



ᠨᠡᠢᠭᠡᠮ
✦1 ᠰᠠᠷ᠎ᠠ᠎ᠵᠢᠨ 27᠎ᠤ ᠡᠳᠦᠷ᠂ ᠬᠥᠮᠥᠨ᠎ᠦ ᠬᠦᠴᠦᠨ᠎ᠦ
ᠡᠬᠢ ᠪᠠᠶᠠᠯᠢᠭ᠋ ᠪᠠ ᠨᠡᠢᠭᠡᠮ ᠦᠨ
ᠪᠠᠲᠤᠯᠠᠭ᠎ᠠ᠎ᠶᠢᠨ ᠶᠠᠮᠤᠨ᠎ᠤ ᠬᠣᠯᠪᠣᠭᠳᠠᠯ ᠪᠦᠬᠦᠢ ᠬᠠᠷᠢᠭᠤᠴᠠᠯᠭᠠᠲᠠᠨ ᠢᠯᠡᠷᠬᠡᠢᠯᠡᠭᠰᠡᠨ ᠨᠢ᠂ ᠮᠠᠨ᠎ᠤ ᠤᠯᠤᠰ 《ᠠᠵᠢᠯᠲᠠᠨ ᠠᠵᠢᠯᠴᠢᠨ᠎ᠤ ᠴᠠᠯᠢᠩ᠎ᠲᠠᠢ᠎ᠪᠡᠷ ᠵᠢᠯ᠎ᠦᠨ ᠠᠮᠠᠷᠠᠯᠲᠠ ᠠᠪᠬᠤ ᠳᠦᠷᠢᠮ》᠎ᠳᠤ ᠵᠠᠰᠠᠪᠤᠷᠢ ᠣᠷᠣᠭᠤᠯᠬᠤ᠎ᠶᠢ
ᠠᠬᠢᠭᠤᠯᠵᠤ᠂ ᠬᠥᠮᠥᠨ ᠬᠡᠷᠡᠭᠯᠡᠬᠦ ᠨᠢᠭᠡᠴᠢ᠎ᠶᠢᠨ ᠠᠵᠢᠯᠲᠠᠨ ᠠᠵᠢᠯᠴᠢᠨ᠎ᠤ ᠴᠠᠯᠢᠩ᠎ᠲᠠᠢ᠎ᠪᠡᠷ ᠵᠢᠯ᠎ᠦᠨ ᠠᠮᠠᠷᠠᠯᠲᠠ
ᠠᠪᠬᠤ ᠳᠦᠷᠢᠮ᠎ᠢ ᠨᠠᠢᠳᠠᠪᠤᠷᠢᠵᠢᠭᠤᠯᠬᠤ᠎ᠶᠢ ᠠᠬᠢᠭᠤᠯᠤᠨ᠎ᠠ ᠃
✦ᠰᠢᠨ᠎ᠡ᠎ᠪᠡᠷ
ᠵᠠᠰᠠᠪᠤᠷᠢ ᠣᠷᠣᠭᠤᠯᠤᠭᠰᠠᠨ《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠡᠮ᠎ᠦᠨ
ᠵᠦᠢᠯᠡᠰ᠎ᠦᠨ ᠬᠠᠮᠢᠶᠠᠷᠤᠯᠲᠠ᠎ᠶᠢᠨ ᠬᠠᠤᠯᠢ᠎ᠶᠢᠨ ᠬᠡᠷᠡᠭᠵᠢᠭᠦᠯᠬᠦ ᠳᠦᠷᠢᠮ》᠎ᠢ 5 ᠰᠠᠷ᠎ᠠ᠎ᠶᠢᠨ
15 ᠤ ᠡᠳᠦᠷ᠎ᠡᠴᠡ ᠬᠡᠷᠡᠭᠵᠢᠭᠦᠯᠬᠦ᠎ᠪᠡᠷ ᠪᠣᠶ᠃ ᠲᠤᠰ ᠳᠦᠷᠢᠮ
ᠳᠤ ᠡᠮᠴᠢᠯᠡᠭᠡᠨ᠎ᠦ ᠥᠷᠲᠡᠭ᠎ᠢᠶᠡᠷ ᠤᠳᠤᠷᠢᠳᠤᠮᠵᠢ ᠪᠣᠯᠭᠠᠬᠤ᠎ᠶᠢ ᠳᠡᠮᠵᠢᠵᠦ᠂ ᠰᠢᠨ᠎ᠡ ᠡᠮ ᠰᠤᠳᠤᠯᠤᠨ ᠦᠢᠯᠡᠳᠬᠦ᠎ᠶᠢᠨ
ᠬᠠᠮᠲᠤ ᠬᠡᠦᠬᠡᠳ᠎ᠲᠦ ᠬᠡᠷᠡᠭᠯᠡᠬᠦ ᠡᠮ᠎ᠦᠨ ᠵᠦᠢᠯᠡᠰ᠂ ᠬᠣᠪᠣᠷ ᠲᠣᠬᠢᠶᠠᠯᠳᠤᠬᠤ ᠡᠪᠡᠳᠴᠢᠨ᠎ᠦ ᠡᠮ᠎ᠦᠨ ᠵᠦᠢᠯᠡᠰ᠎ᠦᠨ
ᠵᠠᠬ᠎ᠠ ᠳᠡᠯᠭᠡᠭᠦᠷ᠎ᠢ ᠭᠠᠭᠴᠠᠭᠠᠷ ᠡᠵᠡᠮᠰᠢᠬᠦ ᠬᠤᠭᠤᠴᠠᠭ᠎ᠠ᠎ᠶᠢᠨ ᠳᠦᠷᠢᠮ᠎ᠢ ᠠᠩᠬ᠎ᠠ ᠤᠳᠠᠭ᠎ᠠ ᠲᠤᠭᠲᠠᠭᠠᠪᠠ᠃
✦ᠤᠯᠤᠰ᠎ᠤᠨ
ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ ᠲᠣᠪᠴᠢᠶ᠎ᠠ ᠵᠡᠷᠭᠡ ᠰᠠᠯᠠᠭ᠎ᠠ ᠮᠥᠴᠢᠷ 1
ᠰᠠᠷ᠎ᠠ᠎ᠵᠢᠨ 27 ᠤ ᠡᠳᠦᠷ《ᠡᠪᠡᠳᠴᠢᠨ ᠡᠮᠭᠡᠭ ᠢ ᠰᠡᠷᠭᠡᠢᠯᠡᠨ ᠡᠵᠡᠮᠳᠡᠬᠦ ᠬᠦᠷᠢᠶᠡᠨ
ᠳᠡᠬᠢ ᠰᠠᠭᠤᠷᠢ᠎ᠶᠢ ᠴᠢᠩᠭᠠᠳᠬᠠᠬᠤ ᠬᠡᠷᠡᠭᠵᠢᠭᠦᠯᠬᠦ ᠲᠥᠰᠥᠯ》᠎ᠢ ᠢᠯᠡ᠎ᠪᠡᠷ ᠨᠡᠢᠲᠡᠯᠡᠵᠦ᠂ 2027 ᠣᠨ᠎ᠤ ᠡᠴᠦᠰ ᠪᠣᠯᠬᠤ᠎ᠳᠤ ᠦᠨᠳᠦᠰᠦᠨ ᠱᠠᠲᠤᠨ᠎ᠤ ᠡᠪᠡᠳᠴᠢᠨ ᠡᠮᠭᠡᠭ᠎ᠢ
ᠰᠡᠷᠭᠡᠢᠯᠡᠨ ᠡᠵᠡᠮᠳᠡᠬᠦ ᠠᠵᠢᠯ᠎ᠤᠨ ᠲᠣᠣᠷ ᠦᠨᠳᠦᠰᠦᠨ᠎ᠳᠡᠭᠡᠨ ᠪᠦᠷᠢᠨᠰᠢᠵᠦ᠂ ᠣᠳᠣᠬᠢᠴᠢᠯᠠᠭᠰᠠᠨ ᠡᠪᠡᠳᠴᠢᠨ ᠡᠮᠭᠡᠭ
ᠢ ᠰᠡᠷᠭᠡᠢᠯᠡᠨ ᠡᠵᠡᠮᠳᠡᠬᠦ ᠰᠢᠰᠲᠧᠮ᠎ᠦᠨ ᠰᠠᠭᠤᠷᠢ ᠪᠣᠷᠣ᠌ ᠲᠥᠯᠥᠪ᠎ᠢ ᠪᠠᠢᠭᠤᠯᠤᠨ᠎ᠠ ᠭᠡᠵᠦ ᠲᠣᠳᠣᠷᠬᠠᠢ ᠲᠣᠭᠲᠠᠭᠠᠪᠠ᠃
✦ᠬᠥᠮᠥᠨ᠎ᠦ
ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ᠎ᠤ ᠮᠡᠳᠡᠭᠡ᠎ᠶᠢ ᠦᠨᠳᠦᠰᠦᠯᠡᠪᠡᠯ᠂ 2025 ᠣᠨ᠎ᠳᠤ ᠪᠥᠬᠥ ᠤᠯᠤᠰ᠎ᠤᠨ 410 ᠭᠠᠷᠤᠢ ᠲᠦᠮᠡᠨ ᠬᠥᠮᠥᠨ ᠤᠳᠠᠭ᠎ᠠ ᠳᠡᠭᠡᠳᠦ ᠵᠡᠷᠭᠡ᠎ᠶᠢᠨ ᠠᠵᠢᠯᠴᠢᠨ᠎ᠠᠴᠠ
ᠳᠡᠭᠡᠭᠰᠢᠬᠢ ᠦᠨᠡᠮᠯᠡᠯ ᠣᠯᠵᠤ᠂ 27 ᠲᠦᠮᠡ ᠭᠠᠷᠤᠢ ᠬᠥᠮᠥᠨ ᠤᠳᠠᠭ᠎ᠠ ᠮᠠᠰᠲᠧᠷ᠎ᠡᠴᠡ ᠳᠡᠭᠡᠭᠰᠢᠬᠢ
ᠦᠨᠡᠮᠯᠡᠯ ᠣᠯᠵᠠᠢ᠃
✦2013 ᠣᠨ᠎ᠳᠤ ᠳᠤᠮᠳᠠᠳᠤ ᠡᠸᠦ᠋ᠷᠦᠫᠡ᠎ᠶᠢᠨ ᠵᠢᠰᠢᠶᠠᠨ᠎ᠤ ᠭᠠᠯᠲᠤ
ᠲᠡᠷᠭᠡ ᠨᠡᠪᠲᠡᠷᠡᠭᠰᠡᠨ᠎ᠡᠴᠡ ᠨᠠᠭᠠᠰᠢ 2026 ᠣᠨ᠎ᠤ 1 ᠰᠠᠷ᠎ᠠ᠎ᠶᠢᠨ 23᠎ᠤ ᠡᠳᠦᠷ ᠪᠣᠯᠲᠠᠯ᠎ᠠ᠂ ᠡᠷᠢᠶᠡᠨ ᠬᠣᠲᠠ᠎ᠶᠢᠨ ᠲᠡᠮᠦᠷ ᠵᠠᠮ᠎ᠤᠨ
ᠪᠣᠭᠣᠮᠲᠠ᠎ᠶᠢᠨ ᠬᠢᠯᠢ᠎ᠪᠡᠷ ᠣᠷᠣᠵᠤ ᠭᠠᠷᠤᠭᠰᠠᠨ ᠳᠤᠮᠳᠠᠳᠤ ᠡᠸᠦ᠋ᠷᠦᠫᠡ᠎ᠶᠢᠨ ᠵᠢᠰᠢᠶᠠᠨ᠎ᠤ ᠭᠠᠯᠲᠤ ᠲᠡᠷᠭᠡ᠎ᠶᠢᠨ
ᠶᠡᠷᠦᠩᠬᠡᠢ ᠲᠣᠭ᠎ᠠ 2.2 ᠲᠦᠮᠡᠨ ᠴᠤᠪᠤᠭ᠎ᠠ᠎ᠶᠢ ᠳᠠᠪᠠᠪᠠ᠃

✦1 ᠰᠠᠷ᠎ᠠ᠎ᠶᠢᠨ 27 ᠤ ᠡᠳᠦᠷ᠂ ᠥᠪᠥᠷ ᠮᠣᠩᠭᠣᠯ᠎ᠤᠨ ᠬᠠᠲᠤᠨ
ᠭᠣᠣᠯ᠎ᠤᠨ ᠰᠠᠪᠠ ᠭᠠᠵᠠᠷ᠎ᠤᠨ ᠠᠩᠬᠠᠳᠠᠭ᠍ᠴᠢ ᠤᠰᠤ ᠬᠥᠷᠥᠰᠥ
ᠵᠢ ᠬᠠᠮᠠᠭᠠᠯᠠᠬᠤ ᠠᠮᠢ ᠠᠬᠤᠢ᠎ᠶᠢᠨ ᠦᠢᠯᠡᠳᠬᠦᠨ᠎ᠦ ᠥᠷᠲᠡᠭ᠎ᠢ ᠬᠤᠪᠢᠷᠠᠭᠤᠯᠬᠤ ᠠᠷᠠᠯᠵᠢᠶ᠎ᠠ ᠤᠯᠠᠭᠠᠨᠴᠠᠪ ᠬᠣᠲᠠ᠎ᠶᠢᠨ
ᠳᠥᠷᠪᠡᠳ ᠬᠣᠰᠢᠭᠤᠨ᠎ᠳᠤ ᠭᠡᠷ᠎ᠡ ᠲᠣᠭᠲᠠᠪᠠ᠃

✦ᠤᠢᠷ᠎ᠠ᠎ᠳᠦ
ᠥᠪᠥᠷ ᠮᠤᠩᠭᠤᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ᠎ᠵᠢᠨ ᠬᠤᠶᠠᠳᠤᠭᠠᠷ ᠬᠠᠷᠢᠶᠠᠲᠤ
ᠡᠮᠨᠡᠯᠭᠡ᠎ᠵᠢᠨ ᠬᠤᠷᠢᠶ᠎ᠠ᠎ᠵᠢᠨ ᠬᠢᠨ ᠵᠠᠯᠠᠭᠤᠴᠤᠳ ᠪᠠᠭᠠᠴᠤᠳ᠎ᠤᠨ ᠨᠢᠷᠤᠭᠤᠨ ᠶᠠᠰᠤ ᠮᠤᠷᠤᠢᠭᠰᠠᠨ ᠭᠡᠮ᠎ᠢ
ᠰᠦᠢᠳᠬᠡᠯ ᠬᠤᠷᠢᠶᠠᠬᠤ ᠦᠭᠡᠢ᠎ᠪᠡᠷ ᠰᠢᠭᠰᠢᠨ ᠪᠠᠢᠴᠠᠭᠠᠬᠤ ᠠᠵᠢᠯᠯᠠᠭ᠎ᠠ ᠥᠷᠨᠢᠭᠦᠯᠵᠦ ᠪᠤᠢ᠃ ᠲᠤᠰ
ᠤᠳᠠᠭᠠᠨ᠎ᠤ ᠠᠵᠢᠯᠯᠠᠭ᠎ᠠ ᠨᠢ ᠲᠤᠰᠬᠠᠢ ᠮᠡᠷᠭᠡᠵᠢᠯᠲᠡᠳ ᠤᠨᠤᠰᠢᠯᠠᠬᠤ᠂ ᠨᠢᠷᠤᠭᠤᠨ᠎ᠤ X ᠰᠠᠴᠤᠷᠠᠭ᠎ᠢ ᠰᠦᠢᠳᠬᠡᠯ ᠬᠤᠷᠢᠶᠠᠬᠤ ᠦᠭᠡᠢ᠎ᠪᠡᠷ
ᠰᠡᠭᠦᠳᠡᠷᠯᠡᠬᠦ ᠵᠡᠷᠭᠡ ᠦᠢᠯᠡᠴᠢᠯᠡᠭᠡ ᠬᠠᠩᠭᠠᠵᠤ᠂ 2 ᠰᠠᠷ᠎ᠠ᠎ᠵᠢᠨ 15᠎ᠤ ᠡᠳᠦᠷ ᠪᠤᠯᠲᠠᠯ᠎ᠠ ᠶᠠᠪᠤᠭᠳᠠᠨ᠎ᠠ᠃
✦2026 ᠤᠨ᠎ᠤ ᠤᠷᠳᠤᠰ ᠬᠤᠲᠠ᠎ᠵᠢᠨ 《ᠴᠠᠭᠠᠨ ᠰᠠᠷ᠎ᠠ᠎ᠶᠢ ᠤᠭᠲᠤᠵᠤ ᠬᠡᠷᠡᠭᠯᠡᠭᠡ᠎ᠪᠡᠷ ᠠᠷᠠᠳ᠎ᠤᠨ
ᠰᠡᠳᠬᠢᠯ᠎ᠢ ᠳᠤᠯᠠᠭᠠᠴᠠᠭᠤᠯᠬᠤ》 ᠰᠢᠨ᠎ᠡ᠎ᠵᠢᠨ ᠪᠠᠷᠠᠭ᠎ᠠ ᠬᠤᠳᠠᠯᠳᠤᠨ ᠠᠪᠴᠤ
ᠬᠡᠷᠡᠭᠯᠡᠭᠡ᠎ᠶᠢ ᠠᠬᠢᠭᠤᠯᠬᠤ ᠠᠵᠢᠯᠯᠠᠭ᠎ᠠ 1 ᠰᠠᠷ᠎ᠠ᠎ᠵᠢᠨ 30᠎ᠤ ᠡᠳᠦᠷ᠎ᠡᠴᠡ 2 ᠰᠠᠷ᠎ᠠ᠎ᠵᠢᠨ 3᠎ᠤ ᠡᠳᠦᠷ ᠪᠤᠯᠲᠠᠯ᠎ᠠ ᠤᠷᠳᠤᠰ ᠬᠤᠲᠠ ᠵᠢᠨ ᠤᠯᠠᠨ
ᠤᠯᠤᠰ᠎ᠤᠨ ᠬᠤᠷᠠᠯ ᠦᠵᠡᠰᠬᠦᠯᠡᠩ᠎ᠤᠨ ᠲᠥᠪ᠎ᠲᠦ ᠶᠠᠪᠤᠭᠳᠠᠬᠤ᠎ᠪᠡᠷ ᠪᠤᠢ᠃

ᠰᠤᠶᠤᠯ
✦ᠤᠢᠷ᠎ᠠ᠎ᠳᠦ ᠰᠢᠯᠢ᠎ᠵᠢᠨ ᠭᠤᠤᠯ ᠠᠢᠮᠠᠭ᠎ᠤᠨ
ᠰᠢᠯᠤᠭᠤᠨ ᠬᠦᠬᠡ ᠬᠤᠰᠢᠭᠤᠨ᠎ᠤ ᠨᠠᠮ᠎ᠤᠨ ᠬᠤᠷᠢᠶ᠎ᠠ᠎ᠵᠢᠨ ᠤᠬᠠᠭᠤᠯᠬᠤ ᠬᠡᠯᠲᠡᠰ᠂ ᠰᠢᠨ᠎ᠡ ᠴᠠᠭ ᠦᠶ᠎ᠡ᠎ᠵᠢᠨ
ᠪᠤᠯᠪᠠᠰᠤᠨ᠎ᠤ ᠦᠢᠯᠡᠳᠦᠯᠭᠡ᠎ᠵᠢᠨ ᠲᠥᠪ ᠵᠡᠷᠭᠡ ᠪᠠᠢᠭᠤᠯᠭ᠎ᠠ᠎ᠡᠴᠡ ᠬᠤᠰᠢᠭᠤᠨ᠎ᠤ ᠪᠡᠨ ᠤᠷᠴᠢᠨ ᠠᠬᠤᠢ ᠵᠢᠨ
ᠠᠷᠢᠭᠤᠨ ᠴᠡᠪᠡᠷ᠎ᠤᠨ ᠠᠵᠢᠯᠲᠠᠳ᠎ᠲᠦ ᠬᠠᠢᠷ᠎ᠠ ᠬᠠᠯᠠᠮᠵᠢ ᠬᠦᠷᠭᠡᠬᠦ ᠵᠢᠴᠢ ᠤᠷᠠᠨ ᠰᠠᠢᠬᠠᠨ᠎ᠤ
ᠲᠤᠭᠯᠠᠯᠲᠠ᠎ᠵᠢᠨ ᠠᠵᠢᠯᠯᠠᠭ᠎ᠠ ᠶᠠᠪᠤᠭᠳᠠᠭᠤᠯᠵᠤ ᠤᠯᠠᠨ ᠤ ᠬᠦᠷᠢᠶᠡᠯᠡᠯ᠎ᠢ ᠤᠯᠵᠠᠢ᠃
✦1 ᠰᠠᠷ᠎ᠠ᠎ᠵᠢᠨ 27᠎ᠤ ᠡᠳᠦᠷ᠂ 《ᠠᠶᠠᠯᠭᠤᠲᠤ ᠵᠢᠭᠤᠯᠴᠢᠯᠠᠯ
ᠥᠪᠥᠷ ᠮᠤᠩᠭᠤᠯ·ᠴᠠᠰᠤ ᠮᠥᠰᠥᠨ᠎ᠤ ᠨᠠᠭᠠᠳᠤᠮ》 ᠬᠥᠬᠡᠭᠴᠢᠨ ᠮᠤᠭᠠᠢ
ᠵᠢᠯ᠎ᠤᠨ ᠤᠯᠠᠭᠠᠨᠬᠠᠳᠠ ᠬᠤᠲᠠ᠎ᠵᠢᠨ ᠠᠷᠤ ᠬᠤᠷᠴᠢᠨ ᠬᠤᠰᠢᠭᠤᠨ᠎ᠤ ᠴᠠᠰᠤ ᠮᠥᠰᠥᠨ᠎ᠤ ᠰᠢᠷᠢᠰ ᠠᠵᠢᠯᠯᠠᠭ᠎ᠠ —
ᠮᠥᠩᠭᠥᠨ ᠡᠪᠦᠯ᠎ᠤᠨ ᠨᠠᠭᠠᠳᠤᠮ ᠴᠢᠪᠠᠭ᠎ᠠ ᠪᠠᠯᠭᠠᠰᠤ᠎ᠵᠢᠨ ᠮᠥᠰᠥᠨ ᠲᠠᠯᠠᠪᠤᠷ᠎ᠲᠦ ᠶᠠᠪᠤᠭᠳᠠᠵᠠᠢ᠃

ᠲᠠᠮᠢᠷ
✦1 ᠰᠠᠷ᠎ᠠ᠎ᠵᠢᠨ 27᠎ᠤ ᠡᠳᠦᠷ᠂ 25 ᠳ᠋ᠤᠭᠠᠷ ᠬᠤᠭᠤᠴᠠᠭᠠᠨ᠎ᠤ ᠡᠪᠦᠯ᠎ᠦᠨ ᠤᠯᠠᠷᠢᠯ᠎ᠤᠨ ᠣᠯᠢᠮᠫᠢᠺ᠎ᠤᠨ
ᠲᠠᠮᠢᠷ᠎ᠤᠨ ᠴᠤᠭᠯᠠᠭᠠᠨ᠎ᠤ ᠳᠤᠮᠳᠠᠳᠤ ᠤᠯᠤᠰ᠎ᠤᠨ ᠪᠡᠶ᠎ᠡ᠎ᠶᠢᠨ ᠲᠠᠮᠢᠷ᠎ᠤᠨ ᠲᠥᠯᠥᠭᠡᠯᠡᠭᠴᠢᠳ᠎ᠦᠨ ᠪᠦᠯᠬᠦᠮ ᠪᠠᠢᠭᠤᠯᠤᠭᠳᠠᠪᠠ᠂
ᠡᠭᠦᠨ ᠳᠦ ᠰᠢᠦᠢ ᠮᠧᠩ ᠲᠤᠤ᠂ ᠴᠢ ᠭᠤᠸᠠᠩ ᠫᠦ᠂ ᠬᠥ ᠠᠢ ᠯᠢᠩ᠂ ᠰᠦ᠍ ᠢ ᠮᠢᠩ᠂ ᠰᠦᠢ ᠸᠸᠨ ᠵᠢᠩ᠂ ᠬᠠᠨ ᠼᠦᠩ ᠵᠡᠷᠭᠡ
ᠡᠪᠦᠯ᠎ᠦᠨ ᠤᠯᠠᠷᠢᠯ᠎ᠤᠨ ᠣᠯᠢᠮᠫᠢᠺ᠎ᠤᠨ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠮᠠᠩᠯᠠᠢ ᠳᠠᠮᠢᠷᠴᠢᠳ ᠪᠤᠢ᠃

✦2026 ᠤᠨ᠎ᠤ ᠰᠢᠯᠢ᠎ᠵᠢᠨ ᠭᠤᠤᠯ ᠠᠢᠮᠠᠭ᠎ᠤᠨ ᠵᠠᠯᠠᠭᠤᠴᠤᠳ
ᠪᠠᠭᠠᠴᠤᠳ᠎ᠤᠨ ᠲᠦᠷᠭᠡᠨ ᠳᠡᠰᠢᠯᠲᠡᠵᠢᠨ ᠮᠠᠩᠯᠠᠢ ᠰᠢᠯᠭᠠᠷᠠᠭᠤᠯᠬᠤ ᠤᠷᠤᠯᠳᠤᠭᠠᠨ᠎ᠤ ᠰᠢᠯᠤᠭᠤᠨ ᠬᠥᠬᠡ
ᠬᠤᠰᠢᠭᠤᠨ᠎ᠳᠡᠬᠢ ᠬᠤᠪᠢᠶᠠᠷᠢ ᠥᠷᠲᠡᠭᠡᠨ᠎ᠤ ᠤᠷᠤᠯᠳᠤᠭᠠᠨ ᠲᠦᠷᠦᠭᠦᠬᠡᠨ ᠶᠠᠪᠤᠭᠳᠠᠵᠤ᠂ ᠪᠦᠬᠦ ᠠᠢᠮᠠᠭ᠎ᠤᠨ 7
ᠲᠥᠯᠥᠭᠡᠯᠡᠭᠴᠢ᠎ᠵᠢᠨ ᠠᠩᠭᠢ᠎ᠵᠢᠨ 110 ᠪᠠᠬᠠᠳᠠᠨ ᠤᠷᠤᠯᠴᠠᠪᠠ᠃

ᠳᠡᠯᠡᠬᠡᠢ
✦ᠲᠥᠪ ᠲᠸᠯᠸᠢᠰ᠎ᠤᠨ ᠮᠡᠳᠡᠭᠡ᠎ᠶᠢ ᠦᠨᠳᠦᠰᠦᠯᠡᠪᠡᠯ᠂ ᠦᠺᠷᠠᠢᠨ᠎ᠤ ᠶᠡᠷᠦᠩᠬᠡᠢᠯᠡᠭᠴᠢ ᠽᠸᠯᠢᠶᠠᠨᠰᠺᠢ 1
ᠰᠠᠷ᠎ᠠ᠎ᠵᠢᠨ 27᠎ᠤ ᠡᠳᠦᠷ ᠠᠦ᠋ᠰᠲᠷᠢᠶ᠎ᠠ᠎ᠶᠢᠨ ᠶᠡᠷᠦᠩᠬᠡᠢ ᠰᠠᠢᠳ᠎ᠲᠠᠢ ᠤᠲᠠᠰᠤ᠎ᠪᠠᠷ
ᠬᠠᠷᠢᠯᠴᠠᠬᠤ᠎ᠳᠠᠭᠠᠨ᠂ ᠦᠺᠷᠠᠢᠨ᠎ᠤ ᠬᠢᠨ 2027 ᠣᠨ᠎ᠳᠤ
ᠡᠸᠦ᠋ᠷᠦᠫᠡ᠎ᠶᠢᠨ ᠬᠣᠯᠪᠣᠭᠠᠨ᠎ᠳᠤ ᠣᠷᠣᠬᠤ᠎ᠪᠠᠷ ᠲᠥᠯᠥᠪᠯᠡᠵᠦ ᠪᠠᠢᠨ᠎ᠠ ᠭᠡᠵᠡᠢ᠃
✦ᠲᠥᠪ ᠲᠸᠯᠸᠢᠰ᠎ᠤᠨ ᠮᠡᠳᠡᠭᠡ᠎ᠶᠢ ᠦᠨᠳᠦᠰᠦᠯᠡᠪᠡᠯ᠂ ᠲᠤᠬᠠᠢ᠎ᠶᠢᠨ ᠭᠠᠵᠠᠷ᠎ᠤᠨ ᠴᠠᠭ᠎ᠢᠶᠠᠷ
1 ᠰᠠᠷ᠎ᠠ᠎ᠵᠢᠨ 27᠎ᠤ ᠡᠳᠦᠷ᠂
ᠹᠷᠠᠨᠼᠢ᠎ᠶᠢᠨ ᠢᠷᠭᠡᠨ᠎ᠦ ᠵᠥᠪᠯᠡᠯᠭᠡᠨ᠎ᠦ ᠬᠤᠷᠠᠯ᠎ᠠᠴᠠ 15 ᠨᠠᠰᠤᠨ᠎ᠠᠴᠠ
ᠳᠣᠷᠣᠭ᠍ᠰᠢᠬᠢ ᠨᠠᠰᠤᠨ᠎ᠳᠤ ᠥᠯᠥ ᠭᠦᠷᠦᠭᠰᠡᠳ ᠨᠡᠢᠭᠡᠮ᠎ᠦᠨ ᠬᠠᠷᠢᠯᠴᠠᠭᠠᠨ᠎ᠤ ᠵᠠᠭᠤᠴᠢᠯᠠᠭᠤᠷ ᠬᠡᠷᠡᠭᠯᠡᠬᠦ᠎ᠶᠢ
ᠴᠠᠭᠠᠵᠠᠯᠠᠬᠤ ᠲᠤᠬᠠᠢ ᠨᠢᠭᠡᠨ ᠬᠠᠤᠯᠢ᠎ᠶᠢᠨ ᠲᠥᠰᠥᠯ᠎ᠢ ᠪᠠᠲᠤᠯᠠᠪᠠ᠃

✦ᠶᠠᠫᠤᠨ᠎ᠤ 51 ᠳ᠋ᠤᠭᠡᠷ ᠬᠤᠭᠤᠴᠠᠭᠠᠨ᠎ᠤ
ᠳᠣᠣᠷᠠᠳᠤ ᠵᠥᠪᠯᠡᠯᠭᠡᠨ᠎ᠦ ᠰᠣᠩᠭᠣᠭᠤᠯᠢ᠎ᠵᠢᠨ ᠬᠢᠨ 1
ᠰᠠᠷ᠎ᠠ᠎ᠵᠢᠨ 27᠎ᠤ ᠡᠳᠦᠷ ᠠᠯᠪᠠᠨ ᠵᠠᠷᠯᠠᠯ ᠨᠡᠢᠲᠡᠯᠡᠵᠦ᠂ ᠪᠢᠯᠸᠲ ᠥᠭᠬᠦ ᠪᠠ
ᠪᠢᠯᠸᠲ ᠪᠦᠷᠢᠳᠬᠡᠬᠦ ᠠᠵᠢᠯ 2 ᠰᠠᠷ᠎ᠠ᠎ᠶᠢᠨ 8᠎ᠤ ᠡᠳᠦᠷ
ᠶᠠᠪᠤᠭᠳᠠᠵᠤ᠂ 12 ᠡᠳᠦᠷ᠎ᠦᠨ ᠬᠤᠭᠤᠴᠠᠭ᠎ᠠ᠎ᠲᠠᠢ ᠶᠠᠪᠤᠭᠳᠠᠬᠤ ᠪᠣᠯᠣᠨ᠎ᠠ ᠭᠡᠵᠡᠢ᠃
ᠦᠢᠯᠡᠴᠢᠯᠡᠭᠡ
✦ᠥᠪᠥᠷ ᠮᠣᠩᠭᠣᠯ᠎ᠤᠨ ᠰᠢᠨ ᠮᠧᠩ ᠰᠢᠨ᠎ᠡ ᠰᠢᠨᠵᠢᠯᠡᠬᠦ
ᠤᠬᠠᠭᠠᠨ ᠲᠸᠭᠨᠢᠭ ᠮᠡᠷᠭᠡᠵᠢᠯ᠎ᠤᠨ ᠬᠢᠵᠠᠭᠠᠷᠲᠤ ᠺᠣᠮᠫᠠᠨᠢ ᠠᠵᠢᠯᠲᠠᠨ ᠡᠯᠰᠡᠵᠦ ᠪᠤᠢ᠃
ᠲᠠᠨ᠎ᠤ ᠲᠤᠰᠠ᠎ᠳᠤ
✦ᠳᠤᠮᠳᠠᠳᠤ ᠤᠯᠤᠰ᠎ᠤᠨ 7.6 ᠲᠦᠮᠡᠨ
ᠨᠠᠰᠤᠨ᠎ᠳᠤ ᠭᠦᠷᠦᠭᠰᠡᠳ᠎ᠲᠦ ᠬᠢᠭᠰᠡᠨ ᠰᠤᠳᠤᠯᠭᠠᠨ᠎ᠢ ᠦᠨᠳᠦᠰᠦᠯᠡᠪᠡᠯ᠂ ᠨᠣᠭᠣᠭᠠᠨ ᠴᠠᠢ ᠤᠤᠭᠤᠪᠠᠯ ᠴᠢᠰᠤᠨ ᠳᠠᠷᠤᠯᠲᠠ ᠥᠨᠳᠥᠷ ᠪᠣᠯᠬᠤ ᠲᠦᠭᠰᠢᠭᠦᠷᠢ᠎ᠶᠢ
6%᠎ᠪᠡᠷ ᠪᠠᠭᠤᠷᠠᠭᠤᠯᠵᠤ ᠴᠢᠳᠠᠨ᠎ᠠ᠃ ᠨᠣᠭᠣᠭᠠᠨ ᠴᠠᠢ᠎ᠶᠢᠨ
ᠳᠣᠲᠣᠷᠠᠬᠢ ᠭᠠᠮ᠎ᠪᠠᠷ ᠴᠠᠢ᠎ᠶᠢᠨ ᠡᠳ᠋ ᠨᠢ ᠠᠽᠣᠲ᠎ᠤᠨ ᠳᠠᠡᠭ ᠢᠰᠦᠯ᠎ᠦᠨ ᠪᠤᠢ ᠪᠣᠯᠬᠤ᠎ᠶᠢ ᠠᠬᠢᠭᠤᠯᠵᠤ᠂ ᠴᠢᠰᠤᠨ
ᠰᠤᠳᠠᠯ᠎ᠢ ᠲᠡᠯᠡᠭᠳᠡᠭᠦᠯᠵᠦ᠂ ᠪᠠᠰᠠ ᠴᠢᠰᠤᠨ ᠰᠤᠳᠠᠯ᠎ᠤᠨ ᠴᠢᠩᠭᠠᠷᠠᠯᠲᠠ᠎ᠶᠢᠨ ᠡᠳ᠋᠎ᠦᠨ ᠢᠰᠬᠡᠭᠦᠷ᠎ᠦᠨ ᠪᠤᠢ ᠪᠣᠯᠬᠤ᠎ᠶᠢ
ᠬᠣᠷᠢᠭ᠍ᠯᠠᠵᠤ᠂ ᠴᠢᠰᠤᠨ᠎ᠤ ᠪᠠᠭᠲᠠᠭᠠᠮᠵᠢ᠎ᠶᠢ ᠪᠠᠭᠠᠰᠬᠠᠵᠤ᠂ ᠴᠢᠰᠤᠨ ᠳᠠᠷᠤᠯᠲᠠ᠎ᠶᠢ ᠪᠠᠭᠤᠷᠠᠭᠤᠯᠬᠤ ᠦᠢᠯᠡᠳᠦᠯ
ᠲᠠᠢ ᠪᠠᠢᠳᠠᠭ᠃

ᠵᠠᠯᠭᠠᠭᠠᠳ 《ᠬᠠᠨᠠᠨ ᠬᠡ ᠲᠠᠢ ᠲᠤᠪᠴᠢ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ
ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ᠎ᠳᠤ ᠪᠠᠶᠠᠷᠯᠠᠯ᠎ᠠ᠂
ᠪᠠᠶᠠᠷᠳᠠᠢ!
(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ
ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ
ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ
ᠬᠤᠳᠠ᠂ ᠬᠤᠰᠢᠭᠤ ᠰᠢᠶᠠᠨ᠎ᠤ ᠵᠢᠷᠬᠢᠶ᠎ᠠ᠎ᠶᠢᠨ ᠲᠠᠪᠴᠠᠩ)