1 ᠰᠠᠷ᠎ᠠ᠎ᠶ᠋ᠢᠨ 30 ᠤ᠋ ᠡᠳᠦᠷ
ᠡᠬᠢᠯᠡᠬᠦ᠌ ᠴᠠᠭ᠄
2026-01-30 10:24:13
ᠨᠠᠶ᠋ᠢᠷᠠᠭᠤᠯᠤᠭᠴᠢ ᠄
ᠭᠢᠯᠪᠡᠭᠡᠨ
ᠨᠡᠪᠲᠡᠷᠡᠬᠦᠯᠦᠭᠴᠢ ᠄
ᠭᠢᠯᠪᠡᠭᠡᠨ
ᠮᠡᠷᠭᠡᠵᠢᠯ ᠄
  
ᠤᠩᠰᠢᠭᠰᠠᠨ ᠤᠳᠠᠭ᠎ᠠ᠄

01封面.jpg


d8888dfe-5893-4b68-a163-658d2f211f62.png


最新 天气预报模板 (2)_01.jpg


46687c1c-5553-4da4-98e6-3d76f71c9687.png


ᠨᠡᠢᠭᠡᠮ

✦ᠲᠥᠷᠥ᠎ᠶᠢᠨ ᠶᠠᠪᠤᠳᠠᠯ᠎ᠤᠨ ᠬᠣᠷᠢᠶ᠎ᠠ᠎ᠵᠢᠨ ᠠᠯᠪᠠᠨ ᠲᠢᠩᠬᠢᠮ 《ᠵᠠᠰᠠᠭ᠎ᠤᠨ ᠶᠠᠪᠤᠳᠠᠯ᠎ᠤᠨ ᠰᠢᠯᠵᠢᠮᠡᠯ ᠢᠨᠲᠧᠷ ᠰᠦᠯᠵᠢᠶᠡᠨ᠎ᠦ ᠬᠡᠷᠡᠭᠯᠡᠭᠡᠨ᠎ᠦ ᠫᠷᠣᠭ᠌ᠷᠠᠮ᠎ᠢ ᠵᠢᠷᠤᠮᠵᠢᠭᠤᠯᠤᠨ ᠬᠠᠮᠢᠶᠠᠷᠬᠤ ᠠᠷᠭ᠎ᠠ》 ᠵᠢ ᠳᠠᠷᠤᠮᠠᠯᠯᠠᠨ ᠲᠠᠷᠬᠠᠭᠠᠵᠠᠢ᠃

✦2025 ᠣᠨ᠎ᠳᠤ ᠪᠥᠬᠥ ᠤᠯᠤᠰ᠎ᠲᠤ ᠬᠣᠲᠠ ᠪᠠᠯᠭᠠᠰᠤᠨ᠎ᠤ 2.71 ᠲᠦᠮᠡᠨ ᠬᠠᠭᠤᠴᠢᠨ ᠰᠠᠭᠤᠭᠠᠯᠢ ᠲᠣᠭᠣᠷᠢᠭ᠋᠎ᠢ ᠰᠢᠨ᠎ᠡ᠎ᠪᠡᠷ ᠪᠠᠷᠢᠯᠭ᠎ᠠ ᠡᠬᠢᠯᠡᠭᠦᠯᠦᠨ ᠥᠭᠡᠷᠡᠴᠢᠯᠡᠨ ᠪᠠᠢᠭᠤᠯᠵᠤ᠂ ᠨᠡᠶ᠋ᠢᠲᠡ 1332 ᠳ᠋ᠦᠩᠰᠢᠭᠤᠷ ᠲᠥᠭᠥᠷᠢᠭ᠎ᠦᠨ ᠪᠡᠯᠡ ᠣᠷᠣᠭᠤᠯᠤᠯᠲᠠ᠎ᠶᠢ ᠪᠡᠶᠡᠯᠡᠭᠦᠯᠪᠡ᠃

✦ᠠᠵᠤ ᠠᠬᠤᠢ᠎ᠶᠢᠨ ᠨᠡᠮᠡᠭᠳᠡᠯ ᠵᠡᠷᠭᠡ ᠬᠦᠴᠦᠨ ᠵᠦᠢᠯ᠎ᠦᠨ ᠳᠠᠢᠴᠢᠯᠠᠯᠲᠠ ᠳᠣᠣᠷ᠎ᠠ᠂ 2025 ᠣᠨ᠎ᠳᠤ ᠭᠠᠢᠯᠢ᠎ᠶᠢᠨ ᠶᠠᠪᠤᠳᠠᠯ᠎ᠤᠨ ᠰᠠᠯᠠᠭ᠎ᠠ ᠮᠥᠴᠢᠷ ᠪᠥᠬᠥ ᠵᠢᠯ᠎ᠳᠦ 33.1 ᠲᠦᠮᠡᠨ ᠳ᠋ᠦᠩᠰᠢᠭᠤᠷ ᠲᠥᠭᠥᠷᠢᠭ᠎ᠦᠨ ᠡᠯ᠎ᠡ ᠵᠦᠢᠯ᠎ᠦᠨ ᠭᠠᠢᠯᠢ ᠲᠠᠲᠠᠪᠤᠷᠢᠯᠠᠪᠠ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠦᠢᠯᠡᠳᠬᠦ ᠦᠢᠯᠡᠰ᠎ᠦᠨ ᠬᠥᠭᠵᠢᠯᠲᠡ᠎ᠶᠢ ᠳᠡᠮᠵᠢᠬᠦ ᠭᠣᠣᠯ ᠪᠣᠯᠬᠤ ᠬᠠᠷᠠᠭᠠᠯᠵᠠᠯ᠎ᠤᠨ ᠲᠦᠷᠦ᠎ᠶᠢᠨ ᠪᠣᠳᠣᠯᠭ᠎ᠠ᠎ᠶᠢᠨ ᠭᠠᠢᠯᠢ᠎ᠶᠢ ᠬᠥᠩᠭᠡᠷᠡᠭᠦᠯᠵᠦ ᠰᠦᠢᠳᠬᠡᠯ᠎ᠢ ᠪᠠᠭᠤᠷᠠᠭᠤᠯᠵᠤ ᠭᠠᠢᠯᠢ᠎ᠶᠢ ᠪᠤᠴᠠᠭᠠᠭᠰᠠᠨ ᠬᠡᠮᠵᠢᠶ᠎ᠡ 2.8 ᠲᠦᠮᠡᠨ ᠳ᠋ᠦᠩᠰᠢᠭᠤᠷ ᠲᠥᠭᠥᠷᠢᠭ᠎ᠢ ᠳᠠᠪᠠᠵᠤ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ ᠪᠠ ᠪᠣᠳᠠᠲᠤ ᠴᠣᠭᠴᠠ᠎ᠶᠢᠨ ᠠᠵᠤ ᠠᠬᠤᠢ᠎ᠶᠢᠨ ᠬᠥᠭᠵᠢᠯᠲᠡ᠎ᠶᠢ ᠬᠦᠴᠦᠲᠡᠢ ᠠᠬᠢᠭᠤᠯᠪᠠ᠃

✦ᠭᠠᠳᠠᠭᠠᠳᠤ ᠬᠠᠷᠢᠯᠴᠠᠭᠠᠨ᠎ᠤ ᠶᠠᠮᠤᠨ᠎ᠤ ᠥᠭᠦᠯᠡᠭᠴᠢ᠎ᠶᠢᠨ ᠲᠠᠨᠢᠯᠴᠠᠭᠤᠯᠤᠭᠰᠠᠨ᠎ᠢᠶᠠᠷ᠂ APEC 《ᠳᠤᠮᠳᠠᠳᠤ ᠤᠯᠤᠰ᠎ᠤᠨ ᠣᠨ》 ᠎ᠤ ᠠᠩᠬᠠᠨ᠎ᠤ ᠠᠯᠪᠠᠨ ᠶᠣᠰᠣᠨ᠎ᠤ ᠠᠵᠢᠯᠯᠠᠭ᠎ᠠ 2 ᠰᠠᠷ᠎ᠠ᠎ᠶᠢᠨ 1᠎ᠡᠴᠡ 10᠎ᠤ ᠡᠳᠦᠷ ᠪᠣᠯᠲᠠᠯ᠎ᠠ ᠭᠤᠸᠠᠩᠵᠧᠦ᠎ᠳᠦ ᠶᠠᠪᠤᠭᠳᠠᠬᠤ᠎ᠪᠡᠷ ᠪᠤᠢ᠃


640 (3).png


✦ᠥᠪᠥᠷ ᠮᠣᠩᠭᠣᠯ᠎ᠤᠨ ᠬᠤᠳᠠᠯᠳᠤᠭᠠᠨ᠎ᠤ ᠶᠠᠪᠤᠳᠠᠯ᠎ᠤᠨ ᠲᠢᠩᠬᠢᠮ 1 ᠰᠠᠷ᠎ᠠ᠎ᠵᠢᠨ 28᠎ᠤ ᠡᠳᠦᠷ ᠥᠪᠡᠷᠲᠡᠭᠡᠨ ᠵᠠᠰᠠᠬᠤ ᠣᠷᠣᠨ᠎ᠤ ᠭᠡᠷ᠎ᠦᠨ ᠴᠠᠬᠢᠯᠭᠠᠨ ᠬᠡᠷᠡᠭᠰᠡᠯ᠎ᠢ ᠬᠠᠭᠤᠴᠢᠨ᠎ᠢᠶᠠᠷ ᠰᠢᠨ᠎ᠡ᠎ᠶᠢ ᠰᠣᠯᠢᠬᠤ᠂ ᠳ᠋ᠢᠬᠢᠲ ᠪᠠ ᠣᠶᠤᠨᠴᠢ ᠦᠢᠯᠡᠳᠬᠦᠨ ᠬᠤᠳᠠᠯᠳᠤᠨ ᠠᠪᠬᠤ ᠰᠢᠨ᠎ᠡ ᠨᠥᠬᠥᠪᠦᠷᠢ᠎ᠶᠢᠨ ᠬᠡᠷᠡᠭᠵᠢᠭᠦᠯᠬᠦ ᠨᠠᠷᠢᠨ ᠳᠦᠷᠢᠮ᠎ᠢ ᠨᠡᠢᠲᠡᠯᠡᠵᠦ᠂ ᠪᠥᠬᠥ ᠣᠷᠣᠨ᠎ᠤ ᠬᠡᠪᠴᠢᠶᠡᠨ᠎ᠳᠦ ᠨᠥᠬᠥᠪᠦᠷᠢ᠎ᠲᠠᠢ ᠲᠠᠸᠠᠷ ᠬᠤᠳᠠᠯᠳᠤᠨ ᠠᠪᠬᠤ᠎ᠶᠢᠨ ᠬᠠᠮᠲᠤ ᠪᠣᠷᠤᠯᠠᠭᠤᠯᠭ᠎ᠠ᠎ᠶᠢᠨ ᠪᠠᠷᠢᠮᠲᠠ᠎ᠶᠢ ᠦᠨᠡᠨ ᠪᠣᠳᠠᠲᠠᠢ᠎ᠪᠠᠷ ᠣᠯᠣᠭᠰᠠᠨ ᠬᠡᠷᠡᠭᠯᠡᠭᠴᠢᠳ ᠨᠥᠬᠥᠪᠦᠷᠢ ᠭᠥᠷᠳᠡᠵᠦ ᠪᠣᠯᠣᠨ᠎ᠠ ᠭᠡᠪᠡ᠃ ᠬᠡᠷᠡᠭᠯᠡᠭᠴᠢ ᠪᠦᠷᠢ ᠲᠥᠷᠥᠯ ᠪᠦᠷᠢ᠎ᠶᠢᠨ ᠦᠢᠯᠡᠳᠬᠦᠨ ᠨᠢᠭᠡᠪᠦᠷᠢ᠎ᠳᠦ 1 ᠬᠤᠪᠢ ᠨᠥᠬᠥᠪᠦᠷᠢ ᠤᠯᠵᠤ᠂ ᠪᠦᠲᠦᠭᠡᠭᠳᠡᠬᠦᠨ ᠨᠢᠭᠡᠪᠦᠷᠢ᠎ᠳᠦ ᠥᠭᠬᠥ ᠨᠥᠬᠥᠪᠥᠷᠢ ᠨᠢ 1500 ᠲᠥᠭᠥᠷᠢᠭ᠎ᠡᠴᠡ ᠬᠡᠲᠦᠷᠡᠭᠦ ᠦᠭᠡᠢ᠃

✦1 ᠰᠠᠷ᠎ᠠ᠎ᠶᠢᠨ 27᠎ᠤ ᠡᠳᠦᠷ᠂ ᠰᠤᠷᠭᠠᠨ ᠬᠥᠮᠦᠵᠢᠯ᠎ᠦᠨ ᠶᠠᠮᠤᠨ 2025 ᠣᠨ᠎ᠤ ᠪᠥᠬᠥ ᠤᠯᠤᠰ᠎ᠤᠨ ᠵᠠᠯᠠᠭᠤᠴᠤᠳ ᠪᠠᠭᠠᠴᠤᠳ᠎ᠤᠨ ᠰᠤᠷᠭᠠᠭᠤᠯᠢ᠎ᠶᠢᠨ ᠬᠦᠷᠢᠶᠡᠨ᠎ᠦ ᠬᠥᠯ ᠪᠥᠮᠪᠥᠭᠡ᠎ᠶᠢᠨ ᠣᠨᠴᠠᠯᠢᠭ᠍ᠲᠤ ᠰᠤᠷᠭᠠᠭᠤᠯᠢ᠎ᠶᠢ ᠮᠠᠭᠠᠳᠯᠠᠨ ᠲᠣᠭᠲᠠᠭᠠᠭᠰᠠᠨ ᠦᠷ᠎ᠡ ᠳ᠋ᠦᠩ᠎ᠦᠨ ᠲᠤᠬᠠᠢ ᠵᠠᠷᠯᠠᠯ᠎ᠢ ᠨᠡᠢᠲᠡᠯᠡᠪᠡ᠃ ᠡᠭᠦᠨ᠎ᠳᠦ ᠮᠠᠨ᠎ᠤ ᠤᠷᠤᠨ᠎ᠤ ᠤᠯᠠᠭᠠᠨᠬᠠᠳᠠ ᠬᠣᠲᠠ᠎ᠶᠢᠨ ᠰᠦᠩᠱᠠᠨ ᠲᠣᠭᠣᠷᠢᠭ᠋᠎ᠤᠨ ᠠᠷᠪᠠᠨ ᠳᠣᠯᠣᠳᠤᠭᠠᠷ ᠪᠠᠭ᠎ᠠ ᠰᠤᠷᠭᠠᠭᠤᠯᠢ᠂ ᠪᠤᠭᠤᠲᠤ ᠬᠣᠲᠠ᠎ᠶᠢᠨ ᠵᠢᠦᠶᠤᠸᠠᠨ ᠲᠣᠭᠣᠷᠢᠭ᠋᠎ᠤᠨ ᠨᠢᠭᠡᠳᠦᠭᠡᠷ ᠲᠤᠷᠰᠢᠯᠲᠠ᠎ᠶᠢᠨ ᠪᠠᠭ᠎ᠠ ᠰᠤᠷᠭᠠᠭᠤᠯᠢ᠂ ᠵᠡᠭᠦᠨᠭᠠᠷ ᠬᠣᠰᠢᠭᠤᠨ᠎ᠤ ᠲᠦᠩ ᠷᠧᠨ ᠰᠤᠷᠭᠠᠭᠤᠯᠢ ᠵᠡᠷᠭᠡ 39 ᠰᠤᠷᠭᠠᠭᠤᠯᠢ ᠰᠣᠩᠭᠣᠭᠳᠠᠵᠠᠢ᠃

✦ᠥᠪᠥᠷ ᠮᠣᠩᠭᠣᠯ᠎ᠤᠨ ᠬᠠᠷᠠᠭ᠎ᠠ ᠠᠯᠳᠠᠭᠰᠠᠳ᠎ᠲᠦ ᠨᠡᠶ᠋ᠢᠲᠡ᠎ᠶᠢᠨ ᠠᠰᠠᠷᠠᠮᠵᠢ᠎ᠶᠢᠨ ᠰᠠᠭᠠᠳ ᠦᠭᠡᠢ ᠺᠢᠨᠣ᠋ ᠦᠵᠡᠭᠦᠯᠬᠦ ᠠᠵᠢᠯᠯᠠᠭ᠎ᠠ 1 ᠰᠠᠷ᠎ᠠ᠎ᠶᠢᠨ 27᠎ᠤ ᠡᠳᠦᠷ ᠬᠥᠬᠡᠬᠣᠲᠠ᠎ᠶᠢᠨ ᠬᠣᠲᠣᠩ ᠠᠷᠠᠳ᠎ᠤᠨ ᠲᠣᠭᠣᠷᠢᠭ᠋᠎ᠤᠨ ᠸᠠᠨ ᠳᠠ ᠺᠢᠨᠣ᠋᠎ᠶᠢᠨ ᠤᠷᠳᠤᠨ᠎ᠳᠤ ᠶᠠᠪᠤᠭᠳᠠᠪᠠ᠃

 

640 (1).png

 

ᠠᠵᠤ ᠠᠬᠤᠢ

✦2025 ᠣᠨ᠎ᠤ ᠡᠴᠦᠰ ᠪᠣᠯᠲᠠᠯ᠎ᠠ᠂ ᠲᠥᠪ᠎ᠦᠨ ᠠᠵᠤ ᠠᠬᠤᠢᠯᠠᠯ᠎ᠤᠨ ᠡᠳ᠋ ᠬᠥᠷᠥᠩᠭᠡ᠎ᠶᠢᠨ ᠪᠥᠬᠥ ᠬᠡᠮᠵᠢᠶ᠎ᠡ 95 ᠲᠦᠮᠡᠨ ᠳ᠋ᠦᠩᠰᠢᠭᠤᠷ ᠲᠥᠭᠥᠷᠢᠭ᠎ᠢ ᠳᠠᠪᠠᠵᠤ᠂ 2025 ᠣᠨ᠎ᠳᠤ 2.5 ᠲᠦᠮᠡᠨ ᠳ᠋ᠦᠩᠰᠢᠭᠤᠷ ᠲᠥᠭᠥᠷᠢᠭ᠎ᠦᠨ ᠠᠰᠢᠭ᠋ ᠬᠣᠨᠵᠢᠪᠤᠷᠢ᠎ᠶᠢ ᠪᠡᠶᠡᠯᠡᠭᠦᠯᠵᠦ᠂ ᠲᠣᠭᠲᠠᠮᠠᠯ ᠬᠥᠷᠥᠩᠭᠡ᠎ᠶᠢᠨ ᠪᠡᠯᠡ ᠣᠷᠣᠭᠤᠯᠤᠯᠲᠠ᠎ᠶᠢ 5.1 ᠲᠦᠮᠡᠨ ᠳ᠋ᠦᠩᠰᠢᠭᠤᠷ ᠲᠥᠭᠥᠷᠢᠭ ᠪᠡᠶᠡᠯᠡᠭᠦᠯᠵᠦ᠂ 2.5 ᠲᠦᠮᠡᠨ ᠳ᠋ᠦᠩᠰᠢᠭᠤᠷ ᠲᠥᠭᠥᠷᠢᠭ᠎ᠦᠨ ᠭᠠᠢᠯᠢ ᠲᠤᠰᠢᠶᠠᠵᠠᠢ᠃

✦ᠣᠢᠷ᠎ᠠ᠎ᠳᠤ ᠣᠷᠳᠣᠰ᠎ᠤᠨ ᠮᠧᠩ ᠰᠦ᠍ ᠠᠵᠤ ᠠᠬᠤᠢ᠎ᠶᠢᠨ ᠨᠡᠭᠡᠭᠡᠯᠲᠡ᠎ᠶᠢᠨ ᠲᠣᠭᠣᠷᠢᠭ᠋᠎ᠤᠨ ᠬᠠᠮᠢᠶᠠᠷᠤᠯᠲᠠ᠎ᠶᠢᠨ ᠵᠥᠪᠯᠡᠯ ᠶᠤᠸᠠᠨ ᠵᠢᠩ ᠬᠥᠳᠡᠯᠭᠡᠬᠦ ᠬᠦᠴᠦᠨ᠎ᠦ ᠺᠣᠮᠫᠠᠨᠢ᠎ᠲᠠᠢ ᠪᠥᠬᠥ ᠪᠥᠮᠪᠥᠷᠴᠡᠭ᠎ᠦᠨ ᠬᠠᠮᠲᠤ᠎ᠪᠠᠷ ᠡᠳ᠋ᠯᠡᠬᠦ ᠳ᠋ᠢᠶᠠᠨ ᡂᠢ᠎ᠶᠢᠨ ᠪᠠᠢᠴᠠᠭᠠᠨ ᠬᠡᠮᠵᠢᠯᠲᠡ ᠪᠠ ᠰᠢᠨ᠎ᠡ᠎ᠶᠢ ᠡᠭᠦᠳᠬᠦ ᠲᠠᠪᠴᠠᠩ᠎ᠤᠨ ᠲᠥᠷᠥᠯ ᠵᠦᠢᠯ᠎ᠦᠨ ᠭᠡᠷ᠎ᠡ ᠲᠣᠭᠲᠠᠬᠤ ᠶᠣᠰᠣᠯᠠᠯ ᠶᠠᠪᠤᠭᠳᠠᠭᠤᠯᠪᠠ᠃ ᠲᠣᠰ ᠤᠳᠠᠭᠠᠨ᠎ᠤ ᠭᠡᠷ᠎ᠡ ᠲᠣᠭᠲᠠᠭᠰᠠᠨ ᠲᠥᠷᠥᠯ ᠵᠦᠢᠯ᠎ᠦᠨ ᠶᠡᠷᠦᠩᠬᠡᠢ ᠪᠡᠯᠡ ᠣᠷᠣᠭᠤᠯᠤᠯᠲᠠ ᠪᠠᠷᠤᠭ 4 ᠳ᠋ᠦᠩᠰᠢᠭᠤᠷ ᠲᠥᠭᠥᠷᠢᠭ᠎ᠲᠦ ᠬᠦᠷᠦᠨ᠎ᠡ᠃


f32c19f09d6eb302d549d4343deba631.jpg


✦1 ᠰᠠᠷ᠎ᠠ᠎ᠵᠢᠨ 28᠎ᠤ ᠡᠳᠦᠷ᠂ ᠤᠷᠳᠤᠰ ᠬᠤᠲᠠ᠎ᠵᠢᠨ ᠤᠲᠤᠭ᠎ᠤᠨ ᠡᠮᠦᠨᠡᠲᠦ ᠬᠤᠰᠢᠭᠤᠨ᠎ᠤ ᠱᠠᠩᠬᠤ᠎ᠵᠢᠨ ᠰᠥᠮ᠎ᠡ ᠪᠠᠯᠭᠠᠰᠤ ᠬᠠᠮᠲᠤ᠎ᠵᠢᠨ ᠠᠵᠤ ᠠᠬᠤᠢ᠎ᠵᠢᠨ ᠠᠰᠢᠭ ᠬᠤᠪᠢᠶᠠᠷᠢᠯᠠᠬᠤ ᠬᠤᠷᠠᠯ ᠬᠢᠵᠤ᠂ ᠨᠡᠢᠲᠡ 403.03 ᠲᠥᠮᠡᠨ ᠲᠥᠭᠥᠷᠢᠭ᠎ᠢ 15 ᠭᠠᠴᠠᠭ᠎ᠠ ᠲᠤᠰᠬᠤᠨ (ᠨᠡᠢᠭᠡᠮ ᠲᠤᠭᠤᠷᠢᠭ) ᠳ᠋ᠦ ᠬᠤᠪᠢᠶᠠᠷᠢᠯᠠᠵᠠᠢ᠃

 

c5409980589bbba1ca0eec05c12cbc6a.jpg


ᠲᠠᠮᠢᠷ

✦1 ᠰᠠᠷ᠎ᠠ᠎ᠵᠢᠨ 28᠎ᠤ ᠡᠳᠦᠷ᠂ ᠠᠦ᠋ᠰᠲᠷᠠᠯᠢᠶ᠎ᠠ᠎ᠶᠢᠨ ᠲᠣᠣᠷ ᠪᠥᠮᠪᠥᠭᠡ᠎ᠵᠢᠨ ᠤᠷᠤᠯᠳᠤᠭᠠᠨ᠎ᠤ ᠡᠮᠡᠭᠲᠡᠢ᠎ᠶᠢᠨ ᠬᠣᠣᠰᠯᠠᠨ ᠴᠤᠬᠢᠬᠤ ᠤᠷᠤᠯᠳᠤᠭᠠᠨ᠎ᠳᠤ ᠮᠠᠨ᠎ᠤ ᠤᠯᠤᠰ᠎ᠤᠨ ᠲᠠᠮᠢᠷᠴᠢᠨ ᠵᠠᠩ ᠱᠤᠸᠠᠢ ᠪᠠ ᠪᠧᠯᠭᠢ᠎ᠵᠢᠨ ᠲᠠᠮᠢᠷᠴᠢᠨ ᠮᠸᠷᠲᠸᠨᠰ ᠳᠡᠭᠡᠳᠦ ᠳᠦᠷᠪᠡ᠎ᠳᠦ ᠳᠠᠪᠰᠢᠪᠠ᠃


0efe97e4e7e45952ef292d3440c679a2.jpg


✦ᠪᠠᠶᠠᠨᠨᠠᠭᠤᠷ ᠬᠤᠲᠠ᠎ᠵᠢᠨ ᠤᠷᠠᠳ᠎ᠤᠨ ᠬᠤᠢᠲᠤ ᠬᠤᠰᠢᠭᠤᠨ᠎ᠤ ᠵᠠᠯᠠᠭᠤᠴᠤᠳ ᠪᠠᠭᠠᠴᠤᠳ᠎ᠤᠨ ᠪᠦᠬᠡ᠎ᠵᠢᠨ ᠲᠤᠰᠬᠠᠢ ᠪᠤᠯᠪᠠᠰᠤᠷᠠᠯ 10 ᠡᠳᠦᠷ᠎ᠤᠨ ᠬᠤᠭᠤᠴᠠᠭ᠎ᠠ ᠲᠠᠢ ᠶᠠᠪᠤᠭᠳᠠᠵᠤ᠂ ᠤᠢᠷ᠎ᠠ᠎ᠳᠦ ᠠᠮᠵᠢᠯᠲᠠ ᠲᠠᠢ ᠥᠨᠳᠥᠷᠯᠡᠪᠡ᠃

 

c93f06b0b8ce5e3baf513bfe8163c258.jpg


ᠳᠡᠯᠡᠬᠡᠢ

✦ᠲᠥᠪ ᠲᠸᠯᠸᠢᠰ᠎ᠤᠨ ᠮᠡᠳᠡᠭᠡ᠎ᠶᠢ ᠦᠨᠳᠦᠰᠦᠯᠡᠪᠡᠯ᠂ ᠲᠤᠬᠠᠢ᠎ᠶᠢᠨ ᠭᠠᠵᠠᠷ᠎ᠤᠨ ᠴᠠᠭ᠎ᠢᠶᠠᠷ 1 ᠰᠠᠷ᠎ᠠ᠎ᠵᠢᠨ 28᠎ᠤ ᠡᠳᠦᠷ᠂ ᠨᠢᠭᠡᠨ ᠮᠠᠰᠢᠨ ᠲᠡᠷᠭᠡ ᠣᠷᠣᠰ᠎ᠤᠨ ᠪᠠᠢᠭᠠᠯ ᠨᠠᠭᠤᠷ᠎ᠤᠨ ᠮᠥᠰᠥᠨ ᠳᠡᠭᠡᠷ᠎ᠡ ᠬᠥᠷᠪᠡᠵᠦ᠂ ᠳᠤᠮᠳᠠᠳᠤ ᠤᠯᠤᠰ᠎ᠤᠨ ᠬᠠᠷᠢᠶ᠎ᠠ᠎ᠲᠠᠢ ᠨᠢᠭᠡ ᠵᠢᠭᠤᠯᠴᠢᠯᠠᠭ᠍ᠴᠢ ᠡᠨᠳᠡᠵᠦ᠂ ᠳᠤᠮᠳᠠᠳᠤ ᠤᠯᠤᠰ᠎ᠤᠨ ᠬᠠᠷᠢᠶ᠎ᠠ᠎ᠲᠠᠢ 4 ᠵᠢᠭᠤᠯᠴᠢᠯᠠᠭ᠍ᠴᠢ ᠬᠥᠩᠭᠡᠨ ᠰᠢᠷᠬᠠᠲᠤᠵᠠᠢ᠃

✦ᠲᠥᠪ ᠲᠸᠯᠸᠢᠰ᠎ᠤᠨ ᠮᠡᠳᠡᠭᠡ᠎ᠶᠢ ᠦᠨᠳᠦᠰᠦᠯᠡᠪᠡᠯ᠂ 1 ᠰᠠᠷ᠎ᠠ᠎ᠵᠢᠨ 28᠎ᠤ ᠡᠳᠦᠷ᠂ ᠠᠮᠧᠷᠢᠺᠠ᠎ᠶᠢᠨ ᠨᠢᠦ᠋ ᠶᠣᠷᠺ᠎ᠤᠨ ᠲᠠᠸᠠᠷ᠎ᠤᠨ ᠠᠷᠠᠯᠵᠢᠶᠠᠨ᠎ᠤ ᠭᠠᠵᠠᠷ᠎ᠤᠨ ᠰᠢᠵᠢᠷ ᠠᠯᠲᠠᠨ᠎ᠤ ᠬᠤᠭᠤᠴᠠᠭᠠᠲᠤ ᠪᠠᠷᠠᠭᠠᠨ᠎ᠤ ᠦᠨ᠎ᠡ ᠨᠢ ᠦᠨᠼ ᠪᠦᠷᠢ 5300 ᠳ᠋ᠣᠯᠯᠠᠷ᠎ᠢ ᠳᠠᠪᠠᠪᠠ᠃


fe915041efc7365111d0bf7be632ed7d.jpg


ᠦᠢᠯᠡᠴᠢᠯᠡᠭᠡ

✦ᠡᠵᠡᠨ ᠬᠣᠷᠣᠭ᠎ᠠ ᠬᠣᠰᠢᠭᠤᠨ᠎ᠤ ᠳᠥᠷᠪᠡᠳᠦᠭᠡᠷ ᠳᠤᠮᠳᠠᠳᠤ ᠰᠤᠷᠭᠠᠭᠤᠯᠢ ᠪᠠᠭᠰᠢ ᠡᠯᠰᠡᠵᠦ ᠪᠤᠢ᠃ 

 

ᠲᠠᠨ᠎ᠤ ᠲᠤᠰᠠ᠎ᠳᠤ

✦ᠳᠠᠷᠤᠭᠠᠰᠤ ᠬᠡᠲᠦ ᠶᠡᠬᠡ ᠪᠠᠢᠬᠤ ᠨᠢ ᠢᠳᠡᠷ ᠵᠠᠯᠠᠭᠤ ᠨᠠᠰᠤᠨ᠎ᠤ ᠬᠥᠮᠥᠨ᠎ᠦ ᠴᠢᠰᠤ᠎ᠶᠢ ᠥᠳᠬᠡᠷᠡᠬᠦᠯᠬᠦ ᠪᠤᠯᠤᠯᠴᠠᠭ᠎ᠠ ᠲᠠᠢ᠃ ᠴᠢᠰᠤ ᠥᠳᠬᠡᠷᠡᠬᠦ ᠨᠢ ᠶᠡᠷᠦ ᠨᠢ ᠰᠡᠳᠬᠢᠯ ᠰᠠᠨᠠᠭ᠎ᠠ ᠪᠠᠴᠢᠮᠳᠠᠬᠤ᠂ ᠵᠣᠪᠠᠨᠢᠬᠤ᠂ ᠳᠠᠷᠤᠯᠲᠠ ᠬᠡᠲᠦᠷᠬᠡᠢ ᠶᠡᠬᠡ ᠪᠣᠯᠬᠤ᠂ ᠦᠷᠭᠦᠯᠵᠢ ᠤᠷᠤᠢ ᠤᠨᠲᠠᠬᠤ᠂ ᠤᠨᠲᠠᠯᠭ᠎ᠠ ᠮᠠᠭᠤᠳᠠᠬᠤ ᠵᠡᠷᠭᠡ᠎ᠲᠠᠢ ᠬᠣᠯᠪᠣᠭ᠎ᠠ᠎ᠲᠠᠢ᠃ ᠰᠡᠳᠬᠢᠯ ᠰᠠᠨᠠᠭ᠎ᠠ᠎ᠪᠠᠨ ᠲᠠᠢᠪᠤᠰᠢᠷᠠᠭᠤᠯᠵᠤ᠂ ᠳᠠᠷᠤᠯᠲᠠ᠎ᠪᠡᠨ ᠨᠠᠮᠳᠠᠭᠤᠯᠵᠤ᠂ ᠵᠢᠮ᠎ᠡ ᠶᠣᠰᠣ᠌᠎ᠲᠠᠢ ᠠᠵᠢᠯᠯᠠᠵᠤ ᠠᠮᠠᠷᠠᠨ᠂ ᠤᠨᠲᠠᠯᠭ᠎ᠠ᠎ᠪᠡᠨ ᠪᠠᠲᠤᠯᠠᠪᠠᠯ ᠵᠤᠬᠢᠨ᠎ᠠ᠃

ᠵᠠᠯᠭᠠᠭᠠᠳ 《ᠠᠮᠢᠨ᠎ᠤ ᠭᠤᠷᠪᠠᠨ ᠰᠢᠲᠦᠭᠡᠨ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ᠎ᠳᠤ  ᠪᠠᠶᠠᠷᠯᠠᠯ᠎ᠠ᠂  ᠪᠠᠶᠠᠷᠳᠠᠢ!

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)

ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号