠢᠨ ᠲᠡᠷᠭᠡ ᠴᠠᠬᠢᠯᠭᠠᠨ ᠲᠡᠷᠭᠡ
65.8 ᠲᠦᠮᠡ ᠪᠠᠢᠵᠤ᠂ ᠡᠭᠦᠨ᠎ᠳᠦ ᠰᠢᠨ᠎ᠡ ᠡᠨᠧᠷᠭᠢ᠎ᠶᠢᠨ ᠨᠡᠶ᠋ᠢᠲᠡ᠎ᠶᠢᠨ ᠮᠠᠰᠢᠨ ᠲᠡᠷᠭᠡ 54.4 ᠲᠦᠮᠡ ᠪᠠᠢᠵᠤ᠂
82.7% ᠶ᠋ᠢ ᠡᠵᠡᠯᠡᠵᠦ᠂ ᠬᠣᠲᠠ᠎ᠶᠢᠨ ᠨᠡᠶ᠋ᠢᠲᠡ᠎ᠶᠢᠨ ᠮᠠᠰᠢᠨ ᠲᠡᠷᠭᠡᠨ᠎ᠦ ᠡᠵᠡᠩᠨᠡᠯᠲᠡ᠎ᠶᠢᠨ ᠵᠠᠮ ᠱᠤᠭᠤᠮ᠎ᠤᠨ
ᠪᠥᠬᠥ ᠣᠷᠳᠣ᠌ ᠨᠢ 175 ᠲᠦᠮᠡᠨ ᠺᠢᠯᠣᠮᠧᠲᠷ᠎ᠲᠦ ᠬᠦᠷᠴᠦ᠂ ᠬᠣᠲᠠ᠎ᠶᠢᠨ ᠲᠡᠮᠦᠷ ᠵᠠᠮᠲᠤ ᠵᠠᠮ ᠬᠠᠷᠢᠯᠴᠠᠭᠠᠨ᠎ᠤ
ᠡᠵᠡᠩᠨᠡᠯᠲᠡ᠎ᠶᠢᠨ ᠵᠠᠮ᠎ᠤᠨ ᠣᠷᠳᠣ᠌ ᠨᠢ ᠪᠠᠷᠤᠭ 1.1 ᠲᠦᠮᠡᠨ ᠺᠢᠯᠣᠮᠧᠲᠷ᠎ᠲᠦ ᠬᠦᠷᠴᠦ᠂ ᠳᠡᠯᠡᠬᠡᠢ᠎ᠶᠢᠨ ᠲᠡᠷᠢᠭᠦᠨ᠎ᠳᠦ
ᠣᠷᠣᠪᠠ᠃

✦ ᠤᠯᠤᠰ᠎ᠤᠨ ᠢᠨᠲᠧᠷ ᠰᠦᠯᠵᠢᠶᠡᠨ᠎ᠦ ᠮᠡᠳᠡᠭᠡ ᠵᠠᠩᠭᠢᠴᠢᠯᠠᠯᠳᠠ᠎ᠶᠢᠨ ᠠᠯᠪᠠᠨ ᠭᠡᠷ 《ᠡᠯᠧᠺᠲᠷᠣᠨ ᠬᠠᠭᠤᠳᠠᠰᠤ ᠪᠠᠷᠢᠮᠲᠠ᠎ᠶᠢᠨ ᠬᠡᠷᠡᠭᠯᠡᠯᠲᠡ᠎ᠶᠢ
ᠠᠬᠢᠭᠤᠯᠤᠨ ᠵᠢᠷᠤᠮᠵᠢᠭᠤᠯᠬᠤ ᠲᠣᠭᠲᠠᠭᠠᠯ (ᠰᠠᠨᠠᠯ ᠬᠤᠷᠢᠶᠠᠬᠤ ᠨᠣᠣᠷᠠᠭ)》 ᠢ᠋ ᠨᠡᠢᠲᠡᠯᠡᠵᠦ᠂ ᠨᠡᠢᠭᠡᠮ ᠨᠡᠶ᠋ᠢᠲᠡ᠎ᠡᠴᠡ ᠢᠯᠡ᠎ᠪᠡᠷ ᠰᠠᠨᠠᠯ ᠬᠤᠷᠢᠶᠠᠵᠤ ᠪᠠᠢᠨ᠎ᠠ᠃
✦ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠎ᠦᠨ ᠢᠯᠡᠷᠬᠡᠢᠯᠡᠭᠰᠡᠨ᠎ᠢᠶᠡᠷ᠂ ᠣᠳᠣᠬᠠᠨ᠎ᠳᠤ
ᠪᠥᠬᠥ ᠤᠯᠤᠰ᠎ᠤᠨ ᠵᠢᠷᠮᠦᠰᠦᠯᠡᠬᠦ᠎ᠡᠴᠡ ᠡᠮᠦᠨᠡᠬᠢ ᠪᠠᠢᠴᠠᠭᠠᠯᠲᠠ᠎ᠶᠢᠨ ᠨᠣᠷᠮ᠎ᠠ᠂ ᠬᠥᠩᠭᠡᠵᠢᠬᠦ᠎ᠡᠴᠡ ᠡᠮᠦᠨᠡᠬᠢ
ᠪᠠᠢᠴᠠᠭᠠᠯᠲᠠ ᠶ᠋ᠢᠨ ᠨᠣᠷᠮ᠎ᠠ᠂ ᠨᠢᠷᠠᠢ ᠬᠡᠦᠬᠡᠳ᠎ᠦᠨ ᠡᠪᠡᠳᠴᠢᠨ ᠡᠮᠭᠡᠭ᠎ᠦᠨ ᠪᠠᠢᠴᠠᠭᠠᠯᠲᠠ᠎ᠶᠢᠨ ᠨᠣᠷᠮ᠎ᠠ ᠴᠥᠮ
90%᠎ᠡᠴᠡ ᠳᠡᠭᠡᠭᠰᠢ ᠪᠠᠢᠬᠤ᠎ᠶᠢ ᠪᠠᠲᠤᠯᠠᠵᠤ ᠪᠠᠢᠨ᠎ᠠ᠃

✦ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠦᠨ ᠮᠡᠳᠡᠭᠡ᠎ᠶᠢ ᠦᠨᠳᠦᠰᠦᠯᠡᠪᠡᠯ᠂
2025 ᠣᠨ᠎ᠤ 8 ᠰᠠᠷ᠎ᠠ᠎ᠶᠢᠨ 31᠎ᠦ ᠡᠳᠦᠷ ᠪᠣᠯᠲᠠᠯ᠎ᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ
ᠠᠷᠠᠳ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ (ᠠᠵᠤ ᠠᠬᠤᠢᠯᠠᠯ) ᠭᠡᠷ᠎ᠡ᠎ᠪᠡᠷ ᠪᠡᠯᠡ ᠲᠣᠬᠢᠷᠠᠭᠤᠯᠬᠤ
ᠬᠡᠪᠴᠢᠶ᠎ᠡ 20 ᠳ᠋ᠦᠩᠰᠢᠭᠤᠷ ᠲᠥᠭᠥᠷᠢᠭ᠎ᠢ ᠳᠠᠪᠠᠵᠤ᠂ 20.8 ᠳ᠋ᠦᠩᠰᠢᠭᠤᠷ ᠲᠥᠭᠥᠷᠢᠭ᠎ᠲᠦ ᠬᠦᠷᠴᠡᠢ᠃ ᠡᠨᠡ ᠨᠢ
ᠥᠪᠥᠷ ᠮᠣᠩᠭᠣᠯ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠲᠥᠷᠥ᠎ᠶᠢᠨ ᠪᠣᠳᠣᠯᠭ᠎ᠠ᠎ᠶᠢ ᠬᠡᠷᠡᠭᠯᠡᠨ ᠳᠤᠮᠳᠠ ᠵᠢᠵᠢᠭ
ᠠᠵᠤ ᠠᠬᠤᠢᠯᠠᠯ᠎ᠤᠨ ᠪᠡᠯᠡ ᠲᠣᠬᠢᠷᠠᠭᠤᠯᠭ᠎ᠠ᠎ᠳᠤ ᠬᠦᠴᠦᠨ ᠨᠡᠮᠡᠷᠢᠯᠡᠬᠦ ᠲᠠᠯ᠎ᠠ᠎ᠪᠠᠷ ᠴᠢᠬᠤᠯᠠ ᠠᠬᠢᠴᠠ ᠲᠠᠢ
ᠪᠤᠯᠤᠭᠰᠠᠨ᠎ᠢ ᠬᠠᠷᠠᠭᠤᠯᠵᠤ ᠪᠠᠢᠨ᠎ᠠ᠃
✦ ᠲᠠᠪᠴᠠᠩ᠎ᠤᠨ ᠲᠣᠭ᠎ᠠ ᠪᠠᠷᠢᠮᠲᠠ᠎ᠳᠤ ᠢᠯᠡᠷᠡᠭᠦᠯᠦᠭᠰᠡᠨ᠎ᠢᠶᠡᠷ᠂ 9 ᠰᠠᠷ᠎ᠠ ᠶ᠋ᠢᠨ ᠳᠤᠮᠳᠠᠴᠢ᠎ᠪᠠᠷ ᠬᠥᠬᠡᠬᠣᠲᠠ᠎ᠠᠴᠠ
ᠴᠠᠩᠴᠦ᠋ᠨ᠂ ᠳ᠋ᠠᠯᠢᠶᠠᠨ᠂ ᠴᠢᠩᠳᠣᠣ ᠵᠡᠷᠭᠡ ᠵᠢᠭᠤᠯᠴᠢᠯᠠᠯ᠎ᠤᠨ ᠬᠣᠲᠠ᠎ᠳᠤ ᠰᠢᠭᠤᠳ ᠬᠦᠷᠬᠦ ᠨᠢᠰᠬᠡᠯ᠎ᠦᠨ ᠪᠢᠯᠧᠲ᠎ᠦᠨ
ᠦᠨ᠎ᠡ ᠨᠢ ᠵᠢᠷᠭᠤᠭᠠᠨ ᠬᠤᠪᠢ᠎ᠪᠠᠷ ᠪᠠᠭᠤᠷᠠᠵᠤ᠂ 300 — 400 ᠲᠥᠭᠥᠷᠢᠭ᠎ᠦᠨ ᠬᠣᠭᠣᠷᠣᠨᠳᠤ ᠪᠤᠯᠪᠠ᠃ 9 ᠰᠠᠷ᠎ᠠ᠎ᠶᠢᠨ 24᠎ᠦ ᠡᠳᠦᠷ ᠬᠥᠬᠡᠬᠣᠲᠠ᠎ᠠᠴᠠ
ᠳ᠋ᠠᠯᠢᠶᠠᠨ ᠬᠦᠷᠬᠦ ᠳ᠋ᠤ ᠵᠥᠪᠬᠡᠨ 290 ᠲᠥᠭᠥᠷᠢᠭ ᠪᠠᠢᠵᠤ᠂ ᠪᠠᠭᠤᠳᠠᠯ᠎ᠤᠨ ᠦᠨ᠎ᠡ ᠨᠢ ᠴᠦ᠍ ᠶᠡᠬᠡᠪᠡᠷ ᠪᠠᠭᠤᠷᠠᠵᠤ᠂
ᠭᠠᠳᠠᠭ᠍ᠰᠢ ᠭᠠᠷᠴᠤ ᠵᠢᠭᠤᠯᠴᠢᠯᠠᠬᠤ᠎ᠳᠤ ᠲᠣᠬᠢᠷᠠᠮᠵᠢᠲᠠᠢ ᠪᠣᠯᠵᠠᠢ᠃

✦ 2025ᠣᠨ᠎ᠳᠤ ᠪᠠᠶᠠᠠᠨᠠᠭᠤᠷ ᠬᠤᠲᠠ ᠳᠤᠯᠠᠭᠠᠯᠠᠭ᠎ᠠ᠎ᠶᠢᠨ ᠢᠨᠵᠧᠨᠧᠷᠢᠩ ᠳ᠋ᠦ 3.9 ᠳ᠋ᠦᠩᠰᠢᠭᠤᠷ ᠲᠥᠭᠥᠷᠢᠭ᠎ᠦᠨ
ᠪᠡᠯᠡ ᠣᠷᠣᠭᠤᠯᠵᠤ᠂ 26 ᠲᠥᠷᠥᠯ ᠵᠦᠢᠯ᠎ᠢ ᠬᠡᠷᠡᠭᠵᠢᠭᠦᠯᠬᠦ᠎ᠪᠠᠷ ᠲᠥᠯᠥᠪᠯᠡᠪᠡ᠃ ᠣᠳᠣᠬᠠᠨ᠎ᠳᠤ 7 ᠲᠥᠷᠥᠯ ᠵᠦᠢᠯ᠎ᠢ
ᠨᠢᠭᠡᠨᠲᠡ ᠳᠠᠭᠤᠰᠬᠠᠵᠤ᠂ 19 ᠲᠥᠷᠥᠯ ᠵᠦᠢᠯ᠎ᠢ ᠶᠠᠭ ᠡᠮᠬᠢ ᠵᠢᠷᠤᠮ᠎ᠲᠠᠢ ᠲᠦᠯᠬᠢᠨ ᠠᠬᠢᠭᠤᠯᠵᠤ᠂ ᠨᠡᠶ᠋ᠢᠲᠡ
3 ᠳ᠋ᠦᠩᠰᠢᠭᠤᠷ ᠲᠥᠭᠥᠷᠢᠭ᠎ᠦᠨ ᠪᠡᠯᠡ ᠣᠷᠣᠭᠤᠯᠤᠯᠲᠠ ᠶ᠋ᠢ ᠪᠡᠶᠡᠯᠡᠭᠦᠯᠵᠦ᠂ ᠪᠣᠢ ᠪᠦᠬᠦᠢ ᠲᠥᠷᠥᠯ ᠵᠦᠢᠯ᠎ᠢ
9 ᠰᠠᠷ᠎ᠠ᠎ᠶᠢᠨ ᠰᠡᠭᠦᠯᠴᠢ᠎ᠡᠴᠡ ᠡᠮᠦᠨ᠎ᠡ ᠪᠦᠬᠦᠨ᠎ᠢ ᠳᠠᠭᠤᠰᠬᠠᠬᠤ᠎ᠪᠠᠷ ᠲᠥᠯᠥᠪᠯᠡᠵᠦ ᠪᠣᠶ᠃

ᠠᠵᠤ ᠠᠬᠤᠢ
✦ ᠡᠳ᠋᠎ᠦᠨ ᠵᠠᠰᠠᠭ᠎ᠤᠨ ᠶᠠᠮᠤᠨ᠎ᠤ ᠮᠡᠳᠡᠭᠡ ᠵᠢ ᠦᠨᠳᠦᠰᠦᠯᠡᠪᠡᠯ᠂ ᠥᠩᠭᠡᠷᠡᠭᠰᠡᠨ 4 ᠵᠢᠯ᠎ᠳᠦ ᠮᠠᠨ᠎ᠤ ᠤᠯᠤᠰ᠎ᠤᠨ
ᠠᠵᠤ ᠠᠬᠤᠢ ᠳᠤᠮᠳᠠᠴᠢ᠎ᠪᠠᠷ 5.5% ᠵᠢᠨ ᠨᠡᠮᠡᠭᠳᠡᠯ᠎ᠦᠨ
ᠬᠤᠷᠳᠤᠴᠠ᠎ᠶᠢ ᠪᠡᠶᠡᠯᠡᠭᠦᠯᠵᠦ᠂ ᠳᠡᠯᠡᠬᠡᠢ᠎ᠶᠢᠨ ᠠᠵᠤ ᠠᠬᠤᠢ᠎ᠶᠢᠨ ᠨᠡᠮᠡᠭᠳᠡᠯ᠎ᠳᠦ ᠦᠵᠡᠭᠦᠯᠦᠭᠰᠡᠨ ᠬᠤᠪᠢ ᠨᠡᠮᠡᠷᠢ᠎ᠶᠢᠨ
ᠨᠤᠷᠮ᠎ᠠ 30% ᠣᠷᠴᠢᠮ ᠪᠠᠢᠬᠤ᠎ᠶᠢ ᠪᠠᠲᠤᠯᠠᠪᠠ᠃

✦ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠶᠠᠮᠤᠨ ᠵᠡᠷᠭᠡ ᠨᠠᠢ᠍ᠮᠠᠨ ᠰᠠᠯᠠᠭ᠎ᠠ ᠮᠥᠴᠢᠷ
ᠬᠠᠮᠲᠤᠷᠠᠨ《ᠮᠠᠰᠢᠨ ᠲᠡᠷᠭᠡᠨ᠎ᠦ ᠠᠵᠢᠯ ᠲᠥᠷᠥᠯ᠎ᠦᠨ ᠲᠣᠭᠲᠠᠭᠤᠨ᠎ᠢᠶᠠᠷ
ᠨᠡᠮᠡᠭᠳᠡᠭᠦᠯᠬᠦ ᠠᠵᠢᠯ᠎ᠤᠨ ᠲᠥᠰᠥᠯ (2025 ︱ 2026 ᠣᠨ)》᠎ᠢ ᠳᠠᠷᠤᠮᠠᠯᠯᠠᠨ ᠲᠠᠷᠬᠠᠭᠠᠵᠤ᠂
2025 ᠣᠨ᠎ᠳᠤ ᠪᠥᠬᠥ ᠵᠢᠯ᠎ᠦᠨ ᠮᠠᠰᠢᠨ ᠲᠡᠷᠭᠡᠨ᠎ᠦ ᠪᠣᠷᠤᠯᠠᠭᠤᠯᠭ᠎ᠠ᠎ᠶᠢᠨ ᠬᠡᠮᠵᠢᠶ᠎ᠡ᠎ᠶᠢ 3230 ᠲᠦᠮᠡ ᠣᠷᠴᠢᠮ
ᠪᠡᠶᠡᠯᠡᠭᠦᠯᠬᠦ᠎ᠪᠡᠷ ᠴᠢᠷᠮᠠᠢᠵᠤ᠂ ᠠᠳᠠᠯᠢ ᠬᠤᠭᠤᠴᠠᠭᠠᠨ᠎ᠤ ᠬᠢ᠎ᠡᠴᠡ ᠪᠠᠷᠤᠭ 3% ᠪᠡᠷ ᠨᠡᠮᠡᠭᠳᠡᠭᠦᠯᠦᠨ᠎ᠡ᠂
ᠡᠭᠦᠨ᠎ᠳᠦ ᠰᠢᠨ᠎ᠡ ᠡᠨᠧᠷᠭᠢ᠎ᠶᠢᠨ ᠮᠠᠰᠢᠨ ᠲᠡᠷᠭᠡᠨ᠎ᠦ ᠪᠣᠷᠤᠯᠠᠭᠤᠯᠭ᠎ᠠ᠎ᠶᠢᠨ ᠬᠡᠮᠵᠢᠶ᠎ᠡ 1550 ᠲᠦᠮᠡ ᠣᠷᠴᠢᠮ
ᠪᠠᠢᠵᠤ᠂ ᠠᠳᠠᠯᠢ ᠬᠤᠭᠤᠴᠠᠭᠠᠨ᠎ᠤ ᠬᠢ᠎ᠡᠴᠡ ᠪᠠᠷᠤᠭ 20% ᠪᠡᠷ ᠨᠡᠮᠡᠭᠳᠡᠭᠦᠯᠦᠨ᠎ᠡ ᠭᠡᠵᠦ ᠳᠤᠷᠠᠳᠤᠨ ᠭᠠᠷᠭᠠᠪᠠ᠃

ᠰᠣᠶᠣᠯ
✦ 13᠎ᠤ ᠡᠳᠦᠷ᠎ᠦᠨ ᠦᠳᠡ᠎ᠶᠢᠨ ᠬᠣᠢᠨ᠎ᠠ᠂ 2025 ᠣᠨ᠎ᠤ ᠠᠯᠠᠱᠠ ᠨᠠᠭᠠᠳᠤᠮ᠎ᠤᠨ ᠨᠢᠭᠡᠨ ᠠᠭᠤᠯᠭ᠎ᠠ ᠪᠣᠯᠬᠤ ᠪᠤᠷᠠᠨᠲᠠᠭ ᠲᠠᠮᠤᠵᠤ
ᠪᠦᠢᠯᠡ ᠵᠣᠷᠭᠣᠬᠤ ᠤᠷᠤᠯᠳᠤᠭᠠᠨ ᠪᠠᠶᠠᠨᠬᠣᠲᠠ ᠪᠠᠯᠭᠠᠰᠤᠨ᠎ᠤ ᠰᠦᠮᠡᠲᠦ ᠭᠠᠴᠠᠭᠠᠨ᠎ᠤ ᠨᠠᠭᠠᠳᠤᠮ᠎ᠤᠨ ᠬᠤᠷᠠᠯ᠎ᠤᠨ
ᠲᠠᠯᠠᠪᠠᠢ᠎ᠳᠤ ᠶᠠᠪᠤᠭᠳᠠᠯ᠎ᠠ᠃ ᠤᠷᠤᠯᠳᠤᠭᠠᠨ ᠳᠤ ᠠᠯᠠᠱᠠ᠂
ᠪᠠᠶᠠᠨᠨᠠᠭᠤᠷ᠂ ᠣᠷᠳᠣᠰ ᠵᠡᠷᠭᠡ ᠠᠢᠮᠠᠭ ᠬᠣᠲᠠ᠎ᠶᠢᠨ 100 ᠭᠠᠷᠤᠢ ᠲᠡᠮᠡᠭᠡᠴᠢᠨ ᠣᠷᠣᠯᠴᠠᠵᠤ᠂ ᠲᠡᠮᠡᠭᠡ ᠮᠠᠯᠵᠢᠯ᠎ᠤᠨ
ᠡᠳ᠋ᠯᠡᠯ ᠬᠡᠷᠡᠭᠰᠡᠯ᠎ᠢ ᠤᠷᠠᠯᠠᠵᠤ ᠬᠢᠬᠦ ᠥᠪ ᠰᠣᠶᠣᠯ᠎ᠢ ᠳᠡᠯᠭᠡᠨ ᠦᠵᠡᠭᠦᠯᠵᠦ᠂ ᠨᠠᠭᠠᠳᠤᠮ᠎ᠳᠤ ᠬᠥᠭ ᠨᠡᠮᠡᠷᠢᠯᠡᠯ᠎ᠡ᠃

ᠲᠠᠮᠢᠷ
✦ 12
ᠤ᠋ᠨ ᠡᠳᠦᠷ᠂ 2025
—
2026 ᠤᠷᠤᠯᠳᠤᠭᠠᠨ᠎ᠤ
ᠤᠯᠠᠷᠢᠯ ᠤ᠋ᠨ ᠳᠤᠮᠳᠠᠳᠤ ᠤᠯᠤᠰ᠎ᠤᠨ ᠡᠮᠡᠭᠲᠡᠢ᠎ᠶᠢᠨ ᠮᠥᠰᠥᠨ ᠪᠥᠮᠪᠥᠭᠡ᠎ᠶᠢᠨ ᠠᠵᠢᠯ ᠮᠡᠷᠭᠡᠵᠢᠯ ᠦ᠋ᠨ
ᠬᠣᠯᠪᠣᠭᠠᠲᠤ ᠤᠷᠤᠯᠳᠤᠭᠠᠨ᠎ᠤ ᠬᠥᠯᠥᠨ ᠪᠣᠶ᠋ᠢᠷ ᠥᠷᠲᠡᠭᠡ ᠵᠢᠨ ᠤᠷᠤᠯᠳᠤᠭᠠᠨ ᠦᠨᠳᠦᠷᠯᠡᠪᠡ᠃ ᠳᠠᠷᠠᠭ᠎ᠠ
ᠥᠷᠲᠡᠭᠡ ᠵᠢᠨ ᠤᠷᠤᠯᠳᠤᠭᠠᠨ 11 ᠰᠠᠷ᠎ᠠ᠎ᠶᠢᠨ 29᠎ᠡᠴᠡ 12
ᠰᠠᠷ᠎ᠠ᠎ᠶᠢᠨ 4 ᠤ᠋ ᠡᠳᠦᠷ ᠪᠣᠯᠲᠠᠯ᠎ᠠ ᠴᠢᠴᠢᠬᠠᠷ᠎ᠲᠤ
ᠶᠠᠪᠤᠭᠳᠠᠨ᠎ᠠ᠃

ᠳᠡᠯᠡᠬᠡᠢ
✦ ᠰᠢᠨᠬᠤᠸᠠ ᠬᠤᠷᠢᠶ᠎ᠠ ᠵᠢᠨ
ᠮᠡᠳᠡᠭᠡ ᠵᠢ ᠦᠨᠳᠦᠰᠦᠯᠡᠪᠡᠯ᠂ ᠲᠤᠬᠠᠢ᠎ᠶᠢᠨ ᠭᠠᠵᠠᠷ᠎ᠤᠨ ᠴᠠᠭ᠎ᠢᠶᠠᠷ 12᠎ᠤᠨ ᠡᠳᠦᠷ᠂ ᠹᠷᠠᠨᠼᠢ᠂ ᠭᠧᠷᠮᠠᠨ ᠪᠣᠯᠣᠨ
ᠠᠩᠭ᠌ᠯᠢ ᠭᠤᠷᠪᠠᠨ ᠤᠯᠤᠰ᠎ᠤᠨ ᠭᠠᠳᠠᠭᠠᠳᠤ ᠬᠠᠷᠢᠯᠴᠠᠭᠠᠨ᠎ᠤ ᠶᠠᠮᠤᠨ ᠬᠠᠮᠲᠤᠷᠠᠭᠰᠠᠨ ᠢᠯᠡᠷᠬᠡᠢᠯᠡᠯᠲᠡ ᠨᠡᠢᠲᠡᠯᠡᠵᠦ᠂
ᠢᠰᠷᠧᠯᠢ ᠭᠠᠽᠠ ᠬᠣᠲᠠ᠎ᠳᠤ ᠶᠠᠪᠤᠭᠤᠯᠵᠤ ᠪᠤᠢ ᠴᠡᠷᠢᠭ᠎ᠦᠨ ᠶᠠᠪᠤᠳᠠᠯ᠎ᠤᠨ ᠠᠵᠢᠯᠯᠠᠭ᠎ᠠ᠎ᠪᠠᠨ ᠳᠠᠷᠤᠢ ᠲᠦᠷᠭᠡᠨ
ᠵᠣᠭᠰᠣᠭᠠᠬᠤ ᠬᠡᠷᠡᠭᠲᠡᠢ ᠭᠡᠵᠦ ᠪᠠᠴᠢᠮ ᠤᠷᠢᠶᠠᠯᠠᠵᠠᠢ᠃
✦ ᠰᠦᠯᠵᠢᠶ᠎ᠡ ᠵᠠᠭᠤᠴᠢᠯᠠᠭᠤᠷ᠎ᠤᠨ ᠮᠡᠳᠡᠭᠡᠯᠡᠭᠰᠡᠨ ᠢ᠋ᠶ᠋ᠡᠷ᠂ ᠠᠯᠪᠠᠨᠢᠶᠠ ᠶ᠋ᠢᠨ ᠶᠡᠷᠦᠩᠬᠡᠢ ᠰᠠᠢᠳ
ᠲᠤᠬᠠᠢ ᠶ᠋ᠢᠨ ᠭᠠᠵᠠᠷ᠎ᠤᠨ ᠴᠠᠭ᠎ᠢᠶᠠᠷ 11᠎ᠦ ᠡᠳᠦᠷ
ᠰᠢᠨ᠎ᠡ ᠰᠠᠢᠳ ᠨᠠᠷ᠎ᠤᠨ ᠵᠥᠪᠯᠡᠯ᠎ᠦᠨ ᠨᠡᠷᠡᠰ ᠢ᠋ ᠨᠡᠢᠲᠡᠯᠡᠵᠡᠢ᠂ ᠡᠭᠦᠨ᠎ᠦ ᠳᠣᠲᠣᠷ᠎ᠠ 《ᠳ᠋ᠢᠶᠸᠯᠯᠠ》 (ᠠᠯᠪᠠᠨᠢᠶᠠ
ᠬᠡᠯᠡᠨ᠎ᠳᠦ《ᠨᠠᠷᠠ》 ᠭᠡᠰᠡᠨ ᠤᠳᠬ᠎ᠠ ᠲᠠᠢ) ᠭᠡᠰᠡᠨ ᠵᠣᠬᠢᠶᠠᠮᠠᠯ ᠣᠶᠤᠨ ᠢ᠋ ᠣᠯᠠᠨ ᠨᠡᠶ᠋ᠢᠲᠡ ᠶ᠋ᠢᠨ ᠬᠤᠳᠠᠯᠳᠤᠨ ᠠᠪᠬᠤ ᠶᠠᠮᠤᠨ᠎ᠤ ᠰᠠᠢᠳ᠎ᠤᠨ ᠲᠤᠰᠢᠶᠠᠯ᠎ᠳᠤ ᠲᠣᠮᠢᠯᠠᠭᠰᠠᠨ ᠪᠠᠢᠨ᠎ᠠ᠃ ᠡᠬᠦᠨ
ᠡᠴᠡ ᠠᠯᠪᠠᠨᠢᠶᠠ ᠳᠡᠯᠡᠬᠡᠢ ᠳᠡᠭᠡᠷᠡᠬᠢ ᠠᠩᠬᠠᠳᠠᠭ᠍ᠴᠢ ᠪᠣᠳᠠᠲᠤ ᠴᠣᠭᠴᠠ᠎ᠶᠢᠨ ᠪᠤᠰᠤ ᠵᠣᠬᠢᠶᠠᠮᠠᠯ ᠣᠶᠤᠨ᠎ᠢ
ᠵᠠᠰᠠᠭ᠎ᠤᠨ ᠣᠷᠳᠣᠨ᠎ᠤ ᠰᠠᠢᠳ᠎ᠤᠨ ᠲᠤᠰᠢᠶᠠᠯ᠎ᠳᠤ ᠲᠣᠮᠢᠯᠠᠭᠰᠠᠨ ᠤᠯᠤᠰ ᠪᠣᠯᠤᠭᠰᠠᠨ ᠪᠠᠢᠨ᠎ᠠ᠃

✦ ᠲᠦᠪ ᠲᠸᠯᠸᠢᠰ᠎ᠤᠨ ᠮᠡᠳᠡᠭᠡ ᠵᠢ ᠦᠨᠳᠦᠰᠦᠯᠡᠪᠡᠯ᠂ ᠲᠤᠬᠠᠢ᠎ᠶᠢᠨ ᠭᠠᠵᠠᠷ ᠤ᠋ᠨ ᠴᠠᠭ᠎ᠢᠶᠠᠷ 11᠎ᠦ
ᠡᠳᠦᠷ᠂ ᠳᠡᠯᠡᠬᠡᠢ᠎ᠶᠢᠨ ᠬᠠᠮᠤᠭ᠎ᠤᠨ ᠲᠣᠮᠣ᠌ ᠮᠥᠰᠥᠨ ᠠᠭᠤᠯᠠ A23a ᠳ᠋ᠥ ᠳᠠᠬᠢᠨᠲᠠ ᠶᠡᠬᠡ ᠬᠡᠪᠴᠢᠶᠡᠨ᠎ᠦ ᠬᠠᠭᠠᠷᠠᠯ
ᠭᠠᠷᠴᠤ᠂ ᠲᠠᠯᠠᠪᠠᠶ ᠨᠢ ᠨᠢᠭᠡ ᠯᠡ ᠤᠳᠠᠭ᠎ᠠ᠎ᠳᠤ 20% ᠰᠢᠬᠠᠮ ᠪᠠᠭᠠᠰᠤᠭᠰᠠᠨ ᠪᠠᠢᠨ᠎ᠠ᠃ ᠣᠳᠣᠬᠠᠨ᠎ᠳᠤ
ᠲᠡᠭᠦᠨ᠎ᠦ ᠲᠠᠯᠠᠪᠠᠶ ᠨᠢ ᠮᠥᠨ 1400 ᠲᠡᠭᠰᠢ ᠳᠥᠷᠪᠡᠯᠵᠢᠨ ᠺᠢᠯᠣᠮᠧᠲᠷ᠎ᠢ ᠳᠠᠪᠠᠵᠤ᠂ ᠳᠡᠯᠡᠬᠡᠢ᠎ᠶᠢᠨ
ᠬᠠᠮᠤᠭ᠎ᠤᠨ ᠶᠡᠬᠡ ᠮᠥᠰᠥᠨ ᠠᠭᠤᠯᠠ᠎ᠶᠢᠨ ᠪᠠᠢᠷᠢ ᠰᠠᠭᠤᠷᠢ᠎ᠪᠠᠨ ᠦᠷᠭᠦᠯᠵᠢᠯᠡᠨ ᠪᠠᠲᠤᠯᠠᠵᠤ ᠪᠠᠢᠨ᠎ᠠ᠃

ᠦᠢᠯᠡᠴᠢᠯᠡᠭᠡ
✦ ᠮᠠᠨ᠎ᠤ ᠣᠷᠣᠨᠠᠵᠢᠯᠤᠨ ᠬᠡᠷᠡᠭᠴᠡᠭᠡ᠎ᠪᠡᠨ ᠦᠨᠳᠦᠰᠦᠯᠡᠨ 2026 ᠣᠨ ᠤ᠋ ᠠᠵᠢᠯ ᠦᠢᠯᠡᠰ᠎ᠦᠨ ᠨᠢᠭᠡᠴᠢ ᠵᠢᠨ ᠢᠯᠡ᠎ᠪᠡᠷ ᠠᠵᠢᠯᠲᠠᠨ ᠡᠯᠰᠡᠬᠦ ᠠᠵᠢᠯ᠎ᠢ ᠥᠷᠨᠢᠭᠦᠯᠵᠦ᠂ ᠪᠠᠷᠤᠭ 1.07 ᠲᠦᠮᠡᠨ ᠬᠥᠮᠥᠨ ᠡᠯᠰᠡᠬᠦ᠎ᠪᠡᠷ ᠲᠥᠯᠥᠪᠯᠡᠵᠦ ᠪᠣᠶ᠃
ᠲᠠᠨ᠎ᠤ ᠲᠤᠰᠠ᠎ᠳᠤ
✦ ᠭᠤᠷᠪᠠᠨ ᠵᠢᠭᠠᠯᠲᠠ ᠲᠣᠭ᠎ᠠ 《ᠬᠡᠪ᠎ᠦᠨ ᠪᠤᠰᠤ》 ᠪᠠᠢᠬᠤ ᠨᠢ
ᠰᠠᠢᠨ ᠶᠠᠪᠤᠳᠠᠯ ᠪᠠᠢᠵᠤ ᠮᠡᠳᠡᠨ᠎ᠡ᠃
1. ᠵᠢᠷᠦᠬᠡᠨ ᠴᠣᠬᠢᠯᠭ᠎ᠠ ᠨᠢ ᠤᠳᠠᠭᠠᠨ᠃
ᠡᠳᠦᠷ᠎ᠦᠨ ᠬᠥᠳᠡᠯᠭᠡᠭᠡᠨ᠎ᠦ ᠵᠢᠷᠦᠬᠡᠨ᠎ᠦ ᠳᠠᠪᠲᠠᠮᠵᠢ ᠨᠢ 50 ᠤᠳᠠᠭ᠎ᠠ / ᠮᠢᠨᠦ᠋ᠲ᠎ᠡᠴᠡ ᠳᠡᠭᠡᠭᠰᠢ ᠪᠠᠢᠵᠤ᠂
ᠴᠢᠰᠤᠨ᠎ᠤ ᠬᠠᠩᠭᠠᠯᠲᠠ ᠬᠦᠷᠦᠯᠴᠡᠬᠦ ᠦᠭᠡᠢ ᠵᠡᠷᠭᠡ ᠰᠢᠨᠵᠢ ᠲᠡᠮᠳᠡᠭ ᠦᠭᠡᠢ ᠯᠡ ᠪᠣᠯ ᠳᠠᠷᠤᠢ ᠡᠷᠡᠭᠦᠯ
ᠴᠢᠭᠢᠷᠠᠭ ᠪᠠᠢᠳᠠᠯ᠎ᠳᠤ ᠣᠷᠣᠰᠢᠨ᠎ᠠ᠃
2. ᠥᠨᠳᠥᠷ ᠨᠢᠭ᠍ᠲᠠᠴᠠ᠎ᠲᠤ ᠥᠭᠡᠬᠦᠨ ᠤᠭᠤᠷᠠᠭ
ᠥᠨᠳᠥᠷ᠃ ᠥᠨᠳᠥᠷ ᠨᠢᠭ᠍ᠲᠠᠴᠠ᠎ᠲᠤ ᠥᠭᠡᠬᠦᠨ ᠤᠭᠤᠷᠠᠭ ᠨᠢ ᠴᠢᠰᠤᠨ᠎ᠤ ᠳᠣᠲᠣᠷᠠᠬᠢ ᠢᠯᠡᠭᠦᠴᠡ ᠰᠥᠰᠥᠨᠦ ᠭᠤᠨᠠᠨ
ᠠᠯᠺᠣᠣᠯ᠎ᠢ ᠰᠠᠨᠠᠭᠠᠴᠢᠯᠠᠭ᠎ᠠ᠎ᠠᠴᠠ᠎ᠪᠠᠨ ᠵᠥᠭᠡᠭᠡᠪᠦᠷᠢᠯᠡᠵᠦ᠂ ᠯᠤᠭᠰᠢᠭᠤᠨ ᠰᠤᠳᠠᠯ᠎ᠤᠨ ᠬᠠᠲᠠᠭᠤᠷᠠᠯ᠎ᠤᠨ
ᠲᠦᠭᠰᠢᠭᠦᠷᠢ᠎ᠶᠢ ᠪᠠᠭᠠᠰᠬᠠᠳᠠᠭ᠃ ᠥᠨᠳᠥᠷ ᠨᠢᠭ᠍ᠲᠠᠴᠠ᠎ᠲᠤ ᠥᠭᠡᠬᠦᠨ ᠤᠭᠤᠷᠠᠭ᠎ᠤᠨ ᠬᠠᠮᠤᠭ ᠰᠠᠢᠨ
ᠬᠢᠵᠠᠭᠠᠷᠯᠠᠬᠤ ᠬᠡᠪᠴᠢᠶ᠎ᠡ ᠨᠢ 1.29-2.04mmol/L᠂ ᠬᠠᠮᠤᠭ ᠳᠣᠣᠷ᠎ᠠ ᠬᠡᠮᠵᠢᠶ᠎ᠡ᠎ᠳᠡᠭᠡᠨ 1mmol/L᠎ᠡᠴᠡ ᠳᠣᠣᠷ᠎ᠠ
ᠪᠠᠢᠵᠤ ᠪᠣᠯᠬᠤ ᠦᠭᠡᠢ᠃
3. ᠵᠠᠷᠢᠮ ᠠᠷᠭ᠎ᠠ ᠴᠢᠨᠠᠷ ᠳᠡᠭᠡᠭᠰᠢᠯᠡᠬᠦ᠃
ᠬᠥᠮᠥᠨ᠎ᠦ ᠪᠡᠶ᠎ᠡ᠎ᠶᠢᠨ ᠸᠢᠷᠦ᠋ᠰ ᠪᠤᠶᠤ ᠪᠠᠺᠲᠧᠷᠢ᠎ᠳᠦ ᠡᠭᠡᠯᠢᠯᠡᠭᠡ᠎ᠶᠢᠨ ᠴᠢᠳᠠᠪᠤᠷᠢ᠎ᠲᠠᠢ ᠪᠠᠢᠬᠤ᠎ᠶᠢ
ᠲᠥᠯᠥᠭᠡᠯᠡᠵᠦ᠂ ᠸᠢᠷᠦ᠋ᠰ᠎ᠲᠦ ᠠᠮᠠᠷᠬᠠᠨ ᠬᠠᠯᠳᠠᠪᠤᠷᠢᠯᠠᠭᠳᠠᠬᠤ ᠦᠭᠡᠢ ᠪᠠᠢᠳᠠᠭ᠃

ᠵᠠᠯᠭᠠᠭᠠᠳ 《ᠨᠠᠮᠤᠷ᠎ᠤᠨ ᠤᠶᠠᠷᠠᠯ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ
ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠤ ᠪᠠᠶᠠᠷᠯᠠᠯ᠎ᠠ᠂
ᠪᠠᠶᠠᠷᠳᠠᠢ!
(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ
ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ
ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ
ᠬᠤᠳᠠ᠂ ᠬᠤᠰᠢᠭᠤ ᠰᠢᠶᠠᠨ᠎ᠤ ᠵᠢᠷᠬᠢᠶ᠎ᠠ᠎ᠶᠢᠨ ᠲᠠᠪᠴᠠᠩ)