



ᠨᠡᠢᠭᠡᠮ
✦ᠤᠯᠤᠰ᠎ᠤᠨ ᠡᠨᠧᠷᠭᠢ᠎ᠶᠢᠨ ᠲᠣᠪᠴᠢᠶ᠎ᠠ᠎ᠶᠢᠨ ᠬᠠᠮᠤᠭ᠎ᠤᠨ ᠰᠢᠨ᠎ᠡ
ᠲᠣᠭ᠎ᠠ ᠪᠠᠷᠢᠮᠲᠠ᠎ᠳᠤ ᠢᠯᠡᠷᠡᠭᠦᠯᠦᠭᠰᠡᠨ᠎ᠢᠶᠡᠷ᠂ 2025 ᠣᠨ᠎ᠳᠤ ᠮᠠᠨ᠎ᠤ ᠤᠯᠤᠰ᠎ᠤᠨ
ᠪᠥᠬᠥ ᠨᠡᠢᠭᠡᠮ᠎ᠦᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠨᠡᠶ᠋ᠢᠲᠡ 103682 ᠳ᠋ᠦᠩᠰᠢᠭᠤᠷ ᠺᠢᠯᠦᠸᠠᠲ ᠴᠠᠭ᠎ᠲᠤ ᠬᠦᠷᠴᠦ᠂ ᠪᠥᠬᠥ ᠪᠥᠮᠪᠥᠷᠴᠡᠭ᠎ᠦᠨ ᠠᠩᠬᠠᠳᠠᠭ᠍ᠴᠢ ᠵᠢᠯ᠎ᠦᠨ ᠴᠠᠬᠢᠯᠭᠠᠨ
ᠬᠡᠷᠡᠭᠯᠡᠭᠰᠡᠨ ᠬᠡᠮᠵᠢᠶ᠎ᠡ ᠨᠢ 10 ᠲᠦᠮᠡᠨ ᠳ᠋ᠦᠩᠰᠢᠭᠤᠷ ᠭᠷᠡᠳᠦ᠋ᠰ᠎ᠢ ᠳᠠᠪᠠᠭᠰᠠᠨ ᠤᠯᠤᠰ
ᠪᠣᠯᠪᠠ᠃
✦ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠶᠠᠮᠤᠨ
ᠵᠡᠷᠭᠡ 6 ᠰᠠᠯᠠᠭ᠎ᠠ ᠮᠥᠴᠢᠷ ᠲᠦᠷᠦᠭᠦᠬᠡᠨ 《ᠰᠢᠨ᠎ᠡ ᠡᠨᠧᠷᠭᠢ᠎ᠶᠢᠨ
ᠮᠠᠰᠢᠨ ᠲᠡᠷᠭᠡᠨ᠎ᠦ ᠬᠠᠶᠠᠭᠳᠠᠮᠠᠯ ᠬᠥᠳᠡᠯᠭᠡᠬᠦ ᠬᠦᠴᠦᠨ᠎ᠦ ᠳ᠋ᠢᠶᠠᠨ ᡂᠢᠶᠢ ᠬᠣᠷᠢᠶᠠᠨ ᠠᠪᠬᠤ ᠪᠠ ᠶᠡᠷᠦᠩᠬᠡᠢᠯᠡᠨ
ᠠᠰᠢᠭ᠍ᠯᠠᠬᠤ ᠬᠠᠮᠢᠶᠠᠷᠤᠯᠲᠠ᠎ᠶᠢᠨ ᠲᠦᠷ ᠬᠡᠷᠡᠭᠵᠢᠭᠦᠯᠬᠦ ᠠᠷᠭ᠎ᠠ》᠎ᠶᠢ ᠬᠠᠮᠲᠤᠷᠠᠨ ᠨᠡᠢᠲᠡᠯᠡᠵᠦ᠂ 2026 ᠣᠨ᠎ᠤ 4 ᠰᠠᠷ᠎ᠠ᠎ᠶᠢᠨ 1᠎ᠦ ᠡᠳᠦᠷ᠎ᠡᠴᠡ ᠡᠬᠢᠯᠡᠨ
ᠬᠡᠷᠡᠭᠵᠢᠭᠦᠯᠬᠦ᠎ᠪᠡᠷ ᠪᠤᠢ᠃
✦ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠣᠲᠠ
ᠬᠥᠳᠡᠭᠡ ᠶᠢᠨ ᠪᠦᠲᠦᠭᠡᠨ ᠪᠠᠢᠭᠤᠯᠤᠯᠲᠠ᠎ᠶᠢᠨ ᠲᠢᠩᠬᠢᠮ᠎ᠦᠨ ᠬᠠᠮᠤᠭ᠎ᠤᠨ ᠰᠢᠨ᠎ᠡ ᠮᠡᠳᠡᠭᠡ᠎ᠶᠢ ᠦᠨᠳᠦᠰᠦᠯᠡᠪᠡᠯ᠂
2025 ᠣᠨ᠎ᠳᠤ ᠮᠠᠨ ᠤ ᠣᠷᠣᠨ ᠮᠠᠯᠵᠢᠬᠤ ᠲᠠᠷᠢᠶᠠᠯᠠᠬᠤ ᠣᠷᠣᠨ ᠤ
ᠨᠤᠷᠠᠬᠤ ᠠᠶᠤᠯᠲᠠᠢ ᠭᠡᠷ ᠪᠠᠢᠰᠢᠩ᠎ᠢ ᠥᠭᠡᠷᠡᠴᠢᠯᠡᠨ ᠰᠢᠨᠡᠳᠬᠡᠬᠦ ᠠᠵᠢᠯ᠎ᠢ ᠯᠠᠪᠳᠠᠭᠤᠨ ᠢᠶᠠᠷ ᠠᠬᠢᠭᠤᠯᠵᠤ᠂
ᠪᠦᠬᠥ ᠵᠢᠯ᠎ᠳᠦ ᠬᠥᠳᠡᠭᠡ ᠲᠣᠰᠬᠣᠨ ᠮᠠᠯᠵᠢᠬᠤ ᠲᠠᠷᠢᠶᠠᠯᠠᠬᠤ ᠣᠷᠣᠨ᠎ᠤ ᠨᠤᠷᠠᠬᠤ ᠠᠶᠤᠯᠲᠠᠢ ᠭᠡᠷ ᠪᠠᠢᠰᠢᠩ᠎ᠢ
5437 ᠵᠠᠰᠠᠨ ᠰᠢᠨᠡᠳᠬᠡᠪᠡ᠃
✦ᠤᠢᠷ᠎ᠠ᠎ᠳᠤ ᠬᠥᠬᠡᠬᠣᠲᠠ ᠵᠢᠨ ᠬᠡᠪᠴᠢᠶᠡᠨ᠎ᠳᠡᠬᠢ ᠥᠪᠥᠷ
ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠥᠯᠥᠪᠦᠷᠢ ᠦᠭᠡᠢ᠎ᠪᠡᠷ ᠴᠢᠰᠤ ᠬᠠᠨᠳᠢᠪᠯᠠᠬᠰᠠᠨ ᠢᠷᠠᠭᠤ ᠠᠯᠳᠠᠷ᠎ᠤᠨ
ᠺᠠᠷᠲ ᠬᠦᠷᠲᠡᠭᠰᠡᠳ᠎ᠦᠨ ᠲᠤᠰᠬᠠᠢ ᠭᠠᠪᠢᠶᠠᠨ ᠲᠡᠮᠳᠡᠭ᠎ᠢ ᠣᠯᠭᠣᠬᠤ ᠠᠵᠢᠯ ᠡᠬᠢᠯᠡᠪᠡ᠃ ᠡᠨᠡ ᠪᠣᠯ ᠥᠪᠡᠷᠲᠡᠭᠡᠨ
ᠵᠠᠰᠠᠬᠤ ᠣᠷᠣᠨ᠎ᠤ ᠴᠢᠰᠤᠨ᠎ᠤ ᠲᠥᠪ᠎ᠡᠴᠡ ᠠᠩᠬ᠎ᠠ ᠤᠳᠠᠭ᠎ᠠ ᠬᠥᠬᠡᠬᠣᠲᠠ ᠵᠢᠨ ᠦᠨ᠎ᠡ ᠲᠥᠯᠥᠪᠦᠷᠢ ᠦᠭᠡᠢ᠎ᠪᠡᠷ ᠴᠢᠰᠤ
ᠬᠠᠨᠳᠢᠪᠯᠡᠭ᠍ᠰᠠᠨ ᠢᠷᠠᠭᠤ ᠠᠯᠳᠠᠷ᠎ᠤᠨ ᠺᠠᠷᠲ ᠬᠦᠷᠲᠡᠭᠰᠡᠳ᠎ᠲᠤ ᠳᠡᠰ ᠬᠤᠪᠢᠶᠠᠭᠰᠠᠨ ᠲᠤᠰᠬᠠᠢ ᠭᠠᠪᠢᠶᠠᠨ ᠲᠡᠮᠳᠡᠭ᠎ᠢ
ᠲᠥᠪᠯᠡᠷᠡᠭᠦᠯᠦᠨ ᠣᠯᠭᠣᠵᠤ ᠪᠠᠢᠭ᠎ᠠ ᠶᠠᠪᠤᠳᠠᠯ ᠪᠣᠯᠣᠨ᠎ᠠ᠃
✦ᠣᠳᠣᠬᠠᠨ ᠪᠣᠯᠲᠠᠯ᠎ᠠ ᠲᠦᠩᠯᠢᠶᠤᠤ ᠬᠤᠲᠠ《ᠪᠦᠬᠦ ᠤᠯᠤᠰ᠎ᠤᠨ ᠵᠢᠱ᠌ᠢᠶ᠎ᠡ
ᠦᠵᠡᠭᠦᠯᠬᠦ ᠴᠢᠨᠠᠷᠲᠠᠢ ᠨᠠᠰᠤᠲᠠᠢᠴᠤᠳ᠎ᠤᠨ ᠨᠥᠬᠥᠷᠰᠡᠭ ᠬᠡᠯᠪᠡᠷᠢ᠎ᠶᠢᠨ ᠨᠡᠢᠭᠡᠮ ᠲᠣᠭᠣᠷᠢᠭ᠋》᠎ᠢ 6 ᠡᠭᠦᠳᠦᠨ ᠪᠠᠢᠭᠤᠯᠵᠤ᠂ ᠡᠭᠦᠨ᠎ᠡᠴᠡ ᠭᠠᠳᠠᠨ᠎ᠠ ᠪᠠᠰᠠ 5 ᠨᠡᠢᠭᠡᠮ ᠲᠣᠭᠣᠷᠢᠭ᠋
ᠰᠢᠨ᠎ᠡ ᠡᠭᠡᠯᠵᠢ᠎ᠶᠢᠨ ᠡᠭᠦᠳᠦᠨ ᠪᠠᠶ᠋ᠢᠭᠤᠯᠬᠤ ᠨᠡᠷᠡᠰ᠎ᠲᠦ ᠰᠣᠩᠭᠣᠭᠳᠠᠭᠰᠠᠨ ᠪᠠᠢᠨ᠎ᠠ᠃
✦ᠤᠢᠷ᠎ᠠ᠎ᠳᠤ ᠦᠦᠰᠢᠨ ᠬᠣᠰᠢᠭᠤᠨ᠎ᠤ ᠵᠠᠰᠠᠭ᠎ᠤᠨ ᠶᠠᠪᠤᠳᠠᠯ᠎ᠤᠨ
ᠦᠢᠯᠡᠴᠢᠯᠡᠭᠡᠨ᠎ᠦ ᠲᠥᠪ᠎ᠦᠨ 24 ᠴᠠᠭ᠎ᠤᠨ ᠠᠦ᠋ᠲ᠋ᠣᠴᠢᠯᠠᠭᠰᠠᠨ ᠦᠢᠯᠡᠴᠢᠯᠡᠭᠡᠨ᠎ᠦ ᠲᠣᠭᠣᠷᠢᠭ᠋᠎ᠲᠤ
《ᠪᠡᠶ᠎ᠡ᠎ᠶᠢᠨ ᠦᠨᠡᠮᠯᠡᠯ ᠭᠠᠷᠭᠠᠨ ᠠᠪᠬᠤ ᠠᠦ᠋ᠲ᠋ᠣᠴᠢᠯᠠᠭᠰᠠᠨ ᠮᠠᠰᠢᠨ》 ᠠᠰᠢᠭ᠍ᠯᠠᠯᠲᠠ᠎ᠳᠤ ᠣᠷᠣᠵᠤ᠂
ᠰᠠᠭᠤᠭᠠᠯᠢ ᠠᠷᠠᠳ᠎ᠲᠤ ᠳᠥᠬᠥᠮ ᠦᠵᠡᠭᠦᠯᠦᠭᠰᠡᠨ ᠪᠠᠢᠨ᠎ᠠ᠃ ᠡᠨᠡ ᠬᠦ᠌ ᠮᠠᠰᠢᠨ ᠳᠡᠭᠡᠷ᠎ᠡ ᠨᠢᠭᠤᠷ᠎ᠢᠶᠠᠨ ᠰᠢᠷᠪᠢᠪᠡᠯ
ᠳᠠᠩᠰᠠᠯᠠᠭᠤᠯᠤᠭᠰᠠᠨ ᠰᠢᠨ᠎ᠡ ᠪᠡᠶ᠎ᠡ᠎ᠶᠢᠨ ᠦᠨᠡᠮᠯᠡᠯ᠎ᠢᠶᠡᠨ ᠭᠠᠷᠭᠠᠨ ᠠᠪᠴᠤ ᠳᠡᠢᠯᠬᠦ ᠪᠣᠯᠣᠨ᠎ᠠ᠃
ᠠᠵᠦ ᠠᠬᠤᠢ
✦2025 ᠣᠨ᠎ᠳᠤ ᠵᠧᠵᠢᠶᠠᠩ᠎ᠤᠨ
ᠢ ᠦ᠋᠎ᠶᠢᠨ ᠭᠠᠳᠠᠭᠠᠳᠤ ᠠᠷᠠᠯᠵᠢᠶᠠᠨ᠎ᠤ ᠭᠠᠳᠠᠭᠠᠳᠤ ᠣᠷᠣᠭᠤᠯᠤᠯᠲᠠ ᠭᠠᠷᠭᠠᠯᠲᠠ 8000 ᠳ᠋ᠦᠩᠰᠢᠭᠤᠷ ᠲᠥᠭᠥᠷᠢᠭ᠎ᠢ ᠳᠠᠪᠠᠵᠤ᠂ ᠲᠡᠤᠬᠡ ᠵᠢᠨ ᠰᠢᠨ᠎ᠡ ᠳᠡᠮᠳᠡᠭᠯᠡᠯ᠎ᠢ ᠡᠭᠦᠳᠦᠭᠰᠡᠨ ᠪᠠᠢᠨ᠎ᠠ᠃
ᠰᠤᠶᠤᠯ
✦1 ᠰᠠᠷ᠎ᠠ ᠵᠢᠨ 17 ᠤ ᠡᠳᠦᠷ᠂ ᠲᠥᠪ᠎ᠦᠨ ᠷᠠᠳᠢᠣ᠋ ᠲᠧᠯᠸᠢᠰ᠎ᠦᠨ ᠶᠡᠷᠦᠩᠬᠡᠢ ᠬᠣᠷᠢᠶ᠎ᠠ᠎ᠶᠢᠨ 《2026 ᠣᠨ᠎ᠤ ᠴᠠᠭᠠᠨ ᠰᠠᠷ᠎ᠠ᠎ᠶᠢᠨ
ᠦᠳᠡᠰᠢᠯᠡᠭᠡ》ᠠᠩᠬ᠎ᠠ ᠤᠳᠠᠭᠠᠨ᠎ᠤ ᠰᠣᠷᠢᠯᠲᠠ ᠳᠤᠬᠯᠠᠯᠳᠠ᠎ᠪᠠᠨ ᠠᠮᠵᠢᠯᠲᠠ᠎ᠲᠠᠢ ᠳᠠᠭᠤᠰᠬᠠᠪᠠ᠃
✦1 ᠰᠠᠷ᠎ᠠ᠎ᠶᠢᠨ 16᠎ᠤ ᠦᠳᠡᠰᠢ᠂ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ᠎ᠶᠢ ᠰᠣᠨᠣᠰᠴᠤ᠂
ᠨᠠᠮ᠎ᠢᠶᠠᠨ ᠳᠠᠭᠠᠨ ᠤᠷᠤᠬᠰᠢᠯᠠᠬᠤ》ᠬᠥᠪᠡᠭᠡᠲᠦ ᠰᠢᠷ᠎ᠠ ᠬᠣᠰᠢᠭᠤᠨ᠎ᠤ ᠤᠯᠠᠭᠠᠨᠮᠥ᠋ᠴᠢᠷ᠎ᠦᠨ ᠤᠷᠠᠨ
ᠰᠠᠢᠬᠠᠨ᠎ᠤ ᠲᠣᠭᠯᠠᠯᠲᠠ ᠬᠦᠪᠡᠭᠡᠳᠤ ᠰᠢᠷ᠎ᠠ ᠬᠣᠰᠢᠭᠤᠨ᠎ᠤ
ᠮᠡᠳᠡᠭᠡ ᠵᠠᠩᠭᠢᠴᠢᠯᠠᠯᠲᠠ᠎ᠶᠢᠨ ᠲᠥᠪ᠎ᠲᠦ ᠶᠠᠪᠤᠭᠳᠠᠵᠤ᠂ ᠣᠯᠠᠨ᠎ᠳᠤ ᠭᠣᠴᠣ᠌ ᠰᠠᠢᠬᠠᠨ ᠣᠶᠤᠨ᠎ᠤ ᠬᠦᠷᠲᠡᠭᠡᠯ ᠣᠯᠭᠣᠯᠠ᠃
✦ᠠᠷᠤ ᠬᠣᠷᠴᠢᠨ ᠬᠣᠰᠢᠭᠤᠨ᠎ᠤ ᠦᠯᠢᠭᠡᠷ ᠬᠣᠯᠪᠣᠭ᠎ᠠ ᠲᠤᠤᠯᠢ ᠤᠷᠠᠯᠢᠭ᠋᠎ᠤᠨ
ᠨᠡᠢᠭᠡᠮᠯᠢᠭ ᠪᠠᠢᠭᠤᠯᠤᠭᠳᠠᠭᠰᠠᠨ 15 ᠵᠢᠯ᠎ᠦᠨ ᠣᠢᠵᠢ ᠪᠡᠯᠭᠡᠯᠡᠬᠦ ᠵᠢᠴᠢ ᠱᠠᠩᠨᠠᠨ ᠬᠥᠬᠢᠭᠦᠯᠬᠦ
ᠬᠤᠷᠠᠯ ᠤᠷᠴᠢᠮᠬᠠᠨ ᠴᠢᠪᠠᠭ᠎ᠠ ᠪᠠᠯᠭᠠᠰᠤᠨ᠎ᠳᠤ ᠶᠠᠪᠤᠬᠳᠠᠪᠠ᠃
ᠲᠠᠮᠢᠷ
✦1 ᠰᠠᠷ᠎ᠠ
ᠵᠢᠨ17 ᠤ ᠡᠳᠦᠷ᠂ U23 ᠠᠽᠢᠶ᠎ᠠ ᠬᠤᠨᠳᠠᠭᠠᠲᠤ 1/4 ᠵᠢᠨ
ᠰᠢᠢᠳᠪᠦᠷᠢᠲᠦ ᠤᠷᠤᠯᠳᠤᠭᠠᠨ᠎ᠳᠤ᠂ ᠳᠤᠮᠳᠠᠳᠤ ᠤᠯᠤᠰ᠎ᠤᠨ U23 ᠡᠷᠡᠭᠲᠡᠢ᠎ᠶᠢᠨ
ᠬᠥᠯ ᠪᠥᠮᠪᠥᠭᠡ᠎ᠶᠢᠨ ᠠᠩᠭᠢ ᠴᠡᠭ ᠪᠥᠮᠪᠥᠭᠡ᠎ᠪᠡᠷ ᠦᠽᠪᠸᠺᠰᠲ᠋ᠠᠨ᠎ᠤ ᠠᠩᠭᠢ᠎ᠶᠢ ᠢᠯᠠᠵᠤ᠂ ᠠᠩᠬ᠎ᠠ ᠤᠳᠠᠭ᠎ᠠ ᠲᠦᠷᠪᠡᠨ
ᠬᠦᠴᠦᠷᠬᠡᠭ᠎ᠲᠦ ᠲᠠᠪᠰᠢᠨ ᠣᠷᠣᠪᠠ᠃
✦2025 ᠣᠨ᠎ᠦ
ᠣᠷᠳᠣᠰ ᠬᠣᠲᠠ᠎ᠶᠢᠨ ᠭᠡᠷ ᠳᠣᠲᠣᠷᠠᠬᠢ ᠲᠠᠪᠤᠨ ᠬᠥᠮᠥᠨ᠎ᠦ ᠳᠦᠷᠢᠮᠲᠦ ᠬᠥᠯ ᠪᠥᠮᠪᠥᠭᠡ᠎ᠶᠢᠨ ᠬᠥᠬᠡ᠂ ᠬᠥᠬᠡᠭᠴᠢᠨ
ᠳᠡᠰ᠎ᠤᠨ ᠬᠣᠯᠪᠣᠭᠠᠲᠤ ᠤᠷᠤᠯᠳᠤᠭᠠᠨ 1 ᠰᠠᠷ᠎ᠠ ᠵᠢᠨ 22᠎ᠤᠨ
ᠡᠳᠤᠷ ᠡᠴᠡ 2 ᠰᠠᠷ᠎ᠠ ᠵᠢᠨ 2᠎ᠤᠨ
ᠡᠳᠤᠷ ᠪᠤᠯᠳᠠᠯ᠎ᠠ ᠤᠷᠳᠤᠰ ᠬᠤᠳᠠ ᠵᠢᠨ ᠪᠡᠶ᠎ᠡ ᠵᠢᠨ ᠳᠠᠮᠢᠷ᠎ᠤᠨ ᠤᠢᠯᠡᠰ᠎ᠤᠨ ᠬᠦᠭᠵᠢᠯᠳᠡ ᠵᠢᠨ ᠲᠦᠪ᠎ᠤᠨ
ᠳᠠᠮᠢᠷ᠎ᠤᠨ ᠤᠷᠳᠤᠨ᠎ᠳᠤ ᠶᠠᠪᠤᠬᠳᠠᠬᠤ ᠪᠡᠷ ᠪᠤᠢ᠃
✦ᠣᠲᠤᠭ ᠬᠣᠰᠢᠭᠤᠨ᠎ᠤ ᠪᠦᠬᠦ
ᠠᠷᠠᠳ᠎ᠤᠨ ᠪᠡᠶ᠎ᠡ ᠴᠢᠭᠢᠷᠠᠭᠵᠢᠭᠤᠯᠬᠤ ᠰᠠᠢᠨ ᠳᠤᠷ᠎ᠠ᠎ᠶᠢᠨ ᠦᠢᠯᠡᠴᠢᠯᠡᠭᠡ᠎ᠶᠢᠨ ᠨᠡᠷᠡᠬᠦᠢ ᠨᠢᠳᠤᠷᠭ᠎ᠠ᠎ᠶᠢᠨ
ᠲᠥᠷᠥᠯ ᠵᠦᠢᠯ᠎ᠦᠨ ᠡᠪᠦᠯ᠎ᠦᠨ ᠠᠮᠠᠷᠠᠯᠲᠠ᠎ᠶᠢᠨ ᠵᠢᠭᠠᠨ ᠰᠤᠷᠭᠠᠯᠲᠠ᠎ᠶᠢᠨ ᠠᠩᠭᠢ ᠤᠷᠴᠢᠮᠬᠠᠨ ᠬᠢᠴᠢᠶᠡᠯ ᠡᠬᠢᠯᠡᠭᠦᠯᠵᠦ᠂
ᠨᠠᠰᠤᠨ᠎ᠳᠤ ᠬᠦᠷᠦᠭᠰᠡᠳ᠎ᠤᠨ ᠠᠩᠭᠢ ᠪᠣᠯᠣᠨ ᠵᠠᠯᠠᠭᠤᠴᠤᠳ ᠪᠠᠭᠠᠴᠤᠳ᠎ᠤᠨ ᠠᠩᠭᠢ᠎ᠶᠢ ᠵᠡᠷᠭᠡ᠎ᠪᠡᠷ ᠡᠷᠬᠢᠯᠡᠵᠦ᠂ ᠬᠢᠴᠢᠶᠡᠯ ᠨᠢ 2 ᠰᠠᠷ᠎ᠠ᠎ᠶᠢᠨ
2᠎ᠤᠨ ᠡᠳᠦᠷ ᠪᠣᠯᠲᠠᠯ᠎ᠠ ᠦᠷᠭᠦᠯᠵᠢᠯᠡᠬᠦ᠎ᠪᠠᠷ ᠪᠠᠢᠵᠤ᠂ ᠨᠡᠷᠡᠬᠦᠢ
ᠨᠢᠳᠤᠷᠭᠠᠨ ᠪᠠᠬᠠᠲᠠᠳ᠎ᠲᠤ ᠲᠤᠰᠬᠠᠢ ᠮᠡᠷᠭᠡᠵᠢᠯ᠎ᠦᠨ ᠰᠤᠷᠤᠯᠴᠠᠬᠤ ᠲᠠᠪᠴᠠᠩ ᠬᠠᠩᠭᠠᠪᠠ᠃
ᠲᠡᠯᠡᠬᠡᠢ
✦ᠰᠢᠨᠬᠤᠸᠠ ᠬᠤᠷᠢᠶ᠎ᠠ ᠵᠢᠨ
ᠮᠡᠳᠡᠭᠡ ᠵᠢ ᠦᠨᠳᠦᠰᠦᠯᠡᠪᠡᠯ᠂ ᠠᠮᠧᠷᠢᠺᠠ᠎ᠶᠢᠨ ᠶᠡᠷᠦᠩᠬᠡᠢᠯᠡᠭᠴᠢ ᠲᠸᠷᠠᠮᠫᠦ᠋ ᠠᠮᠧᠷᠢᠺᠠ᠎ᠶᠢᠨ ᠭᠷᠢᠨᠯᠠᠨᠳ᠋
ᠠᠷᠠᠯ᠎ᠢ ᠣᠯᠬᠤ᠎ᠶᠢ ᠳᠡᠮᠵᠢᠬᠦ ᠦᠭᠡᠢ ᠤᠯᠤᠰ᠎ᠤᠳ᠎ᠠᠴᠠ ᠪᠣᠭᠣᠮᠲᠠ᠎ᠶᠢᠨ ᠭᠠᠢᠯᠢ ᠨᠡᠮᠡᠵᠦ ᠲᠠᠲᠠᠪᠤᠷᠢᠯᠠᠬᠤ ᠮᠠᠭᠠᠳ
ᠭᠡᠵᠡᠢ᠃
ᠦᠢᠯᠡᠴᠢᠯᠡᠭᠡ
✦ᠦᠪᠤᠷ ᠮᠤᠩᠭᠤᠯ᠎ᠤᠨ ᠴᠠᠬᠢᠯᠭᠠᠨ ᠬᠦᠴᠦᠨ᠎ᠤ ᠠᠵᠢᠯ ᠮᠡᠷᠭᠡᠵᠢᠯ᠎ᠤᠨ ᠰᠤᠷᠭᠠᠭᠤᠯᠢ
ᠪᠠᠬᠰᠢ ᠡᠯᠰᠡᠵᠤ ᠪᠤᠢ᠃ ᠨᠠᠷᠢᠨ ᠠᠭᠤᠯᠭ᠎ᠠ᠎ᠶᠢ 《ᠤᠤᠯ ᠵᠤᠬᠢᠶᠠᠯ ᠢ ᠦᠵᠡᠬᠦ》 (阅读原文) ᠦᠰᠦᠭ᠎ᠢ ᠳᠤᠪᠴᠢᠳᠠᠵᠤ
ᠦᠵᠡᠭᠡᠷᠡᠢ!
ᠲᠠᠨ᠎ᠤ ᠲᠤᠰᠠ᠎ᠳᠤ
✦ᠪᠤᠷᠴᠠᠭ᠎ᠲᠠᠢ ᠰᠢᠩᠭᠡᠨ ᠪᠤᠳᠠᠭ᠎ᠠ᠂ ᠠᠯᠠᠰᠢ ᠪᠤᠳᠠᠭ᠎ᠠ ᠢᠯᠡᠭᠦᠬᠡᠨ ᠢᠳᠡᠬᠦ ᠨᠢ ᠳᠡᠯᠢᠭᠦᠦ᠎ᠶᠢ ᠰᠠᠢᠵᠢᠷᠠᠭᠤᠯᠳᠠᠭ᠃
ᠵᠠᠯᠭᠠᠭᠠᠳ 《ᠴᠡᠴᠡᠭᠬᠡᠨ
ᠦᠷ᠎ᠡ ᠮᠢᠨᠢ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ
ᠵᠢᠷᠭᠠᠭᠠᠶ᠎ᠠ᠂ ᠨᠡᠪᠳᠡᠷᠡᠭᠦᠯᠬᠡ ᠮᠠᠨᠢ ᠲᠠ ᠪᠦᠬᠦᠨ᠎ᠳᠦ ᠲᠠᠭᠠᠯᠠᠬᠳᠠᠬᠰᠠᠨ ᠪᠤᠯ ᠤᠳᠤᠨ ᠳᠡᠮᠳᠡᠭ ᠱᠠᠩᠨᠠᠵᠤ
ᠪᠢᠳᠡᠨ᠎ᠳᠤ ᠤᠷᠮ᠎ᠠ ᠬᠠᠢᠷᠠᠯᠠᠭᠠᠷᠠᠢ!ᠲᠠ ᠪᠦᠬᠦᠨ ᠤ ᠬᠦᠯᠢᠶᠡᠨ ᠠᠪᠴᠤ᠌ ᠰᠤᠨᠤᠰᠤᠬ᠍ᠰᠠᠨ ᠳ᠋ᠦ ᠪᠠᠶᠠᠷᠯᠠᠯ᠎ᠠ᠂
ᠪᠠᠶᠠᠷᠳᠠᠢ︕
(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ
ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ
ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ
ᠬᠤᠳᠠ᠂ ᠬᠤᠰᠢᠭᠤ ᠰᠢᠶᠠᠨ᠎ᠤ ᠵᠢᠷᠬᠢᠶ᠎ᠠ᠎ᠶᠢᠨ ᠲᠠᠪᠴᠠᠩ)