



ᠨᠡᠢᠭᠡᠮ
✦1 ᠰᠠᠷ᠎ᠠ ᠵᠢᠨ 26᠎ᠤ ᠡᠳᠤᠷ᠂ ᠰᠣᠶᠣᠯ ᠪᠠ ᠵᠢᠭᠤᠯᠴᠢᠯᠠᠯ᠎ᠤᠨ ᠶᠠᠮᠤᠨ 2025 ᠣᠨ᠎ᠤ ᠪᠥᠬᠥ
ᠤᠯᠤᠰ᠎ᠤᠨ ᠬᠥᠬᠡ ᠲᠠᠰ᠂ ᠬᠥᠬᠡᠭᠴᠢᠨ ᠲᠠᠰ᠎ᠤᠨ ᠵᠢᠭᠤᠯᠴᠢᠯᠠᠯ᠎ᠤᠨ ᠠᠷᠠᠳ᠎ᠤᠨ ᠰᠠᠭᠤᠴᠠ ᠵᠢᠨ ᠨᠡᠷᠡᠰ᠎ᠢ ᠨᠡᠢᠲᠡᠯᠡᠪᠡ᠃
✦ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠮᠡᠳᠡᠭᠡ ᠵᠢ ᠦᠨᠳᠦᠰᠦᠯᠡᠪᠡᠯ᠂ ᠡᠨᠡ ᠵᠢᠯ ᠦᠢᠯᠡᠴᠢᠯᠡᠭᠡᠨ᠎ᠦ
ᠠᠷᠠᠯᠵᠢᠶ᠎ᠠ᠎ᠶᠢ ᠶᠡᠬᠡ ᠪᠡᠷ ᠬᠥᠭᠵᠢᠭᠦᠯᠵᠦ᠂ ᠬᠢᠯᠢ ᠠᠯᠤᠰᠯᠠᠭᠰᠠᠨ ᠦᠢᠯᠡᠴᠢᠯᠡᠭᠡᠨ᠎ᠦ ᠠᠷᠠᠯᠵᠢᠶ᠎ᠠ᠎ᠶᠢᠨ ᠨᠠᠵᠠᠭᠠᠢ
ᠲᠠᠯ᠎ᠠ᠎ᠶᠢᠨ ᠨᠠᠷᠢᠨ ᠲᠠᠩᠰᠠ᠎ᠶᠢᠨ ᠬᠠᠮᠢᠶᠠᠷᠤᠯᠲᠠ᠎ᠶᠢᠨ ᠳᠦᠷᠢᠮ᠎ᠢ ᠲᠡᠭᠦᠯᠳᠡᠷᠵᠢᠭᠦᠯᠵᠦ᠂ ᠦᠢᠯᠡᠴᠢᠯᠡᠭᠡᠨ᠎ᠦ
ᠵᠠᠬ᠎ᠠ ᠳᠡᠯᠭᠡᠭᠦᠷ᠎ᠦᠨ ᠨᠡᠭᠡᠭᠡᠯᠲᠡ᠎ᠶᠢ ᠡᠮᠬᠢ ᠵᠢᠷᠤᠮ᠎ᠲᠠᠢ ᠠᠬᠢᠭᠤᠯᠤᠨ᠎ᠠ ᠃
✦ᠳᠤᠮᠳᠠᠳᠤ ᠤᠯᠤᠰ᠎ᠤᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠶᠡᠬᠡ ᠰᠤᠷᠭᠠᠭᠤᠯᠢ᠎ᠶᠢᠨ
ᠣᠳᠣᠨ ᠣᠷᠣᠨ᠎ᠤ ᠠᠶᠠᠯᠠᠯ᠎ᠤᠨ ᠳᠡᠭᠡᠳᠦ ᠰᠤᠷᠭᠠᠭᠤᠯᠢ 1 ᠰᠠᠷ᠎ᠠ᠎ᠶᠢᠨ 27 ᠤ ᠡᠳᠦᠷ ᠪᠠᠢᠭᠤᠯᠤᠭᠳᠠᠪᠠ᠃ ᠡᠨᠡ
ᠨᠢ ᠮᠠᠨ᠎ᠤ ᠤᠯᠤᠰ᠎ᠤᠨ ᠠᠩᠬᠠᠳᠠᠬᠴᠢ ᠣᠳᠣᠨ ᠣᠷᠣᠨ᠎ᠤ ᠠᠶᠠᠯᠠᠯ᠎ᠤᠨ ᠳᠡᠭᠡᠳᠦ ᠰᠤᠷᠭᠠᠭᠤᠯᠢ ᠪᠤᠯᠤᠨ᠎ᠠ᠃
✦ᠤᠢᠷ᠎ᠠ᠎ᠳᠤ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ ᠰᠣᠨᠢᠨ
ᠮᠡᠳᠡᠭᠡ ᠨᠡᠢᠲᠡᠯᠡᠬᠦ ᠬᠤᠷᠠᠯ ᠬᠢᠵᠦ᠂ ᠰᠢᠨ᠎ᠡ ᠬᠡᠪᠯᠡᠯ᠎ᠦᠨ 《ᠢᠳᠡᠭᠡᠨ᠎ᠦ
ᠠᠮᠤᠷ ᠲᠦᠪᠰᠢᠨ᠎ᠦ ᠤᠯᠤᠰ᠎ᠤᠨ ᠪᠠᠷᠢᠮᠵᠢᠶ᠎ᠠ᠎ᠶᠢᠨ ᠤᠷᠢᠳᠴᠢᠯᠠᠨ ᠪᠣᠭᠣᠳᠠᠯᠯᠠᠬᠤ ᠢᠳᠡᠭᠡᠨ᠎ᠦ ᠰᠢᠮ᠎ᠡ ᠲᠡᠵᠢᠭᠡᠯ᠎ᠦᠨ
ᠱᠣᠰᠢᠭ᠎ᠠ ᠲᠡᠮᠳᠡᠭ᠎ᠦᠨ ᠶᠡᠷᠦᠩᠬᠡᠢ ᠳᠦᠷᠢᠮ》᠎ᠤᠨ ᠬᠣᠯᠪᠣᠭᠳᠠᠯ ᠪᠦᠬᠦᠢ
ᠪᠠᠢᠳᠠᠯ᠎ᠢ ᠲᠠᠨᠢᠯᠴᠠᠭᠤᠯᠪᠠ᠃ ᠡᠨᠡᠬᠦ ᠰᠢᠨ᠎ᠡ ᠪᠠᠷᠢᠮᠵᠢᠶ᠎ᠠ᠎ᠳᠤ 《ᠬᠠᠨᠤᠮᠠᠯ
ᠥᠭᠡᠬᠦ》 ᠪᠠ 《ᠰᠢᠬᠢᠷ》᠎ᠦᠨ ᠠᠭᠤᠯᠤᠭᠳᠠᠴᠠ᠎ᠶᠢ ᠤᠷᠢᠳᠴᠢᠯᠠᠨ ᠪᠣᠭᠣᠳᠠᠯᠯᠠᠬᠤ ᠢᠳᠡᠭᠡᠨ᠎ᠦ ᠰᠢᠮ᠎ᠡ ᠲᠡᠵᠢᠭᠡᠯ᠎ᠦᠨ
ᠱᠣᠰᠢᠭ᠎ᠠ ᠲᠡᠮᠳᠡᠭᠲᠦ ᠲᠣᠳᠣᠷᠬᠠᠢᠯᠠᠵᠤ ᠪᠢᠴᠢᠬᠦ ᠬᠡᠷᠡᠭᠲᠡᠢ ᠭᠡᠵᠦ ᠱᠠᠭᠠᠷᠳᠠᠭᠰᠠᠨ ᠪᠠᠢᠨ᠎ᠠ᠃

✦1
ᠰᠠᠷ᠎ᠠ᠎ᠶᠢᠨ 26 ᠤ ᠡᠳᠦᠷ ᠡᠴᠡ ᠡᠬᠢᠯᠡᠨ᠂ ᠪᠥᠬᠥ ᠤᠯᠤᠰ᠎ᠤᠨ ᠲᠡᠮᠦᠷ ᠵᠠᠮ ᠭᠠᠯᠲᠤ ᠲᠡᠷᠭᠡᠨ᠎ᠦ ᠰᠢᠨ᠎ᠡ ᠠᠶᠠᠯᠠᠯ᠎ᠤᠨ ᠵᠢᠷᠤᠭ᠎ᠢ
ᠬᠡᠷᠡᠭᠵᠢᠭᠦᠯᠪᠠ᠃

✦《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ᠂ ᠲᠦᠩᠯᠢᠶᠤᠤ ᠬᠣᠲᠠ ᠬᠣᠷᠴᠢᠨ᠎ᠤ
ᠡᠯᠡᠰᠦᠷᠬᠡᠭ ᠭᠠᠵᠠᠷ᠎ᠤᠨ ᠤᠢᠵᠢᠭᠤᠯᠤᠯᠳᠠ ᠵᠢᠨ ᠲᠦᠷᠦᠯ ᠵᠦᠢᠯ᠎ᠤᠨ ᠪᠦᠲᠦᠭᠡᠨ ᠪᠠᠢᠭᠤᠯᠤᠯᠳᠠ ᠵᠢ ᠪᠥᠬᠥ ᠱᠤᠭᠤᠮ᠎ᠢᠶᠠᠷ ᠠᠬᠢᠭᠤᠯᠵᠤ᠂ ᠠᠮᠢ ᠠᠬᠤᠢ᠎ᠶᠢ ᠵᠠᠰᠠᠨ ᠰᠡᠷᠭᠦᠭᠡᠬᠦ ᠠᠵᠢᠯ᠎ᠢ ᠨᠡᠢᠲᠡ 2263 ᠲᠦᠮᠡᠨ ᠮᠤ᠌ ᠪᠡᠶᠡᠯᠡᠭᠦᠯᠵᠦ᠂ ᠬᠣᠷᠴᠢᠨ᠎ᠤ ᠡᠯᠡᠰᠦᠷᠬᠡᠭ ᠭᠠᠵᠠᠷ᠎ᠲᠤ ᠲᠠᠯ᠎ᠠ ᠨᠤᠲᠤᠭ ᠤᠨ
ᠥᠩᠭᠡ ᠦᠵᠡᠮᠵᠢ ᠵᠢ ᠳᠠᠬᠢᠨ ᠢᠯᠡᠷᠡᠭᠦᠯᠪᠡ᠃

✦ᠤᠯᠠᠭᠠᠠᠬᠠᠳᠠ ᠬᠣᠲᠠ᠎ᠶᠢᠨ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ᠎ᠶᠢᠨ ᠵᠠᠮ ᠬᠠᠷᠢᠯᠴᠠᠭᠠᠨ ᠤ᠋ ᠬᠠᠮᠢᠶᠠᠷᠤᠯᠲᠠ᠎ᠶᠢᠨ
ᠰᠠᠯᠪᠤᠷᠢ ᠠᠩᠭᠢ᠎ᠠᠴᠠ ᠣᠢᠯᠠᠭᠠᠭᠰᠠᠨ᠎ᠢᠶᠠᠷ᠂ 1 ᠰᠠᠷ᠎ᠠ᠎ᠶᠢᠨ 25᠎ᠤ ᠡᠳᠦᠷ᠎ᠠᠴᠠ ᠡᠬᠢᠯᠡᠨ ᠪᠦᠭᠦ ᠬᠤᠲᠠ᠎ᠶᠢᠨ
ᠬᠡᠪᠴᠢᠶᠡᠨ ᠳᠦ ᠵᠠᠮ ᠬᠠᠷᠢᠯᠴᠠᠭ᠎ᠠ ᠲᠡᠭᠡᠭᠡᠪᠦᠷᠢ᠎ᠶᠢᠨ ᠵᠠᠬ᠎ᠠ ᠳᠡᠯᠭᠡᠭᠦᠷ᠎ᠦᠨ《ᠬᠠᠤᠯᠢ ᠪᠤᠰᠤ ᠠᠵᠢᠯᠯᠠᠭ᠎ᠠ᠎ᠳᠤ ᠴᠣᠬᠢᠯᠲᠠ ᠥᠭᠬᠦ》 ᠲᠤᠰᠬᠠᠢ ᠠᠵᠢᠯᠯᠠᠭ᠎ᠠ ᠥᠷᠨᠢᠭᠦᠯᠵᠦ᠂ 4 ᠰᠠᠷ᠎ᠠ᠎ᠶᠢᠨ 27᠎ᠤ ᠡᠳᠦᠷ ᠪᠤᠯᠲᠠᠯ᠎ᠠ ᠶᠠᠪᠤᠭᠳᠠᠨ᠎ᠠ᠃
✦1 ᠰᠠᠷ᠎ᠠ᠎ᠶᠢᠨ 26᠎ᠤ ᠡᠳᠦᠷ᠂ ᠬᠥᠪᠡᠭᠡᠲᠦ ᠰᠢᠷ᠎ᠠ ᠬᠣᠰᠢᠭᠤᠨ᠎ᠤ ᠤᠯᠠᠭᠠᠨ ᠵᠠᠭᠠᠯᠮᠠᠢᠲᠠᠨ᠎ᠤ
ᠨᠡᠢᠭᠡᠮᠯᠢᠭ 《ᠲᠦᠭᠡᠮᠡᠯ ᠬᠠᠢᠷ᠎ᠠ᠎ᠶᠢ ᠲᠦᠮᠡᠨ ᠡᠷᠦᠬᠡ᠎ᠳᠦ ᠬᠦᠷᠭᠡᠬᠦ》 ᠠᠵᠢᠯᠯᠠᠭ᠎ᠠ ᠶᠢᠨ ᠡᠬᠢᠯᠡᠯᠲᠡ᠎ᠶᠢᠨ ᠶᠣᠰᠣᠯᠠᠯ ᠶᠠᠪᠤᠭᠳᠠᠭᠤᠯᠵᠤ᠂
30 ᠭᠠᠷᠤᠢ ᠣᠷᠴᠢᠨ ᠲᠣᠭᠣᠷᠢᠨ᠎ᠤ ᠠᠷᠢᠭᠤᠨ ᠴᠡᠪᠡᠷ᠎ᠦᠨ ᠠᠵᠢᠯᠴᠢᠨ ᠪᠣᠯᠣᠨ ᠨᠡᠢᠭᠡᠮ ᠲᠣᠭᠣᠷᠢᠭ᠋᠎ᠤᠨ ᠬᠡᠰᠡᠭ
ᠬᠦᠴᠢᠷᠳᠡᠯᠲᠡᠢ ᠡᠷᠦᠬᠡ᠎ᠳᠦ ᠬᠠᠢᠷ᠎ᠠ ᠬᠠᠯᠠᠮᠵᠢ᠎ᠶᠢᠨ ᠡᠳ᠋ ᠪᠣᠳᠠᠰ ᠬᠦᠷᠭᠡᠵᠦ᠂ ᠪᠣᠳᠠᠲᠤ ᠠᠵᠢᠯᠯᠠᠭ᠎ᠠ᠎ᠪᠠᠷ᠎ᠢᠶᠠᠨ
ᠨᠠᠮ ᠵᠠᠰᠠᠭ᠎ᠤᠨ ᠬᠠᠢᠷ᠎ᠠ ᠬᠠᠯᠠᠮᠵᠢ᠎ᠶᠢ ᠬᠦᠷᠲᠡᠭᠡᠭᠰᠡᠨ ᠪᠠᠢᠨ᠎ᠠ᠃
✦ᠤᠢᠷ᠎ᠠ᠎ᠳᠤ ᠤᠷᠠᠳ᠎ᠤᠨ ᠳᠤᠮᠳᠠᠳᠤ ᠬᠣᠰᠢᠭᠤ ᠲᠠᠷᠢᠶᠠᠯᠠᠩ᠎ᠤᠨ ᠮᠡᠷᠭᠡᠵᠢᠯ᠎ᠦᠨ ᠠᠵᠢᠯᠲᠠᠳ᠎ᠢ
ᠵᠣᠬᠢᠶᠠᠨ ᠪᠠᠢᠭᠤᠯᠤᠨ ᠲᠦᠬᠦᠭᠡᠷᠤᠮᠵᠢᠳᠤ ᠢᠳᠡᠰᠢᠨ ᠨᠣᠭᠣᠭ᠎ᠠ ᠶᠢᠨ ᠬᠦᠯᠡᠮᠵᠢ᠎ᠳᠦ ᠭᠦᠨᠵᠡᠭᠡᠢᠷᠡᠵᠦ᠂ ᠰᠢᠨᠵᠢᠯᠡᠬᠦ ᠤᠬᠠᠭᠠᠨᠴᠢ᠎ᠪᠠᠷ ᠰᠡᠷᠭᠡᠢᠯᠡᠨ ᠡᠵᠡᠮᠳᠡᠬᠦ ᠰᠢᠷᠢᠰ ᠠᠷᠭ᠎ᠠ
ᠬᠡᠮᠵᠢᠶ᠎ᠡ᠎ᠪᠡᠷ ᠡᠪᠦᠯ᠎ᠦᠨ ᠤᠯᠠᠷᠢᠯ᠎ᠤᠨ ᠢᠳᠡᠰᠢᠨ ᠨᠣᠭᠣᠭ᠎ᠠ᠎ᠶᠢᠨ ᠤᠨᠠᠯᠲᠠ᠎ᠶᠢ ᠲᠣᠭᠲᠠᠪᠤᠷᠢᠵᠢᠭᠤᠯᠵᠤ ᠪᠠᠢᠨ᠎ᠠ᠃

✦ᠲᠦᠷᠦᠭᠦᠬᠡᠨ ᠵᠠᠷᠤᠳ ᠬᠣᠰᠢᠭᠤᠨ᠎ᠤ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ᠎ᠶᠢᠨ ᠵᠠᠮ
ᠬᠠᠷᠢᠯᠴᠠᠭᠠᠨ᠎ᠤ ᠬᠠᠮᠢᠶᠠᠷᠤᠯᠲᠠ᠎ᠶᠢᠨ ᠶᠡᠬᠡ ᠠᠩᠭᠢ᠎ᠶᠢᠨ ᠬᠢᠨ ᠠᠭᠤᠯᠠᠷᠬᠠᠭ ᠣᠷᠣᠨ᠎ᠤ ᠵᠠᠮ᠎ᠢᠶᠠᠷ ᠲᠣᠭᠣᠷᠢᠨ
ᠴᠠᠭᠳᠠᠬᠤ᠎ᠳᠠᠭᠠᠨ᠂ ᠰᠢᠷᠬᠠᠲᠤᠭᠰᠠᠨ ᠤᠯᠤᠰ᠎ᠤᠨ ᠨᠢᠭᠡᠳᠦᠭᠡᠷ ᠳᠡᠰ᠎ᠤᠨ ᠬᠠᠮᠠᠭᠠᠯᠠᠯᠲᠠ᠎ᠶᠢᠨ ᠠᠮᠢᠲᠠᠨ ᠪᠣᠯᠬᠤ
ᠨᠢᠭᠡᠨ ᠬᠠᠯᠵᠠᠨ ᠪᠦᠷᠭᠦᠳᠢ ᠠᠪᠤᠷᠠᠬᠰᠠᠨ ᠪᠠᠢᠨ᠎ᠠ᠃

ᠠᠵᠤ ᠠᠬᠤᠢ
✦2025 ᠣᠨ᠎ᠤ ᠡᠴᠦᠰ ᠪᠣᠯᠲᠠᠯ᠎ᠠ᠂ ᠺᠠᠢᠯᠤ ᠰᠢᠶᠠᠨ᠎ᠤ 217 ᠭᠠᠴᠠᠭ᠎ᠠ ᠲᠣᠰᠬᠣᠨ᠎ᠤ ᠬᠠᠮᠲᠤ᠎ᠶᠢᠨ ᠠᠵᠤ ᠠᠬᠤᠢ᠎ᠶᠢᠨ ᠵᠢᠯ᠎ᠦᠨ ᠣᠷᠣᠯᠭ᠎ᠠ ᠪᠦᠬᠦᠨ᠎ᠢᠶᠡᠷ᠎ᠢᠶᠡᠨ 10 ᠲᠦᠮᠡᠨ ᠲᠥᠭᠥᠷᠢᠭ᠎ᠡᠴᠡ ᠳᠡᠭᠡᠭᠰᠢ᠎ᠳᠦ ᠬᠦᠷᠴᠤ᠂ 72%᠎ᠤᠨ ᠭᠠᠴᠠᠭ᠎ᠠ ᠲᠣᠰᠬᠣᠨ᠎ᠤ ᠬᠠᠮᠲᠤ
ᠶᠢᠨ ᠠᠵᠤ ᠠᠬᠤᠢ᠎ᠶᠢᠨ ᠵᠢᠯ᠎ᠦᠨ ᠣᠷᠣᠯᠭ᠎ᠠ 20 ᠲᠦᠮᠡᠨ ᠲᠥᠭᠥᠷᠢᠭ᠎ᠡᠴᠡ ᠳᠡᠭᠡᠭᠰᠢ᠎ᠳᠦ ᠬᠦᠷᠪᠡ᠃ ᠪᠦᠬᠦ ᠰᠢᠶᠠᠨ᠎ᠤ
ᠭᠠᠴᠠᠭ᠎ᠠ ᠲᠣᠰᠬᠣᠨ᠎ᠤ ᠬᠠᠮᠲᠤ᠎ᠶᠢᠨ ᠠᠵᠤ ᠠᠬᠤᠢ᠎ᠶᠢᠨ ᠶᠡᠷᠦᠩᠬᠡᠢ ᠣᠷᠣᠯᠭ᠎ᠠ 1.4 ᠳ᠋ᠦᠩᠰᠢᠭᠤᠷ ᠲᠥᠭᠥᠷᠢᠭ᠎ᠲᠦ
ᠬᠦᠷᠦᠭᠰᠡᠨ ᠪᠠᠢᠨ᠎ᠠ᠃
✦ᠤᠢᠷ᠎ᠠ᠎ᠳᠤ ᠬᠠᠩᠭᠢᠨ ᠬᠣᠢᠲᠤ ᠬᠣᠰᠢᠭᠤᠨ᠎ᠤ ᠠᠵᠢᠯᠴᠢᠨ᠎ᠤ ᠶᠡᠷᠦᠩᠬᠡᠢ ᠡᠪᠯᠡᠯ ᠬᠠᠩᠭᠢᠨ
ᠬᠣᠢᠲᠤ ᠬᠣᠰᠢᠭᠤᠨ᠎ᠤ ᠰᠢᠤᠳᠠᠨ᠎ᠤ ᠬᠤᠪᠢᠶᠠᠷᠢ ᠺᠣᠮᠫᠠᠨᠢ᠎ᠲᠠᠢ ᠬᠠᠮᠲᠤᠷᠠᠨ ᠲᠠᠷᠢᠶᠠᠯᠠᠩ᠎ᠢ ᠲᠤᠰᠠᠯᠠᠬᠤ ᠴᠠᠭᠠᠨ
ᠰᠠᠷ᠎ᠠ᠎ᠶᠢᠨ ᠪᠠᠷᠠᠭᠠᠨ᠎ᠤ ᠪᠣᠷᠤᠯᠠᠭᠤᠯᠭ᠎ᠠ᠎ᠶᠢᠨ ᠠᠵᠢᠯᠯᠠᠭ᠎ᠠ ᠡᠷᠭᠢᠯᠡᠪᠡ᠃
ᠰᠤᠶᠤᠯ
✦ᠤᠷᠠᠳ᠎ᠤᠨ ᠬᠣᠢᠲᠤ ᠬᠣᠰᠢᠭᠤᠨ᠎ᠤ ᠰᠣᠶᠣᠯ᠎ᠤᠨ ᠣᠷᠳᠣᠨ ᠤᠷᠴᠢᠮᠬᠠᠨ ᠲᠣᠪᠰᠢᠭᠤᠷ᠎ᠤᠨ ᠨᠡᠶ᠋ᠢᠲᠡ᠎ᠶᠢᠨ
ᠠᠰᠠᠷᠠᠮᠵᠢ᠎ᠶᠢᠨ ᠬᠢᠴᠢᠶᠡᠯ ᠡᠷᠬᠢᠯᠡᠵᠤ᠂ 20 ᠭᠠᠷᠤᠢ ᠲᠣᠪᠰᠢᠭᠤᠷ᠎ᠤᠨ ᠪᠠᠬᠠᠲᠠᠨ ᠣᠷᠣᠯᠴᠠᠭᠰᠠᠨ ᠪᠠᠢᠨ᠎ᠠ᠃

ᠲᠠᠮᠢᠷ
✦ᠲᠦᠷᠦᠬᠦᠬᠡᠨ ᠵᠡᠭᠦᠨ ᠦᠵᠦᠮᠦᠴᠢᠨ ᠬᠣᠰᠢᠭᠤᠨ᠎ᠤ ᠬᠦᠷᠢᠶᠡᠲᠦᠨᠠᠭᠤᠷ ᠰᠤᠮᠤᠨ᠎ᠤ ᠬᠥᠭᠵᠢᠯᠲᠦ ᠭᠠᠴᠠᠭᠠᠨ᠎ᠳᠤ 《ᠮᠥᠰᠥᠨ
ᠳᠡᠭᠡᠷᠡᠬᠢ ᠮᠥᠩᠭᠥᠨ ᠡᠪᠦᠯ᠎ᠦᠨ ᠨᠠᠭᠠᠳᠤᠮ》 ᠬᠥᠭᠵᠢᠶᠡᠨᠲᠡᠢ ᠶᠠᠪᠤᠭᠳᠠᠵᠤ᠂
ᠳᠤᠮᠤᠴᠤᠤᠯ᠎ᠤᠨ ᠠᠷᠭᠠᠢ᠎ᠶᠢᠨ ᠤᠷᠤᠯᠳᠤᠭᠠᠨ᠂ ᠬᠡᠦᠬᠡᠳ᠎ᠤᠨ ᠱᠠᠭ᠎ᠠ ᠮᠤᠷᠢᠨ᠎ᠤ ᠤᠷᠤᠯᠳᠤᠭᠠᠨ ᠵᠡᠷᠭᠡ ᠪᠠᠶᠠᠯᠢᠭ᠋
ᠠᠭᠤᠯᠭ᠎ᠠ ᠲᠣᠬᠢᠷᠠᠭᠤᠯᠵᠤ ᠬᠤᠷᠠᠭᠰᠠᠨ ᠣᠯᠠᠨ᠎ᠢᠶᠠᠨ ᠪᠠᠶᠠᠰᠬᠠᠵᠠᠢ᠃

ᠳᠡᠯᠡᠬᠡᠢ
✦ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ 1 ᠰᠠᠷ᠎ᠠ ᠵᠢᠨ 26 ᠤ ᠡᠳᠦᠷ᠂ ᠡᠸᠦ᠋ᠷᠦᠫᠡ᠎ᠶᠢᠨ ᠬᠣᠯᠪᠣᠭ᠎ᠠ᠎ᠶᠢᠨ 27 ᠭᠡᠰᠢᠭᠦᠨ
ᠤᠯᠤᠰ ᠤᠷᠤᠰᠠᠴᠠ ᠪᠠᠢᠭᠠᠯᠢ᠎ᠶᠢᠨ ᠰᠢᠲᠠᠮᠠᠬᠠᠢ ᠬᠡᠢ ᠪᠠ ᠰᠢᠩᠭᠡᠨᠵᠢᠮᠡᠯ ᠪᠠᠢᠭᠠᠯᠢ᠎ᠶᠢᠨ ᠰᠢᠲᠠᠮᠠᠬᠠᠢ ᠬᠡᠢ
ᠣᠷᠣᠭᠤᠯᠬᠤ᠎ᠶᠢ ᠠᠯᠬᠤᠮ ᠠᠯᠬᠤᠮ᠎ᠢᠶᠠᠷ ᠴᠠᠭᠠᠵᠠᠯᠠᠬᠤ ᠲᠤᠬᠠᠢ ᠬᠠᠤᠯᠢ ᠲᠣᠭᠲᠠᠭᠠᠯ᠎ᠢ ᠪᠠᠲᠤᠯᠠᠪᠠ᠃
ᠦᠢᠯᠡᠴᠢᠯᠡᠭᠡ
✦ᠳᠤᠮᠳᠠᠳᠤ ᠤᠯᠤᠰ᠎ᠤᠨ ᠭᠠᠵᠠᠷ ᠰᠢᠨᠵᠢᠯᠡᠭᠡᠨ᠎ᠤ ᠪᠠᠢᠴᠠᠭᠠᠬᠤ ᠳᠤᠪᠴᠢᠶ᠎ᠠ ᠵᠢᠨ
ᠬᠠᠷᠢᠶ᠎ᠠ ᠪᠠᠢᠭᠤᠯᠭ᠎ᠠ ᠠᠵᠢᠯᠳᠠᠨ ᠡᠯᠰᠡᠵᠤ ᠪᠤᠢ᠃
ᠲᠠᠨ᠎ᠤ ᠲᠤᠰᠠ᠎ᠳᠤ
✦ᠲᠠᠬᠢᠶᠠᠨ ᠥᠨᠳᠡᠭᠡ ᠴᠢᠨᠠᠬᠤ ᠦᠶᠡᠰ ᠪᠠᠭ᠎ᠠ ᠬᠡᠮᠵᠢᠶᠡᠨ᠎ᠦ ᠳᠠᠪᠤᠰᠤ ᠬᠢᠪᠡᠯ ᠥᠨᠳᠡᠭᠡ ᠨᠢ ᠬᠠᠭᠠᠷᠠᠬᠤ ᠦᠭᠡᠢ ᠪᠠᠢᠳᠠᠭ᠃

ᠵᠠᠯᠭᠠᠭᠠᠳ 《ᠰᠠᠢᠬᠠᠨ
ᠨᠤᠲᠤᠭ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ ᠤ ᠬᠦᠯᠢᠶᠡᠨ ᠠᠪᠴᠤ᠌ ᠰᠤᠨᠤᠰᠤᠬ᠍ᠰᠠᠨ ᠳ᠋ᠦ ᠪᠠᠶᠠᠷᠯᠠᠯ᠎ᠠ᠂
ᠪᠠᠶᠠᠷᠳᠠᠢ!
(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ ᠬᠤᠳᠠ᠂ ᠬᠤᠰᠢᠭᠤ ᠰᠢᠶᠠᠨ᠎ᠤ ᠵᠢᠷᠬᠢᠶ᠎ᠠ᠎ᠶᠢᠨ ᠲᠠᠪᠴᠠᠩ)