1 ᠰᠠᠷ᠎ᠠ᠎ᠶ᠋ᠢᠨ 26᠎ᠦ ᠡᠳᠦᠷ
ᠡᠬᠢᠯᠡᠬᠦ᠌ ᠴᠠᠭ᠄
2026-01-26 10:58:50
ᠨᠠᠶ᠋ᠢᠷᠠᠭᠤᠯᠤᠭᠴᠢ ᠄

ᠨᠡᠪᠲᠡᠷᠡᠬᠦᠯᠦᠭᠴᠢ ᠄

ᠮᠡᠷᠭᠡᠵᠢᠯ ᠄
  
ᠤᠩᠰᠢᠭᠰᠠᠨ ᠤᠳᠠᠭ᠎ᠠ᠄

12.jpg


a33a6da6-e4cd-49ab-b25f-1b7daf3e22ec.png


1. 天气预报模板_01.png


82977bbe-94cf-4609-adcb-26a656232fe8.png


ᠨᠡᠢᠭᠡᠮ

✦ᠣᠢᠷ᠎ᠠ᠎ᠳᠤ ᠳᠤᠮᠳᠠᠳᠤ ᠤᠯᠤᠰ᠎ᠤᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠤᠨ ᠰᠤᠳᠤᠯᠭᠠᠳᠠᠳ ᠨᠢᠭᠡᠨ ᠪᠡᠶ᠎ᠡ᠎ᠪᠡᠨ ᠳᠠᠭᠠᠭᠠᠭᠰᠠᠨ ᠨᠢᠳᠦᠨ᠎ᠦ ᠰᠠᠯᠠᠭᠠᠨ᠎ᠤ ᠮᠡᠰᠡ ᠵᠠᠰᠠᠯ᠎ᠤᠨ ᠪᠢᠴᠢᠯ ᠮᠠᠰᠢᠨ ᠬᠥᠮᠥᠨ᠎ᠦ ᠰᠢᠰᠲᠧᠮ᠎ᠢ ᠠᠮᠵᠢᠯᠲᠠ ᠲᠠᠢ ᠰᠤᠳᠤᠯᠤᠨ ᠪᠦᠲᠦᠭᠡᠵᠦ᠂ ᠨᠢᠳᠦᠨ᠎ᠦ ᠳᠤᠳᠤᠭᠠᠳᠤ ᠣᠷᠣᠨ ᠵᠠᠢ᠎ᠳᠡᠬᠢ ᠨᠢᠳᠦᠨ ᠤ᠋ ᠲᠣᠣᠷᠯᠢᠭ᠋ ᠪᠦᠷᠬᠦᠪᠴᠢ᠎ᠶᠢᠨ ᠳᠣᠣᠷ᠎ᠠ ᠵᠡᠭᠦᠯᠡᠬᠦ ᠪᠠ ᠴᠢᠰᠤᠨ ᠰᠤᠳᠠᠯ᠎ᠳᠤ ᠵᠡᠭᠦᠯᠡᠬᠦ ᠶ᠋ᠢ ᠪᠡᠶ᠎ᠡ᠎ᠪᠡᠨ ᠳᠠᠭᠠᠭᠠᠵᠤ ᠪᠡᠶᠡᠯᠡᠭᠦᠯᠵᠦ᠂ ᠨᠢᠳᠦᠨ᠎ᠦ ᠳᠤᠳᠤᠷᠠᠬᠢ ᠲᠠᠷᠢᠯᠭ᠎ᠠ᠎ᠶᠢᠨ ᠣᠨᠣᠪᠴᠢᠲᠤ ᠴᠢᠨᠠᠷ᠂ ᠠᠶᠤᠯᠭᠦᠢ ᠴᠢᠨᠠᠷ᠎ᠢ ᠳᠡᠭᠡᠭᠰᠢᠯᠡᠭᠦᠯᠵᠦ᠂ ᠡᠮᠴᠢᠯᠡᠭᠡ᠎ᠡᠴᠡ ᠰᠢᠯᠲᠠᠭᠠᠯᠠᠭᠰᠠᠨ ᠭᠡᠮᠲᠦᠯ᠎ᠢ ᠪᠠᠭᠠᠰᠬᠠᠬᠤ ᠪᠣᠯᠣᠨ᠎ᠠ᠃


640 (8).jpg


✦ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ᠂ ᠳᠣᠲᠣᠭᠠᠳᠤ᠎ᠶᠢ ᠬᠠᠮᠠᠭᠠᠯᠠᠬᠤ ᠶᠠᠮᠤᠨ᠂ ᠠᠷᠠᠳ᠎ᠤᠨ ᠶᠠᠪᠤᠳᠠᠯ᠎ᠤᠨ ᠶᠠᠮᠤᠨ ᠵᠡᠷᠭᠡ 11 ᠰᠠᠯᠠᠭ᠎ᠠ ᠮᠥᠴᠢᠷ ᠣᠢᠷ᠎ᠠ᠎ᠳᠤ ᠬᠠᠮᠲᠤᠷᠠᠨ ᠮᠡᠳᠡᠭᠳᠡᠯ ᠳᠠᠷᠤᠮᠠᠯᠯᠠᠨ ᠲᠠᠷᠬᠠᠭᠠᠵᠤ᠂ 2026 ᠣᠨ᠎ᠤ ᠴᠠᠭᠠᠨ ᠰᠠᠷ᠎ᠠ᠎ᠶᠢᠨ ᠬᠤᠭᠤᠴᠠᠭᠠᠨ᠎ᠳᠠᠬᠢ ᠬᠥᠯᠥᠰᠦᠨ ᠠᠵᠢᠯᠴᠢᠨ᠎ᠤ ᠦᠢᠯᠡᠴᠢᠯᠡᠭᠡᠨ᠎ᠦ ᠪᠠᠲᠤᠯᠠᠭ᠎ᠠ᠎ᠶᠢᠨ ᠠᠵᠢᠯ᠎ᠢ ᠰᠠᠢᠲᠤᠷ ᠬᠢᠬᠦ ᠲᠤᠬᠠᠢ ᠪᠠᠢᠷᠢᠯᠠᠭᠤᠯᠵᠤ᠂ ᠪᠥᠬᠥ ᠤᠯᠤᠰ᠎ᠤᠨ ᠡᠯ᠎ᠡ ᠭᠠᠵᠠᠷ᠎ᠤᠨ ᠬᠢᠨ《ᠴᠡᠭ᠎ᠡᠴᠡ ᠴᠡᠭ᠎ᠲᠦ ᠬᠦᠷᠬᠦ》 ᠲᠤᠰᠬᠠᠢ ᠲᠡᠷᠭᠡ᠂ ᠲᠤᠰᠬᠠᠢ ᠭᠠᠯᠲᠤ ᠲᠡᠷᠭᠡ ᠳᠠᠭᠠᠭᠠᠴᠢᠯᠠᠬᠤ᠂ ᠡᠯ᠎ᠡ ᠲᠥᠷᠥᠯ᠎ᠦᠨ ᠲᠤᠰᠬᠠᠢ ᠲᠠᠯᠠᠪᠤᠷ᠎ᠤᠨ ᠠᠵᠢᠯᠲᠠᠨ ᠡᠯᠰᠡᠬᠦ ᠠᠵᠢᠯᠯᠠᠭ᠎ᠠ᠂ ᠤᠷ᠎ᠠ ᠴᠢᠳᠠᠪᠤᠷᠢ᠎ᠶᠢᠨ ᠪᠣᠯᠪᠠᠰᠤᠷᠠᠯ᠂ ᠦᠨᠳᠦᠰᠦᠨ ᠱᠠᠲᠤᠨ᠎ᠳᠤ ᠬᠦᠷᠴᠦ ᠲᠣᠬᠣᠨᠢᠭᠤᠯᠬᠤ᠂ ᠠᠯᠪᠠᠨ ᠵᠢᠷᠤᠮ᠎ᠤᠨ ᠡᠮᠴᠢᠯᠡᠭᠡ ᠵᠡᠷᠭᠡ ᠠᠵᠢᠯᠯᠠᠭ᠎ᠠ᠎ᠶᠢ ᠥᠷᠨᠢᠭᠦᠯᠬᠦ ᠪᠤᠯᠤᠨ᠎ᠠ᠃

✦ᠣᠢᠷ᠎ᠠ᠎ᠳᠤ ᠤᠯᠤᠰ᠎ᠤᠨ ᠢᠨᠲᠸᠷ ᠰᠦᠯᠵᠢᠶᠡᠨ᠎ᠦ ᠮᠡᠳᠡᠭᠡ ᠵᠠᠩᠭᠢ᠎ᠶᠢᠨ ᠠᠯᠪᠠᠨ ᠭᠡᠷ ᠵᠡᠷᠭᠡ 8 ᠰᠠᠯᠠᠭ᠎ᠠ ᠮᠥᠴᠢᠷ《ᠨᠠᠰᠤᠨ᠎ᠳᠤ ᠥᠯᠥ ᠭᠦᠷᠦᠭᠰᠡᠳ᠎ᠦᠨ ᠪᠡᠶ᠎ᠡ ᠰᠡᠳᠬᠢᠯ᠎ᠦᠨ ᠡᠷᠡᠭᠦᠯ ᠮᠡᠨᠳᠦ᠎ᠶᠢ ᠨᠥᠯᠥᠭᠡᠯᠡᠵᠦ ᠮᠡᠳᠡᠬᠦ ᠰᠦᠯᠵᠢᠶᠡᠨ᠎ᠦ ᠮᠡᠳᠡᠭᠡ ᠵᠠᠩᠭᠢ᠎ᠶᠢᠨ ᠲᠥᠷᠥᠯ ᠬᠤᠪᠢᠶᠠᠬᠤ ᠠᠷᠭ᠎ᠠ》 ᠶ᠋ᠢ ᠨᠡᠢᠲᠡᠯᠡᠵᠦ᠂ ᠦᠢᠯᠡᠳᠬᠦᠨ ᠪᠤᠶᠤ ᠦᠢᠯᠡᠴᠢᠯᠡᠭᠡᠨ᠎ᠦ ᠢᠯᠡ ᠪᠠᠢᠷᠢᠨ᠎ᠳᠤ ᠪᠠᠢᠬᠤ᠂ ᠬᠡᠷᠡᠭᠯᠡᠭᠴᠢᠳ᠎ᠦᠨ ᠠᠩᠬᠠᠷᠤᠯ ᠢ᠋ ᠠᠮᠠᠷᠬᠠᠨ ᠲᠠᠲᠠᠬᠤ ᠭᠣᠣᠯᠳᠠᠯᠭ᠎ᠠ᠎ᠲᠠᠢ ᠭᠣᠭᠴᠣᠭ᠎ᠠ᠎ᠳᠤ ᠨᠠᠰᠤᠨ ᠳ᠋ᠤ ᠥᠯᠥ ᠭᠦᠷᠦᠭᠰᠡᠳ᠎ᠦᠨ ᠪᠡᠶ᠎ᠡ ᠰᠡᠳᠬᠢᠯ᠎ᠦᠨ ᠡᠷᠡᠭᠦᠯ ᠮᠡᠨᠳᠦ᠎ᠶᠢ ᠨᠥᠯᠥᠭᠡᠯᠡᠵᠦ ᠮᠡᠳᠡᠬᠦ ᠮᠡᠳᠡᠭᠡ ᠵᠠᠩᠭᠢ᠎ᠶᠢ ᠢᠯᠡᠷᠡᠭᠦᠯᠵᠦ ᠪᠣᠯᠬᠤ ᠦᠭᠡᠢ ᠬᠡᠵᠡᠢ᠃

✦ᠤᠢᠷ᠎ᠠ ᠳ᠋ᠤ ᠮᠠᠨ᠎ᠤ ᠤᠯᠤᠰ᠎ᠤᠨ ᠰᠢᠨᠵᠢᠯᠡᠬᠦ ᠤᠬᠠᠭᠠᠨᠲᠠᠳ 《ᠬᠤᠮᠵᠢᠶ᠎ᠠ᠎ᠶᠢᠨ ᠬᠡᠪ》 ᠦ᠋ᠨ ᠥᠪᠡᠰᠦᠪᠡᠨ ᠴᠠᠬᠢᠯᠭᠠᠨ ᠬᠠᠩᠭᠠᠬᠤ ᠪᠢᠴᠢᠯ ᠬᠡᠯᠪᠡᠷᠢ᠎ᠶᠢᠨ ᠵᠢᠷᠦᠬᠡᠨ ᠯᠤᠭᠰᠢᠯᠲᠠ ᠎ᠶᠢᠨ ᠡᠭᠦᠰᠭᠡᠭᠦᠷ᠎ᠢ ᠰᠤᠳᠤᠯᠤᠨ ᠦᠢᠯᠡᠳᠴᠡᠢ᠃ ᠡᠨᠡ ᠨᠢ ᠳᠡᠭᠡᠳᠦ ᠬᠡᠮᠵᠢᠶᠡᠨ᠎ᠦ ᠪᠢᠴᠢᠯ ᠬᠡᠯᠪᠡᠷᠢ᠎ᠶᠢᠨ ᠵᠢᠷᠤᠭ ᠲᠥᠯᠥᠪᠯᠡᠭᠡ᠎ᠶᠢ ᠬᠡᠷᠡᠭᠯᠡᠵᠦ᠂ ᠠᠮᠢᠳᠤ ᠪᠣᠳᠠᠰ᠎ᠤᠨ ᠬᠠᠷᠢᠯᠴᠠᠨ ᠪᠠᠭᠲᠠᠭᠠᠬᠤ ᠴᠢᠨᠠᠷ ᠪᠠ ᠴᠢᠰᠤᠨ᠎ᠤ ᠬᠠᠷᠢᠯᠴᠠᠨ ᠪᠠᠭᠲᠠᠭᠠᠬᠤ ᠴᠢᠨᠠᠷ᠎ᠢ ᠬᠠᠪᠰᠤᠷᠭᠠᠵᠤ᠂ ᠮᠡᠰᠡ ᠵᠠᠰᠠᠯ᠎ᠤᠨ ᠰᠢᠷᠬ᠎ᠠ᠎ᠶᠢ ᠶᠡᠬᠡ᠎ᠪᠡᠷ ᠪᠠᠭᠠᠰᠬᠠᠬᠤ ᠪᠤᠯᠤᠨ᠎ᠠ᠃


640 (4).jpg


✦2025 ᠣᠨ᠎ᠳᠤ ᠪᠥᠬᠥ ᠤᠯᠤᠰ᠎ᠲᠤ ᠬᠥᠳᠡᠭᠡ ᠲᠣᠰᠬᠣᠨ᠎ᠤ ᠭᠠᠵᠠᠷ᠎ᠤᠨ ᠨᠡᠷ᠎ᠡ᠎ᠶᠢ 38.1 ᠲᠦᠮᠡᠨ ᠵᠤᠷᠪᠤᠰ ᠵᠢᠷᠤᠮᠵᠢᠭᠤᠯᠤᠨ ᠨᠡᠷᠡᠢᠳᠴᠦ᠂ ᠭᠠᠵᠠᠷ᠎ᠤᠨ ᠨᠡᠷ᠎ᠡ᠎ᠶᠢᠨ ᠲᠡᠮᠳᠡᠭ ᠪᠠ ᠫᠠᠢᠰᠠ᠎ᠢᠯᠡᠷᠬᠡᠢᠯᠡᠯ᠎ᠢ 1600 ᠭᠠᠷᠤᠢ ᠲᠦᠮᠡᠨ ᠬᠡᠰᠡᠭ ᠪᠠᠢᠷᠢᠯᠠᠭᠤᠯᠵᠤ᠂ ᠬᠥᠳᠡᠭᠡ ᠲᠣᠰᠬᠣᠨ᠎ᠤ ᠭᠠᠵᠠᠷ᠎ᠤᠨ ᠨᠡᠷ᠎ᠡ᠎ᠶᠢᠨ ᠳᠤᠲᠠᠭᠤᠳᠠᠯ᠎ᠢ ᠪᠦᠲᠦᠮᠵᠢᠲᠡᠶ ᠨᠥᠬᠥᠪᠦᠷᠢᠯᠡᠪᠡ᠃

✦2025 ᠣᠨ᠎ᠳᠤ᠂ ᠥᠪᠥᠷ ᠮᠣᠩᠭᠣᠯ ᠤᠰᠤ ᠠᠷᠪᠢᠯᠠᠬᠤ ᠠᠵᠢᠯᠯᠠᠭ᠎ᠠ ᠪᠠᠷ ᠬᠥᠭᠵᠢᠯᠲᠡ᠎ᠶᠢᠨ ᠣᠷᠣᠨ ᠵᠠᠢ᠎ᠪᠠᠨ ᠥᠷᠭᠡᠳᠬᠡᠵᠦ᠂《ᠤᠰᠤ ᠠᠷᠪᠢᠯᠠᠬᠤ ᠠᠵᠢᠯᠯᠠᠭ᠎ᠠ᠎ᠶᠢᠨ ᠬᠡᠷᠡᠭᠵᠢᠭᠦᠯᠬᠦ ᠲᠥᠰᠥᠯ》᠎ᠢ ᠲᠣᠭᠲᠠᠭᠠᠨ ᠨᠠᠢᠳᠠᠪᠤᠷᠢᠵᠢᠭᠤᠯᠵᠤ᠂ ᠪᠥᠬᠥ ᠣᠷᠣᠨ᠎ᠤ ᠡᠯ᠎ᠡ ᠠᠵᠢᠯ ᠲᠥᠷᠥᠯ᠎ᠦᠨ ᠰᠢᠨ᠎ᠡ᠎ᠪᠡᠷ ᠨᠡᠮᠡᠭᠳᠡᠭᠰᠡᠨ ᠤᠰᠤ ᠠᠷᠪᠢᠯᠠᠬᠤ ᠴᠢᠳᠠᠪᠤᠷᠢ 3 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠎ᠢ ᠳᠠᠪᠠᠪᠠ᠃

✦ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶᠢᠨ ᠰᠢᠭᠦᠬᠦ ᠬᠣᠷᠢᠶ᠎ᠠ ᠡᠴᠡ ᠣᠢᠯᠠᠭᠠᠭᠰᠠᠨ᠎ᠢᠶᠠᠷ᠂ ᠣᠢᠷ᠎ᠠ᠎ᠶᠢᠨ ᠵᠢᠯ᠎ᠡᠴᠡ ᠪᠦᠬᠦ ᠣᠷᠣᠨ ᠤ᠋ ᠰᠢᠭᠦᠬᠦ ᠬᠣᠷᠢᠶ᠎ᠠ᠎ᠶᠢᠨ ᠰᠢᠰᠲ᠋ᠸᠮ ᠴᠠᠯᠢᠩ ᠥᠷᠢᠲᠦᠬᠦ᠎ᠶᠢ ᠴᠡᠭᠴᠡᠯᠡᠬᠦ ᠠᠵᠢᠯ᠎ᠤᠨ ᠬᠠᠮᠲᠤᠷᠠᠯ ᠬᠦᠴᠦᠨ᠎ᠢ ᠴᠢᠩᠭᠠᠳᠬᠠᠵᠤ᠂ ᠠᠷᠠᠳ᠎ᠤᠨ ᠠᠮᠢᠳᠤᠷᠠᠯ ᠳ᠋ᠤ ᠬᠣᠯᠪᠣᠭᠳᠠᠭᠰᠠᠨ ᠬᠡᠷᠡᠭ᠎ᠢ ᠰᠢᠭᠦᠨ ᠰᠢᠢᠳᠪᠦᠷᠢᠯᠡᠬᠦ ᠪᠠ ᠭᠦᠢᠴᠡᠳᠬᠡᠬᠦ᠎ᠶᠢ ᠢᠳᠡᠪᠬᠢᠲᠡᠢ ᠠᠬᠢᠭᠤᠯᠵᠤ᠂ 2025 ᠣᠨ᠎ᠳᠤ ᠪᠥᠬᠥ ᠣᠷᠣᠨ᠎ᠤ ᠰᠢᠭᠦᠬᠦ ᠬᠣᠷᠢᠶ᠎ᠠ ᠨᠢᠭᠡᠳᠦᠭᠡᠷ᠂ ᠬᠣᠶᠠᠳᠤᠭᠠᠷ ᠰᠢᠭᠦᠯᠲᠡ᠎ᠶᠢᠨ ᠴᠠᠯᠢᠩ ᠥᠷᠢᠲᠦᠭᠰᠡᠨ ᠬᠡᠷᠡᠭ᠎ᠢ ᠨᠡᠶ᠋ᠢᠲᠡ 38281 ᠭᠥᠯᠢᠶᠡᠨ ᠠᠪᠴᠤ ᠰᠢᠢᠳᠪᠦᠷᠢᠯᠡᠵᠦ᠂ 36334 ᠬᠡᠷᠡᠭ᠎ᠢ ᠰᠢᠭᠦᠨ ᠳᠠᠭᠤᠰᠬᠠᠵᠤ᠂ ᠰᠢᠬᠦᠨ ᠳᠠᠭᠤᠰᠬᠠᠭᠰᠠᠨ ᠨᠣᠷᠮ᠎ᠠ 94.91%᠎ᠳᠤ ᠬᠥᠷᠪᠡ᠃

✦ᠣᠢᠷ᠎ᠠ᠎ᠳᠤ ᠪᠥᠬᠥ ᠤᠯᠤᠰ᠎ᠤᠨ ᠠᠩᠬᠠᠳᠠᠭ᠍ᠴᠢ ᠲᠣᠮᠣ᠌ ᠬᠡᠯᠪᠡᠷᠢ᠎ᠶᠢᠨ ᠤᠰᠤᠯᠠᠯᠲᠠ ᠶ᠋ᠢᠨ ᠣᠷᠣᠨ᠎ᠳᠤ ᠦᠢᠯᠡᠴᠢᠯᠡᠬᠦ ᠰᠢᠨᠵᠢᠯᠡᠬᠦ ᠤᠬᠠᠭᠠᠨ᠎ᠤ ᠲᠥᠬᠦᠭᠡᠷᠦᠮᠵᠢ — ᠬᠠᠲᠤᠨ ᠭᠣᠣᠯ᠎ᠤᠨ ᠤᠰᠤᠯᠠᠯᠲᠠ᠎ᠶᠢᠨ ᠣᠷᠣᠨ᠎ᠤ ᠤᠰᠤᠨ᠎ᠤ ᠣᠷᠴᠢᠯ ᠬᠢᠭᠡᠳ ᠠᠮᠢ ᠠᠬᠤᠢ᠎ᠶᠢᠨ ᠣᠷᠴᠢᠨ ᠨᠥᠬᠥᠴᠡᠯ᠎ᠦᠨ ᠵᠠᠩᠭᠢᠯᠠᠭ᠎ᠠ᠎ᠶᠢᠨ ᠶᠠᠪᠤᠴᠠ᠎ᠶᠢᠨ ᠰᠢᠨᠵᠢᠯᠡᠬᠦ ᠤᠬᠠᠭᠠᠨ᠎ᠤ ᠲᠥᠬᠦᠭᠡᠷᠦᠮᠵᠢ᠎ᠶᠢ ᠪᠠᠶᠠᠨᠨᠠᠭᠤᠷ ᠬᠣᠲᠠ᠎ᠳᠤ ᠠᠮᠵᠢᠯᠲᠠ ᠲᠠᠢ᠎ᠪᠠᠷ ᠠᠰᠢᠭ᠍ᠯᠠᠯᠲᠠ᠎ᠳᠤ ᠣᠷᠣᠭᠤᠯᠪᠠ᠃


640 (3).jpg


✦2026 ᠣᠨ᠎ᠳᠤ᠂ ᠰᠢᠯᠢ᠎ᠶᠢᠨ ᠭᠣᠣᠯ ᠠᠢᠮᠠᠭ 《ᠤᠮᠠᠷᠠᠲᠤ᠎ᠶᠢᠨ ᠭᠤᠷᠪᠠᠨ ᠣᠷᠣᠨ》 ᠤ᠋ ᠢᠨᠵᠧᠨᠧᠷᠢᠩ᠎ᠦᠨ ᠶᠠᠰᠤ ᠴᠢᠨᠠᠷ᠎ᠢ ᠳᠡᠭᠡᠭᠰᠢᠯᠡᠭᠦᠯᠦᠨ ᠪᠣᠭᠣᠮᠲᠠ ᠰᠢᠪᠲᠤᠯᠬᠤ ᠠᠵᠢᠯᠯᠠᠭ᠎ᠠ᠎ᠶᠢ ᠬᠡᠷᠡᠭᠵᠢᠭᠦᠯᠬᠦ᠎ᠪᠡᠷ ᠲᠥᠯᠥᠪᠯᠡᠵᠦ᠂ ᠠᠮᠢ ᠠᠬᠤᠢ᠎ᠶᠢᠨ ᠪᠦᠲᠦᠭᠡᠨ ᠪᠠᠢᠭᠤᠯᠤᠯᠲᠠ᠎ᠶᠢ 800 ᠲᠦᠮᠡᠨ ᠮᠦ᠍᠎ᠡᠴᠡ ᠳᠡᠭᠡᠭᠰᠢ ᠪᠡᠶᠡᠯᠡᠭᠦᠯᠦᠨ᠎ᠡ᠃

✦ᠤᠢᠷ᠎ᠠ ᠳ᠋ᠤ 2026 ᠣᠨ᠎ᠤ ᠬᠢᠩᠭᠠᠨ ᠠᠢᠮᠠᠭ᠎ᠤᠨ ᠠᠵᠢᠯ ᠣᠯᠭᠣᠬᠤ ᠲᠤᠰᠠᠯᠠᠮᠵᠢ᠎ᠶᠢᠨ ᠰᠠᠷ᠎ᠠ᠎ᠶᠢᠨ ᠠᠵᠢᠯᠲᠠᠨ ᠡᠯᠰᠡᠬᠦ ᠬᠤᠷᠠᠯ ᠵᠢᠴᠢ ᠪᠦᠬᠦ ᠤᠯᠤᠰ᠎ᠤᠨ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠵᠠᠬ᠎ᠠ ᠳᠡᠯᠭᠡᠭᠦᠷ᠎ᠦᠨ ᠶᠡᠬᠡ ᠳᠡᠭᠡᠳᠦ ᠰᠤᠷᠭᠠᠭᠤᠯᠢ᠎ᠶᠢᠨ ᠲᠡᠭᠦᠰᠬᠦ ᠣᠶᠤᠲᠠᠳ᠎ᠤᠨ ᠠᠵᠢᠯ ᠣᠯᠭᠣᠬᠤ ᠦᠢᠯᠡᠴᠢᠯᠡᠭᠡ ᠶ᠋ᠢᠨ ᠲᠤᠰᠬᠠᠢ ᠠᠵᠢᠯᠯᠠᠭ᠎ᠠ᠎ᠶᠢᠨ ᠬᠢᠩᠭᠠᠨ ᠠᠢᠮᠠᠭ᠎ᠤᠨ ᠲᠤᠰᠬᠠᠢ ᠲᠠᠯᠠᠪᠠᠢ᠎ᠶᠢᠨ  ᠠᠵᠢᠯᠯᠠᠭ᠎ᠠ ᠠᠮᠵᠢᠯᠲᠠ᠎ᠲᠠᠢ ᠶᠠᠪᠤᠭᠳᠠᠵᠦ᠂ 56 ᠠᠵᠤ ᠠᠬᠤᠢᠯᠠᠯ ᠡᠴᠡ 283 ᠠᠵᠢᠯ᠎ᠤᠨ ᠪᠠᠢᠷᠢ ᠬᠠᠩᠭᠠᠪᠠ᠃


640 (9).jpg


✦23᠎ᠤ ᠡᠳᠦᠷ᠂ ᠵᠠᠯᠠᠢᠳ ᠬᠣᠰᠢᠭᠤᠨ᠎ᠤ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ᠎ᠶᠢᠨ ᠠᠮᠤᠷ᠎ᠢ ᠬᠠᠮᠠᠭᠠᠯᠠᠬᠤ ᠬᠠᠮᠢᠶᠠᠷᠤᠯᠲᠠ᠎ᠶᠢᠨ ᠶᠡᠬᠡ ᠠᠩᠭᠢ ᠵᠢᠯᠣᠭᠣᠴᠢ ᠦᠭᠡᠢ ᠨᠢᠰᠬᠡᠯ᠎ᠦᠨ ᠬᠠᠤᠯᠢ ᠶᠣᠰᠣᠨ᠎ᠤ ᠨᠢᠰᠦᠯᠲᠡ᠎ᠶᠢᠨ ᠲᠤᠰᠬᠠᠢ ᠰᠡᠳᠦᠪᠲᠦ ᠬᠠᠤᠯᠢ ᠲᠦᠭᠡᠮᠡᠯᠵᠢᠭᠦᠯᠬᠦ ᠲᠠᠢᠯᠤᠮᠵᠢ ᠡᠷᠭᠢᠯᠡᠵᠦ᠂ ᠣᠶ ᠰᠢᠭᠤᠢ᠎ᠶᠢᠨ ᠴᠠᠭᠳᠠᠭ᠎ᠠ᠂ ᠪᠠᠴᠢᠮ ᠪᠠᠢᠳᠠᠯ᠎ᠢ ᠠᠷᠭᠠᠴᠠᠭᠠᠬᠤ᠂ ᠰᠤᠷᠭᠠᠨ ᠬᠥᠮᠦᠵᠢᠯ ᠵᠡᠷᠭᠡ ᠬᠠᠮᠢᠶ᠎ᠠ ᠪᠦᠬᠦᠢ ᠨᠢᠭᠡᠴᠢ᠎ᠶᠢᠨ ᠲᠥᠯᠥᠭᠡᠯᠡᠭᠴᠢ᠂ ᠵᠢᠯᠣᠭᠣᠴᠢ ᠦᠭᠡᠢ ᠨᠢᠰᠬᠡᠯ᠎ᠦᠨ ᠪᠣᠷᠤᠯᠠᠭᠤᠯᠭ᠎ᠠ ᠶ᠋ᠢᠨ ᠬᠤᠳᠠᠯᠳᠤᠭᠠᠨ᠎ᠤ ᠡᠷᠦᠬᠡ ᠬᠠᠤᠯᠢ᠎ᠶᠢᠨ ᠡᠷᠬᠡᠲᠡᠨ ᠵᠢᠴᠢ ᠪᠠᠬᠠᠲᠠᠳ ᠨᠡᠶ᠋ᠢᠲᠡ 50 ᠭᠠᠷᠤᠢ ᠬᠥᠮᠥᠨ ᠬᠤᠷᠠᠯ᠎ᠳᠤ ᠣᠷᠣᠯᠴᠠᠵᠠᠢ᠃

✦ᠬᠠᠩᠭᠢᠨ ᠬᠣᠰᠢᠭᠤᠨ᠎ᠤ ᠪᠠᠯᠭᠤᠨ ᠪᠠᠯᠭᠠᠰᠤᠨ᠎ᠤ ᠠᠭᠤᠯᠵᠠᠷ ᠭᠠᠴᠠᠭ᠎ᠠ ᠮᠠᠯᠴᠢᠨ ᠳᠠᠷᠢᠶᠠᠴᠢᠨ ᠡᠷᠦᠬᠡ ᠳ᠋ᠤ ᠨᠡᠢᠲᠡ 117 ᠣᠶᠤᠨᠴᠢ ᠲᠣᠣᠷ ᠬᠦᠷᠢᠶᠡᠨ᠎ᠦ ᠡᠭᠦᠳᠡ᠎ᠶᠢ ᠤᠭᠰᠠᠷᠠᠨ ᠦᠭᠴᠦ᠂ ᠰᠢᠨ᠎ᠡ ᠮᠡᠷᠭᠡᠵᠢᠯ᠎ᠤᠨ ᠦᠷ᠎ᠡ ᠪᠦᠲᠦᠭᠡᠯ ᠢ᠋ ᠦᠢᠯᠡᠳᠪᠦᠷᠢᠯᠡᠯ ᠠᠮᠢᠳᠤᠷᠠᠯ᠎ᠳᠤ ᠣᠷᠣᠭᠤᠯᠤᠨ ᠬᠡᠷᠡᠭᠯᠡᠵᠦ᠂ 1000 ᠭᠠᠷᠤᠢ ᠮᠠᠯᠴᠢᠨ ᠲᠠᠷᠢᠶᠠᠴᠢᠨ᠎ᠳᠤ ᠠᠰᠢᠭ᠋ ᠬᠦᠷᠲᠡᠭᠡᠵᠡᠢ᠃

 

640 (5).jpg


ᠠᠵᠤ ᠠᠬᠤᠢ

✦ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠮᠡᠳᠡᠭᠡ᠎ᠶᠢ ᠦᠨᠳᠦᠰᠦᠯᠡᠪᠡᠯ᠂ 2025 ᠣᠨ᠎ᠳᠤ ᠮᠠᠨ᠎ᠤ ᠤᠯᠤᠰ᠎ᠤᠨ ᠡᠯᠧᠺᠲᠷᠣᠨ ᠬᠤᠳᠠᠯᠳᠤᠭᠠᠨ᠎ᠤ ᠶᠠᠪᠤᠳᠠᠯ ᠲᠣᠭᠲᠠᠭᠤᠨ ᠪᠥᠭᠡᠳ ᠨᠡᠯᠢᠶᠡᠳ ᠲᠦᠷᠭᠡᠨ᠎ᠢᠶᠡᠷ ᠬᠥᠭᠵᠢᠵᠦ᠂ 13 ᠵᠢᠯ ᠳᠠᠷᠠᠭᠠᠯᠠᠨ ᠪᠥᠬᠥ ᠳᠡᠯᠡᠬᠡᠢ᠎ᠶᠢᠨ ᠬᠠᠮᠤᠭ᠎ᠤᠨ ᠲᠣᠮᠣ᠌ ᠰᠦᠯᠵᠢᠶᠡᠨ᠎ᠦ ᠵᠢᠵᠢᠭᠯᠡᠨ ᠬᠤᠳᠠᠯᠳᠤᠬᠤ ᠵᠠᠬ᠎ᠠ ᠳᠡᠯᠭᠡᠭᠦᠷ᠎ᠪᠤᠯᠵᠤ ᠲᠣᠭᠲᠠᠪᠤᠷᠢᠵᠢᠭ᠍ᠰᠠᠨ ᠪᠠᠢᠨ᠎ᠠ᠃

✦ᠣᠢᠷ᠎ᠠ ᠳ᠋ᠤ ᠠᠯᠠᠱᠠ᠎ᠶᠢᠨ ᠡᠯᠡᠰᠦᠨ ᠴᠥᠯ᠎ᠦᠨ ᠬᠠᠴᠢᠨ ᠴᠢᠯᠠᠭᠤᠨ᠎ᠤ ᠰᠣᠶᠣᠯ᠎ᠤᠨ ᠠᠵᠤ ᠦᠢᠯᠡᠰ᠎ᠦᠨ ᠬᠦᠷᠢᠶᠡᠯᠡᠩ ᠳ᠋ᠤ ᠠᠯᠠᠱᠠ᠎ᠶᠢᠨ ᠬᠣᠪᠣᠷ ᠡᠷᠳᠡᠨᠢ ᠬᠠᠴᠢᠨ ᠴᠢᠯᠠᠭᠤᠨ᠎ᠤ ᠪᠦᠲᠦᠭᠡᠭᠳᠡᠬᠦᠨ᠎ᠦ ᠦᠵᠡᠰᠬᠦᠯᠡᠨᠭ ᠶᠠᠪᠤᠭᠳᠠᠵᠤ᠂ ᠵᠢᠭᠤᠯᠴᠢᠯᠠᠭᠰᠠᠳ᠎ᠤᠨ ᠬᠡᠮᠵᠢᠶ᠎ᠠ 4 ᠲᠦᠮᠡ ᠭᠠᠷᠤᠢ ᠬᠥᠮᠥᠨ ᠤᠳᠠᠭ᠎ᠠ ᠳ᠋ᠤ ᠬᠦᠷᠴᠦ᠂ ᠪᠣᠷᠤᠯᠠᠭᠤᠯᠭ᠎ᠠ 2000 ᠲᠦᠮᠡᠨ ᠲᠥᠭᠥᠷᠢᠭ᠎ᠢ ᠳᠠᠪᠠᠵᠠᠢ᠃

 

640 (6).jpg


ᠲᠠᠮᠢᠷ

✦ᠪᠡᠭᠡᠵᠢᠩ᠎ᠦᠨ ᠴᠠᠭ᠎ᠢᠶᠠᠷ 25᠎ᠤ ᠡᠳᠦᠷ᠎ᠦᠨ ᠥᠷᠯᠥᠭᠡ ᠶᠠᠪᠤᠭᠳᠠᠭᠰᠠᠨ U23 ᠡᠷᠡᠭᠲᠡᠢ᠎ᠶᠢᠨ ᠬᠥᠯ ᠪᠥᠮᠪᠥᠭᠡ᠎ᠶᠢᠨ ᠠᠽᠢᠶ᠎ᠠ ᠲᠢᠪ ᠬᠤᠨᠳᠠᠭᠠᠲᠤ ᠤᠷᠤᠯᠳᠤᠭᠠᠨ᠎ᠤ ᠰᠢᠢᠳᠪᠦᠷᠢᠲᠦ ᠤᠷᠤᠯᠳᠤᠭᠠᠨ᠎ᠳᠤ ᠳᠤᠮᠳᠠᠳᠤ ᠤᠯᠤᠰ᠎ᠤᠨ ᠠᠩᠭᠢ 0᠄ 4 ᠵᠢᠨ ᠬᠠᠷᠢᠴᠠᠯ᠎ᠢᠶᠠᠷ ᠶᠠᠫᠤᠨ᠎ᠤ ᠠᠩᠭᠢ ᠳ᠋ᠤ ᠢᠯᠠᠭᠳᠠᠵᠤ ᠳᠡᠳ᠋ ᠪᠠᠢᠷᠢ ᠵᠢ ᠡᠵᠡᠯᠡᠪᠡ᠃


cfc6c448d7429bdb0d7168630c0cf974.jpg


✦ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶᠢᠨ ᠲᠠᠮᠢᠷ᠎ᠤᠨ ᠲᠣᠪᠴᠢᠶ᠎ᠠ ᠡᠴᠡ ᠤᠢᠯᠠᠭᠠᠭᠰᠠᠨ ᠵᠢᠡᠷ᠂ 《ᠠᠷᠪᠠᠨ ᠳᠥᠷᠪᠡᠳᠦᠭᠡᠷ ᠲᠠᠪᠤᠨ ᠵᠢᠯ》 ᠦ᠋ᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ᠂ ᠥᠪᠥᠷ ᠮᠣᠩᠭᠣᠯ ᠨᠡᠶ᠋ᠢᠲᠡ 13947 ᠬᠥᠮᠥᠨ ᠤᠳᠠᠭ᠎ᠠ ᠲᠠᠮᠢᠷᠴᠢᠨ ᠲᠣᠮᠢᠯᠠᠨ 905 ᠤᠳᠠᠭᠠᠨ᠎ᠤ ᠤᠯᠤᠰ ᠤ᠋ᠨ ᠳᠣᠲᠣᠭᠠᠳᠤ ᠭᠠᠳᠠᠭᠠᠳᠤ᠎ᠶᠢᠨ ᠤᠷᠤᠯᠳᠤᠭᠠᠨ᠎ᠳᠤ ᠣᠷᠣᠯᠴᠠᠭᠤᠯᠵᠤ᠂ 507 ᠠᠯᠲᠠᠨ ᠮᠧᠳᠠᠯ᠂ 488 ᠮᠥᠩᠭᠥᠨ ᠮᠧᠳᠠᠯ᠂ 613 ᠬᠦᠷᠡᠯ ᠮᠧᠳᠠᠯ ᠣᠯᠵᠤ᠂ ᠱᠠᠩᠨᠠᠯ᠎ᠤᠨ ᠮᠧᠳᠠᠯ᠎ᠤᠨ ᠲᠣᠭ᠎ᠠ ᠬᠡᠮᠵᠢᠶ᠎ᠡ 《ᠠᠷᠪᠠᠨ ᠭᠤᠷᠪᠠᠳᠤᠭᠠᠷ ᠲᠠᠪᠤᠨ ᠵᠢᠯ》 ᠦ᠋ᠨ ᠲᠥᠯᠦᠪᠵᠢᠭᠦᠯᠭᠡ᠎ᠶᠢᠨ ᠬᠤᠭᠤᠴᠠᠭᠠᠨ᠎ᠤ ᠬᠢ᠎ᠡᠴᠡ 30% ᠡᠴᠡ ᠳᠡᠭᠡᠭᠰᠢ ᠨᠡᠮᠡᠭᠳᠡᠭᠰᠡᠨ ᠪᠠᠢᠨ᠎ᠠ᠃

✦24᠎ᠦ ᠡᠳᠦᠷ᠂ ᠠᠯᠠᠱᠠ᠎ᠶᠢᠨ ᠲᠡᠮᠡᠭᠡᠨ᠎ᠦ ᠬᠣᠯᠪᠣᠭᠠᠲᠤ ᠤᠷᠤᠯᠳᠤᠭᠠᠨ ᠤ᠋ ᠰᠠᠷ᠎ᠠ ᠶ᠋ᠢᠨ ᠤᠷᠤᠯᠳᠤᠭᠠᠨ ᠵᠢᠴᠢ ᠠᠯᠠᠱᠠ ᠪᠠᠷᠠᠭᠤᠨ ᠬᠣᠰᠢᠭᠤᠨ ᠤ᠋ 2026 ᠣᠨ᠎ᠤ ᠲᠡᠮᠡᠭᠡᠨ᠎ᠤ ᠨᠠᠭᠠᠳᠤᠮ ᠠᠯᠠᠱᠠ ᠪᠠᠷᠠᠭᠤᠨ ᠬᠣᠰᠢᠭᠤᠨ᠎ᠳᠤ ᠡᠬᠢᠯᠡᠵᠦ᠂ ᠥᠪᠥᠷ ᠮᠣᠩᠭᠣᠯ᠂ ᠭᠠᠨᠰᠤ᠂ ᠬᠥᠬᠡᠨᠠᠭᠤᠷ ᠵᠡᠷᠭᠡ ᠮᠤᠵᠢ ᠣᠷᠣᠨ᠎ᠤ ᠲᠠᠮᠢᠷᠴᠢᠨ 650 ᠲᠡᠮᠡᠭᠡ᠎ᠲᠠᠢ ᠤᠷᠣᠯᠳᠤᠭᠠᠨ᠎ᠳᠤ ᠣᠷᠣᠯᠴᠠᠯ᠎ᠠ᠃


640.jpg


ᠳᠡᠯᠡᠬᠡᠢ

✦ᠰᠢᠨᠬᠤᠸᠠ ᠬᠣᠷᠢᠶ᠎ᠠ ᠵᠢᠨ ᠮᠡᠳᠡᠭᠡ᠎ᠶᠢ ᠦᠨᠳᠦᠰᠦᠯᠡᠪᠡᠯ᠂ ᠠᠮᠧᠷᠢᠺᠠ᠎ᠶᠢᠨ ᠨᠢᠦ᠋ ᠶᠣᠷᠺ᠎ᠤᠨ ᠲᠠᠸᠠᠷ᠎ᠤᠨ ᠠᠷᠠᠯᠵᠢᠶᠠᠨ᠎ᠤ ᠭᠠᠵᠠᠷ᠎ᠤᠨ ᠴᠠᠭᠠᠨ ᠮᠥᠩᠭᠥᠨ᠎ᠦ ᠬᠤᠭᠤᠴᠠᠭᠠᠲᠤ ᠪᠠᠷᠠᠭᠠᠨ᠎ᠤ ᠦᠨ᠎ᠡ᠂ ᠯᠤᠨᠳᠤᠨ᠎ᠤ ᠴᠠᠭᠠᠨ ᠮᠥᠩᠭᠥᠨ᠎ᠦ ᠪᠡᠯᠡᠨ ᠪᠠᠷᠠᠭᠠᠨ᠎ᠤ ᠦᠨ᠎ᠡ 23᠎ᠤ ᠡᠳᠦᠷ ᠴᠦᠮ ᠦᠨᠼ ᠪᠦᠷᠢ᠎ᠳᠡᠭᠡᠨ 100 ᠳ᠋ᠣᠯᠯᠠᠷ᠎ᠢ ᠳᠠᠪᠠᠵᠤ᠂ ᠳᠠᠬᠢᠨᠲᠠ ᠲᠡᠦᠬᠡ᠎ᠶᠢᠨ ᠰᠢᠨ᠎ᠡ ᠲᠡᠮᠳᠡᠭᠯᠡᠯ᠎ᠢ ᠡᠭᠦᠳᠴᠦ᠂ 2026 ᠣᠨ᠎ᠤ ᠥᠰᠦᠯᠲᠡ᠎ᠶᠢᠨ ᠬᠡᠮᠵᠢᠶ᠎ᠡ ᠴᠥᠮ 40%᠎ᠢ ᠳᠠᠪᠠᠭᠰᠠᠨ ᠪᠠᠢᠨ᠎ᠠ᠃

 

640 (1).jpg


ᠦᠢᠯᠡᠴᠢᠯᠡᠭᠡ

✦ᠥᠪᠥᠷ ᠮᠣᠩᠭᠣᠯ᠎ᠤᠨ ᠪᠠᠢᠴᠠᠭᠠᠬᠤ ᠬᠣᠷᠢᠶ᠎ᠠ ᠵᠢᠨ ᠰᠢᠰᠲᠧᠮ 198 ᠠᠵᠢᠯᠲᠠᠨ ᠡᠯᠰᠡᠨ᠎ᠠ᠃


ᠲᠠᠨ᠎ᠤ ᠳᠤᠰᠠ᠎ᠳᠤ

✦ᠡᠪᠦᠯ᠎ᠦᠨ ᠤᠯᠠᠷᠢᠯ᠎ᠳᠤ ᠪᠡᠶ᠎ᠡ ᠰᠤᠪᠢᠯᠠᠬᠤ᠎ᠳᠤ ᠤᠷᠢᠳ᠎ᠢᠶᠠᠷ ᠠᠭᠤᠰᠬᠢ ᠵᠢ ᠰᠢᠮᠡᠵᠢᠬᠦᠯᠬᠦ ᠬᠡᠷᠡᠭᠳᠡᠢ᠃ ᠬᠡᠯᠡᠭᠡᠢ ᠰᠠᠷᠠᠨ᠎ᠠ᠂ ᠴᠠᠭᠠᠨ ᠯᠢᠩᠬᠤ᠎ᠠ᠎ᠶᠢᠨ ᠦᠷ᠎ᠡ᠂ ᠮᠥᠩᠭᠥᠨ ᠳᠡᠯᠳᠡᠦ᠂ ᠯᠢᠩᠬᠤ᠎ᠠ᠎ᠶᠢᠨ ᠦᠨᠳᠦᠰᠦ ᠵᠡᠷᠭᠡ ᠴᠠᠭᠠᠨ ᠦᠨᠭᠭᠡᠲᠦ ᠢᠳᠡᠭᠡᠨ ᠡᠪᠦᠯ᠎ᠦᠨ ᠤᠯᠠᠷᠢᠯ᠎ᠳᠤ ᠢᠯᠡᠬᠦᠦ ᠵᠤᠬᠢᠷᠠᠳᠠᠭ᠃ ᠡᠮᠴᠢ᠎ᠶᠢᠨ ᠵᠠᠬᠢᠶ᠎ᠠ ᠪᠡᠷ ᠬᠠᠯᠠᠭᠤᠨ ᠪᠦᠯᠢᠶᠡᠨ ᠴᠢᠨᠠᠷᠲᠠᠢ ᠠᠭᠤᠰᠬᠢ ᠪᠥᠭᠡᠷ᠎ᠡ᠎ᠶᠢ ᠰᠠᠢᠵᠢᠷᠠᠭᠤᠯᠬᠤ ᠦᠢᠯᠡᠳᠦᠯ᠎ᠲᠠᠢ ᠬᠢᠲᠠᠳ ᠡᠮ᠎ᠢ ᠨᠡᠮᠡᠵᠦ ᠬᠡᠷᠡᠭᠯᠡᠵᠦ ᠪᠣᠯᠣᠨ᠎ᠠ᠃ ᠵᠣᠬᠢᠬᠤ ᠬᠡᠮᠵᠢᠶᠡᠨ ᠤ᠋ ᠬᠥᠳᠡᠯᠭᠡᠭᠡᠨ ᠬᠢᠬᠦ᠎ᠶᠢ ᠣᠮᠲᠣᠭᠠᠢᠯᠠᠵᠤ ᠪᠣᠯᠬᠤ ᠦᠭᠡᠢ᠂ ᠭᠡᠪᠡᠴᠦ ᠬᠥᠳᠡᠯᠭᠡᠭᠡᠨ᠎ᠦ ᠬᠡᠮᠵᠢᠶ᠎ᠡ᠎ᠶᠢ ᠬᠡᠲᠦᠷᠬᠡᠢ ᠶᠡᠬᠡ ᠪᠠᠢᠯᠭᠠᠵᠤ ᠪᠣᠯᠬᠤ ᠦᠭᠡᠢ᠃


640 (2).jpg

 

ᠵᠠᠯᠭᠠᠭᠠᠳ 《ᠲᠡᠷᠭᠡᠯ ᠵᠠᠶᠠᠭ᠎ᠠ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠤ  ᠪᠠᠶᠠᠷᠯᠠᠯ᠎ᠠ᠂  ᠪᠠᠶᠠᠷᠳᠠᠢ!

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)

ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号