



ᠨᠡᠢᠭᠡᠮ
✦2026
ᠣᠨ᠎ᠤ ᠪᠥᠬᠥ ᠤᠯᠤᠰ᠎ᠤᠨ ᠴᠡᠷᠢᠭ ᠡᠯᠰᠡᠬᠦ ᠠᠵᠢᠯ ᠡᠬᠢᠯᠡᠵᠥ᠂ ᠳᠡᠭᠡᠷ᠎ᠡ ᠬᠠᠭᠠᠰ ᠵᠢᠯ᠎ᠦᠨ ᠴᠡᠷᠢᠭ ᠡᠯᠰᠡᠬᠦ
ᠠᠵᠢᠯ 2 ᠰᠠᠷ᠎ᠠ᠎ᠶᠢᠨ 24᠎ᠦ ᠡᠳᠦᠷ ᠡᠴᠡ 3 ᠰᠠᠷ᠎ᠠ᠎ᠶᠢᠨ 31᠎ᠦ ᠡᠳᠦᠷ ᠪᠤᠯᠳᠠᠯ᠎ᠠ ᠶᠠᠪᠤᠬᠳᠠᠨ᠎ᠠ᠃ ᠳᠣᠣᠷ᠎ᠠ ᠬᠠᠭᠠᠰ ᠵᠢᠯ᠎ᠦᠨ ᠴᠡᠷᠢᠭ ᠡᠯᠰᠡᠬᠦ ᠠᠵᠢᠯ 8
ᠰᠠᠷ᠎ᠠ᠎ᠶᠢᠨ 15᠎ᠤ ᠡᠳᠦᠷ᠎ᠡᠴᠡ 9 ᠰᠠᠷ᠎ᠠ ᠶ᠋ᠢᠨ 30᠎ᠤ ᠡᠳᠦᠷ ᠪᠤᠯᠳᠠᠯ᠎ᠠ ᠶᠠᠪᠤᠬᠳᠠᠨ᠎ᠠ᠃ ᠡᠯᠰᠡᠬᠦ ᠡᠲᠡᠭᠡᠳ ᠨᠢ ᠣᠶᠤᠲᠠᠨ ᠵᠢᠡᠷ
ᠭᠣᠣᠯᠳᠠᠯᠭ᠎ᠠ ᠪᠣᠯᠭᠠᠵᠤ᠂ ᠡᠯ᠎ᠡ ᠱᠠᠲᠤᠨ᠎ᠤ ᠡᠯ᠎ᠡ ᠲᠥᠷᠥᠯ᠎ᠦᠨ ᠰᠤᠷᠭᠠᠭᠤᠯᠢ ᠲᠡᠭᠦᠰᠦᠭᠰᠡᠳ᠎ᠢ ᠡᠯᠰᠡᠬᠦ᠎ᠶᠢ
ᠳᠣᠪᠣᠶ᠋ᠢᠯᠭᠠᠨ᠎ᠠ᠃
✦14᠎ᠦ
ᠡᠳᠦᠷ᠂《ᠵᠢᠨ ᠨᠢᠦ ᠽᠦᠸᠸ》 ᠲᠣᠮᠣ᠌
ᠬᠡᠯᠪᠡᠷᠢ ᠶ᠋ᠢᠨ ᠲᠣᠭᠲᠠᠮᠠᠯ ᠵᠢᠭᠦᠷᠲᠦ ᠵᠢᠯᠣᠭᠣᠴᠢ
ᠦᠭᠡᠢ ᠨᠢᠰᠬᠡᠯ ᠰᠧᠴᠦᠸᠠᠨ ᠲᠥᠪᠡᠳ᠎ᠦᠨ ᠥᠨᠳᠥᠷᠯᠢᠭ ᠦ᠋ᠨ ᠣᠷᠣᠨ ᠠᠯᠤᠰᠯᠠᠭᠰᠠᠨ ᠠᠩᠬᠠᠨ᠎ᠤ ᠨᠢᠰᠦᠯᠲᠡ ᠶ᠋ᠢ
ᠪᠡᠶᠡᠯᠡᠭᠦᠯᠵᠡᠢ᠂ ᠡᠨᠡ ᠨᠢ ᠮᠠᠨ᠎ᠤ ᠤᠯᠤᠰ᠎ᠤᠨ ᠥᠨᠳᠥᠷᠯᠢᠭ᠎ᠦᠨ ᠲᠣᠮᠣ᠌ ᠬᠡᠯᠪᠡᠷᠢ ᠶ᠋ᠢᠨ ᠵᠢᠯᠣᠭᠣᠴᠢ ᠦᠭᠡᠢ ᠨᠢᠰᠬᠡᠯ᠎ᠦᠨ ᠪᠠᠷᠠᠭᠠᠨ᠎ᠤ ᠭᠦᠢᠯᠭᠡᠭᠡ ᠵᠢᠨ ᠠᠶᠠᠯᠠᠯ᠎ᠤᠨ ᠱᠤᠭᠤᠮ ᠢ᠋ ᠠᠩᠬ᠎ᠠ ᠤᠳᠠᠭ᠎ᠠ ᠰᠢᠯᠭᠠᠨ
ᠪᠠᠲᠤᠯᠠᠭᠠᠳ ᠠᠮᠵᠢᠯᠲᠠ ᠣᠯᠣᠭᠰᠠᠨ ᠢ᠋ ᠬᠠᠷᠠᠭᠤᠯᠵᠤ ᠪᠠᠢᠨ᠎ᠠ᠃
✦15᠎ᠤ
ᠡᠳᠦᠷ᠂ ᠡᠮᠦᠨᠡᠲᠡᠬᠢ ᠤᠰᠤ᠎ᠶᠢ ᠤᠮᠠᠷᠠᠰᠢ ᠲᠠᠲᠠᠬᠤ ᠵᠡᠭᠦᠨ ᠱᠤᠭᠤᠮ ᠤ᠋ᠨ ᠨᠢᠭᠡᠳᠦᠭᠡᠷ ᠬᠤᠭᠤᠴᠠᠭᠠᠨ᠎ᠤ
ᠪᠠᠷᠢᠯᠭ᠎ᠠ ᠵᠢᠨ 2025 — 2026 ᠣᠨ᠎ᠤ ᠪᠦᠭᠦ
ᠱᠤᠭᠤᠮ᠎ᠤᠨ ᠤᠰᠤ ᠲᠠᠲᠠᠬᠤ ᠠᠵᠢᠯ ᠡᠬᠢᠯᠡᠵᠦ᠂ 16.38 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠴᠡᠪᠡᠷ
ᠤᠰᠤ ᠬᠠᠩᠭᠠᠬᠤ᠎ᠪᠠᠷ ᠲᠥᠯᠥᠪᠯᠡᠵᠦ᠂ ᠲᠡᠦᠬᠡ᠎ᠶᠢᠨ ᠰᠢᠨ᠎ᠡ ᠲᠡᠮᠳᠡᠭᠯᠡᠯ᠎ᠢ ᠡᠭᠦᠳᠬᠦ ᠪᠤᠯᠤᠨ᠎ᠠ᠃
✦ᠤᠢᠷ᠎ᠠ
ᠳ᠋ᠤ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ ᠤ᠋ᠨ ᠲᠢᠩᠬᠢᠮ᠂ ᠥᠪᠡᠷᠲᠡᠭᠡᠨ ᠵᠠᠰᠠᠬᠤ
ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ ᠬᠠᠮᠲᠤᠷᠠᠨ《ᠠᠵᠢᠯᠲᠠᠨ ᠠᠵᠢᠯᠴᠢᠨ᠎ᠤ
ᠬᠡᠷᠡᠭᠯᠡᠭᠡᠨ᠎ᠦ ᠳᠠᠯᠳᠠ ᠬᠦᠴᠦᠨ᠎ᠢ ᠪᠠᠳᠠᠷᠠᠭᠤᠯᠵᠤ ᠰᠣᠶᠣᠯ ᠪᠠ ᠵᠢᠭᠤᠯᠴᠢᠯᠠᠯ᠎ᠤᠨ ᠬᠡᠷᠡᠭᠯᠡᠭᠡ᠎ᠶᠢ
ᠠᠬᠢᠭᠤᠯᠬᠤ ᠲᠤᠬᠠᠢ ᠮᠡᠳᠡᠭᠳᠡᠯ》 ᠳᠠᠷᠤᠮᠠᠯᠯᠠᠨ ᠲᠠᠷᠬᠠᠭᠠᠵᠤ᠂
ᠣᠯᠠᠨ ᠵᠦᠢᠯ᠎ᠦᠨ ᠠᠷᠭ᠎ᠠ ᠬᠡᠮᠵᠢᠶ᠎ᠡ ᠪᠡᠷ ᠠᠵᠢᠯᠲᠠᠨ ᠠᠵᠢᠯᠴᠢᠨ᠎ᠤ ᠰᠣᠶᠣᠯ ᠵᠢᠭᠤᠯᠴᠢᠯᠠᠯ᠎ᠤᠨ
ᠬᠡᠷᠡᠭᠯᠡᠭᠡ᠎ᠶᠢ ᠠᠬᠢᠭᠤᠯᠵᠤ᠂ ᠥᠷᠭᠡᠨ ᠣᠯᠠᠨ ᠠᠵᠢᠯᠲᠠᠨ ᠠᠵᠢᠯᠴᠢᠨ᠎ᠤ ᠡᠳᠦᠷ ᠢᠷᠡᠬᠦᠶ᠎ᠡ ᠨᠡᠮᠡᠭᠳᠡᠵᠦ
ᠪᠠᠢᠭ᠎ᠠ ᠣᠶᠤᠨ᠎ᠤ ᠪᠠ ᠰᠣᠶᠣᠯ᠎ᠤᠨ ᠬᠡᠷᠡᠭᠴᠡᠭᠡ᠎ᠶᠢ ᠬᠠᠩᠭᠠᠬᠤ ᠵᠢ ᠵᠤᠷᠢᠭᠵᠢᠭᠤᠯᠵᠠᠢ᠃
✦2026
ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ
ᠠᠵᠢᠯ᠎ᠤᠨ ᠬᠤᠷᠠᠯ᠎ᠤᠨ ᠮᠡᠳᠡᠭᠡ᠎ᠶᠢ ᠦᠨᠳᠦᠰᠦᠯᠡᠪᠡᠯ᠂ ᠡᠨᠡ ᠵᠢᠯ ᠥᠪᠥᠷ ᠮᠣᠩᠭᠣᠯ 73 ᠴᠢᠬᠤᠯᠠ ᠶᠡᠬᠡ
ᠲᠥᠷᠥᠯ ᠵᠦᠢᠯ᠎ᠢ ᠠᠬᠢᠭᠤᠯᠵᠤ᠂ 521 ᠳ᠋ᠦᠩᠰᠢᠭᠤᠷ ᠲᠥᠭᠥᠷᠢᠭ᠎ᠦᠨ ᠪᠡᠯᠡ ᠣᠷᠣᠭᠤᠯᠤᠯᠲᠠ᠎ᠶᠢ
ᠪᠡᠶᠡᠯᠡᠭᠦᠯᠬᠦ᠎ᠪᠡᠷ ᠲᠥᠯᠥᠪᠯᠡᠵᠦ ᠪᠣᠶ᠂ ᠡᠭᠦᠨ᠎ᠳᠦ ᠲᠡᠮᠦᠷ ᠵᠠᠮ ᠳ᠋ᠤ 195 ᠳ᠋ᠦᠩᠰᠢᠭᠤᠷ ᠲᠥᠭᠥᠷᠢᠭ᠂
ᠵᠠᠰᠠᠮᠠᠯ ᠵᠠᠮ ᠳ᠋ᠤ 320 ᠳ᠋ᠦᠩᠰᠢᠭᠤᠷ ᠲᠥᠭᠥᠷᠢᠭ᠂ ᠠᠷᠠᠳ᠎ᠤᠨ ᠠᠭᠠᠷ᠎ᠤᠨ ᠲᠡᠭᠡᠭᠡᠪᠦᠷᠢ ᠳ᠋ᠤ 6
ᠳ᠋ᠦᠩᠰᠢᠭᠤᠷ ᠲᠥᠭᠥᠷᠢᠭ᠎ᠤᠨ ᠪᠡᠯᠡ ᠤᠷᠤᠭᠤᠯᠬᠤ ᠪᠤᠯᠤᠨ᠎ᠠ᠃
✦ᠣᠢᠷ᠎ᠠ᠎ᠳᠤ
ᠰᠤᠷᠭᠠᠨ ᠬᠥᠮᠦᠵᠢᠯ᠎ᠦᠨ ᠶᠠᠮᠤᠨ᠎ᠤ ᠰᠦᠯᠵᠢᠶ᠎ᠡ 《2024 — 2025
ᠰᠤᠷᠤᠯᠭ᠎ᠠ᠎ᠶᠢᠨ ᠣᠨ᠎ᠤ ᠳᠤᠮᠳᠠ ᠵᠡᠷᠭᠡ᠎ᠶᠢᠨ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠤᠯᠤᠰ᠎ᠤᠨ
ᠰᠤᠷᠤᠯᠭ᠎ᠠ᠎ᠶᠢᠨ ᠱᠠᠩᠨᠠᠯ᠎ᠤᠨ ᠮᠥᠩᠭᠥ᠎ᠶᠢᠨ ᠱᠠᠩᠨᠠᠯ ᠣᠯᠣᠭᠰᠠᠨ ᠰᠣᠷᠣᠭ᠍ᠴᠢ᠎ᠶᠢᠨ ᠨᠡᠷᠡᠰ᠎ᠦᠨ ᠲᠤᠬᠠᠢ
ᠰᠤᠷᠭᠠᠨ ᠬᠥᠮᠦᠵᠢᠯ ᠦ᠋ᠨ ᠶᠠᠮᠤᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ
ᠪᠠᠲᠤᠯᠠᠭ᠎ᠠ᠎ᠶᠢᠨ ᠶᠠᠮᠤᠨ᠎ᠤ ᠠᠯᠪᠠᠨ ᠵᠠᠷᠯᠠᠯ》 ᠢ ᠨᠡᠢᠲᠡᠯᠡᠵᠦ᠂
ᠨᠡᠶ᠋ᠢᠲᠡ 19992 ᠰᠣᠷᠣᠭ᠍ᠴᠢ ᠳ᠋ᠤ
ᠱᠠᠨᠭᠨᠠᠯ ᠤᠯᠭᠤᠪᠠ᠃ ᠡᠭᠦᠨ᠎ᠳᠦ ᠥᠪᠥᠷ ᠮᠣᠩᠭᠣᠯ ᠤ᠋ᠨ 244 ᠰᠣᠷᠣᠭ᠍ᠴᠢ ᠲᠤᠰ ᠱᠠᠩᠨᠠᠯ ᠢ᠋ ᠤᠯᠵᠠᠢ᠃
✦2026
ᠣᠨ᠎ᠤ ᠡᠪᠦᠯ᠎ᠦᠨ ᠠᠮᠠᠷᠠᠯᠲᠠ ᠳ᠋ᠤ ᠭᠡᠷ ᠪᠦᠯᠢ᠎ᠶᠢᠨ ᠨᠠᠢᠳᠠᠨ ᠬᠠᠮᠢᠶᠠᠷᠤᠭᠤᠯᠬᠤ ᠳᠠᠷᠤᠯᠲᠠ᠎ᠶᠢ
ᠬᠥᠩᠭᠡᠷᠡᠭᠦᠯᠬᠦ ᠵᠢᠨ ᠲᠦᠯᠦᠬᠡ᠂ ᠪᠤᠭᠤᠲᠤ ᠬᠣᠲᠠ᠎ᠶᠢᠨ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ
ᠰᠠᠯᠠᠭ᠎ᠠ ᠮᠥᠴᠢᠷ ᠨᠢᠭᠡᠳᠦᠯᠲᠡᠢ ᠲᠥᠯᠥᠪᠵᠢᠬᠦᠯᠦᠨ ᠬᠣᠯᠪᠤᠭᠠᠯᠠᠨ ᠬᠥᠳᠡᠯᠦᠯᠴᠡᠵᠦ᠂ ᠣᠯᠠᠨ ᠲᠥᠷᠥᠯ ᠦ᠋ᠨ
ᠰᠦᠢᠳᠬᠡᠯ ᠬᠤᠷᠢᠶᠠᠬᠤ ᠦᠭᠡᠢ᠎ᠪᠡᠷ ᠡᠪᠦᠯ᠎ᠦᠨ ᠠᠮᠠᠷᠠᠯᠲᠠ᠎ᠶᠢᠨ ᠨᠠᠢᠳᠠᠨ ᠬᠠᠮᠢᠶᠠᠷᠤᠭᠤᠯᠬᠤ ᠦᠢᠯᠡᠴᠢᠯᠡᠭᠡ
ᠬᠠᠨᠭᠭᠠᠵᠤ ᠪᠣᠢ᠂ ᠦᠢᠯᠡᠴᠢᠯᠡᠬᠦ ᠡᠲᠡᠭᠡᠳ᠎ᠲᠦ ᠨᠢ ᠪᠠᠭ᠎ᠠ ᠰᠤᠷᠭᠠᠭᠤᠯᠢ᠎ᠶᠢᠨ 1-6 ᠳ᠋ᠤᠭᠠᠷ ᠣᠨ᠎ᠤ
ᠬᠡᠦᠬᠡᠳ᠂ 6 - 18
ᠪᠦᠬᠦᠯᠢ ᠨᠠᠰᠤᠨ᠎ᠤ ᠣᠨᠴᠠᠭᠠᠶ ᠬᠡᠦᠬᠡᠳ ᠵᠢᠴᠢ ᠬᠦᠴᠢᠷᠳᠡᠯ᠎ᠳᠦ ᠲᠤᠯᠭᠠᠷᠠᠭᠰᠠᠨ ᠬᠡᠦᠬᠡᠳ ᠵᠡᠷᠭᠡ
ᠪᠠᠭᠲᠠᠨ᠎ᠠ᠃
✦2025
ᠣᠨ᠎ᠠᠴᠠ ᠨᠠᠭᠠᠰᠢ ᠣᠲᠤᠭ᠎ᠤᠨ ᠡᠮᠦᠨᠡᠲᠦ ᠬᠣᠰᠢᠭᠤᠨ᠎ᠤ ᠠᠷᠠᠳ ᠤ᠋ᠨ ᠡᠶᠡᠳᠡᠭᠦᠯᠦᠭᠴᠢ᠎ᠶᠢᠨ ᠨᠡᠢᠭᠡᠮᠯᠢᠭ᠎ᠦᠨ
ᠬᠢᠨ《ᠬᠥᠳᠡᠯᠮᠦᠷᠢᠯᠡᠪᠡᠯ ᠣᠯᠭᠣᠮᠵᠢ᠎ᠲᠠᠢ᠂ ᠣᠯᠭᠣᠮᠵᠢ᠎ᠪᠠᠨ ᠳᠠᠷᠤᠢ ᠳ᠋ᠤᠨᠢ ᠣᠯᠬᠣ》 ᠶ᠋ᠢ ᠪᠠᠲᠤᠯᠠᠵᠤ᠂ ᠣᠳᠣᠬᠠᠨ ᠪᠣᠯᠲᠠᠯ᠎ᠠ 331 ᠤᠳᠠᠭ᠎ᠠ ᠵᠢᠨ ᠵᠠᠭᠤᠷᠠᠯᠳᠤᠭᠠᠨ᠎ᠢ
ᠪᠦᠲᠦᠮᠵᠢᠲᠡᠶ ᠰᠢᠢᠳᠪᠦᠷᠢᠯᠡᠨ᠂ ᠬᠥᠯᠥᠰᠦᠨ ᠠᠵᠢᠯᠴᠢᠳ᠎ᠲᠤ ᠬᠣᠶᠠᠷ ᠮᠢᠩᠭᠠᠨ ᠲᠦᠮᠡᠨ ᠲᠥᠭᠥᠷᠢᠭ᠎ᠦᠨ
ᠬᠥᠯᠥᠰᠦᠨ ᠮᠥᠩᠭᠥ᠎ᠶᠢ ᠨᠡᠬᠡᠮᠵᠢᠯᠡᠨ ᠠᠪᠴᠢᠷᠠᠵᠤ᠂ ᠡᠶᠡᠳᠡᠭᠦᠯᠵᠦ ᠠᠮᠵᠢᠯᠲᠠ ᠣᠯᠣᠭᠰᠠᠨ ᠨᠣᠷᠮ᠎ᠠ ᠨᠢ
90%᠎ᠶᠢ ᠳᠠᠪᠠᠭᠰᠠᠨ ᠪᠠᠢᠨ᠎ᠠ᠃
ᠠᠵᠦ ᠠᠬᠤᠢ
✦ᠳᠤᠮᠳᠠᠳᠤ
ᠤᠯᠤᠰ᠎ᠤᠨ ᠠᠷᠠᠳ᠎ᠤᠨ ᠪᠠᠩᠬᠢ ᠨᠠᠢ᠍ᠮᠠᠨ ᠵᠦᠢᠯ᠎ᠦᠨ ᠲᠥᠷᠥ᠎ᠶᠢᠨ ᠪᠣᠳᠣᠯᠭ᠎ᠠ ᠠᠷᠭ᠎ᠠ ᠬᠡᠮᠵᠢᠶ᠎ᠡ ᠭᠠᠷᠭᠠᠵᠤ᠂
ᠪᠠᠩᠬᠢ᠎ᠶᠢᠨ ᠭᠣᠣᠯᠳᠠᠯᠭ᠎ᠠ ᠲᠠᠢ ᠬᠦᠷᠢᠶᠡᠨ᠎ᠳᠡᠬᠢ ᠢᠲᠡᠭᠡᠮᠵᠢᠲᠦ ᠵᠢᠭᠡᠯᠡᠯᠭᠡ ᠲᠠᠯᠪᠢᠬᠤ ᠢᠳᠡᠪᠬᠢᠵᠢᠯ᠎ᠢ
ᠳᠡᠭᠡᠭᠰᠢᠯᠡᠭᠦᠯᠦᠨ᠂ ᠪᠦᠲᠦᠴᠡ᠎ᠶᠢᠨ ᠴᠢᠨᠠᠷᠲᠠᠢ ᠵᠣᠭᠣᠰᠤᠨ᠎ᠤ ᠲᠥᠷᠥ᠎ᠶᠢᠨ ᠪᠣᠳᠣᠯᠭ᠎ᠠ᠎ᠶᠢᠨ ᠪᠠᠭᠠᠵᠢ᠎ᠶᠢᠨ ᠳᠡᠮᠵᠢᠯᠭᠡ᠎ᠶᠢᠨ
ᠡᠷᠴᠢᠮ᠎ᠢ ᠴᠢᠨᠭᠭᠠᠷᠠᠭᠣᠯᠵᠤ᠂ ᠠᠵᠤ ᠠᠬᠤᠢ᠎ᠶᠢᠨ ᠪᠦᠲᠦᠴᠡ᠎ᠶᠢᠨ ᠬᠡᠯᠪᠡᠷᠢ᠎ᠪᠡᠨ ᠬᠤᠪᠢᠷᠠᠭᠤᠯᠤᠨ
ᠰᠢᠯᠢᠳᠡᠭᠵᠢᠬᠦ᠎ᠳᠦ ᠬᠦᠴᠦᠨ ᠨᠡᠮᠡᠷᠢᠯᠡᠪᠡ᠃
✦2025
ᠣᠨ᠎ᠳᠤ ᠥᠪᠥᠷ ᠮᠣᠩᠭᠣᠯ᠎ᠤᠨ ᠬᠡᠷᠡᠭᠯᠡᠭᠡᠨ᠎ᠦ ᠵᠠᠬ᠎ᠠ ᠳᠡᠯᠭᠡᠭᠦᠷ ᠲᠣᠭᠲᠠᠭᠤᠨ᠎ᠢᠶᠠᠷ ᠨᠡᠮᠡᠭᠳᠡᠵᠦ᠂ 1
ᠠ᠋ᠴᠠ 11 ᠰᠠᠷ᠎ᠠ᠎ᠳᠤ ᠨᠡᠢᠭᠡᠮ᠎ᠦᠨ ᠬᠡᠷᠡᠭᠯᠡᠭᠡᠨ᠎ᠦ ᠵᠦᠢᠯ᠎ᠢ ᠵᠢᠵᠢᠭᠯᠡᠨ ᠪᠣᠷᠣᠯᠠᠭᠣᠯᠣᠭᠰᠠᠨ ᠪᠥᠬᠥ
ᠬᠡᠮᠵᠢᠶ᠎ᠠ 4880.6 ᠳ᠋ᠦᠩᠰᠢᠭᠤᠷ ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 5.3% ᠪᠡᠷ
ᠨᠡᠮᠡᠭᠳᠡᠨ᠂ ᠨᠡᠢᠭᠡᠮ᠎ᠦᠨ ᠬᠡᠷᠡᠭᠯᠡᠭᠡᠨ᠎ᠦ ᠨᠡᠮᠡᠭᠳᠡᠯ᠎ᠦᠨ ᠬᠤᠷᠳᠤᠴᠠ ᠪᠥᠬᠥ ᠤᠯᠤᠰ᠎ᠤᠨ ᠡᠮᠦᠨ᠎ᠡ
ᠠᠷᠪᠠ᠎ᠳᠤ ᠵᠢᠭ᠍ᠰᠠᠭᠠᠭᠳᠠᠵᠠᠢ᠃
✦14 ᠤ᠋ ᠡᠳᠦᠷ᠂ ᠪᠥᠬᠥ ᠤᠯᠤᠰ᠎ᠤᠨ ᠠᠩᠬᠠᠨ᠎ᠤ ᠪᠦᠯᠦᠭ ᠡᠪᠡᠰᠦᠨ
ᠪᠢᠯᠧᠲ᠎ᠦᠨ ᠲᠤᠷᠰᠢᠯᠲᠠ᠎ᠶᠢᠨ ᠲᠥᠷᠥᠯ ᠵᠦᠢᠯ᠎ᠦᠨ ᠠᠰᠢᠭ᠋ ᠬᠤᠪᠢᠶᠠᠷᠢᠯᠠᠬᠤ ᠶᠡᠬᠡ ᠬᠤᠷᠠᠯ ᠪᠤᠭᠤᠲᠤ
ᠬᠣᠲᠠ᠎ᠶᠢᠨ ᠳᠠᠷᠬᠠᠨ ᠮᠤᠤᠮᠢᠩᠭᠠᠨ ᠬᠣᠯᠪᠣᠭᠠᠲᠤ ᠬᠣᠰᠢᠭᠤᠨ᠎ᠤ ᠳᠠᠷᠬᠠᠨ ᠰᠤᠮᠤᠳ᠋ᠤ ᠶᠠᠪᠤᠭᠳᠠᠪᠠ᠃ ᠲᠣᠰ
ᠤᠳᠠᠭᠠᠨ᠎ᠤ ᠠᠰᠢᠭ᠋ ᠬᠤᠪᠢᠶᠠᠷᠢᠯᠠᠯᠲᠠ ᠳ᠋ᠤ᠂ ᠲᠥᠷᠥᠯ ᠵᠦᠢᠯ᠎ᠦᠨ ᠣᠷᠣᠨ᠎ᠤ ᠳᠣᠲᠣᠷᠠᠬᠢ 4 ᠮᠠᠯᠵᠢᠬᠣ ᠡᠷᠦᠬᠡ ᠪᠦᠷᠢ ᠴᠥᠮ 3 ᠠ᠋ᠴᠠ 5 ᠲᠦᠮᠡᠨ ᠲᠥᠭᠥᠷᠢᠭ᠎ᠦᠨ ᠠᠮᠢ ᠠᠬᠤᠢ᠎ᠶᠢᠨ ᠠᠰᠢᠭ᠋
ᠣᠷᠣᠯᠭ᠎ᠠ᠎ᠶᠢᠨ ᠪᠡᠯᠡ ᠮᠥᠩᠭᠥ ᠣᠯᠵᠠᠢ᠃
✦2025
ᠣᠨ᠎ᠳᠤ᠂ ᠰᠢᠯᠢ᠎ᠶᠢᠨ ᠭᠣᠣᠯ ᠠᠢᠮᠠᠭ᠎ᠤᠨ ᠵᠢᠭᠤᠯᠴᠢᠯᠠᠯ ᠤ᠋ᠨ ᠦᠢᠯᠡᠰ ᠲᠣᠭ᠎ᠠ ᠬᠡᠮᠵᠢᠶ᠎ᠡ ᠶᠠᠰᠤ ᠴᠢᠨᠠᠷ
ᠵᠡᠷᠭᠡ ᠪᠡᠷ ᠳᠡᠭᠡᠭᠰᠢᠯᠡᠭᠰᠡᠨ ᠰᠠᠢᠨ ᠪᠠᠢᠳᠠᠯ ᠢᠯᠡᠷᠡᠵᠡᠢ᠃ ᠪᠥᠬᠥ ᠵᠢᠯ᠎ᠳᠦ 2035 ᠲᠦᠮᠡᠨ
ᠵᠢᠭᠤᠯᠴᠢᠯᠠᠭᠴᠢ ᠵᠢ
ᠭᠥᠯᠢᠶᠡᠨ ᠠᠪᠴᠤ᠂ ᠵᠢᠭᠤᠯᠴᠢᠯᠠᠯ᠎ᠤᠨ ᠶᠡᠷᠦᠩᠬᠡᠢ ᠣᠷᠣᠯᠭ᠎ᠠ 282 ᠳ᠋ᠦᠩᠰᠢᠭᠤᠷ ᠲᠥᠭᠥᠷᠢᠭ ᠲᠤ᠌ ᠬᠦᠷᠴᠦ᠂ ᠣᠨ᠎ᠤ ᠬᠠᠷᠠᠯᠲᠠ᠎ᠪᠠᠨ ᠳᠠᠪᠠᠭᠤᠯᠤᠨ
ᠪᠡᠶᠡᠯᠡᠭᠦᠯᠪᠡ᠃
ᠰᠤᠶᠤᠯ
✦ᠦᠤᠰᠢᠨ
ᠬᠣᠰᠢᠭᠤᠨ᠎ᠦ ᠨᠣᠮ᠎ᠤᠨ ᠰᠠᠩ᠎ᠤᠨ ᠰᠢᠨ᠎ᠡ ᠣᠷᠳᠣᠨ ᠡᠷᠲᠡᠨ᠎ᠦ ᠨᠣᠮ ᠰᠣᠳᠣᠷ ᠪᠠ ᠣᠷᠣᠨ ᠨᠤᠲᠤᠭ᠎ᠤᠨ ᠲᠤᠯᠭᠤᠷ
ᠪᠢᠴᠢᠭ᠎ᠢ ᠪᠠᠭᠲᠠᠭᠠᠭᠰᠠᠨ 25.01 ᠲᠦᠮᠡᠨ ᠳᠡᠪᠲᠡᠷᠨᠣᠮ ᠬᠣᠷᠢᠶᠠᠨ ᠬᠠᠳᠠᠭᠠᠯᠠᠵᠤ᠂ 2025 ᠣᠨ᠎ᠤ 4
ᠰᠠᠷ᠎ᠠ᠎ᠶᠢᠨ 23᠎ᠤ ᠡᠳᠦᠷ ᠡᠭᠦᠳᠡ᠎ᠪᠡᠨ ᠨᠡᠭᠡᠭᠡᠭᠰᠡᠨ᠎ᠡᠴᠡ ᠨᠠᠭᠠᠰᠢ ᠰᠢᠨ᠎ᠡ ᠨᠣᠮ᠎ᠤᠨ ᠰᠠᠩ᠎ᠳᠤ 2.5
ᠲᠦᠮᠡᠨ ᠳᠡᠪᠲᠡᠷ ᠨᠣᠮ ᠰᠢᠨ᠎ᠡ᠎ᠪᠡᠷ ᠨᠡᠮᠡᠭᠳᠡᠭᠰᠡᠨ ᠪᠥᠭᠡᠳ ᠨᠢᠭᠡᠨᠲᠡ 10.78 ᠲᠦᠮᠡᠨ ᠬᠥᠮᠥᠨ
ᠤᠳᠠᠭ᠎ᠠ᠎ᠶᠢᠨ ᠤᠩᠰᠢᠭ᠍ᠴᠢᠳᠢ ᠬᠦᠯᠢᠶᠡᠨ ᠠᠪᠴᠤ᠂ ᠨᠣᠮ ᠵᠢᠭᠡᠯᠡᠵᠦ ᠤᠩᠰᠢᠭ᠍ᠰᠠᠨ ᠬᠡᠮᠵᠢᠶ᠎ᠡ 9.39 ᠲᠦᠮᠡᠨ
ᠳᠡᠪᠲᠡᠷ᠎ᠲᠦ ᠬᠦᠷᠴᠦ᠂ ᠦᠢᠯᠡᠴᠢᠯᠡᠭᠡᠨ᠎ᠦ ᠬᠠᠨᠤᠮᠵᠢ᠎ᠶᠢᠨ ᠬᠡᠮᠵᠢᠶ᠎ᠡ ᠪᠣᠯᠣᠨ ᠪᠦᠷᠬᠦᠴᠡ᠎ᠶᠢᠨ ᠨᠣᠷᠮ᠎ᠠ
ᠴᠥᠮ 100 %᠎ᠶᠢ ᠪᠡᠶᠡᠯᠡᠭᠦᠯᠵᠡᠢ᠃
ᠲᠠᠮᠢᠷ
✦ᠲᠥᠪ᠎ᠤᠨ
ᠣᠶᠤᠨ᠎ᠤ ᠪᠣᠯᠪᠠᠰᠤᠨ᠎ᠤ ᠪᠠᠢᠭᠤᠯᠤᠯᠲᠠ᠎ᠶᠢᠨ ᠠᠯᠪᠠᠨ ᠭᠡᠷ᠂ ᠤᠯᠤᠰ᠎ᠤᠨ ᠪᠡᠶ᠎ᠡ᠎ᠶᠢᠨ ᠲᠠᠮᠢᠷ᠎ᠤᠨ ᠶᠡᠷᠦᠩᠬᠡᠢ
ᠲᠣᠪᠴᠢᠶ᠎ᠠ᠎ᠡᠴᠡ ᠭᠣᠣᠯᠯᠠᠨ ᠡᠷᠭᠢᠯᠡᠭᠰᠡᠨ ᠪᠡᠶ᠎ᠡ᠎ᠶᠢᠨ ᠲᠠᠮᠢᠷ ᠰᠣᠶᠣᠯ᠎ᠤᠨ ᠦᠵᠡᠰᠬᠦᠯᠡᠨᠭ
ᠰᠣᠯᠢᠯᠴᠠᠭᠠᠨ᠎ᠤ ᠠᠵᠢᠯᠯᠠᠭ᠎ᠠ ᠤᠢᠷ᠎ᠠ ᠳ᠋ᠤ ᠰᠢᠶᠠᠮᠧᠨ᠎ᠳᠤ ᠶᠠᠪᠤᠭᠳᠠᠵᠤ᠂ ᠪᠥᠬᠥ ᠤᠯᠤᠰ᠎ᠤᠨ 20 ᠰᠢᠯᠢᠳᠡᠭ
ᠪᠡᠶ᠎ᠡ᠎ᠶᠢᠨ ᠲᠠᠮᠢᠷ ᠰᠣᠶᠣᠯ᠎ᠤᠨ ᠪᠠᠢᠭᠤᠯᠤᠯᠲᠠ ᠶ᠋ᠢᠨ ᠵᠢᠱ᠌ᠢᠶ᠎ᠡ ᠵᠢ ᠨᠡᠢᠲᠡᠯᠡᠪᠡ᠃ ᠡᠭᠦᠨ᠎ᠳᠦ ᠣᠲᠤᠭ᠎ᠤᠨ
ᠡᠮᠦᠨᠡᠲᠦ ᠬᠣᠰᠢᠭᠤᠨ ᠤ᠋ 《ᠲᠠᠯ᠎ᠠ ᠨᠤᠲᠤᠭ᠎ᠤᠨ
ᠠᠯᠠᠭᠠᠳᠠᠬᠤ ᠪᠥᠮᠪᠥᠭᠡ》 ᠰᠣᠩᠭᠣᠭᠳᠠᠪᠠ᠃
✦15᠎ᠤ
ᠡᠳᠦᠷ᠂ ᠪᠠᠷᠠᠭᠤᠨ ᠦᠵᠦᠮᠦᠴᠢᠨ ᠬᠣᠰᠢᠭᠤᠨ᠎ᠤ ᠭᠤᠷᠪᠠᠳᠤᠭᠠᠷ ᠬᠤᠭᠤᠴᠠᠭᠠᠨ᠎ᠤ ᠰᠤᠮᠤ ᠪᠠᠯᠭᠠᠰᠤᠨ᠎ᠤ
ᠪᠥᠬᠡ᠎ᠶᠢᠨ ᠬᠠᠮᠲᠤ᠎ᠶᠢᠨ ᠤᠷᠤᠯᠳᠤᠭᠠᠨ ᠪᠠᠷᠠᠭᠤᠨ ᠦᠵᠦᠮᠦᠴᠢᠨ ᠬᠣᠰᠢᠭᠤᠨ᠎ᠤ ᠪᠡᠶ᠎ᠡ᠎ᠶᠢᠨ ᠲᠠᠮᠢᠷ᠎ᠤᠨ
ᠣᠷᠳᠣᠨ᠎ᠳᠤ ᠶᠠᠪᠤᠭᠳᠠᠪᠠ᠃ ᠲᠣᠰ ᠤᠳᠠᠭᠠᠨ᠎ᠤ ᠤᠷᠤᠯᠳᠤᠭᠠᠨ ᠨᠢ ᠦᠨᠳᠦᠰᠦᠲᠡᠨ᠎ᠦ ᠪᠡᠶ᠎ᠡ ᠶ᠋ᠢᠨ ᠲᠠᠮᠢᠷ᠎ᠤᠨ
ᠰᠣᠶᠣᠯ᠎ᠢ ᠤᠯᠠᠮᠵᠢᠯᠠᠨ ᠵᠠᠯᠭᠠᠮᠵᠢᠯᠠᠵᠤ᠂ ᠤᠷᠤᠯᠳᠤᠭᠠᠨ᠎ᠤ ᠴᠣᠭ ᠵᠢᠪᠬᠤᠭ᠎ᠠ᠎ᠶᠢ ᠳᠡᠯᠭᠡᠨ ᠦᠵᠡᠭᠦᠯᠬᠦ᠎ᠪᠡᠷ
ᠭᠣᠣᠯᠳᠠᠯᠭ᠎ᠠ ᠪᠣᠯᠭᠠᠵᠤ᠂ 7 ᠰᠤᠮᠤ ᠪᠠᠯᠭᠠᠰᠤᠨ᠎ᠤ ᠲᠥᠯᠥᠭᠡᠯᠡᠭᠴᠢᠳ᠎ᠦᠨ ᠪᠦᠯᠬᠦᠮ ᠢᠳᠡᠪᠬᠢᠯᠡᠨ
ᠣᠷᠣᠯᠴᠠᠵᠠᠢ᠃
ᠲᠡᠯᠡᠬᠡᠢ
✦ᠲᠥᠪ
ᠲᠧᠯᠸᠢᠰ᠎ᠦᠨ ᠮᠡᠳᠡᠭᠡ ᠶ᠋ᠢ ᠦᠨᠳᠦᠰᠦᠯᠡᠪᠡᠯ᠂ ᠳ᠋ᠠᠨᠮᠠᠷᠺ᠎ᠤᠨ ᠤᠯᠤᠰ᠎ᠤᠨ ᠪᠠᠲᠤᠯᠠᠨ ᠬᠠᠮᠠᠭᠠᠯᠠᠯᠲᠠ ᠶ᠋ᠢᠨ
ᠶᠠᠮᠤᠨ 14᠎ᠦ ᠡᠳᠦᠷ ᠢᠯᠡᠷᠬᠡᠢᠯᠡᠯᠲᠡ ᠨᠡᠢᠲᠡᠯᠡᠬᠦ ᠳ᠋ᠡᠬᠡᠨ᠂ ᠲᠤᠰ ᠡᠳᠦᠷ᠎ᠡᠴᠡ ᠡᠬᠢᠯᠡᠨ ᠳ᠋ᠠᠨᠮᠠᠷᠺ᠎ᠤᠨ ᠬᠢᠨ
ᠭᠷᠢᠨᠯᠠᠨᠳ᠋ ᠠᠷᠠᠯ ᠵᠢᠴᠢ ᠲᠡᠭᠦᠨ᠎ᠦ ᠡᠷᠭᠢᠨ ᠲᠣᠭᠣᠷᠢᠨ ᠳ᠋ᠡᠬᠢ ᠴᠡᠷᠢᠭ᠎ᠦᠨ ᠶᠠᠪᠤᠳᠠᠯ ᠤ᠋ᠨ ᠠᠵᠢᠯᠯᠠᠭ᠎ᠠ
ᠪᠠᠨ ᠥᠷᠭᠡᠳᠬᠡᠬᠦ ᠪᠣᠯᠣᠨ᠎ᠠ᠃ ᠬᠣᠢᠰᠢᠳᠠ᠎ᠶᠢᠨ ᠬᠡᠰᠡᠭ ᠬᠤᠭᠤᠴᠠᠭᠠᠨ ᠳ᠋ᠤ᠂ ᠭᠷᠢᠨᠯᠠᠨᠳ᠋ ᠠᠷᠠᠯ ᠵᠢᠴᠢ
ᠲᠡᠭᠦᠨ᠎ᠦ ᠡᠷᠬᠢᠨ ᠲᠣᠭᠣᠷᠢᠨ ᠳ᠋ᠡᠬᠢ ᠴᠡᠷᠢᠭ᠎ᠦᠨ ᠶᠠᠪᠤᠳᠠᠯ ᠤ᠋ᠨ ᠠᠵᠢᠯᠯᠠᠭ᠎ᠠ ᠵᠢ ᠨᠡᠮᠡᠭᠳᠡᠭᠦᠯᠵᠦ᠂
ᠡᠭᠦᠨ᠎ᠳᠦ ᠨᠢᠰᠬᠡᠯ᠂ ᠬᠥᠯᠭᠡ ᠣᠩᠭᠣᠴᠠ ᠪᠠ ᠪᠠᠢᠯᠳᠤᠭ᠍ᠴᠢ ᠪᠠᠭᠲᠠᠬᠤ ᠮᠦᠷᠲᠡᠭᠡᠨ ᠤᠮᠠᠷᠠᠲᠤ ᠠᠲᠯᠠᠨᠲ᠎ᠤᠨ
ᠲᠡᠯᠡᠶ᠎ᠶᠢᠨ ᠨᠡᠶ᠋ᠢᠲᠡ ᠶ᠋ᠢᠨ ᠭᠡᠷ᠎ᠡ᠎ᠶᠢᠨ ᠵᠣᠬᠢᠶᠠᠨ ᠪᠠᠢᠭᠤᠯᠤᠯᠲᠠ ᠶ᠋ᠢᠨ ᠬᠣᠯᠪᠣᠭᠠᠲᠠᠨᠤ ᠴᠡᠷᠢᠭ
ᠠᠩᠭᠢ ᠪᠠᠭᠲᠠᠨ᠎ᠠ ᠭᠡᠵᠡᠢ᠃
✦ᠲᠥᠪ
ᠲᠧᠯᠸᠢᠰ᠎ᠦᠨ ᠮᠡᠳᠡᠭᠡ ᠶ᠋ᠢ ᠦᠨᠳᠦᠰᠦᠯᠡᠪᠡᠯ᠂ ᠲᠤᠬᠠᠢ ᠶ᠋ᠢᠨ ᠭᠠᠵᠠᠷ ᠤ᠋ᠨ ᠴᠠᠭ᠎ᠢᠶᠠᠷ 1 ᠰᠠᠷ᠎ᠠ ᠶ᠋ᠢᠨ
14᠎ᠦ ᠡᠳᠦᠷ ᠠᠮᠧᠷᠢᠺᠠ ᠶ᠋ᠢᠨ ᠵᠠᠰᠠᠭ᠎ᠤᠨ ᠣᠷᠳᠣᠨ᠎ᠤ ᠨᠢᠭᠡᠨ ᠲᠤᠰᠢᠶᠠᠯᠲᠠᠨ ᠬᠡᠯᠡᠬᠦ ᠳ᠋ᠡᠬᠡᠨ᠂ ᠠᠮᠧᠷᠢᠺᠠ ᠠᠩᠬᠠᠠ᠎ᠤ
ᠪᠦᠯᠦᠭ ᠸᠧᠨᠧᠽᠦ᠋ᠧᠯᠠ ᠶ᠋ᠢᠨ ᠴᠢᠯᠠᠭᠤᠨ ᠲᠤᠰᠤ ᠵᠢ ᠪᠤᠷᠤᠯᠠᠭᠤᠯᠵᠦ᠂ ᠠᠷᠠᠯᠵᠢᠶᠠᠨ᠎ᠤ ᠥᠷᠲᠡᠭ ᠨᠢ 5 ᠳ᠋ᠦᠩᠰᠢᠭᠤᠷ ᠳ᠋ᠣᠯᠯᠠᠷ᠎ᠲᠤ
ᠬᠦᠷᠴᠡᠢ᠃ ᠵᠢᠱ᠌ᠢᠯᠲᠡ ᠪᠡᠷ ᠢᠷᠡᠬᠦ ᠬᠡᠳᠦᠨ ᠡᠳᠦᠷ ᠪᠠ ᠬᠡᠳᠦᠨ ᠭᠠᠷᠠᠭ᠎ᠲᠤ ᠨᠠᠩ ᠶᠡᠬᠡ ᠬᠡᠮᠵᠢᠶᠡᠨ᠎ᠤ
ᠴᠢᠯᠠᠭᠤᠨ ᠲᠣᠰᠣ ᠵᠢ ᠪᠤᠷᠤᠯᠠᠭᠤᠯᠬᠤ ᠪᠣᠯᠣᠨ᠎ᠠ ᠭᠡᠵᠡᠢ᠃
ᠦᠢᠯᠡᠴᠢᠯᠡᠭᠡ
✦ᠠᠤᠬᠠᠨ
ᠬᠣᠰᠢᠭᠤ ᠨᠡᠶ᠋ᠢᠲᠡ᠎ᠶᠢᠨ ᠠᠰᠠᠷᠠᠮᠵᠢ᠎ᠶᠢᠨ ᠴᠢᠨᠠᠷᠲᠠᠢ ᠠᠵᠢᠯ᠎ᠤᠨ ᠪᠠᠢᠷᠢ᠎ᠳ᠋ᠤ 166 ᠠᠵᠢᠯᠲᠠᠨᠡᠯᠰᠡᠨᠠ᠃ ᠨᠠᠷᠢᠨ ᠠᠭᠤᠯᠭ᠎ᠠ᠎ᠶᠢ 《ᠤᠤᠯ ᠵᠤᠬᠢᠶᠠᠯ᠎ᠢ ᠦᠵᠡᠬᠦ》 (阅读原文)ᠦᠰᠦᠭ᠎ᠢ
ᠳᠤᠪᠴᠢᠳᠠᠵᠤ ᠦᠵᠡᠭᠡᠷᠡᠢ!
ᠲᠠᠨ᠎ᠤ ᠲᠤᠰᠠ᠎ᠳᠤ
✦ᠤᠨᠲᠠᠬᠤ᠎ᠠᠴᠠ᠎ᠪᠠᠨ
ᠡᠮᠦᠨ᠎ᠡ ᠣᠷᠣᠨ ᠳᠡᠭᠡᠷ᠎ᠡ᠎ᠪᠡᠨ ᠬᠡᠪᠲᠡᠵᠦ᠂ ᠬᠣᠶᠠᠷ ᠭᠠᠷ ᠵᠢᠡᠨ ᠬᠠᠪᠰᠤᠷᠭᠠᠨ ᠬᠦᠢᠰᠦ᠎ᠪᠡᠷ ᠲᠥᠪ
ᠪᠣᠯᠭᠠᠵᠤ᠂ ᠴᠠᠭ᠎ᠤᠨ ᠵᠡᠭᠦᠦ᠎ᠶᠢᠨ ᠳᠠᠭᠠᠤ ᠭᠡᠳᠡᠰᠦ᠎ᠪᠡᠨ ᠠᠭᠠᠵᠢᠮ᠎ᠢᠶᠠᠷ ᠨᠤᠬᠤᠯᠠᠬᠤ ᠨᠢ ᠬᠣᠳᠣᠭᠣᠳᠤ
ᠭᠡᠳᠡᠰᠦᠨ᠎ᠦ ᠭᠦᠷᠪᠡᠯᠵᠡᠬᠦ᠎ᠶᠢ ᠠᠬᠢᠭᠤᠯᠬᠤ ᠮᠥᠷᠲᠡᠭᠡᠨ ᠪᠠᠰᠠ ᠳᠡᠯᠢᠭᠦᠦ ᠬᠣᠳᠣᠭᠣᠳᠤᠨ᠎ᠤ ᠴᠢᠭᠢᠭ᠎ᠢ
ᠭᠠᠳᠠᠭᠰᠢᠯᠠᠭᠤᠯᠬᠤ᠎ᠳᠤ ᠲᠤᠰᠠᠯᠠᠨ᠎ᠠ᠃ ᠤᠳᠠᠭ᠎ᠠ ᠪᠦᠷᠢ 5 ᠮᠢᠨᠦ᠋ᠲ ᠨᠤᠬᠤᠯᠠᠵᠤ᠂ ᠬᠦᠴᠦ ᠪᠡᠨ ᠬᠥᠩᠭᠡᠨ
ᠪᠠᠢᠯᠭᠠᠬᠤ ᠬᠡᠷᠡᠭᠳᠡᠢ᠃
ᠵᠠᠯᠭᠠᠭᠠᠳ 《ᠮᠢᠨᠦ
ᠡᠵᠢ》 ᠬᠡᠬᠦ ᠲᠠᠭᠤᠤ ᠪᠡᠷ ᠠᠶ᠎ᠠ
ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠨᠡᠪᠳᠡᠷᠡᠭᠦᠯᠬᠡ ᠮᠠᠨᠢ ᠲᠠ ᠪᠦᠬᠦᠨ᠎ᠳᠦ ᠲᠠᠭᠠᠯᠠᠬᠳᠠᠬᠰᠠᠨ
ᠪᠤᠯ ᠤᠳᠤᠨ ᠳᠡᠮᠳᠡᠭ ᠱᠠᠩᠨᠠᠵᠤ ᠪᠢᠳᠡᠨ᠎ᠳᠤ ᠤᠷᠮ᠎ᠠ ᠬᠠᠢᠷᠠᠯᠠᠭᠠᠷᠠᠢ!ᠲᠠ ᠪᠦᠬᠦᠨ᠎ᠤ ᠬᠦᠯᠢᠶᠡᠨ ᠠᠪᠴᠤ᠌
ᠰᠤᠨᠤᠰᠤᠬ᠍ᠰᠠᠨ ᠳ᠋ᠤ ᠪᠠᠶᠠᠷᠯᠠᠯ᠎ᠠ᠂ ᠪᠠᠶᠠᠷᠳᠠᠢ!
(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ
ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ
ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ
ᠬᠤᠳᠠ᠂ ᠬᠤᠰᠢᠭᠤ ᠰᠢᠶᠠᠨ᠎ᠤ ᠵᠢᠷᠬᠢᠶ᠎ᠠ᠎ᠶᠢᠨ ᠲᠠᠪᠴᠠᠩ)