9 ᠰᠠᠷ᠎ᠠ᠎ᠶ᠋ᠢᠨ 18᠎ᠦ ᠡᠳᠦᠷ
ᠡᠬᠢᠯᠡᠬᠦ᠌ ᠴᠠᠭ᠄
2025-09-18 10:36:00
ᠨᠠᠶ᠋ᠢᠷᠠᠭᠤᠯᠤᠭᠴᠢ ᠄
ᠭᠢᠯᠪᠡᠭᠡᠨ
ᠨᠡᠪᠲᠡᠷᠡᠬᠦᠯᠦᠭᠴᠢ ᠄
ᠭᠢᠯᠪᠡᠭᠡᠨ
ᠮᠡᠷᠭᠡᠵᠢᠯ ᠄
  
ᠤᠩᠰᠢᠭᠰᠠᠨ ᠤᠳᠠᠭ᠎ᠠ᠄


01.jpg


1. 语言播报 日期_01.png


1. 天气预报模板_01.jpg


1. 盟市天气模板_01.jpg


ᠨᠡᠢᠭᠡᠮ

✦ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ ᠎ᠶᠢᠨ ᠶᠡᠷᠦᠩᠬᠡᠢ ᠲᠣᠪᠴᠢᠶ᠎ᠠ ᠭᠣᠣᠯᠳᠠᠯᠭ᠎ᠠ᠎ᠲᠠᠢ ᠰᠢᠩᠭᠡᠨ ᠲᠥᠯᠥᠪᠲᠦ ᠢᠳᠡᠭᠡᠨ᠎ᠢ ᠰᠤᠯᠠ ᠪᠡᠷ ᠲᠡᠭᠡᠭᠡᠪᠦᠷᠢᠯᠡᠬᠦ᠎ᠳᠦ ᠤᠷᠤᠬᠤ ᠵᠦᠪᠰᠢᠶᠡᠷᠡᠯ ᠪᠠ ᠪᠥᠬᠥ ᠶᠠᠪᠤᠴᠠ᠎ᠵᠢᠨ ᠬᠤᠯᠪᠤᠭᠠᠰᠤ ᠬᠠᠭᠤᠳᠠᠰᠦ ᠵᠢᠨ ᠬᠠᠮᠢᠶᠠᠷᠤᠯᠳᠠ ᠬᠡᠷᠡᠭᠵᠢᠭᠦᠯᠵᠦ᠂ ᠲᠡᠭᠡᠭᠡᠪᠦᠷᠢ᠎ᠶᠢᠨ ᠪᠣᠬᠢᠷᠲᠤᠯ ᠎ᠤᠨ ᠲᠦᠭᠰᠢᠭᠦᠷᠢ ᠎ᠶᠢ ᠴᠢᠩᠭ᠎ᠠ ᠰᠡᠷᠭᠡᠢᠯᠡᠬᠦ᠎ᠲᠤᠬᠠᠢ ᠢᠯᠡ ᠪᠡᠷ ᠰᠠᠨᠠᠯ ᠬᠤᠷᠢᠶᠠᠵᠤ ᠪᠤᠢ᠃

✦ ᠤᠯᠤᠰ᠎ᠤᠨ ᠡᠮᠴᠢᠯᠡᠭᠡᠨ᠎ᠤ ᠪᠠᠳᠤᠯᠠᠭ᠎ᠠ ᠵᠢᠨ ᠲᠣᠪᠴᠢᠶ᠎ᠠ᠎ᠶᠢᠨ ᠮᠡᠳᠡᠭᠡ᠎ᠶᠢ ᠦᠨᠳᠦᠰᠦᠯᠡᠪᠡᠯ᠂ ᠣᠳᠣᠬᠠᠨ᠎ᠳᠤ ᠮᠠᠨ᠎ᠤ ᠤᠯᠤᠰ ᠨᠢᠭᠡᠨᠲᠡ ᠴᠢᠰᠤᠨ ᠰᠤᠳᠠᠯ᠎ᠤᠨ ᠲᠤᠯᠬᠤ ᠵᠢᠶᠠᠰᠠ᠂ ᠵᠣᠬᠢᠶᠠᠮᠠᠯ ᠡᠷᠬᠡᠲᠡᠨ᠂ ᠳᠠᠷᠢᠵᠤ ᠣᠷᠣᠭᠤᠯᠬᠤ ᠮᠠᠶᠢᠭ᠋᠎ᠤᠨ ᠵᠢᠷᠦᠬᠡᠨ᠎ᠦ ᠬᠡᠮᠨᠡᠯ᠎ᠦᠨ ᠬᠠᠮᠢᠶᠠᠷᠤᠯᠲᠠ᠎ᠶᠢᠨ ᠪᠠᠭᠠᠵᠢ ᠵᠡᠷᠭᠡ 7 ᠲᠥᠷᠥᠯ᠎ᠦᠨ ᠡᠮ ᠡᠮᠨᠡᠯᠭᠡ᠎ᠶᠢᠨ ᠳᠠᠭᠠᠳᠬᠠᠯ᠎ᠤᠨ ᠡᠮᠴᠢᠯᠡᠭᠡᠨ᠎ᠳᠦ ᠬᠡᠷᠡᠭᠯᠡᠬᠦ ᠬᠣᠷᠣᠭᠳᠠᠯ ᠮᠠᠲᠧᠷᠢᠶᠠᠯ ᠢ᠋ ᠲᠥᠷᠥᠯ ᠬᠤᠪᠢᠶᠠᠨ ᠰᠢᠯᠢᠳᠡᠭᠵᠢᠭᠦᠯᠬᠦ ᠠᠵᠢᠯ᠎ᠢ ᠪᠡᠶᠡᠯᠡᠭᠦᠯᠵᠡᠢ᠃

✦ 9 ᠰᠠᠷ᠎ᠠ᠎ᠵᠢᠨ 16᠎ᠤ ᠡᠳᠦᠷ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ ᠵᠡᠷᠭᠡ 9 ᠰᠠᠯᠠᠭ᠎ᠠ ᠮᠥᠴᠢᠷ 《ᠦᠢᠯᠡᠴᠢᠯᠡᠭᠡᠨ᠎ᠦ ᠬᠡᠷᠡᠭᠯᠡᠭᠡ᠎ᠶᠢ ᠥᠷᠭᠡᠳᠬᠡᠬᠦ ᠲᠤᠬᠠᠢ ᠲᠥᠷᠥ᠎ᠶᠢᠨ ᠪᠣᠳᠣᠯᠭ᠎ᠠ ᠠᠷᠭ᠎ᠠ ᠬᠡᠮᠵᠢᠶ᠎ᠡ᠎ᠨᠦᠭᠦᠳ》᠎ᠢ ᠨᠡᠢᠲᠡᠯᠡᠵᠦ᠂ ᠲᠠᠪᠤᠨ ᠲᠠᠯ᠎ᠠ᠎ᠶᠢᠨ 19 ᠵᠦᠢᠯ᠎ᠦᠨ ᠠᠷᠭ᠎ᠠ ᠬᠡᠮᠵᠢᠶ᠎ᠡ ᠠᠪᠴᠤ ᠦᠢᠯᠡᠴᠢᠯᠡᠭᠡᠨ᠎ᠦ ᠬᠡᠷᠡᠭᠯᠡᠭᠡ᠎ᠶᠢ ᠤᠯᠠᠮ ᠨᠢᠭᠡ ᠠᠯᠬᠤᠮ ᠥᠷᠭᠡᠳᠬᠡᠨ᠎ᠡ ᠭᠡᠵᠦ ᠳᠤᠷᠠᠳᠤᠨ ᠭᠠᠷᠭᠠᠪᠠ᠃


QQ截图20250828104401.png


✦ ᠲᠦᠷᠦᠭᠦᠬᠡᠨ ᠬᠠᠭᠤᠴᠢ ᠰᠤᠳᠤᠯᠤᠭ᠍ᠴᠢᠳ ᠬᠥᠬᠡᠨᠠᠭᠤᠷ ᠮᠤᠵᠢ᠎ᠠᠴᠠ ᠨᠢᠭᠡᠨ ᠴᠢᠬᠤᠯᠠ ᠴᠢᠯᠠᠭᠤᠨ ᠰᠡᠢᠯᠦᠮᠡᠯ᠎ᠢ ᠢᠯᠡᠷᠡᠭᠦᠯᠪᠡ᠃ ᠨᠠᠷᠢᠨ ᠬᠢᠨᠠᠮᠠᠭᠠᠢ ᠰᠤᠳᠤᠯᠬᠤ᠎ᠪᠠᠷ ᠳᠡᠮᠵᠢᠨ᠂ ᠲᠣᠰ ᠴᠢᠯᠠᠭᠤᠨ ᠰᠡᠢᠯᠦᠮᠡᠯ ᠢ᠋ ᠴᠢᠨ ᠤᠯᠤᠰ᠎ᠤᠨ ᠦᠶ᠎ᠡ ᠶ᠋ᠢᠨ ᠴᠢᠯᠠᠭᠤᠨ ᠰᠡᠢᠯᠦᠮᠡᠯ ᠢ᠋ᠶ᠋ᠡᠷ ᠮᠠᠭᠠᠳᠯᠠᠨ ᠲᠣᠭᠲᠠᠭᠠᠵᠤ᠂ 《ᠭᠠᠯᠲ᠋ᠠᠩ᠎ᠤᠨ ᠴᠢᠨ ᠤᠯᠤᠰ᠎ᠤᠨ ᠴᠢᠯᠠᠭᠤᠨ ᠰᠡᠢᠯᠦᠮᠡᠯ》 ᠭᠡᠵᠦ ᠨᠡᠷᠡᠢᠳᠪᠡ᠂ ᠡᠨᠡ ᠪᠣᠯ ᠮᠠᠨ᠎ᠤ ᠤᠯᠤᠰ᠎ᠤᠨ ᠣᠳᠣᠬᠠᠨ᠎ᠳᠤ ᠨᠢᠭᠡᠨᠲᠡ ᠮᠡᠳᠡᠭᠰᠡᠨ ᠴᠣᠷ᠎ᠤᠨ ᠭᠠᠭᠴᠠ ᠤᠭ ᠭᠠᠵᠠᠷ᠎ᠲᠠᠭᠠᠨ ᠬᠠᠳᠠᠭᠠᠯᠠᠭᠳᠠᠵᠤ ᠪᠠᠢᠭ᠎ᠠ ᠪᠥᠭᠡᠳ ᠲᠡᠯᠡᠶ ᠶ᠋ᠢᠨ ᠲᠦᠪᠰᠢᠨ᠎ᠡᠴᠡ ᠬᠠᠮᠤᠭ᠎ᠤᠨ ᠥᠨᠳᠥᠷ ᠡᠷᠭᠦᠭᠳᠡᠭᠰᠡᠨ ᠴᠢᠨ ᠤᠯᠤᠰ ᠤ᠋ᠨ ᠦᠶ᠎ᠡ ᠶ᠋ᠢᠨ ᠴᠢᠯᠠᠭᠤᠨ ᠰᠡᠢᠯᠦᠮᠡᠯ ᠮᠥᠨ᠃


2.jpg


✦ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠶᠠᠮᠤᠨ᠎ᠤ ᠲᠠᠨᠢᠯᠴᠠᠭᠤᠯᠤᠭᠰᠠᠨ᠎ᠢᠶᠠᠷ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ᠂ ᠮᠠᠨ᠎ᠤ ᠤᠯᠤᠰ᠎ᠤᠨ ᠠᠮᠤ ᠪᠤᠳᠠᠭᠠᠨ᠎ᠤ ᠤᠨᠠᠯᠲᠠ ᠰᠢᠨ᠎ᠡ ᠳᠡᠭᠲᠡᠷ᠎ᠲᠦ ᠭᠠᠷᠴᠤ᠂ ᠨᠢᠳᠤᠨᠤᠨ᠎ᠤ ᠠᠮᠤ ᠪᠤᠳᠠᠭᠠᠨ᠎ᠤ ᠤᠨᠠᠯᠲᠠ ᠠᠩᠬ᠎ᠠ ᠤᠳᠠᠭ᠎ᠠ 1.4 ᠲᠦᠮᠡᠨ ᠳ᠋ᠦᠩᠰᠢᠭᠤᠷ ᠵᠢᠩ ᠎ᠢ ᠳᠠᠪᠠᠵᠤ᠂ 2020 ᠣᠨ᠎ᠤ ᠬᠢ᠎ᠡᠴᠡ 740 ᠳ᠋ᠦᠩᠰᠢᠭᠤᠷ ᠵᠢᠩ ᠨᠡᠮᠡᠭᠳᠡᠪᠡ᠃ ᠣᠳᠣᠬᠠᠨ᠎ᠳᠤ ᠮᠠᠨ᠎ᠤ ᠤᠯᠤᠰ᠎ᠤᠨ ᠬᠥᠮᠥᠨ ᠳᠤᠮᠳᠠᠴᠢ᠎ᠳ᠋ᠦ ᠨᠣᠭᠳᠠᠬᠤ ᠠᠮᠤ ᠪᠤᠳᠠᠭᠠᠨ᠎ᠤ ᠬᠡᠮᠵᠢᠶ᠎ᠡ 500 ᠺᠢᠯᠣᠭ᠌ᠷᠠᠮ᠎ᠳᠤ ᠬᠦᠷᠴᠡᠢ᠃


3.jpg


✦ ᠡᠨᠡ ᠵᠢᠯ᠎ᠦᠨ 1 ︱ 8 ᠰᠠᠷ᠎ᠠ᠎ᠳᠤ᠂ ᠳᠤᠮᠳᠠᠳᠤ ᠠᠽᠢᠶ᠎ᠠ᠎ᠶᠢᠨ ᠵᠢᠰᠢᠶᠠᠨ᠎ᠤ ᠭᠠᠯᠲᠤ ᠲᠡᠷᠭᠡ 9626 ᠡᠭᠡᠯᠵᠢ ᠨᠡᠪᠲᠡᠷᠡᠵᠦ᠂ ᠲᠡᠦᠬᠡ᠎ᠶᠢᠨ ᠠᠳᠠᠯᠢ ᠬᠤᠭᠤᠴᠠᠭᠠᠨ᠎ᠤ ᠰᠢᠨ᠎ᠡ ᠲᠡᠮᠳᠡᠭᠯᠡᠯ᠎ᠢ ᠳᠠᠬᠢᠨᠲᠠ ᠡᠭᠦᠳᠴᠦ᠂ 75.1 ᠲᠦᠮᠡᠨ ᠪᠠᠷᠢᠮᠵᠢᠶᠠᠲᠤ ᠴᠢᠨᠭᠭᠡᠯᠢᠭ ᠪᠠᠷᠠᠭ᠎ᠠ ᠵᠦᠭᠡᠭᠡᠪᠦᠷᠢᠯᠡᠵᠤ᠂ ᠠᠳᠠᠯᠢ ᠬᠤᠭᠤᠴᠠᠭᠠᠨ᠎ᠤ ᠬᠢ᠎ᠡᠴᠡ ᠲᠣᠰ ᠲᠣᠰ 22.7%᠂ 31.1% ᠪᠡᠷ ᠨᠡᠮᠡᠭᠳᠡᠪᠡ᠃


4.jpg


✦ 9 ᠰᠠᠷ᠎ᠠ᠎ᠵᠢᠨ 16᠎ᠤ ᠡᠳᠦᠷ᠂ 2025 ᠣᠨ᠎ᠤ ᠳᠣᠣᠷ᠎ᠠ ᠬᠠᠭᠠᠰ ᠵᠢᠯ᠎ᠳᠦ ᠪᠥᠬᠥ ᠤᠯᠤᠰ᠎ᠤᠨ ᠰᠢᠨ᠎ᠡ ᠴᠡᠷᠢᠭ᠎ᠢ ᠵᠦᠭᠡᠭᠡᠪᠦᠷᠢᠯᠡᠬᠦ ᠠᠵᠢᠯ ᠡᠬᠢᠯᠡᠵᠦ᠂ 9 ᠰᠠᠷ᠎ᠠ᠎ᠶᠢᠨ ᠰᠡᠭᠦᠯᠴᠢ᠎ᠪᠡᠷ ᠪᠦᠬᠦᠨ᠎ᠢ ᠳᠠᠭᠤᠰᠬᠠᠬᠤ ᠪᠣᠯᠣᠨ᠎ᠠ᠃

✦ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠎ᠶᠢᠨ ᠮᠡᠳᠡᠭᠡ᠎ᠶᠢ ᠦᠨᠳᠦᠰᠦᠯᠡᠪᠡᠯ᠂ ᠤᠳᠤᠬᠠᠨ᠎ᠳᠦ ᠪᠥᠬᠥ ᠣᠷᠣᠨ᠎ᠤ ᠡᠵᠡᠩᠨᠡᠯᠲᠡ᠎ᠶᠢᠨ ᠭᠣᠣᠯ ᠴᠣᠭᠴᠠ᠎ᠶᠢᠨ ᠶᠡᠷᠦᠩᠬᠡᠢ ᠬᠡᠮᠵᠢᠶ᠎ᠡ 300 ᠲᠦᠮᠡᠨ ᠡᠷᠦᠬᠡ᠎ᠶᠢ ᠳᠠᠪᠠᠪᠠ᠂ ᠡᠭᠦᠨ᠎ᠳᠦ ᠠᠵᠤ ᠠᠬᠤᠢᠯᠠᠯ᠂ ᠬᠤᠪᠢ᠎ᠶᠢᠨ ᠦᠢᠯᠡᠳᠪᠦᠷᠢ ᠬᠤᠳᠠᠯᠳᠤᠭᠠᠨ᠎ᠤ ᠡᠷᠦᠬᠡ ᠲᠣᠰ ᠲᠣᠰ 75 ᠲᠦᠮᠡᠨ ᠡᠷᠦᠬᠡ᠂ 218 ᠲᠦᠮᠡᠨ ᠡᠷᠦᠬᠡ᠎ᠳᠦ ᠬᠦᠷᠴᠦ᠂ ᠠᠵᠤ ᠠᠬᠤᠢᠯᠠᠯ᠎ᠤᠨ ᠬᠥᠭᠵᠢᠶᠡᠨᠲᠦ ᠬᠡᠮᠵᠢᠶ᠎ᠡ 75%᠎ᠶᠢ ᠳᠠᠪᠠᠵᠠᠢ᠃

✦ ᠡᠨᠡ ᠵᠢᠯ᠎ᠦᠨ 6 ᠰᠠᠷ᠎ᠠ᠎ᠶᠢᠨ ᠰᠡᠭᠦᠯᠴᠢ ᠪᠣᠯᠲᠠᠯ᠎ᠠ ᠪᠠᠶᠠᠠᠨᠠᠭᠤᠷ ᠬᠣᠲᠠ᠎ᠶᠢᠨ 142.17 ᠲᠦᠮᠡᠨ ᠬᠥᠮᠥᠨ ᠦᠨᠳᠦᠰᠦᠨ ᠡᠮ ᠡᠮᠨᠡᠯᠭᠡ᠎ᠶᠢᠨ ᠳᠠᠭᠠᠳᠬᠠᠯ ᠎ᠳᠤ ᠣᠷᠣᠯᠴᠠᠵᠤ᠂ ᠳᠠᠭᠠᠳᠬᠠᠯ᠎ᠳᠤ ᠣᠷᠣᠯᠴᠠᠭᠰᠠᠨ ᠨᠣᠷᠮ᠎ᠠ 96.85%᠎ᠳᠤ ᠬᠦᠷᠴᠦ᠂ ᠬᠦᠴᠢᠷᠳᠡᠯᠲᠡᠢ ᠬᠥᠮᠥᠰ 100%᠎ᠪᠠᠷ ᠳᠠᠭᠠᠳᠬᠠᠯ᠎ᠳᠤ ᠣᠷᠣᠯᠴᠠᠵᠠᠢ᠃

✦ 9 ᠰᠠᠷ᠎ᠠ᠎ᠵᠢᠨ 16᠎ᠤ ᠡᠳᠦᠷ᠂ ᠠᠷᠪᠠᠳᠤᠭᠠᠷ ᠬᠤᠭᠤᠴᠠᠭᠠᠨ᠎ᠤ ᠬᠥᠪᠴᠢ᠎ᠵᠢᠨ ᠤᠯᠠᠨ ᠤᠯᠤᠰ᠎ᠤᠨ ᠡᠯᠡᠰᠦᠨ ᠴᠥᠯ᠎ᠤᠨ ᠶᠠᠷᠢᠶᠠᠨ᠎ᠤ ᠳᠠᠪᠴᠠᠩ ᠤᠷᠳᠤᠰ᠎ᠤᠨ ᠤᠯᠠᠨ ᠤᠯᠤᠰ᠎ᠤᠨ ᠬᠤᠷᠠᠯ ᠦᠵᠡᠰᠬᠦᠯᠡᠩ᠎ᠤᠨ ᠲᠥᠪ᠎ᠲᠦ ᠶᠠᠪᠤᠭᠳᠠᠪᠠ᠃


5.JPG


ᠠᠵᠤ ᠠᠬᠤᠢ

✦ ᠤᠯᠤᠰ᠎ᠤᠨ ᠲᠣᠭ᠎ᠠ ᠪᠦᠷᠢᠳᠬᠡᠯ᠎ᠦᠨ ᠲᠣᠪᠴᠢᠶ᠎ᠠ ᠵᠢᠨ ᠮᠡᠳᠡᠭᠡ ᠵᠢ ᠦᠨᠳᠦᠰᠦᠯᠡᠪᠡᠯ᠂ 8 ᠰᠠᠷ᠎ᠠ᠎ᠳᠤ ᠪᠥᠬᠥ ᠤᠯᠤᠰ᠎ᠤᠨ ᠬᠡᠪᠴᠢᠶᠡᠵᠢᠯ᠎ᠡᠴᠡ ᠳᠡᠭᠡᠭᠰᠢᠬᠢ ᠠᠵᠤ ᠦᠢᠯᠡᠳᠪᠦᠷᠢ᠎ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ᠋ ᠬᠢ᠎ᠡᠴᠡ 5.2%᠎ᠵᠢᠡᠷ ᠨᠡᠮᠡᠭᠳᠡᠵᠦ᠂ ᠪᠥᠬᠥ ᠤᠯᠤᠰ᠎ᠤᠨ ᠦᠢᠯᠡᠴᠢᠯᠡᠭᠡᠨ᠎ᠦ ᠦᠢᠯᠡᠰ᠎ᠦᠨ ᠦᠢᠯᠡᠳᠪᠦᠷᠢᠯᠡᠯ᠎ᠦᠨ ᠵᠢᠭᠠᠯᠲᠠ ᠲᠣᠭ᠎ᠠ ᠠᠳᠠᠯᠢ ᠬᠤᠭᠤᠴᠠᠭᠠᠨ᠎ᠤ ᠬᠢ᠎ᠡᠴᠡ 5.6%᠎ᠪᠡᠷ ᠨᠡᠮᠡᠭᠳᠡᠵᠦ᠂ ᠨᠡᠢᠭᠡᠮ᠎ᠦᠨ ᠬᠡᠷᠡᠭᠯᠡᠭᠡᠨ᠎ᠦ ᠵᠦᠢᠯᠡᠰ᠎ᠢ ᠵᠢᠵᠢᠭᠯᠡᠨ ᠬᠤᠳᠠᠯᠳᠤᠭᠰᠠᠨ ᠪᠥᠬᠥ ᠬᠡᠮᠵᠢᠶ᠎ᠠ ᠠᠳᠠᠯᠢ ᠬᠤᠭᠤᠴᠠᠭᠠᠨ᠎ᠤ ᠬᠢ᠎ᠡᠴᠡ 3.4%᠎ᠪᠡᠷ ᠨᠡᠮᠡᠭᠳᠡᠵᠦ᠂ ᠤᠯᠤᠰ ᠠᠷᠠᠳ᠎ᠤᠨ ᠠᠵᠤ ᠠᠬᠤᠢ᠎ᠶᠢᠨ ᠠᠵᠢᠯᠯᠠᠭ᠎ᠠ ᠶᠡᠷᠦᠩᠬᠡᠢ᠎ᠳᠡᠭᠡᠨ ᠲᠣᠭᠲᠠᠭᠤᠨ ᠪᠠᠢᠵᠤ᠂ ᠲᠣᠭᠲᠠᠭᠤᠨ᠎ᠤ ᠳᠤᠮᠳᠠ ᠤᠷᠤᠭᠰᠢᠯᠠᠵᠤ ᠪᠠᠢᠨ᠎ᠠ᠃

✦ ᠡᠨᠡ ᠵᠢᠯ ᠰᠢᠯᠢ᠎ᠶᠢᠨ ᠭᠣᠣᠯ ᠠᠢᠮᠠᠭ 18 ᠠᠵᠤ ᠠᠬᠤᠢᠯᠠᠯ᠎ᠳᠤ 《ᠰᠢᠯᠢ ᠎ᠶᠢᠨ ᠭᠣᠣᠯ ᠬᠣᠨᠢ》 ᠣᠷᠣᠨ ᠪᠦᠰᠡ᠎ᠶᠢᠨ ᠨᠡᠶ᠋ᠢᠲᠡ᠎ᠶᠢᠨ ᠬᠡᠷᠡᠭᠯᠡᠭᠡᠨ᠎ᠦ ᠲᠥᠷᠥᠯ ᠲᠡᠮᠳᠡᠭ᠎ᠦᠨ ᠡᠷᠬᠡ ᠣᠯᠭᠣᠵᠤ᠂ ᠡᠷᠬᠡ ᠣᠯᠭᠣᠭᠰᠠᠨ ᠠᠵᠤ ᠠᠬᠤᠢᠯᠠᠯ ᠪᠦᠬᠦ ᠵᠢᠯ᠎ᠳᠦ 100 ᠲᠦᠮᠡ᠎ᠡᠴᠡ ᠳᠡᠭᠡᠭᠰᠢ ᠲᠥᠷᠥᠯ ᠲᠡᠮᠳᠡᠭ᠎ᠦᠨ ᠬᠣᠨᠢ᠎ᠶᠢ ᠬᠤᠳᠠᠯᠳᠤᠨ ᠠᠪᠬᠤ᠎ᠪᠠᠷ ᠲᠥᠯᠥᠪᠯᠡᠵᠦ ᠪᠠᠢᠨ᠎ᠠ᠃ ᠣᠳᠣᠬᠠᠨ ᠪᠣᠯᠲᠠᠯ᠎ᠠ 21.2 ᠲᠦᠮᠡᠨ ᠵᠠᠬᠢᠶᠠᠯᠠᠭ᠎ᠠ᠎ᠶᠢᠨ ᠬᠣᠨᠢ᠎ᠶᠢ ᠬᠤᠳᠠᠯᠳᠤᠨ ᠠᠪᠴᠤ ᠲᠥᠷᠥᠯ ᠲᠡᠮᠳᠡᠭ ᠎ᠦᠨ ᠪᠦᠲᠦᠭᠡᠭᠳᠡᠬᠦᠨ ᠎ᠢ 1184 ᠲᠣᠨ ᠦᠢᠯᠡᠳᠪᠦᠷᠢᠯᠡᠵᠡᠢ᠃


6.jpg


ᠰᠣᠶᠣᠯ

✦ ᠴᠡᠯᠡᠭᠡᠷ ᠲᠠᠯ᠎ᠠ ᠳᠠᠭᠤᠤ ᠬᠥᠭᠵᠢᠮ᠎ᠦᠨ ᠴᠤᠭᠯᠠᠭᠠᠨ 9 ᠰᠠᠷ᠎ᠠ᠎ᠶᠢᠨ 26᠎ᠠᠴᠠ 27᠎ᠤ ᠡᠳᠦᠷ ᠪᠣᠯᠲᠠᠯ᠎ᠠ ᠥᠪᠥᠷ ᠮᠣᠩᠭᠣᠯ᠎ᠤᠨ ᠴᠥᠭᠡᠨ ᠲᠣᠭᠠᠲᠤ ᠦᠨᠳᠦᠰᠦᠲᠡᠨ ᠤ᠋ ᠣᠯᠠᠨ ᠲᠦᠮᠡᠨ ᠤ᠋ ᠰᠣᠶᠣᠯ ᠪᠡᠶ᠎ᠡ ᠎ᠶᠢᠨ  ᠲᠠᠮᠢᠷ ᠎ᠤᠨ ᠬᠥᠳᠡᠯᠭᠡᠭᠡᠨ᠎ᠦ ᠲᠥᠪ᠎ᠲᠦ ᠶᠠᠪᠤᠭᠳᠠᠬᠤ᠎ᠪᠠᠷ ᠪᠤᠢ᠃

 

ᠳᠡᠯᠡᠬᠡᠢ

✦ ᠲᠥᠪ ᠲᠸᠯᠸᠢᠰ᠎ᠤᠨ ᠮᠡᠳᠡᠭᠡ᠎ᠶᠢ ᠦᠨᠳᠦᠰᠦᠯᠡᠪᠡᠯ᠂ ᠲᠤᠬᠠᠢ᠎ᠶᠢᠨ ᠭᠠᠵᠠᠷ᠎ᠤᠨ ᠴᠠᠭ᠎ᠢᠶᠠᠷ 16᠎ᠤ ᠡᠳᠦᠷ᠂ ᠺᠠᠲ᠋ᠠᠷ᠎ᠤᠨ ᠭᠠᠳᠠᠭᠠᠳᠤ ᠶᠠᠪᠤᠳᠠᠯ᠎ᠤᠨ ᠶᠠᠮᠤᠨ᠎ᠤ ᠥᠭᠦᠯᠡᠭᠴᠢ ᠢᠯᠡᠷᠬᠡᠢᠯᠡᠬᠦ᠎ᠳᠡᠭᠡᠨ᠂ ᠺᠠᠲ᠋ᠠᠷ᠎ᠤᠨ ᠣᠳᠣᠬᠠᠨ᠎ᠤ ᠲᠡᠷᠢᠭᠦᠨ ᠴᠢᠬᠤᠯᠠ ᠡᠭᠦᠷᠭᠡ ᠪᠣᠯ ᠤᠯᠤᠰ᠎ᠤᠨ ᠡᠷᠬᠡ ᠮᠡᠳᠡᠯ᠎ᠢᠶᠡᠨ ᠬᠠᠮᠠᠭᠠᠯᠠᠬᠤ ᠶᠠᠪᠤᠳᠠᠯ ᠪᠣᠯᠣᠨ᠎ᠠ᠂ ᠣᠳᠣᠬᠢ ᠱᠠᠲᠤᠨ᠎ᠳᠤ ᠭᠠᠽᠠ ᠣᠷᠣᠨ᠎ᠤ ᠲᠡᠶ᠋ᠢᠨ ᠵᠣᠭᠰᠣᠬᠤ ᠬᠡᠯᠡᠯᠴᠡᠭᠡ᠎ᠶᠢ ᠠᠬᠢᠭᠤᠯᠬᠤ᠎ᠶᠢᠨ ᠠᠷᠭ᠎ᠠ ᠦᠭᠡᠢ ᠭᠡᠵᠡᠢ᠃


7.jpg


✦ ᠰᠢᠨᠬᠤᠸᠠ ᠬᠤᠷᠢᠶ᠎ᠠ᠎ᠵᠢᠨ ᠮᠡᠳᠡᠭᠡ᠎ᠶᠢ ᠦᠨᠳᠦᠰᠦᠯᠡᠪᠡᠯ᠂ 9 ᠰᠠᠷ᠎ᠠ᠎ᠵᠢᠨ 15᠎ᠤ ᠡᠳᠦᠷ ᠳᠡᠯᠡᠬᠡᠢ ᠎ᠶᠢᠨ ᠠᠷᠠᠯᠵᠢᠶᠠᠨ᠎ᠤ ᠵᠣᠬᠢᠶᠠᠨ ᠪᠠᠢᠭᠤᠯᠤᠯᠲᠠ ᠎ᠶᠢᠨ 《ᠵᠢᠭᠠᠰᠤᠨ ᠠᠵᠤ ᠠᠬᠤᠢ᠎ᠶᠢᠨ ᠨᠥᠬᠥᠪᠦᠷᠢ᠎ᠶᠢᠨ ᠬᠡᠯᠡᠯᠴᠡᠭᠡᠷ》 ᠵᠢᠩᠬᠢᠨᠢ᠎ᠪᠡᠷ ᠬᠦᠴᠦᠨ᠎ᠲᠠᠢ ᠪᠣᠯᠪᠠ᠃


ᠦᠢᠯᠡᠴᠢᠯᠡᠭᠡ

✦ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ ᠶ᠋ᠢᠨ ᠲᠢᠩᠬᠢᠮ 60 ᠠᠵᠢᠯᠲᠠᠨ ᠡᠯᠰᠡᠨ᠎ᠠ᠃


ᠲᠠᠨ᠎ᠤ ᠲᠤᠰᠠ᠎ᠳᠤ 

✦ ᠨᠠᠮᠤᠷ᠎ᠤᠨ ᠤᠯᠠᠷᠢᠯ ᠳ᠋ᠤ ᠪᠡᠶ᠎ᠡ᠎ᠪᠡᠨ ᠰᠤᠪᠢᠯᠠᠬᠤ ᠠᠷᠭ᠎ᠠ᠄ 

ᠢᠳᠡᠭᠡᠨ ᠤᠮᠳᠠᠭᠠᠨ᠎ᠤ ᠳᠠᠯ᠎ᠠ ᠪᠡᠷ᠂ ᠠᠯᠢᠮ᠎ᠠ᠂ ᠬᠡᠯᠡᠭᠡᠢ ᠰᠠᠷᠠᠨ᠎ᠠ᠂ ᠮᠥᠩᠭᠥᠨ ᠳᠡᠯᠳᠡᠦ᠂ ᠮᠠᠭᠠᠵᠢ᠂ ᠯᠢᠩᠬᠤ᠎ᠠ᠎ᠶᠢᠨ ᠦᠨᠳᠦᠰᠦ ᠵᠡᠷᠭᠡ ᠪᠢᠯᠢᠭ᠎ᠢ ᠰᠢᠮᠡᠵᠢᠭᠦᠯᠬᠦ ᠢᠳᠡᠭᠡᠨ᠎ᠢ ᠰᠤᠨᠭᠭᠤᠵᠤ᠂ ᠭᠤᠱᠤᠭᠤᠨ ᠢᠳᠡᠭᠡᠨ᠎ᠢ ᠪᠠᠭ᠎ᠠ ᠢᠳᠡᠪᠡᠯ ᠵᠣᠬᠢᠨ᠎ᠠ᠃ ᠠᠵᠢᠯᠯᠠᠵᠤ ᠠᠮᠠᠷᠠᠬᠤ ᠳᠠᠯ᠎ᠠ ᠪᠡᠷ᠂ ᠡᠷᠲᠡ ᠤᠨᠲᠠᠵᠤ ᠡᠷᠲᠡ ᠪᠣᠰᠬᠤ ᠵᠢ ᠠᠨᠭᠬᠠᠷᠤᠨ᠂ ᠣᠷᠣᠢ᠎ᠳᠠᠭᠠᠨ ᠴᠢᠳᠠᠬᠤ᠎ᠶᠢᠨ ᠳᠣᠲᠣᠷ᠎ᠠ 11 ᠴᠠᠭ᠎ᠠᠴᠠ ᠡᠮᠦᠨ᠎ᠡ ᠤᠨᠲᠠᠵᠤ ᠂ ᠥᠷᠯᠥᠭᠡ ᠳ᠋ᠡᠭᠡᠨ 6 ᠡᠴᠡ 7 ᠴᠠᠭ᠎ᠤᠨ ᠦᠶ᠎ᠡ᠎ᠪᠡᠷ ᠪᠣᠰᠣᠨ᠎ᠠ᠃

ᠡᠮᠦᠰᠴᠦ ᠵᠡᠬᠦᠬᠦ ᠳᠠᠯ᠎ᠠ ᠪᠡᠷ᠂ ᠠᠭᠠᠷ᠎ᠤᠨ ᠳᠤᠯᠠᠭᠠᠨ᠎ᠤ ᠬᠤᠪᠢᠷᠠᠯᠲᠠ᠎ᠶᠢ ᠦᠨᠳᠦᠰᠦᠯᠡᠨ ᠬᠤᠪᠴᠠᠰᠤ ᠬᠤᠨᠠᠷ᠎ᠢᠶᠠᠨ ᠴᠠᠭ ᠲᠤᠬᠠᠢ ᠳ᠋ᠤᠨᠢ ᠳᠤᠬᠢᠷᠠᠭᠤᠯᠵᠤ᠂ ᠬᠦᠵᠦᠭᠦᠦ᠂ ᠬᠡᠪᠡᠯᠢ ᠪᠠ ᠬᠥᠯ᠎ᠵᠢᠡᠨ ᠭᠣᠣᠯᠳᠠᠯᠭ᠎ᠠ᠎ᠲᠠᠢ ᠬᠠᠮᠠᠭᠠᠯᠠᠨ᠎ᠠ᠃

ᠦᠷᠦᠭᠡ ᠭᠡᠷ᠎ᠤᠨ ᠳᠠᠯ᠎ᠠ ᠪᠡᠷ᠂ ᠰᠠᠯᠬᠢ ᠨᠡᠪᠲᠡᠷᠡᠭᠦᠯᠬᠦ ᠶ᠋ᠢ ᠪᠠᠲᠤᠯᠠᠵᠤ᠂ ᠡᠳᠦᠷ ᠪᠦᠷᠢ ᠴᠣᠩᠬᠣ᠌᠎ᠪᠠᠨ ᠨᠡᠭᠡᠭᠡᠵᠦ᠂ ᠥᠷᠥᠭᠡᠨ᠎ᠦ ᠠᠭᠠᠷ᠎ᠤᠨ ᠰᠢᠨ᠎ᠡ ᠰᠣᠷᠭᠣᠭ ᠪᠠᠢᠬᠤ ᠶ᠋ᠢ ᠪᠠᠲᠤᠯᠠᠨ᠎ᠠ᠂ ᠭᠡᠬᠦ᠎ᠳᠡᠭᠡᠨ ᠣᠷᠣᠢ ᠤᠨᠲᠠᠬᠤ᠎ᠳᠠᠭᠠᠨ ᠡᠭᠦᠳᠡ ᠴᠣᠩᠬᠣ᠌᠎ᠪᠠᠨ ᠰᠠᠢᠲᠤᠷ ᠬᠠᠭᠠᠬᠤ ᠬᠡᠷᠡᠭᠲᠡᠢ᠃

ᠲᠠᠮᠢᠷ᠎ᠤᠨ ᠬᠥᠳᠡᠯᠭᠡᠭᠡᠨ᠎ᠢ ᠰᠣᠩᠭᠣᠬᠤ ᠳ᠋ᠠᠭᠠᠨ᠂ ᠬᠤᠷᠳᠤᠨ ᠠᠯᠬᠤᠬᠤ᠂ ᠨᠡᠷᠡᠬᠦᠢ ᠨᠢᠳᠤᠷᠭ᠎ᠠ᠂ ᠶᠤᠭ᠎ᠠ ᠵᠡᠷᠭᠡ ᠬᠥᠳᠡᠯᠭᠡᠭᠡᠨ ᠬᠢᠵᠦ᠂ ᠰᠢᠷᠦᠭᠦᠨ ᠬᠥᠳᠡᠯᠭᠡᠭᠡᠨ ᠬᠢᠭᠡᠳ ᠶᠡᠬᠡ ᠬᠥᠯᠥᠰᠦ ᠠᠰᠬᠠᠷᠠᠭᠤᠯᠬᠤ᠂ ᠬᠡᠢ ᠲᠠᠮᠢᠷ ᠎ᠢ ᠭᠡᠮᠲᠦᠭᠡᠬᠦ᠎ᠡᠴᠡ ᠵᠠᠢᠯᠠᠰᠬᠢᠨ᠎ᠡ᠃

ᠠᠯᠢ ᠴᠢᠳᠠᠬᠤ᠎ᠪᠠᠷ ᠥᠷᠯᠥᠭᠡ ᠪᠤᠶᠤ ᠦᠳᠡᠰᠢ ᠵᠢᠨ ᠠᠭᠠᠷ᠎ᠤᠨ ᠳᠤᠯᠠᠭᠠᠨ ᠰᠡᠷᠢᠭᠦᠨ ᠦᠶ᠎ᠡ᠎ᠳᠦ ᠬᠥᠳᠡᠯᠭᠡᠭᠡᠨ ᠬᠢᠵᠦ᠂ ᠦᠳᠡ ᠶ᠋ᠢᠨ ᠬᠠᠯᠠᠭᠤᠨ᠎ᠳᠦ ᠬᠦᠳᠡᠯᠭᠡᠭᠡᠨ ᠬᠢᠭᠦ ᠠ᠋ᠴᠠ ᠵᠠᠢᠯᠠᠰᠬᠢᠨ᠎ᠡ᠃

ᠰᠡᠳᠬᠢᠯ ᠰᠠᠨᠠᠭᠠᠨ᠎ᠤ ᠳᠠᠯ᠎ᠠ ᠪᠡᠷ᠂ ᠬᠡᠲᠦᠷᠬᠡᠢ ᠵᠣᠪᠠᠨᠢᠬᠤ ᠵᠡᠷᠭᠡ ᠤᠷᠮ᠎ᠠ ᠰᠡᠳᠬᠢᠯᠭᠡ᠎ᠡᠴᠡ ᠵᠠᠢᠯᠠᠰᠬᠢᠵᠦ᠂ ᠳᠠᠭᠤᠤ ᠬᠥᠭᠵᠢᠮ ᠰᠣᠨᠣᠰᠬᠤ᠂ ᠰᠡᠯᠡᠭᠦᠴᠡᠨ ᠠᠯᠬᠤᠬᠤ᠂ ᠨᠠᠢᠵᠠ ᠨᠠᠷ᠎ᠲᠠᠢ᠎ᠪᠠᠨ ᠵᠣᠭᠣᠭᠳᠠᠬᠤ ᠵᠡᠷᠭᠡ ᠬᠡᠯᠪᠡᠷᠢ᠎ᠪᠡᠷ ᠳᠠᠷᠤᠭᠠᠰᠤ ᠪᠡᠨ ᠬᠦᠨᠭᠭᠡᠷᠡᠬᠦᠯᠵᠦ᠂ ᠵᠢᠷᠤᠭ ᠵᠢᠷᠤᠬᠤ᠂ ᠤᠷᠠᠨ ᠪᠢᠴᠢᠯᠭᠡ ᠪᠢᠴᠢᠭᠦ᠂ ᠭᠡᠷᠡᠯ ᠵᠢᠷᠤᠭ ᠲᠠᠲᠠᠬᠤ ᠵᠡᠷᠭᠡ ᠳᠤᠷ᠎ᠠ ᠰᠤᠨᠢᠷᠬᠠᠯ ᠎ᠢ ᠬᠦᠮᠦᠵᠢᠬᠦᠯᠵᠦ ᠪᠤᠯᠤᠨ᠎ᠠ᠃


QQ截图20250828104424.png


ᠵᠠᠯᠭᠠᠭᠠᠳ 《ᠴᠠᠭ ᠢᠷᠡᠨ᠎ᠡ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠤ ᠪᠠᠶᠠᠷᠯᠠᠯ᠎ᠠ᠂ ᠪᠠᠶᠠᠷᠳᠠᠢ!

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)

ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号