1 ᠰᠠᠷ᠎ᠠ ᠵᠢᠨ 16 ᠎ᠤ ᠡᠳᠤᠷ
ᠡᠬᠢᠯᠡᠬᠦ᠌ ᠴᠠᠭ᠄
2026-01-16 10:32:21
ᠨᠠᠶ᠋ᠢᠷᠠᠭᠤᠯᠤᠭᠴᠢ ᠄
ᠤᠷᠠᠨᠲᠠᠨ᠎ᠡ
ᠨᠡᠪᠲᠡᠷᠡᠬᠦᠯᠦᠭᠴᠢ ᠄
ᠤᠷᠠᠨᠲᠠᠨ᠎ᠠ
ᠮᠡᠷᠭᠡᠵᠢᠯ ᠄

ᠤᠩᠰᠢᠭᠰᠠᠨ ᠤᠳᠠᠭ᠎ᠠ᠄


ᠡᠷᠭᠢᠮ ᠭᠦᠨᠳᠦᠳᠦ ᠰᠤᠨᠤᠰᠤᠭ᠍ᠴᠢᠳ ᠮᠢᠨᠢ᠂ ᠰᠠᠢ᠌ᠨ ᠪᠠᠢ᠌ᠨ᠎ᠠ᠎ᠤᠤ᠂ ᠦᠪᠦᠷ ᠮᠤᠩᠭᠤᠯ᠎ᠤᠨ ᠡᠳᠦᠷ᠎ᠤᠨ ᠰᠤᠨᠢᠨ᠎ᠤ ᠬᠤᠷᠢᠶ᠎ᠠ ᠵᠢᠨ ᠪᠦᠷᠢᠨ ᠵᠠᠭᠤᠴᠢᠯᠠᠭᠤᠷ ᠎ᠤᠨ《ᠬᠦᠯᠦᠭ》 ᠨᠡᠪᠲᠡᠷᠡᠭᠦᠯᠭᠡ ᠲᠠ ᠪᠦᠬᠦᠨ᠎ᠲᠠᠢ ᠪᠡᠨ ᠮᠡᠨᠳᠦᠴᠢᠯᠡᠨ ᠵᠤᠯᠭᠠᠵᠤ ᠪᠠᠢ᠌ᠨ᠎ᠠ᠃ ᠪᠢ ᠨᠡᠪᠳᠡᠷᠡᠭᠦᠯᠦᠭ᠌ᠴᠢ ᠤᠷᠠᠨᠲᠠᠨ᠎ᠠ᠃ ᠦᠨᠦᠳᠦᠷ ᠪᠤᠯ 2026 ᠤᠨ᠎ᠤ 1 ᠰᠠᠷ᠎ᠠ ᠵᠢᠨ 16 ᠎ᠤ ᠡᠳᠦᠷ᠂ ᠪᠢᠯᠢᠭ᠎ᠤᠨ ᠤᠯᠠᠷᠢᠯ᠎ᠤᠨ ᠬᠦᠬᠡᠭᠴᠢᠨ ᠮᠤᠭᠠᠢ ᠵᠢᠯ᠎ᠤᠨ 11 ᠰᠠᠷ᠎ᠠ ᠵᠢᠨ 28᠂ ᠭᠠᠷᠠᠭ᠎ᠤᠨ 5᠃


ᠨᠡᠢᠭᠡᠮ 

 

✦ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ ᠵᠢᠨ ᠶᠠᠮᠤᠨ ᠵᠡᠷᠭᠡ 5 ᠰᠠᠯᠠᠭ᠎ᠠ ᠮᠥᠴᠢᠷ ᠪᠢᠴᠢᠭ ᠮᠠᠲᠧᠷᠢᠶᠠᠯ ᠪᠠᠭᠤᠯᠭᠠᠵᠤ᠂ ᠰᠦᠯᠵᠢᠶ᠎ᠡ᠎ᠪᠠᠷ ᠠᠵᠢᠯᠲᠠᠨ ᠡᠯᠰᠡᠬᠦ ᠡᠮᠬᠢ ᠵᠢᠷᠤᠮ᠎ᠢ ᠵᠢᠷᠤᠮᠵᠢᠭᠤᠯᠵᠤ᠂ ᠰᠦᠯᠵᠢᠶᠡᠨ ᠲᠠᠪᠴᠠᠩ᠎ᠳᠤ ᠠᠵᠢᠯᠲᠠᠨ ᠡᠯᠰᠡᠬᠦ ᠮᠡᠳᠡᠭᠡ ᠵᠠᠩᠭᠢ ᠨᠡᠢᠲᠡᠯᠡᠬᠦ᠎ᠳᠡᠭᠡᠨ ᠦᠨᠡᠨ ᠪᠣᠳᠠᠲᠠᠢ᠂ ᠬᠠᠤᠯᠢ᠎ᠳᠤ ᠨᠡᠢᠴᠡᠭᠰᠡᠨ ᠪᠠᠢᠵᠤ᠂ ᠠᠵᠢᠯᠲᠠᠨ ᠡᠯᠰᠡᠬᠦ ᠮᠡᠳᠡᠭᠡ ᠵᠠᠩᠭᠢ᠎ᠶᠢᠨ ᠨᠡᠷ᠎ᠡ᠎ᠪᠠᠷ ᠬᠠᠤᠯᠢ ᠪᠤᠰᠤ᠎ᠪᠠᠷ ᠠᠵᠢᠯᠲᠠᠨ ᠡᠯᠰᠡᠬᠦ᠎ᠶᠢ ᠴᠢᠩᠭ᠎ᠠ ᠬᠣᠷᠢᠭ᠍ᠯᠠᠬᠤ ᠬᠡᠷᠡᠭᠲᠡᠢ ᠭᠡᠵᠦ ᠱᠠᠭᠠᠷᠳᠠᠪᠠ᠃


微信图片_2026-01-15_114348_740.jpg


✦ᠵᠠᠬ᠎ᠠ ᠳᠡᠯᠭᠡᠭᠦᠷ ᠎ᠦᠨ ᠬᠢᠨᠠᠯᠲᠠ ᠬᠠᠮᠢᠶᠠᠷᠤᠯᠲᠠ ᠎ᠶᠢᠨ ᠶᠡᠷᠦᠩᠬᠡᠢ ᠲᠣᠪᠴᠢᠶ᠎ᠠ ᠲᠦᠷᠦᠭᠦᠬᠡᠨ ᠵᠠᠰᠠᠪᠤᠷᠢ ᠣᠷᠣᠭᠤᠯᠤᠭᠰᠠᠨ《ᠰᠢᠷᠬᠡᠭᠯᠢᠭ ᠪᠦᠲᠦᠭᠡᠭᠳᠡᠬᠦᠨ᠎ᠦ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ ᠎ᠶᠢᠨ ᠠᠷᠭ᠎ᠠ》 ᠪᠠ GB18383 — 2025 《ᠬᠥᠪᠥᠩ᠎ᠳᠤ ᠬᠡᠷᠡᠭᠯᠡᠬᠦ ᠰᠢᠷᠬᠡᠭᠯᠢᠭ ᠪᠦᠲᠦᠭᠡᠭᠳᠡᠬᠦᠨ ᠎ᠦ ᠨᠡᠢᠳᠡᠮ ᠎ᠤᠨ ᠬᠡᠷᠡᠭᠯᠡᠭᠡᠨ ᠎ᠦ ᠮᠡᠷᠭᠡᠵᠢᠯ ᠎ᠦᠨ ᠱᠠᠭᠠᠷᠳᠠᠯᠭ᠎ᠠ》 ᠵᠢᠨ ᠠᠯᠪᠠᠳᠠᠯᠭ᠎ᠠ᠎ᠶᠢᠨ ᠴᠢᠨᠠᠷᠲᠠᠢ ᠤᠯᠤᠰ ᠎ᠤᠨ ᠪᠠᠷᠢᠮᠵᠢᠶ᠎ᠠ ᠵᠢ ᠨᠡᠢᠲᠡᠯᠡᠵᠦ᠂ 2026 ᠣᠨ᠎ᠤ 7 ᠰᠠᠷ᠎ᠠ ᠎ᠶᠢᠨ 1᠎ᠦ ᠡᠳᠦᠷ᠎ᠡᠴᠡ ᠡᠬᠢᠯᠡᠵᠦ ᠬᠡᠷᠡᠭᠵᠢᠭᠦᠯᠬᠦ ᠎ᠪᠡᠷ ᠪᠤᠢ᠃ ᠡᠭᠦᠨ᠎ᠳᠤ ᠰᠤᠷᠤᠭ᠍ᠴᠢᠳ᠎ᠤᠨ ᠬᠤᠪᠴᠠᠰᠤ᠂ ᠳᠣᠲᠣᠷ ᠬᠤᠪᠴᠠᠰᠤ᠂ ᠨᠢᠯᠬ᠎ᠠ ᠬᠡᠦᠬᠡᠳ᠎ᠤᠨ ᠰᠢᠷᠬᠡᠭᠯᠢᠭ ᠡᠳ᠋ ᠵᠡᠷᠭᠡ ᠦᠢᠯᠡᠳᠬᠦᠨ᠎ᠦ ᠢᠯᠡᠳᠬᠡᠮᠵᠢ ᠲᠡᠮᠳᠡᠭ᠎ᠲᠦ ᠰᠢᠷᠬᠡᠭᠯᠢᠭ ᠎ᠦᠨ ᠪᠦᠷᠢᠯᠳᠦᠭᠦᠨ᠂ ᠠᠭᠤᠯᠤᠭᠳᠠᠴᠠ ᠵᠢᠴᠢ ᠠᠮᠤᠷ ᠲᠦᠪᠰᠢᠨ᠎ᠦ ᠮᠡᠷᠭᠡᠵᠢᠯ᠎ᠦᠨ ᠲᠥᠷᠥᠯ ᠢᠯᠭᠠᠯ᠎ᠢ ᠪᠠᠭᠲᠠᠭᠠᠬᠤ ᠬᠡᠷᠡᠭᠲᠡᠢ ᠭᠡᠵᠦ ᠱᠠᠭᠠᠷᠳᠠᠵᠠᠢ᠃ ᠮᠦᠨᠴᠤ ᠠᠮᠢᠳᠤᠷᠠᠯ᠎ᠳᠦ ᠥᠯᠦ ᠬᠡᠷᠡᠭᠯᠡᠬᠦ ᠬᠥᠪᠥᠩ ᠰᠢᠷᠬᠡᠭᠯᠢᠭ ᠡᠳ᠋᠎ᠦᠨ《ᠠᠮᠢᠳᠤᠷᠠᠯ᠎ᠤᠨ ᠪᠤᠰᠤ ᠬᠡᠷᠡᠭᠰᠡᠯ》 ᠭᠡᠬᠦ ᠱᠣᠰᠢᠭ᠎ᠠ ᠲᠡᠮᠳᠡᠭ᠎ᠢ ᠡᠷᠬᠡᠪᠰᠢ ᠢᠯᠡᠷᠬᠡᠢ ᠭᠠᠵᠠᠷ ᠲᠤ᠌ ᠬᠠᠳᠠᠬᠤ ᠬᠡᠷᠡᠭᠲᠡᠢ ᠭᠡᠵᠦ ᠱᠠᠭᠠᠷᠳᠠᠪᠠ᠃


QQ20260116-104348.png


✦ᠡᠵᠡᠨ ᠬᠣᠷᠣᠭ᠎ᠠ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ ᠪᠣᠯᠣᠨ ᠥᠪᠥᠷ ᠮᠣᠩᠭᠣᠯ᠎ᠤᠨ ᠤᠷᠠᠯᠢᠭ᠋᠎ᠤᠨ ᠳᠡᠭᠡᠳᠦ ᠰᠤᠷᠭᠠᠭᠤᠯᠢ ᠬᠠᠮᠲᠤᠷᠠᠨ ᠰᠤᠷᠭᠠᠭᠤᠯᠢ ᠡᠷᠬᠢᠯᠡᠬᠦ ᠭᠡᠷ᠎ᠡ ᠲᠣᠭᠲᠠᠬᠤ ᠵᠢᠴᠢ ᠫᠠᠢᠰᠠ ᠰᠡᠬᠦᠬᠦ ᠶᠣᠰᠣᠯᠠᠯ ᠤᠷᠴᠢᠮᠬᠠᠨ ᠶᠠᠪᠤᠬᠳᠠᠵᠤ᠂ ᠥᠪᠥᠷ ᠮᠣᠩᠭᠣᠯ᠎ᠤᠨ ᠤᠷᠠᠯᠢᠭ᠋᠎ᠤᠨ ᠳᠡᠭᠡᠳᠦ ᠰᠤᠷᠭᠠᠭᠤᠯᠢ᠎ᠶᠢᠨ ᠣᠷᠳᠣᠰ ᠬᠠᠷᠢᠶᠠᠲᠤ ᠳᠤᠮᠳᠠᠳᠤ ᠰᠤᠷᠭᠠᠭᠤᠯᠢ᠎ᠶᠢᠨ ᠫᠠᠢᠰᠠ᠎ᠶᠢ ᠰᠡᠬᠦᠪᠡ᠃


捕获.JPG


✦2025 ᠣᠨ᠎ᠳᠤ᠂ ᠬᠣᠷᠴᠢᠨ  ᠵᠡᠭᠦᠨ ᠭᠠᠷᠤᠨ ᠬᠣᠢᠲᠤ ᠬᠣᠰᠢᠭᠤ 《ᠪᠦᠷᠢᠨ ᠴᠢᠳᠠᠮᠵᠢᠲᠤ ᠺᠠᠷᠲ》᠎ᠤᠨ ᠰᠢᠰᠲᠧᠮ᠎ᠢᠶᠡᠷ ᠠᠷᠠᠳ᠎ᠲᠤ ᠠᠰᠢᠭ᠋ ᠬᠦᠷᠲᠡᠭᠡᠬᠦ ᠨᠥᠬᠥᠪᠦᠷᠢ ᠎ᠶᠢᠨ ᠪᠡᠯᠡ ᠮᠥᠩᠭᠥ ᠎ᠶᠢ 5.4 ᠳ᠋ᠦᠩᠰᠢᠭᠤᠷ ᠲᠥᠭᠥᠷᠢᠭ ᠲᠠᠷᠬᠠᠭᠠᠵᠤ᠂ 42 ᠨᠥᠬᠥᠪᠦᠷᠢ᠎ᠶᠢᠨ ᠲᠥᠷᠥᠯ ᠵᠦᠢᠯ᠎ᠢ ᠬᠠᠮᠤᠷᠤᠨ᠂ 56 ᠲᠦᠮᠡᠨ ᠬᠥᠮᠥᠨ ᠤᠳᠠᠭ᠎ᠠ᠎ᠳᠤ ᠠᠰᠢᠭ᠋ ᠬᠦᠷᠲᠡᠭᠡᠪᠠ ᠃

✦ᠲᠦᠷᠦᠭᠦᠬᠡᠨ ᠠᠷᠪᠠᠨ ᠬᠣᠶᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠣᠯᠠᠨ ᠨᠡᠶ᠋ᠢᠲᠡ᠎ᠶᠢᠨ ᠴᠠᠰᠤ ᠮᠦᠰᠦᠨ᠎ᠤ ᠤᠯᠠᠷᠢᠯ ᠵᠢᠴᠢ ᠲᠦᠩᠯᠢᠶᠣᠣ ᠬᠣᠲᠠ᠎ᠶᠢᠨ ᠭᠤᠷᠪᠠᠳᠤᠭᠠᠷ ᠬᠤᠭᠤᠴᠠᠭᠠᠨ ᠎ᠤ ᠡᠪᠦᠯ ᠎ᠦᠨ ᠵᠢᠭᠠᠰᠤ ᠠᠩᠨᠠᠬᠤ ᠨᠠᠢᠷ ᠬᠣᠷᠴᠢᠨ ᠵᠡᠭᠦᠨ ᠭᠠᠷᠤᠨ ᠬᠣᠢᠲᠤ ᠬᠣᠰᠢᠭᠤᠨ᠎ᠤ ᠰᠤᠨᠳᠤᠤ ᠣᠰᠤᠨ ᠴᠥᠭᠥᠷᠥᠮ᠎ᠳᠦ ᠡᠬᠢᠯᠡᠪᠡ᠃ ᠲᠤᠰ ᠨᠠᠢᠷ ᠨᠢ ᠡᠯᠪᠡᠭ ᠬᠤᠷᠢᠶᠠᠯᠲᠠ᠎ᠶᠢ ᠪᠡᠯᠭᠡᠯᠡᠬᠦ᠂ ᠤᠷ᠎ᠠ ᠮᠡᠷᠭᠡᠵᠢᠯ᠎ᠢᠶᠡᠨ ᠭᠠᠢᠬᠠᠭᠤᠯᠬᠤ᠂ ᠲᠦᠷᠦᠭᠦᠦ ᠵᠢᠭᠠᠰᠤ᠎ᠶᠢ ᠦᠨ᠎ᠡ ᠬᠠᠶᠠᠯᠴᠠᠨ ᠬᠤᠳᠠᠯᠳᠤᠬᠤ ᠵᠡᠷᠭᠡ ᠣᠨᠴᠠᠯᠢᠭ᠍ᠲᠤ ᠠᠵᠢᠯᠯᠠᠭ᠎ᠠ ᠥᠷᠨᠢᠭᠦᠯᠦᠨ᠂ ᠠᠬᠤᠢ ᠲᠠᠯᠠᠪᠠᠢ ᠵᠢᠨ  ᠲᠦᠷᠦᠭᠦᠦ ᠵᠢᠭᠠᠰᠤ ᠨᠢ 18.8 ᠲᠦᠮᠡᠨ ᠲᠥᠭᠥᠷᠢᠭ ᠎ᠦᠨ ᠥᠨᠳᠥᠷ ᠦᠨ᠎ᠡ᠎ᠳᠦ ᠬᠦᠷᠦᠭᠰᠡᠨ ᠪᠠᠢᠨ᠎ᠠ᠃

✦ᠤᠢᠷ᠎ᠠ ᠎ᠳᠤ ᠦᠦᠰᠢᠨ ᠬᠣᠰᠢᠭᠤᠨ᠎ᠤ ᠡᠪᠡᠳᠴᠢᠨ ᠡᠮᠭᠡᠭ ᠎ᠢ ᠰᠡᠷᠭᠡᠢᠯᠡᠨ ᠡᠵᠡᠮᠳᠡᠬᠦ ᠲᠥᠪ ᠨᠢ ᠰᠢᠯᠭᠠᠨ ᠪᠠᠢᠴᠠᠭᠠᠬᠤ ᠪᠠᠢᠭᠤᠯᠤᠮᠵᠢ᠎ᠶᠢᠨ ᠬᠢᠷᠢ ᠬᠡᠮ᠎ᠢ ᠦᠨᠡᠯᠡᠨ ᠲᠣᠭᠲᠠᠭᠠᠬᠤ CM ᠠᠬᠤᠢ ᠲᠠᠯᠠᠪᠠᠢ᠎ᠶᠢᠨ ᠦᠨᠡᠯᠡᠨ ᠲᠣᠭᠲᠠᠭᠠᠯᠲᠠ᠎ᠶᠢᠨ ᠠᠵᠢᠯ᠎ᠤᠨ ᠲᠥᠷᠥᠯ ᠵᠦᠢᠯ᠎ᠢ ᠤᠷᠤᠭᠰᠢᠲᠠᠢ ᠪᠡᠶᠡᠯᠡᠭᠦᠯᠵᠦ᠂ 2 ᠲᠥᠷᠥᠯ 15 ᠵᠦᠢᠯ᠎ᠦᠨ ᠰᠢᠯᠭᠠᠨ ᠪᠠᠢᠴᠠᠭᠠᠬᠤ ᠲᠣᠭ᠎ᠠ ᠪᠠᠷᠢᠮᠲᠠ᠎ᠶᠢ ᠰᠢᠨ᠎ᠡ᠎ᠪᠡᠷ ᠨᠡᠮᠡᠨ᠂ ᠰᠢᠯᠭᠠᠨ ᠪᠠᠢᠴᠠᠭᠠᠬᠤ ᠴᠢᠳᠠᠪᠬᠢ᠎ᠶᠢᠨ ᠳᠠᠪᠰᠢᠯᠲᠠ᠎ᠶᠢ ᠪᠡᠶᠡᠯᠡᠭᠦᠯᠵᠦ᠂ ᠪᠥᠬᠥ ᠬᠣᠰᠢᠭᠤᠨ᠎ᠤ ᠣᠯᠠᠨ ᠨᠡᠶ᠋ᠢᠲᠡ᠎ᠶᠢᠨ ᠡᠷᠡᠭᠦᠯ ᠬᠠᠮᠠᠭᠠᠯᠠᠯ᠎ᠤᠨ ᠠᠮᠤᠷ ᠲᠦᠪᠰᠢᠨ᠎ᠦ ᠰᠡᠷᠭᠡᠢᠯᠡᠨ ᠬᠠᠮᠠᠭᠠᠯᠠᠯᠲᠠ᠎ᠳᠤ ᠮᠡᠷᠭᠡᠵᠢᠯ᠎ᠦᠨ ᠰᠠᠭᠤᠷᠢ᠎ᠶᠢ ᠪᠡᠬᠢᠵᠢᠭᠦᠯᠦᠭᠰᠡᠨ ᠪᠠᠢᠨ᠎ᠠ᠃


QQ20260116-104408.png


ᠠᠵᠤ ᠠᠬᠤᠢ 


✦ᠲᠣᠭ᠎ᠠ ᠪᠠᠷᠢᠮᠲᠠ᠎ᠳᠤ ᠬᠠᠷᠠᠭᠤᠯᠤᠭᠰᠠᠨ᠎ᠢᠶᠠᠷ᠂ 2025 ᠣᠨ᠎ᠳᠤ  ᠮᠠᠨ᠎ᠤ ᠤᠯᠤᠰ᠎ᠤᠨ ᠰᠢᠨ᠎ᠡ ᠡᠨᠧᠷᠭᠢ᠎ᠶᠢᠨ ᠮᠠᠰᠢᠨ ᠲᠡᠷᠭᠡᠨ᠎ᠦ ᠦᠢᠯᠡᠳᠪᠦᠷᠢᠯᠡᠯ ᠪᠣᠷᠤᠯᠠᠭᠤᠯᠭ᠎ᠠ᠎ᠶᠢᠨ ᠬᠡᠮᠵᠢᠶ᠎ᠡ ᠳᠤᠮᠳᠠᠴᠢ᠎ᠪᠠᠷ 1600 ᠲᠦᠮᠡ᠎ᠶᠢ ᠳᠠᠪᠠᠵᠤ᠂ ᠰᠢᠨ᠎ᠡ ᠡᠨᠧᠷᠭᠢ᠎ᠶᠢᠨ ᠮᠠᠰᠢᠨ ᠲᠡᠷᠭᠡᠨ᠎ᠦ ᠤᠯᠤᠰ᠎ᠤᠨ ᠳᠣᠲᠣᠭᠠᠳᠤ᠎ᠶᠢᠨ ᠰᠢᠨ᠎ᠡ ᠮᠠᠰᠢᠨ ᠲᠡᠷᠭᠡᠨ᠎ᠦ ᠪᠣᠷᠤᠯᠠᠭᠤᠯᠭ᠎ᠠ᠎ᠳᠡᠬᠢ ᠬᠠᠷᠢᠴᠠᠯ 50% ᠶ᠋ᠢ ᠳᠠᠪᠠᠪᠠ᠃


640 (1).png


✦《ᠳᠤᠯᠠᠭᠠᠨ ᠬᠣᠲᠠ᠎ᠶᠢᠨ ᠲᠠᠩᠰᠤᠭ ᠠᠮᠲᠠ》 ᠣᠷᠣᠨ ᠪᠦᠰᠡ ᠵᠢᠨ ᠨᠡᠢᠲᠡ᠎ᠶᠢᠨ ᠬᠡᠷᠡᠭᠯᠡᠭᠡᠨ᠎ᠦ ᠲᠦᠷᠦᠯ ᠳᠡᠮᠳᠡᠭ᠎ᠢ ᠨᠡᠢᠲᠡᠯᠡᠭᠰᠡᠨ᠎ᠡᠴᠡ ᠨᠠᠭᠠᠰᠢ ᠣᠷᠳᠣᠰ ᠬᠣᠲᠠ ᠲᠦᠷᠦᠯ ᠳᠡᠮᠳᠡᠭ᠎ᠤᠨ ᠪᠦᠲᠦᠭᠡᠨ ᠪᠠᠢᠭᠤᠯᠤᠯᠲᠠ᠎ᠶᠢ ᠦᠷᠭᠦᠯᠵᠢᠯᠡᠨ ᠭᠦᠨᠵᠡᠭᠡᠢᠷᠡᠭᠦᠯᠦᠨ ᠪᠣᠳᠠᠲᠠᠢᠵᠢᠭᠤᠯᠵᠠᠢ᠃ ᠣᠳᠣᠬᠠᠨ ᠪᠣᠯᠲᠠᠯ᠎ᠠ 《ᠳᠤᠯᠠᠭᠠᠨ ᠬᠤᠲᠠ᠎ᠶᠢᠨ ᠲᠠᠩᠰᠤᠭ ᠠᠮᠲᠠ》 ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠣᠷᠣᠨ ᠪᠦᠰᠡ᠎ᠶᠢᠨ ᠨᠡᠶ᠋ᠢᠲᠡ᠎ᠶᠢᠨ ᠬᠡᠷᠡᠭᠯᠡᠭᠡᠨ᠎ᠦ ᠲᠥᠷᠥᠯ ᠲᠡᠮᠳᠡᠭ ᠨᠢ 44 ᠠᠵᠤ ᠠᠬᠤᠢᠯᠠᠯ᠂ 82 ᠵᠦᠢᠯ᠎ᠦᠨ ᠦᠢᠯᠡᠳᠬᠦᠨ᠎ᠳᠦ ᠡᠷᠬᠡ ᠣᠯᠭᠣᠵᠤ᠂ ᠵᠠᠬ᠎ᠠ ᠳᠡᠯᠭᠡᠭᠦᠷ᠎ᠢ ᠲᠠᠰᠤᠷᠠᠯᠲᠠ ᠦᠭᠡᠢ ᠥᠷᠭᠡᠳᠬᠡᠵᠡᠢ᠃


ᠰᠤᠶᠤᠯ 

✦1 ᠰᠠᠷ᠎ᠠ ᠵᠢᠨ 14 ᠎ᠦ ᠡᠳᠦᠷ᠂ ᠳᠤᠮᠳᠠᠳᠤ ᠤᠯᠤᠰ᠎ᠤᠨ ᠨᠡᠢᠭᠡᠮ᠎ᠦᠨ ᠰᠢᠨᠵᠢᠯᠡᠬᠦ ᠤᠬᠠᠭᠠᠨ᠎ᠤ ᠬᠦᠷᠢᠶᠡᠯᠡᠩ 6 ᠵᠦᠢᠯ ᠎ᠦᠨ 《ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠠᠭᠤᠴᠢ ᠰᠤᠳᠤᠯᠤᠯ ᠬᠢᠭᠡᠳ ᠰᠣᠶᠣᠯ᠎ᠤᠨ ᠥᠪ᠎ᠦᠨ ᠬᠠᠮᠠᠭᠠᠯᠠᠯᠲᠠ᠎ᠶᠢᠨ ᠴᠢᠬᠤᠯᠠ ᠶᠡᠬᠡ ᠦᠷ᠎ᠡ ᠪᠦᠲᠦᠭᠡᠯ》 ᠎ᠢ ᠨᠡᠢᠲᠡᠯᠡᠪᠡ᠃

QQ20260116-104427.png


✦ᠤᠷᠴᠢᠮᠬᠠᠨ ᠬᠥᠳᠡᠭᠡ ᠠᠵᠤ ᠠᠬᠤᠢ ᠬᠥᠳᠡᠭᠡ ᠲᠣᠰᠬᠣᠨ ᠎ᠤ ᠶᠠᠮᠤᠨ᠎ᠤ ᠠᠯᠪᠠᠨ ᠰᠦᠯᠵᠢᠶ᠎ᠡ ᠨᠠᠢ᠍ᠮᠠᠳᠤᠭᠠᠷ ᠪᠦᠯᠦᠭ ᠎ᠦᠨ ᠳᠤᠮᠳᠠᠳᠤ ᠤᠯᠤᠰ᠎ᠤᠨ ᠴᠢᠬᠤᠯᠠ ᠲᠠᠷᠢᠶᠠᠯᠠᠩ᠎ᠤᠨ ᠰᠣᠶᠣᠯ᠎ᠤᠨ ᠥᠪ᠎ᠦᠨ ᠵᠢᠱ᠌ᠢᠭᠳᠡᠭᠰᠡᠨ ᠲᠥᠷᠥᠯ ᠵᠦᠢᠯ᠎ᠦᠨ ᠨᠡᠷᠡᠰ᠎ᠢ ᠵᠠᠷᠯᠠᠨ ᠨᠡᠢᠲᠡᠯᠡᠪᠡ᠃ ᠡᠭᠦᠨ᠎ᠳᠦ ᠵᠠᠷᠤᠳ᠎ᠤᠨ  ᠲᠠᠯ᠎ᠠ ᠨᠤᠲᠤᠭ᠎ᠤᠨ ᠨᠡᠭᠦᠳᠡᠯ ᠮᠠᠯᠵᠢᠯ᠎ᠤᠨ ᠰᠢᠰᠲᠧᠮ ᠠᠮᠵᠢᠯᠲᠠ᠎ᠲᠠᠢ ᠰᠣᠩᠭᠣᠭᠳᠠᠵᠥ᠂ ᠪᠦᠬᠦ ᠤᠯᠤᠰ᠎ᠤᠨ 90 ᠵᠦᠢᠯ᠎ᠦᠨ ᠤᠯᠠᠮᠵᠢᠯᠠᠯᠲᠤ ᠲᠠᠷᠢᠶᠠᠯᠠᠩ᠎ᠤᠨ ᠰᠢᠰᠲᠧᠮ᠎ᠳᠦ ᠵᠢᠭ᠍ᠰᠠᠭᠠᠭᠳᠠᠪᠠ᠃


QQ20260116-104810.png


 ᠲᠠᠮᠢᠷ

✦ᠪᠠᠷᠠᠭᠤᠨ ᠦᠵᠦᠮᠦᠴᠢᠨ ᠬᠣᠰᠢᠭᠤᠨ ᠎ᠤ ᠬᠣᠭᠤᠯᠠᠲᠤ᠎ᠶᠢᠨ ᠭᠣᠣᠯ ᠪᠠᠯᠭᠠᠰᠤᠨ ᠎ᠤ ᠰᠢᠨ᠎ᠡ ᠣᠨ᠎ᠢᠶᠠᠨ ᠤᠭᠲᠤᠬᠤ ᠵᠠᠯᠠᠭᠤ ᠪᠥᠬᠡᠴᠦᠳ ᠎ᠦᠨ 128 ᠪᠥᠬᠡ᠎ᠶᠢᠨ ᠪᠠᠷᠢᠯᠳᠤᠭᠠᠨ ᠲᠦᠷᠦᠬᠦᠬᠡᠨ ᠶᠠᠪᠤᠭᠳᠠᠵᠤ᠂ ᠪᠠᠷᠠᠭᠤᠨ ᠦᠵᠦᠮᠦᠴᠢᠨ ᠬᠣᠰᠢᠭᠤᠨ ᠎ᠤ ᠵᠠᠯᠠᠭᠤ ᠪᠥᠬᠡᠴᠤᠳ ᠴᠤᠬᠯᠠᠷᠠᠬᠰᠠᠨ᠎ᠢᠶᠠᠷ ᠪᠠᠷᠠᠬᠤ ᠦᠭᠡᠢ᠂ ᠰᠢᠯᠢᠩᠬᠣᠲᠠ᠂ ᠵᠡᠭᠦᠨ ᠦᠵᠦᠮᠦᠴᠢᠨ ᠬᠣᠰᠢᠭᠤ᠂ ᠬᠥᠪᠡᠭᠡᠲᠦ ᠰᠢᠷ᠎ᠠ ᠬᠣᠰᠢᠭᠤ᠂ ᠠᠪᠠᠭ᠎ᠠ ᠬᠣᠰᠢᠭᠤ᠂ ᠰᠢᠯᠤᠭᠤᠨ ᠬᠥᠬᠡ ᠬᠣᠰᠢᠭᠤ ᠵᠢᠴᠢ ᠠᠯᠠᠱᠠ ᠠᠢᠮᠠᠭ᠂ ᠲᠦᠩᠯᠢᠶᠣᠣ ᠬᠣᠲᠠ᠎ᠶᠢᠨ ᠵᠠᠯᠠᠭᠤ ᠪᠥᠬᠡᠴᠤᠳ ᠢᠳᠡᠪᠬᠢᠯᠡᠨ ᠤᠷᠤᠯᠴᠠᠬᠰᠠᠨ ᠪᠠᠢᠨ᠎ᠠ᠃

 

ᠲᠡᠯᠡᠬᠡᠢ 

✦ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠠᠮᠧᠷᠢᠺᠠ᠎ᠶᠢᠨ 《ᠰᠣᠨᠢᠨ ᠮᠡᠳᠡᠭᠡᠨ᠎ᠦ ᠭᠠᠷᠠᠭ᠎ᠤᠨ ᠰᠡᠳᠬᠦᠯ》 1 ᠰᠠᠷ᠎ᠠ ᠵᠢᠨ 13᠎ᠤ ᠡᠳᠤᠷ ᠮᠡᠳᠡᠭᠡᠯᠡᠬᠦ᠎ᠳᠡᠭᠡᠨ᠂ ᠠᠮᠧᠷᠢᠺᠠ᠎ᠶᠢᠨ ᠶᠡᠷᠦᠩᠬᠡᠢᠯᠡᠭᠴᠢ ᠲᠸᠷᠠᠮᠫᠦ᠋ ᠴᠠᠭᠠᠨ ᠣᠷᠳᠣᠨ᠎ᠳᠤ ᠳᠠᠬᠢᠨ ᠪᠤᠴᠠᠭᠰᠠᠨ ᠎ᠤ ᠨᠢᠭᠡᠳᠦᠭᠡᠷ ᠵᠢᠯ᠎ᠦᠨ ᠳᠣᠲᠣᠷ᠎ᠠ᠂ ᠪᠤᠰᠤᠳ ᠤᠯᠤᠰ ᠎ᠤᠨ ᠨᠤᠲᠤᠭ ᠳᠡᠪᠢᠰᠬᠡᠷ᠎ᠲᠦ 600 ᠰᠢᠬᠠᠮ ᠤᠳᠠᠭᠠᠨ᠎ᠤ ᠭᠠᠭᠴᠠ ᠲᠠᠯ᠎ᠠ᠎ᠶᠢᠨ ᠴᠡᠷᠢᠭ ᠎ᠦᠨ ᠶᠠᠪᠤᠳᠠᠯ᠎ᠤᠨ ᠴᠣᠬᠢᠯᠲᠠ ᠥᠭᠬᠦ ᠠᠵᠢᠯᠯᠠᠭ᠎ᠠ ᠥᠷᠨᠢᠭᠦᠯᠬᠦ᠎ᠪᠡᠷ ᠵᠠᠷᠯᠢᠭ᠍ᠳᠠᠵᠠᠢ ᠭᠡᠪᠡ᠃

✦ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠹᠷᠠᠨᠼᠢ᠎ᠶᠢᠨ ᠭᠠᠳᠠᠭᠠᠳᠤ ᠶᠠᠪᠤᠳᠠᠯ᠎ᠤᠨ ᠶᠠᠮᠤᠨ᠎ᠤ ᠰᠠᠢᠳ ᠪᠠᠷᠤ᠋ 1 ᠰᠠᠷ᠎ᠠ ᠵᠢᠨ 14 ᠎ᠦ ᠡᠳᠦᠷ ᠹᠷᠠᠨᠼᠢ᠎ᠶᠢᠨ RTL ᠷᠠᠳᠢᠣ᠋ ᠬᠣᠷᠢᠶᠠᠨ᠎ᠤ ᠰᠣᠷᠪᠤᠯᠵᠢᠯᠠᠭ᠎ᠠ᠎ᠶᠢ ᠬᠦᠯᠢᠶᠡᠬᠦ᠎ᠳᠡᠭᠡᠨ᠂ ᠹᠷᠠᠨᠼᠢ 2 ᠰᠠᠷ᠎ᠠ᠎ᠶᠢᠨ 6 ᠎ᠤ ᠡᠳᠦᠷ ᠭᠷᠢᠨᠯᠠᠨᠳ᠋ ᠠᠷᠠᠯ᠎ᠳᠤ ᠺᠣᠨᠰᠦ᠋ᠯ᠎ᠦᠨ ᠭᠠᠵᠠᠷ ᠭᠠᠷᠭᠠᠬᠤ ᠪᠣᠯᠣᠨ᠎ᠠ ᠭᠡᠵᠡᠢ᠃

 

ᠦᠢᠯᠡᠴᠢᠯᠡᠭᠡ  


✦ᠤᠷᠠᠳ᠎ᠤᠨ ᠬᠤᠢᠳᠤ ᠬᠤᠰᠢᠭᠤ ᠨᠡᠢᠳᠡ ᠵᠢᠨ ᠠᠰᠠᠷᠠᠮᠵᠢ ᠵᠢᠨ ᠴᠢᠨᠠᠷᠳᠠᠢ ᠠᠵᠢᠯ᠎ᠤᠨ ᠪᠠᠢᠷᠢ᠎ᠳᠤ ᠠᠵᠢᠯᠳᠠᠨ ᠡᠯᠰᠡᠵᠤ ᠪᠤᠢ᠃ 

 

ᠲᠠᠨ ᠎ᠤ ᠲᠤᠰᠡ ᠳ᠋ᠤ 


✦ᠦᠷᠭᠡᠰᠤᠳᠤ ᠬᠡᠮᠬᠡ ᠵᠢᠨ ᠤᠢᠯᠡᠳᠤᠯ᠄

1. ᠤᠰᠤ ᠨᠦᠬᠦᠪᠤᠷᠢᠯᠡᠨ᠎ᠡ᠃

2. ᠬᠤᠤᠷ᠎ᠢ ᠭᠠᠳᠠᠬᠰᠢᠯᠠᠭᠤᠯᠤᠨ᠎ᠠ᠃

3. ᠸᠢᠲ᠋ᠠᠮᠢᠨ ᠨᠦᠬᠦᠪᠤᠷᠢᠯᠡᠨ᠎ᠡ᠃

4. ᠠᠷᠠᠰᠤ ᠵᠢ ᠬᠠᠮᠠᠭᠠᠯᠠᠨ᠎ᠠ᠃

5. ᠬᠤᠷᠭᠤᠰᠤᠯᠠᠬᠤ ᠵᠢ ᠰᠡᠷᠭᠡᠢᠯᠡᠨ᠎ᠡ᠃

6. ᠰᠢᠬᠢᠷ ᠰᠢᠵᠢᠩ ᠡᠪᠡᠳᠴᠢᠨ᠎ᠢ ᠰᠡᠷᠭᠡᠢᠯᠡᠵᠤ᠂ ᠴᠢᠰᠤᠨ ᠳᠠᠷᠤᠯᠳᠠ ᠵᠢ ᠳᠤᠬᠳᠠᠪᠤᠷᠢᠵᠢᠭᠤᠯᠤᠨ᠎ᠠ᠃


ᠵᠠᠯᠭᠠᠭᠠᠳ 《ᠠᠬ᠎ᠠ ᠡᠭᠡᠴᠢ᠎ᠳᠡᠭᠡᠨ ᠡᠷᠬᠦᠬᠦ ᠳᠠᠭᠤᠤ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠨᠡᠪᠳᠡᠷᠡᠭᠦᠯᠬᠡ ᠮᠠᠨᠢ ᠲᠠ ᠪᠦᠬᠦᠨ ᠎ᠳᠦ ᠲᠠᠭᠠᠯᠠᠬᠳᠠᠬᠰᠠᠨ ᠪᠤᠯ ᠤᠳᠤᠨ ᠳᠡᠮᠳᠡᠭ ᠱᠠᠩᠨᠠᠵᠤ ᠪᠢᠳᠡᠨ ᠎ᠳᠤ ᠤᠷᠮ᠎ᠠ ᠬᠠᠢᠷᠠᠯᠠᠭᠠᠷᠠᠢ! ᠲᠠ ᠪᠦᠬᠦᠨ ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠦ  ᠪᠠᠶᠠᠷᠯᠠᠯ᠎ᠠ᠂  ᠪᠠᠶᠠᠷᠳᠠᠢ︕

ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号