9 ᠰᠠᠷ᠎ᠠ᠎ᠶ᠋ᠢᠨ 17᠎ᠦ ᠡᠳᠦᠷ
ᠡᠬᠢᠯᠡᠬᠦ᠌ ᠴᠠᠭ᠄
2025-09-17 10:27:10
ᠨᠠᠶ᠋ᠢᠷᠠᠭᠤᠯᠤᠭᠴᠢ ᠄

ᠨᠡᠪᠲᠡᠷᠡᠬᠦᠯᠦᠭᠴᠢ ᠄

ᠮᠡᠷᠭᠡᠵᠢᠯ ᠄
  
ᠤᠩᠰᠢᠭᠰᠠᠨ ᠤᠳᠠᠭ᠎ᠠ᠄


9.jpg

1. 语言播报 日期_01.png


1. 天气预报模板_01.png


1. 天气预报模板_01.png


ᠨᠡᠢᠭᠡᠮ

✦ ᠣᠢᠷ᠎ᠠ᠎ᠳᠤ ᠤᠯᠤᠰ᠎ᠤᠨ ᠢᠨᠲᠧᠷ ᠰᠦᠯᠵᠢᠶᠡᠨ᠎ᠦ ᠮᠡᠳᠡᠭᠡ ᠵᠠᠩᠭᠢᠴᠢᠯᠠᠯᠲᠠ᠎ᠶᠢᠨ ᠠᠯᠪᠠᠨ ᠭᠡᠷ 《ᠤᠯᠤᠰ᠎ᠤᠨ ᠰᠦᠯᠵᠢᠶᠡᠨ᠎ᠦ ᠠᠮᠤᠷ ᠲᠦᠪᠰᠢᠨ ᠤ᠋ ᠬᠡᠷᠡᠭ ᠎ᠦᠨ ᠮᠡᠳᠡᠭᠦᠯᠦᠯᠲᠡ᠎ᠶᠢᠨ ᠬᠠᠮᠢᠶᠠᠷᠤᠯᠲᠠ᠎ᠶᠢᠨ ᠠᠷᠭ᠎ᠠ》 ᠶ᠋ᠢ ᠨᠡᠢᠲᠡᠯᠡᠵᠦ᠂ ᠨᠡᠢᠭᠡᠮ ᠦ᠋ᠨ ᠵᠣᠬᠢᠶᠠᠨ ᠪᠠᠢᠭᠤᠯᠤᠯᠲᠠ ᠪᠠ ᠬᠤᠪᠢ ᠬᠥᠮᠥᠨ ᠨᠡᠯᠢᠶᠡᠳ ᠶᠡᠬᠡ ᠰᠦᠯᠵᠢᠶᠡᠨ ᠤ᠋ ᠠᠮᠤᠷ ᠲᠦᠪᠰᠢᠨ᠎ᠦ ᠬᠡᠷᠡᠭ ᠢ᠋ ᠮᠡᠳᠡᠬᠦᠯᠬᠦ ᠵᠢ ᠵᠣᠷᠢᠭ᠍ᠵᠢᠭᠤᠯᠪᠠ᠂ ᠲᠣᠰ ᠠᠷᠭ᠎ᠠ᠎ᠶᠢ ᠡᠨᠡ ᠵᠢᠯ᠎ᠦᠨ 11 ᠰᠠᠷ᠎ᠠ᠎ᠶᠢᠨ 1᠎ᠦ ᠡᠳᠦᠷ ᠡᠴᠡ ᠡᠬᠢᠯᠡᠵᠦ ᠬᠡᠷᠡᠭᠵᠢᠬᠦᠯᠦᠨ᠎ᠠ᠃

✦ ᠣᠢᠷ᠎ᠠ᠎ᠳᠤ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠦᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠶᠠᠮᠤᠨ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ ᠵᠡᠷᠭᠡ  4  ᠰᠠᠯᠠᠭ᠎ᠠ ᠮᠥᠴᠢᠷ 《ᠲᠡᠭᠷᠢ ᠵᠢᠨ ᠦᠨ᠎ᠡ》 ᠲᠠᠢ ᠶᠧᠪᠡᠩ᠎ᠢ ᠬᠣᠷᠢᠭ᠍ᠯᠠᠬᠤ ᠠᠵᠢᠯ᠎ᠢ ᠰᠠᠢᠲᠤᠷ ᠬᠢᠬᠦ ᠲᠤᠬᠠᠢ ᠲᠤᠰᠬᠠᠢ ᠰᠡᠳᠦᠪ᠎ᠢᠶᠡᠷ ᠰᠤᠳᠤᠯᠵᠤ᠂ ᠵᠠᠬ᠎ᠠ ᠳᠡᠯᠭᠡᠭᠦᠷ᠎ᠦᠨ ᠰᠠᠢᠨ ᠰᠠᠢᠬᠠᠨ ᠣᠷᠴᠢᠨ ᠨᠥᠬᠥᠴᠡᠯ᠎ᠢ ᠪᠣᠶ ᠪᠣᠯᠭᠠᠵᠤ᠂ ᠠᠷᠢᠭᠤᠨ ᠴᠢᠬᠡᠴᠢ ᠬᠡᠪ ᠰᠤᠷᠲᠠᠯ᠎ᠲᠠᠢ ᠪᠠᠶᠠᠷ᠎ᠤᠨ ᠡᠳᠦᠷ᠎ᠦᠨ ᠬᠡᠪ ᠰᠤᠷᠲᠠᠯ᠎ᠢ ᠬᠠᠮᠠᠭᠠᠯᠠᠪᠠ᠃

✦ ᠣᠢᠷ᠎ᠠ᠎ᠳᠤ 2025 ᠣᠨ᠎ᠤ ᠳᠡᠯᠡᠬᠡᠢ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ ᠤᠷ᠎ᠠ ᠮᠡᠷᠭᠡᠵᠢᠯ᠎ᠤᠨ ᠤᠷᠤᠯᠳᠤᠭᠠᠨ᠎ᠤ ᠰᠢᠢᠳᠪᠦᠷᠢᠲᠦ ᠤᠷᠤᠯᠳᠤᠭᠠᠨ ᠬᠤᠨᠠᠨ᠎ᠤ ᠴᠠᠩᠱᠠ᠎ᠳᠤ ᠥᠨᠳᠥᠷᠯᠡᠵᠦ᠂ ᠳᠡᠭᠡᠳᠦ ᠵᠡᠷᠭᠡ᠎ᠶᠢᠨ ᠠᠵᠢᠯ ᠮᠡᠷᠭᠡᠵᠢᠯ᠎ᠦᠨ ᠳᠤᠭᠤᠢᠯᠠᠩ ᠤ᠋ᠨ 《ᠰᠤᠷᠭᠠᠨ ᠬᠥᠮᠦᠵᠢᠯ ᠬᠢᠬᠡᠳ ᠪᠡᠶ᠎ᠡ᠎ᠶᠢᠨ ᠲᠠᠮᠢᠷ》 ᠤ᠋ᠨ ᠲᠦᠷᠦᠯ ᠤ᠋ᠨ ᠤᠷᠤᠯᠳᠤᠭᠠᠨ ᠳ᠋ᠤ᠂ ᠥᠪᠥᠷ ᠮᠣᠩᠭᠣᠯ ᠤ᠋ᠨ ᠦᠨᠳᠦᠰᠦᠲᠡᠨ ᠤ᠋ ᠴᠡᠴᠡᠷᠯᠢᠭ᠎ᠤᠨ ᠪᠠᠭ᠍ᠰᠢ᠎ᠶᠢᠨ ᠲᠤᠰᠬᠠᠢ ᠮᠡᠷᠭᠡᠵᠢᠯ᠎ᠦᠨ ᠳᠡᠬᠡᠳᠤ ᠰᠤᠷᠭᠠᠭᠤᠯᠢ᠎ᠵᠢᠨ ᠠᠩᠭᠢ ᠠᠯᠳᠠᠨ ᠱᠠᠩᠨᠠᠯ᠎ᠬᠦᠷᠳᠡᠵᠦ᠂ ᠮᠠᠨ᠎ᠤ ᠣᠷᠣᠨ ᠤ᠋ ᠲᠤᠰ ᠤᠷᠤᠯᠳᠤᠭᠠᠨ᠎ᠤ ᠲᠦᠷᠦᠯ ᠵᠦᠢᠯ᠎ᠳᠡᠬᠢ ᠠᠩᠬᠠᠨ᠎ᠤ ᠠᠯᠳᠠᠨ ᠱᠠᠨᠭᠨᠠᠯ ᠬᠦᠷᠳᠡᠭᠰᠡᠨ ᠲᠡᠮᠳᠡᠭᠯᠡᠯ᠎ᠢ ᠡᠭᠦᠳᠴᠡᠢ᠃


640 (2).jpg


✦ 13᠎ᠤ ᠡᠳᠦᠷ᠂ ᠪᠠᠷᠠᠭᠤᠨ ᠯᠢᠶᠣᠤᠾᠧ ᠭᠣᠣᠯ᠎ᠢ ᠦᠶᠡᠷ᠎ᠦᠨ ᠬᠤᠭᠤᠴᠠᠭᠠᠨ᠎ᠳᠤ ᠪᠦᠬᠥ ᠱᠤᠭᠤᠮ᠎ᠢᠶᠠᠷ ᠨᠢ ᠤᠷᠤᠰᠬᠠᠯ ᠨᠡᠪᠲᠡᠷᠡᠭᠦᠯᠬᠦ ᠲᠣᠬᠢᠷᠠᠭᠤᠯᠤᠯᠲᠠ᠎ᠶᠢᠨ ᠠᠵᠢᠯ ᠵᠠᠩᠭᠢᠯᠠᠭ᠎ᠠ᠎ᠶᠢᠨ ᠠᠬᠢᠴᠠ᠎ᠲᠠᠢ ᠪᠣᠯᠵᠤ᠂ ᠭᠣᠣᠯ ᠤᠷᠤᠰᠬᠠᠯ᠎ᠤᠨ ᠤᠰᠤ ᠨᠥᠬᠥᠪᠦᠷᠢᠯᠡᠬᠦ ᠤᠷᠤᠰᠬᠠᠯ᠎ᠤᠨ ᠡᠬᠢ ᠳᠣᠣᠷᠠᠳᠤ ᠤᠷᠤᠰᠬᠠᠯ᠎ᠤᠨ ᠤᠰᠤ ᠠᠮᠵᠢᠯᠲᠠ᠎ᠲᠠᠢ ᠵᠤᠯᠭᠠᠵᠤ᠂ ᠪᠠᠷᠠᠭᠤᠨ ᠯᠢᠶᠣᠤᠾᠧ ᠭᠣᠣᠯ ᠤ᠋ᠨ ᠭᠣᠣᠯ ᠤᠷᠤᠰᠬᠠᠯ ᠵᠢᠯ᠎ᠦᠨ ᠳᠣᠲᠣᠷ᠎ᠠ ᠳᠠᠬᠢᠨᠲᠠ ᠪᠦᠬᠦ ᠱᠤᠭᠤᠮ᠎ᠢᠶᠠᠷ᠎ᠢᠶᠠᠨ ᠤᠷᠤᠰᠬᠠᠯ ᠨᠡᠪᠲᠡᠷᠡᠨ᠂ ᠠᠩᠬ᠎ᠠ ᠤᠳᠠᠭ᠎ᠠ ᠦᠶᠡᠷ᠎ᠦᠨ ᠬᠤᠭᠤᠴᠠᠭᠠᠨ᠎ᠳᠤ ᠪᠦᠬᠦ ᠱᠤᠭᠤᠮ᠎ᠢᠶᠠᠷ ᠤᠷᠤᠰᠬᠠᠯ ᠨᠡᠪᠲᠡᠷᠡᠬᠦ᠎ᠶᠢ ᠪᠡᠶᠡᠯᠡᠭᠦᠯᠪᠡ᠃


微信图片_20250915165641.png


✦ ᠰᠢᠯᠢ ᠵᠢᠨ ᠭᠤᠤᠯ ᠠᠢᠮᠠᠭ 2025 ᠣᠨ᠎ᠤ ᠡᠪᠡᠰᠦ ᠬᠠᠳᠤᠵᠤ ᠨᠥᠭᠡᠴᠡᠯᠡᠬᠦ ᠠᠵᠢᠯ᠎ᠢ ᠡᠮᠬᠢ ᠵᠢᠷᠤᠮ᠎ᠲᠠᠢ ᠠᠬᠢᠭᠤᠯᠵᠤ᠂《ᠪᠠᠢᠭᠠᠯᠢᠯᠢᠭ᠋ ᠬᠠᠳᠤᠯᠠᠩ᠎ᠤᠨ ᠲᠠᠯᠠᠪᠠᠢ᠎ᠶᠢ ᠬᠠᠮᠠᠭᠠᠯᠠᠨ ᠠᠰᠢᠭ᠍ᠯᠠᠬᠤ ᠶ᠋ᠢ ᠴᠢᠩᠭᠠᠳᠬᠠᠬᠤ ᠲᠤᠬᠠᠢ ᠬᠡᠷᠡᠭᠵᠢᠭᠦᠯᠬᠦ ᠰᠠᠨᠠᠯ》᠎ᠤᠨ ᠱᠠᠭᠠᠷᠳᠠᠯᠭ᠎ᠠ ᠶᠣᠰᠣᠭᠠᠷ ᠡᠯ᠎ᠡ ᠭᠠᠵᠠᠷ ᠤ᠋ᠨ ᠬᠢᠨ᠎ᠢ ᠬᠠᠳᠤᠯᠠᠩ ᠳᠠᠩᠰᠠᠯᠠᠭᠤᠯᠬᠤ᠎ᠪᠠᠷ ᠡᠷᠡᠮᠡᠯᠵᠡᠬᠦ ᠪᠠ ᠰᠡᠯᠭᠦᠨ ᠬᠠᠳᠤᠬᠤ ᠳᠦᠷᠢᠮ᠎ᠢ ᠴᠢᠩᠭ᠎ᠠ ᠬᠡᠷᠡᠭᠵᠢᠭᠦᠯᠬᠦ ᠬᠡᠷᠡᠭᠲᠡᠢ ᠭᠡᠵᠦ ᠲᠣᠳᠣᠷᠬᠠᠢ ᠱᠠᠭᠠᠷᠳᠠᠪᠠ᠃

✦ 2025 ᠤᠨ ᠤ᠋ ᠠᠯᠠᠱᠠ ᠨᠠᠭᠠᠳᠤᠮ᠎ᠤᠨ ᠲᠠᠰᠢᠷᠠᠮ᠎ᠢᠶᠠᠷ ᠨᠤᠲᠤᠭ᠎ᠤᠨ ᠮᠠᠯᠴᠢᠳ ᠬᠣᠭᠣᠯᠠᠨ ᠭᠡᠷ ᠡᠷᠬᠢᠯᠡᠬᠦ᠂ ᠥᠪᠡᠷ᠎ᠦᠨ ᠬᠢᠭᠰᠡᠨ ᠴᠠᠭᠠᠨ ᠢᠳᠡᠭᠡᠨ᠂ ᠪᠣᠣᠪᠣ ᠪᠣᠭᠣᠷᠰᠣᠭ᠎ᠢᠶᠠᠨ ᠪᠣᠷᠣᠯᠠᠭᠤᠯᠬᠤ᠂ ᠲᠡᠮᠡᠭᠡ ᠮᠣᠷᠢ ᠣᠨᠤᠭᠤᠯᠬᠤ ᠵᠡᠷᠭᠡ ᠠᠷᠠᠯᠵᠢᠶ᠎ᠠ ᠬᠢᠭᠡᠳ ᠣᠷᠣᠯᠭ᠎ᠠ ᠡᠬᠦᠳᠴᠠᠢ᠃ ᠠᠯᠠᠱᠠ ᠨᠠᠭᠠᠳᠤᠮ ᠨᠢ ᠬᠣᠯᠠ ᠣᠢᠷ᠎ᠠ᠎ᠶᠢᠨ ᠵᠢᠭᠤᠯᠴᠢᠯᠠᠭᠰᠠᠳ᠎ᠤᠨ ᠠᠩᠬᠠᠷᠤᠯ᠎ᠳᠤ ᠬᠦᠷᠴᠦ ᠠᠯᠠᠱᠠ ᠨᠤᠲᠤᠭ ᠢ᠋ ᠵᠣᠷᠢᠵᠤ ᠢᠷᠡᠭᠰᠡᠳ ᠢᠯᠡᠳᠲᠡ ᠣᠯᠠᠰᠢᠷᠠᠨ᠂ ᠮᠠᠯᠴᠢᠳ᠎ᠲᠤ ᠣᠷᠣᠯᠭ᠎ᠠ᠎ᠪᠠᠨ ᠨᠡᠮᠡᠭᠳᠡᠭᠦᠯᠬᠦ ᠲᠣᠬᠢᠶᠠᠯ ᠬᠠᠩᠭᠠᠵᠠᠢ᠃


640.jpg


✦ 15᠎ᠤ ᠡᠳᠦᠷ᠂ ᠣᠲᠣᠭ᠎ᠤᠨ ᠠᠪᠤᠷᠭᠤ ᠭᠦᠷᠪᠡᠯ᠎ᠦᠨ ᠴᠢᠯᠠᠭᠤᠵᠢᠮᠠᠯ ᠤ᠋ᠨ ᠪᠠᠢᠭᠠᠯᠢ᠎ᠶᠢᠨ ᠬᠠᠮᠠᠭᠠᠯᠠᠯᠲᠠ᠎ᠶᠢᠨ ᠣᠷᠣᠨ᠎ᠡᠴᠡ ᠲᠣᠰ ᠲᠣᠰ ᠳᠡᠯᠡᠬᠡᠢ ᠳᠡᠭᠡᠷᠡᠬᠢ ᠬᠠᠮᠤᠭ᠎ᠤᠨ ᠲᠦᠷᠭᠡᠨ ᠭᠦᠶᠦᠭᠰᠡᠨ ᠪᠠ ᠳᠤᠮᠳᠠᠳᠤ ᠤᠯᠤᠰ᠎ᠤᠨ ᠬᠠᠮᠤᠭ᠎ᠤᠨ ᠣᠷᠳᠣ᠌ ᠠᠪᠤᠷᠭᠤ ᠭᠦᠷᠪᠡᠯ᠎ᠦᠨ ᠤᠯᠠ ᠮᠥᠷ᠎ᠢ ᠢᠯᠡᠷᠡᠬᠦᠯᠵᠡᠢ᠃ ᠲᠤᠰ ᠠᠪᠤᠷᠭᠤ ᠭᠦᠷᠪᠡᠯ᠎ᠦᠨ ᠠᠯᠬᠤᠮ᠎ᠤᠨ ᠣᠷᠳᠣ᠌᠎ᠶᠢᠨ ᠳᠤᠮᠳᠠᠴᠢ ᠬᠡᠮᠵᠢᠭᠳᠡᠯ ᠨᠢ 2.65 ᠮᠧᠲᠷ᠂ ᠬᠥᠯ᠎ᠦᠨ ᠮᠥᠷ᠎ᠦᠨ ᠣᠷᠳᠣ᠌ ᠨᠢ ᠪᠠᠷᠤᠭ 25 ᠰᠠᠨᠲ᠋ᠢᠮᠧᠲᠷ᠂ ᠣᠯᠠᠨ ᠠᠯᠬᠤᠮ᠎ᠤᠨ ᠣᠷᠳᠣ᠌ ᠨᠢ 5.3 ᠮᠧᠲᠷ ᠪᠠᠢᠵᠤ᠂ ᠬᠤᠷᠳᠤᠴᠠ ᠨᠢ ᠴᠠᠭ ᠪᠦᠷᠢ 45 ᠺᠢᠯᠣᠮᠧᠲᠷ᠎ᠲᠦ ᠬᠦᠷᠴᠡᠢ᠃


微信图片_20250916092239.jpg


ᠠᠵᠤ ᠠᠬᠤᠢ

✦ 15᠎ᠤ ᠡᠳᠦᠷ᠂《ᠳᠤᠮᠳᠠᠳᠤ ᠤᠯᠤᠰ᠎ᠤᠨ ᠠᠵᠤ ᠠᠬᠤᠢᠯᠠᠯ᠎ᠤᠨ 500 ᠬᠦᠴᠦᠷᠬᠡᠭ》᠎ᠤᠨ ᠨᠡᠷᠡᠰ᠎ᠦᠨ ᠵᠢᠭ᠍ᠰᠠᠭᠠᠯᠲᠠ᠎ᠶᠢ ᠨᠡᠢᠲᠡᠯᠡᠪᠡ᠃ ᠳᠤᠮᠳᠠᠳᠤ ᠤᠯᠤᠰ᠎ᠤᠨ ᠠᠵᠤ ᠠᠬᠤᠢᠯᠠᠯ᠎ᠤᠨ 500 ᠬᠦᠴᠦᠷᠬᠡᠭ᠎ᠦᠨ ᠡᠵᠡᠩᠨᠡᠯᠲᠡ᠎ᠶᠢᠨ ᠣᠷᠣᠯᠭ᠎ᠠ 110.15 ᠲᠦᠮᠡᠨ ᠳ᠋ᠦᠩᠰᠢᠭᠤᠷ ᠲᠥᠭᠥᠷᠢᠭ᠎ᠲᠦ ᠬᠦᠷᠴᠦ᠂ ᠳᠡᠭᠡᠷ᠎ᠠ ᠵᠢᠯ᠎ᠦᠨ 500 ᠬᠦᠴᠦᠷᠬᠡᠭ᠎ᠦᠨ ᠬᠢ᠎ᠡᠴᠡ ᠨᠡᠮᠡᠭᠳᠡᠵᠥ᠂ ᠪᠡᠯᠡ ᠬᠥᠷᠥᠩᠭᠡ᠎ᠶᠢᠨ ᠪᠦᠬᠦ ᠲᠣᠭ᠎ᠠ 460.85 ᠲᠦᠮᠡᠨ ᠳ᠋ᠦᠩᠰᠢᠭᠤᠷ ᠲᠥᠭᠥᠷᠢᠭ ᠲᠤ᠌ ᠬᠦᠷᠴᠦ᠂ 7.46% ᠪᠡᠷ ᠨᠡᠮᠡᠭᠳᠡᠪᠡ᠃

✦ 15᠎ᠤ ᠡᠳᠦᠷ᠂ ᠤᠯᠤᠰ᠎ᠤᠨ ᠲᠣᠭ᠎ᠠ ᠪᠦᠷᠢᠳᠬᠡᠯ᠎ᠦᠨ ᠲᠣᠪᠴᠢᠶ᠎ᠠ 2025 ᠣᠨ᠎ᠤ 8 ᠰᠠᠷ᠎ᠠ᠎ᠶᠢᠨ 70 ᠲᠣᠮᠣ᠌ ᠳᠤᠮᠳᠠ ᠬᠣᠲᠠ᠎ᠶᠢᠨ ᠲᠠᠸᠠᠷ᠎ᠤᠨ ᠣᠷᠣᠨ ᠰᠠᠭᠤᠴᠠ᠎ᠶᠢᠨ ᠪᠣᠷᠣᠯᠠᠭᠤᠯᠤᠯᠲᠠ᠎ᠶᠢᠨ ᠦᠨ᠎ᠡ᠎ᠶᠢᠨ ᠬᠤᠪᠢᠷᠠᠯᠲᠠ᠎ᠶᠢᠨ ᠪᠠᠢᠳᠠᠯ ᠢ᠋ ᠨᠡᠢᠲᠡᠯᠡᠪᠡ᠃ 2025 ᠣᠨ᠎ᠤ 8 ᠰᠠᠷ᠎ᠠ᠎ᠳᠤ᠂ 70 ᠲᠣᠮᠣ᠌ ᠳᠤᠮᠳᠠ ᠬᠣᠲᠠ᠎ᠶᠢᠨ ᠲᠠᠸᠠᠷ᠎ᠤᠨ ᠣᠷᠣᠨ ᠰᠠᠭᠤᠴᠠ᠎ᠶᠢᠨ ᠪᠣᠷᠣᠯᠠᠭᠤᠯᠤᠯᠲᠠ᠎ᠶᠢᠨ ᠦᠨ᠎ᠡ ᠳᠡᠭᠡᠷ᠎ᠠ ᠰᠠᠷ᠎ᠠ᠎ᠶᠢᠨ ᠬᠢ᠎ᠡᠴᠡ᠎ᠪᠡᠨ ᠪᠠᠭᠤᠷᠠᠵᠤ᠂ ᠠᠳᠠᠯᠢ ᠬᠤᠭᠤᠴᠠᠭᠠᠨ᠎ᠤ ᠪᠠᠭᠤᠷᠠᠭᠰᠠᠨ ᠬᠡᠮᠵᠢᠶ᠎ᠡ ᠶᠡᠷᠦᠩᠬᠡᠢ᠎ᠳᠡᠭᠡᠨ ᠦᠷᠭᠦᠯᠵᠢᠯᠡᠨ ᠪᠠᠭᠠᠰᠤᠭᠰᠠᠨ ᠪᠠᠢᠨ᠎ᠠ᠃


640.png

 

ᠰᠣᠶᠣᠯ

✦ ᠤᠢᠷ᠎ᠠ ᠵᠢᠨ ᠡᠳᠦᠷ ᠳᠤᠯᠠᠭᠠᠨ ᠬᠣᠲᠠ᠎ᠶᠢᠨ ᠨᠠᠭᠠᠳᠤᠮ ᠡᠵᠡᠨ ᠬᠣᠷᠣᠭ᠎ᠠ ᠬᠣᠰᠢᠭᠤ᠎ᠳᠤ ᠶᠠᠪᠤᠭᠳᠠᠵᠤ᠂ ᠮᠣᠩᠭᠣᠯ ᠰᠢᠲᠠᠷ᠎ᠠ ᠶ᠋ᠢᠨ ᠤᠷᠤᠯᠳᠤᠭᠠᠨ᠂ ᠬᠡᠦᠬᠡᠳ᠎ᠦᠨ ᠪᠥᠬᠡ᠂ ᠱᠠᠭ᠎ᠠ᠎ᠶᠢᠨ ᠤᠷᠤᠯᠳᠤᠭᠠᠨ᠂ ᠬᠠᠮᠲᠤᠯᠢᠭ᠋᠎ᠤᠨ ᠲᠣᠭᠯᠠᠯᠲᠠ᠂ ᠪᠥᠵᠢᠭ᠎ᠦᠨ ᠦᠳᠡᠰᠢᠯᠡᠭᠡ᠂ ᠠᠮᠲᠠᠲᠤ ᠢᠳᠡᠭᠡᠨ ᠤ᠋ ᠵᠠᠬ᠎ᠠ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠵᠠᠬ᠎ᠠ ᠵᠡᠷᠭᠡ ᠠᠭᠤᠯᠭ᠎ᠠ᠎ᠶᠢ ᠪᠠᠭᠲᠠᠭᠠᠵᠠᠢ᠃


640 (4).jpg


✦ ᠬᠣᠶᠠᠳᠠᠭᠢ ᠵᠢᠯ ᠳ᠋ᠡᠬᠡᠨ ᠵᠣᠬᠢᠶᠠᠨ ᠪᠠᠢᠭᠤᠯᠤᠭᠳᠠᠵᠤ ᠪᠠᠢᠭ᠎ᠠ ᠤᠯᠠᠭᠠᠬᠠᠠᠭᠲᠠ ᠬᠣᠳᠠ᠎ᠶᠢᠨ 《ᠵᠣᠤ ᠤᠳᠠ》 ᠬᠤᠨᠳᠠᠭᠠᠲᠤ ᠶᠡᠬᠡ ᠳᠡᠭᠡᠳᠦ ᠰᠤᠷᠭᠠᠭᠤᠯᠢ᠂ ᠳᠤᠮᠳᠠᠳᠤ ᠰᠤᠷᠭᠠᠭᠤᠯᠢ᠎ᠶᠢᠨ ᠰᠤᠷᠤᠭ᠍ᠴᠢᠳ᠎ᠤᠨ ᠵᠣᠬᠢᠶᠠᠯ᠎ᠤᠨ ᠤᠷᠤᠯᠳᠤᠭᠠᠨ᠎ᠦ ᠦᠷ᠎ᠠ ᠳ᠋ᠦᠨᠭ ᠳᠤᠳᠤᠷᠠᠵᠤ᠂ 9 ᠰᠠᠷ᠎ᠠ᠎ᠶᠢᠨ 19᠎ᠤ ᠡᠳᠦᠷ ᠪᠠᠭᠠᠷᠢᠨ ᠪᠠᠷᠠᠭᠤᠨ ᠬᠣᠰᠢᠭᠤᠨ᠎ᠤ ᠳ᠋ᠠᠪᠠᠨ᠎ᠦ ᠨᠢᠭᠡᠳᠦᠭᠡᠷ ᠳᠤᠮᠳᠠᠳᠤ ᠰᠤᠷᠭᠠᠭᠤᠯᠢ᠎ᠳᠤ ᠱᠠᠩᠨᠠᠯ ᠣᠯᠭᠣᠬᠤ ᠶᠣᠰᠣᠯᠠᠯ  ᠶᠠᠪᠤᠭᠳᠠᠭᠤᠯᠤᠨ᠎ᠠ᠃

✦ ᠤᠢᠷ᠎ᠠ ᠳ᠋ᠤ ᠬᠦᠯᠦᠨ ᠪᠤᠢᠷ ᠬᠤᠳᠠ ᠵᠢᠨ ᠬᠤᠶᠠᠳᠠᠬᠢ ᠤᠳᠠᠭᠠᠨ᠎ᠤ 《ᠠᠤᠭ᠎ᠠ ᠬᠤᠨᠳᠠᠭᠠᠲᠤ》 ᠱᠠᠭ᠎ᠠ᠎ᠶᠢᠨ ᠤᠷᠤᠯᠳᠤᠭᠠᠨ ᠠᠮᠵᠢᠯᠲᠠ᠎ᠲᠠᠢ ᠶᠠᠪᠤᠭᠳᠠᠪᠠ᠃ ᠲᠤᠰ ᠠᠵᠢᠯᠯᠠᠭ᠎ᠠ᠎ᠳᠤ ᠬᠡᠦᠬᠡᠳ᠎ᠦᠨ ᠳᠤᠭᠤᠢᠯᠠᠩ᠂ ᠢᠳᠡᠷᠴᠦᠳ ᠤ᠋ᠨ ᠳᠤᠭᠤᠢᠯᠠᠩ᠂ ᠨᠠᠰᠤᠲᠠᠢᠴᠤᠳ᠎ᠤᠨ ᠳᠤᠭᠤᠢᠯᠠᠩ ᠭᠡᠵᠦ ᠭᠤᠷᠪᠠᠨ ᠳᠤᠭᠤᠢᠯᠠᠩ ᠬᠤᠪᠢᠶᠠᠨ᠂ ᠤᠷᠤᠯᠳᠤᠭᠠᠨ᠎ᠤ ᠲᠥᠷᠥᠯ ᠵᠦᠢᠯ᠎ᠢᠶᠡᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ ᠤ᠋ ᠴᠥᠭᠡᠨ ᠲᠣᠭᠠᠲᠤ ᠦᠨᠳᠦᠰᠦᠲᠡᠨ᠎ᠦ ᠤᠯᠠᠮᠵᠢᠯᠠᠯᠲᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠳᠤ ᠤᠷᠤᠯᠳᠤᠭᠰᠠᠨ ᠲᠥᠷᠥᠯ ᠵᠦᠢᠯ᠎ᠢᠶᠠᠷ ᠶᠠᠪᠤᠭᠳᠠᠭᠤᠯᠵᠤ᠂ ᠨᠡᠢᠲᠡ 206 ᠬᠥᠮᠥᠨ ᠣᠷᠣᠯᠳᠤᠭᠠᠨ᠎ᠳᠤ ᠣᠷᠣᠯᠴᠠᠵᠤ᠂ ᠤᠷ᠎ᠠ ᠳᠠᠮ᠎ᠢᠶᠠᠨ ᠰᠢᠯᠭᠠᠨ ᠠᠪᠢᠶᠠᠰ ᠴᠢᠳᠠᠪᠤᠷᠢ᠎ᠪᠠᠨ ᠰᠣᠷᠢᠵᠠᠢ᠃


640 (1).jpg


ᠲᠠᠮᠢᠷ

✦ ᠰᠢᠯᠢ᠎ᠶᠢᠨ ᠭᠣᠣᠯ ᠠᠢᠮᠠᠭ᠎ᠤᠨ ᠠᠷᠪᠠᠨ ᠨᠠᠢ᠍ᠮᠠᠳᠤᠭᠠᠷ ᠬᠤᠭᠤᠴᠠᠭᠠᠨ᠎ᠤ ᠮᠣᠩᠭᠣᠯ ᠪᠥᠬᠡ ᠶ᠋ᠢᠨ ᠴᠣᠯᠠ ᠣᠯᠭᠣᠬᠤ ᠨᠠᠢᠷ 10 ᠰᠠᠷ᠎ᠠ᠎ᠶᠢᠨ 2᠎ᠡᠴᠡ 3᠎ᠤ ᠡᠳᠦᠷ ᠪᠣᠯᠲᠠᠯ᠎ᠠ ᠰᠢᠯᠤᠭᠤᠨ ᠬᠥᠬᠡ ᠬᠣᠰᠢᠭᠤ᠎ᠳᠤ ᠶᠠᠪᠤᠭᠳᠠᠨ᠎ᠠ᠃ ᠡᠮᠦᠨ᠎ᠡ ᠠᠷᠪᠠᠨ ᠵᠢᠷᠭᠤᠭ᠎ᠠ᠎ᠳᠤ ᠰᠢᠯᠭᠠᠷᠠᠭᠰᠠᠨ ᠪᠥᠬᠡᠴᠦᠳ᠎ᠲᠤ ᠰᠢᠯᠢ᠎ᠶᠢᠨ ᠭᠣᠣᠯ ᠠᠢᠮᠠᠭ᠎ᠤᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠪᠣᠯᠣᠨ ᠰᠢᠯᠢ ᠶ᠋ᠢᠨ ᠭᠣᠣᠯ ᠠᠢᠮᠠᠭ᠎ᠤᠨ ᠪᠥᠬᠡ᠎ᠶᠢᠨ ᠨᠡᠢᠭᠡᠮᠯᠢᠭ᠎ᠡᠴᠡ ᠴᠣᠯᠠ ᠣᠯᠭᠣᠬᠤ᠎ᠶᠢᠨ ᠬᠠᠮᠲᠤ ᠦᠨᠡᠮᠯᠡᠯ ᠭᠠᠷᠳᠠᠭᠤᠯᠤᠨ᠎ᠠ᠃


640 (8).jpg

 

ᠳᠡᠯᠡᠬᠡᠢ

✦ ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠲᠤᠬᠠᠢ᠎ᠶᠢᠨ ᠭᠠᠵᠠᠷ᠎ᠤᠨ ᠴᠠᠭ᠎ᠢᠶᠠᠷ 14᠎ᠦ ᠡᠳᠦᠷ᠂ ᠠᠮᠧᠷᠢᠺᠠ᠎ᠶᠢᠨ ᠶᠡᠷᠦᠩᠬᠡᠢᠯᠡᠭᠴᠢ ᠲᠸᠷᠠᠮᠫᠦ᠋ ᠢᠯᠡᠷᠬᠡᠢᠯᠡᠬᠦ᠎ᠳᠡᠭᠡᠨ᠂ ᠲᠡᠬᠦᠨ᠎ᠤ ᠵᠢᠱ᠌ᠢᠯᠳᠡ ᠪᠡᠷ ᠠᠮᠧᠷᠢᠺᠠ᠎ᠶᠢᠨ ᠬᠣᠯᠪᠣᠭᠠᠨ᠎ᠤ ᠨᠥᠭᠡᠴᠡ᠎ᠶᠢᠨ ᠺᠣᠮᠫᠠᠨᠢ ᠲᠣᠰ ᠭᠠᠷᠠᠭ᠎ᠤᠨ ᠬᠤᠷᠠᠯ ᠳᠡᠭᠡᠷ᠎ᠡ 《ᠬᠦᠦ ᠮᠥᠩᠭᠥ᠎ᠶᠢᠨ ᠨᠣᠷᠮ᠎ᠠ᠎ᠶᠢ ᠶᠡᠬᠡ᠎ᠪᠡᠷ ᠪᠠᠭᠤᠷᠠᠭᠤᠯᠤᠨ᠎ᠠ》 ᠭᠡᠵᠡᠢ᠃ ᠬᠡᠷᠪᠡ ᠦᠨᠡᠨ ᠪᠣᠯ ᠠᠮᠧᠷᠢᠺᠠ ᠶ᠋ᠢᠨ ᠬᠣᠯᠪᠣᠭᠠᠨ᠎ᠤ ᠨᠥᠭᠡᠴᠡ ᠶ᠋ᠢᠨ ᠺᠣᠮᠫᠠᠨᠢ ᠨᠢᠳᠤᠨᠤᠨ᠎ᠤ 12 ᠰᠠᠷ᠎ᠠ ᠠ᠋ᠴᠠ ᠨᠠᠭᠠᠰᠢ ᠬᠦᠦ ᠮᠥᠩᠭᠥ ᠶ᠋ᠢᠨ ᠨᠣᠷᠮ᠎ᠠ ᠶ᠋ᠢ ᠠᠩᠬ᠎ᠠ ᠤᠳᠠᠭ᠎ᠠ ᠪᠠᠭᠤᠷᠠᠭᠤᠯᠬᠤ ᠪᠣᠯᠣᠨ᠎ᠠ᠃


640 (1).png


✦ ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠪᠠᠷᠰᠸᠯᠤᠨᠠ ᠶ᠋ᠢᠨ ᠪᠠᠷᠠᠭᠠᠨ᠎ᠤ ᠲᠡᠭᠡᠭᠡᠪᠦᠷᠢ᠎ᠶᠢᠨ ᠲᠠᠪᠴᠠᠩ᠎ᠤᠨ 336 ᠳᠤᠮᠳᠠ ᠵᠢᠵᠢᠭ ᠠᠵᠤ ᠠᠬᠤᠢᠯᠠᠯ᠎ᠳᠤ ᠬᠢᠭᠰᠡᠨ ᠪᠠᠢᠴᠠᠭᠠᠯᠲᠠ᠎ᠵᠢᠨ ᠳ᠋ᠦᠡᠭ ᠳ᠋ᠤ᠂ ᠠᠮᠧᠷᠢᠺᠠ᠎ᠶᠢᠨ ᠵᠠᠰᠠᠭ᠎ᠤᠨ ᠣᠷᠳᠣᠨ᠎ᠤ ᠪᠥᠬᠥ ᠪᠥᠮᠪᠥᠷᠴᠡᠭ᠎ᠦᠨ ᠪᠣᠭᠣᠮᠲᠠ᠎ᠶᠢᠨ ᠭᠠᠢᠯᠢ᠎ᠶᠢᠨ ᠰᠦᠷᠳᠡᠭᠦᠯᠦᠯ ᠳᠣᠣᠷ᠎ᠠ ᠬᠠᠭᠠᠰ ᠰᠢᠬᠠᠮ ᠲᠣᠭᠠᠨ᠎ᠤ ᠰᠣᠷᠪᠤᠯᠵᠢᠯᠠᠭ᠎ᠠ ᠬᠦᠯᠢᠶᠡᠭᠰᠡᠨ ᠠᠵᠤ ᠠᠬᠤᠢᠯᠠᠯ᠎ᠤᠨ ᠥᠪᠡᠷ᠎ᠦᠨ ᠥᠷᠲᠡᠭ ᠨᠢ 20%᠎ᠡᠴᠡ ᠳᠡᠭᠡᠭᠰᠢ ᠳᠡᠭᠡᠭᠰᠢᠯᠡᠵᠡᠢ᠂ ᠡᠭᠦᠨ᠎ᠦ ᠵᠡᠷᠭᠡ᠎ᠳᠦ ᠪᠠᠷᠤᠭ ᠬᠠᠭᠠᠰ ᠲᠣᠭᠠᠨ᠎ᠤ ᠠᠵᠤ ᠠᠬᠤᠢᠯᠠᠯ ᠨᠢ ᠥᠪᠡᠷ᠎ᠦᠨ ᠥᠷᠲᠡᠭ᠎ᠦᠨ ᠳᠠᠷᠤᠯᠲᠠ᠎ᠠᠴᠠ ᠪᠣᠯᠵᠤ ᠲᠡᠭᠡᠭᠡᠪᠦᠷᠢ ᠶ᠋ᠢᠨ ᠬᠡᠮᠵᠢᠶ᠎ᠡ᠎ᠪᠡᠨ ᠪᠠᠭᠠᠰᠬᠠᠵᠠᠢ᠃


微信图片_20250916105339.jpg


ᠦᠢᠯᠡᠴᠢᠯᠡᠭᠡ

✦ ᠣᠷᠳᠣᠰ ᠬᠣᠲᠠ᠎ᠶᠢᠨ ᠠᠯᠪᠠᠨ ᠠ᠋ᠴᠠ ᠪᠠᠢᠭᠤᠯᠤᠭᠰᠠᠨ ᠡᠮᠨᠡᠯᠭᠡ᠎ᠶᠢᠨ ᠬᠣᠷᠢᠶ᠎ᠠ 24 ᠠᠵᠢᠯᠲᠠᠨ ᠡᠯᠰᠡᠨ᠎ᠡ᠃ 


ᠲᠠᠨ᠎ᠤ ᠲᠤᠰᠠ᠎ᠳᠤ

✦ ᠰᠢᠪᠲᠦᠷᠲᠦ ᠰᠢᠬᠢᠷ ᠦᠨᠡᠬᠡᠷ ᠦᠶ᠎ᠡ ᠭᠡᠰᠢᠭᠦᠦ᠎ᠶᠢ ᠬᠠᠮᠠᠭᠠᠯᠠᠵᠤ ᠲᠠᠶ᠋ᠢᠯᠤᠨ᠎ᠠ ᠦᠦ ?

ᠣᠢᠷ᠎ᠠ᠎ᠶᠢᠨ ᠵᠢᠯ᠎ᠡᠴᠡ 《ᠰᠢᠪᠲᠦᠷᠲᠦ ᠰᠢᠬᠢᠷ》 ᠭᠡᠰᠡᠨ ᠦᠰᠦᠭ᠎ᠲᠠᠢ ᠦᠶ᠎ᠡ ᠭᠡᠰᠢᠭᠦᠦ᠎ᠶᠢ ᠬᠠᠮᠠᠭᠠᠯᠠᠬᠤ ᠪᠦᠲᠦᠭᠡᠭᠳᠡᠬᠦᠨ ᠬᠥᠭᠵᠢᠶᠡᠨ᠎ᠲᠠᠢ ᠪᠣᠯᠪᠠ᠃ ᠡᠮ᠎ᠦᠨ ᠵᠦᠢ᠎ᠶᠢᠨ ᠲᠠᠯ᠎ᠠ᠎ᠠᠴᠠ ᠦᠵᠡᠪᠡᠯ᠂ ᠰᠢᠪᠲᠦᠷᠲᠦ ᠰᠢᠬᠢᠷ ᠨᠢ ᠦᠶ᠎ᠡ᠎ᠬᠡᠰᠢᠬᠦᠦ ᠶ᠋ᠢᠨ ᠡᠪᠡᠳᠬᠦ᠎ᠶᠢ ᠨᠠᠮᠳᠠᠭᠤᠯᠵᠤ᠂ ᠡᠪᠡᠳᠴᠢᠨ᠎ᠦ ᠰᠢᠨᠵᠢ ᠲᠡᠮᠳᠡᠭ᠎ᠢ ᠰᠠᠢᠵᠢᠷᠠᠭᠤᠯᠬᠤ ᠳ᠋ᠤ ᠲᠤᠰᠠᠲᠠᠢ ᠪᠣᠯᠪᠠᠴᠤ ᠮᠥᠭᠡᠷᠰᠦᠨ᠎ᠦ ᠪᠦᠲᠦᠴᠡ᠎ᠶᠢ ᠬᠠᠮᠠᠭᠠᠯᠠᠬᠤ ᠦᠢᠯᠡᠳᠦᠯ ᠨᠢ ᠡᠮᠴᠢᠯᠡᠭᠡᠨ ᠳᠡᠭᠡᠷ᠎ᠡ ᠮᠠᠷᠭᠤᠭᠠᠨ᠎ᠲᠠᠢ ᠪᠠᠢᠨ᠎ᠠ᠃ ᠲᠤᠰᠬᠠᠢ ᠮᠡᠷᠭᠡᠵᠢᠯᠲᠡᠨ᠎ᠦ ᠰᠠᠨᠠᠭᠤᠯᠤᠭᠰᠠᠨ᠎ᠢᠶᠠᠷ᠂ ᠰᠢᠪᠲᠦᠷᠲᠦ ᠰᠢᠬᠢᠷ ᠨᠢ ᠡᠩ᠎ᠦᠨ ᠪᠠᠢᠳᠠᠯ᠎ᠳᠤ ᠵᠥᠪᠬᠡᠨ ᠦᠶ᠎ᠡ ᠭᠡᠰᠢᠭᠦᠨ᠎ᠦ ᠦᠷᠪᠢᠰᠦᠯ᠎ᠢ ᠤᠷᠢᠳᠴᠢᠯᠠᠨ ᠰᠡᠷᠭᠡᠢᠯᠡᠬᠦ ᠪᠠ ᠡᠮᠨᠡᠨ ᠵᠠᠰᠠᠬᠤ᠎ᠶᠢᠨ ᠨᠥᠬᠥᠪᠦᠷᠢ ᠠᠷᠭ᠎ᠠ ᠬᠡᠮᠵᠢᠶ᠎ᠡ ᠪᠣᠯᠬᠤ᠎ᠠᠴᠠ ᠪᠢᠰᠢ᠂ ᠤᠷᠢᠳ ᠵᠢᠡᠷ ᠬᠡᠷᠡᠭᠯᠡᠬᠦ ᠡᠮ ᠪᠢᠰᠢ᠂ ᠪᠣᠶ ᠪᠦᠬᠦᠢ ᠶᠠᠰᠤ ᠦᠶ᠎ᠠ ᠬᠡᠰᠢᠬᠦᠦ ᠵᠢᠨ ᠡᠪᠡᠳᠴᠢᠨ᠎ᠢ ᠡᠮᠴᠢᠯᠡᠨ ᠵᠠᠰᠠᠵᠦ ᠳᠡᠶ᠋ᠢᠯᠬᠦ ᠦᠭᠡᠢ ᠶᠤᠮ᠃


640 (3).jpg

 

ᠵᠠᠯᠭᠠᠭᠠᠳ 《ᠨᠤᠲᠤᠭ ᠡᠵᠢ ᠨᠠᠮᠤᠷ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠤ  ᠪᠠᠶᠠᠷᠯᠠᠯ᠎ᠠ᠂  ᠪᠠᠶᠠᠷᠳᠠᠢ!

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)

ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号