1 ᠰᠠᠷ᠎ᠠ ᠵᠢᠨ 14 ᠎ᠤ ᠡᠳᠤᠷ
ᠡᠬᠢᠯᠡᠬᠦ᠌ ᠴᠠᠭ᠄
2026-01-14 10:37:27
ᠨᠠᠶ᠋ᠢᠷᠠᠭᠤᠯᠤᠭᠴᠢ ᠄

ᠨᠡᠪᠲᠡᠷᠡᠬᠦᠯᠦᠭᠴᠢ ᠄

ᠮᠡᠷᠭᠡᠵᠢᠯ ᠄

ᠤᠩᠰᠢᠭᠰᠠᠨ ᠤᠳᠠᠭ᠎ᠠ᠄


ᠨᠡᠢᠭᠡᠮ


✦12᠎ᠤᠨ ᠡᠳᠦᠷ᠂ ᠵᠦᠨᠭ ᠺᠸ ᠢᠦᠢ ᠬᠠᠡᠭ ᠰᠠᠨᠰᠠᠷ᠎ᠤᠨ ᠠᠶᠠᠯᠠᠯ᠎ᠤᠨ ᠮᠡᠷᠭᠡᠵᠢᠯ ᠤ᠋ᠨ ᠬᠢᠵᠠᠭᠠᠷᠲᠤ ᠺᠤᠮᠫᠠᠨᠢ ᠵᠢᠨ ᠰᠤᠳᠤᠯᠤᠨ ᠦᠢᠯᠡᠳᠦᠭᠰᠡᠨ ᠯᠢ ᠬᠣᠩ ᠨᠢᠭᠡᠳᠦᠭᠡᠷ ᠨᠣᠮᠧᠷᠲᠤ ᠨᠢᠰᠦᠭᠦᠷ ᠵᠢᠦᠴᠢᠦᠸᠠᠨ ᠎ᠤ ᠳᠠᠭᠠᠭᠤᠯᠢ ᠣᠳᠣ ᠬᠠᠷᠪᠤᠬᠤ ᠲᠥᠪ᠎ᠲᠦ ᠳᠡᠳ᠋ ᠲᠣᠭᠣᠷᠢᠯ ᠵᠠᠮ ᠎ᠤᠨ ᠨᠢᠰᠦᠯᠲᠡ ᠶ᠋ᠢᠨ ᠲᠤᠷᠰᠢᠯᠲᠠ ᠶ᠋ᠢᠨ ᠡᠭᠦᠷᠭᠡ ᠎ᠪᠡᠨ ᠲᠡᠭᠦᠰ ᠠᠮᠵᠢᠯᠲᠠ᠎ᠲᠠᠢ ᠪᠡᠶᠡᠯᠡᠭᠦᠯᠵᠦ᠂ ᠡᠭᠡᠬᠦ ᠮᠠᠶᠢᠭ᠋ ᠎ᠤᠨ ᠠᠴᠢᠶᠠᠨ ᠤ᠋ ᠥᠷᠥᠭᠡ ᠶ᠋ᠢ ᠤᠷᠤᠭᠰᠢᠲᠠᠢ᠎ᠪᠠᠷ ᠭᠠᠵᠠᠷᠳᠠᠭᠤᠯᠪᠠ᠃

✦ᠵᠠᠬ᠎ᠠ ᠳᠡᠯᠭᠡᠭᠦᠷ ᠎ᠦᠨ ᠬᠢᠨᠠᠯᠲᠠ ᠬᠠᠮᠢᠶᠠᠷᠤᠯᠲᠠ ᠎ᠶᠢᠨ ᠶᠡᠷᠦᠩᠬᠡᠢ ᠲᠣᠪᠴᠢᠶ᠎ᠠ᠎ᠶᠢᠨ ᠪᠦᠷᠢᠳᠬᠡᠯ᠎ᠢᠶᠡᠷ᠂ 2025 ᠣᠨ ᠳ᠋ᠤ ᠤᠯᠤᠰ ᠎ᠤᠨ ᠪᠠᠷᠢᠮᠵᠢᠶ᠎ᠠ ᠶ᠋ᠢᠨ ᠪᠥᠬᠥ ᠵᠤᠬᠢᠶᠠᠯ᠎ᠢ ᠰᠦᠢᠳᠬᠡᠯ ᠬᠤᠷᠢᠶᠠᠬᠤ ᠦᠭᠡᠢ᠎ᠪᠡᠷ ᠪᠠᠭᠤᠯᠭᠠᠨ ᠠᠪᠴᠤ ᠪᠣᠯᠬᠤ ᠲᠣᠭ᠎ᠠ ᠬᠡᠮᠵᠢᠶ᠎ᠡ 32000 ᠭᠠᠷᠤᠢ ᠵᠦᠢᠯ ᠪᠣᠯᠵᠤ᠂ ᠪᠥᠬᠥ ᠵᠢᠯ᠎ᠦᠨ ᠭᠦᠶᠦᠯᠭᠡᠨ ᠤᠨᠭᠰᠢᠭᠰᠠᠨ ᠬᠡᠮᠵᠢᠶ᠎ᠡ 1 ᠳ᠋ᠦᠩᠰᠢᠭᠤᠷ ᠭᠠᠷᠤᠢ ᠤᠳᠠᠭ᠎ᠠ ᠬᠦᠷᠴᠡᠢ᠃ ᠣᠶᠤᠨᠲᠤ ᠬᠤᠳᠠ᠂ ᠠᠶᠤᠯᠭᠦᠢ ᠦᠢᠯᠡᠳᠪᠦᠷᠢᠯᠡᠯ ᠵᠡᠷᠭᠡ ᠲᠠᠯ᠎ᠠ᠎ᠶᠢᠨ ᠪᠠᠷᠢᠮᠵᠢᠶ᠎ᠠ᠎ᠶᠢ ᠰᠦᠯᠵᠢᠶᠡᠨ ᠳᠡᠭᠡᠷ᠎ᠡ ᠤᠩᠰᠢᠭ᠍ᠰᠠᠨ ᠬᠡᠮᠵᠢᠶ᠎ᠡ ᠪᠠ ᠪᠠᠭᠤᠯᠭᠠᠭᠰᠠᠨ ᠬᠡᠮᠵᠢᠶ᠎ᠡ ᠦᠷᠭᠦᠯᠵᠢᠯᠡᠨ ᠥᠨᠳᠥᠷ ᠪᠠᠢᠷᠢᠨ᠎ᠳᠤ ᠪᠠᠢᠨ᠎ᠠ᠃


640 (1).png


✦ᠵᠠᠮ ᠬᠠᠷᠢᠯᠴᠠᠭ᠎ᠠ ᠲᠡᠭᠡᠭᠡᠪᠦᠷᠢ ᠎ᠶᠢᠨ ᠶᠠᠮᠤᠨ ᠤ᠋ ᠮᠡᠳᠡᠭᠡ ᠵᠢ ᠦᠨᠳᠦᠰᠦᠯᠡᠪᠡᠯ᠂ 2025 ᠣᠨ ᠪᠣᠯᠲᠠᠯ᠎ᠠ ᠮᠠᠨ᠎ᠤ ᠤᠯᠤᠰ᠎ᠤᠨ ᠲᠥᠪ ᠬᠣᠲᠠ ᠳ᠋ᠤ ᠨᠠᠰᠤᠲᠠᠨ᠎ᠢᠶᠠᠨ ᠬᠦᠨᠳᠦᠯᠡᠵᠦ ᠨᠠᠰᠤᠲᠠᠨ᠎ᠢᠶᠠᠨ ᠬᠠᠢᠷᠠᠯᠠᠬᠤ ᠨᠡᠶ᠋ᠢᠲᠡ᠎ᠶᠢᠨ ᠮᠠᠰᠢᠨ ᠲᠡᠷᠭᠡᠨ᠎ᠦ ᠵᠠᠮ ᠱᠤᠭᠤᠮ᠎ᠢ ᠨᠡᠶ᠋ᠢᠲᠡ 1450 ᠨᠠᠪᠲᠠᠷᠡᠭᠦᠯᠵᠦ᠂ ᠨᠡᠶ᠋ᠢᠲᠡ ᠶ᠋ᠢᠨ ᠮᠠᠰᠢᠨ ᠲᠡᠷᠭᠡᠨ᠎ᠦ ᠵᠠᠮ ᠱᠤᠭᠤᠮ᠎ᠢ 1.1 ᠲᠦᠮᠡ ᠭᠠᠷᠤᠢ ᠳᠤᠬᠢᠷᠠᠭᠤᠯᠪᠠ᠃

✦ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ ᠎ᠶᠢᠨ ᠲᠢᠩᠬᠢᠮ ᠡᠴᠡ ᠣᠢᠯᠠᠭᠠᠭᠰᠠᠨ ᠵᠢᠡᠷ᠂ 2025 ᠣᠨ᠎ᠳᠤ ᠥᠪᠥᠷ ᠮᠣᠩᠭᠣᠯ ᠬᠣᠲᠠ ᠪᠠᠯᠭᠠᠰᠤᠨ ᠤ᠋ 1291 ᠬᠠᠭᠤᠴᠢᠨ ᠰᠠᠭᠤᠭᠠᠯᠢ ᠲᠣᠭᠣᠷᠢᠭ᠋᠂ 24.61 ᠲᠦᠮᠡᠨ ᠡᠷᠦᠬᠡ᠎ᠶᠢ ᠥᠭᠡᠷᠡᠴᠢᠯᠡᠨ ᠪᠠᠶ᠋ᠢᠭᠤᠯᠬᠤ᠎ᠪᠠᠷ ᠲᠥᠯᠥᠪᠯᠡᠵᠦ᠂ ᠣᠨ᠎ᠤ ᠡᠴᠦᠰ ᠪᠣᠯᠲᠠᠯ᠎ᠠ ᠨᠡᠢᠳᠡ 895 ᠲᠦᠷᠦᠯ ᠵᠦᠢᠯ᠂ 17.9 ᠲᠦᠮᠡᠨ ᠡᠷᠦᠬᠡ᠎ᠶᠢᠨ ᠠᠵᠢᠯ᠎ᠢ ᠳᠠᠭᠤᠰᠬᠠᠵᠤ᠂ ᠠᠵᠢᠯ ᠳᠠᠭᠤᠰᠬᠠᠭᠰᠠᠨ ᠨᠣᠷᠮ᠎ᠠ 69.3% ᠪᠠᠢᠵᠤ᠂ 43.3 ᠳ᠋ᠦᠩᠰᠢᠭᠤᠷ ᠲᠥᠭᠥᠷᠢᠭ᠎ᠦᠨ ᠪᠡᠯᠡ ᠣᠷᠣᠭᠤᠯᠤᠯᠲᠠ᠎ᠶᠢ ᠪᠡᠶᠡᠯᠡᠭᠦᠯᠪᠡ᠃


640 (3).jpg


✦2025 ᠣᠨ᠎ᠳᠤ᠂ ᠪᠦᠬᠦ ᠣᠷᠣᠨ᠎ᠤ ᠡᠯ᠎ᠡ ᠱᠠᠲᠤᠨ᠎ᠤ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ ᠡᠯ᠎ᠡ ᠲᠦᠷᠦᠯ᠎ᠦᠨ ᠬᠢᠯᠢ ᠠᠯᠤᠰᠯᠠᠨ ᠵᠣᠭᠣᠰ ᠮᠥᠷᠥᠢᠴᠡᠭᠰᠡᠨ ᠬᠡᠷᠡᠭ᠎ᠢ ᠨᠡᠢ᠍ᠢᠳᠡ 159 ᠲᠠᠩᠨᠠᠨ ᠰᠢᠢᠳᠪᠦᠷᠢᠯᠡᠵᠦ᠂ 631 ᠶᠠᠯ᠎ᠠ ᠬᠢᠭᠰᠡᠨ ᠰᠡᠵᠢᠭᠲᠡᠨ᠎ᠢ ᠪᠠᠷᠢᠪᠴᠢᠯᠠᠨ᠂ ᠬᠡᠷᠡᠭ᠎ᠲᠦ ᠬᠣᠯᠪᠣᠭᠳᠠᠭᠰᠠᠨ 7000 ᠭᠠᠷᠤᠢ ᠲᠦᠮᠡᠨ ᠲᠥᠭᠥᠷᠢᠭ᠎ᠦᠨ ᠪᠡᠯᠡ ᠮᠥᠩᠭᠥ᠎ᠶᠢ ᠪᠠᠢᠴᠠᠭᠠᠨ ᠬᠤᠷᠢᠶᠠᠪᠡ᠃

✦ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ ᠠ᠋ᠴᠠ ᠣᠢᠯᠠᠭᠠᠭᠰᠠᠨ ᠵᠢᠡᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠪᠡᠨ ᠳᠠᠭᠠᠭᠠᠵᠤ ᠰᠤᠳᠤᠯᠤᠨ ᠨᠡᠭᠡᠭᠡᠭᠰᠡᠨ ᠲᠣᠰᠣ᠌ ᠨᠡᠮᠡᠬᠦ ᠥᠷᠲᠡᠭᠡ᠎ᠶᠢᠨ ᠦᠨᠡᠨᠴᠢ ᠢᠲᠡᠭᠡᠮᠵᠢᠲᠡᠢ ᠪᠡᠷ ᠡᠵᠡᠩᠨᠡᠬᠦ ᠬᠢᠨᠠᠯᠲᠠ ᠬᠠᠮᠢᠶᠠᠷᠤᠯᠲᠠ᠎ᠶᠢᠨ ᠲᠠᠪᠴᠠᠩ ᠨᠢ ᠰᠠᠯᠠᠭ᠎ᠠ ᠮᠥᠴᠢᠷ ᠠᠯᠤᠰᠯᠠᠨ ᠲᠤᠬᠠᠢ᠎ᠶᠢᠨ ᠴᠠᠭ ᠲᠤᠨᠢ ᠬᠢᠨᠠᠨ ᠬᠠᠮᠢᠶᠠᠷᠬᠤ᠂ ᠪᠥᠬᠥ ᠲᠣᠭ᠎ᠠ ᠪᠠᠷᠢᠮᠲᠠ᠎ᠶᠢ ᠬᠢᠨᠠᠨ ᠬᠡᠮᠵᠢᠬᠦ᠎ᠪᠡᠷ ᠳᠡᠮᠵᠢᠨ ᠬᠡᠰᠡᠭ ᠲᠣᠰᠣ᠌ ᠨᠡᠮᠡᠬᠦ ᠥᠷᠲᠡᠭᠡ᠎ᠶᠢᠨ ᠲᠣᠭᠲᠠᠭᠠᠯ ᠠ᠋ᠴᠠ ᠵᠥᠷᠢᠴᠡᠭᠰᠡᠨ ᠦᠶ᠋ᠯᠡ ᠠᠵᠢᠯᠯᠠᠭ᠎ᠠ᠎ᠶᠢ ᠪᠦᠲᠦᠮᠵᠢᠳᠡᠢ ᠬᠤᠷᠢᠬᠯᠠᠪᠠ᠃ ᠣᠳᠣᠬᠠᠨ᠎ᠳᠤ ᠲᠣᠰ ᠲᠠᠪᠴᠠᠩ ᠨᠢ ᠪᠥᠬᠥ ᠣᠷᠣᠨ ᠤ᠋ ᠮᠢᠩᠭ᠎ᠠ ᠭᠠᠷᠤᠢ ᠲᠣᠰᠣ᠌ ᠨᠡᠮᠡᠬᠦ ᠥᠷᠲᠡᠭᠡ ᠵᠢ ᠬᠠᠮᠤᠷᠴᠤ᠂ ᠪᠥᠬᠥ ᠤᠯᠤᠰ᠎ᠤᠨ 30 ᠮᠤᠵᠢ(ᠣᠷᠣᠨ᠂ ᠬᠣᠲᠠ)ᠳ᠋ᠤ ᠮᠡᠷᠭᠡᠵᠢᠯ᠎ᠦᠨ ᠲᠤᠯᠭᠠᠭᠤᠷᠢᠯᠠᠯ ᠬᠠᠩᠭᠠᠵᠤ ᠪᠠᠢᠨ᠎ᠠ ᠃


640 (2).png


✦ᠲᠦᠩᠯᠢᠶᠣᠣ ᠬᠤᠲᠠ《ᠮᠢᠬᠠᠨ ᠤ᠋ ᠦᠬᠡᠷ᠎ᠦᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠦᠢᠯᠡᠴᠢᠯᠡᠭᠡᠨ᠎ᠦ ᠤᠯᠠᠭ᠎ᠠ ᠥᠷᠲᠡᠭᠡ》ᠵᠢ  ᠰᠢᠨ᠎ᠡ᠎ᠪᠡᠷ 14 ᠪᠠᠢᠭᠤᠯᠵᠤ᠂《ᠲᠤᠰᠬᠠᠢ ᠮᠡᠷᠭᠡᠵᠢᠯᠲᠡᠨ ᠬᠠᠷᠢᠭᠤᠴᠠᠬᠤ ᠳᠦᠷᠢᠮ》᠎ᠢ ᠬᠡᠷᠡᠭᠵᠢᠭᠦᠯᠤᠨ᠂ ᠡᠯ᠎ᠡ ᠲᠥᠷᠥᠯ ᠎ᠦᠨ ᠪᠣᠯᠪᠠᠰᠤᠷᠠᠯ ᠪᠠ ᠮᠡᠷᠭᠡᠵᠢᠯ᠎ᠦᠨ ᠵᠢᠯᠣᠭᠣᠳᠤᠯᠭ᠎ᠠ᠎ᠶᠢ ᠨᠡᠢ᠍ᠢᠲᠡ 2703 ᠤᠳᠠᠭ᠎ᠠ ᠥᠷᠨᠢᠭᠦᠯᠵᠦ᠂  ᠮᠡᠷᠭᠡᠵᠢᠯ᠎ᠦᠨ ᠬᠠᠮᠢᠶᠠᠲᠠᠢ 1064 ᠬᠦᠴᠢᠷ ᠠᠰᠠᠭᠤᠳᠠᠯ᠎ᠳᠤ ᠬᠠᠷᠢᠭᠤᠯᠲᠠ ᠥᠭᠪᠡ᠃

 

ᠠᠵᠤ ᠠᠬᠤᠢ  

✦ᠵᠠᠬ᠎ᠠ ᠳᠡᠯᠭᠡᠭᠦᠷ ᠎ᠦᠨ ᠬᠢᠨᠠᠯᠲᠠ ᠬᠠᠮᠢᠶᠠᠷᠤᠯᠲᠠ ᠎ᠶᠢᠨ ᠶᠡᠷᠦᠩᠬᠡᠢ ᠲᠣᠪᠴᠢᠶ᠎ᠠ ᠮᠡᠳᠡᠭᠳᠡᠯ ᠳᠠᠷᠤᠮᠠᠯᠯᠠᠨ ᠲᠠᠷᠬᠠᠭᠠᠵᠤ᠂《ᠡᠵᠡᠩᠨᠡᠯᠲᠡ᠎ᠶᠢᠨ ᠭᠣᠣᠯ ᠴᠣᠭᠴᠠ᠎ᠶᠢ ᠳᠠᠩᠰᠠᠯᠠᠭᠣᠯᠬᠣ ᠪᠢᠴᠢᠭ ᠪᠠᠷᠢᠮᠳᠠ᠎ᠶᠢᠨ ᠵᠢᠷᠤᠮᠵᠢᠯ(2026 ᠣᠨ ᠤ᠋ ᠬᠡᠪᠯᠡᠯ)》 ᠪᠠ《ᠡᠵᠡᠩᠨᠡᠯᠲᠡ᠎ᠶᠢᠨ ᠭᠣᠣᠯ ᠴᠣᠭᠴᠠ᠎ᠶᠢ  ᠳᠠᠩᠰᠠᠯᠠᠭᠣᠯᠬᠣ ᠳ᠋ᠦ ᠲᠤᠰᠢᠶᠠᠬᠤ ᠮᠠᠲᠧᠷᠢᠶᠠᠯ᠎ᠤᠨ ᠵᠢᠷᠤᠮᠵᠢᠯ(2026 ᠣᠨ᠎ᠤ ᠬᠡᠪᠯᠡᠯ)》ᠢ᠋ ᠨᠡᠢᠲᠡᠯᠡᠵᠦ᠂ ᠡᠵᠡᠩᠨᠡᠯᠲᠡ᠎ᠶᠢᠨ ᠭᠣᠣᠯ ᠴᠣᠭᠴᠠ᠎ᠶᠢ ᠳᠠᠩᠰᠠᠯᠠᠭᠣᠯᠬᠣ ᠠᠵᠢᠯ ᠤ᠋ᠨ ᠪᠠᠷᠢᠮᠵᠢᠶᠠᠵᠢᠭᠤᠯᠤᠯᠲᠠ᠂ ᠵᠢᠷᠤᠮᠵᠢᠭᠤᠯᠤᠯᠲᠠ᠎ᠶᠢ ᠦᠷᠭᠦᠯᠵᠢᠯᠡᠨ ᠠᠬᠢᠭᠤᠯᠪᠡ᠃


640 (1).jpg

✦2023 ᠣᠨ᠎ᠳᠤ ᠰᠢᠯᠢ᠎ᠶᠢᠨ ᠭᠣᠣᠯ ᠠᠢᠮᠠᠭ᠎ᠤᠨ ᠬᠢᠨ ᠰᠢᠯᠢ᠎ᠶᠢᠨ ᠭᠣᠣᠯ᠎ᠤᠨ ᠪᠢᠰᠢᠯᠠᠭ᠎ᠤᠨ ᠲᠦᠷᠦᠯ ᠲᠡᠮᠳᠡᠭ᠎ᠢ ᠨᠡᠢᠲᠡᠯᠡᠵᠦ᠂ 2025 ᠣᠨ ᠪᠣᠯᠬᠤ᠎ᠳᠤ ᠦᠢᠯᠡᠳᠬᠦᠨ᠎ᠦ ᠵᠢᠯ᠎ᠦᠨ ᠭᠠᠷᠤᠯᠲᠠ 2500 ᠲᠣᠨ᠎ᠳᠤ ᠬᠦᠷᠴᠦ᠂ ᠲᠦᠷᠦᠯ ᠲᠡᠮᠳᠡᠭ᠎ᠦᠨ ᠦᠷᠳᠡᠭ 43 ᠳ᠋ᠦᠩᠰᠢᠭᠤᠷ ᠲᠥᠭᠥᠷᠢᠭ᠎ᠲᠦ ᠬᠦᠷᠴᠡᠢ᠃

✦2025 ᠣᠨ᠎ᠳᠤ᠂ ᠪᠠᠶᠠᠨᠨᠠᠭᠤᠷ ᠬᠣᠲᠠ 33 ᠲᠣᠰᠬᠣᠨ᠎ᠳᠤ ᠨᠢᠭᠡᠳᠦᠯᠲᠡᠢ ᠳᠠᠷᠢᠵᠤ ᠬᠠᠮᠲᠤ᠎ᠪᠠᠷ ᠪᠠᠶᠠᠵᠢᠬᠤ ᠵᠠᠭᠪᠤᠷ᠎ᠢ ᠳᠡᠯᠭᠡᠷᠡᠭᠦᠯᠵᠦ᠂ ᠲᠣᠰᠬᠣᠨ ᠤ᠋ ᠬᠠᠮᠲᠤ ᠨᠡᠶ᠋ᠢᠲᠡ ᠪᠠ ᠦᠢᠯᠡᠴᠢᠯᠡᠭᠡᠨ᠎ᠦ ᠵᠣᠬᠢᠶᠠᠨ ᠪᠠᠢᠭᠤᠯᠤᠯᠲᠠ᠎ᠶᠢ ᠬᠥᠲᠥᠯᠥᠨ ᠵᠢᠯᠤᠭᠣᠳᠴᠤ《ᠲᠠᠪᠤ ᠵᠢ ᠨᠢᠭᠡᠳᠦᠯᠲᠡᠢ ᠪᠠᠢᠯᠭᠠᠬᠤ》ᠨᠡᠢᠭᠡᠮᠴᠢᠯᠡᠭᠰᠡᠨ ᠦᠢᠯᠡᠴᠢᠯᠡᠭᠡ ᠬᠠᠨᠭᠭᠠᠵᠤ᠂ 28.97 ᠲᠦᠮᠡᠨ ᠮᠦ᠍ ᠭᠠᠵᠠᠷ ᠎ᠲᠤ᠌ ᠨᠢᠭᠡᠳᠦᠯᠲᠡᠢ ᠳᠠᠷᠢᠵᠣ᠂ 860 ᠭᠠᠷᠤᠢ ᠲᠠᠷᠢᠶᠠᠯᠠᠬᠣ ᠡᠷᠦᠬᠡ᠎ᠶᠢ ᠳᠠᠶ᠋ᠢᠴᠢᠯᠠᠨ᠂ ᠲᠠᠷᠢᠶᠠᠯᠠᠩ᠎ᠤᠨ ᠦᠷ᠎ᠡ ᠠᠰᠢᠭ᠋᠎ᠢ ᠨᠡᠮᠡᠭᠳᠡᠭᠦᠯᠬᠦ᠂ ᠮᠠᠯᠴᠢᠨ ᠲᠠᠷᠢᠶᠠᠴᠢᠨ᠎ᠤ ᠣᠷᠣᠯᠭ᠎ᠠ᠎ᠶᠢ ᠨᠡᠮᠡᠭᠳᠡᠭᠦᠯᠬᠦ᠎ᠶᠢ ᠦᠷᠭᠦᠯᠵᠢᠯᠡᠨ ᠠᠬᠢᠭᠤᠯᠪᠠ᠃


640.png

 

ᠰᠤᠶᠤᠯ 

✦ᠤᠢᠷ᠎ᠠ ᠳ᠋ᠤ ᠠᠯᠠᠱᠠ ᠠᠢᠮᠠᠭ᠎ᠤᠨ ᠠᠷᠠᠳ᠎ᠤᠨ ᠳᠠᠭᠤᠴᠢᠳ᠎ᠤᠨ ᠨᠡᠢᠭᠡᠮᠯᠢᠭ᠎ᠤᠨ ᠭᠤᠴᠢᠭᠠᠳ ᠬᠦᠮᠦᠨ ᠪᠡᠭᠡᠵᠢᠩ᠎ᠳᠦ ᠶᠠᠪᠤᠭᠳᠠᠭᠰᠠᠨ ᠲᠥᠪ ᠲᠧᠯᠸᠢᠰ᠎ᠦᠨ 2026 ᠣᠨ᠎ᠤ ᠨᠠᠰᠤᠲᠠᠢᠴᠤᠳ᠎ᠤᠨ ᠴᠠᠭᠠᠨ ᠰᠠᠷ᠎ᠠ᠎ᠶᠢᠨ ᠦᠳᠡᠰᠢᠯᠡᠭᠡ᠎ᠶᠢᠨ ᠪᠡᠯᠡᠳᠬᠡᠯ ᠪᠣᠯᠪᠠᠰᠤᠷᠠᠯ᠎ᠳᠤ ᠣᠷᠣᠯᠴᠠᠵᠤ᠂ ᠲᠤᠰ ᠦᠳᠡᠰᠢᠯᠡᠭᠡ ᠳ᠋ᠤ ᠠᠯᠠᠱᠠ ᠠᠷᠠᠳ᠎ᠤᠨ ᠣᠷᠳᠣ᠌ ᠎ᠶᠢᠨ ᠳᠠᠭᠤᠤ《ᠥᠩ ᠥᠷᠭᠡᠨ ᠠᠯᠠᠱᠠ》 ᠪᠣᠯᠣᠨ 《ᠮᠠᠭᠲᠠᠭᠠᠯ ᠳᠠᠭᠤᠤ 》 ᠭᠡᠬᠦ ᠬᠣᠶᠠᠷ ᠠᠶ᠎ᠠ ᠳᠠᠭᠤᠨ ᠳᠡᠭᠡᠷ᠎ᠡ ᠬᠤᠪᠴᠠᠰᠤᠨ ᠦᠵᠡᠭᠦᠯᠭᠡ ᠭᠠᠷᠭᠠᠵᠤ᠂ ᠡᠭᠦᠨ᠎ᠦ ᠵᠡᠷᠭᠡ ᠪᠡᠷ 《ᠡᠵᠡᠨ᠎ᠡ ᠲᠠᠤᠯᠠᠢ᠎ᠶᠢᠨ ᠤᠰᠤ》 ᠭᠡᠬᠦ ᠬᠣᠶᠠᠷ ᠲᠣᠭᠯᠠᠯᠲᠠ ᠭᠠᠷᠭᠠᠬᠤ᠎ᠪᠠᠷ ᠪᠣᠶ᠃

✦ᠤᠢᠷ᠎ᠠ ᠳ᠋ᠤ 2026 ᠣᠨ᠎ᠤ ᠰᠢᠨ᠎ᠡ ᠪᠠᠷᠭᠤ ᠵᠡᠭᠦᠨ ᠬᠣᠰᠢᠭᠤᠨ᠎ᠤ  ᠪᠣᠳᠠᠰ᠎ᠤᠨ ᠪᠤᠰᠤ ᠰᠣᠶᠣᠯ᠎ᠤᠨ ᠥᠪ (ᠪᠠᠷᠭᠤ ᠬᠤᠪᠴᠠᠰᠤ ᠵᠠᠰᠠᠯ)᠎ᠤᠨ ᠤᠷ᠎ᠠ ᠮᠡᠷᠭᠡᠵᠢᠯ᠎ᠦᠨ ᠤᠷᠤᠯᠳᠤᠭᠠᠨ ᠶᠠᠪᠤᠭᠳᠠᠵᠤ᠂ ᠤᠯᠠᠮᠵᠢᠯᠠᠯᠲᠤ ᠮᠣᠩᠭᠣᠯ ᠲᠡᠷᠯᠢᠭ ᠣᠶᠣᠬᠤ᠂ ᠰᠢᠨ᠎ᠠ ᠮᠠᠶᠢᠭ᠋᠎ᠤᠨ ᠬᠦᠵᠦᠭᠦᠨ᠎ᠦ ᠤᠷᠢᠶᠠᠯᠳᠠ ᠪᠠ ᠭᠡᠵᠢᠭᠡᠨ ᠪᠣᠭᠣᠯᠲᠠ ᠵᠢᠷᠤᠵᠤ ᠲᠥᠯᠥᠪᠯᠡᠵᠦ ᠣᠶᠣᠬᠤ ᠵᠡᠷᠭᠡ ᠠᠭᠤᠯᠭ᠎ᠠ ᠡᠴᠡ ᠭᠠᠳᠠᠨ᠎ᠠ ᠱᠠᠭ᠎ᠠ ᠲᠣᠭᠯᠠᠭᠠᠮ᠂ ᠬᠤᠪᠴᠠᠰᠤ ᠵᠠᠰᠠᠯ᠎ᠤᠨ ᠦᠵᠡᠭᠦᠯᠭᠡ᠂ ᠭᠠᠷ ᠤᠷᠠᠯᠠᠯ᠎ᠤᠨ ᠪᠦᠲᠦᠭᠡᠭᠳᠡᠬᠦᠨ᠂ ᠵᠡᠭᠦᠦ ᠰᠦᠪᠡᠯᠡᠬᠦ ᠵᠡᠷᠭᠡ ᠠᠵᠢᠯᠯᠠᠭ᠎ᠠ ᠳᠤᠬᠢᠷᠠᠭᠤᠯᠵᠠᠢ᠃


640 (2).jpg


ᠲᠠᠮᠢᠷ 


✦ᠳᠤᠮᠳᠠᠳᠤ ᠤᠯᠤᠰ᠎ᠤᠨ ᠫᠢᠩᠫᠠᠩ ᠪᠥᠮᠪᠥᠭᠡ᠎ᠶᠢᠨ ᠨᠡᠢᠭᠡᠮᠯᠢᠭ᠎ᠮᠡᠳᠡᠭᠳᠡᠯ ᠨᠡᠢᠲᠡᠯᠡᠵᠦ᠂ ᠴᠢᠨ ᡁᠢ ᠵᠢᠶᠠᠨ ᠎ᠢ ᠯᠤᠰ ᠠᠩᠵᠸᠯᠸᠰ᠎ᠤᠨ ᠣᠯᠢᠮᠫᠢᠺ᠎ᠤᠨ ᠲᠠᠮᠢᠷ᠎ᠤᠨ ᠴᠤᠭᠯᠠᠭᠠᠨ ᠎ᠤ ᠬᠤᠭᠤᠴᠠᠭᠠᠨ᠎ᠳᠠᠬᠢ ᠤᠯᠤᠰ᠎ᠤᠨ ᠫᠢᠩᠫᠠᠩ ᠪᠥᠮᠪᠥᠭᠡ᠎ᠶᠢᠨ ᠠᠩᠭᠢ᠎ᠶᠢᠨ ᠶᠡᠷᠦᠩᠬᠡᠢ ᠳᠠᠰᠬᠠᠯᠵᠢᠭᠤᠯᠤᠭ᠍ᠴᠢ ᠪᠡᠷ ᠤᠷᠢᠵᠠᠢ᠃


640 (4).jpg


✦ᠦᠢᠷ᠎ᠡ ᠎ᠳ᠋ᠤ ᠳᠥᠴᠢᠨ ᠨᠠᠰᠤᠨ᠎ᠠᠴᠠ ᠳᠡᠭᠡᠭᠰᠢᠬᠢ ᠠᠵᠢᠯ᠎ᠤᠨ ᠴᠢᠯᠦᠭᠡᠨ ᠤ᠋ ᠬᠥᠯ ᠪᠥᠮᠪᠥᠭᠡᠨ ᠪᠠᠬᠠᠲᠠᠳ᠎ᠤᠨ ᠤᠷᠤᠯᠳᠤᠭᠠᠨ ᠬᠥᠬᠡᠬᠣᠲᠠ᠎ᠳᠤ ᠢᠲᠡ ᠬᠥᠭ᠎ᠲᠠᠢ ᠶᠠᠪᠤᠭᠳᠠᠵᠤ᠂ ᠮᠠᠨ᠎ᠤ ᠣᠷᠣᠨ᠎ᠤ ᠡᠯ᠎ᠡ ᠠᠢᠮᠠᠭ ᠬᠣᠲᠠ ᠪᠠ ᠮᠣᠩᠭᠣᠯ ᠤᠯᠤᠰ᠎ᠤᠨ ᠠᠵᠢᠯ᠎ᠤᠨ ᠴᠢᠯᠦᠭᠡᠨ᠎ᠦ ᠬᠥᠯ ᠪᠥᠮᠪᠥᠭᠡᠨ᠎ᠪᠠᠬᠠᠲᠠᠳ ᠨᠡᠢᠲᠡ 10 ᠪᠠᠭ ᠣᠷᠣᠯᠴᠠᠵᠤ᠂ ᠭᠤᠷᠪᠠᠨ ᠡᠳᠦᠷ ᠎ᠦᠨ ᠦᠷᠢᠰᠦᠯᠳᠦᠭᠡᠨ᠎ᠢᠶᠠᠷ ᠳᠠᠮᠵᠢᠨ ᠣᠷᠳᠣᠰ ᠬᠣᠲᠠ᠎ᠶᠢᠨ 《ᠲᠠᠮᠢᠷ》 ᠬᠥᠯ ᠪᠥᠮᠪᠥᠭᠡᠨ ᠪᠠᠭ ᠲᠦᠷᠦᠭᠦᠯᠡᠭᠰᠡᠨ ᠪᠠᠢᠨ᠎ᠠ᠃

 

ᠲᠡᠯᠡᠬᠡᠢ 

✦ᠭᠷᠢᠨᠯᠠᠨᠳ᠋ ᠠᠷᠠᠯ᠎ᠤᠨ ᠥᠪᠡᠷᠲᠡᠭᠡᠨ ᠵᠠᠰᠠᠬᠤ ᠵᠠᠰᠠᠭ᠎ᠤᠨ ᠣᠷᠳᠣᠨ 12 ᠤ᠋ᠨ ᠡᠳᠦᠷ ᠢᠯᠡᠷᠬᠡᠢᠯᠡᠯᠲᠡ ᠨᠡᠢᠲᠡᠯᠡᠵᠦ ᠬᠡᠯᠡᠬᠦ᠎ᠳᠡᠭᠡᠨ᠂ ᠭᠷᠢᠨᠯᠠᠨᠳ᠋ ᠠᠷᠠᠯ᠎ᠤᠨ ᠥᠪᠡᠷᠲᠡᠭᠡᠨ ᠵᠠᠰᠠᠬᠤ ᠵᠠᠰᠠᠭ᠎ᠤᠨ ᠣᠷᠳᠣᠨ ᠶᠠᠮᠠᠷᠪᠠ ᠪᠠᠢᠳᠠᠯ ᠳᠣᠣᠷ᠎ᠠ ᠴᠤ᠌ ᠭᠡᠰᠡᠨ ᠠᠮᠧᠷᠢᠺᠠ ᠶ᠋ᠢᠨ ᠬᠢᠨ ᠭᠷᠢᠨᠯᠠᠨᠳ᠋ ᠠᠷᠠᠯ᠎ᠢ ᠭᠥᠯᠢᠶᠡᠨ ᠠᠪᠴᠤ ᠬᠠᠮᠢᠶᠠᠷᠬᠤ᠎ᠶᠢ ᠵᠦᠪᠰᠢᠶᠡᠷᠡᠬᠦ ᠦᠭᠡᠢ ᠭᠡᠵᠡᠢ᠃


640.jpg


✦ᠢᠷᠡᠨ᠎ᠤ ᠭᠠᠳᠠᠭᠠᠳᠤ ᠬᠠᠷᠢᠯᠴᠠᠭᠠᠨ᠎ᠤ ᠶᠠᠮᠤᠨ᠎ᠤ ᠰᠠᠢᠳ ᠲᠤᠬᠠᠢ  ᠶ᠋ᠢᠨ ᠭᠠᠵᠠᠷ᠎ᠤᠨ ᠴᠠᠭ᠎ᠢᠶᠠᠷ 12᠎ᠤᠨ ᠡᠳᠦᠷ ᠢᠯᠡᠷᠬᠡᠢᠯᠡᠭᠰᠡᠨ ᠵᠢᠡᠷ ᠂ ᠣᠢᠷ᠎ᠠ  ᠶ᠋ᠢᠨ ᠬᠤᠭᠤᠴᠠᠭᠠᠨ᠎ᠳᠤ ᠢᠷᠡᠨ᠎ᠳᠤ ᠭᠠᠷᠤᠭᠰᠠᠨ ᠡᠰᠡᠷᠭᠦᠴᠡᠯ᠎ᠦᠨ ᠠᠵᠢᠯᠯᠠᠭ᠎ᠠ ᠪᠣᠯ ᠡᠩᠬᠡ ᠲᠠᠢᠪᠤᠩ ᠠᠵᠢᠯᠯᠠᠭ᠎ᠠ ᠪᠣᠯᠣᠨ᠎ᠠ᠂ ᠢᠷᠡᠨ᠎ᠤ ᠵᠠᠰᠠᠭ᠎ᠤᠨ ᠣᠷᠳᠣᠨ ᠨᠢᠭᠡᠨᠲᠡ ᠡᠰᠡᠷᠭᠦᠴᠡᠯ ᠲᠠᠯᠪᠢᠭ᠍ᠴᠢᠳ᠎ᠲᠠᠢ ᠶᠠᠷᠢᠯᠴᠠᠭ᠎ᠠ ᠬᠢᠵᠦ᠂ ᠣᠳᠣᠬᠠᠨ᠎ᠳᠤ ᠪᠠᠢᠳᠠᠯ  ᠢ᠋ ᠪᠦᠷᠢᠮᠦᠰᠦᠨ ᠡᠵᠡᠮᠳᠡᠵᠦ ᠪᠠᠢᠨ᠎ᠠ ᠭᠡᠵᠡᠢ ᠃


ᠦᠢᠯᠡᠴᠢᠯᠡᠭᠡ  


✦ᠡᠵᠡᠨ ᠬᠣᠷᠣᠭ᠎ᠠ ᠬᠣᠰᠢᠭᠤᠨ᠎ᠤ ᠠᠯᠪᠠᠨ ᠠ᠋ᠴᠠ ᠪᠠᠢᠭᠤᠯᠤᠭᠰᠠᠨ ᠡᠮᠨᠡᠯᠭᠡ᠎ᠶᠢᠨ ᠬᠣᠷᠢᠶ᠎ᠠ 90 ᠲᠤᠰᠬᠠᠢ ᠮᠡᠷᠭᠡᠵᠢᠯ᠎ᠦᠨ ᠠᠵᠢᠯᠲᠠᠨ ᠡᠯᠰᠡᠵᠦ ᠪᠤᠢ᠃


ᠲᠠᠨ ᠎ᠤ ᠲᠤᠰᠡ ᠳ᠋ᠤ  


✦ ᠣᠯᠠᠩᠬᠢ ᠬᠥᠮᠥᠰ ᠥᠷᠯᠥᠭᠡ ᠵᠢᠨ  ᠲᠠᠪᠤ ᠵᠢᠷᠭᠤᠭᠠᠨ ᠴᠠᠭ᠎ᠲᠤ ᠭᠠᠳᠠᠨ᠎ᠠ ᠭᠠᠷᠴᠤ ᠲᠠᠮᠢᠷ᠎ᠤᠨ ᠪᠤᠯᠪᠠᠰᠤᠷᠠᠯ ᠬᠢᠳᠡᠭ᠃ ᠡᠪᠦᠯ᠎ᠦᠨ ᠤᠯᠠᠷᠢᠯ᠎ᠳ᠋ᠤ ᠥᠷᠯᠥᠭᠡ ᠡᠷᠲᠡ ᠶ᠋ᠢᠨ ᠠᠭᠠᠷ᠎ᠤᠨ ᠳᠤᠯᠠᠭᠠᠨ ᠬᠠᠮᠤᠭ᠎ᠤᠨ ᠳᠣᠣᠷ᠎ᠠ᠂ ᠡᠨᠡ ᠦᠶ᠎ᠡ᠎ᠳᠦ ᠴᠢᠰᠤᠨ ᠰᠤᠳᠠᠯ ᠎ᠤᠨ ᠠᠪᠴᠢᠯᠲᠠ ᠮᠡᠳᠡᠭᠳᠡᠮ᠎ᠡ ᠪᠠᠢᠵᠤ᠂ ᠲᠠᠷᠢᠬᠢᠨ᠎ᠤ ᠴᠢᠰᠤᠨ ᠰᠤᠳᠠᠯ᠎ᠤᠨ ᠡᠪᠡᠳᠴᠢᠨ᠎ᠢ ᠡᠭᠦᠰᠬᠡᠬᠦ ᠪᠤᠶᠤ ᠬᠦᠨᠳᠦᠷᠡᠭᠦᠯᠵᠦ ᠮᠡᠳᠡᠨ᠎ᠡ᠃ ᠡᠭᠦᠨ ᠡᠴᠡ ᠭᠠᠳᠠᠨ᠎ᠠ ᠥᠷᠯᠥᠭᠡ᠎ᠶᠢᠨ ᠤᠲᠤᠭ᠎ᠠ ᠮᠠᠨᠠᠨ ᠨᠡᠯᠢᠶᠡᠳ ᠶᠡᠬᠡ᠂ ᠦᠵᠡᠭᠳᠡᠴᠡ ᠳᠣᠣᠷ᠎ᠠ ᠮᠥᠷᠲᠡᠭᠡᠨ ᠵᠠᠮ ᠳ᠋ᠤ ᠮᠥᠰᠥ ᠲᠠᠢ ᠪᠠᠢᠵᠤ ᠮᠡᠳᠡᠨ᠎ᠠ᠃ ᠡᠢᠮᠦ ᠡᠴᠡ ᠡᠪᠦᠯ ᠎ᠦᠨ ᠤᠯᠠᠷᠢᠯ᠎ᠤᠨ ᠥᠷᠯᠥᠭᠡ᠎ᠶᠢᠨ ᠪᠣᠯᠪᠠᠰᠤᠷᠠᠯ᠎ᠤᠨ ᠴᠠᠭ᠎ᠢ ᠳᠡᠩᠳᠡᠭᠦᠦ ᠡᠷᠲᠡ ᠪᠠᠢᠯᠭᠠᠵᠤ ᠪᠣᠯᠬᠤ ᠦᠭᠡᠢ᠂ ᠬᠠᠮᠤᠭ ᠰᠠᠢᠨ ᠨᠢ ᠨᠠᠷᠠ ᠭᠠᠷᠤᠭᠰᠠᠨ᠎ᠤ ᠳᠠᠷᠠᠭ᠎ᠠ 1 ᠡᠴᠡ 2 ᠴᠠᠭ ᠪᠤᠯ ᠳᠤᠬᠢᠷᠠᠮᠵᠢᠲᠠᠢ ᠪᠠᠢᠳᠠᠭ᠃

 

ᠵᠠᠯᠭᠠᠭᠠᠳ 《ᠢᠵᠢᠯᠢ ᠰᠡᠳᠬᠢᠯ》ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠨᠡᠪᠳᠡᠷᠡᠭᠦᠯᠬᠡ ᠮᠠᠨᠢ ᠲᠠ ᠪᠦᠬᠦᠨ᠎ᠳᠦ ᠲᠠᠭᠠᠯᠠᠬᠳᠠᠬᠰᠠᠨ ᠪᠤᠯ ᠤᠳᠤᠨ ᠳᠡᠮᠳᠡᠭ ᠱᠠᠩᠨᠠᠵᠤ ᠪᠢᠳᠡᠨ᠎ᠳᠤ ᠤᠷᠮ᠎ᠠ ᠬᠠᠢᠷᠠᠯᠠᠭᠠᠷᠠᠢ!ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠤ  ᠪᠠᠶᠠᠷᠯᠠᠯ᠎ᠠ᠂  ᠪᠠᠶᠠᠷᠳᠠᠢ ︕

ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ


ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号