



ᠨᠡᠢᠭᠡᠮ
✦ᠠᠷᠠᠳ᠎ᠤᠨ ᠶᠠᠪᠤᠳᠠᠯ᠎ᠤᠨ ᠶᠠᠮᠤᠨ ᠵᠡᠷᠭᠡ 8 ᠰᠠᠯᠠᠭ᠎ᠠ
ᠮᠥᠴᠢᠷ ᠬᠠᠮᠲᠤᠷᠠᠨ ᠲᠦᠷᠦᠭᠦᠬᠡᠨ《ᠨᠠᠰᠤᠵᠢᠯ᠎ᠤᠨ ᠠᠰᠠᠷᠠᠮᠵᠢ᠎ᠶᠢᠨ
ᠦᠢᠯᠡᠴᠢᠯᠡᠭᠡᠨ᠎ᠦ ᠡᠵᠡᠩᠨᠡᠯᠲᠡ᠎ᠶᠢᠨ ᠭᠤᠤᠯ ᠴᠣᠭᠴᠠ᠎ᠶᠢ ᠪᠣᠢᠵᠢᠭᠤᠯᠵᠤ ᠪᠤᠭᠤᠷᠤᠯᠴᠤᠳ᠎ᠤᠨ ᠠᠵᠤ ᠠᠬᠤᠢ᠎ᠶᠢᠨ
ᠬᠥᠭᠵᠢᠯᠲᠡ᠎ᠶᠢ ᠠᠬᠢᠭᠤᠯᠬᠤ ᠲᠤᠬᠠᠢ ᠠᠷᠭ᠎ᠠ ᠬᠡᠮᠵᠢᠶ᠎ᠡ᠎ᠨᠦᠭᠦᠳ》᠎ᠢ ᠳᠠᠷᠤᠮᠠᠯᠯᠠᠨ ᠲᠠᠷᠬᠠᠭᠠᠵᠤ᠂ ᠲᠥᠷᠥᠯ ᠲᠡᠮᠳᠡᠭᠵᠢᠭᠦᠯᠬᠦ
ᠪᠠᠢᠭᠤᠯᠤᠯᠲᠠ᠎ᠶᠢ ᠠᠬᠢᠭᠤᠯᠬᠤ ᠵᠡᠷᠭᠡ 5 ᠲᠠᠯ᠎ᠠ᠎ᠠᠴᠠ ᠮᠠᠨ᠎ᠤ ᠤᠯᠤᠰ᠎ᠤᠨ
ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡ ᠪᠠ ᠪᠤᠭᠤᠷᠤᠯᠴᠤᠳ᠎ᠤᠨ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠶᠢ
ᠠᠬᠢᠭᠤᠯᠬᠤ ᠶᠢ ᠵᠤᠷᠢᠪᠠ᠃

✦ᠲᠦᠷᠦᠭᠦᠬᠡᠨ ᠰᠤᠷᠭᠠᠨ ᠬᠥᠮᠦᠵᠢᠯ᠎ᠦᠨ ᠶᠠᠮᠤᠨ ᠵᠠᠷᠯᠠᠯ ᠨᠡᠢᠲᠡᠯᠡᠵᠦ᠂
ᠬᠠᠷᠠᠮᠥ᠋ᠷᠡᠨ ᠦ ᠲᠠᠷᠢᠶᠠᠯᠠᠩ᠎ᠤᠨ ᠢᠨᠵᠧᠨᠧᠷᠢᠩ᠎ᠦᠨ ᠠᠵᠢᠯ ᠮᠡᠷᠭᠡᠵᠢᠯ᠎ᠦᠨ ᠶᠡᠬᠡ ᠰᠤᠷᠭᠠᠭᠤᠯᠢ ᠵᠡᠷᠭᠡ ᠵᠢᠩᠬᠢᠨᠢ
ᠠᠩᠭᠢ᠎ᠶᠢᠨ 14 ᠳᠡᠭᠡᠳᠦ ᠰᠤᠷᠭᠠᠭᠤᠯᠢ ᠪᠠᠶ᠋ᠢᠭᠤᠯᠬᠤ᠎ᠶᠢ ᠵᠥᠪᠰᠢᠶᠡᠷᠡᠪᠡ᠃
✦ᠤᠯᠤᠰ᠎ᠤᠨ ᠲᠡᠮᠦᠷ ᠵᠠᠮ᠎ᠤᠨ ᠪᠥᠯᠥᠭᠯᠡᠯ᠎ᠤᠨ ᠬᠢᠨ ᠭᠠᠯᠲᠤ ᠲᠡᠷᠭᠡᠨ᠎ᠦ ᠠᠶᠠᠯᠠᠯ᠎ᠤᠨ
ᠰᠢᠨ᠎ᠡ ᠵᠢᠷᠤᠭ᠎ᠢ 1 ᠰᠠᠷ᠎ᠠ᠎ᠶᠢᠨ 26᠎ᠤ ᠡᠳᠦᠷ᠎ᠡᠴᠡ ᠡᠬᠢᠯᠡᠨ ᠬᠡᠷᠡᠭᠵᠢᠭᠦᠯᠬᠦ᠎ᠪᠡᠷ ᠪᠤᠯᠵᠤ᠂ 12130 ᠠᠶᠠᠨᠴᠢᠳ᠎ᠤᠨ ᠭᠠᠯᠲᠤ ᠲᠡᠷᠭᠡ᠎ᠶᠢ ᠠᠶᠠᠯᠠᠭᠤᠯᠬᠤ ᠪᠠᠷ ᠲᠣᠬᠢᠷᠠᠭᠤᠯᠵᠤ᠂
ᠣᠲᠤᠬᠠᠨᠤ ᠬᠢ᠎ᠡᠴᠡ 243 ᠴᠤᠪᠤᠭ᠎ᠠ ᠨᠡᠮᠡᠭᠳᠡᠬᠦ ᠪᠤᠯᠤᠨ᠎ᠠ᠃
✦ᠳᠤᠮᠳᠠᠳᠤ ᠤᠯᠤᠰ᠎ᠤᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ
ᠲᠥᠪ ᠦᠨ ᠬᠢᠨ ᠰᠣᠨᠢᠨ ᠮᠡᠳᠡᠭᠡ ᠨᠡᠢᠲᠡᠯᠡᠬᠦ ᠬᠤᠷᠠᠯ ᠳᠡᠭᠡᠷ᠎ᠡ ᠢᠯᠡᠷᠬᠡᠢᠯᠡᠬᠦ ᠳᠡᠭᠡᠨ᠂ ᠪᠥᠬᠥ ᠤᠯᠤᠰ᠎ᠤᠨ ᠲᠦᠷᠭᠡᠨ ᠴᠢᠨᠠᠷᠲᠠᠢ ᠠᠮᠢᠰᠬᠤᠯ᠎ᠤᠨ ᠵᠠᠮ᠎ᠤᠨ ᠬᠠᠯᠳᠠᠪᠤᠷᠢᠲᠤ
ᠡᠪᠡᠳᠴᠢᠨ᠎ᠢ ᠬᠢᠨᠠᠨ ᠬᠡᠮᠵᠢᠭᠰᠡᠨ ᠲᠣᠭ᠎ᠠ ᠪᠠᠷᠢᠮᠲᠠ᠎ᠶᠢ ᠦᠨᠳᠦᠰᠦᠯᠡᠪᠡᠯ᠂ ᠣᠳᠣᠬᠠᠨ᠎ᠳᠤ ᠮᠠᠨ᠎ᠤ ᠤᠯᠤᠰ᠎ᠤᠨ
ᠠᠮᠢᠰᠬᠤᠯ᠎ᠤᠨ ᠵᠠᠮ᠎ᠤᠨ ᠨᠡᠢᠯᠡᠮᠡᠯ ᠡᠰ᠎ᠦᠨ ᠸᠢᠷᠦ᠋ᠰ᠎ᠢ ᠪᠠᠢᠴᠠᠭᠠᠨ ᠬᠡᠮᠵᠢᠬᠦ ᠠᠷᠭ᠎ᠠ᠎ᠶᠢᠨ ᠨᠣᠷᠮ᠎ᠠ ᠶᠡᠷᠦᠩᠬᠡᠢ᠎ᠳᠡᠭᠡᠨ
ᠳᠡᠭᠡᠭᠰᠢᠯᠡᠬᠦ ᠬᠠᠨᠳᠤᠰᠢ᠎ᠲᠠᠢ ᠪᠠᠢᠨ᠎ᠠ ᠭᠡᠵᠡᠢ᠃

✦ᠤᠢᠷ᠎ᠠ᠎ᠳᠦ ᠬᠦᠮᠦᠨ᠎ᠤ ᠬᠦᠴᠦᠨ᠎ᠤ ᠡᠬᠢ ᠪᠠᠶᠠᠯᠢᠭ ᠪᠠ ᠨᠡᠢᠭᠡᠮ᠎ᠤᠨ
ᠪᠠᠲᠤᠯᠠᠭ᠎ᠠ᠎ᠵᠢᠨ ᠶᠠᠮᠤᠨ᠎ᠤ ᠠᠯᠪᠠᠨ ᠰᠦᠯᠵᠢᠶ᠎ᠡ ᠪᠦᠬᠦ ᠤᠯᠤᠰ᠎ᠤᠨ ᠡᠯ᠎ᠡ ᠮᠤᠵᠢ᠂ ᠥᠪᠡᠷᠲᠡᠭᠡᠨ ᠵᠠᠰᠠᠬᠤ
ᠤᠷᠤᠨ᠂ ᠰᠢᠭᠤᠳ ᠬᠠᠷᠢᠶ᠎ᠠ ᠬᠤᠲᠠ᠎ᠵᠢᠨ ᠨᠠᠭᠠᠳᠤ ᠵᠠᠬ᠎ᠠ ᠵᠢᠨ ᠴᠠᠯᠢᠩ᠎ᠤᠨ ᠪᠠᠷᠢᠮᠵᠢᠶᠠᠵᠢᠨ ᠪᠠᠢᠳᠠᠯ(2026
ᠤᠨ᠎ᠤ 1 ᠰᠠᠷ᠎ᠠ᠎ᠵᠢᠨ 1᠎ᠤ
ᠡᠳᠦᠷ ᠪᠤᠯᠲᠠᠯ᠎ᠠ)᠎ᠢ
ᠨᠡᠢᠲᠡᠯᠡᠪᠡ᠃ ᠤᠳᠤᠬᠠᠨ᠎ᠳᠦ ᠨᠠᠭᠠᠳᠤ ᠵᠠᠬ᠎ᠠ ᠵᠢᠨ ᠴᠠᠯᠢᠩ᠎ᠤᠨ ᠪᠠᠷᠢᠮᠵᠢᠶ᠎ᠠ᠎ᠶᠢ 4
ᠳᠡᠰ ᠬᠤᠪᠢᠶᠠᠨ ᠪᠦᠷᠢᠳᠬᠡᠵᠦ᠂ ᠮᠠᠨ᠎ᠤ ᠤᠷᠤᠨ᠎ᠤ ᠨᠢᠭᠡᠳᠦᠭᠡᠷ ᠳᠡᠰ᠎ᠤᠨ ᠰᠠᠷ᠎ᠠ᠎ᠵᠢᠨ ᠨᠠᠭᠠᠳᠤ ᠵᠠᠬ᠎ᠠ ᠵᠢᠨ
ᠴᠠᠯᠢᠩ᠎ᠤᠨ ᠪᠠᠷᠢᠮᠵᠢᠶ᠎ᠠ ᠨᠢ 2380
ᠲᠥᠭᠥᠷᠢᠭ᠂ ᠨᠢᠭᠡᠳᠦᠭᠡᠷ ᠳᠡᠰ᠎ᠤᠨ ᠴᠠᠭ᠎ᠤᠨ ᠨᠠᠭᠠᠳᠤ ᠵᠠᠬ᠎ᠠ ᠵᠢᠨ ᠴᠠᠯᠢᠩ᠎ᠤᠨ ᠪᠠᠷᠢᠮᠵᠢᠶ᠎ᠠ ᠨᠢ 23.5
ᠲᠥᠭᠥᠷᠢᠭ ᠪᠤᠯᠤᠨ᠎ᠠ᠃
✦ᠤᠯᠠᠭᠠᠨᠬᠠᠳᠠ ᠬᠤᠲᠠ᠎ᠵᠢᠨ ᠬᠡᠰᠢᠭᠲᠡᠨ ᠬᠤᠰᠢᠭᠤᠨ᠎ᠤ ᠪᠢᠷᠠᠭᠤ ᠨᠢᠭᠡᠳᠦᠭᠡᠷ
ᠳᠤᠮᠳᠠᠳᠤ ᠰᠤᠷᠭᠠᠭᠤᠯᠢ ᠤᠷᠴᠢᠮᠬᠠᠨ ᠬᠠᠢᠷ᠎ᠠ ᠬᠠᠯᠠᠮᠵᠢ᠎ᠵᠢᠨ ᠬᠠᠨᠳᠢᠪ᠎ᠤᠨ ᠠᠵᠢᠯᠯᠠᠭ᠎ᠠ ᠥᠷᠨᠢᠭᠦᠯᠵᠦ᠂
ᠮᠤᠷᠠᠯ ᠰᠤᠷᠤᠯᠭ᠎ᠠ ᠬᠤᠤᠰᠯᠠᠭᠰᠠᠨ 10
ᠰᠤᠷᠤᠭᠴᠢ᠎ᠳᠦ ᠬᠦᠮᠦᠨ ᠪᠦᠷᠢ᠎ᠵᠢᠨ 5000
ᠲᠥᠭᠥᠷᠢᠭ᠎ᠤᠨ ᠰᠤᠷᠤᠯᠭ᠎ᠠ᠎ᠵᠢᠨ ᠳᠤᠰᠠᠯᠠᠮᠵᠢ᠎ᠵᠢᠨ ᠮᠥᠩᠭᠥ ᠬᠠᠨᠳᠢᠪᠯᠠᠪᠠ᠃

✦1 ᠰᠠᠷ᠎ᠠ᠎ᠶᠢᠨ 13᠎ᠤ ᠡᠳᠦᠷ᠎ᠤᠨ ᠨᠡᠢᠲᠡᠯᠡᠭᠰᠡᠨ 2025 ᠣᠨ᠎ᠤ ᠪᠥᠬᠥ ᠤᠯᠤᠰ᠎ᠤᠨ ᠲᠣᠭᠯᠠᠯᠲᠠ᠎ᠶᠢᠨ ᠵᠠᠬ᠎ᠠ ᠳᠡᠯᠭᠡᠭᠦᠷ᠎ᠦᠨ ᠲᠣᠪᠴᠢ ᠮᠡᠳᠡᠭᠡ᠎ᠶᠢ
ᠦᠨᠳᠦᠰᠦᠯᠡᠪᠡᠯ᠂ 2025 ᠣᠨ᠎ᠤ ᠪᠥᠬᠥ ᠤᠯᠤᠰ᠎ᠤᠨ ᠡᠵᠡᠩᠨᠡᠯᠲᠡ᠎ᠶᠢᠨ ᠴᠢᠨᠠᠷᠲᠠᠢ ᠲᠣᠭᠯᠠᠯᠲᠠ ( ᠵᠤᠭ᠎ᠠ ᠴᠡᠩᠭᠡᠯ᠎ᠦᠨ ᠲᠠᠯᠠᠪᠤᠷ᠎ᠤᠨ
ᠲᠣᠭᠯᠠᠯᠲᠠ ᠪᠠᠭᠲᠠᠬᠤ ᠦᠭᠡᠢ ) ᠶᠢᠨ ᠤᠳᠠᠭ᠎ᠠ ᠨᠢ 64.04 ᠲᠦᠮᠡᠨ ᠲᠠᠯᠠᠪᠠᠶ ᠪᠠᠢᠵᠤ᠂ ᠠᠳᠠᠯᠢ ᠬᠤᠭᠤᠴᠠᠭᠠᠨ᠎ᠤ ᠬᠢ᠎ᠡᠴᠡ
6.58% ᠪᠠᠷ ᠨᠡᠮᠡᠭᠳᠡᠪᠡ᠃ ᠪᠢᠯᠧᠲ᠎ᠦᠨ
ᠣᠷᠣᠯᠭ᠎ᠠ ᠨᠢ 616.55 ᠳ᠋ᠦᠩᠰᠢᠭᠤᠷ ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ
ᠬᠢ᠎ᠡᠴᠡ 6.39% ᠪᠠᠷ ᠨᠡᠮᠡᠭᠳᠡᠪᠡ᠃
✦2025 ᠤᠨ᠎ᠳᠦ ᠥᠪᠥᠷ ᠮᠤᠩᠭᠤᠯ᠎ᠤᠨ ᠺᠢᠨᠤ᠋᠎ᠵᠢᠨ ᠪᠥᠯᠥᠭᠯᠡᠯ᠎ᠤᠨ ᠪᠦᠬᠦ ᠵᠢᠯ᠎ᠤᠨ ᠪᠢᠯᠸᠲ᠎ᠤᠨ ᠤᠷᠤᠯᠭ᠎ᠠ
ᠨᠡᠢᠲᠡ 1.43 ᠳ᠋ᠦᠩᠰᠢᠭᠤᠷ ᠲᠥᠭᠥᠷᠢᠭ᠎ᠲᠦ ᠬᠦᠷᠴᠦ᠂ ᠥᠪᠥᠷ ᠮᠤᠩᠭᠤᠯ᠎ᠤᠨ ᠦᠨᠳᠦᠰᠦᠲᠡᠨ᠎ᠤ ᠺᠢᠨᠤ᠋᠎ᠵᠢᠨ ᠤᠷᠳᠤᠨ
ᠪᠠᠢᠭᠤᠯᠤᠭᠳᠠᠭᠰᠠᠨ᠎ᠡᠴᠡ ᠨᠠᠭᠠᠰᠢᠬᠢ ᠪᠢᠯᠸᠲ᠎ᠤᠨ ᠤᠷᠤᠯᠭ᠎ᠠ ᠪᠡᠷ ᠬᠠᠮᠤᠭ ᠤᠨ ᠰᠠᠢᠨ ᠬᠢᠷᠢ ᠪᠥᠲᠥᠮᠵᠢ᠎ᠶᠢ
ᠤᠯᠪᠠ᠃
ᠠᠵᠤ ᠠᠬᠤᠢ
✦1 ᠰᠠᠷ᠎ᠠ᠎ᠵᠢᠨ 13᠎ᠤ ᠡᠳᠦᠷ᠂ ᠠᠯᠠᠱᠠ ᠠᠢᠮᠠᠭ᠎ᠤᠨ ᠬᠢᠨ《ᠪᠡᠯᠡ ᠮᠥᠩᠭᠥ᠎ᠶᠢ ᠠᠯᠠᠱᠠ᠎ᠳᠦ ᠬᠤᠷᠠᠮᠳᠤᠭᠤᠯᠤᠨ〈ᠠᠷᠪᠠᠨ ᠲᠠᠪᠤᠳᠤᠭᠠᠷ ᠲᠠᠪᠤᠨ
ᠵᠢᠯ〉᠎ᠳᠦ ᠬᠦᠴᠦᠨ ᠨᠡᠮᠡᠷᠢᠯᠡᠬᠦ》ᠵᠠᠰᠠᠭ᠎ᠤᠨ ᠤᠷᠳᠤᠨ᠂ ᠮᠥᠩᠭᠥᠨ ᠭᠦᠢᠯᠭᠡᠭᠡ᠂ ᠠᠵᠤ ᠠᠬᠤᠢᠯᠠᠯ᠎ᠢ ᠵᠤᠯᠭᠠᠭᠤᠯᠬᠤ
ᠬᠤᠷᠠᠯ ᠬᠤᠷᠠᠯᠳᠤᠭᠤᠯᠵᠤ᠂ 42 ᠪᠡᠯᠡ ᠮᠥᠩᠭᠥ ᠤᠷᠤᠭᠤᠯᠬᠤ ᠲᠥᠷᠥᠯ ᠵᠦᠢᠯ᠎ᠳᠦ ᠭᠡᠷ᠎ᠡ ᠲᠤᠭᠲᠠᠵᠤ᠂ ᠭᠡᠷ᠎ᠡ
ᠲᠤᠭᠲᠠᠭᠰᠠᠨ ᠪᠡᠯᠡ ᠮᠥᠩᠭᠥ ᠨᠢ 197.45 ᠳ᠋ᠦᠩᠰᠢᠭᠤᠷ ᠲᠥᠭᠥᠷᠢᠭ᠎ᠲᠦ ᠬᠦᠷᠴᠡᠢ᠃

✦1 ᠰᠠᠷ᠎ᠠ᠎ᠶᠢᠨ 12᠎ᠤᠨ ᠡᠳᠦᠷ᠂ ᠠᠷᠪᠠᠨ ᠵᠢᠷᠭᠤᠳᠤᠭᠠᠷ ᠬᠤᠭᠤᠴᠠᠭᠠᠨ᠎ᠤ ᠬᠠᠩᠭᠠᠷᠢ᠎ᠶᠢᠨ ᠪᠦᠳᠦᠫᠸᠱ᠌ᠲᠤᠨ
ᠣᠯᠠᠨ ᠤᠯᠤᠰ᠎ᠤᠨ ᠮᠣᠷᠢᠨ ᠲᠣᠭᠯᠠᠭᠠᠮ᠎ᠤᠨ ᠨᠠᠢᠷ᠎ᠤᠨ ᠲᠡᠭᠦᠰᠬᠦ
ᠶᠣᠰᠣᠯᠠᠯ ᠵᠢᠴᠢ ᠱᠠᠩᠨᠠᠯ ᠣᠯᠭᠣᠬᠤ ᠲᠣᠭᠯᠠᠯᠲᠠ ᠶᠠᠪᠤᠭᠳᠠᠵᠤ᠂ ᠳᠤᠮᠳᠠᠳᠤ ᠤᠯᠤᠰ᠎ᠤᠨ ᠼᠢᠷᠺ᠎ᠦᠨ ᠪᠦᠯᠬᠦᠮ᠎ᠤᠨ
ᠲᠤᠭᠯᠠᠯᠲᠠ ᠪᠦᠳᠦᠫᠸᠱ᠌ᠲᠤᠨ ᠣᠯᠠᠨ ᠤᠯᠤᠰ᠎ᠤᠨ ᠮᠣᠷᠢᠨ ᠲᠣᠭᠯᠠᠭᠠᠮ᠎ᠤᠨ ᠨᠠᠢᠷ᠎ᠤᠨ ᠬᠠᠮᠤᠭ᠎ᠤᠨ ᠥᠨᠳᠥᠷ
ᠳᠡᠰ᠎ᠤᠨ ᠱᠠᠩᠨᠠᠯ — ᠰᠢᠯᠭᠠᠷᠠᠭᠤᠯᠬᠤ ᠺᠣᠮᠢᠰ᠎ᠤᠨ ᠱᠠᠩᠨᠠᠯ᠎ᠢ ᠭᠥᠷᠳᠡᠪᠡ᠃
✦ᠪᠠᠶᠠᠨᠨᠠᠭᠤᠷ ᠬᠤᠲᠠ᠎ᠵᠢᠨ ᠤᠷᠠᠳ᠎ᠤᠨ ᠳᠤᠮᠳᠠᠳᠤ ᠬᠤᠰᠢᠭᠤᠨ᠎ᠤ ᠠᠬᠠᠮᠠᠳ ᠡᠷᠦᠬᠡ᠎ᠵᠢᠨ
ᠴᠡᠷᠢᠭ᠎ᠤᠨ ᠬᠢᠨ᠎ᠤ ᠳᠤᠮᠳᠠᠳᠤ᠎ᠵᠢᠨ ᠦᠨᠳᠦᠰᠦᠲᠡᠨ᠎ᠤ ᠬᠠᠮᠲᠤ᠎ᠵᠢᠨ ᠴᠤᠭᠴᠠᠵᠢᠨ ᠤᠬᠠᠮᠰᠠᠷ᠎ᠢ ᠪᠠᠲᠤ
ᠴᠤᠭᠴᠠᠯᠠᠬᠤ ᠭᠤᠤᠯ ᠰᠡᠳᠦᠪᠲᠦ《ᠨᠤᠲᠤᠭ᠎ᠤᠨ ᠮᠢᠨᠢ
ᠬᠥᠭᠵᠢᠯᠲᠡ》ᠤᠷᠠᠨ ᠪᠢᠴᠢᠯᠭᠡ᠂ ᠵᠢᠷᠤᠭᠲᠤ ᠴᠤᠮᠤᠭ᠎ᠤᠨ ᠪᠥᠲᠥᠭᠡᠯ᠎ᠤᠨ
ᠤᠷᠤᠯᠳᠤᠭᠠᠨ᠎ᠤ ᠱᠠᠩᠨᠠᠨ ᠬᠥᠬᠢᠭᠦᠯᠬᠦ ᠶᠤᠰᠤᠯᠠᠯ 1
ᠰᠠᠷ᠎ᠠ᠎ᠵᠢᠨ 13᠎ᠤ ᠡᠳᠦᠷ ᠬᠠᠯᠢᠭᠤᠲᠤ ᠪᠠᠯᠭᠠᠰᠤᠨ᠎ᠳᠦ ᠶᠠᠪᠤᠭᠳᠠᠪᠠ᠃

ᠲᠠᠮᠢᠷ
✦ᠲᠤᠬᠠᠢ᠎ᠶᠢᠨ ᠭᠠᠵᠠᠷ᠎ᠤᠨ ᠴᠠᠭ᠎ᠢᠶᠠᠷ 1 ᠰᠠᠷ᠎ᠠ᠎ᠶᠢᠨ 12᠎ᠤᠨ
ᠡᠳᠦᠷ᠂ 2025 - 2026 ᠣᠨ᠎ᠤ ᠤᠷᠤᠯᠳᠤᠭᠠᠨ᠎ᠤ ᠤᠯᠠᠷᠢᠯ᠎ᠤᠨ ᠣᠯᠠᠨ ᠤᠯᠤᠰ᠎ᠤᠨ ᠴᠢᠯᠦᠭᠡᠲᠦ
ᠴᠡᠨᠡᠯᠡᠯᠲᠡ᠎ᠵᠢᠨ ᠤᠭᠲᠠᠷᠭᠤᠢ᠎ᠵᠢᠨ ᠤᠷ᠎ᠠ ᠮᠡᠷᠭᠡᠵᠢᠯ᠎ᠦᠨ ᠳᠡᠯᠡᠬᠡᠢ᠎ᠶᠢᠨ ᠬᠤᠨᠳᠠᠭᠠᠲᠤ ᠤᠷᠤᠯᠳᠤᠭᠠᠨ ᠠᠮᠧᠷᠢᠺᠠ᠎ᠳᠦ
ᠥᠨᠳᠥᠷᠯᠡᠪᠡ᠃ ᠡᠭᠦᠨ ᠳ᠋ᠤ ᠮᠠᠨ᠎ᠤ ᠤᠯᠤᠰ᠎ᠤᠨ ᠲᠠᠮᠢᠷᠴᠢᠨ ᠰᠢᠦᠢ ᠮᠧᠩ ᠲᠤᠤ᠂ ᠰᠦᠨ ᠵᠢᠶᠠ ᠰᠢᠦᠢ ᠲᠤᠰ ᠳᠤᠰ ᠡᠮᠡᠭᠲᠡᠢ
ᠪᠠ ᠡᠷᠡᠭᠲᠡᠢ ᠶᠢᠨ ᠳᠤᠭᠤᠢᠯᠠᠩ ᠤᠨ ᠲᠥᠷᠥᠯ ᠤᠨ ᠤᠷᠤᠯᠳᠤᠭᠠᠨ᠎ᠤ ᠮᠠᠩᠯᠠᠢ᠎ᠪᠡᠷ ᠲᠤᠳᠤᠷᠠᠵᠠᠢ᠃

ᠰᠤᠶᠤᠯ
✦1 ᠰᠠᠷ᠎ᠠ ᠵᠢᠨ 12 ᠤᠨ
ᠡᠳᠦᠷ᠂ ᠤᠯᠠᠭᠠᠨᠬᠠᠳᠠ ᠬᠤᠲᠠ᠎ᠵᠢᠨ ᠠᠷᠤ ᠬᠤᠷᠴᠢᠨ ᠬᠤᠰᠢᠭᠤᠨ᠎ᠤ ᠪᠦᠬᠡᠴᠤᠳ᠎ᠤᠨ ᠰᠢᠨ᠎ᠡ ᠤᠨᠵᠢᠡᠨ ᠤᠭᠲᠤᠬᠤ
ᠭᠤᠷᠪᠠᠳᠤᠭᠠᠷ ᠤᠳᠠᠭᠠᠨ᠎ᠤ ᠨᠠᠢᠷ ᠶᠠᠪᠤᠭᠳᠠᠵᠤ᠂ ᠬᠦᠴᠦᠲᠦ 128
ᠪᠦᠬᠡ᠎ᠵᠢᠨ ᠤᠷᠤᠯᠳᠤᠭᠠᠨ᠎ᠳᠦ ᠱᠤᠤ ᠪᠠᠯᠭᠠᠰᠤ᠎ᠵᠢᠨ ᠮᠥᠩᠬᠡᠳᠦ᠋ᠭᠦᠷᠡᠩ ᠲᠦᠷᠦᠭᠦᠯᠡᠪᠡ᠃

ᠲᠡᠯᠡᠬᠡᠢ
✦ᠠᠷᠠᠳ᠎ᠤᠨ ᠡᠳᠦᠷ᠎ᠤᠨ ᠰᠤᠨᠢᠨ᠎ᠤ ᠮᠡᠳᠡᠭᠡ᠎ᠶᠢ ᠦᠨᠳᠦᠰᠦᠯᠡᠪᠡᠯ᠂ ᠤᠢᠷ᠎ᠠ᠎ᠳᠦ ᠳᠡᠯᠡᠬᠡᠢ᠎ᠶᠢᠨ
ᠠᠵᠤ ᠠᠬᠤᠢ᠎ᠶᠢᠨ ᠶᠠᠷᠢᠶᠠᠨ᠎ᠤ ᠲᠠᠪᠴᠠᠩ ᠮᠡᠳᠡᠭᠦᠯᠦᠯᠲᠡ ᠨᠡᠢᠲᠡᠯᠡᠵᠦ᠂ ᠰᠦᠯᠵᠢᠶᠡᠨ᠎ᠦ ᠮᠡᠬᠡᠯᠡᠯ ᠨᠢ ᠨᠢᠭᠡᠨᠲᠡ
ᠲᠣᠭᠠᠴᠢᠯᠠᠭᠰᠠᠨ ᠠᠵᠤ ᠠᠬᠤᠢ᠎ᠶᠢ ᠬᠠᠮᠤᠭ᠎ᠤᠨ ᠬᠥᠨᠳᠥ ᠨᠤᠴᠢᠲᠠᠢ ᠨᠥᠯᠦᠭᠡᠯᠡᠬᠦ ᠬᠦᠴᠦᠨ᠎ᠦ ᠨᠢᠭᠡ ᠪᠣᠯᠵᠤ᠂ ᠳᠡᠯᠡᠬᠡᠢ
ᠨᠡᠢᠲᠡᠪᠡᠷᠵᠢᠡᠨ ᠵᠣᠬᠢᠴᠠᠭᠤᠯᠤᠨ ᠠᠷᠭᠠᠴᠠᠭᠠᠬᠤ ᠴᠢᠬᠤᠯᠠᠲᠠᠢ ᠭᠡᠪᠡ᠃

✦2026 ᠲᠤᠷᠤᠨ᠋ᠲ᠋ᠣ᠋ ᠵᠢᠨ ᠲᠠᠸᠠᠷ᠎ᠤᠨ
ᠠᠷᠠᠯᠵᠢᠶᠠᠨ᠎ᠤ ᠴᠤᠭᠯᠠᠭᠠᠨ ᠵᠢᠴᠢ ᠺᠠᠨᠠᠳᠠ ᠪᠠ ᠳᠤᠮᠳᠠᠳᠤ᠎ᠶᠢᠨ ᠠᠵᠤ ᠠᠬᠤᠢᠯᠠᠯ᠎ᠤᠨ ᠵᠠᠬ᠎ᠠ᠎ᠳᠦ ᠭᠠᠷᠬᠤ ᠦᠵᠡᠰᠬᠦᠯᠡᠩ᠎ᠦᠨ
ᠴᠤᠭᠯᠠᠭᠠᠨ᠎ᠤ ᠰᠣᠨᠢᠨ ᠮᠡᠳᠡᠭᠡ ᠨᠡᠢᠲᠡᠯᠡᠬᠦ ᠬᠤᠷᠠᠯ ᠣᠢᠷ᠎ᠠ᠎ᠳᠤ ᠺᠠᠨᠠᠳᠠ᠎ᠳᠤ ᠶᠠᠪᠤᠭᠳᠠᠪᠠ᠃
ᠦᠢᠯᠡᠴᠢᠯᠡᠭᠡ
✦ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠠᠷᠠᠳ᠎ᠤᠨ ᠡᠮᠨᠡᠯᠭᠡ᠎ᠶᠢᠨ ᠬᠣᠷᠢᠶ᠎ᠠ
ᠠᠵᠢᠯᠲᠠᠨ ᠡᠯᠰᠡᠵᠦ ᠪᠤᠢ᠃
ᠲᠠᠨ ᠤ ᠲᠤᠰᠡ ᠳ᠋ᠤ
✦ᠴᠠᠭᠠᠨ ᠯᠤᠤᠪᠠᠩ ᠳᠦ
ᠠᠭᠤᠯᠤᠭᠳᠠᠬᠤ ᠤᠰᠤᠨ᠎ᠤ ᠬᠡᠮᠵᠢᠶ᠎ᠡ ᠶᠡᠬᠡ᠂ ᠢᠯᠴᠢ ᠨᠢ ᠳᠣᠣᠷ᠎ᠠ᠂ ᠡᠭᠦᠨ᠎ᠦ ᠬᠠᠮᠲᠤ ᠭᠠᠶ᠋ᠢᠮᠤᠶᠢᠨ ᠲᠣᠰᠣ᠌᠂
ᠴᠠᠷᠳᠠᠭᠤᠯ᠎ᠤᠨ ᠢᠰᠬᠡᠭᠦᠷ ᠪᠣᠯᠣᠨ ᠵᠣᠬᠢᠬᠤ ᠬᠡᠮᠵᠢᠶᠡᠨ ᠦ ᠢᠳᠡᠭᠡᠨ᠎ᠦ ᠰᠢᠷᠬᠡᠭᠯᠢᠭ ᠡᠯᠪᠡᠭ ᠠᠭᠤᠯᠤᠭᠳᠠᠵᠤ᠂
ᠰᠢᠩᠭᠡᠭᠡᠯᠲᠡ᠎ᠶᠢ ᠠᠬᠢᠭᠤᠯᠤᠨ᠂ ᠢᠳᠡᠭᠡᠨ᠎ᠦ ᠳᠤᠷᠠᠰᠢᠯ ᠢ ᠨᠡᠮᠡᠭᠳᠡᠭᠦᠯᠬᠦ ᠦᠢᠯᠡᠳᠦᠯ ᠲᠠᠢ ᠪᠠᠢᠳᠠᠭ᠃ ᠰᠤᠳᠤᠯᠭᠠᠨ ᠢ
ᠦᠨᠳᠦᠰᠦᠯᠡᠪᠡᠯ ᠯᠤᠤᠪᠠᠩ᠎ᠳᠤ ᠬᠦᠬᠦᠷ ᠰᠢᠬᠢᠷ ᠦᠨ ᠲᠥᠷᠥᠯ ᠦᠨ ᠨᠢᠭᠡᠳᠪᠦᠷᠢ ᠠᠭᠤᠯᠤᠭᠳᠠᠵᠤ᠂ ᠥᠮᠡᠨ᠎ᠢ ᠰᠡᠷᠭᠡᠢᠯᠡᠵᠦ
ᠥᠮᠡᠨ᠎ᠢ ᠡᠰᠡᠷᠭᠦᠴᠡᠬᠦ ᠦᠢᠯᠡᠳᠦᠯ ᠪᠠᠢᠬᠤ ᠪᠤᠯᠤᠯᠴᠠᠭ᠎ᠠ ᠲᠠᠢ᠃
ᠵᠠᠯᠭᠠᠭᠠᠳ《ᠬᠠᠢᠷ᠎ᠠ᠎ᠵᠢᠨ
ᠠᠷᠭᠠᠮᠵᠢᠶ᠎ᠠ》ᠬᠡᠬᠦ ᠲᠠᠭᠤᠤ
ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠨᠡᠪᠳᠡᠷᠡᠭᠦᠯᠬᠡ ᠮᠠᠨᠢ ᠲᠠ ᠪᠦᠬᠦᠨ᠎ᠳᠦ
ᠲᠠᠭᠠᠯᠠᠬᠳᠠᠬᠰᠠᠨ ᠪᠤᠯ ᠤᠳᠤᠨ ᠳᠡᠮᠳᠡᠭ ᠱᠠᠩᠨᠠᠵᠤ ᠪᠢᠳᠡᠨ ᠳᠤ ᠤᠷᠮ᠎ᠠ ᠬᠠᠢᠷᠠᠯᠠᠭᠠᠷᠠᠢ!ᠲᠠ ᠪᠦᠬᠦᠨ ᠤ
ᠬᠦᠯᠢᠶᠡᠨ ᠠᠪᠴᠤ᠌ ᠰᠤᠨᠤᠰᠤᠬ᠍ᠰᠠᠨ᠎ᠳᠤ ᠪᠠᠶᠠᠷᠯᠠᠯ᠎ᠠ᠂ ᠪᠠᠶᠠᠷᠳᠠᠢ!
(ᠢᠷᠡᠯᠳᠡ᠄ ᠰᠢᠨᠬᠤᠧᠠ ᠬᠤᠷᠢᠶᠠᠨ ᠤ ᠵᠢᠷᠬᠢᠶ᠎ᠠ᠎ᠶᠢᠨ ᠲᠠᠪᠴᠠᠩ᠂ ᠠᠷᠠᠳ ᠤᠨ
ᠡᠳᠦᠷ ᠤᠨ ᠰᠤᠨᠢᠨ ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ ᠤᠨ ᠰᠤᠨᠢᠨ᠎ᠤ ᠵᠢᠷᠬᠢᠶ᠎ᠠ᠎ᠶᠢᠨ
ᠲᠠᠪᠴᠠᠩ᠂ ᠮᠠᠨ ᠤ ᠤᠷᠤᠨ᠎ᠤ ᠡᠯ᠎ᠠ ᠠᠢᠮᠠᠭ
ᠬᠤᠳᠠ᠂ ᠬᠤᠰᠢᠭᠤ ᠰᠢᠶᠠᠨ᠎ᠤ ᠵᠢᠷᠬᠢᠶ᠎ᠠ᠎ᠶᠢᠨ ᠲᠠᠪᠴᠠᠩ)