9 ᠰᠠᠷ᠎ᠠ᠎ᠶ᠋ᠢᠨ 19᠎ᠦ ᠡᠳᠦᠷ
ᠡᠬᠢᠯᠡᠬᠦ᠌ ᠴᠠᠭ᠄
2025-09-19 10:30:11
ᠨᠠᠶ᠋ᠢᠷᠠᠭᠤᠯᠤᠭᠴᠢ ᠄
ᠭᠢᠯᠪᠡᠭᠡᠨ
ᠨᠡᠪᠲᠡᠷᠡᠬᠦᠯᠦᠭᠴᠢ ᠄
ᠭᠢᠯᠪᠡᠭᠡᠨ
ᠮᠡᠷᠭᠡᠵᠢᠯ ᠄

ᠤᠩᠰᠢᠭᠰᠠᠨ ᠤᠳᠠᠭ᠎ᠠ᠄


01.jpg


1. 语言播报 日期_02.png


1. 天气预报模板_01.jpg


1. 盟市天气模板_01.jpg


ᠨᠡᠢᠭᠡᠮ

✦ ᠮᠠᠨ᠎ᠤ ᠤᠯᠤᠰ᠎ᠤᠨ ᠪᠡᠶ᠎ᠡ᠎ᠪᠡᠨ ᠳᠠᠭᠠᠭᠠᠵᠤ ᠰᠤᠳᠤᠯᠤᠨ ᠦᠢᠯᠡᠳᠦᠭᠰᠡᠨ ᠲᠢᠶᠠᠨ ᠯᠦᠩ ᠭᠤᠷᠪᠠᠳᠤᠭᠠᠷ ᠲᠣᠮᠣ᠌ ᠬᠡᠯᠪᠡᠷᠢ᠎ᠶᠢᠨ ᠰᠢᠩᠭᠡᠨ ᠪᠡᠶᠡᠲᠦ ᠬᠦᠯᠬᠡ ᠲᠡᠢᠷᠦᠯᠲᠦ ᠰᠤᠮᠤ ᠦᠢᠷ᠎ᠠ ᠳ᠋ᠤ ᠱᠠᠨᠳᠦ᠋ᠩ᠎ᠦᠨ ᠳ᠋ᠦᠩᠹᠠᠩ ᠰᠠᠨᠰᠠᠷ᠎ᠤᠨ ᠠᠶᠠᠯᠠᠯ᠎ᠤᠨ ᠭᠠᠷᠠᠮ᠎ᠤᠨ ᠲᠡᠯᠡᠶ ᠳᠡᠭᠡᠷᠡᠬᠢ ᠲᠠᠪᠴᠠᠩ ᠳ᠋ᠤ ᠨᠢᠭᠡᠳᠦᠭᠡᠷ ᠳᠡᠰ᠎ᠤᠨ ᠬᠥᠳᠡᠯᠭᠡᠬᠦ ᠬᠦᠴᠦᠨ᠎ᠦ ᠰᠢᠰᠲᠧᠮ᠎ᠦᠨ ᠲᠤᠷᠰᠢᠯᠲᠠ᠎ᠶᠢ ᠪᠡᠶᠡᠯᠡᠭᠦᠯᠪᠡ᠃


QQ截图20250828104401.png


✦ ᠤᠯᠤᠰ᠎ᠤᠨ ᠲᠡᠮᠦᠷ ᠵᠠᠮ᠎ᠤᠨ ᠪᠦᠯᠦᠭᠯᠡᠯ ᠺᠣᠮᠫᠠᠨᠢ ᠶ᠋ᠢᠨ ᠮᠡᠳᠡᠭᠡ ᠶ᠋ᠢ ᠦᠨᠳᠦᠰᠦᠯᠡᠪᠡᠯ᠂ ᠤᠯᠤᠰ᠎ᠤᠨ ᠪᠠᠶᠠᠷ ᠪᠠ ᠨᠠᠢ᠍ᠮᠠᠨ ᠰᠠᠷ᠎ᠠ ᠶ᠋ᠢᠨ ᠠᠷᠪᠠᠨ ᠲᠠᠪᠤᠨ᠎ᠤ ᠠᠮᠠᠷᠠᠯᠲᠠ ᠶ᠋ᠢᠨ ᠬᠤᠭᠤᠴᠠᠭᠠᠨ᠎ᠳᠤ ᠪᠦᠬᠦ ᠤᠯᠤᠰ᠎ᠤᠨ ᠲᠡᠮᠦᠷ ᠵᠠᠮ᠎ᠤᠨ ᠬᠢᠨ ᠠᠶᠠᠨᠴᠢᠳ ᠢ᠋ ᠵᠢᠱ᠌ᠢᠯᠳᠡ ᠪᠡᠷ 2.19 ᠳ᠋ᠦᠩᠰᠢᠭᠤᠷ ᠬᠥᠮᠥᠨ ᠤᠳᠠᠭ᠎ᠠ ᠵᠦᠬᠡᠬᠡᠪᠦᠷᠢᠯᠡᠬᠦ ᠪᠤᠯᠤᠨ᠎ᠠ᠃

✦ ᠬᠦᠳᠡᠭᠡ ᠠᠵᠤ ᠠᠬᠤᠢ ᠬᠥᠳᠡᠭᠡ ᠲᠣᠰᠬᠣᠨ᠎ᠤ ᠶᠠᠮᠤᠨ ᠠ᠋ᠴᠠ ᠣᠢᠯᠠᠭᠠᠭᠰᠠᠨ ᠵᠢᠡᠷ᠂ 16 ᠤ᠋ ᠡᠳᠦᠷ ᠡᠴᠡ ᠡᠬᠢᠯᠡᠨ ᠪᠠᠺᠲᠧᠷᠢ ᠦᠬᠡᠢᠳᠡᠬᠦᠯᠦᠭᠰᠡᠨ ᠰᠦ᠂ ᠲᠤᠬᠠᠢᠯᠠᠪᠠᠯ ᠡᠩ᠎ᠦᠨ ᠳᠤᠯᠠᠭᠠᠴᠠᠳᠤ ᠴᠡᠪᠡᠷ ᠦᠨᠢᠶᠡᠨ ᠰᠦ ᠦᠢᠯᠡᠳᠪᠦᠷᠢᠯᠡᠬᠦ᠎ᠳᠦ ᠵᠥᠪᠬᠡᠨ ᠲᠦᠭᠦᠬᠡᠢ ᠰᠦ᠎ᠪᠡᠷ ᠴᠣᠷ᠎ᠤᠨ ᠭᠠᠭᠴᠠ ᠲᠦᠭᠦᠬᠡᠢ ᠮᠠᠲᠧᠷᠢᠶᠠᠯ ᠪᠣᠯᠭᠠᠵᠤ᠂ ᠠᠭᠤᠰᠬᠠᠮᠠᠯ ᠰᠦ ᠬᠡᠷᠡᠭᠯᠡᠬᠦ᠎ᠶᠢ ᠴᠠᠭᠠᠵᠠᠯᠠᠪᠠ᠃

✦ ᠠᠷᠪᠠᠨ ᠳᠥᠷᠪᠡᠳᠦᠭᠡᠷ ᠲᠠᠪᠤᠨ ᠵᠢᠯ᠎ᠦᠨ ᠲᠥᠯᠦᠪᠵᠢᠭᠦᠯᠭᠡ᠎ᠶᠢᠨ ᠬᠤᠭᠤᠴᠠᠭᠠᠨ ᠳ᠋ᠤ᠂ ᠮᠠᠨ᠎ᠤ ᠤᠯᠤᠰ᠎ᠤᠨ ᠬᠤᠳᠠ᠎ᠶᠢᠨ ᠵᠢᠮᠳᠤ ᠵᠠᠮ ᠬᠠᠷᠢᠯᠴᠠᠭ᠎ᠠ᠂ ᠡᠩ᠎ᠦᠨ ᠨᠡᠶ᠋ᠢᠲᠡ᠎ᠶᠢᠨ ᠵᠠᠮ ᠬᠠᠷᠢᠯᠴᠠᠭ᠎ᠠ᠂ ᠤᠳᠠᠭᠠᠨ ᠶᠠᠪᠤᠬᠤ ᠵᠠᠮ ᠬᠠᠷᠢᠯᠴᠠᠭᠠᠨ᠎ᠤ ᠲᠣᠣᠷ ᠠᠭᠤᠰᠤᠯᠴᠠᠨ ᠬᠥᠭᠵᠢᠪᠡ᠃ ᠣᠳᠣᠬᠠᠨ᠎ᠳᠤ ᠪᠥᠬᠥ ᠤᠯᠤᠰ᠎ᠲᠤ ᠨᠡᠶ᠋ᠢᠲᠡ 54 ᠬᠣᠲᠠ᠎ᠵᠢᠨ ᠵᠢᠮᠳᠤ ᠵᠠᠮ ᠬᠠᠷᠢᠯᠴᠠᠭᠠᠨ᠎ᠤ ᠱᠤᠭᠤᠮ᠎ᠢ 331 ᠨᠡᠪᠲᠡᠷᠡᠭᠦᠯᠦᠨ ᠡᠵᠡᠩᠨᠡᠵᠦ᠂ ᠤᠷᠳᠤ ᠨᠢ 1.1 ᠲᠦᠮᠡᠨ ᠺᠢᠯᠣᠮᠧᠲᠷ ᠲᠤ᠌᠎ᠬᠦᠷᠴᠦ᠂  ᠳᠡᠯᠡᠬᠡᠢ᠎ᠶᠢᠨ ᠲᠡᠷᠢᠭᠦᠨ᠎ᠳᠦ ᠣᠷᠣᠵᠤ ᠪᠠᠢᠨ᠎ᠠ᠃

✦ ᠲᠦᠷᠦᠭᠦᠬᠡᠨ ᠭᠣᠣᠯᠳᠠᠯᠭ᠎ᠠ᠎ᠲᠠᠢ 17 ᠮᠠᠰᠢᠨ ᠲᠡᠷᠭᠡᠨ᠎ᠦ ᠠᠵᠤ ᠠᠬᠤᠢᠯᠠᠯ᠎ᠤᠨ ᠬᠢᠨ ᠬᠠᠩᠭᠠᠯᠭ᠎ᠠ᠎ᠶᠢᠨ ᠬᠤᠳᠠᠯᠳᠤᠭᠠᠴᠢᠨ᠎ᠤ ᠪᠠᠷᠠᠭᠠᠨ᠎ᠤ ᠵᠣᠭᠣᠰ᠎ᠢ ᠲᠥᠯᠥᠬᠦ ᠲᠠᠩᠰᠠᠨ ᠬᠤᠭᠤᠴᠠᠭ᠎ᠠ᠎ᠶᠢ 60 ᠡᠳᠦᠷ᠎ᠡᠴᠡ ᠬᠡᠲᠦᠷᠡᠭᠦᠯᠬᠦ ᠦᠭᠡᠢ ᠭᠡᠵᠦ ᠠᠮᠠᠯᠠᠳᠠᠪᠠ᠃ ᠳᠤᠮᠳᠠᠳᠤ ᠤᠯᠤᠰ᠎ᠤᠨ ᠮᠠᠰᠢᠨ ᠲᠡᠷᠭᠡᠨ᠎ᠦ ᠠᠵᠤ ᠦᠢᠯᠡᠳᠪᠦᠷᠢ᠎ᠶᠢᠨ ᠨᠡᠢᠭᠡᠮᠯᠢᠭ 15᠎ᠤ ᠡᠳᠦᠷ ᠰᠠᠨᠠᠭᠠᠴᠢᠯᠠᠭ᠎ᠠ ᠭᠠᠷᠭᠠᠵᠥ᠂ ᠡᠳ᠋ ᠪᠠᠷᠠᠭ᠎ᠠ᠎ᠶᠢ ᠲᠤᠰᠢᠶᠠᠵᠤ ᠰᠢᠯᠭᠠᠨ ᠠᠪᠬᠤ᠂ ᠵᠣᠭᠣᠰ ᠮᠥᠩᠭᠥ ᠥᠭᠬᠦ ᠵᠡᠷᠭᠡ ᠱᠠᠭᠠᠷᠳᠠᠯᠭ᠎ᠠ᠎ᠶᠢ ᠲᠣᠳᠣᠷᠬᠠᠢᠯᠠᠵᠤ᠂ ᠲᠤᠰ ᠡᠳᠦᠷ᠎ᠲᠦ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠶᠠᠮᠤᠨ᠎ᠠᠴᠠ ᠬᠣᠢᠰᠢᠳᠠ ᠠᠵᠢᠯ ᠲᠦᠷᠦᠯ᠎ᠦᠨ ᠡᠮᠬᠢ ᠵᠢᠷᠣᠮ᠎ᠢ ᠴᠢᠨᠠᠭᠰᠢᠳᠠ ᠵᠢᠷᠤᠮᠵᠢᠭᠤᠯᠵᠤ᠂ ᠬᠠᠩᠭᠠᠯᠭ᠎ᠠ᠎ᠶᠢᠨ ᠬᠡᠯᠬᠢᠶ᠎ᠡ᠎ᠶᠢᠨ ᠲᠣᠭᠲᠠᠭᠤᠨ ᠪᠠᠢᠬᠤ᠎ᠶᠢ ᠪᠠᠲᠤᠯᠠᠨ᠎ᠠ ᠭᠡᠵᠦ ᠬᠠᠷᠢᠭᠤ ᠲᠤᠰᠬᠠᠪᠠ᠃


2.jpg


✦ ᠣᠳᠣᠬᠠᠨ᠎ᠳᠤ ᠪᠠᠶᠠᠠᠨᠠᠭᠤᠷ ᠬᠣᠲᠠ᠎ᠳᠤ 《ᠥᠪᠥᠷ ᠮᠣᠩᠭᠣᠯ ᠨᠡᠷᠡᠮᠵᠢᠲᠤ》 ᠲᠥᠷᠥᠯ ᠲᠡᠮᠳᠡᠭ᠎ᠤᠨ ᠭᠡᠷᠡᠴᠢᠯᠡᠯ᠎ᠲᠠᠢ ᠠᠵᠤ ᠠᠬᠤᠢᠯᠠᠯ ᠨᠡᠶ᠋ᠢᠲᠡ 16 ᠪᠠᠢᠵᠤ᠂ ᠠᠵᠤ ᠠᠬᠤᠢᠯᠠᠯ ᠨᠢᠭᠡᠪᠦᠷᠢ ᠳᠤᠮᠳᠠᠴᠢ᠎ᠪᠡᠷ 80 ᠭᠠᠷᠤᠶ ᠡᠷᠦᠬᠡ ᠲᠠᠷᠢᠶᠠᠴᠢᠨ᠎ᠢ ᠳᠠᠶ᠋ᠢᠴᠢᠯᠠᠨ ᠣᠷᠣᠯᠭ᠎ᠠ ᠎ᠶᠢ ᠨᠢ ᠨᠡᠮᠡᠭᠳᠡᠭᠦᠯᠵᠦ᠂ ᠵᠠᠬᠢᠶᠠᠯᠠᠭ᠎ᠠ᠎ᠶᠢᠨ ᠲᠠᠷᠢᠶᠠᠯᠠᠩ ᠤ᠋ᠨ ᠪᠦᠷᠬᠦᠴᠡ᠎ᠶᠢᠨ ᠨᠣᠷᠮ᠎ᠠ᠎ᠶᠢ 75% ᠪᠣᠯᠭᠠᠨ ᠳᠡᠭᠡᠭᠰᠢᠯᠡᠭᠦᠯᠵᠦ᠂ 1200 ᠭᠠᠷᠤᠢ ᠠᠵᠢᠯ᠎ᠤᠨ ᠪᠠᠢᠷᠢ ᠰᠢᠨ᠎ᠡ ᠪᠡᠷ ᠨᠡᠮᠡᠭᠳᠡᠭᠦᠯᠦᠭᠰᠡᠨ ᠪᠠᠢᠨ᠎ᠠ᠃

✦ ᠡᠨᠡ ᠨᠠᠮᠤᠷ ᠰᠥᠨᠢᠳ ᠪᠠᠷᠠᠭᠤᠨ ᠬᠣᠰᠢᠭᠤᠨ᠎ᠤ ᠵᠢᠷᠦᠬᠡ ᠪᠠᠯᠭᠠᠰᠣ᠎ᠵᠢᠨ ᠬᠣᠩᠭᠣᠷ ᠭᠠᠴᠠᠭ᠎ᠠ 5500 ᠮᠦ᠍ ᠬᠠᠮᠲᠤ᠎ᠶᠢᠨ ᠬᠠᠳᠤᠯᠠᠩ ᠡᠴᠠ᠎ᠪᠠᠨ ᠪᠠᠷᠤᠭ 300 ᠭᠠᠷᠤᠢ ᠲᠣᠨ ᠡᠪᠡᠰᠦ ᠬᠠᠳᠤᠵᠤ ᠨᠦᠭᠡᠴᠢᠯᠡᠨ᠂ ᠳᠠᠷᠠᠭ᠎ᠠ ᠵᠢᠯ᠎ᠤᠨ ᠬᠠᠪᠤᠷ᠎ᠤᠨ ᠬᠠᠰᠢᠶᠠᠯᠠᠭ᠎ᠠ ᠶ᠋ᠢᠨ ᠦᠶ᠎ᠡ᠎ᠪᠡᠷ ᠭᠠᠴᠠᠭᠠᠨ᠎ᠤ᠎ᠪᠠᠨ 14 ᠬᠣᠲᠠ ᠤᠰᠣᠨ᠎ᠳᠤ ᠲᠣᠰᠪᠣᠷᠢ 16 ᠲᠣᠨ ᠡᠪᠡᠰᠦ ᠵᠢ ᠬᠢᠮᠳᠠ ᠦᠨ᠎ᠡ᠎ᠪᠡᠷ ᠬᠤᠪᠢᠶᠠᠷᠢᠯᠠᠨ ᠥᠭᠬᠦ᠎ᠪᠡᠷ ᠲᠥᠯᠥᠪᠯᠡᠵᠦ ᠪᠠᠢᠨ᠎ᠠ᠃


QQ截图20250912101212.png


✦ 2025 ᠣᠨ᠎ᠳᠤ ᠲᠦᠨᠭᠯᠢᠶᠤᠤ ᠬᠣᠲᠠ᠎ᠶᠢᠨ ᠬᠥᠬᠡ ᠳᠠᠷᠤᠰᠢ᠎ᠶᠢᠨ ᠡᠷᠳᠡᠨᠢ ᠰᠢᠰᠢ ᠲᠠᠷᠢᠭ᠍ᠰᠠᠨ ᠲᠠᠯᠠᠪᠠᠢ 537 ᠲᠦᠮᠡᠨ ᠮᠦ᠍᠎ᠳᠦ ᠬᠦᠷᠴᠦ᠂ ᠪᠥᠬᠥ ᠣᠷᠣᠨ᠎ᠤ ᠬᠥᠬᠡ ᠳᠠᠷᠤᠰᠢ ᠳᠠᠷᠢᠭ᠍ᠰᠠᠨ ᠲᠠᠯᠠᠪᠠᠢ᠎ᠶᠢᠨ 1/3 ᠵᠢ ᠡᠵᠡᠯᠡᠪᠡ᠃ ᠡᠭᠦᠨ᠎ᠳᠦ ᠬᠣᠷᠴᠢᠨ ᠵᠡᠭᠦᠨ ᠭᠠᠷᠤᠨ ᠬᠣᠢᠲᠤ ᠬᠣᠰᠢᠭᠤ 190 ᠲᠦᠮᠡᠨ ᠮᠦ᠍ ᠬᠥᠬᠡ ᠳᠠᠷᠤᠰᠢ ᠲᠠᠷᠢᠵᠤ᠂ ᠶᠡᠷᠦᠩᠬᠡᠢ ᠲᠠᠯᠠᠪᠠᠢ᠎ᠶᠢᠨ 35.4% ᠵᠢ ᠡᠵᠡᠯᠡᠵᠡᠢ᠃

✦ 2025 ᠣᠨ᠎ᠳᠦ ᠨᠠᠢ᠍ᠮᠠᠨ ᠬᠣᠰᠢᠭᠤᠨ᠎ᠤ ᠦᠬᠡᠷ᠎ᠦᠨ ᠲᠣᠭ᠎ᠠ 55 ᠲᠦᠮᠡ᠎ᠳᠦ ᠬᠦᠷᠴᠦ᠂ ᠪᠥᠬᠥ ᠵᠢᠯ᠎ᠦᠨ ᠦᠬᠡᠷ᠎ᠦᠨ ᠬᠠᠰᠢᠶᠠᠯᠠᠯᠲᠠ 18.2 ᠲᠦᠮᠡ ᠳ᠋ᠤ ᠲᠣᠭᠲᠠᠪᠤᠷᠢᠵᠢᠵᠤ᠂ ᠬᠣᠰᠢᠭᠤᠨ᠎ᠳᠠᠭᠠᠨ 6000 ᠦᠬᠡᠷ᠎ᠢ ᠨᠢᠲᠤᠯᠵᠤ ᠡᠳ᠋ᠰᠢᠭᠦᠯᠦᠨ᠂ ᠡᠯ᠎ᠡ ᠲᠥᠷᠥᠯ᠎ᠦᠨ ᠦᠬᠡᠷ᠎ᠦᠨ ᠮᠢᠬᠠᠨ᠎ᠤ ᠪᠦᠲᠦᠭᠡᠭᠳᠡᠬᠦᠨ᠎ᠢ 1000 ᠲᠣᠨ᠎ᠠᠴᠠ ᠳᠡᠭᠡᠭᠰᠢ ᠦᠢᠯᠡᠳᠪᠦᠷᠢᠯᠡᠨ ᠪᠣᠷᠣᠯᠠᠭᠤᠯᠪᠠ᠃

✦ ᠤᠷᠳᠤᠰ ᠬᠤᠲᠠ᠎ᠵᠢᠨ 2025 ᠤᠨ᠎ᠤ 《ᠳᠤᠮᠳᠠᠳᠤ ᠤᠯᠤᠰ᠎ᠤᠨ ᠲᠠᠷᠢᠶᠠᠴᠢᠳ᠎ᠤᠨ ᠡᠯᠪᠡᠭ ᠬᠤᠷᠢᠶᠠᠯᠲᠠ᠎ᠵᠢᠨ ᠪᠠᠶᠠᠷ》 9 ᠰᠠᠷ᠎ᠠ᠎ᠵᠢᠨ 20᠎ᠤ ᠡᠳᠦᠷ᠎ᠡᠴᠡ 21᠎ᠤ ᠡᠳᠦᠷ ᠪᠤᠯᠲᠠᠯ᠎ᠠ ᠬᠠᠩᠭᠢᠨ ᠬᠤᠰᠢᠭᠤᠨ᠎ᠳᠦ ᠶᠠᠪᠤᠭᠳᠠᠬᠤ᠎ᠪᠡᠷ ᠪᠤᠢ᠃


4.JPG


✦ 9 ᠰᠠᠷ᠎ᠠ᠎ᠵᠢᠨ 17᠎ᠤ ᠡᠳᠦᠷ᠂ ᠪᠦᠬᠦ ᠤᠯᠤᠰ᠎ᠤᠨ ᠠᠵᠢᠯ ᠲᠥᠷᠥᠯ᠎ᠤᠨ ᠡᠷᠡᠭᠦᠯ ᠮᠡᠨᠳᠦ ᠵᠢᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ᠎ᠵᠢᠨ ᠤᠷᠤᠯᠳᠤᠭᠠᠨ ᠤ᠋ ᠥᠪᠡᠷᠲᠡᠭᠡᠨ ᠵᠠᠰᠠᠬᠤ ᠤᠷᠤᠨ᠎ᠤ ᠪᠡᠯᠡᠳᠬᠡᠯ ᠤᠷᠤᠯᠳᠤᠭᠠᠨ ᠵᠢᠴᠢ 2025 ᠤᠨ᠎ᠤ ᠪᠦᠬᠦ ᠤᠷᠤᠨ᠎ᠤ ᠬᠤᠶᠠᠳᠤᠭᠠᠷ ᠬᠤᠭᠤᠴᠠᠭᠠᠨ᠎ᠤ 《ᠠᠵᠢᠯ ᠲᠥᠷᠥᠯ᠎ᠤᠨ ᠡᠷᠡᠭᠦᠯ ᠮᠡᠨᠳᠦ ᠬᠤᠨᠳᠠᠭᠠᠲᠤ》 ᠠᠵᠢᠯ ᠲᠥᠷᠥᠯ᠎ᠤᠨ ᠡᠷᠡᠭᠦᠯ ᠮᠡᠨᠳᠦ᠎ᠵᠢᠨ ᠤᠷ᠎ᠠ ᠴᠢᠳᠠᠪᠤᠷᠢ᠎ᠵᠢᠨ ᠤᠷᠤᠯᠳᠤᠭᠠᠨ ᠤᠯᠠᠭᠠᠨᠬᠠᠳᠠ ᠬᠤᠳᠠ᠎ᠵᠢᠨ ᠤᠯᠠᠨ ᠤᠯᠤᠰ᠎ᠤᠨ ᠬᠤᠷᠠᠯ ᠦᠵᠡᠰᠬᠦᠯᠡᠩ᠎ᠤᠨ ᠲᠥᠪ᠎ᠲᠦ ᠶᠠᠪᠤᠭᠳᠠᠪᠠ᠃

 

5.JPG


ᠰᠣᠶᠣᠯ

✦ ᠤᠢᠷ᠎ᠠ ᠳ᠋ᠤ ᠣᠲᠤᠭ᠎ᠤᠨ ᠡᠮᠦᠨᠡᠲᠦ ᠬᠣᠰᠢᠭᠤᠨ᠎ᠤ ᠠᠩᠬᠠᠳᠤᠭᠠᠷ ᠬᠤᠭᠤᠴᠠᠭᠠᠨ ᠤ᠋ 《ᠨᠣᠮ ᠤ᠋ᠨ ᠴᠢᠭᠤᠯᠭᠠᠨ》 ᠨᠣᠮ ᠤᠩᠰᠢᠬᠤ ᠤᠷᠤᠯᠳᠤᠭᠠᠨ ᠠᠮᠵᠢᠯᠲᠠ ᠲᠠᠢ ᠶᠠᠪᠤᠭᠳᠠᠵᠤ᠂ ᠣᠷᠳᠣᠰ ᠬᠣᠲᠠ᠎ᠶᠢᠨ ᠪᠠᠷᠠᠭᠤᠨ ᠲᠠᠪᠤᠨ ᠬᠣᠰᠢᠭᠤ ᠲᠣᠭᠣᠷᠢᠭ᠋᠎ᠤᠨ ᠳᠤᠮᠳᠠᠳᠤ ᠰᠤᠷᠭᠠᠭᠤᠯᠢ᠎ᠶᠢᠨ ᠰᠤᠷᠤᠭ᠍ᠴᠢ᠂ ᠮᠠᠯᠴᠢᠨ ᠲᠠᠷᠢᠶᠠᠴᠢᠨ ᠵᠡᠷᠭᠡ 80 ᠭᠠᠷᠤᠢ ᠬᠥᠮᠦᠨ ᠣᠷᠣᠯᠴᠠᠵᠠᠢ᠃


6.jpg


ᠲᠠᠮᠢᠷ

✦ ᠣᠢᠷ᠎ᠠ᠎ᠳ᠋ᠤ 2025 ᠣᠨ᠎ᠤ ᠠᠽᠢᠶ᠎ᠠ ᠲᠢᠪ᠎ᠦᠨ ᠣᠯᠠᠨ ᠤᠯᠤᠰ᠎ᠤᠨ ᠲᠠᠭᠠᠮ᠎ᠠ ᠶ᠋ᠢᠨ ᠤᠷᠤᠯᠳᠤᠭᠠᠨ ᠶᠠᠫᠤᠨ᠎ᠤ ᠲᠣᠣᠺᠢᠤ᠋ ᠬᠣᠲᠠ ᠳ᠋ᠤ ᠶᠠᠪᠤᠭᠳᠠᠵᠤ᠂ ᠳᠤᠮᠳᠠᠳᠤ᠂ ᠮᠣᠩᠭᠣᠯ᠂ ᠶᠠᠫᠤᠨ ᠵᠡᠷᠭᠡ ᠤᠯᠤᠰ᠎ᠤᠨ 7 ᠲᠥᠯᠥᠭᠡᠯᠡᠭᠴᠢ᠎ᠶᠢᠨ ᠠᠩᠭᠢ ᠲᠤᠰ ᠤᠳᠠᠭᠠᠨ᠎ᠤ ᠤᠷᠤᠯᠳᠤᠭᠠᠨ᠎ᠳᠤ ᠣᠷᠣᠯᠴᠠᠵᠠᠢ᠃ ᠦᠵᠦᠮᠦᠴᠢᠨ ᠨᠤᠲᠤᠭ ᠲᠠᠢ ᠳᠤᠮᠳᠠᠳᠤ ᠤᠯᠤᠰ᠎ᠤᠨ ᠠᠩᠭᠢ ᠶ᠋ᠢᠨ ᠳᠠᠭᠠᠮ᠎ᠠ᠎ᠶᠢᠨ ᠲᠠᠮᠢᠷᠴᠢᠨ᠂ ᠳᠡᠯᠡᠬᠡᠢ᠎ᠶᠢᠨ ᠲᠠᠭᠠᠮ᠎ᠠ᠎ᠶᠢᠨ ᠠᠪᠤᠷᠭᠤ ᠰᠠᠶ᠎ᠠ ᠬᠤᠪᠢ ᠬᠥᠮᠥᠨ᠎ᠦ ᠣᠯᠣᠭᠰᠠᠨ ᠨᠡᠶ᠋ᠢᠲᠡ ᠬᠤᠪᠢ ᠪᠠᠷ᠎ᠢᠶᠠᠨ ᠲᠡᠷᠢᠭᠦᠯᠡᠵᠦ᠂ ᠠᠽᠢᠶ᠎ᠠ ᠲᠢᠪ᠎ᠦᠨ ᠣᠯᠠᠨ ᠤᠯᠤᠰ᠎ᠤᠨ ᠲᠠᠭᠠᠮ᠎ᠠ᠎ᠶᠢᠨ ᠤᠷᠤᠯᠳᠤᠭᠠᠨ ᠳ᠋ᠤ ᠬᠤᠪᠢ ᠬᠥᠮᠥᠨ᠎ᠦ ᠬᠢᠷᠢ ᠪᠦᠲᠦᠮᠵᠢ᠎ᠪᠡᠷ᠎ᠢᠶᠠᠨ ᠮᠠᠩᠯᠠᠢᠯᠠᠭᠰᠠᠨ ᠪᠠᠢᠨ᠎ᠠ᠃


7.jpg


✦ ᠭᠤᠷᠪᠠᠳᠤᠭᠠᠷ ᠬᠤᠭᠤᠴᠠᠭᠠᠨ᠎ᠤ 《ᠠᠷᠤ ᠬᠤᠷᠴᠢᠨ ᠬᠤᠳᠠᠭᠠᠲᠤ》 ᠮᠤᠩᠭᠤᠯ ᠪᠦᠬᠡ᠎ᠵᠢᠨ ᠮᠠᠩᠯᠠᠢ ᠰᠢᠯᠭᠠᠷᠠᠭᠤᠯᠬᠤ ᠤᠷᠤᠯᠳᠤᠭᠠᠨ 10 ᠰᠠᠷ᠎ᠠ᠎ᠵᠢᠨ 1᠎ᠤ ᠡᠳᠦᠷ ᠤᠯᠠᠭᠠᠨᠬᠠᠳᠠ ᠬᠤᠲᠠ᠎ᠵᠢᠨ ᠠᠷᠤ ᠬᠤᠷᠴᠢᠨ ᠬᠤᠰᠢᠭᠤᠨ᠎ᠳᠦ ᠶᠠᠪᠤᠭᠳᠠᠨ᠎ᠠ᠃

 

ᠳᠡᠯᠡᠬᠡᠢ

✦ ᠲᠥᠪ ᠲᠸᠯᠸᠢᠰ᠎ᠤᠨ ᠮᠡᠳᠡᠭᠡ᠎ᠶᠢ ᠦᠨᠳᠦᠰᠦᠯᠡᠪᠡᠯ᠂ ᠲᠤᠬᠠᠢ᠎ᠶᠢᠨ ᠭᠠᠵᠠᠷ᠎ᠤᠨ ᠴᠠᠭ᠎ᠢᠶᠠᠷ 17᠎ᠤ ᠡᠳᠦᠷ ᠰᠠᠦ᠋ᠳ᠋ ᠤ᠋ᠨ ᠠᠷᠠᠪ ᠪᠣᠯᠣᠨ ᠫᠠᠺᠢᠰᠲ᠋ᠠᠨ ᠨᠢᠭᠡᠨ ᠰᠡᠷᠭᠡᠢᠯᠡᠯᠲᠡ᠎ᠶᠢᠨ ᠬᠡᠯᠡᠯᠴᠡᠭᠡᠷ ᠲᠣᠭᠲᠠᠵᠤ᠂ ᠬᠡᠯᠡᠯᠴᠡᠭᠡᠷ᠎ᠲᠦ ᠲᠡᠳᠡᠨ᠎ᠦ ᠠᠯᠢ ᠨᠢᠭᠡᠨ ᠤᠯᠤᠰ ᠨᠢ ᠳᠠᠭᠠᠷᠢᠯᠲᠠ᠎ᠳᠦ ᠤᠴᠠᠷᠠᠪᠠᠯ ᠪᠦᠷ ᠬᠣᠶᠠᠷ ᠤᠯᠤᠰ ᠵᠢᠡᠷ ᠵᠢᠡᠨ ᠳᠠᠭᠠᠷᠢᠯᠲᠠ᠎ᠳᠦ᠎ᠤᠴᠠᠷᠠᠭᠰᠠᠨ᠎ᠵᠢᠡᠷ ᠦᠵᠡᠨ᠎ᠡ ᠭᠡᠵᠦ ᠲᠣᠭᠲᠠᠭᠠᠵᠠᠢ᠃


8.PNG


ᠦᠢᠯᠡᠴᠢᠯᠡᠭᠡ

✦ ᠥᠪᠥᠷ ᠮᠤᠩᠭᠤᠯ᠎ᠤᠨ ᠡᠳᠦᠷ᠎ᠤᠨ ᠰᠤᠨᠢᠨ᠎ᠤ ᠬᠤᠷᠢᠶ᠎ᠠ 27 ᠠᠵᠢᠯᠲᠠᠨ ᠡᠯᠰᠡᠵᠦ ᠪᠤᠢ᠃ 

 

ᠲᠠᠨ᠎ᠤ ᠲᠤᠰᠠ᠎ᠳᠤ

✦ ᠨᠠᠮᠤᠷ᠎ᠤᠨ ᠤᠯᠠᠷᠢᠯ ᠳ᠋ᠤ ᠴᠡᠭᠡ ᠤᠤᠭᠤᠬᠤ ᠳ᠋ᠤ ᠠᠨᠭᠬᠠᠷᠬᠤ ᠵᠦᠢᠯ᠄

ᠴᠡᠭᠡ ᠨᠢ ᠠᠭᠤᠰᠬᠢ᠎ᠶᠢ ᠰᠢᠮᠡᠵᠢᠭᠦᠯᠬᠦ ᠦᠢᠯᠡᠳᠦᠯ ᠲᠠᠢ ᠪᠠᠢᠵᠤ᠂ ᠠᠮᠠ ᠬᠠᠲᠠᠬᠤ᠂ ᠠᠷᠠᠰᠤ ᠬᠠᠭᠤᠷᠠᠢᠰᠢᠬᠤ ᠵᠡᠷᠭᠡ ᠢᠯᠡᠷᠡᠯ᠎ᠢ ᠨᠠᠮᠳᠠᠭᠤᠯᠤᠨ᠎ᠡ᠃ ᠤᠭᠤᠷᠠᠭ᠂ ᠰᠢᠪᠲᠦᠷᠲᠦ ᠬᠦᠴᠢᠯ᠂ ᠸᠢᠲ᠋ᠠᠮᠢᠨ ᠵᠢᠴᠢ ᠺᠠᠯᠼ᠂ ᠹᠣᠰᠹᠣᠷ ᠵᠡᠷᠭᠡ ᠡᠷᠦᠳᠡᠰᠦ ᠡᠯᠪᠡᠭ ᠠᠭᠤᠯᠤᠭᠳᠠᠵᠤ᠂ ᠰᠢᠩᠭᠡᠭᠡᠬᠦ᠎ᠳᠦ ᠠᠮᠠᠷᠬᠠᠨ ᠪᠠᠢᠵᠤ᠂ ᠪᠡᠶ᠎ᠡ ᠮᠠᠬᠠᠪᠤᠳ᠎ᠢ ᠴᠢᠭᠢᠷᠠᠭᠵᠢᠭᠤᠯᠤᠨ᠎ᠠ᠃ ᠢᠳᠡᠪᠬᠢ ᠰᠦᠨ ᠬᠦᠴᠢᠯ᠎ᠦᠨ ᠪᠠᠺᠲᠧᠷᠢ ᠵᠡᠷᠭᠡ ᠠᠰᠢᠭ᠍ᠲᠠᠢ ᠮᠢᠺᠷᠣᠪ ᠠᠭᠤᠯᠤᠭᠳᠠᠵᠤ᠂ ᠭᠡᠳᠡᠰᠦᠨ᠎ᠦ ᠪᠠᠺᠲᠧᠷᠢ᠎ᠶᠢᠨ ᠪᠦᠯᠦᠭ᠎ᠢ ᠲᠣᠬᠢᠷᠠᠭᠤᠯᠤᠨ᠂ ᠭᠡᠳᠡᠰᠦᠨ᠎ᠦ ᠠᠵᠢᠯᠯᠠᠭ᠎ᠠ᠎ᠶᠢ ᠰᠠᠢᠵᠢᠷᠠᠭᠤᠯᠬᠤ᠎ᠳᠤ ᠬᠠᠪᠰᠤᠷᠴᠤ᠂ ᠨᠠᠮᠤᠷ᠎ᠤᠨ ᠤᠯᠠᠷᠢᠯ᠎ᠳᠤ ᠦᠷᠭᠦᠯᠵᠢ ᠲᠣᠬᠢᠶᠠᠯᠳᠤᠳᠠᠭ ᠬᠣᠷᠭᠣᠰᠤᠯᠠᠬᠤ ᠵᠡᠷᠭᠡ ᠠᠰᠠᠭᠤᠳᠠᠯ᠎ᠢ ᠤᠷᠢᠳᠴᠢᠯᠠᠨ ᠰᠡᠷᠭᠡᠢᠯᠡᠨ᠎ᠡ᠃ ᠴᠡᠭᠡ ᠬᠡᠳᠦᠢᠪᠡᠷ ᠰᠠᠢᠨ ᠪᠣᠯᠪᠠᠴᠤ ᠬᠡᠲᠦᠷᠡᠲᠡᠯ᠎ᠡ ᠤᠤᠭᠤᠪᠠᠯ ᠬᠣᠳᠣᠭᠣᠳᠤ ᠭᠡᠳᠡᠰᠦ ᠡᠪ ᠦᠭᠡᠢ ᠪᠣᠯᠵᠤ ᠮᠡᠳᠡᠨ᠎ᠡ᠂ ᠶᠡᠷᠦ᠎ᠳᠡᠭᠡᠨ ᠡᠳᠦᠷ ᠪᠦᠷᠢ 200-300 ᠮᠢᠯᠢᠯᠢᠲᠷ ᠤᠤᠭᠤᠪᠠᠯ ᠵᠣᠬᠢᠨ᠎ᠠ᠃ ᠰᠦᠨ ᠰᠢᠬᠢᠷ᠂ ᠰᠦᠨ ᠪᠦᠲᠦᠭᠡᠭᠳᠡᠬᠦᠨ᠎ᠳᠦ ᠬᠠᠷᠰᠢᠬᠤ ᠬᠥᠮᠥᠨ ᠤᠤᠭᠤᠬᠤ᠎ᠠᠴᠠ ᠵᠠᠢᠯᠠᠰᠬᠢᠪᠡᠯ ᠵᠤᠬᠢᠨ᠎ᠠ᠃ ᠵᠢᠷᠮᠦᠰᠦᠨ ᠡᠮᠡᠭᠲᠡᠢ᠂ ᠨᠢᠯᠬ᠎ᠠ ᠬᠡᠦᠬᠡᠳ ᠪᠤᠶᠤ ᠤᠳᠠᠭᠠᠨ ᠴᠢᠨᠠᠷᠲᠠᠢ ᠡᠪᠡᠳᠴᠢᠨ᠎ᠲᠠᠢ ᠬᠥᠮᠥᠨ ᠤᠤᠭᠤᠬᠤ ᠡᠴᠠ᠎ᠪᠠᠨ ᠡᠮᠦᠨ᠎ᠡ ᠡᠮᠴᠢ᠎ᠶᠢᠨ ᠰᠠᠨᠠᠯ᠎ᠢ ᠠᠰᠠᠭᠤᠪᠠᠯ ᠳᠤᠬᠢᠷᠠᠮᠵᠢᠳᠠᠢ᠃


QQ截图20250828104424.png

 

ᠵᠠᠯᠭᠠᠭᠠᠳ 《ᠳᠠᠯᠠᠢ ᠪᠠᠶᠠᠨ ᠵᠢᠷᠭᠠᠭᠠᠷᠠᠢ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠤ  ᠪᠠᠶᠠᠷᠯᠠᠯ᠎ᠠ᠂  ᠪᠠᠶᠠᠷᠳᠠᠢ!

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)

ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号