



ᠨᠡᠢᠭᠡᠮ
✦ᠵᠠᠬ᠎ᠠ
ᠳᠡᠯᠭᠡᠭᠦᠷ᠎ᠦᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶ᠎ᠠ᠎ᠠᠴᠠ ᠣᠢᠯᠠᠭᠠᠭᠰᠠᠨ ᠵᠢᠡᠷ᠂《ᠰᠢᠭᠤᠳ ᠨᠡᠪᠲᠡᠷᠡᠭᠦᠯᠭᠡ
ᠵᠢᠨ ᠡᠯᠧᠺᠲᠷᠣᠨ ᠬᠤᠳᠠᠯᠳᠤᠭᠠᠨ᠎ᠤ ᠡᠵᠡᠩᠨᠡᠭᠴᠢ᠎ᠶᠢᠨ ᠢᠳᠡᠭᠡᠨ᠎ᠦ ᠠᠮᠤᠷ ᠲᠦᠪᠰᠢᠨ᠎ᠦ ᠪᠡᠶᠡᠴᠢ ᠴᠣᠭᠴᠠ᠎ᠶᠢᠨ
ᠬᠠᠷᠢᠭᠤᠴᠠᠯᠭ᠎ᠠ᠎ᠶᠢᠨ ᠬᠢᠨᠠᠯᠲᠠ ᠬᠠᠮᠢᠶᠠᠷᠤᠯᠲᠠ᠎ᠶᠢ ᠨᠠᠢᠳᠠᠪᠤᠷᠢᠵᠢᠭᠤᠯᠬᠤ ᠲᠣᠭᠲᠠᠭᠠᠯ》᠎ᠢ 2026 ᠣᠨ᠎ᠤ
3 ᠰᠠᠷ᠎ᠠ᠎ᠶᠢᠨ 20᠎ᠤ ᠡᠳᠦᠷ᠎ᠡᠴᠡ ᠡᠬᠢᠯᠡᠵᠦ ᠬᠡᠷᠡᠭᠵᠢᠭᠦᠯᠦᠨ᠎ᠡ᠃ ᠲᠣᠭᠲᠠᠭᠠᠯ ᠳᠤ ᠰᠢᠭᠤᠳ ᠨᠠᠪᠲᠠᠷᠡᠭᠦᠯᠭᠡ
ᠳ᠋ᠤ ᠡᠵᠡᠩᠨᠡᠵᠦ ᠪᠣᠯᠬᠤ ᠦᠭᠡᠢ 13 ᠲᠥᠷᠥᠯ᠎ᠦᠨ ᠢᠳᠡᠭᠡᠨ᠎ᠢ ᠲᠣᠳᠣᠷᠬᠠᠢ ᠲᠣᠭᠲᠠᠭᠠᠵᠠᠢ᠃

✦ᠤᠯᠤᠰ ᠤᠨ ᠣᠶ ᠰᠢᠭᠤᠢ ᠪᠠ ᠨᠤᠲᠤᠭ
ᠪᠡᠯᠴᠢᠭᠡᠷ᠎ᠦᠨ ᠲᠤᠪᠴᠢᠶ᠎ᠠ ᠡᠴᠡ ᠤᠢᠯᠠᠭᠠᠭᠰᠠᠨ ᠵᠢᠡᠷ᠂ 2025 ᠣᠨ᠎ᠳᠤ ᠮᠠᠨ᠎ᠤ ᠤᠯᠤᠰ 1.27 ᠳ᠋ᠦᠩᠰᠢᠭᠤᠷ
ᠮᠦ᠍ ᠤᠯᠤᠰ᠎ᠤᠨ ᠨᠤᠲᠤᠭ ᠳᠡᠪᠢᠰᠬᠡᠷ᠎ᠦᠨ ᠨᠣᠭᠣᠭᠠᠷᠠᠭᠤᠯᠤᠯᠲᠠ᠎ᠶᠢᠨ ᠡᠭᠦᠷᠭᠡ᠎ᠶᠢ ᠪᠡᠶᠡᠯᠡᠭᠦᠯᠵᠡᠢ᠃
ᠡᠭᠦᠨ᠎ᠳᠦ 5345 ᠲᠦᠮᠡᠨ ᠮᠦ᠍ ᠣᠢᠵᠢᠭᠤᠯᠵᠤ᠂ 7390 ᠲᠦᠮᠡᠨ ᠮᠦ᠍ ᠲᠠᠴᠢᠷᠳᠠᠭᠰᠠᠨ ᠨᠤᠲᠤᠭ ᠪᠡᠯᠴᠢᠭᠡᠷ᠎ᠢ
ᠵᠠᠰᠠᠨ ᠰᠡᠷᠭᠦᠭᠡᠵᠡᠢ᠃ ᠣᠳᠣᠬᠠᠨ᠎ᠳᠤ ᠪᠦᠬᠦ ᠤᠯᠤᠰ᠎ᠤᠨ ᠤᠢ ᠰᠢᠭᠤᠢ᠎ᠶᠢᠨ ᠪᠦᠷᠬᠦᠴᠡ᠎ᠶᠢᠨ ᠨᠤᠷᠮ᠎ᠠ 25.09%
ᠳ᠋ᠤ ᠬᠦᠷᠴᠦ᠂ ᠤᠢ ᠰᠢᠭᠤᠢ᠎ᠶᠢᠨ ᠬᠠᠳᠠᠭᠠᠯᠠᠭᠳᠠᠴᠠ᠎ᠶᠢᠨ ᠬᠡᠮᠵᠢᠶ᠎ᠡ 209.88 ᠳ᠋ᠦᠩᠰᠢᠭᠤᠷ ᠪᠣᠰᠣᠭ᠎ᠠ
ᠳᠥᠷᠪᠡᠯᠵᠢᠨ ᠮᠧᠲᠷ᠎ᠲᠦ ᠬᠦᠷᠪᠡ᠃
✦ᠠᠷᠠᠳ᠎ᠤᠨ ᠶᠠᠪᠤᠳᠠᠯ᠎ᠤᠨ ᠶᠠᠮᠤᠨ᠎ᠤ ᠮᠡᠳᠡᠭᠡ ᠵᠢ
ᠦᠨᠳᠦᠰᠦᠯᠡᠪᠡᠯ᠂ 2025 ᠣᠨ᠎ᠤ ᠡᠴᠦᠰ ᠪᠣᠯᠲᠠᠯ᠎ᠠ ᠮᠠᠨ᠎ᠤ ᠤᠯᠤᠰ᠎ᠤᠨ ᠨᠠᠰᠤᠵᠢᠯ᠎ᠤᠨ ᠠᠰᠠᠷᠠᠮᠵᠢ ᠶ᠋ᠢᠨ
ᠪᠠᠢᠭᠤᠯᠤᠮᠵᠢ ᠨᠡᠶ᠋ᠢᠲᠡ 4.17 ᠲᠦᠮᠡ ᠪᠠᠢᠵᠤ᠂ ᠠᠵᠢᠯᠯᠠᠵᠤ ᠪᠠᠢᠭ᠎ᠠ ᠬᠥᠮᠥᠰ᠎ᠦᠨ ᠲᠣᠭ᠎ᠠ 72.2 ᠲᠦᠮᠡ᠎ᠳᠦ
ᠬᠦᠷᠴᠦ᠂ ᠠᠳᠠᠯᠢ ᠬᠤᠭᠤᠴᠠᠭᠠᠨ ᠤ᠋ ᠬᠢ ᠡᠴᠡ 12.2% ᠨᠡᠮᠡᠭᠳᠡᠵᠡᠢ᠃

✦ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ
ᠪᠠᠲᠤᠯᠠᠭ᠎ᠠ᠎ᠶᠢᠨ ᠶᠠᠮᠤᠨ᠎ᠤ ᠠᠯᠪᠠᠨ ᠲᠢᠩᠬᠢᠮ ᠣᠢᠷ᠎ᠠ᠎ᠳᠤ ᠮᠡᠳᠡᠭᠳᠡᠯ ᠳᠠᠷᠤᠮᠠᠯᠯᠠᠨ ᠲᠠᠷᠬᠠᠭᠠᠵᠤ᠂ ᠠᠵᠢᠯ
ᠮᠡᠷᠭᠡᠵᠢᠯ᠎ᠦᠨ ᠤᠷ᠎ᠠ ᠴᠢᠳᠠᠪᠤᠷᠢ᠎ᠶᠢᠨ ᠦᠨᠡᠮᠯᠡᠯ᠎ᠦᠨ ᠬᠠᠷᠢᠯᠴᠠᠨ ᠨᠡᠪᠲᠡᠷᠡᠯᠴᠡᠵᠦ ᠬᠠᠷᠢᠯᠴᠠᠨ ᠮᠡᠳᠡᠷᠡᠬᠦ᠎ᠶᠢ
ᠠᠬᠢᠭᠤᠯᠵᠤ᠂ ᠬᠥᠳᠡᠯᠮᠦᠷᠢᠴᠢᠳ ᠦ᠋ᠨ ᠤᠷ᠎ᠠ ᠴᠢᠳᠠᠪᠤᠷᠢ᠎ᠶᠢᠨ ᠦᠨᠡᠯᠡᠯᠲᠡ ᠬᠢᠵᠦ ᠭᠡᠷᠡᠴᠢ ᠠᠪᠬᠤ ᠳᠠᠷᠤᠭᠠᠰᠤ᠎ᠶᠢ
ᠬᠥᠩᠭᠡᠷᠡᠭᠦᠯᠦᠨᠠ ᠭᠡᠵᠡᠢ᠃
✦ᠰᠤᠷᠭᠠᠨ ᠬᠥᠮᠦᠵᠢᠯ᠎ᠦᠨ ᠶᠠᠮᠤᠨ ᠵᠡᠷᠭᠡ ᠳᠥᠷᠪᠡᠨ
ᠰᠠᠯᠠᠭ᠎ᠠ ᠮᠥᠴᠢᠷ ᠮᠡᠳᠡᠭᠳᠡᠯ ᠨᠡᠢᠲᠡᠯᠡᠵᠦ᠂ ᠭᠠᠵᠠᠷ ᠣᠷᠣᠨ ᠠᠯᠤᠰᠯᠠᠨ ᠠᠵᠢᠯ ᠡᠷᠢᠵᠦ ᠪᠠᠢᠭ᠎ᠠ 2026 ᠤᠨ᠎ᠤ ᠲᠡᠭᠦᠰᠬᠦ
ᠰᠤᠷᠤᠭ᠍ᠴᠢᠳ᠎ᠲᠤ ᠬᠥᠮᠥᠨ ᠪᠦᠷᠢ 4 ᠤᠳᠠᠭᠠᠨ᠎ᠤ ᠰᠤᠷᠤᠭ᠍ᠴᠢ
ᠵᠢᠨ ᠬᠠᠷᠠᠭᠠᠯᠵᠠᠯᠲᠤ ᠭᠠᠯᠲᠤ ᠲᠡᠷᠭᠡᠨ᠎ᠦ ᠪᠢᠯᠧᠲ᠎ᠦᠨ ᠰᠠᠭᠤᠷᠢᠨ ᠳᠡᠭᠡᠷ᠎ᠡ ᠳᠠᠬᠢᠨ 2 ᠤᠳᠠᠭ᠎ᠠ
ᠵᠢᠨ ᠬᠠᠷᠠᠭᠠᠯᠵᠠᠯᠲᠤ ᠪᠢᠯᠧᠲ ᠬᠤᠳᠠᠯᠳᠤᠨ ᠠᠪᠬᠤ ᠬᠠᠷᠠᠭᠠᠯᠵᠠᠯ ᠨᠡᠮᠡᠬᠦ᠎ᠶᠢᠨ ᠬᠠᠮᠲᠤ 《ᠵᠠᠯᠠᠭᠤᠴᠤᠳ ᠤᠨ ᠥᠷᠲᠡᠭᠡ》᠎ᠶᠢᠨ ᠬᠠᠮᠤᠷᠬᠤ ᠬᠡᠪᠴᠢᠶ᠎ᠡ
ᠶ᠋ᠢ ᠡᠮᠬᠢ ᠵᠢᠷᠤᠮ᠎ᠲᠠᠢ ᠥᠷᠭᠡᠳᠬᠡᠵᠦ᠂ ᠠᠵᠢᠯ ᠡᠷᠢᠵᠦ ᠪᠠᠢᠭ᠎ᠠ ᠲᠡᠭᠦᠰᠬᠦ ᠰᠤᠷᠤᠭ᠍ᠴᠢᠳ᠎ᠲᠤ ᠬᠣᠨᠣᠭ᠎ᠤᠨ ᠬᠠᠷᠠᠭᠠᠯᠵᠠᠯ
ᠬᠠᠩᠭᠠᠬᠤ᠎ᠶᠢᠨ ᠬᠠᠮᠲᠤ ᠠᠵᠢᠯ ᠣᠯᠭᠣᠯᠲᠠ᠎ᠶᠢᠨ ᠮᠡᠳᠡᠭᠡ ᠵᠠᠩᠭᠢ᠎ᠶᠢ ᠪᠠᠢᠴᠠᠭᠠᠨ ᠯᠠᠪᠯᠠᠬᠤ ᠵᠡᠷᠭᠡ ᠨᠠᠷᠢᠯᠢᠭ᠋
ᠣᠨᠣᠴᠠᠲᠠᠢ ᠦᠢᠯᠡᠴᠢᠯᠡᠭᠡ ᠬᠠᠩᠭᠠᠨ᠎ᠠ ᠭᠡᠵᠠᠢ᠃

✦ᠤᠢᠷ᠎ᠠ ᠳ᠋ᠤ ᠳᠤᠮᠳᠠᠳᠤ ᠤᠯᠤᠰ᠎ᠤᠨ ᠰᠢᠨᠵᠢᠯᠡᠬᠦ
ᠤᠬᠠᠭᠠᠨ ᠤ ᠬᠦᠷᠢᠶᠡᠯᠡᠩ᠎ᠦᠨ ᠶᠡᠬᠡ ᠰᠤᠷᠭᠠᠭᠤᠯᠢ᠎ᠪᠠᠷ ᠭᠣᠣᠯᠯᠠᠭᠤᠯᠤᠭᠰᠠᠨ ᠬᠠᠮᠲᠤᠷᠠᠭᠰᠠᠨ ᠰᠤᠳᠤᠯᠭᠠᠨ᠎ᠤ
ᠪᠦᠯᠬᠦᠮ᠎ᠦᠨ ᠬᠢᠨ ᠠᠩᠬ᠎ᠠ ᠤᠳᠠᠭ᠎ᠠ ᠲᠤᠷᠰᠢᠯᠲᠠ᠎ᠶᠢᠨ ᠶᠠᠪᠤᠴᠠ ᠳ᠋ᠤ ᠨᠧᠲᠷᠣᠨ ᠪᠣᠯᠣᠨ ᠠᠲ᠋ᠣᠮ᠎ᠤᠨ
ᠴᠥᠮ᠎ᠡ᠎ᠶᠢᠨ ᠮᠥᠷᠭᠥᠯᠳᠦᠯᠦᠨ ᠶᠠᠪᠤᠴᠠ᠎ᠳᠠᠬᠢ ᠮᠢᠬᠧᠳᠠᠯ ᠦᠢᠯᠡᠴᠢᠯᠡᠯᠢ ᠰᠢᠭᠤᠳ ᠠᠵᠢᠭ᠍ᠯᠠᠨ ᠣᠯᠣᠭᠰᠠᠨ
ᠨᠢ 87 ᠵᠢᠯ᠎ᠦᠨ ᠡᠮᠦᠨᠡᠬᠢ ᠺᠸᠠᠨ᠋ᠲ᠎ᠤᠨ ᠬᠦᠴᠦᠨ᠎ᠦ ᠤᠬᠠᠭᠠᠨ᠎ᠤ ᠵᠥᠩᠨᠡᠯᠲᠡ᠎ᠶᠢ ᠨᠤᠲᠠᠯᠠᠭᠰᠠᠨ᠎ᠢᠶᠠᠷ
ᠪᠠᠷᠠᠬᠤ ᠦᠭᠡᠢ᠂ ᠪᠠᠰᠠ ᠣᠷᠴᠢᠯᠠᠩ᠎ᠳᠠᠬᠢ ᠨᠡᠩ ᠬᠥᠩᠭᠡᠨ ᠬᠠᠷᠠᠩᠭᠤᠢ ᠪᠣᠳᠠᠰ ᠤ᠋ᠨ ᠮᠥᠬᠥᠯᠢᠭ᠎ᠢ ᠬᠠᠢᠬᠤ᠎ᠳᠤ
ᠵᠠᠩᠭᠢᠯᠠᠭ᠎ᠠ᠎ᠶᠢᠨ ᠲᠤᠷᠰᠢᠯᠲᠠ᠎ᠶᠢᠨ ᠦᠨᠳᠦᠰᠦᠯᠡᠯ ᠬᠠᠩᠭᠠᠭᠰᠠᠨ ᠪᠠᠢᠨ᠎ᠠ᠃ ᠬᠣᠯᠪᠣᠭᠳᠠᠯ ᠪᠦᠬᠦᠢ
ᠰᠤᠳᠤᠯᠭᠠᠨ᠎ᠤ ᠦᠷ᠎ᠡ ᠪᠦᠲᠦᠭᠡᠯ ᠢ᠋《ᠪᠠᠢᠭᠠᠯᠢ》 ᠰᠡᠳᠬᠦᠯ᠎ᠳᠦ ᠨᠡᠢᠲᠡᠯᠡᠪᠡ᠃
✦ᠣᠲᠣᠬᠠᠨ ᠪᠣᠯᠲᠠᠯ᠎ᠠ ᠪᠥᠬᠥ ᠤᠯᠤᠰ᠎ᠤᠨ 31 ᠮᠤᠵᠢ
ᠣᠷᠣᠨ ᠪᠠ ᠰᠢᠨᠵᠢᠶᠠᠩ᠎ᠤᠨ ᠦᠢᠯᠡᠳᠪᠦᠷᠢᠯᠡᠯ ᠪᠦᠲᠦᠭᠡᠨ ᠪᠠᠢᠭᠤᠯᠤᠯᠲᠠ᠎ᠶᠢᠨ ᠪᠢᠩᠲ᠋ᠦᠸᠠᠨ ᠨᠢᠭᠡᠨᠲᠡ ᠡᠮ ᠡᠮᠨᠡᠯᠭᠡ᠎ᠶᠢᠨ
ᠳᠠᠭᠠᠳᠬᠠᠯ᠎ᠤᠨ ᠡᠮ᠎ᠦᠨ ᠵᠦᠢᠯᠡᠰ᠎ᠦᠨ ᠦᠨ᠎ᠠ ᠬᠠᠷᠢᠴᠠᠭᠤᠯᠬᠤ ᠰᠤᠹᠲ ᠢ᠋ ᠰᠦᠯᠵᠢᠶᠡᠨ᠎ᠳᠦ ᠣᠷᠣᠭᠤᠯᠬᠤ ᠠᠵᠢᠯ᠎ᠢ
ᠪᠦᠬᠦᠨ᠎ᠢ ᠪᠡᠶᠡᠯᠡᠭᠦᠯᠵᠦ᠂ ᠪᠥᠬᠥ ᠣᠷᠣᠨ ᠪᠦᠰᠡ ᠵᠢ ᠬᠠᠮᠤᠷᠬᠤ᠂ ᠪᠥᠬᠥ ᠠᠷᠠᠳ᠎ᠢᠶᠠᠷ᠎ᠢᠶᠠᠨ ᠬᠡᠷᠡᠭᠯᠡᠵᠦ ᠳᠡᠶ᠋ᠢᠯᠬᠦ᠎ᠶᠢ
ᠪᠡᠶᠡᠯᠡᠭᠦᠯᠵᠦ᠂ ᠡᠯ᠎ᠡ ᠭᠠᠵᠠᠷ᠎ᠤᠨ ᠳᠠᠭᠠᠳᠬᠠᠯ᠎ᠳᠤ ᠣᠷᠣᠯᠴᠠᠭᠰᠠᠨ ᠣᠯᠠᠨ ᠲᠦᠮᠡᠨ᠎ᠳᠦ ᠲᠥᠬᠥᠮ ᠳᠥᠲᠡ ᠦᠨ᠎ᠠ ᠬᠠᠷᠢᠴᠠᠭᠤᠯᠬᠤ
ᠦᠢᠯᠡᠴᠢᠯᠡᠭᠡ᠎ᠶᠢ ᠬᠦᠷᠲᠡᠭᠡᠪᠡ᠃

✦ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ
ᠪᠠᠢᠭᠠᠯᠢ᠎ᠶᠢᠨ ᠡᠬᠢ ᠪᠠᠶᠠᠯᠢᠭ᠋᠎ᠤᠨ ᠲᠢᠩᠬᠢᠮ᠂ ᠣᠶ ᠰᠢᠭᠤᠢ ᠪᠠ ᠨᠤᠲᠤᠭ ᠪᠡᠯᠴᠢᠭᠡᠷ᠎ᠦᠨ ᠲᠣᠪᠴᠢᠶ᠎ᠠ ᠬᠠᠮᠲᠤᠷᠠᠨ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠰᠢᠷᠤᠢ ᠣᠶ ᠰᠢᠭᠤᠢ
ᠡᠪᠡᠰᠦ ᠪᠡᠯᠴᠢᠭᠡᠷ᠎ᠢ ᠬᠡᠷᠡᠭᠯᠡᠬᠦ ᠬᠣᠯᠪᠣᠭᠠᠯᠠᠭᠰᠠᠨ ᠬᠢᠨᠠᠨ ᠵᠥᠪᠰᠢᠶᠡᠷᠡᠬᠦ ᠵᠢ ᠬᠡᠷᠡᠭᠵᠢᠭᠦᠯᠬᠦ ᠲᠥᠰᠥᠯ》᠎ᠢ ᠳᠠᠷᠤᠮᠠᠯᠯᠠᠨ ᠲᠠᠷᠬᠠᠭᠠᠵᠤ᠂ ᠪᠥᠬᠥ ᠣᠷᠣᠨ᠎ᠤ ᠬᠡᠪᠴᠢᠶᠡᠨ᠎ᠳᠡᠬᠢ ᠣᠶ ᠰᠢᠭᠤᠢ ᠡᠪᠡᠰᠦ
ᠪᠡᠯᠴᠢᠭᠡᠷ᠎ᠢ ᠬᠡᠷᠡᠭᠯᠡᠬᠦ ᠬᠢᠨᠠᠨ ᠵᠥᠪᠰᠢᠶᠡᠷᠡᠬᠦ᠎ᠳᠦ ᠬᠣᠯᠪᠣᠭᠳᠠᠭᠰᠠᠨ ᠲᠠᠷᠢᠶᠠᠯᠠᠩ᠎ᠳᠤ ᠬᠡᠷᠡᠭᠯᠡᠬᠦ ᠭᠠᠵᠠᠷ᠎ᠢ
ᠬᠤᠪᠢᠷᠠᠭᠤᠯᠤᠨ ᠬᠡᠷᠡᠭᠯᠡᠬᠦ᠂ ᠭᠠᠵᠠᠷ ᠰᠢᠷᠣᠢ ᠲᠠᠲᠠᠪᠤᠷᠢᠯᠠᠬᠤ ᠵᠡᠷᠭᠡ ᠬᠢᠨᠠᠨ ᠵᠥᠪᠰᠢᠶᠡᠷᠡᠬᠦ ᠵᠦᠢᠯᠡᠰ᠎ᠲᠦ
ᠬᠣᠯᠪᠣᠭᠠᠯᠠᠭᠰᠠᠨ ᠬᠢᠨᠠᠨ ᠵᠥᠪᠰᠢᠶᠡᠷᠡᠬᠦ᠎ᠶᠢ ᠬᠡᠷᠡᠭᠵᠢᠭᠦᠯᠦᠨ᠎ᠡ᠃
✦ᠤᠢᠷ᠎ᠠ ᠳ᠋ᠤ ᠥᠪᠥᠷ ᠮᠣᠩᠭᠣᠯ ᠤᠨ ᠥᠪᠡᠷᠲᠡᠭᠡᠨ
ᠵᠠᠰᠠᠬᠤ ᠣᠷᠣᠨ᠎ᠤ ᠰᠤᠷᠭᠠᠨ ᠬᠥᠮᠦᠵᠢᠯ ᠦᠨ ᠲᠢᠩᠬᠢᠮ ᠲᠥᠯᠥᠪᠦᠷᠢ᠎ᠲᠠᠢ ᠬᠢᠴᠢᠶᠡᠯ ᠨᠥᠬᠥᠬᠦ ᠲᠤᠰᠬᠠᠢ
ᠠᠵᠢᠯ᠎ᠤᠨ ᠪᠠᠢᠷᠢᠯᠠᠭᠤᠯᠤᠯᠲᠠ᠎ᠶᠢᠨ ᠬᠤᠷᠠᠯ ᠬᠤᠷᠠᠯᠳᠤᠭᠤᠯᠵᠦ᠂ ᠪᠠᠭ᠍ᠰᠢ᠎ᠡᠴᠡ ᠬᠤᠪᠢ ᠬᠥᠮᠥᠨ᠎ᠦ ᠣᠷᠣᠨ
ᠰᠠᠭᠤᠴᠠ ᠪᠤᠶᠤ ᠲᠦᠷᠢᠶᠡᠰᠦᠯᠡᠭᠰᠡᠨ ᠭᠡᠷ ᠪᠠᠢᠰᠢᠩ ᠳ᠋ᠤ ᠲᠥᠯᠥᠪᠦᠷᠢ᠎ᠲᠠᠢ᠎ᠪᠡᠷ ᠬᠢᠴᠢᠶᠡᠯ ᠨᠥᠬᠥᠬᠦ ᠵᠢᠴᠢ
ᠰᠤᠷᠭᠠᠭᠤᠯᠢ᠎ᠶᠢᠨ ᠭᠠᠳᠠᠨᠠᠬᠢ ᠪᠣᠯᠪᠠᠰᠤᠷᠠᠯ᠎ᠤᠨ ᠪᠠᠢᠭᠤᠯᠤᠮᠵᠢ ᠪᠤᠶᠤ ᠪᠤᠰᠤᠳ ᠪᠠᠭ᠍ᠰᠢ᠂ ᠭᠡᠷ᠎ᠦᠨ
ᠠᠬᠠᠮᠠᠳ᠂ ᠭᠡᠷ ᠦᠨ ᠠᠬᠠᠮᠠᠳ ᠤ᠋ᠨ ᠵᠥᠪᠯᠡᠯ᠎ᠡᠴᠡ ᠵᠣᠬᠢᠶᠠᠨ ᠪᠠᠢᠭᠤᠯᠤᠭᠰᠠᠨ ᠲᠥᠯᠥᠪᠦᠷᠢ ᠲᠠᠢ ᠬᠢᠴᠢᠶᠡᠯ
ᠨᠥᠬᠥᠬᠦ ᠳ᠋ᠤ ᠣᠷᠣᠯᠴᠠᠬᠤ᠂ ᠠᠰᠢᠭ᠋ ᠣᠯᠬᠤ ᠵᠣᠷᠢᠯᠭ᠎ᠠ᠎ᠪᠠᠷ ᠭᠡᠷ ᠪᠦᠯᠢ ᠳ᠋ᠤ ᠪᠠᠢᠷᠢᠯᠠᠬᠤ ᠮᠠᠶᠢᠭ᠋᠎ᠤᠨ
ᠬᠠᠪᠰᠤᠷᠤᠨ ᠵᠢᠯᠣᠭᠣᠳᠤᠯᠭ᠎ᠠ ᠬᠠᠩᠭᠠᠬᠤ᠂ ᠰᠤᠷᠭᠠᠭᠤᠯᠢ ᠪᠠ ᠪᠠᠭ᠍ᠰᠢ ᠰᠤᠷᠭᠠᠭᠤᠯᠢ᠎ᠶᠢᠨ ᠳᠣᠲᠣᠨ᠎ᠠ
ᠭᠠᠳᠠᠨᠠᠬᠢ ᠡᠯ᠎ᠡ ᠲᠥᠷᠥᠯ᠎ᠦᠨ ᠲᠥᠯᠥᠪᠦᠷᠢ ᠲᠠᠢ ᠬᠢᠴᠢᠶᠡᠯ ᠨᠥᠬᠥᠬᠦ ᠠᠵᠢᠯᠯᠠᠭ᠎ᠠ ᠳᠦ ᠰᠤᠷᠤᠭ᠍ᠴᠢᠳ ᠢ᠋
ᠣᠷᠣᠯᠴᠠᠭᠤᠯᠬᠤ᠂ ᠰᠣᠷᠣᠭ᠍ᠴᠢ᠎ᠶᠢᠨ ᠢᠷᠡᠯᠲᠡ ᠲᠠᠨᠢᠯᠴᠠᠭᠤᠯᠬᠤ᠎ᠶᠢ ᠴᠢᠩᠭ᠎ᠠ ᠴᠠᠭᠠᠵᠠᠯᠠᠨ᠎ᠠ ᠭᠡᠵᠡᠢ᠃

✦ᠣᠢᠷ᠎ᠠ᠎ᠳᠤ ᠤᠯᠤᠰ᠎ᠤᠨ ᠣᠳᠣᠨ ᠣᠷᠣᠨ᠎ᠤ ᠥᠷᠲᠡᠭᠡ᠎ᠶᠢᠨ
ᠲᠣᠮᠣ᠌ ᠳᠤᠷᠠᠨ᠎ᠤ ᠲᠥᠷᠥᠯ ᠵᠦᠢᠯ᠎ᠦᠨ ᠭᠠᠵᠠᠷ ᠰᠣᠩᠭᠣᠬᠤ ᠬᠠᠮᠢᠶ᠎ᠠ ᠪᠦᠬᠦᠢ ᠠᠵᠢᠯ ᠤᠷᠠᠳ᠎ᠤᠨ ᠬᠣᠢᠲᠤ ᠬᠣᠰᠢᠭᠤᠨ᠎ᠳᠤ
ᠯᠠᠪᠳᠠᠭᠤᠨ᠎ᠢᠶᠠᠷ ᠠᠬᠢᠵᠤ ᠪᠠᠢᠨ᠎ᠠ᠃ ᠲᠤᠰ ᠲᠦᠷᠦᠯ ᠵᠦᠢᠯ᠎ᠢ 3 ᠵᠢᠯ ᠬᠡᠷᠡᠭᠵᠢᠭᠦᠯᠬᠦ᠎ᠪᠡᠷ ᠲᠥᠯᠥᠪᠯᠡᠵᠦ᠂ ᠶᠡᠷᠦᠩᠬᠡᠢ
ᠪᠡᠯᠡ ᠣᠷᠣᠭᠤᠯᠤᠯᠲᠠ ᠨᠢ 15 ᠳ᠋ᠦᠩᠰᠢᠭᠤᠷ ᠲᠥᠭᠥᠷᠢᠭ᠎ᠲᠦ ᠬᠦᠷᠴᠦ᠂ ᠤᠯᠤᠰ᠎ᠤᠨ ᠳᠣᠲᠣᠭᠠᠳᠤ᠎ᠶᠢᠨ ᠲᠡᠷᠢᠭᠦᠨ᠎ᠦ᠂
ᠳᠡᠯᠡᠬᠡᠢ᠎ᠶᠢᠨ ᠲᠡᠷᠢᠭᠦᠨ᠎ᠦ ᠭᠡᠷᠡᠯ᠎ᠦᠨ ᠤᠬᠠᠭᠠᠨ ᠤ᠋ ᠤᠯᠠᠭᠠᠨ᠎ᠤ ᠭᠠᠳᠠᠨᠠᠬᠢ ᠳᠤᠷ᠎ᠠ᠎ᠨᠢ ᠪᠠᠢᠭᠤᠯᠵᠤ᠂ ᠮᠠᠨ᠎ᠤ
ᠤᠯᠤᠰ᠎ᠤᠨ ᠤᠳᠤᠨ ᠣᠷᠣᠨ᠎ᠤ ᠰᠤᠳᠤᠯᠤᠯ᠎ᠤᠨ ᠬᠦᠷᠢᠶᠡᠨ᠎ᠳᠡᠬᠢ ᠪᠡᠯᠭᠡ ᠲᠡᠮᠳᠡᠭ᠎ᠦᠨ ᠴᠢᠨᠠᠷᠲᠠᠢ ᠴᠢᠬᠤᠯᠠ ᠶᠡᠬᠡ
ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠠᠭᠤᠷᠢ ᠲᠥᠬᠦᠭᠡᠷᠦᠮᠵᠢ ᠪᠣᠯᠬᠤ ᠪᠣᠯᠣᠨ᠎ᠠ᠃
✦2025 ᠣᠨ᠎ᠳᠤ᠂ ᠰᠢᠯᠢᠩᠬᠣᠲᠠ 550 ᠲᠦᠮᠡᠨ ᠲᠥᠭᠥᠷᠢᠭ ᠦᠨ
ᠣᠷᠣᠨ ᠨᠤᠲᠤᠭ᠎ᠤᠨ ᠪᠡᠶ᠎ᠡ᠎ᠪᠡᠨ ᠳᠠᠭᠠᠭᠠᠭᠰᠠᠨ ᠡᠳ᠋ ᠦᠨ ᠬᠦᠴᠦᠨ ᠢ ᠨᠢᠭᠡᠳᠦᠯᠲᠡᠢ ᠲᠥᠯᠥᠪᠵᠢᠭᠦᠯᠵᠦ᠂ ᠮᠠᠯᠵᠢᠬᠤ
ᠣᠷᠣᠨ ᠤ ᠤᠰᠤ ᠤᠮᠳᠠ᠎ᠶᠢᠨ ᠢᠨᠵᠧᠨᠧᠷᠢᠩ᠎ᠢ ᠪᠠᠢᠭᠤᠯᠵᠤ᠂ ᠲᠣᠭᠲᠠᠭᠰᠠᠨ ᠬᠤᠭᠤᠴᠠᠭᠠᠨ᠎ᠳᠠᠭᠠᠨ ᠠᠵᠢᠯ᠎ᠢᠶᠠᠨ ᠳᠠᠭᠤᠰᠬᠠᠪᠠ᠃
ᠲᠣᠰ ᠤᠳᠠᠭᠠᠨ᠎ᠤ ᠤᠰᠤ ᠤᠮᠳᠠ᠎ᠶᠢᠨ ᠢᠨᠵᠧᠨᠧᠷᠢᠩ᠎ᠳᠦ 38 ᠤᠰᠤᠨ ᠰᠤᠷᠪᠤᠯᠵᠢ᠎ᠶᠢᠨ ᠬᠤᠳᠳᠤᠭ᠂ 68 ᠡᠷᠦᠬᠡ᠎ᠳᠦ
ᠣᠷᠣᠬᠤ ᠮᠠᠶᠢᠭ᠋᠎ᠤᠨ ᠤᠰᠤ ᠬᠠᠳᠠᠭᠠᠯᠠᠬᠤ ᠵᠣᠭᠣᠷᠢ᠎ᠶᠢ ᠰᠢᠨ᠎ᠡ᠎ᠪᠡᠷ ᠪᠠᠢᠭᠤᠯᠵᠤ᠂ 106 ᠡᠷᠦᠬᠡ᠎ᠶᠢᠨ 200 ᠭᠠᠷᠤᠢ
ᠮᠠᠯᠴᠢᠳ᠎ᠲᠤ ᠠᠰᠢᠭ᠋ ᠬᠦᠷᠲᠡᠭᠡᠪᠡ᠃

ᠠᠵᠤ ᠠᠬᠤᠢ
✦2025 ᠣᠨ᠎ᠳᠤ ᠣᠷᠳᠣᠰ ᠬᠣᠲᠠ᠎ᠶᠢᠨ ᠠᠭᠠᠷ᠎ᠤᠨ ᠪᠣᠭᠣᠮᠲᠠ᠎ᠶᠢ
ᠳᠠᠮᠵᠢᠨ ᠬᠢᠯᠢ᠎ᠪᠡᠷ ᠣᠷᠣᠵᠤ ᠭᠠᠷᠤᠭᠰᠠᠨ ᠠᠶᠠᠨᠴᠢᠳ᠎ᠤᠨ ᠶᠡᠷᠦᠩᠬᠡᠢ ᠬᠡᠮᠵᠢᠶ᠎ᠡ 7 ᠲᠦᠮᠡᠨ ᠬᠥᠮᠥᠨ
ᠤᠳᠠᠭ᠎ᠠ᠎ᠶᠢ ᠳᠠᠪᠠᠵᠤ᠂ ᠠᠳᠠᠯᠢ ᠬᠤᠭᠤᠴᠠᠭᠠᠨ᠎ᠤ ᠬᠢ᠎ᠡᠴᠡ 91.7%᠎ᠪᠠᠷ ᠨᠡᠮᠡᠭᠳᠡᠪᠡ᠃ ᠡᠭᠡᠯᠵᠢ᠎ᠶᠢᠨ
ᠨᠢᠰᠬᠡᠯ᠎ᠦᠨ ᠠᠶᠠᠯᠠᠯ 600 ᠤᠳᠠᠭ᠎ᠠ᠎ᠶᠢ ᠳᠠᠪᠠᠵᠤ᠂ ᠠᠳᠠᠯᠢ ᠬᠤᠭᠤᠴᠠᠭᠠᠨ᠎ᠤ ᠬᠢ᠎ᠡᠴᠡ 99.7% ᠪᠠᠷ
ᠨᠡᠮᠡᠭᠳᠡᠪᠡ᠃ ᠡᠳᠦᠷ᠂ ᠰᠠᠷ᠎ᠠ ᠪᠠ ᠣᠨ ᠤ ᠰᠢᠯᠭᠠᠨ ᠪᠠᠢᠴᠠᠭᠠᠵᠤ ᠥᠩᠭᠡᠷᠡᠭᠦᠯᠦᠭᠰᠡᠨ ᠬᠡᠮᠵᠢᠶ᠎ᠡ ᠨᠢ ᠴᠥᠮ
ᠣᠢᠷ᠎ᠠ᠎ᠶᠢᠨ 5 ᠵᠢᠯ᠎ᠦᠨ ᠲᠤᠷᠰᠢᠬᠢ ᠰᠢᠨ᠎ᠡ ᠲᠡᠮᠳᠡᠭᠯᠡᠯ᠎ᠢ ᠡᠭᠦᠳᠪᠡ᠃

✦2025 ᠣᠨ᠎ᠳᠤ᠂ ᠵᠡᠭᠦᠨ ᠦᠵᠦᠮᠦᠴᠢᠨ ᠪᠣᠭᠣᠮᠲᠠ᠎ᠶᠢᠨ
ᠬᠢᠨ ᠪᠥᠬᠥ ᠵᠢᠯ᠎ᠳᠦ ᠨᠡᠶ᠋ᠢᠲᠡ 90 ᠪᠦᠯᠦᠭ ᠤᠳᠠᠭ᠎ᠠ᠂ 46.135 ᠲᠦᠮᠡᠨ ᠴᠢᠬᠢ ᠮᠤᠳᠤ᠎ᠶᠢ ᠭᠠᠳᠠᠭᠠᠳᠤ᠎ᠳᠤ ᠭᠠᠷᠭᠠᠵᠤ᠂
ᠥᠷᠲᠡᠭ ᠨᠢ 1582 ᠲᠦᠮᠡᠨ ᠲᠥᠭᠥᠷᠢᠭ᠎ᠲᠦ ᠬᠦᠷᠴᠠᠢ᠃ ᠭᠠᠴᠤᠷ᠎ᠠ᠂ ᠵᠢᠭᠠᠷᠲᠤ ᠨᠠᠷᠠᠰᠤ ᠵᠡᠷᠭᠡ ᠴᠥᠭᠡᠨ ᠲᠣᠭᠠᠨ᠎ᠤ
ᠮᠣᠳᠣᠨ᠎ᠤ ᠲᠥᠷᠥᠯ᠎ᠡᠴᠡ ᠤᠯᠢᠶᠠᠰᠤ᠂ ᠬᠤᠰᠤ᠂ ᠭᠣᠣᠯᠲᠤ ᠪᠣᠷᠣ᠌ ᠵᠡᠷᠭᠡ ᠣᠯᠠᠨ ᠡᠰᠢᠲᠦ ᠲᠥᠷᠥᠯ ᠵᠦᠢᠯ ᠪᠤᠯᠵᠤ
ᠥᠷᠭᠡᠵᠢᠨ᠂ ᠲᠣᠭ᠎ᠠ ᠬᠡᠮᠵᠢᠶ᠎ᠡ᠂ ᠪᠠᠷᠠᠭᠠᠨ᠎ᠤ ᠥᠷᠲᠡᠭ ᠪᠠ ᠲᠥᠷᠥᠯ ᠵᠦᠢᠯ᠎ᠦᠨ ᠭᠤᠷᠪᠠᠨ ᠳᠠᠪᠬᠤᠷ ᠰᠢᠪᠲᠤᠯᠤᠯᠲᠠ᠎ᠶᠢ
ᠪᠡᠶᠡᠯᠡᠭᠦᠯᠪᠡ᠃
ᠰᠤᠶᠤᠯ
✦ᠤᠢᠷ᠎ᠠ ᠳ᠋ᠤ ᠦᠦᠰᠢᠨ ᠬᠣᠰᠢᠭᠤᠨ᠎ᠤ ᠠᠷᠪᠠᠨ
ᠭᠤᠷᠪᠠᠳᠤᠭᠠᠷ ᠬᠤᠭᠤᠴᠠᠭᠠᠨ᠎ᠤ《ᠤᠷᠠᠨ ᠪᠦᠰᠡᠭᠦᠢ》ᠤᠯᠠᠮᠵᠢᠯᠠᠯᠲᠤ ᠬᠠᠳᠬᠤᠮᠠᠯ ᠤᠷᠠᠯᠠᠯ᠎ᠤᠨ ᠳᠡᠯᠭᠡᠨ ᠦᠵᠡᠭᠦᠯᠭᠡ ᠵᠢᠴᠢ ᠤᠷᠤᠯᠳᠤᠭᠠᠨ
ᠶᠠᠪᠤᠭᠳᠠᠵᠤ᠂ ᠬᠣᠷᠢ ᠭᠠᠷᠤᠢ ᠤᠷᠠᠨ ᠬᠠᠳᠬᠤᠮᠠᠯᠴᠢᠨ ᠣᠷᠣᠯᠴᠠᠪᠠ᠃ ᠣᠷᠣᠯᠳᠤᠭᠠᠨ ᠨᠢ ᠠᠬᠤᠢ ᠲᠠᠯᠠᠪᠠᠢ᠎ᠳᠤ
ᠬᠠᠳᠬᠤᠮᠠᠯ ᠤᠨ ᠵᠢᠷᠤᠭ ᠵᠢᠷᠤᠬᠤ᠂ ᠡᠷᠪᠡᠬᠡᠢ ᠣᠶᠣᠬᠤ᠂ ᠪᠦᠲᠦᠭᠡᠯ ᠦᠨ ᠳᠡᠯᠭᠡᠨ ᠦᠵᠡᠭᠦᠯᠭᠡ ᠵᠡᠷᠭᠡ
ᠭᠤᠷᠪᠠᠨ ᠭᠣᠭᠴᠣᠭ᠎ᠠ ᠬᠤᠪᠢᠶᠠᠨ ᠶᠠᠪᠤᠭᠳᠠᠪᠡ᠃

ᠲᠠᠮᠢᠷ
✦17 ᠤ ᠡᠳᠦᠷ᠂ ᠰᠢᠯᠢ᠎ᠶᠢᠨ ᠭᠣᠣᠯ᠎ᠤᠨ ᠭᠤᠷᠪᠠᠳᠤᠭᠠᠷ ᠬᠤᠭᠤᠴᠠᠭᠠᠨ ᠤ᠋
ᠡᠪᠦᠯ᠎ᠦᠨ ᠤᠯᠠᠷᠢᠯ᠎ᠤᠨ ᠮᠣᠩᠭᠣᠯ ᠮᠣᠷᠢᠨ ᠤ ᠳᠡᠰ ᠡᠴᠡ ᠳᠠᠪᠠᠭᠰᠠᠨ ᠬᠣᠯᠪᠣᠭᠠᠲᠤ ᠤᠷᠤᠯᠳᠤᠭᠠᠨ᠎ᠤ《ᠨᠢᠭᠡ ᠬᠣᠲᠠ ᠬᠣᠶᠠᠷ ᠬᠣᠰᠢᠭᠤ 》᠎ᠶ᠋ᠢᠨ ᠰᠢᠢᠳᠪᠦᠷᠢᠲᠦ ᠤᠷᠤᠯᠳᠤᠭᠠᠨ
ᠰᠥᠨᠢᠳ ᠪᠠᠷᠠᠭᠤᠨ ᠬᠣᠰᠢᠭᠤᠨ᠎ᠳᠤ ᠡᠬᠢᠯᠡᠪᠡ᠃
ᠲᠡᠯᠡᠬᠡᠢ
✦ᠲᠤᠬᠠᠢ ᠶ᠋ᠢᠨ ᠭᠠᠵᠠᠷ᠎ᠤᠨ ᠴᠠᠭ᠎ᠢᠶᠠᠷ 1
ᠰᠠᠷ᠎ᠠ ᠶ᠋ᠢᠨ 16 ᠤ᠋
ᠡᠳᠦᠷ ᠺᠣᠷᠢᠶᠠ ᠶ᠋ᠢᠨ ᠰᠢᠭᠦᠬᠦ ᠬᠣᠷᠢᠶ᠎ᠠ ᠠᠯᠪᠠᠨ ᠶᠠᠪᠤᠳᠠᠯ ᠢ᠋ ᠬᠠᠷᠰᠢᠯᠠᠭᠰᠠᠨ ᠵᠡᠷᠭᠡ ᠶᠠᠯ᠎ᠠ᠎ᠪᠠᠷ
ᠤᠤᠯ᠎ᠤᠨ ᠶᠡᠷᠦᠩᠬᠡᠢᠯᠡᠭᠴᠢ ᠶᠢᠨ ᠰᠢ ᠶᠤᠸᠠᠢ ᠵᠢ 5 ᠵᠢᠯ ᠬᠣᠷᠢᠬᠤ᠎ᠪᠠᠷ
ᠰᠢᠳᠬᠡᠵᠡᠶ᠃ ᠡᠨᠡ ᠪᠣᠯ ᠶᠢᠨ ᠰᠢ ᠶᠤᠸᠠᠢ ᠴᠢᠩᠭ᠎ᠠ ᠰᠡᠷᠭᠡᠢᠯᠡᠯᠲᠡ᠎ᠶᠢᠨ ᠪᠠᠴᠢᠮ ᠠᠵᠢᠯᠯᠠᠭᠠᠠᠪᠤᠭᠰᠠᠨ
ᠣᠯᠠᠨ ᠵᠦᠢᠯ᠎ᠦᠨ ᠬᠡᠷᠡᠭ᠎ᠦᠨ ᠳᠤᠮᠳᠠ ᠰᠢᠭᠦᠬᠦ ᠬᠣᠷᠢᠶ᠎ᠠ᠎ᠠᠴᠠ ᠠᠩᠬ᠎ᠠ ᠤᠳᠠᠭ᠎ᠠ ᠰᠢᠭᠦᠨ ᠲᠠᠰᠤᠯᠤᠭᠰᠠᠨ
ᠬᠡᠷᠡᠭ ᠪᠣᠯᠣᠨ᠎ᠠ᠃ ᠭᠠᠳᠠᠭᠠᠳᠤ᠎ᠶᠢᠨ ᠬᠢᠨ᠎ᠦ ᠵᠠᠳᠠᠯᠤᠭᠰᠠᠨ᠎ᠢᠶᠠᠷ ᠲᠤᠬᠠᠢ᠎ᠶᠢᠨ ᠡᠳᠦᠷ᠎ᠦᠨ ᠰᠢᠭᠦᠬᠦ
ᠬᠣᠷᠢᠶᠠᠨ᠎ᠤ ᠮᠠᠭᠠᠳᠯᠠᠯᠲᠠ ᠨᠢ ᠬᠤᠯᠪᠤᠭᠳᠠᠬᠤ ᠪᠤᠰᠤᠳ ᠰᠢᠷᠢᠰ ᠬᠡᠷᠡᠭ᠎ᠦᠳ᠎ᠲᠦ ᠨᠥᠯᠥᠭᠡ ᠦᠵᠡᠭᠦᠯᠵᠦ
ᠮᠡᠳᠡᠬᠦ ᠪᠥᠭᠡᠳ ᠪᠤᠰᠤᠳ ᠰᠢᠷᠢᠰ ᠬᠡᠷᠡᠭᠦᠳᠢ ᠰᠢᠭᠦᠨ ᠳᠠᠰᠤᠯᠠᠬᠤ ᠵᠦᠭᠯᠡᠭᠦᠷ ᠪᠣᠯᠵᠤ ᠮᠡᠳᠡᠨ᠎ᠠ᠃

✦ᠤᠯᠠᠨ ᠤᠯᠤᠰ ᠤᠨ ᠬᠣᠯᠪᠣᠭᠠᠲᠤ ᠪᠠᠢᠭᠤᠯᠭ᠎ᠠ᠎ᠶᠢᠨ
ᠠᠶᠤᠯᠬᠦᠢ᠎ᠶᠢᠨ ᠵᠥᠪᠯᠡᠯ 15᠎ᠤ ᠡᠳᠦᠷ ᠠᠮᠧᠷᠢᠺᠠ᠎ᠶᠢᠨ ᠳᠤᠷᠠᠳᠤᠯᠭ᠎ᠠ᠎ᠪᠠᠷ ᠢᠷᠡᠨ᠎ᠤ ᠪᠠᠢᠳᠠᠯ᠎ᠤᠨ ᠲᠤᠬᠠᠢ ᠪᠠᠴᠢᠮ
ᠢᠯᠡ ᠬᠤᠷᠠᠯ ᠬᠤᠷᠠᠯᠳᠤᠵᠠᠢ᠃ ᠠᠶᠤᠯᠬᠦᠢ᠎ᠶᠢᠨ ᠵᠥᠪᠯᠡᠯ᠎ᠦᠨ ᠣᠯᠠᠩᠬᠢ ᠪᠦᠷᠢᠯᠳᠦᠭᠦᠨ
ᠤᠯᠤᠰ ᠠᠮᠧᠷᠢᠺᠠ᠎ᠶᠢ ᠵᠡᠪᠰᠡᠭᠲᠦ ᠬᠦᠴᠦᠨ᠎ᠢᠶᠡᠨ ᠲᠠᠶᠠᠭᠳᠠᠬᠤ᠎ᠶᠢ ᠱᠠᠭᠠᠷᠳᠠᠵᠤ ᠪᠠᠢᠬᠤ᠎ᠳᠤ᠂ ᠠᠮᠧᠷᠢᠺᠠ᠎ᠶᠢᠨ
ᠲᠥᠯᠥᠭᠡᠯᠡᠭᠴᠢ ᠮᠥᠨ ᠯᠡ ᠢᠷᠡᠨ᠎ᠳᠤ ᠵᠡᠪᠰᠡᠭᠲᠦ ᠬᠦᠴᠦᠨ ᠬᠡᠷᠡᠭᠯᠡᠬᠦ᠎ᠶᠢ ᠦᠭᠡᠶ᠋ᠢᠰᠬᠡᠬᠦ ᠦᠭᠡᠢ ᠭᠡᠵᠡᠢ᠃ ᠢᠷᠡᠨ᠎ᠤ
ᠲᠥᠯᠥᠭᠡᠯᠡᠭᠴᠢ ᠶᠠᠮᠠᠷᠪᠠ ᠲᠦᠷᠢᠮᠡᠬᠡᠢᠯᠡᠬᠦ ᠠᠵᠢᠯᠯᠠᠭ᠎ᠠ᠎ᠳᠤ ᠡᠷᠡᠰ ᠰᠢᠭᠤᠷᠬᠠᠢ᠎ᠪᠠᠷ ᠬᠠᠷᠢᠭᠤ ᠴᠣᠬᠢᠯᠲᠠ
ᠥᠭᠭᠦᠨ᠎ᠡ ᠭᠡᠵᠦ ᠢᠯᠡᠳᠬᠡᠪᠡ᠃
ᠦᠢᠯᠡᠴᠢᠯᠡᠭᠡ
✦ᠴᠠᠬᠠᠷ ᠪᠠᠷᠠᠭᠤᠨ ᠭᠠᠷᠤᠨ ᠬᠣᠢᠲᠤ ᠬᠣᠰᠢᠭᠤ
ᠨᠡᠶ᠋ᠢᠲᠡ᠎ᠶᠢᠨ ᠠᠰᠠᠷᠠᠮᠵᠢ ᠶ᠋ᠢᠨ ᠴᠢᠨᠠᠷᠲᠠᠢ ᠠᠵᠢᠯ᠎ᠤᠨ ᠪᠠᠢᠷᠢ ᠳ᠋ᠤ 35 ᠬᠦᠮᠦᠨ ᠡᠯᠰᠡᠨ᠎ᠠ᠃
ᠲᠠᠨ ᠤ ᠲᠤᠰᠡ ᠳ᠋ᠤ

✦ᠳᠠᠪᠤᠰᠤᠨ᠎ᠤ
ᠰᠠᠢᠨ ᠮᠠᠭᠤ ᠨᠢ ᠤᠯᠠᠩᠬᠢ ᠪᠠᠢᠳᠠᠯ ᠳ᠋ᠤ ᠦᠨ᠎ᠠ ᠬᠠᠨᠭᠰᠢ ᠡᠴᠡ ᠲᠤᠭᠲᠠᠭᠠᠭᠳᠠᠳᠠᠭ ᠦᠭᠡᠢ᠃ ᠬᠢᠮᠳᠠ
ᠳᠠᠪᠤᠰᠤ ᠴᠦ᠍ ᠠᠳᠠᠯᠢᠬᠠᠨ ᠵᠢᠡᠷ ᠴᠢᠨᠠᠷ᠎ᠤᠨ ᠬᠤᠪᠢ ᠳ᠋ᠤ ᠬᠢᠷᠢ ᠳᠡᠨᠭᠴᠡᠭᠰᠡᠨ ᠦᠢᠯᠡᠳᠬᠦᠨ ᠶᠤᠮ᠃ ᠦᠨ᠎ᠡ᠎ᠲᠠᠢ ᠳᠠᠪᠤᠰᠤ ᠨᠢ ᠭᠠᠷᠤᠯᠲᠠ᠎ᠶᠢᠨ ᠣᠷᠣᠨ
ᠪᠠ ᠲᠦᠭᠦᠬᠡᠢ ᠡᠳ᠋ ᠬᠣᠪᠣᠷ᠂ ᠡᠰᠡᠬᠦᠯ᠎ᠡ ᠨᠠᠷᠢᠨ ᠪᠤᠳᠤᠯᠢᠶᠠᠨᠲᠠᠢ ᠪᠣᠯᠪᠠᠰᠤᠷᠠᠭᠤᠯᠬᠤ ᠤᠷ᠎ᠠ ᠮᠡᠷᠭᠡᠵᠢᠯ
ᠵᠡᠷᠭᠡ᠎ᠡᠴᠡ ᠪᠣᠯᠤᠭᠰᠠᠨ ᠪᠠᠢᠵᠤ ᠮᠡᠳᠡᠨ᠎ᠡ᠃ ᠭᠡᠪᠡᠴᠦ ᠲᠡᠭᠦᠨ᠎ᠦ ᠮᠥᠨ ᠴᠢᠨᠠᠷ ᠨᠢ ᠴᠥᠮ ᠾᠯᠣᠷᠲᠤ
ᠨᠠᠲᠷᠢ᠎ᠶᠢ ᠨᠥᠬᠥᠪᠦᠷᠢᠯᠡᠳᠡᠭ᠂ ᠠᠮᠲᠠ ᠪᠠ ᠭᠠᠳᠠᠷ ᠪᠠᠢᠳᠠᠯ ᠨᠢ ᠵᠢᠭᠠᠬᠠᠨ ᠠᠳᠠᠯᠢ ᠦᠭᠡᠢ ᠪᠠᠢᠳᠠᠭ ᠴᠦ᠍
ᠴᠢᠨᠠᠷ ᠨᠢ ᠠᠳᠠᠯᠢᠬᠠᠨ ᠪᠠᠢᠳᠠᠭ᠃
ᠵᠠᠯᠭᠠᠭᠠᠳ 《ᠮᠤᠭᠠᠢ ᠭᠡᠭᠡᠷ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ
ᠵᠢᠷᠭᠠᠭᠠᠶ᠎ᠠ᠂ ᠨᠡᠪᠳᠡᠷᠡᠭᠦᠯᠬᠡ ᠮᠠᠨᠢ ᠲᠠ ᠪᠦᠬᠦᠨ᠎ᠳᠦ ᠲᠠᠭᠠᠯᠠᠬᠳᠠᠬᠰᠠᠨ ᠪᠤᠯ ᠤᠳᠤᠨ ᠳᠡᠮᠳᠡᠭ ᠱᠠᠩᠨᠠᠵᠤ
ᠪᠢᠳᠡᠨ᠎ᠳᠤ ᠤᠷᠮ᠎ᠠ ᠬᠠᠢᠷᠠᠯᠠᠭᠠᠷᠠᠢ!ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠤ ᠪᠠᠶᠠᠷᠯᠠᠯ᠎ᠠ᠂
ᠪᠠᠶᠠᠷᠳᠠᠢ!
(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ
ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ
ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ
ᠬᠤᠳᠠ᠂ ᠬᠤᠰᠢᠭᠤ ᠰᠢᠶᠠᠨ᠎ᠤ ᠵᠢᠷᠬᠢᠶ᠎ᠠ᠎ᠶᠢᠨ ᠲᠠᠪᠴᠠᠩ)