9 ᠰᠠᠷ᠎ᠠ᠎ᠶ᠋ᠢᠨ 16᠎ᠦ ᠡᠳᠦᠷ
ᠡᠬᠢᠯᠡᠬᠦ᠌ ᠴᠠᠭ᠄
2025-09-16 11:10:46
ᠨᠠᠶ᠋ᠢᠷᠠᠭᠤᠯᠤᠭᠴᠢ ᠄

ᠨᠡᠪᠲᠡᠷᠡᠬᠦᠯᠦᠭᠴᠢ ᠄

ᠮᠡᠷᠭᠡᠵᠢᠯ ᠄
  
ᠤᠩᠰᠢᠭᠰᠠᠨ ᠤᠳᠠᠭ᠎ᠠ᠄

26.jpg


1. 语言播报 日期_01.png


1. 天气预报模板_01.png


1. 盟市天气模板_01.png


ᠨᠡᠢᠭᠡᠮ

✦ ᠤᠯᠤᠰ᠎ᠤᠨ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ ᠶ᠋ᠢᠨ ᠬᠠᠮᠤᠭ᠎ᠤᠨ ᠰᠢᠨ᠎ᠡ ᠪᠦᠷᠢᠳᠬᠡᠭᠰᠡᠨ ᠲᠣᠭ᠎ᠠ ᠪᠠᠷᠢᠮᠲᠠ᠎ᠳᠤ ᠢᠯᠡᠷᠡᠭᠦᠯᠦᠭᠰᠡᠨ ᠵᠢᠡᠷ᠂ ᠪᠥᠬᠥ ᠤᠯᠤᠰ᠎ᠤᠨ ᠡᠯ᠎ᠡ ᠲᠥᠷᠥᠯ᠎ᠦᠨ ᠠᠮᠤ ᠪᠤᠳᠠᠭᠠᠨ᠎ᠤ ᠡᠵᠡᠩᠨᠡᠯᠲᠡ᠎ᠶᠢᠨ ᠭᠤᠤᠯ ᠴᠣᠭᠴᠠ᠎ᠶᠢᠨ ᠬᠤᠳᠠᠯᠳᠤᠨ ᠠᠪᠤᠭᠰᠠᠨ ᠪᠤᠭᠤᠳᠠᠢ ᠨᠡᠶ᠋ᠢᠲᠡ 1 ᠳ᠋ᠦᠩᠰᠢᠭᠤᠷ ᠲᠣᠨ᠎ᠢ ᠳᠠᠪᠠᠵᠤ᠂ ᠬᠤᠳᠠᠯᠳᠤᠨ ᠠᠪᠬᠤ ᠠᠬᠢᠴᠠ ᠶᠡᠷᠦᠩᠬᠡᠢ᠎ᠳᠡᠭᠡᠨ ᠤᠷᠤᠭᠰᠢᠲᠠᠢ ᠪᠠᠢᠨ᠎ᠠ᠃


640 (7).jpg


✦ 15᠎ᠤ ᠡᠳᠦᠷ᠎ᠡᠴᠡ ᠡᠬᠢᠯᠡᠨ᠂ ᠮᠠᠨ᠎ᠤ ᠤᠯᠤᠰ᠎ᠤᠨ ᠣᠷᠣᠨ ᠰᠠᠭᠤᠴᠠ ᠲᠦᠷᠢᠶᠡᠰᠦᠯᠡᠬᠦ ᠠᠵᠢᠯᠯᠠᠭ᠎ᠠ᠎ᠶᠢ ᠲᠤᠰᠬᠠᠢᠯᠠᠨ ᠵᠢᠷᠤᠮᠵᠢᠭᠤᠯᠬᠤ ᠠᠩᠬᠠᠳᠠᠭ᠍ᠴᠢ ᠵᠠᠰᠠᠭ ᠵᠠᠬᠢᠷᠭᠠᠨ᠎ᠤ ᠬᠠᠤᠯᠢ ᠲᠣᠭᠲᠠᠭᠠᠯ ᠪᠣᠯᠬᠤ 《ᠣᠷᠣᠨ ᠰᠠᠭᠤᠴᠠ ᠲᠦᠷᠢᠶᠡᠰᠦᠯᠡᠬᠦ ᠳᠦᠷᠢᠮ》᠎ᠢ ᠵᠢᠩᠬᠢᠨᠢ᠎ᠪᠡᠷ ᠬᠡᠷᠡᠭᠵᠢᠭᠦᠯᠪᠡ᠃ 《ᠳᠦᠷᠢᠮ》 ᠳ᠋ᠤ ᠲᠣᠭᠲᠠᠭᠠᠭᠰᠠᠨ ᠵᠢᠡᠷ᠂ ᠲᠣᠭᠣᠭᠠᠨ ᠭᠡᠷ᠂ ᠠᠷᠢᠭᠤᠨ ᠴᠡᠪᠡᠷ᠎ᠦᠨ ᠲᠠᠰᠤᠯᠭ᠎ᠠ᠂ ᠨᠠᠷᠠᠪᠴᠢ᠂ ᠬᠣᠩᠭᠢᠯ᠂ ᠭᠠᠵᠠᠷ ᠳᠣᠣᠷᠠᠬᠢ ᠬᠦᠮᠦᠷᠭᠡ᠂ ᠲᠡᠷᠭᠡᠨ ᠬᠥᠮᠥᠷᠭᠡ ᠵᠡᠷᠭᠡ ᠣᠷᠣᠨ ᠰᠠᠭᠤᠴᠠ ᠶ᠋ᠢᠨ ᠪᠤᠰᠤ ᠣᠷᠣᠨ ᠵᠠᠢ ᠶ᠋ᠢ ᠲᠤᠰᠠᠭᠠᠷ ᠲᠦᠷᠢᠶᠡᠰᠦᠯᠡᠬᠦᠯᠵᠦ ᠰᠠᠭᠤᠵᠤ ᠪᠣᠯᠬᠤ ᠦᠭᠡᠢ ᠭᠡᠵᠡᠢ᠃

✦ ᠰᠤᠷᠭᠠᠭᠤᠯᠢ᠎ᠶᠢᠨ ᠬᠦᠷᠢᠶᠡᠨ᠎ᠦ ᠢᠳᠡᠭᠡᠨ᠎ᠦ ᠠᠮᠤᠷ ᠲᠦᠪᠰᠢᠨ᠎ᠦ ᠬᠠᠮᠢᠶᠠᠷᠤᠯᠲᠠ᠎ᠶᠢ ᠪᠥᠬᠥ ᠲᠠᠯ᠎ᠠ᠎ᠪᠠᠷ ᠴᠢᠩᠭᠠᠳᠬᠠᠵᠤ᠂ ᠬᠥᠳᠡᠭᠡ ᠲᠣᠰᠬᠣᠨ᠎ᠤ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠰᠤᠷᠤᠭ᠍ᠴᠢᠳ᠎ᠤᠨ ᠰᠢᠮ᠎ᠡ ᠲᠡᠵᠢᠭᠡᠯ ᠢ᠋ ᠰᠠᠢᠵᠢᠷᠠᠭᠤᠯᠬᠤ ᠲᠥᠯᠥᠪᠯᠡᠭᠡ᠎ᠶᠢᠨ ᠲᠤᠰᠬᠠᠢ ᠪᠡᠯᠡ ᠮᠥᠩᠭᠥ ᠶ᠋ᠢᠨ ᠬᠡᠷᠡᠭᠯᠡᠯᠲᠡ ᠶ᠋ᠢ ᠵᠢᠷᠤᠮᠵᠢᠭᠤᠯᠤᠨ᠂ 《ᠰᠤᠷᠭᠠᠭᠤᠯᠢ᠎ᠶᠢᠨ ᠬᠦᠷᠢᠶᠡᠨ᠎ᠦ ᠬᠣᠭᠣᠯᠠ》᠎ᠶᠢ ᠴᠡᠭᠴᠡᠯᠡᠨ ᠵᠠᠰᠠᠭᠰᠠᠨ ᠦᠷ᠎ᠡ ᠪᠦᠲᠦᠭᠡᠯ᠎ᠢ ᠪᠡᠬᠢᠵᠢᠭᠦᠯᠦᠨ ᠭᠦᠨᠵᠡᠭᠡᠢᠷᠡᠭᠦᠯᠬᠦ᠎ᠶᠢᠨ ᠲᠥᠯᠥᠭᠡ᠂ ᠣᠢᠷ᠎ᠠ᠎ᠳᠤ ᠰᠤᠷᠭᠠᠨ ᠬᠥᠮᠦᠵᠢᠯ᠎ᠦᠨ ᠶᠠᠮᠤᠨ ᠰᠤᠷᠭᠠᠭᠤᠯᠢ ᠶ᠋ᠢᠨ ᠬᠦᠷᠢᠶᠡᠨ᠎ᠦ ᠢᠳᠡᠭᠡᠨ᠎ᠦ ᠠᠮᠤᠷ ᠲᠦᠪᠰᠢᠨ ᠪᠠ ᠬᠥᠳᠡᠭᠡ ᠲᠣᠰᠬᠣᠨ᠎ᠤ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠰᠤᠷᠤᠭ᠍ᠴᠢᠳ᠎ᠤᠨ ᠰᠢᠮ᠎ᠡ ᠲᠡᠵᠢᠭᠡᠯ᠎ᠢ ᠰᠠᠢᠵᠢᠷᠠᠭᠤᠯᠬᠤ ᠳᠤᠰᠬᠠᠢ ᠪᠡᠯᠡ ᠮᠦᠨᠭᠭᠦ ᠳ᠋ᠤ ᠪᠠᠢᠴᠠᠭᠠᠯᠳᠠ ᠦᠷᠨᠢᠬᠦᠯᠵᠦ ᠪᠠᠢᠨ᠎ᠠ᠃


640.png


✦ ᠣᠷᠴᠢᠮᠬᠠᠨ᠎ᠲᠥᠪᠡᠳ᠎ᠤᠨ ᠦᠨᠳᠦᠷᠯᠢᠭ ᠡᠴᠡ 416 ᠵᠢᠯ ᠪᠣᠯᠵᠤ ᠪᠠᠢᠬᠤ ᠵᠡᠷᠯᠢᠭ ᠦᠵᠦᠮ᠎ᠦᠨ ᠮᠣᠳᠣ ᠵᠢ ᠢᠯᠡᠷᠡᠬᠦᠯᠵᠡᠢ᠃ ᠲᠤᠰ ᠮᠣᠳᠣᠨ᠎ᠤ ᠥᠨᠳᠥᠷ ᠨᠢ ᠪᠠᠷᠤᠭ 8 ᠮᠧᠲᠷ᠂ ᠰᠠᠭᠤᠷᠢ ᠵᠢᠨ ᠬᠦᠷᠢᠶ᠎ᠡ ᠨᠢ 209 ᠰᠠᠨᠲ᠋ᠢᠮᠧᠲᠷ᠂ ᠮᠤᠳᠤᠨ᠎ᠦ ᠬᠦᠷᠢᠶ᠎ᠡ ᠨᠢ 160 ᠰᠠᠨᠲ᠋ᠢᠮᠧᠲᠷ᠂ ᠳ᠋ᠢᠶᠠᠮᠧᠲᠷ ᠨᠢ 67 ᠰᠠᠨᠲ᠋ᠢᠮᠧᠲᠷ ᠪᠠᠢᠨ᠎ᠠ᠃ ᠲᠤᠰᠬᠠᠢ ᠮᠡᠷᠭᠡᠵᠢᠯᠲᠡᠨ᠎ᠦ ᠬᠡᠯᠡᠬᠦ᠎ᠪᠡᠷ᠂ ᠲᠣᠰ ᠮᠣᠳᠣ᠌ ᠪᠣᠯ ᠲᠡᠯᠡᠶ᠎ᠶᠢᠨ ᠲᠦᠪᠰᠢᠨ᠎ᠡᠴᠡ ᠥᠨᠳᠥᠷ ᠡᠷᠭᠦᠭᠳᠡᠭᠰᠡᠨ ᠭᠠᠵᠠᠷ ᠣᠷᠣᠨ᠎ᠤ ᠨᠢᠭᠡᠨᠲᠡ ᠮᠡᠳᠡᠭᠰᠡᠨ ᠠᠮᠢ ᠨᠠᠰᠤ᠎ᠪᠠᠷ ᠬᠠᠮᠤᠭ᠎ᠤᠨ ᠣᠷᠳᠣ᠌ ᠵᠡᠷᠯᠢᠭ ᠦᠵᠦᠮ᠎ᠦᠨ ᠮᠣᠳᠣ᠌ ᠮᠥᠨ᠂ ᠪᠠᠰᠠ ᠴᠤ᠌ ᠮᠠᠨ᠎ᠤ ᠤᠯᠤᠰ᠎ᠤᠨ ᠣᠲᠣ᠌ ᠪᠣᠯᠲᠠᠯ᠎ᠠ ᠢᠯᠡᠷᠡᠭᠦᠯᠦᠭᠰᠡᠨ ᠬᠠᠮᠤᠭ᠎ᠤᠨ ᠡᠷᠲᠡᠨ᠎ᠦ ᠵᠡᠷᠯᠢᠭ ᠦᠵᠦᠮ᠎ᠦᠨ ᠮᠣᠳᠣᠨ᠎ᠤ ᠨᠢᠭᠡ ᠮᠥᠨ᠃


640 (1).jpg


✦ ᠥᠪᠡᠷᠲᠡᠭᠡᠨ ᠵᠠᠰᠠᠬᠤ ᠣᠷᠣᠨ᠎ᠤ ᠴᠠᠭ ᠠᠭᠤᠷ᠎ᠤᠨ ᠲᠣᠪᠴᠢᠶ᠎ᠠ ᠭᠤᠷᠪᠠᠳᠤᠭᠠᠷ ᠤᠯᠠᠷᠢᠯ᠎ᠤᠨ ᠴᠠᠭ ᠠᠭᠤᠷ᠎ᠤᠨ ᠮᠡᠳᠡᠭᠡ ᠵᠠᠩᠭᠢ᠎ᠶᠢᠨ ᠬᠤᠷᠠᠯ ᠳᠡᠭᠡᠷ᠎ᠡ ᠲᠠᠨᠢᠯᠴᠠᠭᠤᠯᠤᠭᠰᠠᠨ ᠵᠢᠡᠷ᠂ ᠡᠨᠡ ᠵᠢᠯ᠎ᠦᠨ ᠦᠶᠡᠷ᠎ᠦᠨ ᠬᠤᠭᠤᠴᠠᠭᠠᠨ ᠳ᠋ᠤ᠂ ᠦᠪᠦᠷ ᠮᠤᠩᠭᠤᠯ ᠤ᠋ᠨ ᠦᠪᠡᠷᠳᠡᠬᠡᠨ ᠵᠠᠰᠠᠬᠤ ᠤᠷᠤᠨ ᠤ᠋ ᠴᠠᠭ ᠠᠭᠤᠷ᠎ᠤᠨ ᠲᠣᠪᠴᠢᠶ᠎ᠠ ᠠᠵᠢᠭ᠍ᠯᠠᠨ ᠬᠡᠮᠵᠢᠬᠦ᠂ ᠤᠯᠤᠰ᠎ᠲᠠᠭᠠᠨ ᠦᠢᠯᠡᠳᠪᠦᠷᠢᠯᠡᠭᠰᠡᠨ ᠲᠣᠭ᠎ᠠ ᠬᠡᠮᠵᠢᠭᠳᠡᠯ᠎ᠢ ᠤᠷᠢᠳᠴᠢᠯᠠᠨ ᠮᠡᠳᠡᠭᠡᠯᠡᠬᠦ ᠵᠠᠭᠪᠤᠷ᠂ ᠵᠣᠬᠢᠶᠠᠮᠠᠯ ᠣᠶᠤᠨ ᠤ᠋ ᠵᠠᠭᠪᠤᠷ ᠵᠢᠴᠢ ᠲᠣᠰ ᠭᠠᠵᠠᠷ᠎ᠤᠨ ᠨᠠᠷᠢᠯᠢᠭ᠍ᠵᠢᠭᠤᠯᠤᠭᠰᠠᠨ ᠤᠷᠢᠳᠴᠢᠯᠠᠨ ᠮᠡᠳᠡᠭᠡᠯᠡᠬᠦ ᠮᠡᠷᠭᠡᠵᠢᠯ᠎ᠢ ᠬᠡᠷᠡᠭᠯᠡᠨ ᠰᠢᠷᠦᠭᠦᠨ ᠪᠣᠷᠣᠭᠠᠨ᠎ᠤ ᠰᠡᠷᠡᠮᠵᠢ᠎ᠶᠢᠨ ᠳᠣᠬᠢᠶ᠎ᠠ᠎ᠶᠢᠨ ᠣᠨᠣᠪᠴᠢ ᠎ᠶᠢᠨ ᠬᠡᠮᠵᠢᠶ᠎ᠡ᠎ᠶᠢ 95%᠎ᠳᠤ ᠬᠦᠷᠭᠡᠵᠦ᠂ ᠴᠠᠭ᠎ᠤᠨ ᠤᠷᠢᠳᠴᠢᠯᠠᠭᠰᠠᠨ ᠬᠡᠮᠵᠢᠶ᠎ᠡ᠎ᠶᠢ 195 ᠮᠢᠨᠦ᠋ᠲ᠎ᠲᠦ ᠬᠦᠷᠭᠡᠭᠰᠡᠨ ᠪᠠᠢᠨ᠎ᠠ᠃

✦ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ ᠎ᠦᠨ ᠬᠢᠨᠠᠯᠲᠠ ᠬᠠᠮᠢᠶᠠᠷᠤᠯᠲᠠ ᠎ᠶᠢᠨ ᠲᠣᠪᠴᠢᠶ᠎ᠠ ᠎ᠠᠴᠠ ᠣᠢᠯᠠᠭᠠᠭᠰᠠᠨ᠎ᠢᠶᠠᠷ᠂ 9 ᠰᠠᠷ᠎ᠠ᠎ᠶᠢᠨ 10᠎ᠤ ᠡᠳᠦᠷ ᠪᠣᠯᠲᠠᠯ᠎ᠠ ᠥᠪᠥᠷ ᠮᠣᠩᠭᠣᠯ ᠎ᠤᠨ ᠡᠵᠡᠩᠨᠡᠯᠲᠡ᠎ᠶᠢᠨ ᠭᠣᠣᠯ ᠴᠣᠭᠴᠠ 300 ᠲᠦᠮᠡᠨ ᠡᠷᠦᠬᠡ᠎ᠶᠢ ᠳᠠᠪᠠᠵᠤ᠂ 2024 ᠣᠨ᠎ᠤ ᠡᠴᠦᠰ᠎ᠦᠨ ᠬᠢ᠎ᠡᠴᠡ 10.37 ᠲᠦᠮᠡᠨ ᠡᠷᠦᠬᠡ ᠨᠡᠮᠡᠭᠳᠡᠵᠡᠢ᠃

✦ ᠦᠢᠷ᠎ᠡ᠎ᠶᠢᠨ ᠬᠤᠭᠤᠴᠠᠭᠠᠨ᠎ᠳᠤ ᠰᠢᠯᠢ ᠵᠢᠨ ᠭᠤᠤᠯ ᠠᠢᠮᠠᠭ᠎ᠤᠨ 42 ᠨᠢᠲᠤᠯᠵᠤ ᠡᠳ᠋ᠰᠢᠬᠦᠯᠬᠦ ᠠᠵᠤ ᠠᠬᠤᠢᠯᠠᠯ ᠠᠵᠢᠯ ᠎ᠢᠶᠠᠨ ᠡᠬᠢᠯᠡᠭᠦᠯᠵᠦ᠂ ᠵᠢᠱ᠌ᠢᠯᠲᠡ ᠪᠡᠷ ᠡᠨᠡ ᠵᠢᠯ ᠪᠥᠬᠥ ᠠᠢᠮᠠᠭ᠎ᠢᠶᠠᠷ᠎ᠢᠶᠠᠨ 800 ᠲᠦᠮᠡ ᠭᠠᠷᠤᠢ ᠪᠣᠳᠠ ᠪᠣᠭ ᠮᠠᠯ ᠵᠠᠷᠤᠴᠠᠭᠤᠯᠬᠤ᠎ᠪᠠᠷ ᠲᠦᠯᠦᠪᠯᠡᠵᠦ ᠪᠠᠢᠨ᠎ᠠ᠃

 

ᠠᠵᠤ ᠠᠬᠤᠢ

✦ 2026 ᠣᠨ᠎ᠤ ᠳᠡᠯᠡᠬᠡᠢ᠎ᠶᠢᠨ ᠬᠤᠨᠳᠠᠭᠠᠲᠤ ᠬᠥᠯ ᠪᠥᠮᠪᠥᠭᠡ᠎ᠶᠢᠨ ᠤᠷᠤᠯᠳᠤᠭᠠᠨ ᠡᠬᠢᠯᠡᠬᠦ ᠪᠣᠯᠲᠠᠯ᠎ᠠ ᠪᠠᠰᠠ 9 ᠰᠠᠷ᠎ᠠ ᠪᠣᠢ᠂ ᠢ ᠦ᠋ ᠪᠣᠭᠣᠮᠲᠠ᠎ᠶᠢᠨ ᠪᠦᠷᠢᠳᠬᠡᠭᠰᠡᠨ ᠲᠣᠭ᠎ᠠ ᠪᠠᠷᠢᠮᠲᠠ᠎ᠳᠤ ᠢᠯᠡᠷᠡᠭᠦᠯᠦᠭᠰᠡᠨ᠎ᠢᠶᠡᠷ᠂ ᠡᠨᠡ ᠵᠢᠯ᠎ᠦᠨ ᠲᠦᠷᠦᠭᠦᠸ᠋ 7 ᠰᠠᠷ᠎ᠠ᠎ᠳᠤ ᠢ ᠦ᠋᠎ᠬᠤᠳᠠ ᠵᠢᠨ ᠪᠡᠶ᠎ᠡ᠎ᠶᠢᠨ ᠲᠠᠮᠢᠷ᠎ᠤᠨ ᠬᠡᠷᠡᠭᠰᠡᠯ ᠵᠢᠴᠢ ᠲᠥᠬᠦᠭᠡᠷᠦᠮᠵᠢ᠎ᠶᠢᠨ ᠭᠠᠳᠠᠭᠠᠳᠤ ᠭᠠᠷᠭᠠᠯᠲᠠ᠎ᠶᠢᠨ ᠪᠥᠬᠥ ᠲᠣᠭ᠎ᠠ 67.8 ᠳ᠋ᠦᠩᠰᠢᠭᠤᠷ ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 16.8% ᠪᠡᠷ ᠨᠡᠮᠡᠭᠳᠡᠪᠡ᠃ ᠡᠭᠦᠨ᠎ᠳᠦ ᠠᠮᠧᠷᠢᠺᠠ᠂ ᠺᠠᠨᠠᠳᠠ᠂ ᠮᠧᠺᠰᠢᠺᠦ ᠵᠡᠷᠭᠡ ᠳᠡᠯᠡᠬᠡᠢ᠎ᠶᠢᠨ ᠬᠤᠨᠳᠠᠭᠠᠲᠤ ᠬᠥᠯ ᠪᠥᠮᠪᠥᠭᠡ᠎ᠶᠢᠨ ᠤᠷᠤᠯᠳᠤᠭᠠᠨ᠎ᠢ ᠭᠣᠣᠯᠯᠠᠨ ᠡᠷᠭᠢᠯᠡᠬᠦ ᠭᠤᠷᠪᠠᠨ ᠤᠯᠤᠰ ᠲᠡᠬᠢ ᠭᠠᠳᠠᠭᠠᠳᠤ ᠭᠠᠷᠭᠠᠯᠲᠠ᠎ᠶᠢᠨ ᠬᠡᠮᠵᠢᠶ᠎ᠡ 18.8 ᠳ᠋ᠦᠩᠰᠢᠭᠤᠷ ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ ᠤ᠋ ᠬᠢ᠎ᠡᠴᠡ 10% ᠪᠡᠷ ᠨᠡᠮᠡᠭᠳᠡᠵᠡᠢ᠃


640 (2).jpg


✦ 2025 ᠣᠨ᠎ᠤ ᠳᠤᠮᠳᠠᠳᠤ ᠤᠯᠤᠰ᠎ᠤᠨ ᠣᠯᠠᠨ ᠤᠯᠤᠰ᠎ᠤᠨ ᠦᠢᠯᠡᠴᠢᠯᠡᠭᠡᠨ᠎ᠦ ᠠᠷᠠᠯᠵᠢᠶᠠᠨ᠎ᠤ ᠴᠤᠭᠯᠠᠭᠠᠨ 14᠎ᠦ ᠡᠳᠦᠷ ᠪᠡᠭᠡᠵᠢᠩ᠎ᠳᠦ ᠥᠨᠳᠥᠷᠯᠡᠵᠦ᠂ ᠲᠣᠰ ᠬᠤᠭᠤᠴᠠᠭᠠᠨ᠎ᠤ ᠦᠢᠯᠡᠴᠢᠯᠡᠭᠡᠨ᠎ᠦ ᠠᠷᠠᠯᠵᠢᠶᠠᠨ᠎ᠤ ᠴᠤᠭᠯᠠᠭᠠᠨ ᠳ᠋ᠤ ᠪᠠᠷᠢᠯᠭ᠎ᠠ᠂ ᠮᠡᠳᠡᠭᠡ ᠵᠠᠩᠭᠢ᠎ᠶᠢᠨ ᠮᠡᠷᠭᠡᠵᠢᠯ᠂ ᠮᠥᠩᠭᠥᠨ ᠭᠦᠢᠯᠭᠡᠭᠡᠨ ᠵᠡᠷᠭᠡ ᠬᠦᠷᠢᠶᠡᠨ᠎ᠳᠡᠬᠢ 900 ᠭᠠᠷᠤᠢ ᠵᠦᠢᠯ᠎ᠦᠨ ᠦᠷ᠎ᠡ ᠪᠦᠲᠦᠭᠡᠯ᠎ᠲᠠᠢ ᠪᠣᠯᠵᠤ᠂ 13 ᠲᠠᠯᠠᠪᠠᠢ ᠭᠣᠣᠯ ᠰᠡᠳᠦᠪᠲᠦ ᠶᠠᠷᠢᠶᠠᠨ᠎ᠤ ᠲᠠᠪᠴᠠᠩ᠂ 81 ᠲᠠᠯᠠᠪᠠᠢ ᠲᠤᠰᠬᠠᠢ ᠰᠡᠳᠦᠪᠲᠦ ᠶᠠᠷᠢᠶᠠᠨ᠎ᠤ ᠲᠠᠪᠴᠠᠩ ᠡᠷᠬᠢᠯᠡᠵᠦ᠂ 75 ᠲᠠᠯᠠᠪᠠᠢ ᠵᠥᠪᠳᠡᠯᠴᠡᠨ ᠲᠠᠨᠢᠯᠴᠠᠭᠤᠯᠵᠤ᠂ 2000 ᠰᠢᠬᠠᠮ ᠠᠵᠤ ᠠᠬᠤᠢᠯᠠᠯ ᠪᠤᠳᠠᠳᠤ ᠴᠤᠭᠴᠠ ᠵᠢᠨ ᠦᠵᠡᠰᠬᠦᠯᠡᠩ᠎ᠳᠦ ᠣᠷᠣᠯᠴᠠᠵᠤ᠂ 5600 ᠰᠢᠬᠠᠮ ᠠᠵᠤ ᠠᠬᠤᠢᠯᠠᠯ ᠰᠦᠯᠵᠢᠶᠡᠨ ᠳᠡᠭᠡᠷ᠎ᠡ ᠦᠵᠡᠰᠬᠦᠯᠡᠩ᠎ᠳᠦ ᠣᠷᠣᠯᠴᠠᠭᠰᠠᠨ ᠪᠠᠢᠨ᠎ᠠ᠃


640.jpg


✦ 2025 ᠳᠤᠮᠳᠠᠳᠤ ᠤᠯᠤᠰ᠎ᠤᠨ ᠰᠣᠶᠣᠯ ᠵᠢᠭᠤᠯᠴᠢᠯᠠᠯ᠎ᠤᠨ ᠠᠵᠤ ᠦᠢᠯᠡᠰ᠎ᠦᠨ ᠦᠵᠡᠰᠬᠦᠯᠡᠩ᠎ᠦᠨ ᠴᠤᠭᠯᠠᠭᠠᠨ 14 ᠎ᠦ ᠡᠳᠦᠷ ᠦᠬᠠᠨ᠎ᠳᠤ ᠦᠨᠳᠦᠷᠯᠡᠪᠡ᠃ ᠲᠤᠰ ᠬᠤᠭᠤᠴᠠᠭᠠᠨ᠎ᠤ ᠦᠵᠡᠰᠬᠦᠯᠡᠩ᠎ᠦᠨ ᠴᠤᠭᠯᠠᠭᠠᠨ᠎ᠳᠤ ᠪᠦᠬᠦ ᠤᠯᠤᠰ᠎ᠤᠨ ᠡᠯ᠎ᠡ ᠭᠠᠵᠠᠷ᠎ᠤᠨ 2000 ᠰᠢᠬᠠᠮ ᠠᠵᠤ ᠠᠬᠤᠢᠯᠠᠯ ᠣᠷᠣᠯᠴᠠᠵᠤ᠂ ᠦᠵᠡᠭᠴᠢᠳ 22.5 ᠲᠦᠮᠡᠨ ᠬᠥᠮᠥᠨ ᠤᠳᠠᠭ᠎ᠠ᠎ᠳᠤ ᠬᠦᠷᠴᠦ᠂ 5 ᠲᠠᠯᠠᠪᠠᠢ ᠰᠣᠶᠣᠯ ᠵᠢᠭᠤᠯᠴᠢᠯᠠᠯ᠎ᠤᠨ ᠠᠵᠤ ᠦᠢᠯᠡᠰ᠎ᠦᠨ ᠵᠥᠪᠳᠡᠯᠴᠡᠭᠡᠨ᠎ᠦ ᠠᠵᠢᠯᠯᠠᠭ᠎ᠠ᠎ᠳᠤ 8.1 ᠳ᠋ᠦᠩᠰᠢᠭᠤᠷ ᠲᠥᠭᠥᠷᠢᠭ᠎ᠦᠨ ᠬᠠᠮᠲᠤᠷᠠᠯᠴᠠᠭᠠᠨ᠎ᠤ ᠠᠷᠠᠯᠵᠢᠶ᠎ᠠ ᠲᠣᠬᠢᠷᠠᠯᠴᠠᠵᠤ᠂ 232.8 ᠳ᠋ᠦᠩᠰᠢᠭᠤᠷ ᠲᠥᠭᠥᠷᠢᠭ᠎ᠦᠨ ᠰᠣᠶᠣᠯ ᠵᠢᠭᠤᠯᠴᠢᠯᠠᠯ᠎ᠤᠨ ᠲᠦᠷᠦᠯ ᠵᠦᠢᠯ᠎ᠳᠦ ᠭᠠᠷ᠎ᠤᠨ ᠦᠰᠦᠭ ᠵᠢᠷᠤᠪᠠ᠃


640 (4).jpg


ᠲᠠᠮᠢᠷ

✦ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶᠢᠨ ᠲᠠᠮᠢᠷ᠎ᠤᠨ ᠲᠣᠪᠴᠢᠶ᠎ᠠ᠎ᠠᠴᠠ ᠣᠢᠯᠠᠭᠠᠭᠰᠠᠨ᠎ᠢᠶᠠᠷ᠂ ᠲᠦᠷᠦᠭᠦᠬᠡᠨ 2025 ᠳᠤᠮᠳᠠᠳᠤ ᠤᠯᠤᠰ᠎ᠤᠨ ᠪᠡᠶ᠎ᠡ᠎ᠶᠢᠨ ᠲᠠᠮᠢᠷ᠎ᠤᠨ ᠰᠣᠶᠣᠯ᠎ᠤᠨ ᠦᠵᠡᠰᠬᠦᠯᠡᠩ᠂ ᠳᠤᠮᠳᠠᠳᠤ ᠤᠯᠤᠰ᠎ᠤᠨ ᠪᠡᠶ᠎ᠡ᠎ᠶᠢᠨ ᠲᠠᠮᠢᠷ᠎ᠤᠨ ᠵᠢᠭᠤᠯᠴᠢᠯᠠᠯ᠎ᠤᠨ ᠦᠵᠡᠰᠬᠦᠯᠡᠩ ᠦ᠋ᠨ ᠢᠵᠢ ᠪᠦᠷᠢᠳᠦᠭᠦᠯᠬᠦ ᠠᠵᠢᠯᠯᠠᠭ᠎ᠠ᠂ 2025 ᠳᠤᠮᠳᠠᠳᠤ ᠤᠯᠤᠰ᠎ᠤᠨ ᠪᠡᠶ᠎ᠡ᠎ᠶᠢᠨ ᠲᠠᠮᠢᠷ᠎ᠤᠨ ᠵᠢᠭᠤᠯᠴᠢᠯᠠᠯ᠎ᠤᠨ ᠰᠣᠳᠣᠨ ᠲᠥᠷᠥᠯ ᠵᠦᠢᠯ᠂ ᠳᠤᠮᠳᠠᠳᠤ᠎ᠶᠢᠨ ᠪᠡᠶ᠎ᠡ᠎ᠶᠢᠨ ᠲᠠᠮᠢᠷ᠎ᠤᠨ ᠰᠣᠶᠣᠯ᠎ᠤᠨ ᠰᠢᠯᠢᠳᠡᠭ ᠲᠥᠷᠥᠯ ᠵᠦᠢᠯ᠎ᠢ ᠲᠠᠨᠢᠯᠴᠠᠭᠤᠯᠬᠤ ᠠᠵᠢᠯᠯᠠᠭ᠎ᠠ ᠰᠦᠵᠧᠦ᠎ᠳ᠋ᠤ ᠶᠠᠪᠤᠭᠳᠠᠵᠤ᠂ ᠥᠪᠥᠷ ᠮᠣᠩᠭᠣᠯ᠎ᠡᠴᠡ ᠪᠠᠶᠠᠨᠨᠠᠭᠤᠷ᠎ᠤᠨ ᠲᠡᠮᠡᠭᠡᠨ ᠪᠥᠮᠪᠥᠭᠡ᠂ ᠮᠣᠩᠭᠣᠯ ᠮᠣᠷᠢᠨ᠎ᠤ ᠳᠡᠰ ᠡᠴᠡ ᠳᠠᠪᠠᠭᠰᠠᠨ ᠬᠣᠯᠪᠣᠭᠠᠲᠤ ᠤᠷᠤᠯᠳᠤᠭᠠᠨ᠂ ᠬᠤᠯᠠᠨ ᠰᠢᠷᠭ᠎ᠠ ᠳᠠᠭ᠎ᠠ᠎ᠶᠢᠨ ᠡᠯᠡᠰᠦᠷᠬᠡᠭ ᠭᠠᠵᠠᠷ᠎ᠤᠨ ᠪᠡᠶ᠎ᠡ ᠶ᠋ᠢᠨ ᠲᠠᠮᠢᠷ᠎ᠤᠨ ᠵᠢᠭᠤᠯᠴᠢᠯᠠᠯ᠎ᠤᠨ ᠵᠠᠮ ᠱᠤᠭᠤᠮ ᠵᠡᠷᠭᠡ 3 ᠲᠥᠷᠥᠯ ᠵᠦᠢᠯ᠎ᠢ ᠲᠠᠨᠢᠯᠴᠠᠭᠤᠯᠬᠤ ᠨᠡᠷᠡᠰ᠎ᠲᠦ ᠣᠷᠣᠭᠤᠯᠪᠠ᠃


15957520E162993BFAC4E5462142C409.jpeg


✦ ᠲᠦᠷᠦᠬᠦᠭᠡᠨ 2025 ᠣᠨ᠎ᠤ ᠳᠤᠮᠳᠠᠳᠤ ᠤᠯᠤᠰ᠎ᠤᠨ ᠲᠡᠪᠡᠭ ᠪᠥᠮᠪᠥᠭᠡ ᠶ᠋ᠢᠨ ᠢᠯᠡ ᠤᠷᠤᠯᠳᠤᠭᠠᠨ (ᠥᠪᠥᠷ ᠮᠣᠩᠭᠣᠯ·ᠬᠥᠬᠡᠬᠣᠲᠠ ᠥᠷᠲᠡᠭᠡ) ᠬᠥᠬᠡᠬᠣᠲᠠ ᠳ᠋ᠤ ᠶᠠᠪᠤᠭᠳᠠᠵᠤ᠂ ᠪᠥᠬᠥ ᠤᠯᠤᠰ᠎ᠤᠨ 16 ᠮᠤᠵᠢ ᠣᠷᠣᠨ ᠬᠣᠲᠠ ᠶ᠋ᠢᠨ 54 ᠲᠥᠯᠥᠭᠡᠯᠡᠭᠴᠢᠳ᠎ᠦᠨ ᠠᠩᠭᠢ ᠎ᠶᠢᠨ 260 ᠭᠠᠷᠤᠢ ᠲᠠᠮᠢᠷᠴᠢᠨ ᠣᠷᠣᠯᠴᠠᠵᠠᠢ᠃


640 (3).jpg

 

ᠳᠡᠯᠡᠬᠡᠢ

✦ ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠠᠮᠧᠷᠢᠺᠠ᠎ᠶᠢᠨ 11᠎ᠦ ᠡᠳᠦᠷ ᠨᠡᠢᠲᠡᠯᠡᠭᠰᠡᠨ ᠬᠡᠷᠡᠭᠯᠡᠭᠴᠢᠳ᠎ᠦᠨ ᠦᠨ᠎ᠡ ᠬᠠᠩᠰᠢ᠎ᠶᠢᠨ ᠵᠢᠭᠠᠯᠲᠠ ᠲᠣᠭ᠎ᠠ᠎ᠳ᠋ᠤ᠂ ᠠᠮᠧᠷᠢᠺᠠ᠎ᠶᠢᠨ 8 ᠰᠠᠷ᠎ᠠ᠎ᠶᠢᠨ ᠺᠣᠹᠧ ᠵᠢᠨ ᠵᠢᠵᠢᠭᠯᠡᠨ ᠬᠤᠳᠠᠯᠳᠤᠬᠤ ᠦᠨ᠎ᠡ ᠨᠢᠳᠤᠨᠤᠨ᠎ᠤ ᠠᠳᠠᠯᠢ ᠬᠤᠭᠤᠴᠠᠭᠠᠨ᠎ᠤ ᠬᠢ᠎ᠡᠴᠡ 21% ᠰᠢᠬᠠᠮ ᠥᠰᠴᠦ᠂ 1997 ᠣᠨ᠎ᠤ 10 ᠰᠠᠷ᠎ᠠ᠎ᠠᠴᠠ ᠨᠠᠭᠠᠰᠢᠬᠢ ᠠᠳᠠᠯᠢ ᠬᠤᠭᠤᠴᠠᠭᠠᠨ ᠤ᠋ ᠬᠢ᠎ᠡᠴᠡ ᠬᠠᠮᠤᠭ᠎ᠤᠨ ᠶᠡᠬᠡ ᠥᠰᠦᠭᠰᠡᠨ ᠪᠠᠢᠨ᠎ᠠ᠃


微信图片_20250915094330.jpg


✦ ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠹᠷᠠᠨᠼᠢ ᠶ᠋ᠢᠨ ᠰᠢᠨ᠎ᠡ᠎ᠪᠡᠷ ᠲᠤᠰᠢᠶᠠᠯ᠎ᠳᠤ ᠭᠠᠷᠤᠭᠰᠠᠨ ᠶᠡᠷᠦᠩᠬᠡᠢ ᠰᠠᠢᠳ ᠯᠸᠺᠤᠷᠨᠢ ᠲᠤᠰᠬᠠᠢ ᠰᠣᠷᠪᠤᠯᠵᠢᠯᠠᠭ᠎ᠠ᠎ᠬᠦᠯᠢᠶᠡᠬᠦ ᠳ᠋ᠡᠬᠡᠨ ᠬᠡᠯᠡᠭᠰᠡᠨ ᠵᠢᠡᠷ᠂ ᠲᠦᠷᠦᠭᠦᠦ ᠬᠤᠭᠤᠴᠠᠭᠠᠨ᠎ᠤ ᠵᠠᠰᠠᠭ ᠤ᠋ᠨ ᠣᠷᠳᠣᠨ᠎ᠤ ᠳᠤᠷᠠᠳᠤᠭᠰᠠᠨ ᠬᠣᠶᠠᠷ ᠨᠡᠶ᠋ᠢᠲᠡ  ᠶ᠋ᠢᠨ ᠠᠮᠠᠷᠠᠯᠲᠠ  ᠶ᠋ᠢᠨ ᠡᠳᠦᠷ ᠢ᠋ ᠪᠠᠭᠠᠰᠬᠠᠵᠤ ᠪᠠᠢᠭᠠᠳ ᠡᠳ᠋᠎ᠦᠨ ᠵᠠᠰᠠᠭ᠎ᠤᠨ ᠪᠠᠢᠳᠠᠯ ᠢ᠋ ᠰᠠᠢᠵᠢᠷᠠᠭᠤᠯᠬᠤ ᠭᠡᠰᠡᠨ ᠲᠥᠯᠥᠪᠯᠡᠭᠡ᠎ᠵᠢ ᠲᠠᠶᠠᠭᠳᠠᠵᠤ᠂ ᠡᠳᠡᠭᠡᠷ ᠨᠡᠶ᠋ᠢᠲᠡ  ᠶ᠋ᠢᠨ ᠠᠮᠠᠷᠠᠯᠲᠠ ᠶ᠋ᠢᠨ ᠡᠳᠦᠷ ᠢ᠋ ᠦᠷᠭᠦᠯᠵᠢᠯᠡᠨ ᠦᠯᠡᠳᠡᠭᠡᠨ᠎ᠠ ᠭᠡᠵᠡᠢ᠃


640 (5).jpg

 

ᠦᠢᠯᠡᠴᠢᠯᠡᠭᠡ

✦ ᠬᠥᠬᠡᠬᠣᠲᠠ ᠨᠡᠶ᠋ᠢᠲᠡ᠎ᠶᠢᠨ ᠠᠰᠠᠷᠠᠮᠵᠢ᠎ᠶᠢᠨ ᠴᠢᠨᠠᠷᠲᠠᠢ ᠠᠵᠢᠯ᠎ᠤᠨ ᠪᠠᠢᠷᠢ᠎ᠳ᠋ᠤ 28 ᠬᠥᠮᠥᠨ ᠡᠯᠰᠡᠨ᠎ᠡ᠃ 

✦ 2025 ᠣᠨ᠎ᠤ ᠤᠯᠤᠰ᠎ᠤᠨ ᠪᠠᠶᠠᠷ᠂ ᠨᠠᠢ᠍ᠮᠠᠨ ᠰᠠᠷ᠎ᠠ᠎ᠶᠢᠨ ᠠᠷᠪᠠᠨ ᠲᠠᠪᠤᠨ᠎ᠤ ᠠᠮᠠᠷᠠᠯᠲᠠ᠎ᠶᠢᠨ ᠬᠤᠭᠤᠴᠠᠭᠠᠨ᠎ᠤ ᠭᠠᠯᠲᠤ ᠲᠡᠷᠭᠡᠨ ᠪᠢᠯᠧᠲ᠎ᠢ ᠨᠢᠭᠡᠨᠳᠡ ᠡᠬᠢᠯᠡᠨ ᠬᠤᠳᠠᠯᠳᠤᠵᠠᠢ᠃ 15᠎ᠤ ᠡᠳᠦᠷ ᠲᠤ᠌ 9 ᠰᠠᠷ᠎ᠠ᠎ᠶᠢᠨ 29᠎ᠦ ᠡᠳᠦᠷ᠎ᠦᠨ ᠪᠢᠯᠸᠲ ᠢ᠋ ᠬᠤᠳᠠᠯᠳᠤᠵᠤ᠂ 16᠎ᠤ ᠡᠳᠦᠷ ᠲᠤ᠌ 9 ᠰᠠᠷ᠎ᠠ᠎ᠶᠢᠨ 30᠎ᠤ ᠡᠳᠦᠷ᠎ᠦᠨ ᠪᠢᠯᠧᠲ ᠢ᠋ ᠬᠤᠳᠠᠯᠳᠤᠨ᠎ᠠ᠃ 9 ᠰᠠᠷ᠎ᠠ᠎ᠶᠢᠨ 17᠎ᠤ ᠡᠳᠦᠷ 10 ᠰᠠᠷ᠎ᠠ᠎ᠶᠢᠨ 1᠎ᠦ ᠡᠳᠦᠷ᠎ᠦᠨ ᠪᠢᠯᠧᠲ ᠢ᠋ ᠬᠤᠳᠠᠯᠳᠤᠨ ᠠᠪᠴᠤ ᠪᠣᠯᠣᠨ᠎ᠠ᠃


ᠲᠠᠨ᠎ᠦ ᠲᠤᠰᠠ᠎ᠳᠤ

✦ ᠲᠠᠬᠢᠶᠠᠨ ᠥᠨᠳᠡᠭᠡ᠎ᠶᠢ ᠢᠳᠡᠬᠦ ᠳᠤᠬᠠᠢ ᠰᠠᠨᠠᠭᠤᠯᠭ᠎ᠠ᠄ ᠰᠢᠭᠦᠷᠬᠡᠢ ᠥᠨᠳᠡᠭᠡ᠎ᠶᠢ ᠠᠯᠢ ᠴᠢᠳᠠᠬᠤ᠎ᠪᠠᠷ ᠢᠳᠡᠬᠦ ᠦᠭᠡᠢ ᠪᠤᠯ ᠰᠠᠢᠨ᠃ ᠰᠢᠭᠦᠷᠬᠡᠢ ᠥᠨᠳᠡᠭᠡ ᠪᠣᠯ ᠶᠡᠷᠦ᠎ᠳᠡᠭᠡᠨ ᠥᠨᠳᠡᠭᠡᠨ ᠴᠠᠭᠠᠨ ᠨᠢ ᠨᠢᠭᠡᠨᠲᠡ ᠴᠠᠷᠴᠠᠭᠠᠳ ᠨᠡᠯᠢᠶᠡᠳ ᠵᠥᠭᠡᠯᠡᠨ ᠪᠣᠯᠤᠭᠰᠠᠨ ᠪᠣᠯᠪᠠᠴᠤ ᠥᠨᠳᠡᠭᠡᠨ ᠰᠢᠷ᠎ᠠ ᠨᠢ ᠰᠢᠩᠭᠡᠨ ᠲᠥᠯᠥᠪ᠎ᠢᠶᠡᠷ᠎ᠢᠶᠡᠨ ᠪᠠᠢᠵᠦ᠂ ᠪᠤᠰᠤᠳ ᠪᠠᠺᠲᠧᠷᠢ᠎ᠳᠠᠭᠠᠯᠳᠤᠵᠤ ᠮᠡᠳᠡᠨ᠎ᠠ᠃ ᠬᠤᠳᠠᠯᠳᠤᠨ ᠠᠪᠬᠤ᠎ᠳᠠᠭᠠᠨ ᠴᠡᠪᠡᠷ ᠪᠥᠭᠡᠳ ᠥᠨᠳᠡᠭᠡᠨ ᠬᠠᠯᠢᠰᠤ ᠨᠢ ᠪᠦᠷᠢᠨ ᠪᠦᠲᠦᠨ ᠲᠠᠬᠢᠶᠠᠨ ᠥᠨᠳᠡᠭᠡ᠎ᠶᠢ ᠰᠣᠩᠭᠣᠨ᠎ᠠ᠃ ᠥᠨᠳᠡᠭᠡᠨ ᠬᠠᠯᠢᠰᠤ ᠪᠣᠬᠢᠷᠲᠤᠭᠰᠠᠨ ᠪᠤᠶᠤ ᠴᠠᠪᠠ ᠭᠠᠷᠤᠭᠰᠠᠨ ᠲᠠᠬᠢᠶᠠᠨ ᠥᠨᠳᠡᠭᠡ ᠨᠢ ᠨᠠᠩ ᠠᠮᠠᠷᠬᠠᠨ ᠡᠪᠡᠳᠴᠢᠨ ᠡᠭᠦᠰᠬᠡᠬᠦ ᠪᠠᠺᠲᠧᠷᠢ᠎ᠳᠦ ᠪᠣᠬᠢᠷᠲᠤᠳᠠᠭ᠃ ᠬᠡᠲᠦᠷᠬᠡᠢ ᠤᠳᠠᠭᠠᠨ ᠬᠠᠳᠠᠭᠠᠯᠠᠬᠤ᠎ᠠᠴᠠ ᠵᠠᠢᠯᠠᠰᠬᠢᠬᠦ᠎ᠶᠢᠨ ᠲᠥᠯᠥᠭᠡ ᠨᠢᠭᠡ ᠤᠳᠠᠭ᠎ᠠ᠎ᠳᠤ ᠬᠡᠲᠦᠷᠬᠡᠢ ᠠᠷᠪᠢᠨ ᠬᠤᠳᠠᠯᠳᠤᠨ ᠠᠪᠬᠤ ᠦᠬᠡᠢ ᠪᠤᠯ ᠰᠠᠢᠨ᠃


640 (6).jpg

 

ᠵᠠᠯᠭᠠᠭᠠᠳ 《ᠬᠦᠢ ᠴᠠᠭᠠᠨ ᠨᠤᠲᠤᠭ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠤ  ᠪᠠᠶᠠᠷᠯᠠᠯ᠎ᠠ᠂  ᠪᠠᠶᠠᠷᠳᠠᠢ!

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)

ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号