



ᠨᠡᠢᠭᠡᠮ
✦1 ᠰᠠᠷ᠎ᠠ᠎ᠶᠢᠨ 1᠎ᠦ ᠡᠳᠦᠷ᠎ᠡᠴᠡ ᠡᠬᠢᠯᠡᠨ᠂ ᠮᠠᠨ᠎ᠤ ᠤᠯᠤᠰ ᠬᠡᠰᠡᠭ ᠲᠠᠸᠠᠷ᠎ᠤᠨ ᠭᠠᠳᠠᠭᠠᠳᠤ᠎ᠠᠴᠠ ᠣᠷᠣᠭᠤᠯᠬᠤ
ᠪᠣᠭᠣᠮᠲᠠ᠎ᠶᠢᠨ ᠭᠠᠢᠯᠢ᠎ᠶᠢᠨ ᠨᠣᠷᠮ᠎ᠠ ᠪᠠ ᠭᠠᠢᠯᠢ᠎ᠶᠢᠨ ᠵᠦᠢᠯᠡᠰ᠎ᠲᠦ
ᠲᠣᠬᠢᠷᠠᠭᠤᠯᠤᠯᠲᠠ ᠬᠢᠵᠦ᠂ 935 ᠲᠠᠸᠠᠷ᠎ᠲᠤ
ᠣᠨᠴᠠ ᠬᠠᠷᠠᠭᠠᠯᠵᠠᠯᠲᠤ ᠤᠯᠤᠰ᠎ᠤᠨ ᠭᠠᠢᠯᠢ᠎ᠶᠢᠨ ᠨᠣᠷᠮ᠎ᠠ᠎ᠠᠴᠠ ᠳᠣᠣᠷ᠎ᠠ ᠭᠠᠳᠠᠭᠠᠳᠤ᠎ᠠᠴᠠ ᠣᠷᠣᠭᠤᠯᠬᠤ ᠲᠦᠷ
ᠲᠣᠭᠲᠠᠭᠠᠭᠰᠠᠨ ᠭᠠᠢᠯᠢ᠎ᠶᠢᠨ ᠨᠣᠷᠮ᠎ᠠ᠎ᠶᠢ ᠬᠡᠷᠡᠭᠵᠢᠭᠦᠯᠪᠡ᠃
✦ᠲᠥᠪ ᠦᠨ ᠴᠡᠷᠢᠭ᠎ᠦᠨ ᠶᠠᠪᠤᠳᠠᠯ᠎ᠤᠨ ᠬᠣᠷᠢᠶ᠎ᠠ᠎ᠵᠢᠨ ᠨᠢᠭᠡᠳᠦᠯᠲᠡᠢ ᠪᠠᠢᠷᠢᠯᠠᠭᠤᠯᠤᠯᠲᠠ
ᠪᠠ ᠲᠣᠬᠢᠷᠠᠭᠤᠯᠤᠯᠲᠠ᠎ᠶᠢ ᠦᠨᠳᠦᠰᠦᠯᠡᠨ᠂ 1 ᠰᠠᠷ᠎ᠠ᠎ᠶᠢᠨ 1᠎ᠦ ᠡᠳᠦᠷ᠎ᠡᠴᠡ
ᠡᠬᠢᠯᠡᠨ᠂ ᠳᠤᠮᠳᠠᠳᠤ ᠤᠯᠤᠰ᠎ᠤᠨ ᠠᠷᠠᠳ᠎ᠤᠨ ᠴᠢᠯᠦᠭᠡᠯᠡᠬᠦ ᠴᠡᠷᠢᠭ᠎ᠦᠨ ᠴᠡᠷᠢᠭ᠎ᠦᠨ ᠶᠠᠪᠤᠳᠠᠯ᠎ᠤᠨ ᠰᠠᠨᠰᠠᠷ᠎ᠤᠨ
ᠠᠶᠠᠯᠠᠯ᠎ᠤᠨ ᠴᠡᠷᠢᠭ ᠠᠩᠭᠢ᠂ ᠰᠦᠯᠵᠢᠶᠡᠨ᠎ᠦ ᠴᠡᠷᠢᠭ ᠠᠩᠭᠢ᠂ ᠮᠡᠳᠡᠭᠡ ᠵᠠᠩᠭᠢᠴᠢᠯᠠᠯᠲᠠ᠎ᠶᠢᠨ ᠲᠤᠰᠠᠯᠠᠬᠤ ᠴᠡᠷᠢᠭ
ᠠᠩᠭᠢ᠂ ᠬᠠᠮᠲᠤᠷᠠᠭᠰᠠᠨ ᠠᠷᠤ ᠲᠠᠯ᠎ᠠ᠎ᠶᠢᠨ ᠪᠠᠲᠤᠯᠠᠭ᠎ᠠ᠎ᠶᠢᠨ ᠴᠡᠷᠢᠭ ᠠᠩᠭᠢ᠎ᠳᠤ ᠰᠢᠨ᠎ᠡ ᠴᠡᠷᠢᠭ ᠦᠨ ᠲᠣᠭ
ᠪᠠ ᠲᠡᠮᠳᠡᠭ ᠵᠡᠭᠦᠯᠭᠡᠪᠡ᠃

✦ᠤᠯᠤᠰ ᠤᠨ ᠴᠡᠴᠡᠷᠯᠢᠭ ᠦᠨ ᠬᠠᠤᠯᠢ᠎ᠶᠢ 1 ᠰᠠᠷ᠎ᠠ᠎ᠶᠢᠨ 1᠎ᠦ ᠡᠳᠦᠷ᠎ᠡᠴᠡ ᠡᠬᠢᠯᠡᠵᠦ ᠬᠡᠷᠡᠭᠵᠢᠭᠦᠯᠪᠡ᠂ ᠡᠨᠡ ᠪᠣᠯ ᠮᠠᠨ ᠤ
ᠤᠯᠤᠰ ᠤᠨ ᠠᠩᠬᠠᠳᠠᠭ᠍ᠴᠢ ᠤᠯᠤᠰ᠎ᠤᠨ ᠴᠡᠴᠡᠷᠯᠢᠭ ᠦᠨ ᠲᠤᠬᠠᠢ ᠲᠤᠰᠬᠠᠢ ᠬᠠᠤᠯᠢ ᠲᠣᠭᠲᠠᠭᠠᠯᠲᠠ ᠪᠣᠯᠣᠨ᠎ᠠ᠃
✦ᠣᠢᠷ᠎ᠠ ᠳᠤ《ᠳᠤᠮᠳᠠᠳᠤ ᠤᠯᠤᠰ᠎ᠤᠨ ᠬᠣᠲᠠ᠎ᠶᠢᠨ ᠨᠡᠢᠭᠡᠮ ᠦᠨ
ᠬᠥᠭᠵᠢᠯᠲᠡ᠎ᠶᠢᠨ ᠵᠢᠭᠠᠯᠲᠠ ᠲᠣᠭ᠎ᠠ᠎ᠶᠢᠨ ᠰᠤᠳᠤᠯᠭᠠᠨ》᠎ᠤ ᠰᠤᠳᠤᠯᠭᠠᠨ ᠤ ᠳᠤᠭᠤᠢᠯᠠᠩ ᠱᠠᠩᠬᠠᠢ᠎ᠳᠤ 《ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ
ᠬᠣᠲᠠ᠎ᠶᠢᠨ ᠨᠡᠢᠭᠡᠮ ᠦᠨ ᠬᠥᠭᠵᠢᠯᠲᠡ᠎ᠶᠢᠨ ᠵᠢᠭᠠᠯᠲᠠ ᠲᠣᠭ᠎ᠠ ᠵᠢᠴᠢ ᠵᠠᠭᠤᠨ ᠬᠦᠴᠦᠷᠬᠡᠭ᠎ᠦᠨ ᠨᠡᠷᠡᠰ ( 2025 ) 》᠎ᠢ ᠨᠡᠢᠲᠡᠯᠡᠵᠦ᠂ ᠮᠠᠨ ᠤ ᠤᠷᠤᠨ ᠤ ᠬᠥᠬᠡᠬᠣᠲᠠ᠂
ᠪᠤᠭᠤᠲᠤ ᠬᠣᠲᠠ᠂ ᠣᠷᠳᠣᠰ ᠬᠣᠲᠠ᠂ ᠦᠬᠠᠢ ᠬᠣᠲᠠ ᠵᠡᠷᠭᠡ 4 ᠬᠤᠲᠠ ᠨᠡᠷᠡᠰ᠎ᠦᠨ ᠵᠢᠭ᠍ᠰᠠᠭᠠᠯᠲᠠ᠎ᠳᠤ ᠣᠷᠣᠪᠠ᠃

✦ᠤᠢᠷ᠎ᠠ᠎ᠳᠦ ᠥᠪᠡᠷᠲᠡᠭᠡᠨ ᠵᠠᠰᠠᠬᠤ ᠣᠷᠣᠨ᠎ᠤ
ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠡᠴᠡ ᠪᠠᠶᠠᠨᠨᠠᠭᠤᠷ ᠬᠣᠲᠠ ᠶ᠋ᠢᠨ ᠳ᠋ᠸᠩᠺᠸᠤ ᠰᠢᠶᠠᠨ᠎ᠤ
ᠲᠡᠮᠦᠷ ᠵᠠᠮ᠎ᠤᠨ ᠪᠠᠷᠠᠭᠠᠨ᠎ᠤ ᠭᠦᠢᠯᠭᠡᠭᠡ ᠵᠢᠨ ᠰᠠᠭᠤᠷᠢᠨ᠎ᠤ ᠲᠡᠮᠦᠷ ᠵᠠᠮ᠎ᠤᠨ ᠲᠤᠰᠬᠠᠢ ᠱᠤᠭᠤᠮ᠎ᠤᠨ ᠲᠥᠷᠥᠯ
ᠵᠦᠢᠯ᠎ᠢ ᠬᠢᠨᠠᠨ ᠵᠥᠪᠰᠢᠶᠡᠷᠡᠵᠦ᠂ ᠲᠥᠷᠥᠯ ᠵᠦᠢᠯ᠎ᠳᠦ ᠪᠠᠷᠤᠭ 4.6 ᠳ᠋ᠦᠩᠰᠢᠭᠤᠷ ᠲᠥᠭᠥᠷᠢᠭ᠎ᠦᠨ ᠪᠡᠯᠡ ᠣᠷᠣᠭᠤᠯᠬᠤ᠎ᠪᠠᠷ ᠲᠥᠯᠥᠪᠯᠡᠵᠤ
ᠪᠤᠢ᠃
✦1 ᠰᠠᠷ᠎ᠠ᠎ᠶᠢᠨ 1᠎ᠦ ᠡᠳᠦᠷ᠎ᠡᠴᠡ ᠡᠬᠢᠯᠡᠨ᠂ ᠵᠡᠭᠦᠨᠭᠠᠷ ᠬᠣᠰᠢᠭᠤᠨ᠎ᠤ ᠬᠢᠯᠢ
ᠳᠣᠲᠣᠷᠠᠬᠢ ᠪᠣᠶ ᠪᠦᠬᠦᠢ ᠬᠥᠮᠥᠰ ᠬᠦᠴᠦᠨ ᠪᠦᠬᠦᠢ ᠪᠡᠶ᠎ᠡ᠎ᠶᠢᠨ ᠦᠨᠡᠮᠯᠡᠯ᠂ ᠨᠡᠶ᠋ᠢᠲᠡ᠎ᠶᠢᠨ ᠮᠠᠰᠢᠨ ᠲᠡᠷᠭᠡᠨ᠎ᠦ
ᠺᠠᠷᠲ᠂ ᠬᠣᠲᠠ᠎ᠶᠢᠨ ᠠᠷᠠᠳ᠎ᠤᠨ ᠺᠠᠷᠲ ᠪᠤᠶᠤ ᠲᠡᠷᠭᠡᠨ᠎ᠳᠦ ᠰᠠᠭᠤᠬᠤ ᠺᠣᠳ᠋᠎ᠢᠶᠠᠷ ᠰᠦᠢᠳᠬᠡᠯ ᠬᠤᠷᠢᠶᠠᠬᠤ ᠦᠭᠡᠢ᠎ᠪᠡᠷ
ᠨᠡᠶ᠋ᠢᠲᠡ᠎ᠶᠢᠨ ᠮᠠᠰᠢᠨ ᠲᠡᠷᠭᠡᠨ᠎ᠳᠦ ᠰᠠᠭᠤᠵᠤ ᠪᠣᠯᠣᠨ᠎ᠠ᠃

✦2025 ᠣᠨ ᠳᠤ ᠰᠢᠯᠢᠩᠬᠣᠲᠠ᠎ᠶᠢᠨ ᠨᠢᠰᠬᠡᠯ ᠦᠨ ᠪᠠᠭᠤᠳᠠᠯ ᠤᠨ ᠵᠢᠯ ᠦᠨ
ᠠᠶᠠᠨᠴᠢᠨ ᠵᠥᠭᠡᠭᠡᠪᠦᠷᠢᠯᠡᠭᠰᠡᠨ ᠬᠡᠮᠵᠢᠶ᠎ᠡ
118.5 ᠲᠦᠮᠡᠨ ᠬᠥᠮᠥᠨ ᠤᠳᠠᠭ᠎ᠠ᠎ᠳᠤ ᠬᠦᠷᠴᠦ᠂
ᠠᠳᠠᠯᠢ ᠬᠤᠭᠤᠴᠠᠭᠠᠨ᠎ᠤ ᠬᠢ᠎ᠡᠴᠡ 5.8%᠎ᠪᠠᠷ ᠨᠡᠮᠡᠭᠳᠡᠵᠦ᠂ ᠳᠠᠬᠢᠨᠲᠠ ᠲᠡᠦᠬᠡ᠎ᠶᠢᠨ ᠰᠢᠨ᠎ᠡ ᠲᠡᠮᠳᠡᠭᠯᠡᠯ᠎ᠢ
ᠡᠭᠦᠳᠪᠡ᠃
✦2025 ᠤᠨ᠎ᠳᠦ ᠪᠠᠶᠠᠨᠨᠠᠭᠤᠷ ᠬᠤᠲᠠ 49 ᠰᠠᠭᠤᠭᠠᠯᠢ ᠠᠷᠠᠳ ᠤᠨ ᠲᠤᠭᠤᠷᠢᠭ᠂ 298 ᠠᠰᠠᠷ ᠢ ᠰᠢᠨᠡᠳᠬᠡᠨ ᠵᠠᠰᠠᠵᠤ᠂ 14394 ᠡᠷᠦᠬᠡ ᠰᠠᠭᠤᠭᠠᠯᠢ ᠠᠷᠠᠳ᠎ᠲᠦ ᠠᠰᠢᠭ ᠬᠦᠷᠲᠡᠭᠡᠵᠡᠢ᠃
ᠠᠵᠤ ᠠᠬᠤᠢ
✦ᠤᠯᠤᠰ ᠤᠨ ᠺᠢᠨᠣ᠋ ᠶᠢᠨ ᠲᠣᠪᠴᠢᠶ᠎ᠠ᠎ᠵᠢᠨ 1 ᠰᠠᠷ᠎ᠠ᠎ᠶᠢᠨ 1᠎ᠦ ᠡᠳᠦᠷ ᠤᠨ ᠮᠡᠳᠡᠭᠡ᠎ᠶᠢ ᠦᠨᠳᠦᠰᠦᠯᠡᠪᠡᠯ᠂ 2025 ᠣᠨ ᠳᠦ ᠳᠤᠮᠳᠠᠳᠤ ᠤᠯᠤᠰ᠎ᠤᠨ ᠺᠢᠨᠣ᠋᠎ᠶᠢᠨ ᠪᠥᠬᠥ ᠵᠢᠯ᠎ᠦᠨ
ᠪᠢᠯᠧᠲ ᠦᠨ ᠣᠷᠣᠯᠭ᠎ᠠ 518.32 ᠳ᠋ᠦᠩᠰᠢᠭᠤᠷ
ᠲᠥᠭᠥᠷᠢᠭ ᠢ ᠳᠠᠪᠠᠵᠤ᠂ 2024 ᠣᠨ ᠤ
ᠬᠢ᠎ᠡᠴᠡ 21.95%᠎ᠪᠠᠷ ᠨᠡᠮᠡᠭᠳᠡᠵᠡᠢ᠃
ᠰᠤᠶᠤᠯ
✦1 ᠰᠠᠷ᠎ᠠ᠎ᠶᠢᠨ 1 ᠦ ᠡᠳᠦᠷ᠂ 《ᠮᠤᠨᠠ ᠠᠭᠤᠯᠠ᠎ᠶᠢ ᠲᠤᠭᠤᠯᠬᠤ》 ᠡᠪᠦᠯ ᠤᠨ ᠤᠯᠠᠷᠢᠯ᠎ᠤᠨ ᠰᠤᠶᠤᠯ ᠵᠢᠭᠤᠯᠴᠢᠯᠠᠯ᠎ᠤᠨ ᠠᠵᠢᠯᠯᠠᠭ᠎ᠠ ᠵᠢᠴᠢ ᠤᠷᠠᠳ᠎ᠤᠨ
ᠬᠤᠢᠲᠤ ᠬᠤᠰᠢᠭᠤᠨ ᠤ ᠰᠢᠨ᠎ᠡ ᠤᠨᠵᠢᠡᠨ ᠤᠭᠲᠤᠬᠤ ᠲᠡᠮᠡᠭᠡᠨ ᠰᠤᠶᠤᠯ ᠤᠨ ᠨᠠᠭᠠᠳᠤᠮ ᠲᠤᠰ ᠬᠤᠰᠢᠭᠤᠨ᠎ᠤ
ᠪᠠᠶᠠᠨᠪᠤᠯᠠᠭ ᠪᠠᠯᠭᠠᠰᠤᠨ᠎ᠳᠦ ᠶᠠᠪᠤᠭᠳᠠᠵᠠᠢ᠃

✦ᠤᠢᠷ᠎ᠠ ᠳᠦ 2026 ᠳᠤᠯᠠᠭᠠᠨ ᠬᠤᠲᠠ·ᠤᠷᠳᠤᠰ ᠬᠤᠲᠠ᠎ᠵᠢᠨ ᠰᠢᠨ᠎ᠡ ᠤᠨ ᠤ
ᠳᠠᠭᠤᠤ ᠬᠥᠭᠵᠢᠮ᠎ᠤᠨ ᠦᠳᠡᠰᠢᠯᠡᠭᠡ 《ᠤᠷᠳᠤᠰ ᠨᠠᠢᠷ》ᠤᠷᠳᠤᠰ ᠬᠤᠲᠠ᠎ᠵᠢᠨ ᠲᠤᠮᠤ ᠵᠥᠴᠥᠭᠡ᠎ᠵᠢᠨ ᠬᠦᠷᠢᠶᠡᠯᠡᠩ᠎ᠳᠦ ᠶᠠᠪᠤᠭᠳᠠᠪᠠ᠃
✦ᠲᠦᠷᠦᠭᠦᠬᠡᠨ ᠤᠯᠠᠭᠠᠨᠬᠠᠳᠠ ᠬᠤᠲᠠ᠎ᠵᠢᠨ ᠨᠤᠮ᠎ᠤᠨ ᠰᠠᠩ ᠤᠨ ᠰᠦᠩᠵᠸᠦ ᠨᠤᠮ ᠤᠨ
ᠬᠦᠷᠢᠶᠡᠯᠡᠩ᠎ᠤᠨ ᠠᠩᠬᠠᠳᠤᠭᠠᠷ ᠬᠤᠭᠤᠴᠠᠭᠠᠨ᠎ᠤ ᠤᠯᠠᠮᠵᠢᠯᠠᠯᠲᠤ ᠰᠤᠶᠤᠯ᠎ᠤᠨ ᠶᠠᠷᠢᠶ᠎ᠠ ᠲᠠᠢᠯᠤᠮᠵᠢ ᠰᠦᠩᠱᠠᠨ
ᠲᠤᠭᠤᠷᠢᠭ᠎ᠤᠨ ᠨᠤᠮ᠎ᠤᠨ ᠰᠠᠩ᠎ᠳᠦ ᠶᠠᠪᠤᠭᠳᠠᠪᠠ᠃
ᠲᠠᠮᠢᠷ
✦1 ᠰᠠᠷ᠎ᠠ᠎ᠶᠢᠨ 1᠎ᠦ ᠡᠳᠦᠷ᠂ ᠳᠤᠮᠳᠠᠳᠤ ᠤᠯᠤᠰ᠎ᠤᠨ ᠬᠥᠯ
ᠪᠥᠮᠪᠥᠭᠡ᠎ᠶᠢᠨ ᠨᠡᠢᠭᠡᠮᠯᠢᠭ᠎ᠡᠴᠡ ᠳᠤᠮᠳᠠᠳᠤ ᠤᠯᠤᠰ᠎ᠤᠨ ᠡᠷᠡᠭᠲᠡᠢ᠎ᠶᠢᠨ ᠬᠥᠯ ᠪᠥᠮᠪᠥᠭᠡ᠎ᠶᠢᠨ ᠤᠯᠤᠰ᠎ᠤᠨ ᠠᠩᠭᠢ᠎ᠶᠢᠨ
2026 ᠣᠨ᠎ᠤ ᠠᠩᠬᠠᠳᠤᠭᠠᠷ ᠬᠤᠭᠤᠴᠠᠭᠠᠨ᠎ᠤ
26 ᠬᠥᠮᠥᠨ᠎ᠢ ᠲᠥᠪᠯᠡᠷᠡᠭᠦᠯᠦᠨ ᠪᠣᠯᠪᠠᠰᠤᠷᠠᠭᠤᠯᠬᠤ
ᠨᠡᠷᠡᠰ ᠢ ᠨᠡᠢᠲᠡᠯᠡᠵᠦ᠂ ᠯᠢ ᠶᠠᠩ᠂ ᠶᠠᠨ ᠪᠢᠩ ᠯᠢᠶᠠᠩ᠂ ᠮᠠ ᠵᠧᠨ᠂ ᠯᠢᠦᠢ ᠵᠦᠸᠸ ᠢ ᠵᠡᠷᠭᠡ 4 ᠰᠢᠨ᠎ᠡ ᠬᠥᠮᠥᠨ ᠰᠣᠩᠭᠣᠭᠳᠠᠪᠠ᠃

ᠲᠡᠯᠡᠬᠡᠢ
✦ᠲᠦᠷᠺ ᠦᠨ
ᠵᠠᠰᠠᠭ᠎ᠤᠨ ᠣᠷᠳᠣᠨ 1 ᠰᠠᠷ᠎ᠠ᠎ᠶᠢᠨ 2 ᠤᠨ
ᠡᠳᠦᠷ ᠡᠴᠡ ᠡᠬᠢᠯᠡᠨ᠂ ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠡᠩ᠎ᠦᠨ ᠫᠠᠰᠫᠣᠷᠲ᠎ᠲᠠᠢ ᠠᠷᠠᠳ ᠢᠷᠭᠡᠨ᠎ᠳᠦ
ᠸᠢᠰᠠ ᠦᠭᠡᠢ᠎ᠪᠡᠷ ᠬᠢᠯᠢ᠎ᠪᠡᠷ ᠣᠷᠣᠵᠤ ᠭᠠᠷᠬᠤ ᠶᠢ ᠵᠥᠪᠰᠢᠶᠡᠷᠡᠬᠦ ᠲᠥᠷᠥ᠎ᠶᠢᠨ ᠪᠣᠳᠣᠯᠭ᠎ᠠ᠎ᠶᠢ ᠬᠡᠷᠡᠭᠵᠢᠭᠦᠯᠪᠡ᠃

ᠦᠢᠯᠡᠴᠢᠯᠡᠭᠡ
✦ᠣᠷᠳᠣᠰ ᠬᠤᠲᠠ ᠵᠢᠨ ᠠᠭᠠᠷ ᠤᠨ
ᠲᠡᠭᠡᠭᠡᠪᠦᠷᠢ᠎ᠶᠢᠨ ᠬᠢᠵᠠᠭᠠᠷᠲᠤ ᠺᠣᠮᠫᠠᠨᠢ ᠠᠵᠢᠯᠲᠠᠨ ᠡᠯᠰᠡᠵᠦ ᠪᠤᠢ᠃
ᠲᠠᠨ ᠤ ᠲᠤᠰᠡ ᠳ᠋ᠤ
✦ᠨᠡᠷᠡᠨ᠎ᠳᠦ ᠡᠭᠡᠭᠡᠬᠦ᠎ᠵᠢᠨ ᠰᠠᠢᠨ ᠲᠠᠯ᠎ᠠ᠄
ᠸᠢᠲ᠋ᠠᠮᠢᠨ D ᠪᠣᠯ ᠺᠠᠯᠼ ᠤᠨ 《ᠵᠥᠭᠡᠭᠡᠪᠦᠷᠢᠯᠡᠭᠴᠢ》 ᠶᠤᠮ᠂
ᠨᠡᠷᠡᠨ᠎ᠳᠦ ᠡᠭᠡᠭᠡᠬᠦ ᠨᠢ ᠠᠷᠠᠰᠤᠨ ᠳᠣᠲᠣᠷᠠᠬᠢ ᠸᠢᠲ᠋ᠠᠮᠢᠨ D ᠶᠢ
ᠢᠳᠡᠪᠬᠢᠵᠢᠭᠦᠯᠳᠡᠭ᠃ 2. ᠨᠡᠷᠡᠨ᠎ᠳᠦ ᠡᠭᠡᠭᠡᠬᠦ᠎ᠳᠡᠭᠡᠨ ᠨᠠᠷᠠᠨ᠎ᠤ
ᠭᠡᠷᠡᠯ ᠭᠡᠳᠦ ᠴᠢᠩᠭ᠎ᠠ ᠲᠤᠰᠬᠤ ᠴᠠᠭ᠎ᠠᠴᠠ ᠵᠠᠢᠯᠠᠰᠬᠢᠵᠦ᠂ ᠡᠳᠦᠷ ᠪᠦᠷᠢ ᠬᠠᠭᠠᠰ ᠴᠠᠭ ᠣᠷᠴᠢᠮ ᠡᠭᠡᠭᠡᠪᠡᠯ
ᠰᠠᠢᠨ᠃
ᠵᠠᠯᠭᠠᠭᠠᠳ 《ᠳᠡᠯᠭᠡᠷ ᠲᠥᠮᠡᠨ᠎ᠤ
ᠨᠤᠲᠤᠭ》 ᠬᠡᠬᠦ ᠲᠠᠭᠤᠤ
ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠨᠡᠪᠳᠡᠷᠡᠭᠦᠯᠬᠡ ᠮᠠᠨᠢ ᠲᠠ ᠪᠦᠬᠦᠨ ᠳᠦ
ᠲᠠᠭᠠᠯᠠᠬᠳᠠᠬᠰᠠᠨ ᠪᠤᠯ ᠤᠳᠤᠨ ᠳᠡᠮᠳᠡᠭ ᠱᠠᠩᠨᠠᠵᠤ ᠪᠢᠳᠡᠨ᠎ᠳᠤ ᠤᠷᠮ᠎ᠠ ᠬᠠᠢᠷᠠᠯᠠᠭᠠᠷᠠᠢ!ᠲᠠ ᠪᠦᠬᠦᠨ ᠤ
ᠬᠦᠯᠢᠶᠡᠨ ᠠᠪᠴᠤ᠌ ᠰᠤᠨᠤᠰᠤᠬ᠍ᠰᠠᠨ᠎ᠳᠤ ᠪᠠᠶᠠᠷᠯᠠᠯ᠎ᠠ᠂ ᠪᠠᠶᠠᠷᠳᠠᠢ!
(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ
ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ
ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ
ᠬᠤᠳᠠ᠂ ᠬᠤᠰᠢᠭᠤ ᠰᠢᠶᠠᠨ᠎ᠤ ᠵᠢᠷᠬᠢᠶ᠎ᠠ᠎ᠶᠢᠨ ᠲᠠᠪᠴᠠᠩ)