1 ᠰᠠᠷ᠎ᠠ ᠵᠢᠨ 20᠎ᠤ ᠡᠳᠤᠷ
ᠡᠬᠢᠯᠡᠬᠦ᠌ ᠴᠠᠭ᠄
2026-01-20 10:54:27
ᠨᠠᠶ᠋ᠢᠷᠠᠭᠤᠯᠤᠭᠴᠢ ᠄

ᠨᠡᠪᠲᠡᠷᠡᠬᠦᠯᠦᠭᠴᠢ ᠄

ᠮᠡᠷᠭᠡᠵᠢᠯ ᠄

ᠤᠩᠰᠢᠭᠰᠠᠨ ᠤᠳᠠᠭ᠎ᠠ᠄




ᠨᠡᠢᠭᠡᠮ 

✦ᠪᠡᠭᠡᠵᠢᠩ᠎ᠦᠨ ᠴᠠᠭ᠎ᠢᠶᠠᠷ 2026 ᠣᠨ᠎ᠤ 1 ᠰᠠᠷ᠎ᠠ᠎ᠶᠢᠨ 19᠎ᠦ ᠡᠳᠦᠷ᠎ᠦᠨ 9 ᠴᠠᠭ 34 ᠮᠢᠨᠦ᠋ᠲ᠎ᠲᠦ᠂ ᠬᠤᠪᠢᠯᠭᠠᠨ ᠣᠩᠭᠣᠴᠠ ᠬᠣᠷᠢᠳᠤᠭᠠᠷ ᠨᠢᠰᠬᠦ ᠣᠩᠭᠣᠴᠠ᠎ᠶᠢᠨ ᠪᠤᠴᠠᠯᠲᠠ᠎ᠶᠢᠨ ᠦᠷᠦᠭᠡ ᠳ᠋ᠦᠩᠹᠸᠩ ᠭᠠᠵᠠᠷᠳᠠᠬᠤ ᠲᠠᠯᠠᠪᠠᠢ᠎ᠳᠤ ᠠᠮᠵᠢᠯᠲᠠ᠎ᠲᠠᠢ ᠭᠠᠵᠠᠷᠳᠠᠪᠠ᠃ ᠲᠤᠬᠠᠢ᠎ᠶᠢᠨ ᠲᠠᠯᠠᠪᠤᠷ᠎ᠤᠨ ᠪᠠᠢᠴᠠᠭᠠᠯᠲᠠ᠎ᠪᠠᠷ ᠳᠡᠮᠵᠢᠨ ᠬᠤᠪᠢᠯᠭᠠᠨ ᠣᠩᠭᠣᠴᠠ ᠬᠣᠷᠢᠳᠤᠭᠠᠷ ᠨᠢᠰᠬᠦ ᠣᠩᠭᠣᠴᠠ᠎ᠶᠢᠨ ᠪᠤᠴᠠᠯᠳᠠ ᠵᠢᠨ ᠥᠷᠥᠭᠡ ᠵᠢᠨ ᠭᠠᠳᠠᠷ ᠪᠠᠢᠳᠠᠯ ᠶᠡᠷᠦᠩᠬᠡᠢ ᠳ᠋ᠡᠭᠡᠨ ᠬᠡᠪ᠎ᠦᠨ ᠪᠠᠢᠵᠤ᠂ ᠥᠷᠥᠭᠡᠨ ᠳᠣᠲᠣᠷᠠᠬᠢ ᠡᠳ᠋ ᠪᠣᠳᠠᠰ᠎ᠤᠨ ᠪᠠᠢᠳᠠᠯ ᠨᠡᠯᠢᠶᠡᠳ ᠰᠠᠢᠨ ᠪᠠᠢᠵᠤ᠂ ᠬᠤᠪᠢᠯᠭᠠᠨ ᠣᠩᠭᠣᠴᠠ ᠬᠣᠷᠢᠳᠤᠭᠠᠷ ᠨᠢᠰᠬᠦ ᠣᠩᠭᠣᠴᠠ᠎ᠶᠢᠨ ᠪᠤᠴᠠᠬᠤ ᠡᠭᠦᠷᠭᠡ ᠲᠡᠭᠦᠰ ᠠᠮᠵᠢᠯᠲᠠ ᠣᠯᠪᠠ ᠭᠡᠵᠦ ᠲᠣᠳᠣᠯᠠᠵᠠᠢ᠃

✦17᠎ᠤ ᠡᠳᠦᠷ᠂ ᠠᠷᠠᠳ᠎ᠤᠨ ᠶᠠᠪᠤᠳᠠᠯ᠎ᠤᠨ ᠶᠠᠮᠤᠨ《ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠪᠠᠢᠭᠤᠯᠤᠮᠵᠢ᠎ᠶᠢᠨ ᠠᠵᠢᠯ ᠡᠷᠬᠢᠯᠡᠭᠰᠡᠳ᠎ᠦᠨ ᠠᠵᠢᠯ ᠲᠦᠷᠦᠯ᠎ᠦᠨ ᠶᠣᠰᠣ᠌ ᠰᠤᠷᠳᠠᠬᠤᠨ᠎ᠤ ᠪᠠᠷᠢᠮᠵᠢᠶ᠎ᠠ》ᠶ᠋ᠢ ᠳᠠᠷᠤᠮᠠᠯᠯᠠᠨ ᠲᠠᠷᠬᠠᠭᠠᠵᠤ᠂ ᠨᠠᠰᠤᠲᠠᠢᠴᠤᠳ᠎ᠲᠤ ᠦᠨᠳᠦᠰᠦᠲᠡᠨ᠂ ᠬᠦᠢᠰᠦ ᠢᠯᠭᠠᠯ᠂ ᠡᠷᠦᠬᠡ ᠠᠮᠠ᠂ ᠠᠵᠢᠯ ᠮᠡᠷᠭᠡᠵᠢᠯ᠂ ᠱᠠᠰᠢᠨ ᠰᠢᠲᠦᠯᠭᠡ᠂ ᠨᠡᠢᠭᠡᠮ᠎ᠦᠨ ᠪᠠᠢᠷᠢ ᠰᠠᠭᠤᠷᠢ᠂ ᠰᠤᠷᠭᠠᠨ ᠬᠥᠮᠦᠵᠢᠯ᠎ᠦᠨ ᠬᠢᠷᠢ ᠬᠡᠮᠵᠢᠶ᠎ᠡ᠂ ᠪᠡᠶ᠎ᠡ ᠮᠠᠬᠠᠪᠤᠳ᠎ᠤᠨ ᠪᠠᠢᠳᠠᠯ᠂ ᠡᠳ᠋ ᠬᠥᠷᠥᠩᠭᠡ ᠵᠡᠷᠭᠡ᠎ᠡᠴᠡ ᠪᠣᠯᠵᠤ ᠢᠯᠭᠠᠭ᠎ᠠ᠎ᠲᠠᠢ ᠬᠠᠨᠳᠤᠵᠤ ᠪᠣᠯᠬᠤ ᠦᠭᠡᠢ᠃ ᠡᠷᠡᠭᠦᠯᠵᠢᠯ᠎ᠦᠨ ᠡᠳ᠋᠂ ᠡᠮ ᠦ᠋ᠨ ᠵᠦᠢᠯᠡᠰ᠎ᠢ ᠪᠣᠷᠣᠯᠠᠭᠤᠯᠵᠤ ᠪᠣᠯᠬᠤ ᠦᠭᠡᠢ᠂ ᠬᠣᠯᠪᠣᠭᠳᠠᠯ ᠪᠦᠬᠦᠢ ᠠᠵᠤ ᠠᠬᠤᠢᠯᠠᠯ ᠪᠤᠶᠤ ᠬᠤᠪᠢ ᠬᠥᠮᠥᠨ᠎ᠦ ᠦᠢᠯᠡᠳᠬᠦᠨ ᠵᠢᠡᠨ ᠪᠣᠷᠣᠯᠠᠭᠤᠯᠬᠤ᠎ᠳᠤ ᠳᠦᠭᠦᠮ ᠦᠵᠡᠭᠦᠯᠵᠦ ᠪᠣᠯᠬᠤ ᠦᠭᠡᠢ ᠭᠡᠵᠡᠢ᠃

✦2026 ᠣᠨ᠎ᠤ ᠲᠡᠮᠦᠷ ᠵᠠᠮ᠎ᠤᠨ ᠴᠠᠭᠠᠨ ᠰᠠᠷ᠎ᠠ᠎ᠶᠢᠨ ᠵᠥᠭᠡᠭᠡᠪᠦᠷᠢ 2 ᠰᠠᠷ᠎ᠠ᠎ᠶᠢᠨ 2᠎ᠤᠨ ᠡᠳᠦᠷ᠎ᠡᠴᠡ 3 ᠰᠠᠷ᠎ᠠ᠎ᠶᠢᠨ 13᠎ᠤ ᠡᠳᠦᠷ ᠪᠤᠯᠳᠠᠯ᠎ᠠ 40 ᠡᠳᠦᠷ᠎ᠦᠷᠬᠦᠯᠵᠢᠯᠡᠨ᠎ᠠ᠃ ᠪᠥᠬᠥ ᠤᠯᠤᠰ᠎ᠤᠨ ᠲᠡᠮᠦᠷ ᠵᠠᠮ᠎ᠤᠨ ᠬᠢᠨ ᠵᠢᠱ᠌ᠢᠯᠲᠡ ᠪᠡᠷ ᠠᠶᠠᠨᠴᠢᠳ᠎ᠢ 5.39 ᠳ᠋ᠦᠩᠰᠢᠭᠤᠷ ᠬᠥᠮᠥᠨ ᠤᠳᠠᠭ᠎ᠠ ᠬᠦᠷᠭᠡᠵᠦ᠂ ᠠᠳᠠᠯᠢ ᠬᠤᠭᠤᠴᠠᠭᠠᠨ᠎ᠤ ᠬᠢ᠎ᠡᠴᠡ 5.0% ᠵᠢᠡᠷ ᠨᠡᠮᠡᠭᠳᠡᠵᠦ᠂ ᠴᠠᠭᠠᠨ ᠰᠠᠷ᠎ᠠ᠎ᠶᠢᠨ ᠵᠥᠭᠡᠭᠡᠪᠦᠷᠢ᠎ᠶᠢᠨ ᠠᠩᠬᠠᠨ᠎ᠤ ᠡᠳᠦᠷ᠎ᠦᠨ ᠭᠠᠯᠲᠤ ᠲᠡᠷᠭᠡᠨ᠎ᠦ ᠪᠢᠯᠧᠲ᠎ᠢ 1 ᠰᠠᠷ᠎ᠠ ᠶ᠋ᠢᠨ 19᠎ᠦ ᠡᠳᠦᠷ᠎ᠡᠴᠡ ᠡᠬᠢᠯᠡᠵᠦ ᠬᠤᠳᠠᠯᠳᠤᠵᠠᠢ᠃

✦19᠎ᠦ ᠡᠳᠦᠷ᠎ᠡᠴᠡ ᠡᠬᠢᠯᠡᠨ᠂ ᠲᠡᠮᠦᠷ ᠵᠠᠮ᠎ᠤᠨ 12306 ᠲᠠᠪᠴᠠᠩ ᠠᠶᠠᠨᠴᠢᠳ᠎ᠤᠨ ᠡᠨᠳᠡᠭᠦᠷᠡᠵᠦ ᠬᠤᠳᠠᠯᠳᠤᠨ ᠠᠪᠤᠭᠰᠠᠨ ᠪᠢᠯᠸᠲ ᠢ᠋ ᠴᠠᠭ ᠬᠢᠵᠠᠭᠠᠷᠯᠠᠨ ᠰᠦᠢᠳᠬᠡᠯ ᠬᠤᠷᠢᠶᠠᠬᠤ ᠦᠭᠡᠢ ᠪᠡᠷ ᠪᠤᠴᠠᠭᠠᠬᠤ ᠦᠢᠯᠡᠴᠢᠯᠡᠭᠡ ᠬᠠᠩᠭᠠᠵᠣ᠂ 2 ᠰᠠᠷ᠎ᠠ᠎ᠶᠢᠨ 2᠎ᠤᠨ ᠡᠳᠦᠷ ᠵᠢᠴᠢ ᠲᠡᠭᠦᠨ᠎ᠡᠴᠡ ᠬᠣᠢᠰᠢᠬᠢ ᠭᠠᠯᠲᠤ ᠲᠡᠷᠭᠡᠨ ᠪᠢᠯᠧᠲ ᠢ᠋ ᠡᠨᠳᠡᠭᠦᠷᠡᠵᠦ ᠬᠤᠳᠠᠯᠳᠤᠨ ᠠᠪᠤᠭᠰᠠᠨ ᠪᠤᠯ ᠪᠢᠯᠧᠲ ᠬᠤᠳᠠᠯᠳᠤᠨ ᠠᠪᠤᠭᠠᠳ 30 ᠮᠢᠨᠦ᠋ᠲ᠎ᠦᠨ ᠳᠣᠲᠣᠷ᠎ᠠ ᠪᠥᠭᠡᠳ ᠲᠡᠷᠭᠡ ᠬᠥᠳᠡᠯᠬᠦ᠎ᠡᠴᠡ ᠡᠮᠦᠨ᠎ᠡ 4 ᠴᠠᠭ᠎ᠠᠴᠠ ᠡᠮᠦᠨ᠎ᠠ ᠪᠢᠯᠧᠲ ᠪᠤᠴᠠᠭᠠᠬᠤ ᠳ᠋ᠤ ᠰᠦᠢᠳᠬᠡᠯ ᠬᠤᠷᠢᠶᠠᠬᠤ ᠦᠭᠡᠢ ᠃

✦ᠥᠪᠥᠷ ᠮᠣᠩᠭᠣᠯ ᠡᠪᠦᠯ ᠬᠠᠪᠤᠷ᠎ᠤᠨ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠎ᠶᠢᠨ 《ᠰᠢᠵᠢᠷ ᠠᠯᠳᠠᠨ ᠴᠣᠩᠬᠣᠪᠴᠢ ᠬᠤᠭᠤᠴᠠᠭ᠎ᠠ》 ᠶ᠋ᠢ ᠠᠮᠵᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠎ᠶᠢ ᠪᠦᠬᠦ ᠲᠠᠯ᠎ᠠ᠎ᠪᠠᠷ ᠠᠬᠢᠭᠤᠯᠵᠤ᠂ ᠴᠢᠨᠠᠷ ᠰᠠᠢᠲᠠᠢ ᠲᠠᠷᠢᠶᠠᠨ ᠭᠠᠵᠠᠷ᠎ᠤᠨ ᠨᠥᠭᠡᠴᠡ᠎ᠶᠢ ᠦᠷᠭᠦᠯᠵᠢᠯᠡᠨ ᠥᠷᠭᠡᠳᠬᠡᠪᠡ᠃ ᠣᠲᠣᠬᠠᠨ ᠪᠣᠯᠲᠠᠯ᠎ᠠ ᠪᠥᠬᠥ ᠣᠷᠣᠨ ᠤ᠋ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠨᠡᠶ᠋ᠢᠲᠡ 6280 ᠲᠦᠮᠡᠨ ᠮᠦ᠍᠎ᠵᠢ ᠳᠠᠪᠠᠵᠠᠢ᠃

✦ᠣᠢᠷ᠎ᠠ᠎ᠶᠢᠨ ᠵᠢᠯ᠎ᠡᠴᠡ ᠮᠠᠨ᠎ᠤ ᠣᠷᠣᠨ《ᠨᠠᠮ᠎ᠤᠨ ᠪᠠᠢᠭᠤᠯᠤᠯᠲᠠ + ᠦᠨᠳᠦᠰᠦᠨ ᠱᠠᠲᠤᠨ᠎ᠤ ᠵᠠᠰᠠᠯᠲᠠ + ᠡᠷᠬᠡ ᠠᠰᠢᠭ᠋᠎ᠤᠨ ᠪᠠᠲᠤᠯᠠᠭ᠎ᠠ 》 ᠵᠢᠨ ᠲᠤᠰᠬᠠᠢ ᠠᠵᠢᠯᠯᠠᠭ᠎ᠠ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠣᠲᠣᠬᠠᠨ ᠪᠣᠯᠲᠠᠯ᠎ᠠ ᠨᠢᠭᠡᠨᠲᠡ 2.6 ᠲᠦᠮᠡᠨ ᠲᠦᠷᠭᠡᠨ ᠬᠦᠷᠭᠡᠯᠲᠡ᠎ᠶᠢᠨ ᠠᠵᠢᠯᠲᠠᠨ ᠨᠡᠢᠭᠡᠮ ᠲᠣᠭᠣᠷᠢᠭ᠋᠎ᠤᠨ ᠠᠵᠢᠯ ᠳ᠋ᠤ ᠤᠷᠤᠯᠴᠠᠵᠤ᠂ 47 ᠰᠠᠢᠨ ᠳᠤᠷ᠎ᠠ᠎ᠶᠢᠨ ᠦᠢᠯᠡᠴᠢᠯᠡᠭᠡᠨ᠎ᠦ ᠠᠩᠭᠢ᠎ᠶᠢ ᠵᠣᠬᠢᠶᠠᠨ ᠪᠠᠢᠭᠤᠯᠵᠤ᠂ ᠨᠡᠢᠭᠡᠮ ᠲᠣᠭᠣᠷᠢᠭ᠋᠎ᠢ᠋ ᠬᠠᠮᠵᠢᠨ ᠠᠷᠠᠳ᠎ᠤᠨ ᠠᠮᠢᠳᠤᠷᠠᠯ᠎ᠤᠨ ᠡᠯ᠎ᠡ ᠵᠦᠢᠯ᠎ᠦᠨ ᠪᠡᠷᠬᠡ ᠠᠰᠠᠭᠤᠳᠠᠯ᠎ᠢ ᠨᠡᠶ᠋ᠢᠲᠡ 3844 ᠰᠢᠢᠳᠪᠦᠷᠢᠯᠡᠵᠦ᠂ ᠲᠦᠷᠭᠡᠨ ᠬᠦᠷᠭᠡᠭᠴᠢ᠎ᠶᠢᠨ ᠪᠠᠴᠢᠮᠳᠠᠵᠤ ᠲᠦᠪᠡᠭᠳᠡᠵᠦ ᠵᠣᠪᠠᠨᠢᠵᠤ ᠪᠠᠢᠭ᠎ᠠ ᠠᠰᠠᠭᠤᠳᠠᠯ᠎ᠢ 5104 ᠰᠢᠢᠳᠪᠦᠷᠢᠯᠡᠪᠠ᠃

✦ᠤᠢᠷ᠎ᠠ ᠳ᠋ᠤ ᠥᠪᠥᠷ ᠮᠣᠩᠭᠣᠯ᠎ᠤᠨ ᠬᠤᠳᠠᠯᠳᠤᠭᠠᠨ ᠤ᠋ ᠨᠡᠢᠭᠡᠮᠯᠢᠭ ᠦ᠋ᠨ ᠠᠷᠠᠳ᠎ᠤᠨ ᠡᠵᠡᠨᠭᠨᠡᠯᠳᠡ ᠵᠢᠨ ᠲᠦᠮᠡᠨ ᠠᠵᠤ ᠠᠬᠤᠢᠯᠠᠯ ᠤ᠋ᠨ  ᠵᠡᠮᠳᠡᠭᠴᠦᠳ ᠢ᠋ ᠲᠤᠰᠠᠯᠠᠬᠤ ᠨᠡᠶ᠋ᠢᠲᠡ᠎ᠶᠢᠨ ᠠᠰᠠᠷᠠᠮᠵᠢ᠎ᠶᠢᠨ ᠬᠣᠯᠪᠣᠭ᠎ᠠ ᠪᠠᠢᠭᠤᠯᠤᠭᠳᠠᠵᠤ᠂ ᠲᠤᠬᠠᠢ᠎ᠶᠢᠨ ᠲᠠᠯᠠᠪᠠᠢ ᠳ᠋ᠤ ᠨᠡᠶ᠋ᠢᠲᠡ 50 ᠭᠠᠷᠤᠢ ᠲᠦᠮᠡᠨ ᠲᠥᠭᠥᠷᠢᠭ᠎ᠦᠨ ᠬᠠᠢᠷ᠎ᠠ ᠬᠠᠯᠠᠮᠵᠢ᠎ᠶᠢᠨ ᠵᠣᠭᠣᠰ ᠪᠡ ᠡᠳ᠋ ᠪᠣᠳᠠᠰ ᠴᠤᠭᠯᠠᠭᠤᠯᠵᠤ᠂ ᠬᠥᠯᠥᠨ ᠪᠣᠶ᠋ᠢᠷ ᠣᠷᠣᠨ ᠤ᠋ ᠵᠡᠮᠳᠡᠭᠴᠦᠳ᠎ᠦᠨ ᠨᠡᠶ᠋ᠢᠲᠡ᠎ᠶᠢᠨ ᠠᠰᠠᠷᠠᠮᠵᠢ᠎ᠶᠢᠨ ᠵᠦᠢᠯᠡᠰ᠎ᠲᠦ ᠬᠡᠷᠡᠭᠯᠡᠵᠦ᠂ ᠲᠤᠬᠠᠢ᠎ᠶᠢᠨ ᠭᠠᠵᠠᠷ᠎ᠤᠨ ᠵᠡᠮᠳᠡᠭᠴᠦᠳ᠎ᠦᠨ ᠠᠮᠢᠳᠤᠷᠠᠯ᠎ᠢ ᠦᠨᠡᠨ ᠬᠦ᠌ ᠰᠠᠢᠵᠢᠷᠠᠭᠤᠯᠪᠠ᠃

✦ᠣᠢᠷ᠎ᠠ᠎ᠳᠤ ᠠᠯᠠᠱᠠ ᠠᠢᠮᠠᠭ ᠠᠩᠬᠠᠳᠤᠭᠠᠷ ᠤᠳᠠᠭᠠᠨ᠎ᠤ ᠠᠵᠢᠯ᠎ᠠᠴᠠ ᠪᠣᠯᠤᠭᠰᠠᠨ ᠭᠡᠮᠲᠦᠯ ᠎ᠦᠨ ᠳᠠᠭᠠᠳᠬᠠᠯ᠎ᠤᠨ ᠰᠦᠢᠳᠬᠡᠯ᠎ᠦᠨ ᠨᠣᠷᠮ᠎ᠠ᠎ᠳᠤ ᠲᠣᠬᠢᠷᠠᠭᠤᠯᠤᠯᠲᠠ ᠬᠢᠬᠦ ᠠᠵᠢᠯ ᠢ᠋ ᠤᠷᠤᠭᠰᠢᠲᠠᠢ ᠪᠡᠶᠡᠯᠡᠭᠦᠯᠵᠦ᠂ 4520 ᠳᠠᠭᠠᠳᠬᠠᠯ ᠳ᠋ᠤ ᠣᠷᠣᠯᠴᠠᠭᠰᠠᠨ ᠨᠢᠭᠡᠴᠢ ᠰᠦᠢᠳᠬᠡᠯ᠎ᠦᠨ ᠨᠣᠷᠮ᠎ᠠ᠎ᠶᠢ ᠬᠢᠨᠠᠨ ᠲᠣᠭᠲᠠᠭᠠᠬᠤ ᠠᠵᠢᠯ᠎ᠢᠶᠠᠨ ᠪᠦᠬᠦᠨ᠎ᠢ ᠳᠠᠭᠣᠰᠬᠠᠵᠠᠢ᠃ ᠲᠣᠰ ᠤᠳᠠᠭᠠᠨ᠎ᠤ ᠲᠣᠬᠢᠷᠠᠭᠤᠯᠤᠯᠲᠠ᠎ᠳᠤ ᠵᠢᠱ᠌ᠢᠯᠲᠡ᠎ᠪᠡᠷ ᠪᠥᠬᠥ ᠵᠢᠯ᠎ᠳᠦ ᠠᠵᠤ ᠠᠬᠤᠢᠯᠠᠯ᠎ᠤᠨ ᠳᠠᠷᠤᠭᠠᠰᠤ᠎ᠶᠢ 1000 ᠲᠦᠮᠡᠨ ᠲᠥᠭᠥᠷᠢᠭ ᠬᠥᠩᠭᠡᠷᠡᠭᠦᠯᠵᠦ᠂ 7.6 ᠲᠦᠮᠡᠨ ᠠᠵᠢᠯᠲᠠᠨ ᠠᠵᠢᠯᠴᠢᠨ᠎ᠳᠤ ᠠᠰᠢᠭ᠋ ᠬᠦᠷᠲᠡᠭᠡᠬᠦ ᠪᠣᠯᠣᠨ᠎ᠠ ᠃

✦ᠣᠢᠷ᠎ᠠ ᠳ᠋ᠤ ᠰᠢᠯᠢ᠎ᠶᠢᠨ ᠭᠣᠣᠯ ᠠᠢᠮᠠᠭ᠎ᠤᠨ ᠮᠣᠩᠭᠣᠯ ᠡᠮᠨᠡᠯᠭᠡ᠎ᠶᠢᠨ ᠬᠣᠷᠢᠶᠠᠨ᠎ᠤ ᠦᠶ᠎ᠡ ᠭᠡᠰᠢᠭᠦᠦ᠎ᠶᠢᠨ ᠭᠠᠳᠠᠷ ᠰᠠᠯᠠᠭᠠᠨ᠎ᠤ ᠬᠢᠨ ᠥᠪᠥᠷ ᠮᠣᠩᠭᠣᠯ ᠤ᠋ᠨ ᠠᠩᠬᠠᠳᠠᠭ᠍ᠴᠢ 3D ᠳᠠᠷᠤᠮᠠᠯᠯᠠᠯ᠎ᠤᠨ ᠶᠠᠰᠤᠨ᠎ᠤ ᠪᠠᠭ᠎ᠠ ᠬᠢᠷ᠎ᠠ᠎ᠶᠢᠨ ᠮᠡᠷᠭᠡᠵᠢᠯ᠎ᠢ ᠬᠡᠷᠡᠭᠯᠡᠵᠦ ᠠᠮᠢᠳᠤ ᠪᠣᠳᠠᠰ᠎ᠤᠨ ᠬᠡᠯᠪᠡᠷᠢ᠎ᠶᠢᠨ ᠡᠪᠦᠳᠦᠭ᠎ᠦᠨ ᠦᠶ᠎ᠡ ᠶ᠋ᠢ ᠰᠣᠯᠢᠬᠤ ᠮᠡᠰᠡ ᠵᠠᠰᠠᠯ᠎ᠢ ᠠᠮᠵᠢᠯᠲᠠ ᠲᠠᠢ ᠪᠡᠶᠡᠯᠡᠭᠦᠯᠵᠡᠢ᠃

✦ᠤᠢᠷ᠎ᠠ ᠳ᠋ᠤ ᠵᠠᠯᠠᠢᠳ ᠬᠣᠰᠢᠭᠤᠨ᠎ᠤ ᠬᠤᠯᠠᠶ᠋ᠢᠳ ᠲᠤᠲᠤᠷᠭ᠎ᠠ᠎ᠶᠢᠨ ᠦᠵᠡᠮᠵᠢ ᠶ᠋ᠢᠨ ᠣᠷᠣᠨ᠎ᠳᠤ ᠳᠤᠳᠤᠷᠭᠠᠨ ᠰᠦᠷᠡᠯ᠎ᠤᠨ ᠨᠠᠭᠠᠳᠤᠮ᠎ᠤᠨ ᠠᠵᠢᠯᠯᠠᠭ᠎ᠠ ᠶᠠᠪᠤᠭᠳᠠᠵᠤ᠂ ᠲᠤᠲᠤᠷᠭᠠᠨ ᠰᠦᠷᠡᠯ᠎ᠢᠶᠡᠷ ᠵᠠᠭᠤᠴᠢ ᠪᠣᠯᠭᠠᠵᠤ᠂ ᠥᠷᠭᠡᠨ ᠤᠯᠠᠨ ᠮᠠᠯᠴᠢᠨ ᠲᠠᠷᠢᠶᠠᠴᠢᠨ ᠪᠣᠯᠣᠨ ᠵᠢᠭᠤᠯᠴᠢᠯᠠᠭᠰᠠᠳ᠎ᠲᠤ ᠬᠥᠳᠡᠭᠡ ᠨᠤᠲᠤᠭ᠎ᠤᠨ ᠠᠭᠤᠷ ᠠᠮᠢᠰᠬᠤᠯ᠎ᠢᠶᠠᠷ ᠪᠢᠯᠬᠠᠮ᠎ᠠ᠂ ᠪᠠᠶᠠᠷ ᠪᠠᠶᠠᠰᠬᠤᠯᠠᠩ᠎ᠲᠠᠢ ᠡᠯᠪᠡᠭ ᠬᠤᠷᠢᠶᠠᠯᠲᠠ᠎ᠶᠢ ᠪᠡᠯᠭᠡᠯᠡᠬᠦ ᠦᠪᠡᠳᠡᠭᠰᠢ ᠳᠠᠶ᠋ᠢᠯᠠᠯᠭ᠎ᠠ ᠪᠠᠵᠠᠭᠠᠨ᠂ ᠡᠪᠦᠯ᠎ᠦᠨ ᠤᠯᠠᠷᠢᠯ᠎ᠤᠨ ᠬᠥᠳᠡᠭᠡ ᠲᠣᠰᠬᠣᠨ᠎ᠤ ᠴᠤᠭ ᠪᠠᠳᠠᠷᠠᠩᠭᠤᠢ ᠠᠮᠢᠵᠢᠷᠠᠯ᠎ᠤᠨ ᠬᠦᠴᠦᠨ ᠢ᠋ ᠬᠠᠷᠠᠭᠤᠯᠵᠠᠢ᠃

 ᠠᠵᠦ ᠠᠬᠤᠢ  

✦ᠣᠳᠣᠬᠠᠨ᠎ᠳᠤ ᠪᠠᠶᠠᠨᠨᠠᠭᠤᠷ ᠬᠣᠲᠠ 48 ᠢᠮᠠᠭᠠᠨ ᠨᠣᠤᠯᠦᠭᠤᠷ᠎ᠤᠨ ᠠᠵᠤ ᠠᠬᠤᠢᠯᠠᠯ᠎ᠲᠠᠢ ᠪᠤᠯᠵᠤ᠂ 4000 ᠲᠣᠨ ᠨᠣᠤᠯᠦᠭᠤᠷ ᠂ 930 ᠲᠦᠮᠡᠨ ᠢᠮᠠᠭᠠᠨ ᠨᠣᠤᠯᠦᠭᠤᠷ᠎ᠤᠨ ᠪᠦᠲᠦᠭᠡᠭᠳᠡᠬᠦᠨ ᠦᠢᠯᠡᠳᠪᠦᠷᠢᠯᠡᠬᠦ ᠴᠢᠳᠠᠪᠤᠷᠢ᠎ᠲᠠᠢ ᠪᠣᠯᠵᠣ᠂ 300 ᠭᠠᠷᠤᠢ ᠬᠤᠪᠢᠶᠠᠨ ᠰᠠᠯᠪᠤᠷᠢᠯᠠᠬᠤ ᠦᠢᠯᠡᠳᠪᠦᠷᠢᠯᠡᠯ᠎ᠦᠨ ᠱᠤᠭᠤᠮ ᠪᠠᠢᠭᠤᠯᠤᠨ ᠳᠠᠭᠤᠰᠬᠠᠵᠤ᠂ ᠪᠦᠷᠢᠨ ᠪᠦᠲᠦᠨ ᠠᠵᠤ ᠦᠢᠯᠡᠰ᠎ᠦᠨ ᠬᠡᠯᠬᠢᠶ᠎ᠡ᠎ᠶᠢ ᠪᠦᠷᠢᠯᠳᠦᠭᠦᠯᠦᠨ᠂ 2024 ᠣᠨ᠎ᠤ ᠦᠢᠯᠡᠳᠬᠦᠨ᠎ᠦ ᠥᠷᠲᠡᠭ ᠨᠢ 41.7 ᠳ᠋ᠦᠩᠰᠢᠭᠤᠷ ᠲᠥᠭᠥᠷᠢᠭ᠎ᠲᠦ ᠬᠥᠷᠪᠡ᠃

✦ᠪᠠᠷᠠᠭᠤᠨ ᠦᠵᠦᠮᠦᠴᠢᠨ ᠬᠣᠰᠢᠭᠤᠨ᠎ᠤ ᠬᠢᠨ ᠦᠨᠳᠦᠰᠦᠲᠡᠨ᠎ᠦ ᠵᠠᠩ ᠦᠢᠯᠡ ᠶ᠋ᠢᠨ ᠵᠡᠭᠡᠯᠢ᠎ᠳᠦ ᠲᠦᠰᠢᠭᠯᠡᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠭᠣᠣᠯ ᠰᠡᠳᠦᠪᠲᠦ ᠵᠡᠭᠡᠯᠢ ᠲᠣᠭᠣᠷᠢᠭ᠋ ᠪᠠᠢᠭᠤᠯᠵᠤ᠂ ᠦᠵᠦᠮᠦᠴᠢᠨ ᠬᠠᠳᠬᠤᠮᠠᠯ᠂ ᠦᠵᠦᠮᠦᠴᠢᠨ ᠬᠤᠪᠴᠠᠰᠤ ᠵᠠᠰᠠᠯ ᠵᠡᠷᠭᠡ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠦᠷᠦᠯ ᠵᠦᠢᠯ᠎ᠦᠨ ᠤᠯᠠᠮᠵᠢᠯᠠᠭ᠍ᠴᠢ 12 ᠬᠥᠮᠥᠨ ᠴᠤᠭᠯᠠᠷᠠᠵᠤ᠂ ᠦᠨᠳᠦᠰᠦᠲᠡᠨ ᠤ᠋ ᠬᠤᠪᠴᠠᠰᠤᠨ᠎ᠤ ᠳᠡᠯᠭᠡᠭᠦᠷ 77᠂ ᠲᠣᠷᠭ᠎ᠠ ᠳᠤᠷᠳᠤᠩ᠎ᠤᠨ ᠳᠡᠯᠭᠡᠭᠦᠷ 4᠂ ᠮᠠᠯᠠᠭᠠᠢ᠎ᠶᠢᠨ ᠳᠡᠯᠭᠡᠭᠦᠷ 2 ᠵᠡᠷᠭᠡ ᠡᠵᠡᠩᠨᠡᠯᠲᠡ᠎ᠶᠢᠨ ᠭᠣᠣᠯ ᠴᠣᠭᠴᠠ᠎ᠶᠢ ᠲᠦᠪᠯᠡᠷᠡᠭᠦᠯᠵᠦ᠂ ᠣᠨᠴᠠᠯᠢᠭ᠋᠎ᠢᠶᠠᠷ ᠢᠯᠡ ᠲᠣᠳᠣ᠌ ᠠᠵᠤ ᠦᠢᠯᠡᠰ᠎ᠦᠨ ᠪᠦᠯᠦᠭᠯᠡᠯ ᠢ᠋ ᠪᠦᠷᠢᠯᠳᠦᠭᠦᠯᠵᠡᠢ᠃

 ᠲᠠᠮᠢᠷ 

✦ᠤᠢᠷ᠎ᠠ ᠳ᠋ᠤ ᠬᠣᠶᠠᠳᠤᠭᠠᠷ ᠬᠤᠭᠤᠴᠠᠭᠠᠨ᠎ᠤ ᠪᠥᠬᠥ ᠤᠯᠤᠰ᠎ᠤᠨ ᠬᠣᠲᠠ ᠶ᠋ᠢᠨ ᠬᠡᠭᠡᠷ᠎ᠡ᠎ᠶᠢᠨ ᠴᠡᠨᠡᠯᠡᠯᠲᠡ᠎ᠶᠢᠨ ᠤᠷᠤᠯᠳᠤᠭᠠᠨ ᠵᠢᠴᠢ 2025 ᠣᠨ᠎ᠤ ᠥᠪᠥᠷ ᠮᠣᠩᠭᠣᠯ᠎ᠤᠨ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠴᠠᠰᠤ ᠮᠥᠰᠥᠨ ᠤ᠋ ᠤᠷᠤᠯᠳᠤᠭᠠᠨ᠎ᠤ ᠬᠡᠭᠡᠷ᠎ᠡ᠎ᠶᠢᠨ ᠴᠡᠨᠡᠯᠡᠯᠲᠡ᠎ᠶᠢᠨ ᠰᠢᠢᠳᠪᠦᠷᠢᠲᠦ ᠤᠷᠤᠯᠳᠤᠭᠠᠨ ᠬᠥᠯᠥᠨ ᠪᠣᠶ᠋ᠢᠷ ᠬᠣᠲᠠ᠎ᠳᠤ ᠡᠬᠢᠯᠡᠵᠦ᠂ 11 ᠡᠴᠡ 55 ᠬᠦᠷᠳᠡᠯᠡᠬᠢ ᠠᠳᠠᠯᠢ ᠪᠤᠰᠤ ᠨᠠᠰᠤᠨ᠎ᠤ ᠬᠥᠮᠥᠰ ᠢᠳᠡᠪᠬᠢᠯᠡᠨ ᠤᠷᠤᠯᠴᠠᠵᠠᠢ᠃

✦18᠎ᠤ ᠡᠳᠦᠷ᠂ ᠰᠢᠯᠢᠩᠬᠣᠲᠠ᠎ᠶᠢᠨ ᠡᠪᠦᠯ᠎ᠦᠨ ᠨᠠᠭᠠᠳᠤᠮ ᠵᠢᠴᠢ ᠮᠣᠩᠭᠣᠯ ᠮᠣᠷᠢᠨ᠎ᠤ ᠬᠡᠲᠦ ᠲᠠᠰ᠎ᠤᠨ ᠬᠣᠯᠪᠣᠭᠠᠲᠤ ᠤᠷᠤᠯᠳᠤᠭᠠᠨ ᠰᠢᠯᠢᠩᠬᠣᠲᠠ ᠶ᠋ᠢᠨ ᠨᠠᠭᠠᠳᠤᠮ᠎ᠤᠨ ᠬᠦᠷᠢᠶᠡᠯᠡᠩ᠎ᠳᠦ ᠡᠬᠢᠯᠡᠪᠡ᠃ ᠲᠤᠰ ᠤᠳᠠᠭᠠᠨ᠎ᠤ ᠤᠷᠤᠯᠳᠤᠭᠠᠨ ᠳ᠋ᠤ 30 ᠭᠠᠵᠠᠷ᠎ᠤᠨ ᠠᠯᠤᠰ᠎ᠤᠨ ᠮᠤᠷᠢᠨ᠎ᠤ ᠤᠷᠤᠯᠳᠤᠭᠠᠨ᠂ 20 ᠭᠠᠵᠠᠷ᠎ᠤᠨ 3 ᠬᠥᠮᠥᠨ᠎ᠦ ᠪᠣᠣᠭᠢᠶ᠎ᠠ ᠤᠷᠤᠯᠳᠤᠭᠠᠨ᠂ ᠨᠠᠮᠨᠠᠭ᠎ᠠ᠂ ᠮᠣᠷᠢᠨ ᠳᠡᠭᠡᠷ᠎ᠠ ᠡᠴᠡ ᠬᠠᠳᠠᠭ ᠰᠢᠭᠦᠷᠡᠬᠦ᠂ 6000 ᠮᠧᠲᠷ᠎ᠦᠨ ᠤᠯᠠᠮᠵᠢᠯᠠᠯᠲᠤ ᠵᠢᠷᠣᠭ᠎ᠠ ᠮᠣᠷᠢ ᠵᠢᠴᠢ 128 ᠪᠥᠬᠡ᠎ᠶᠢᠨ ᠪᠠᠷᠢᠯᠳᠤᠭᠠᠨ ᠵᠡᠷᠭᠡ ᠲᠥᠷᠥᠯ ᠵᠦᠢᠯ ᠳᠤᠬᠢᠷᠠᠭᠤᠯᠪᠠ᠃

✦ᠤᠢᠷ᠎ᠠ ᠳ᠋ᠤ ᠤᠯᠠᠭᠠᠨᠬᠣᠲᠠ᠎ᠶᠢᠨ ᠪᠥᠬᠥ ᠠᠷᠠᠳ᠎ᠤᠨ ᠰᠤᠷ ᠬᠠᠷᠪᠤᠯᠲᠠ ᠶ᠋ᠢᠨ ᠤᠷᠢᠯᠭ᠎ᠠ᠎ᠶᠢᠨ ᠤᠷᠤᠯᠳᠤᠭᠠᠨ ᠤᠯᠠᠭᠠᠨᠬᠣᠲᠠ᠎ᠶᠢᠨ ᠲᠣᠣᠷ ᠪᠥᠮᠪᠥᠭᠡ᠎ᠶᠢᠨ ᠣᠷᠳᠣᠨ᠎ᠳᠤ ᠬᠥᠷ ᠬᠥᠭᠵᠢᠶᠡᠨ᠎ᠲᠠᠢ ᠶᠠᠪᠤᠭᠳᠠᠵᠤ᠂ ᠪᠥᠬᠥ ᠬᠣᠲᠠ᠎ᠶᠢᠨ 150 ᠭᠠᠷᠤᠢ ᠰᠤᠷ ᠬᠠᠷᠪᠤᠯᠲᠠ᠎ᠵᠢᠨ ᠪᠠᠬᠠᠲᠠᠳ ᠣᠷᠣᠯᠴᠠᠵᠠᠢ᠃

 ᠲᠡᠯᠡᠬᠡᠢ 

✦ᠲᠤᠬᠠᠢ ᠶ᠋ᠢᠨ ᠭᠠᠵᠠᠷ᠎ᠤᠨ ᠴᠠᠭ᠎ᠢᠶᠠᠷ 17᠎ᠤ ᠡᠳᠦᠷ ᠠᠮᠧᠷᠢᠺᠠ ᠶ᠋ᠢᠨ ᠤᠯᠤᠰ᠎ᠤᠨ ᠠᠭᠠᠷ᠎ᠤᠨ ᠠᠶᠠᠯᠠᠯ ᠰᠠᠨᠰᠠᠷ᠎ᠤᠨ ᠠᠶᠠᠯᠠᠯ᠎ᠤᠨ ᠲᠣᠪᠴᠢᠶ᠎ᠠ《ᠠᠯᠲ᠋ᠣᠮᠢᠰ ᠬᠣᠶᠠᠳᠤᠭᠠᠷ》 ᠬᠥᠮᠥᠨ ᠰᠠᠭᠤᠯᠭᠠᠭᠰᠠᠨ ᠰᠠᠷᠠᠨ ᠪᠥᠮᠪᠥᠷᠴᠡᠭ ᠢ᠋ ᠲᠣᠭᠣᠷᠢᠨ ᠨᠢᠰᠬᠦ ᠡᠭᠦᠷᠭᠡ ᠶ᠋ᠢ ᠭᠦᠢᠴᠡᠳᠬᠡᠬᠦ ᠲᠡᠢᠷᠦᠯᠲᠦ ᠰᠤᠮᠤ ᠪᠠ ᠨᠢᠰᠬᠦ ᠣᠩᠭᠣᠴᠠ ᠶ᠋ᠢ ᠺᠸᠨᠢᠳᠢ ᠰᠠᠨᠰᠠᠷ᠎ᠤᠨ ᠠᠶᠠᠯᠠᠯ᠎ᠤᠨ ᠲᠥᠪ᠎ᠦᠨ ᠬᠠᠷᠪᠤᠯᠲᠠ ᠶ᠋ᠢᠨ ᠲᠠᠢᠰᠠᠨ᠎ᠳᠤ ᠬᠦᠷᠭᠡᠪᠡ᠂ ᠡᠨᠡ ᠨᠢ《ᠠᠯᠲ᠋ᠣᠮᠢᠰ ᠬᠣᠶᠠᠳᠤᠭᠠᠷ》 ᠵᠠᠩᠭᠢᠯᠠᠭ᠎ᠠ ᠶ᠋ᠢᠨ ᠪᠡᠯᠡᠳᠬᠡᠯ᠎ᠦᠨ ᠱᠠᠲᠤᠨ᠎ᠳᠤ ᠣᠷᠣᠭᠰᠠᠨ ᠢ᠋ ᠬᠠᠷᠠᠭᠤᠯᠵᠤ ᠪᠠᠢᠨ᠎ᠠ᠃

✦ᠤᠢᠷ᠎ᠠ ᠳ᠋ᠤ 《ᠲᠠᠯᠠᠢ ᠲᠠᠩᠭᠢᠰ᠎ᠤᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠲᠤᠬᠠᠢ ᠬᠡᠯᠡᠯᠴᠡᠭᠡᠷ》ᠬᠦᠴᠦᠨ ᠲᠠᠢ ᠪᠤᠯᠵᠤ᠂  ᠤᠯᠤᠰ᠎ᠤᠨ ᠬᠠᠷᠢᠶᠠᠯᠠᠯ ᠤ᠋ᠨ ᠬᠡᠪᠴᠢᠶᠡᠨ᠎ᠡᠴᠡ ᠭᠠᠳᠠᠨᠠᠬᠢ ᠣᠷᠣᠨ ᠪᠦᠰᠡ᠎ᠶᠢᠨ ᠲᠠᠯᠠᠢ ᠲᠠᠩᠭᠢᠰ᠎ᠤᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭᠠᠯᠠᠬᠤ ᠪᠠ ᠦᠷᠭᠦᠯᠵᠢᠯᠡᠨ ᠠᠰᠢᠭ᠍ᠯᠠᠬᠤ ᠳ᠋ᠤ ᠠᠩᠬᠠᠳᠠᠭ᠍ᠴᠢ ᠬᠠᠤᠯᠢ ᠴᠠᠭᠠᠵᠠ᠎ᠶᠢᠨ ᠪᠣᠷᠣ᠌ ᠲᠥᠯᠥᠪ ᠭᠠᠷᠭᠠᠵᠠᠢ᠃

ᠦᠢᠯᠡᠴᠢᠯᠡᠭᠡ 

✦ᠣᠷᠳᠣᠰ ᠬᠣᠲᠠ᠎ᠶᠢᠨ ᠰᠢᠤᠳᠠᠨ᠎ᠤ ᠬᠠᠮᠢᠶᠠᠷᠤᠯᠲᠠ᠎ᠶᠢᠨ ᠲᠣᠪᠴᠢᠶ᠎ᠠ 1 ᠵᠢᠯᠣᠭᠣᠴᠢ ᠡᠯᠰᠡᠬᠦ ᠪᠡᠷ ᠪᠣᠶ᠃ ᠨᠠᠷᠢᠨ ᠠᠭᠤᠯᠭ᠎ᠠ ᠎ᠶᠢ 《ᠤᠤᠯ ᠵᠤᠬᠢᠶᠠᠯ᠎ᠢ ᠦᠵᠡᠬᠦ》(阅读原文)ᠦᠰᠦᠭ᠎ᠢ ᠳᠤᠪᠴᠢᠳᠠᠵᠤ ᠦᠵᠡᠭᠡᠷᠡᠢ︕

ᠲᠠᠨ᠎ᠤ ᠲᠤᠰᠠ᠎ᠳᠤ 

✦ᠠᠮᠠ᠎ᠪᠠᠨ ᠠᠩᠭᠠᠢᠵᠤ ᠬᠠᠮᠬᠢᠬᠤ ᠬᠦᠳᠡᠯᠭᠡᠭᠡᠨ ᠨᠢ ᠴᠢᠰᠤᠨ᠎ᠤ ᠡᠷᠭᠢᠯᠲᠡ᠎ᠶᠢ ᠲᠦᠷᠭᠡᠳᠬᠡᠵᠦ᠂ ᠲᠠᠷᠢᠬᠢ ᠲᠣᠯᠣᠭᠠᠢ᠎ᠶᠢ ᠰᠡᠷᠭᠡᠭ ᠪᠣᠯᠭᠠᠵᠤ᠂ ᠴᠣᠭ ᠰᠦᠯᠳᠡ᠎ᠶᠢ ᠬᠥᠭᠵᠢᠭᠡᠳᠡᠭ᠃ ᠠᠮᠠ᠎ᠪᠠᠨ ᠬᠠᠮᠤᠭ᠎ᠤᠨ ᠶᠡᠬᠡ ᠬᠡᠮᠵᠢᠶ᠎ᠡ᠎ᠪᠡᠷ ᠠᠩᠭᠠᠢᠵᠤ ᠬᠠᠮᠬᠢᠬᠤ ᠨᠢ ᠨᠢᠭᠤᠷ᠎ᠤᠨ ᠬᠡᠰᠡᠭ᠎ᠦᠨ ᠪᠤᠯᠴᠢᠩ᠎ᠢ ᠴᠢᠨᠭᠭᠠᠳᠬᠠᠵᠤ᠂ ᠤᠳᠠᠭ᠎ᠠ ᠪᠦᠷᠢ 50 ᠤᠳᠠᠭ᠎ᠠ᠂ ᠪᠠᠷᠤᠭ 1 ᠮᠢᠨᠦ᠋ᠲ᠎ᠦᠨ ᠣᠷᠴᠢᠮ᠂ ᠡᠳᠦᠷ ᠪᠦᠷᠢ ᠥᠷᠯᠥᠭᠡ ᠦᠳᠡᠰᠢ ᠲᠤᠰ ᠪᠦᠷᠢ ᠨᠢᠭᠡ ᠤᠳᠠᠭ᠎ᠠ ᠬᠢᠪᠡᠯ ᠳᠤᠬᠢᠷᠠᠮᠵᠢᠳᠠᠢ᠃ 

ᠵᠠᠯᠭᠠᠭᠠᠳ《ᠡᠵᠢ ᠵᠢᠨ ᠵᠢᠡᠨ ᠳᠤᠬᠠᠢ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠤ  ᠪᠠᠶᠠᠷᠯᠠᠯ᠎ᠠ᠂  ᠪᠠᠶᠠᠷᠳᠠᠢ ︕ 

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)

ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号