



ᠨᠡᠢᠭᠡᠮ
✦ ᠬᠦᠳᠡᠭᠡ
ᠠᠵᠤ ᠠᠬᠤᠢ ᠬᠥᠳᠡᠭᠡ ᠲᠣᠰᠬᠣᠨ᠎ᠤ ᠶᠠᠮᠤᠨ᠎ᠤ ᠮᠡᠳᠡᠭᠡ ᠵᠢ ᠦᠨᠳᠦᠰᠦᠯᠡᠪᠡᠯ᠂ 2025 ᠣᠨ᠎ᠳᠤ ᠠᠮᠤ
ᠪᠤᠳᠠᠭᠠᠨ᠎ᠤ ᠦᠢᠯᠡᠳᠪᠦᠷᠢᠯᠡᠯ ᠳᠠᠬᠢᠨᠲᠠ ᠡᠯᠪᠡᠭ ᠬᠤᠷᠢᠶᠠᠯᠲᠠ ᠣᠯᠵᠤ᠂ ᠢᠳᠡᠰᠢᠨ ᠨᠣᠭᠣᠭ᠎ᠠ᠎ᠶᠢᠨ ᠬᠠᠩᠭᠠᠯᠭ᠎ᠠ ᠡᠯᠪᠡᠭ ᠳᠡᠯᠪᠡᠭ
ᠪᠣᠯᠪᠠ᠃ ᠪᠦᠬᠦ ᠤᠯᠤᠰ᠎ᠤᠨ ᠠᠮᠤ
ᠪᠤᠳᠠᠭᠠᠨ᠎ᠤ ᠤᠨᠠᠯᠲᠠ 14298 ᠳ᠋ᠦᠩᠰᠢᠭᠤᠷ ᠵᠢᠩ᠎ᠳᠦ ᠬᠦᠷᠴᠦ᠂ 168 ᠳ᠋ᠦᠩᠰᠢᠭᠤᠷ ᠵᠢᠩ ᠨᠡᠮᠡᠭᠳᠡᠵᠦ᠂
ᠲᠡᠦᠬᠡ᠎ᠶᠢᠨ ᠰᠢᠨ᠎ᠡ ᠲᠡᠮᠳᠡᠭᠯᠡᠯ᠎ᠢ ᠳᠠᠬᠢᠨᠲᠠ ᠡᠭᠦᠳᠴᠦ᠂ ᠬᠣᠶᠠᠷ ᠵᠢᠯ ᠳᠠᠷᠠᠭᠠᠯᠠᠨ 1.4 ᠲᠦᠮᠡᠨ
ᠳ᠋ᠦᠩᠰᠢᠭᠤᠷ ᠵᠢᠩ᠎ᠡᠴᠡ ᠳᠡᠭᠡᠭᠰᠢ ᠬᠡᠮᠵᠢᠶᠡᠨ᠎ᠳᠦ ᠲᠣᠭᠲᠠᠪᠤᠷᠢᠵᠢᠪᠠ᠃

✦ ᠲᠥᠷᠥ᠎ᠶᠢᠨ
ᠶᠠᠪᠤᠳᠠᠯ᠎ᠤᠨ ᠬᠣᠷᠢᠶ᠎ᠠ ᠵᠢᠨ ᠢᠳᠡᠭᠡᠨ᠎ᠦ ᠠᠮᠤᠷ ᠲᠦᠪᠰᠢᠨ ᠤ᠋ ᠠᠯᠪᠠᠨ ᠭᠡᠷ ᠡᠴᠡ ᠤᠯᠤᠰ᠎ᠤᠨ ᠡᠷᠡᠭᠦᠯ
ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ
ᠶᠡᠷᠦᠩᠬᠡᠢ ᠲᠣᠪᠴᠢᠶ᠎ᠠ ᠵᠡᠷᠭᠡ ᠰᠠᠯᠠᠭ᠎ᠠ ᠮᠥᠴᠢᠷ᠎ᠢ ᠵᠣᠬᠢᠶᠠᠨ ᠪᠠᠢᠭᠤᠯᠤᠨ 《ᠢᠳᠡᠭᠡᠨ᠎ᠦ ᠵᠦᠢᠯᠡᠰ᠎ᠤᠨ ᠠᠮᠤᠷ ᠲᠦᠪᠰᠢᠨ ᠤ᠋ ᠤᠯᠤᠰ᠎ᠤᠨ ᠪᠠᠷᠢᠮᠵᠢᠶ᠎ᠠ ᠪᠡᠯᠡᠨ ᠵᠠᠭᠤᠰᠢ》᠂ 《ᠪᠡᠯᠡᠨ ᠵᠠᠭᠤᠰᠢ ᠵᠢᠨ ᠨᠡᠷ᠎ᠡ ᠲᠣᠮᠢᠶ᠎ᠠ ᠪᠠ ᠲᠥᠷᠥᠯ ᠠᠩᠭᠢᠯᠠᠯ》 ᠤ᠋ᠨ ᠡᠬᠡ ᠨᠤᠤᠷᠠᠭ᠎ᠢ ᠲᠤᠭᠤᠷᠪᠢᠵᠦ᠂ ᠣᠢᠷ᠎ᠠ᠎ᠳᠤ ᠨᠡᠢᠭᠡᠮ ᠨᠡᠶ᠋ᠢᠲᠡ᠎ᠡᠴᠡ ᠢᠯᠡ᠎ᠪᠡᠷ
ᠰᠠᠨᠠᠯ ᠬᠤᠷᠢᠶᠠᠬᠤ ᠪᠣᠯᠣᠨ᠎ᠠ᠃

✦ 22᠎ᠤᠨ
ᠡᠳᠦᠷ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ ᠵᠡᠷᠭᠡ 9 ᠰᠠᠯᠠᠭ᠎ᠠ ᠮᠥᠴᠢᠷ ᠬᠠᠮᠲᠤᠷᠠᠨ 《ᠡᠮ᠎ᠦᠨ ᠵᠦᠢᠯᠡᠰ᠎ᠢ ᠵᠢᠵᠢᠭᠯᠡᠨ ᠬᠤᠳᠠᠯᠳᠤᠬᠤ ᠠᠵᠢᠯ ᠲᠥᠷᠥᠯ᠎ᠦᠨ ᠴᠢᠨᠠᠷ ᠰᠠᠢᠲᠠᠢ
ᠬᠥᠭᠵᠢᠯᠲᠡ᠎ᠶᠢ ᠠᠬᠢᠭᠤᠯᠬᠤ ᠲᠤᠬᠠᠢ ᠰᠠᠨᠠᠯ》 ᠨᠡᠢᠲᠡᠯᠡᠵᠦ᠂ ᠦᠢᠯᠡᠴᠢᠯᠡᠭᠡ᠎ᠶᠢ ᠲᠡᠭᠦᠯᠳᠡᠷᠵᠢᠭᠦᠯᠬᠦ᠂ ᠪᠠᠴᠢᠮ ᠪᠠᠢᠳᠠᠯ᠎ᠢ
ᠠᠷᠭᠠᠴᠠᠭᠠᠬᠤ ᠬᠠᠩᠭᠠᠯᠭ᠎ᠠ᠎ᠶᠢ ᠪᠠᠲᠤᠯᠠᠬᠤ᠎ᠶᠢ ᠴᠢᠩᠭᠠᠳᠬᠠᠬᠤ ᠵᠡᠷᠭᠡ 5 ᠲᠠᠯ᠎ᠠ ᠶ᠋ᠢᠨ ᠲᠣᠭᠣᠷᠢᠨ᠎ᠳᠤ 18
ᠵᠦᠢᠯ᠎ᠦᠨ ᠪᠣᠳᠠᠲᠠᠢ ᠠᠷᠭ᠎ᠠ ᠬᠡᠮᠵᠢᠶ᠎ᠡ ᠳᠤᠷᠠᠳᠤᠨ ᠭᠠᠷᠭᠠᠪᠠ᠃
✦ ᠬᠥᠮᠥᠨ᠎ᠦ
ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ᠂ ᠵᠠᠮ ᠬᠠᠷᠢᠯᠴᠠᠭ᠎ᠠ
ᠲᠡᠭᠡᠭᠡᠪᠦᠷᠢ᠎ᠶᠢᠨ ᠶᠠᠮᠤᠨ᠂ ᠬᠦᠳᠡᠭᠡ ᠠᠵᠤ ᠠᠬᠤᠢ ᠬᠥᠳᠡᠭᠡ ᠲᠣᠰᠬᠣᠨ᠎ᠤ ᠶᠠᠮᠤᠨ ᠵᠡᠷᠭᠡ 9 ᠰᠠᠯᠠᠭ᠎ᠠ
ᠮᠥᠴᠢᠷ 1 ᠰᠠᠷ᠎ᠠ᠎ᠠᠴᠠ 3 ᠰᠠᠷ᠎ᠠ ᠪᠣᠯᠲᠠᠯ᠎ᠠ ᠪᠥᠬᠥ ᠤᠯᠤᠰ᠎ᠤᠨ ᠬᠡᠪᠴᠢᠶᠡᠨ᠎ᠳᠦ 2026 ᠣᠨ᠎ᠤ 《ᠤᠷᠢᠬᠠᠨ ᠬᠠᠪᠤᠷ ᠠᠵᠢᠯᠯᠠᠭ᠎ᠠ》 ᠵᠢᠴᠢ
ᠠᠵᠢᠯ ᠣᠯᠭᠣᠯᠲᠠ᠎ᠶᠢᠨ ᠲᠤᠰᠠᠯᠠᠮᠵᠢ᠎ᠶᠢᠨ ᠤᠯᠠᠷᠢᠯ᠎ᠤᠨ ᠠᠵᠢᠯᠯᠠᠭ᠎ᠠ᠎ᠶᠢ ᠪᠠᠢᠷᠢᠯᠠᠭᠤᠯᠤᠨ ᠥᠷᠨᠢᠭᠦᠯᠬᠦ
ᠪᠤᠯᠤᠨ᠎ᠠ᠃
✦ 22᠎ᠤᠨ
ᠡᠳᠦᠷ᠂ ᠰᠤᠷᠭᠠᠨ ᠬᠥᠮᠦᠵᠢᠯ᠎ᠦᠨ ᠶᠠᠮᠤᠨ ᠮᠡᠳᠡᠭᠳᠡᠯ ᠨᠡᠢᠲᠡᠯᠡᠵᠦ᠂ 2026 ᠣᠨ᠎ᠤ ᠡᠩ᠎ᠦᠨ ᠶᠡᠬᠡ ᠳᠡᠭᠡᠳᠦ
ᠰᠤᠷᠭᠠᠭᠤᠯᠢ᠎ᠶᠢᠨ ᠰᠣᠷᠣᠭ᠍ᠴᠢ ᠡᠯᠰᠡᠬᠦ ᠠᠵᠢᠯ᠎ᠳᠤ ᠪᠠᠢᠷᠢᠯᠠᠭᠤᠯᠤᠯᠲᠠ ᠬᠢᠵᠦ᠂ 2026 ᠣᠨ᠎ᠤ ᠡᠩ ᠦ᠋ᠨ
ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠤᠯᠤᠰ᠎ᠤᠨ ᠨᠢᠭᠡᠳᠦᠯᠲᠡᠢ ᠰᠢᠯᠭᠠᠯᠲᠠ 6
ᠰᠠᠷ᠎ᠠ᠎ᠶᠢᠨ 7᠂ 8᠎ᠤ ᠡᠳᠦᠷ ᠶᠠᠪᠤᠭᠳᠠᠨ᠎ᠠ ᠭᠡᠵᠡᠢ᠃
✦ ᠥᠪᠥᠷ
ᠮᠣᠩᠭᠣᠯ᠎ᠤᠨ ᠶᠡᠬᠡ ᠰᠤᠷᠭᠠᠭᠤᠯᠢ᠎ᠠᠴᠠ ᠣᠢᠯᠠᠭᠠᠭᠰᠠᠨ ᠵᠢᠡᠷ᠂ ᠲᠣᠰ ᠰᠤᠷᠭᠠᠭᠤᠯᠢ᠎ᠶᠢᠨ ᠬᠢᠮᠢ᠎ᠶᠢᠨ ᠠᠵᠤ
ᠦᠢᠯᠡᠳᠪᠦᠷᠢ᠎ᠶᠢᠨ ᠳᠡᠭᠡᠳᠦ ᠰᠤᠷᠭᠠᠭᠤᠯᠢ ᠵᠢᠨ ᠬᠢᠨ ᠡᠨᠧᠷᠭᠢ ᠠᠷᠪᠢᠯᠠᠬᠤ ᠪᠣᠬᠢᠷᠲᠤᠯ ᠦᠭᠡᠢ
ᠤᠰᠤᠲᠥ᠋ᠷᠥᠭᠴᠢ ᠬᠣᠯᠪᠤᠭᠠᠯᠠᠨ ᠦᠢᠯᠡᠳᠪᠦᠷᠢᠯᠡᠬᠦ ᠥᠨᠳᠥᠷ ᠨᠡᠮᠡᠯᠲᠡ ᠥᠷᠲᠡᠭ ᠪᠦᠬᠦᠢ ᠬᠢᠮᠢ᠎ᠶᠢᠨ
ᠪᠣᠳᠠᠰ᠎ᠤᠨ ᠬᠦᠷᠢᠶᠡᠨ᠎ᠳᠦ ᠴᠢᠬᠤᠯᠠ ᠶᠡᠬᠡ ᠰᠢᠪᠲᠤᠯᠤᠯᠲᠠ ᠭᠠᠷᠭᠠᠵᠤ᠂ ᠳᠡᠯᠡᠬᠡᠢ ᠶ᠋ᠢᠨ ᠠᠮᠢᠳᠤ ᠪᠣᠳᠠᠰ᠎ᠤᠨ
ᠢᠨᠵᠧᠨᠧᠷᠢᠩ᠎ᠦᠨ ᠨᠠᠷᠠᠲᠤ ᠰᠡᠳᠬᠦᠯ᠎ᠳᠦ ᠰᠤᠳᠤᠯᠭᠠᠨ᠎ᠤ ᠦᠷ᠎ᠡ ᠪᠦᠲᠦᠭᠡᠯ᠎ᠢᠶᠡᠨ ᠨᠡᠢᠲᠡᠯᠡᠪᠡ᠃

✦ ᠥᠪᠥᠷ
ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ
ᠮᠠᠯᠵᠢᠬᠤ ᠤᠷᠤᠨ᠎ᠤ ᠲᠢᠩᠬᠢᠮ᠎ᠡᠴᠡ ᠣᠢᠯᠠᠭᠠᠭᠰᠠᠨ᠎ᠢᠶᠠᠷ᠂ 2025 ᠣᠨ᠎ᠳᠤ ᠥᠪᠥᠷ ᠮᠣᠩᠭᠣᠯ᠎ᠤᠨ ᠦᠬᠡᠷ᠎ᠦᠨ
ᠮᠢᠬᠠᠨ᠎ᠤ ᠭᠠᠷᠤᠯᠲᠠ ᠲᠡᠦᠬᠡᠨ ᠳᠡᠭᠡᠷᠡᠬᠢ ᠬᠠᠮᠤᠭ᠎ᠤᠨ ᠶᠡᠬᠡ ᠨᠡᠮᠡᠭᠳᠡᠯ᠎ᠦᠨ ᠬᠡᠮᠵᠢᠶ᠎ᠡ᠎ᠶᠢ ᠡᠭᠦᠳᠴᠦ᠂
ᠠᠩᠬ᠎ᠠ ᠤᠳᠠᠭ᠎ᠠ 100 ᠲᠦᠮᠡᠨ ᠲᠣᠨ᠎ᠢ ᠳᠠᠪᠠᠵᠠᠢ᠃
✦ ᠤᠢᠷ᠎ᠠ
ᠳ᠋ᠤ 5000 ᠲᠣᠨ᠎ᠤ ᠠᠴᠢᠶ᠎ᠠ ᠪᠦᠬᠦᠢ 7 ᠴᠤᠪᠤᠭ᠎ᠠ ᠭᠠᠯᠲᠤ ᠲᠡᠷᠭᠡ ᠣᠷᠳᠣᠰ ᠬᠣᠲᠠ᠎ᠶᠢᠨ ᠳᠠᠯᠠᠳ ᠬᠣᠢᠲᠤ
ᠥᠷᠲᠡᠭᠡ᠎ᠳᠦ ᠳᠡᠯᠡᠬᠡᠢ᠎ᠶᠢᠨ ᠠᠩᠬ᠎ᠠ ᠤᠳᠠᠭᠠᠨ᠎ᠤ ᠠᠦ᠋ᠲ᠋ᠣ᠋ ᠡᠩᠨᠡᠭᠡ᠎ᠪᠡᠷ ᠵᠢᠯᠤᠭᠣᠳᠬᠤ ᠲᠤᠷᠰᠢᠯᠲᠠ᠎ᠶᠢ
ᠪᠡᠶᠡᠯᠡᠭᠦᠯᠵᠦ᠂ ᠲᠡᠭᠡᠭᠡᠪᠦᠷᠢ᠎ᠶᠢᠨ ᠦᠷ᠎ᠡ ᠪᠦᠲᠦᠮᠵᠢ 50%᠎ᠶᠢ ᠳᠠᠪᠠᠵᠦ᠂ ᠳᠤᠮᠳᠠᠳᠤ ᠤᠯᠤᠰ ᠪᠦᠬᠦ
ᠪᠥᠮᠪᠥᠷᠴᠡᠭ᠎ᠦᠨ ᠬᠦᠨᠳᠦ ᠠᠴᠢᠶᠠᠨ᠎ᠤ ᠲᠡᠮᠦᠷ ᠵᠠᠮ᠎ᠳᠤ ᠬᠠᠭᠤᠯᠪᠤᠷᠢᠯᠠᠵᠤ ᠪᠣᠯᠬᠤ ᠮᠡᠷᠭᠡᠵᠢᠯ᠎ᠦᠨ
ᠲᠤᠷᠰᠢᠯᠭ᠎ᠠ ᠬᠠᠨᠭᠭᠠᠵᠠᠢ᠃

✦ 20᠎ᠡᠴᠡ
21᠎ᠦ ᠡᠳᠦᠷ ᠪᠣᠯᠲᠠᠯ᠎ᠠ᠂ ᠭᠡᠭᠡᠨ ᠭᠣᠣᠯ ᠬᠣᠲᠠ᠎ᠶᠢᠨ ᠰᠥᠨᠢ ᠶ᠋ᠢᠨ ᠣᠭᠲᠠᠷᠭᠤᠢ᠎ᠳᠤ ᠬᠣᠪᠣᠷ ᠲᠣᠬᠢᠶᠠᠯᠳᠤᠬᠤ
ᠭᠠᠵᠠᠷ᠎ᠤᠨ ᠰᠣᠷᠢᠨᠵᠢᠨ ᠰᠢᠭᠤᠷᠭ᠎ᠠ ᠶ᠋ᠢᠨ ᠠᠵᠢᠯᠯᠠᠭ᠎ᠠ᠎ᠡᠴᠡ ᠪᠤᠯᠤᠭᠰᠠᠨ ᠤᠯᠠᠭᠠᠨ ᠲᠤᠢᠯ᠎ᠤᠨ ᠲᠤᠶᠠᠭ᠎ᠠ
ᠢᠯᠡᠷᠡᠵᠦ᠂ 12 ᠴᠠᠭ ᠰᠢᠬᠠᠮ ᠦᠷᠭᠦᠯᠵᠢᠯᠡᠪᠡ᠃ ᠡᠨᠡ ᠤᠳᠠᠭᠠᠨ᠎ᠤ ᠲᠤᠢᠯ ᠤ᠋ᠨ ᠲᠤᠶᠠᠭ᠎ᠠ ᠶ᠋ᠢᠨ ᠦᠵᠡᠭᠳᠡᠯ
ᠨᠢ 19᠎ᠦ ᠡᠳᠦᠷ᠎ᠦᠨ ᠥᠷᠯᠥᠭᠡ ᠨᠡᠷᠡᠨ ᠤ᠋ X ᠲᠠᠰ᠎ᠤᠨ
ᠲᠣᠮᠣ᠌ ᠭᠢᠯᠪᠠᠬᠤ ᠲᠣᠯᠪᠣ᠎ᠠᠴᠠ ᠡᠭᠦᠰᠦᠭᠰᠡᠨ ᠳᠡᠯᠡᠬᠡᠢ᠎ᠶᠢᠨ ᠰᠣᠷᠢᠨᠵᠢᠨ ᠰᠢᠭᠤᠷᠭ᠎ᠠ᠎ᠶᠢᠨ
ᠠᠵᠢᠯᠯᠠᠭ᠎ᠠ᠎ᠠᠴᠠ ᠪᠤᠯᠤᠭᠰᠠᠨ ᠶᠤᠮ᠃

✦ ᠣᠢᠷ᠎ᠠ᠎ᠳᠤ
ᠠᠪᠠᠭ᠎ᠠ ᠬᠣᠰᠢᠭᠤ 2025 ᠣᠨ᠎ᠤ ᠨᠡᠢᠭᠡᠮᠴᠢᠯᠡᠭᠰᠡᠨ ᠦᠢᠯᠡᠴᠢᠯᠡᠭᠡᠨ᠎ᠦ ᠮᠡᠷᠭᠡᠵᠢᠯᠲᠡᠨ᠎ᠦ ᠲᠤᠰᠬᠠᠢ
ᠮᠡᠷᠭᠡᠵᠢᠯ᠎ᠦᠨ ᠴᠢᠳᠠᠪᠤᠷᠢ᠎ᠶᠢ ᠳᠡᠭᠡᠭᠰᠢᠯᠡᠭᠦᠯᠬᠦ ᠪᠣᠯᠪᠠᠰᠤᠷᠠᠯ᠎ᠤᠨ ᠠᠩᠭᠢ ᠡᠷᠭᠢᠯᠡᠵᠦ᠂ ᠰᠢᠯᠭᠠᠯᠲᠠ᠎ᠳᠤ
ᠣᠷᠣᠯᠴᠠᠭᠰᠠᠨ 69 ᠬᠥᠮᠥᠨ ᠴᠥᠮ ᠬᠢᠷᠢ ᠲᠡᠩᠴᠡᠭᠰᠡᠨ ᠪᠥᠭᠡᠳ ᠪᠥᠬᠥ ᠤᠯᠤᠰ ᠲᠦ᠍ ᠨᠡᠢᠳᠡᠮ ᠬᠡᠷᠡᠭᠯᠡᠭᠳᠡᠬᠦ᠂
ᠠᠯᠪᠠᠨ᠎ᠤ ᠰᠦᠯᠵᠢᠶ᠎ᠡ᠎ᠡᠴᠡ ᠪᠠᠢᠴᠠᠭᠠᠵᠤ ᠪᠣᠯᠬᠤ ᠠᠵᠢᠯ ᠮᠡᠷᠭᠡᠵᠢᠯ᠎ᠦᠨ ᠤᠷ᠎ᠠ ᠴᠢᠳᠠᠪᠤᠷᠢ ᠵᠢᠨ ᠦᠨᠡᠮᠯᠡᠯ
ᠣᠯᠵᠤ᠂ ᠬᠢᠷᠢ ᠲᠡᠩᠴᠡᠭᠰᠡᠨ ᠨᠣᠷᠮ᠎ᠠ ᠨᠢ 100% ᠬᠦᠷᠴᠠᠢ᠃

ᠠᠵᠤ ᠠᠬᠤᠢ
✦ ᠣᠢᠷ᠎ᠠ᠎ᠳᠤ
ᠦᠢᠯᠡᠳᠪᠦᠷᠢ ᠬᠤᠳᠠᠯᠳᠤᠭᠠᠨ᠎ᠤ ᠪᠠᠩᠬᠢ ᠵᠡᠷᠭᠡ 6 ᠪᠠᠩᠬᠢ ᠴᠥᠮ ᠠᠯᠪᠠᠨ ᠵᠠᠷᠯᠠᠯ ᠨᠡᠢᠲᠡᠯᠡᠵᠦ᠂ ᠬᠤᠪᠢ
ᠬᠥᠮᠥᠨ᠎ᠦ ᠬᠡᠷᠡᠭᠯᠡᠭᠡᠨ᠎ᠦ ᠵᠢᠭᠡᠯᠡᠯᠭᠡ ᠳ᠋ᠤ ᠬᠦᠦᠮᠦᠨᠭᠭᠦ ᠵᠢᠨ ᠨᠦᠬᠦᠪᠦᠷᠢ ᠤᠯᠭᠤᠬᠤ ᠲᠥᠷᠥ᠎ᠶᠢᠨ
ᠪᠣᠳᠣᠯᠭ᠎ᠠ᠎ᠶᠢ ᠨᠠᠢᠳᠠᠪᠤᠷᠢᠵᠢᠭᠤᠯᠬᠤ ᠬᠠᠮᠢᠶ᠎ᠠ ᠪᠦᠬᠦᠢ ᠦᠢᠯᠡᠴᠢᠯᠡᠭᠡ᠎ᠶᠢ ᠰᠢᠯᠢᠳᠡᠭᠵᠢᠭᠦᠯᠦᠨ᠎ᠡ
ᠭᠡᠵᠡᠢ᠃
✦ ᠥᠪᠡᠷᠲᠡᠭᠡᠨ
ᠵᠠᠰᠠᠬᠤ ᠣᠷᠣᠨ᠎ᠤ ᠪᠡᠶ᠎ᠡ᠎ᠶᠢᠨ ᠲᠠᠮᠢᠷ᠎ᠤᠨ ᠲᠣᠪᠴᠢᠶ᠎ᠠ ᠠ᠋ᠴᠠ ᠣᠢᠯᠠᠭᠠᠭᠰᠠᠨ ᠵᠢᠡᠷ᠂ ᠡᠪᠦᠯ᠎ᠦᠨ
ᠠᠮᠠᠷᠠᠯᠲᠠ ᠵᠢᠨ ᠬᠤᠭᠤᠴᠠᠭᠠᠨ ᠳ᠋ᠤ᠂ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶᠢᠨ ᠲᠠᠮᠢᠷ᠎ᠤᠨ ᠲᠣᠪᠴᠢᠶ᠎ᠠ
ᠡᠴᠡ ᠰᠤᠷᠤᠭᠴᠢᠳ ᠲᠦ᠍ ᠬᠠᠨᠳᠤᠭᠤᠯᠤᠨ 150 ᠲᠦᠮᠡᠨ ᠲᠥᠭᠥᠷᠢᠭ᠎ᠦᠨ ᠬᠡᠷᠡᠭᠯᠡᠭᠡ᠎ᠶᠢ ᠠᠬᠢᠭᠤᠯᠬᠤ ᠲᠤᠰᠬᠠᠢ
ᠪᠡᠯᠡ ᠮᠥᠩᠭᠥ ᠭᠠᠷᠭᠠᠵᠤ ᠬᠡᠷᠡᠭᠯᠡᠭᠡᠨ᠎ᠦ ᠲᠡᠮᠳᠡᠭᠲᠦ ᠲᠠᠷᠬᠠᠭᠠᠪᠡ᠃
ᠰᠣᠶᠣᠯ
✦ ᠤᠢᠷ᠎ᠠ
ᠳ᠋ᠤ ᠤᠲᠤᠭ ᠬᠣᠰᠢᠭᠤᠨ᠎ᠤ ᠨᠡᠢᠭᠡᠮ ᠲᠣᠭᠣᠷᠢᠭ᠋᠎ᠤᠨ ᠨᠠᠰᠤᠲᠠᠢᠴᠤᠳ ᠤ᠋ᠨ ᠰᠤᠷᠭᠠᠨ ᠬᠥᠮᠦᠵᠢᠯ᠎ᠦᠨ ᠬᠠᠷᠢᠭᠤ
ᠮᠡᠳᠡᠭᠦᠯᠦᠯᠲᠡ᠎ᠶᠢᠨ ᠲᠣᠭᠯᠠᠯᠲᠠ ᠤᠲᠤᠭ ᠬᠣᠰᠢᠭᠤᠨ᠎ᠤ
ᠠᠵᠢᠯ ᠮᠡᠷᠭᠡᠵᠢᠯ᠎ᠤᠨ ᠶᠡᠷᠦᠩᠬᠡᠢᠯᠡᠭᠰᠡᠨ ᠳᠤᠮᠳᠠᠳᠤ ᠰᠤᠷᠭᠠᠭᠤᠯᠢ ᠳ᠋ᠤ ᠶᠠᠪᠤᠭᠳᠠᠵᠤ᠂ ᠬᠣᠶᠠᠷ
ᠬᠤᠭᠤᠴᠠᠭᠠᠨ᠎ᠤ ᠠᠷᠠᠳ᠎ᠤᠨ ᠳᠠᠭᠤᠤ᠎ᠶᠢᠨ ᠪᠣᠯᠪᠠᠰᠤᠷᠠᠯ᠎ᠤᠨ ᠦᠷ᠎ᠡ ᠪᠦᠲᠦᠮᠵᠢ᠎ᠶᠢ ᠲᠥᠪᠯᠡᠷᠡᠩᠭᠦᠢ
ᠬᠠᠷᠠᠭᠤᠯᠵᠤ᠂ ᠤᠲᠤᠭ ᠬᠣᠰᠢᠭᠤᠨ᠎ᠤ ᠨᠠᠰᠤᠲᠠᠢᠴᠤᠳ᠎ᠤᠨ ᠰᠤᠷᠭᠠᠨ ᠬᠥᠮᠦᠵᠢᠯ ᠤ᠋ᠨ ᠠᠮᠵᠢᠯᠲᠠ ᠵᠢ
ᠬᠠᠷᠠᠭᠤᠯᠤᠭᠰᠠᠨ ᠪᠠᠢᠨ᠎ᠠ᠃

ᠲᠠᠮᠢᠷ
✦ 23 ᠤ᠋ ᠡᠳᠦᠷ᠂ ᠤᠯᠤᠰ᠎ᠤᠨ ᠪᠡᠶ᠎ᠡ᠎ᠶᠢᠨ ᠲᠠᠮᠢᠷ᠎ᠤᠨ
ᠶᠡᠷᠦᠩᠬᠡᠢ ᠲᠣᠪᠴᠢᠶ᠎ᠠ᠎ᠶᠢᠨ ᠡᠪᠦᠯ᠎ᠦᠨ ᠤᠯᠠᠷᠢᠯ᠎ᠤᠨ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ
ᠬᠠᠮᠢᠶᠠᠷᠤᠯᠲᠠ᠎ᠶᠢᠨ ᠲᠥᠪ᠎ᠡᠴᠡ ᠮᠢᠯᠠᠨ᠎ᠤ ᠡᠪᠦᠯ ᠦ᠋ᠨ ᠤᠯᠠᠷᠢᠯ᠎ᠤᠨ ᠣᠯᠢᠮᠫᠢᠺ ᠤ᠋ᠨ ᠲᠠᠮᠢᠷ᠎ᠤᠨ
ᠴᠤᠭᠯᠠᠭᠠᠨ᠎ᠳᠤ ᠣᠷᠣᠯᠴᠠᠬᠤ ᠳᠤᠮᠳᠠᠳᠤ ᠤᠯᠤᠰ᠎ᠤᠨ ᠠᠩᠭᠢ
ᠶ᠋ᠢᠨ ᠲᠠᠮᠢᠷᠴᠢᠳ᠎ᠤᠨ ᠨᠡᠷᠡᠰ᠎ᠢ ᠨᠡᠢᠲᠡᠯᠡᠵᠦ᠂ ᠨᠡᠢᠳᠡ 124 ᠲᠠᠮᠢᠷᠴᠢᠨᠤᠷᠤᠯᠴᠠᠬᠤ ᠪᠤᠯᠤᠨ᠎ᠠ᠃
✦ ᠤᠢᠷ᠎ᠠ
ᠳ᠋ᠤ ᠦᠦᠰᠢᠨ ᠬᠣᠰᠢᠭᠤᠨ᠎ᠤ ᠰᠤᠷ ᠬᠠᠷᠪᠤᠬᠤ ᠨᠡᠢᠭᠡᠮᠯᠢᠭ ᠦ᠋ᠨ 15 ᠳ᠋ᠤᠭᠠᠷ ᠬᠤᠭᠤᠴᠠᠭᠠᠨ᠎ᠤ 《ᠦᠨᠳᠦᠰᠦᠲᠡᠨ᠎ᠦ ᠪᠦᠯᠬᠦᠮᠳᠡᠯ》 ᠬᠤᠨᠳᠠᠭᠠᠲᠤ
ᠰᠤᠷ ᠬᠠᠷᠪᠤᠬᠤ ᠰᠣᠷᠢᠶ᠎ᠠ ᠤᠷᠤᠯᠳᠤᠭᠠᠨ ᠲᠤᠭ ᠪᠠᠯᠭᠠᠰᠤᠨᠳ᠋ᠤ ᠶᠠᠪᠤᠭᠳᠠᠵᠤ᠂ ᠪᠥᠬᠥ ᠬᠣᠰᠢᠭᠤᠨ᠎ᠤ
ᠨᠠᠶᠠᠭᠠᠳ ᠬᠠᠷᠪᠤᠭᠠᠴᠢᠨ ᠤᠷᠣᠯᠴᠠᠪᠠ᠃ ᠤᠷᠤᠯᠳᠤᠭᠠᠨ ᠨᠢ ᠤᠯᠠᠮᠵᠢᠯᠠᠯᠲᠤ 《ᠰᠤᠷ ᠬᠠᠷᠪᠤᠭ᠎ᠠ》᠎ᠶᠢᠨ ᠤᠷᠤᠯᠳᠤᠭᠠᠨ᠎ᠤ ᠳᠦᠷᠢᠮ᠎ᠢ
ᠴᠢᠩᠭ᠎ᠠ ᠵᠢᠷᠤᠮᠯᠠᠨ᠂ ᠡᠷᠡᠭᠲᠡᠢ ᠡᠮᠡᠭᠲᠡᠢ᠎ᠶᠢᠨ ᠳᠤᠭᠤᠢᠯᠠᠩ ᠬᠤᠪᠢᠶᠠᠨ᠂ ᠬᠦᠮᠦᠨ ᠨᠢᠭᠡᠪᠦᠷᠢ 5 ᠡᠭᠡᠯᠵᠢ
ᠬᠠᠷᠪᠤᠵᠤ᠂ ᠬᠠᠮᠤᠭ ᠡᠴᠦᠰ᠎ᠦᠨ ᠳ᠋ᠦᠩ᠎ᠢ ᠦᠨᠳᠦᠰᠦᠯᠡᠨ ᠦᠷ᠎ᠠ ᠳ᠋ᠦᠨᠭᠢ ᠨᠢ ᠰᠢᠯᠭᠠᠷᠠᠭᠤᠯᠤᠭᠰᠠᠨ ᠪᠠᠢᠨ᠎ᠠ᠃

ᠳᠡᠯᠡᠬᠡᠢ
✦ ᠲᠥᠪ
ᠲᠧᠯᠸᠢᠰ᠎ᠦᠨ ᠮᠡᠳᠡᠭᠡ ᠵᠢ ᠦᠨᠳᠦᠰᠦᠯᠡᠪᠡᠯ᠂ 22᠎ᠤᠨ ᠡᠳᠦᠷ᠂ ᠠᠮᠧᠷᠢᠺᠠ ᠣᠯᠠᠨ ᠤᠯᠤᠰ᠎ᠤᠨ ᠬᠣᠯᠪᠣᠭᠠᠲᠤ
ᠪᠠᠢᠭᠤᠯᠭ᠎ᠠ᠎ᠳᠤ ᠵᠢᠩᠬᠢᠨᠢ ᠪᠡᠷ ᠳᠡᠯᠡᠬᠡᠢ᠎ᠶᠢᠨ ᠡᠷᠡᠭᠦᠯ ᠬᠠᠮᠠᠭᠠᠯᠠᠯ᠎ᠤᠨ ᠵᠣᠬᠢᠶᠠᠨ ᠪᠠᠢᠭᠤᠯᠤᠯᠲᠠ ᠡᠴᠠ
ᠭᠠᠷᠬᠤ ᠭᠤᠶᠤᠴᠢᠯᠠᠯ ᠳᠡᠪᠰᠢᠭᠦᠯᠦᠭᠡᠳ ᠪᠦᠬᠦᠯᠢ ᠨᠢᠭᠡ ᠵᠢᠯ ᠪᠣᠯᠪᠠ᠂ ᠡᠨᠡ ᠨᠢ ᠠᠮᠧᠷᠢᠺᠠ ᠲᠦᠷᠢᠮ᠎ᠤᠨ ᠳᠠᠭᠠᠤ
ᠨᠢᠭᠡᠨᠲᠡ ᠳᠡᠯᠡᠬᠡᠢ᠎ᠶᠢᠨ ᠡᠷᠡᠭᠦᠯ ᠬᠠᠮᠠᠭᠠᠯᠠᠯ ᠤ᠋ᠨ ᠵᠣᠬᠢᠶᠠᠨ ᠪᠠᠢᠭᠤᠯᠤᠯᠲᠠ᠎ᠠᠴᠠ ᠵᠢᠩᠬᠢᠨᠢ᠎ᠪᠡᠷ
ᠭᠠᠷᠤᠭᠰᠠᠨ᠎ᠢ ᠬᠠᠷᠠᠭᠤᠯᠵᠤ ᠪᠠᠢᠨ᠎ᠠ᠃

✦ ᠠᠮᠧᠷᠢᠺᠠ᠎ᠶᠢᠨ 《ᠸᠣᠯ ᠵᠡᠭᠡᠯᠢ᠎ᠶᠢᠨ ᠡᠳᠦᠷ᠎ᠦᠨ ᠰᠣᠨᠢᠨ》 ᠤ᠋ ᠮᠡᠳᠡᠭᠡᠯᠡᠭᠰᠡᠨ ᠵᠢᠡᠷ᠂ ᠲᠸᠷᠠᠮᠫᠦ᠋᠎ᠶᠢᠨ ᠵᠠᠰᠠᠭ᠎ᠤᠨ
ᠣᠷᠳᠣᠨ ᠶᠠᠭ ᠺᠦᠪᠡ᠎ᠶᠢᠨ ᠵᠠᠰᠠᠭ᠎ᠤᠨ ᠣᠷᠳᠣᠨ᠎ᠤ ᠳᠣᠲᠣᠭᠠᠳᠤ᠎ᠡᠴᠡ 《ᠳᠤᠳᠤᠷᠠᠬᠢ
ᠬᠦᠮᠦᠨ》 ᠡᠷᠢᠵᠦ᠂ 《ᠡᠨᠡ
ᠵᠢᠯ᠎ᠦᠨ ᠡᠴᠦᠰ᠎ᠡᠴᠡ ᠡᠮᠦᠨ᠎ᠡ ᠺᠦᠪᠡ᠎ᠶᠢᠨ ᠵᠠᠰᠠᠭ᠎ᠤᠨ ᠡᠷᠬᠡ᠎ᠶᠢ ᠨᠤᠷᠠᠭᠠᠬᠤ ᠪᠠᠷ ᠲᠦᠯᠦᠪᠯᠡᠵᠦ ᠪᠠᠢᠨ᠎ᠠ》 ᠭᠡᠵᠡᠢ᠃
ᠦᠢᠯᠡᠴᠢᠯᠡᠭᠡ
✦ ᠪᠤᠭᠤᠲᠤ᠎ᠶᠢᠨ
ᠵᠠᠮ ᠬᠠᠷᠢᠯᠴᠠᠭᠠᠨ᠎ᠤ ᠪᠡᠯᠡ ᠣᠷᠣᠭᠤᠯᠤᠯᠲᠠ᠎ᠶᠢᠨ ᠪᠦᠯᠦᠭᠯᠡᠯ ᠦ᠋ᠨ ᠬᠢᠵᠠᠭᠠᠷᠲᠤ ᠺᠣᠮᠫᠠᠨᠢ 37 ᠠᠵᠢᠯᠲᠠᠨ
ᠡᠯᠰᠡᠨ᠎ᠠ᠃
ᠲᠠᠨ᠎ᠤ ᠲᠤᠰᠠ᠎ᠳᠤ
✦ ᠭᠦᠵᠡᠯᠵᠡᠭᠡᠨ᠎ᠡ᠎ᠶᠢᠨ
ᠰᠢᠬᠢᠷ᠎ᠦᠨ ᠵᠢᠭᠠᠯᠲᠠ ᠲᠣᠭ᠎ᠠ ᠬᠠᠷᠢᠴᠠᠩᠭᠤᠢ᠎ᠪᠠᠷ ᠨᠡᠯᠢᠶᠡᠳ ᠳᠣᠣᠷ᠎ᠠ ᠪᠠᠢᠵᠤ᠂ ᠴᠢᠰᠤᠨ ᠰᠢᠬᠢᠷ᠎ᠢ
ᠳᠡᠭᠡᠭᠰᠢᠯᠡᠬᠦᠯᠬᠦ
ᠬᠤᠷᠳᠤᠴᠠ ᠨᠡᠯᠢᠶᠡᠳ ᠤᠳᠠᠭᠠᠨ᠂ ᠴᠢᠰᠤᠨ ᠰᠢᠬᠢᠷ᠎ᠦᠨ ᠲᠦᠷᠭᠡᠨ ᠬᠡᠯᠪᠡᠯᠵᠡᠯ᠎ᠢ ᠡᠭᠦᠰᠬᠡᠬᠦ ᠦᠭᠡᠢ ᠪᠠᠢᠳᠠᠭ᠃
ᠵᠣᠬᠢᠬᠤ ᠬᠡᠮᠵᠢᠶᠡᠨ᠎ᠦ ᠢᠳᠡᠭᠡᠨ᠎ᠦ ᠰᠢᠷᠬᠡᠭᠯᠢᠭ ᠠᠭᠤᠯᠵᠤ᠂ ᠴᠠᠳᠬᠤᠯᠠᠩ ᠪᠠᠢᠬᠤ ᠲᠥᠷᠥᠭᠳᠡᠯ᠎ᠢ
ᠨᠡᠮᠡᠭᠳᠡᠭᠦᠯᠦᠨ᠂ ᠦᠵᠦᠮ᠎ᠦᠨ ᠰᠢᠬᠢᠷ᠎ᠦᠨ ᠰᠢᠩᠭᠡᠭᠡᠯᠲᠡ᠎ᠶᠢᠨ ᠬᠤᠷᠳᠤᠴᠠ᠎ᠶᠢ ᠤᠳᠠᠭᠠᠰᠢᠷᠠᠭᠤᠯᠳᠠᠭ᠃
ᠡᠭᠦᠨ᠎ᠡᠴᠡ ᠭᠠᠳᠠᠨ᠎ᠠ ᠢᠰᠦᠯᠳᠦᠬᠦ᠎ᠶᠢ ᠡᠰᠡᠷᠭᠦᠴᠡᠬᠦ ᠡᠳ᠋ ᠡᠯᠪᠡᠭ ᠠᠭᠤᠯᠤᠭᠳᠠᠵᠤ᠂ ᠦᠷᠪᠢᠰᠦᠯ ᠦ᠋ᠨ
ᠤᠷᠪᠠᠯ᠎ᠢ ᠪᠠᠭᠠᠰᠬᠠᠳᠠᠭ᠃

ᠵᠠᠯᠭᠠᠭᠠᠳ 《ᠮᠦᠨᠭᠬᠡ
ᠵᠢᠨ ᠷᠠᠰᠢᠶᠠᠨ ᠪᠠᠢᠭᠠᠰᠠᠢ》 ᠬᠡᠬᠦ ᠲᠠᠭᠤᠤ
ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ᠎ᠤ
ᠬᠦᠯᠢᠶᠡᠨ ᠠᠪᠴᠤ᠌ ᠰᠤᠨᠤᠰᠤᠬ᠍ᠰᠠᠨ ᠳ᠋ᠤ
ᠪᠠᠶᠠᠷᠯᠠᠯ᠎ᠠ᠂ ᠪᠠᠶᠠᠷᠳᠠᠢ ︕
(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ
ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ
ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ
ᠬᠤᠳᠠ᠂ ᠬᠤᠰᠢᠭᠤ ᠰᠢᠶᠠᠨ᠎ᠤ ᠵᠢᠷᠬᠢᠶ᠎ᠠ᠎ᠶᠢᠨ ᠲᠠᠪᠴᠠᠩ)