1 ᠰᠠᠷ᠎ᠠ᠎ᠶ᠋ᠢᠨ 27 ᠤ᠋ ᠡᠳᠦᠷ
ᠡᠬᠢᠯᠡᠬᠦ᠌ ᠴᠠᠭ᠄
2026-01-27 09:54:09
ᠨᠠᠶ᠋ᠢᠷᠠᠭᠤᠯᠤᠭᠴᠢ ᠄
ᠭᠢᠯᠪᠡᠭᠡᠨ
ᠨᠡᠪᠲᠡᠷᠡᠬᠦᠯᠦᠭᠴᠢ ᠄
ᠭᠢᠯᠪᠡᠭᠡᠨ
ᠮᠡᠷᠭᠡᠵᠢᠯ ᠄

ᠤᠩᠰᠢᠭᠰᠠᠨ ᠤᠳᠠᠭ᠎ᠠ᠄

01封面.jpg


1c68e6d1-22ab-4344-875b-bcfbbe98eb00.png


最新 天气预报模板 (2)_01.jpg


87c4c7c9-6fc0-422e-9b09-82311c73d99f.png


ᠨᠡᠢᠭᠡᠮ

✦《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ᠂ ᠪᠥᠬᠥ ᠤᠯᠤᠰ᠎ᠲᠤ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ᠎ᠶᠢᠨ ᠬᠤᠪᠢ ᠬᠥᠮᠥᠨ᠎ᠦ ᠣᠷᠣᠨ ᠰᠠᠭᠤᠴᠠ᠎ᠶᠢᠨ ᠵᠢᠭᠡᠯᠡᠯᠭᠡ᠎ᠶᠢ ᠨᠡᠶ᠋ᠢᠲᠡ 6.5 ᠲᠦᠮᠡᠨ ᠳ᠋ᠦᠩᠰᠢᠭᠤᠷ ᠲᠥᠭᠥᠷᠢᠭ ᠲᠠᠯᠪᠢᠵᠤ᠂ ᠲᠤᠰᠢᠶᠠᠨ ᠬᠠᠳᠠᠭᠠᠯᠠᠭᠤᠯᠤᠭ᠍ᠴᠢ᠎ᠠᠴᠠ 9.4 ᠲᠦᠮᠡᠨ ᠳ᠋ᠦᠩᠰᠢᠭᠤᠷ ᠲᠥᠭᠥᠷᠢᠭ ᠭᠠᠷᠭᠠᠨ ᠠᠪᠴᠤ ᠣᠷᠣᠨ ᠰᠠᠭᠤᠴᠠ᠎ᠶᠢᠨ ᠬᠡᠷᠡᠭᠯᠡᠭᠡ᠎ᠳᠦ ᠬᠡᠷᠡᠭᠯᠡᠪᠡ᠃

✦2025 ᠣᠨ᠎ᠤ ᠡᠴᠦᠰ ᠪᠣᠯᠲᠠᠯ᠎ᠠ᠂ ᠮᠠᠨ᠎ᠤ ᠤᠯᠤᠰ 147 ᠲᠦᠮᠡᠨ ᠬᠦᠴᠢᠷᠳᠡᠯᠲᠡᠢ ᠬᠦᠨᠳᠦ ᠲᠠᠰ᠎ᠤᠨ ᠵᠡᠮᠳᠡᠭᠴᠦᠳ᠎ᠦᠨ ᠭᠡᠷ ᠪᠦᠯᠢ᠎ᠵᠢᠨ ᠰᠠᠭᠠᠳ ᠦᠭᠡᠢ ᠪᠣᠯᠭᠠᠬᠤ ᠥᠭᠡᠷᠡᠴᠢᠯᠡᠯᠲᠡ᠎ᠶᠢ ᠪᠡᠶᠡᠯᠡᠭᠦᠯᠵᠦ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ᠎ᠶᠢᠨ ᠡᠭᠦᠷᠭᠡ᠎ᠶᠢ ᠳᠠᠪᠠᠭᠤᠯᠤᠨ ᠪᠡᠶᠡᠯᠡᠭᠦᠯᠪᠡ᠃


640 (2).png


✦《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ᠂ ᠮᠠᠨ᠎ᠤ ᠤᠯᠤᠰ 34 ᠵᠦᠢᠯ᠎ᠦᠨ ᠬᠢᠲᠠᠳ ᠡᠮᠨᠡᠯᠭᠡ᠎ᠶᠢᠨ ᠤᠯᠤᠰ᠎ᠤᠨ ᠪᠠᠷᠢᠮᠵᠢᠶ᠎ᠠ᠎ᠶᠢ ᠨᠡᠢᠲᠡᠯᠡᠪᠡ᠃

✦2026 ᠣᠨ᠎ᠳᠤ ᠮᠠᠨ᠎ᠤ ᠤᠯᠤᠰ ᠰᠢᠨ᠎ᠡ ᠬᠡᠯᠪᠡᠷᠢ᠎ᠶᠢᠨ ᠤᠷᠢᠳᠴᠢᠯᠠᠨ ᠮᠡᠳᠡᠭᠡᠯᠡᠵᠦ ᠤᠷᠢᠳᠴᠢᠯᠠᠨ ᠵᠢᠱ᠌ᠢᠬᠦ ᠰᠢᠰᠲᠧᠮ᠎ᠢ ᠲᠦᠷᠭᠡᠳᠬᠡᠨ ᠪᠠᠢᠭᠤᠯᠵᠤ᠂ ᠲᠤᠢᠯ᠎ᠤᠨ ᠠᠭᠤᠷ ᠠᠮᠢᠰᠬᠤᠯ᠎ᠢ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠎ᠪᠠᠨ ᠳᠡᠭᠡᠭᠰᠢᠯᠡᠭᠦᠯᠵᠦ᠂ ᠤᠷᠢᠳᠴᠢᠯᠠᠨ ᠮᠡᠳᠡᠭᠡᠯᠡᠵᠦ ᠤᠷᠢᠳᠴᠢᠯᠠᠨ ᠲᠥᠰᠥᠭᠡᠯᠡᠭᠦ ᠲᠤᠭ᠎ᠠ ᠪᠠᠷᠢᠮᠳᠠ ᠵᠢᠨ ᠣᠶᠤᠨᠴᠢᠯᠠᠬᠤ ᠲᠦᠪᠰᠢᠨ᠎ᠢ ᠳᠡᠭᠡᠭᠰᠢᠯᠡᠭᠦᠯᠵᠦ᠂ ᠳᠡᠯᠡᠬᠡᠢ᠎ᠶᠢᠨ ᠪᠥᠮᠪᠥᠷᠴᠡᠭ᠎ᠦᠨ ᠰᠢᠰᠲᠧᠮ᠎ᠦᠨ ᠤᠷᠢᠳᠴᠢᠯᠠᠨ ᠮᠡᠳᠡᠭᠡᠯᠡᠬᠦ ᠴᠢᠳᠠᠪᠤᠷᠢ᠎ᠶᠢ ᠪᠠᠢᠭᠤᠯᠬᠤ᠎ᠪᠡᠷ ᠪᠤᠢ᠃

✦2026 ᠤᠨ᠎ᠳᠦ ᠥᠪᠥᠷ ᠮᠣᠩᠭᠣᠯ ᠭᠤᠷᠪᠠᠳᠤᠭᠠᠷ ᠳᠡᠰ᠎ᠤᠨ ᠬᠥᠯ ᠪᠥᠮᠪᠥᠭᠡ᠎ᠶᠢᠨ ᠵᠠᠯᠠᠭᠤᠴᠤᠳ᠎ᠤᠨ ᠪᠣᠯᠪᠠᠰᠤᠷᠠᠯ᠎ᠤᠨ ᠲᠥᠪ᠎ᠦᠨ ᠪᠦᠲᠦᠭᠡᠨ ᠪᠠᠢᠭᠤᠯᠤᠯᠲᠠ᠎ᠶᠢ ᠠᠬᠢᠭᠤᠯᠵᠤ᠂ ᠨᠢᠭᠡ ᠵᠢᠯ᠎ᠦᠨ ᠳᠣᠲᠣᠷ᠎ᠠ 1 ᠥᠪᠡᠷᠲᠡᠭᠡᠨ ᠵᠠᠰᠠᠬᠤ ᠣᠷᠣᠨ᠎ᠤ ᠲᠠᠰ᠂ 5 ᠠᠢᠮᠠᠭ ᠬᠣᠲᠠ᠎ᠶᠢᠨ ᠲᠠᠰ᠂ 10 ᠬᠣᠰᠢᠭᠤ ᠰᠢᠶᠠᠨ(ᠲᠣᠭᠣᠷᠢᠭ᠋) ᠎ᠤ ᠲᠠᠰ᠎ᠤᠨ ᠵᠠᠯᠠᠭᠤᠴᠤᠳ᠎ᠤᠨ ᠪᠣᠯᠪᠠᠰᠤᠷᠠᠯ᠎ᠤᠨ ᠲᠥᠪ᠎ᠦᠨ ᠪᠦᠲᠦᠭᠡᠨ ᠪᠠᠢᠭᠤᠯᠤᠯᠲᠠ᠎ᠶᠢᠨ ᠡᠭᠦᠷᠭᠡ᠎ᠶᠢ ᠪᠡᠶᠡᠯᠡᠭᠦᠯᠬᠦ᠎ᠪᠡᠷ ᠪᠤᠢ᠃

✦1 ᠰᠠᠷ᠎ᠠ᠎ᠶᠢᠨ 25᠎ᠤ ᠡᠳᠦᠷ᠂ 2026 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠷᠢᠬᠠᠨ ᠰᠠᠯᠬᠢ ᠠᠵᠢᠯᠯᠠᠭ᠎ᠠ ᠵᠢᠴᠢ ᠠᠵᠢᠯ ᠣᠯᠭᠣᠯᠲᠠ᠎ᠶᠢᠨ ᠲᠤᠰᠠᠯᠠᠮᠵᠢ᠎ᠶᠢᠨ ᠤᠯᠠᠷᠢᠯ᠎ᠤᠨ ᠲᠤᠰᠬᠠᠢ ᠠᠵᠢᠯᠲᠠᠨ ᠡᠯᠰᠡᠬᠦ ᠠᠵᠢᠯᠯᠠᠭ᠎ᠠ ᠬᠥᠬᠡᠬᠣᠲᠠ᠎ᠶᠢᠨ ᠰᠢᠨᠬᠤᠸᠠ ᠠᠭᠤᠳᠠᠮ ᠲᠠᠯᠠᠪᠠᠢ᠎ᠶᠢᠨ ᠬᠤᠳᠠᠯᠳᠤᠭᠠᠨ᠎ᠤ ᠲᠣᠭᠣᠷᠢᠭ᠋᠎ᠲᠤ ᠶᠠᠪᠤᠭᠳᠠᠵᠤ᠂ ᠣᠷᠣᠨ᠎ᠤ ᠳᠣᠲᠣᠨ᠎ᠠ ᠭᠠᠳᠠᠨᠠᠬᠢ 87 ᠠᠵᠤ ᠠᠬᠤᠢᠯᠠᠯ ᠨᠡᠢ᠍ᠢᠳᠡ 2400 ᠭᠠᠷᠤᠢ ᠠᠵᠢᠯ᠎ᠤᠨ ᠪᠠᠢᠷᠢ ᠬᠠᠩᠭᠠᠪᠠ᠃


640.png


✦2025 ᠣᠨ᠎ᠳᠤ᠂ ᠮᠠᠨ᠎ᠤ ᠤᠷᠤᠨ 《ᠤᠰᠤ ᠠᠷᠪᠢᠯᠠᠬᠤ ᠠᠵᠢᠯᠯᠠᠭ᠎ᠠ᠎ᠶᠢᠨ ᠬᠡᠷᠡᠭᠵᠢᠭᠦᠯᠬᠦ ᠲᠥᠰᠥᠯ》 ᠲᠣᠭᠲᠠᠭᠠᠨ ᠨᠠᠢᠳᠠᠪᠤᠷᠢᠵᠢᠭᠤᠯᠵᠤ᠂ ᠪᠥᠬᠥ ᠣᠷᠣᠨ᠎ᠤ ᠡᠯ᠎ᠡ ᠠᠵᠢᠯ ᠲᠥᠷᠥᠯ᠎ᠦᠨ ᠰᠢᠨ᠎ᠡ᠎ᠪᠡᠷ ᠨᠡᠮᠡᠭᠳᠡᠭᠰᠡᠨ ᠤᠰᠤ ᠠᠷᠪᠢᠯᠠᠬᠤ ᠴᠢᠳᠠᠪᠤᠷᠢ 3 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠎ᠢ ᠳᠠᠪᠠᠪᠠ᠃

✦ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠲᠢᠩᠬᠢᠮ᠎ᠦᠨ ᠮᠡᠳᠡᠭᠡ᠎ᠶᠢ ᠦᠨᠳᠦᠰᠦᠯᠡᠪᠡᠯ᠂ ᠤᠢᠷ᠎ᠠ᠎ᠳᠦ 2025 ᠣᠨ᠎ᠤ ᠥᠪᠥᠷ ᠮᠣᠩᠭᠣᠯ᠎ᠤᠨ 《ᠦᠷ᠎ᠡ ᠰᠣᠩᠭᠣᠬᠤ》 ᠲᠠᠪᠴᠠᠩ᠎ᠤᠨ ᠲᠠᠨᠢᠯᠴᠠᠭᠤᠯᠭ᠎ᠠ᠎ᠶᠢᠨ ᠲᠥᠷᠥᠯ ᠵᠦᠢᠯ᠎ᠢ ᠨᠡᠢᠲᠡᠯᠡᠵᠤ᠂ ᠪᠥᠬᠥ ᠣᠷᠣᠨ ᠨᠡᠶ᠋ᠢᠲᠡ ᠠᠳᠠᠯᠢ ᠪᠤᠰᠤ ᠠᠮᠢ ᠠᠬᠤᠢ᠎ᠶᠢᠨ ᠣᠷᠣᠨ ᠪᠦᠰᠡ᠎ᠳᠦ ᠲᠣᠬᠢᠷᠠᠬᠤ ᠡᠷᠳᠡᠨᠢ ᠰᠢᠰᠢ᠂ ᠰᠢᠷ᠎ᠠ ᠪᠤᠷᠴᠠᠭ᠂ ᠤᠰᠤᠨ ᠲᠤᠲᠤᠷᠭ᠎ᠠ ᠵᠡᠷᠭᠡ᠎ᠶᠢ ᠪᠠᠭᠲᠠᠭᠠᠭᠰᠠᠨ 60 ᠰᠢᠯᠢᠳᠡᠭ ᠡᠭᠦᠯᠳᠡᠷ᠎ᠢ ᠰᠣᠩᠭᠣᠵᠤ ᠭᠠᠷᠭᠠᠪᠠ᠃

✦2025 — 2026 ᠤᠨ ᠎ᠤ ᠮᠠᠰᠢᠨ ᠲᠡᠷᠭᠡᠨ᠎ᠤ ᠡᠪᠦᠯ᠎ᠤᠨ ᠲᠤᠷᠰᠢᠯᠲᠠ᠎ᠵᠢᠨ ᠤᠯᠠᠷᠢᠯ᠎ᠳᠦ᠂ ᠪᠦᠬᠦ ᠳᠡᠯᠡᠬᠡᠢ᠎ᠵᠢᠨ 230 ᠮᠠᠰᠢᠨ ᠲᠡᠷᠭᠡᠨ᠎ᠤ ᠠᠵᠤ ᠠᠬᠤᠢᠯᠠᠯ᠎ᠤᠨ 2700 ᠮᠠᠰᠢᠨ ᠲᠡᠷᠭᠡ ᠶᠠᠭᠰᠢ ᠬᠤᠲᠠ᠎ᠳᠦ ᠡᠪᠦᠯ᠎ᠤᠨ ᠤᠯᠠᠷᠢᠯ᠎ᠤᠨ ᠰᠢᠯᠭᠠᠯᠲᠠ᠎ᠥᠷᠨᠢᠭᠦᠯᠬᠦ ᠪᠤᠯᠤᠨ᠎ᠠ᠃

✦ᠤᠢᠷ᠎ᠠ᠎ᠳᠦ ᠤᠷᠳᠤᠰ ᠬᠤᠲᠠ᠎ᠵᠢᠨ ᠦᠦᠰᠢᠨ ᠬᠤᠰᠢᠭᠤᠨ᠎ᠤ ᠰᠦᠯᠳᠡ ᠰᠤᠮᠤᠨ ᠎ᠤ ᠬᠦᠬᠡᠮᠠᠩᠬ᠎ᠠ ᠭᠠᠴᠠᠭᠠᠨ᠎ᠤ 《ᠬᠠᠢᠷ᠎ᠠ ᠬᠠᠯᠠᠮᠵᠢ》 ᠬᠤᠯᠪᠤᠭᠠᠨ᠎ᠤ ᠬᠢᠨ ᠰᠡᠪᠬᠦᠯ ᠭᠠᠴᠠᠭᠠᠨ᠎ᠤ ᠪᠦᠷᠢᠶᠡᠴᠢ ᠮᠠᠯᠵᠢᠯ᠎ᠤᠨ ᠬᠤᠷᠰᠢᠶ᠎ᠠ᠎ᠵᠢᠨ ᠲᠦᠢᠮᠡᠷ᠎ᠲᠦ ᠳᠠᠭᠠᠷᠢᠭᠳᠠᠭᠰᠠᠨ ᠴᠠᠭᠠᠨᠪᠠᠷᠰ᠎ᠤᠨ ᠬᠢᠨ᠎ᠳᠦ 150 ᠪᠤᠭᠤᠯᠲᠠ ᠡᠪᠡᠰᠦ ᠬᠦᠷᠭᠡᠵᠡᠢ᠃


640 (1).png


✦ᠤᠢᠷ᠎ᠠ᠎ᠳᠦ ᠠᠯᠠᠱᠠ ᠵᠡᠭᠦᠨ ᠬᠤᠰᠢᠭᠤ᠎ᠡᠴᠡ ᠬᠦᠬᠡᠬᠤᠲᠠ ᠬᠦᠷᠬᠦ ᠠᠶᠠᠯᠠᠯ᠎ᠤᠨ ᠱᠤᠭᠤᠮ᠎ᠢ ᠰᠢᠯᠢᠳᠡᠭᠵᠢᠭᠦᠯᠬᠦ ᠲᠥᠰᠥᠯ ᠨᠢ ᠳᠤᠮᠳᠠᠳᠤ ᠤᠯᠤᠰ᠎ᠤᠨ ᠠᠷᠠᠳ᠎ᠤᠨ ᠠᠭᠠᠷ᠎ᠤᠨ ᠲᠡᠭᠡᠭᠡᠪᠦᠷᠢ᠎ᠵᠢᠨ ᠲᠤᠪᠴᠢᠶᠠᠨ᠎ᠤ ᠵᠥᠪᠰᠢᠶᠡᠷᠡᠯ᠎ᠢ ᠤᠯᠵᠤ᠂ ᠲᠥᠷ ᠴᠠᠭ᠎ᠤᠨ ᠠᠶᠠᠯᠠᠯ᠎ᠤᠨ ᠱᠤᠭᠤᠮ ᠬᠦᠴᠦᠨ ᠲᠠᠢ ᠪᠤᠯᠪᠠ᠃

 

ᠰᠤᠶᠤᠯ

✦1 ᠰᠠᠷ᠎ᠠ᠎ᠶᠢᠨ 25᠎ᠤ ᠡᠳᠦᠷ᠂ ᠲᠥᠪ᠎ᠦᠨ ᠷᠠᠳᠢᠣ᠋ ᠲᠧᠯᠸᠢᠰ᠎ᠦᠨ ᠶᠡᠷᠦᠩᠬᠡᠢ ᠬᠣᠷᠢᠶ᠎ᠠ᠎ᠶᠢᠨ 《2026 ᠣᠨ᠎ᠤ ᠴᠠᠭᠠᠨ ᠰᠠᠷ᠎ᠠ᠎ᠶᠢᠨ ᠦᠳᠡᠰᠢᠯᠡᠭᠡ》 ᠬᠣᠶᠠᠳᠠᠭᠢ ᠤᠳᠠᠭᠠᠨ᠎ᠤ ᠰᠣᠷᠢᠯᠲᠠ ᠲᠤᠭᠯᠠᠯᠲᠠ ᠬᠢᠪᠡ᠃


28bc71741281fd6d5af58be4ab12f904.jpg

 

ᠲᠠᠮᠢᠷ

✦2026 ᠣᠨ᠎ᠤ ᠢᠨᠳᠤᠨᠧᠰᠢᠶ᠎ᠠ᠎ᠶᠢᠨ ᠥᠳᠥᠨ ᠪᠥᠮᠪᠥᠭᠡ᠎ᠶᠢᠨ ᠮᠠᠰᠲ᠋ᠸᠷ᠎ᠤᠨ ᠤᠷᠤᠯᠳᠤᠭᠠᠨ᠎ᠤ ᠡᠮᠡᠭᠲᠡᠢ᠎ᠶᠢᠨ ᠭᠠᠭᠴᠠ ᠬᠥᠮᠥᠨ᠎ᠦ ᠰᠢᠢᠳᠪᠦᠷᠢᠲᠦ ᠤᠷᠤᠯᠳᠤᠭᠠᠨ᠎ᠳᠤ ᠳᠤᠮᠳᠠᠳᠤ ᠤᠯᠤᠰ᠎ᠤᠨ ᠥᠳᠥᠨ ᠪᠥᠮᠪᠥᠭᠡ᠎ᠶᠢᠨ ᠲᠠᠮᠢᠷᠴᠢᠨ ᠴᠧᠨ ᠢᠦᠢ ᠹᠧᠢ ᠮᠠᠩᠯᠠᠢᠯᠠᠪᠠ᠃


0023f8aab363ff273d086de6455b55a7.jpg

 

ᠳᠡᠯᠡᠬᠡᠢ

✦ᠲᠥᠪ ᠲᠸᠯᠸᠢᠰ᠎ᠤᠨ ᠮᠡᠳᠡᠭᠡ᠎ᠶᠢ ᠦᠨᠳᠦᠰᠦᠯᠡᠪᠡᠯ᠂ ᠲᠤᠬᠠᠢ᠎ᠶᠢᠨ ᠭᠠᠵᠠᠷ᠎ᠤᠨ ᠴᠠᠭ᠎ᠢᠶᠠᠷ 1 ᠰᠠᠷ᠎ᠠ᠎ᠶᠢᠨ 25᠎ᠤ ᠡᠳᠦᠷ᠂ ᠪᠡᠭᠡᠵᠢᠩ᠎ᠡᠴᠡ ᠠᠪᠦ᠋ ᠽᠠᠪᠢ ᠬᠦᠷᠬᠦ ᠨᠢᠰᠬᠡᠯ ᠠᠶᠠᠯᠠᠯ᠎ᠢᠶᠠᠨ ᠤᠷᠤᠭᠰᠢᠲᠠᠢ ᠪᠡᠶᠡᠯᠡᠭᠦᠯᠦᠭᠰᠡᠨ ᠨᠢ ᠳᠤᠮᠳᠠᠳᠤ ᠤᠯᠤᠰ ᠪᠣᠯᠣᠨ ᠠᠷᠠᠪ᠎ᠤᠨ ᠬᠣᠯᠪᠣᠭᠠᠲᠤ ᠠᠬᠠᠮᠠᠳᠲᠤ ᠤᠯᠤᠰ᠎ᠤᠨ ᠨᠡᠢᠰᠯᠡᠯ᠎ᠤᠨ ᠬᠤᠭᠤᠷᠤᠨᠳᠤᠬᠢ ᠨᠢᠰᠬᠡᠯ᠎ᠠᠩᠬ᠎ᠠ ᠤᠳᠠᠭ᠎ᠠ ᠰᠢᠭᠤᠳ ᠨᠡᠪᠲᠡᠷᠡᠭᠰᠡᠨ᠎ᠢ ᠬᠠᠷᠠᠭᠤᠯᠵᠤ ᠪᠠᠢᠨ᠎ᠠ᠃


bc0729592983cb42d476ccb17914c9eb.jpg


✦ᠠᠨᠭ᠌ᠭ᠌ᠯᠢ᠎ᠶᠢᠨ ᠵᠠᠰᠠᠭ᠎ᠤᠨ ᠣᠷᠳᠣᠨ 1 ᠰᠠᠷ᠎ᠠ᠎ᠶᠢᠨ 24᠎ᠦ ᠡᠳᠦᠷ ᠮᠡᠳᠡᠭᠡ ᠨᠡᠢᠲᠡᠯᠡᠵᠦ᠂ ᠨᠢᠭᠡᠨ ᠴᠤ ᠰᠢᠨ᠎ᠡ ᠪᠦᠬᠦ ᠤᠯᠤᠰ᠎ᠤᠨ ᠴᠢᠨᠠᠷᠲᠠᠢ ᠴᠠᠭᠳᠠᠭᠠᠨ᠎ᠤ ᠪᠠᠢᠭᠤᠯᠤᠮᠵᠢ ᠪᠣᠯᠬᠤ 《ᠤᠯᠤᠰ᠎ᠤᠨ ᠴᠠᠭᠳᠠᠭᠠᠨ᠎ᠤ ᠲᠣᠪᠴᠢᠶ᠎ᠠ》  ᠪᠠᠶ᠋ᠢᠭᠤᠯᠬᠤ᠎ᠪᠡᠷ ᠪᠠᠢᠨ᠎ᠡ ᠭᠡᠪᠡ᠃


b7a57f0804ab1beaf5d9638efead325e.jpg

 

ᠦᠢᠯᠡᠴᠢᠯᠡᠭᠡ

✦ᠰᠥᠨᠢᠳ ᠪᠠᠷᠠᠭᠤᠨ ᠬᠣᠰᠢᠭᠤᠨ᠎ᠤ ᠪᠠᠴᠢᠮ ᠪᠠᠢᠳᠠᠯ ᠎ᠢ ᠠᠷᠭᠠᠴᠠᠭᠠᠬᠤ ᠬᠠᠮᠢᠶᠠᠷᠤᠯᠲᠠ᠎ᠶᠢᠨ ᠲᠣᠪᠴᠢᠶ᠎ᠠ ᠠᠵᠢᠯᠲᠠᠨ ᠡᠯᠰᠡᠵᠦ ᠪᠤᠢ᠃ 


ᠲᠠᠨ᠎ᠤ ᠲᠤᠰᠠ᠎ᠳᠤ

✦ᠭᠠᠷᠠᠭ ᠪᠦᠷᠢ ᠬᠣᠶᠠᠷ ᠤᠳᠠᠭ᠎ᠠ ᠤᠰᠤᠨ ᠭᠠᠷᠤᠯᠲᠠ᠎ᠵᠢᠨ ᠢᠳᠡᠭᠡᠨ ᠢᠳᠡᠬᠦ ᠨᠢ ᠪᠡᠶ᠎ᠡ᠎ᠵᠢᠨ ᠡᠷᠡᠭᠦᠯ ᠮᠡᠨᠳᠦ᠎ᠳᠦ ᠠᠰᠢᠭᠲᠠᠢ᠃ ᠡᠨᠡ᠎ᠬᠦ ᠲᠥᠷᠥᠯ᠎ᠦᠨ ᠢᠳᠡᠭᠡᠨ᠎ᠳᠦ ᠤᠮᠸᠭ᠎ᠠ 3᠎ᠵᠢᠨ ᠬᠠᠨᠤᠮᠠᠯ ᠪᠤᠰᠤ ᠥᠭᠡᠬᠦᠨ ᠬᠦᠴᠢᠯ ᠡᠯᠪᠡᠭ ᠠᠭᠤᠯᠤᠭᠳᠠᠵᠤ᠂ ᠥᠭᠡᠬᠦᠨ ᠬᠦᠴᠢᠯ᠎ᠦᠨ ᠬᠠᠷᠢᠴᠠᠯ᠎ᠢ ᠰᠠᠢᠵᠢᠷᠠᠭᠤᠯᠵᠤ᠂ ᠦᠷᠪᠢᠰᠦᠯ᠎ᠢ ᠳᠠᠷᠤᠬᠤ᠎ᠳᠤ ᠠᠰᠢᠭ᠍ᠲᠠᠢ ᠪᠠᠢᠳᠠᠭ᠃ ᠡᠭᠦᠨ᠎ᠦ ᠬᠠᠮᠲᠤ ᠤᠯᠠᠭᠠᠨ ᠮᠢᠬ᠎ᠠ᠂ ᠪᠣᠯᠪᠠᠰᠤᠷᠠᠭᠤᠯᠤᠭᠰᠠᠨ ᠮᠢᠬᠠᠨ᠎ᠤ ᠵᠦᠢᠯ᠂ ᠪᠢᠩᠭᠠᠨ ᠵᠡᠷᠭᠡ ᠦᠷᠪᠢᠰᠦᠯ᠎ᠢ ᠠᠬᠢᠭᠤᠯᠬᠤ ᠢᠳᠡᠭᠡᠨ᠎ᠢ ᠢᠳᠡᠬᠦ᠎ᠪᠡᠨ ᠪᠠᠭᠠᠰᠬᠠᠪᠠᠯ ᠵᠤᠬᠢᠨ᠎ᠠ᠃

ᠵᠠᠯᠭᠠᠭᠠᠳ 《ᠢᠵᠢᠯᠢ ᠰᠡᠳᠬᠢᠯ》  ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ᠎ᠳᠤ  ᠪᠠᠶᠠᠷᠯᠠᠯ᠎ᠠ᠂  ᠪᠠᠶᠠᠷᠳᠠᠢ!

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)

ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号