



ᠨᠡᠢᠭᠡᠮ
✦ᠠᠷᠠᠳ᠎ᠤᠨ ᠶᠠᠪᠤᠳᠠᠯ᠎ᠤᠨ ᠶᠠᠮᠤᠨ᠂ ᠡᠳ᠋᠎ᠦᠨ ᠵᠠᠰᠠᠭ᠎ᠤᠨ
ᠶᠠᠮᠤᠨ 2026 ᠣᠨ᠎ᠤ ᠲᠥᠪ᠎ᠦᠨ ᠡᠳ᠋᠎ᠦᠨ ᠵᠠᠰᠠᠭ᠎ᠤᠨ ᠬᠦᠴᠢᠷᠳᠡᠯᠲᠡᠢ
ᠣᠯᠠᠨ ᠲᠦᠮᠡᠨ᠎ᠢ ᠠᠪᠤᠷᠠᠨ ᠲᠤᠰᠠᠯᠠᠬᠤ ᠨᠥᠬᠥᠪᠦᠷᠢ ᠪᠡᠯᠡ ᠮᠥᠩᠭᠥ᠎ᠶᠢ 1410 ᠳ᠋ᠦᠩᠰᠢᠭᠤᠷ ᠲᠥᠭᠥᠷᠢᠭ ᠤᠷᠢᠳᠴᠢᠯᠠᠨ ᠪᠠᠭᠤᠯᠭᠠᠵᠤ᠂ ᠣᠷᠣᠨ ᠨᠤᠲᠤᠭ᠎ᠤᠨ ᠬᠦᠴᠢᠷᠳᠡᠯᠲᠡᠢ ᠣᠯᠠᠨ
ᠲᠦᠮᠡᠨ᠎ᠦ ᠦᠨᠳᠦᠰᠦᠨ ᠠᠮᠢᠳᠤᠷᠠᠯ᠎ᠤᠨ ᠪᠠᠲᠤᠯᠠᠭ᠎ᠠ᠎ᠶᠢᠨ ᠪᠡᠯᠡ ᠮᠥᠩᠭᠥ᠎ᠶᠢᠨ ᠳᠡᠮᠵᠢᠯᠭᠡ᠎ᠶᠢ
ᠴᠢᠩᠭᠠᠳᠬᠠᠪᠠ᠃
✦ᠡᠨᠡ ᠵᠢᠯ ᠦᠨ ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠤᠭᠤᠴᠠᠭᠠᠨ᠎ᠳᠤ ᠪᠦᠬᠦ ᠨᠡᠢᠭᠡᠮ᠎ᠤᠨ ᠣᠷᠣᠨ
ᠪᠦᠰᠡ ᠠᠯᠤᠰᠯᠠᠬᠤ ᠬᠥᠮᠥᠨ᠎ᠦ ᠲᠣᠭ᠎ᠠ ᠵᠢᠱ᠌ᠢᠯᠲᠡ᠎ᠪᠡᠷ 95 ᠳ᠋ᠦᠩᠰᠢᠭᠤᠷ ᠬᠥᠮᠥᠨ
ᠤᠳᠠᠭ᠎ᠠ᠎ᠳᠤ ᠬᠦᠷᠴᠦ᠂ ᠲᠡᠦᠬᠡ᠎ᠶᠢᠨ ᠰᠢᠨ᠎ᠡ ᠲᠡᠮᠳᠡᠭᠯᠡᠯ᠎ᠢ ᠡᠭᠦᠳᠬᠦ ᠪᠣᠯᠣᠨ᠎ᠠ᠃
✦ᠠᠷᠠᠳ᠎ᠤᠨ ᠶᠠᠪᠤᠳᠠᠯ᠎ᠤᠨ ᠶᠠᠮᠤᠨ 2025 ᠣᠨ᠎ᠤ 10 ᠰᠠᠷ᠎ᠠ᠎ᠳᠤ 《ᠬᠠᠬᠢᠷ ᠡᠪᠦᠯ᠎ᠳᠦ ᠬᠠᠢᠷ᠎ᠠ ᠬᠠᠯᠠᠮᠵᠢ ᠬᠦᠷᠭᠡᠬᠦ》ᠲᠤᠰᠬᠠᠢ ᠠᠪᠤᠷᠠᠨ
ᠲᠤᠰᠠᠯᠠᠬᠤ ᠠᠵᠢᠯᠯᠠᠭ᠎ᠠ᠎ᠶᠢ ᠡᠬᠢᠯᠡᠭᠦᠯᠪᠡ᠃ ᠣᠳᠣᠬᠠᠨ ᠪᠣᠯᠲᠠᠯ᠎ᠠ ᠪᠥᠬᠥ ᠤᠯᠤᠰ᠎ᠤᠨ ᠠᠷᠠᠳ᠎ᠤᠨ
ᠶᠠᠪᠤᠳᠠᠯ᠎ᠤᠨ ᠰᠠᠯᠠᠭ᠎ᠠ ᠮᠥᠴᠢᠷ ᠪᠣᠯᠣᠨ ᠠᠪᠤᠷᠠᠨ ᠲᠤᠰᠠᠯᠠᠬᠤ ᠬᠠᠮᠢᠶᠠᠷᠤᠯᠳᠠ ᠵᠢᠨ ᠪᠠᠢᠭᠤᠯᠤᠮᠵᠢ ᠡᠯ᠎ᠡ
ᠲᠥᠷᠥᠯ᠎ᠦᠨ ᠲᠦᠷ ᠴᠠᠭ᠎ᠤᠨ ᠬᠦᠴᠢᠷᠳᠡᠯ᠎ᠳᠦ ᠳᠤᠯᠭᠠᠷᠠᠬᠰᠠᠨ ᠬᠥᠮᠥᠰ᠎ᠢ ᠨᠡᠶ᠋ᠢᠲᠡ 19.3 ᠲᠦᠮᠡ ᠭᠠᠷᠤᠢ ᠬᠥᠮᠥᠨ ᠤᠳᠠᠭ᠎ᠠ ᠠᠪᠤᠷᠠᠨ ᠲᠤᠰᠠᠯᠠᠪᠠ᠃
✦《ᠠᠷᠪᠠᠨ ᠳᠥᠷᠪᠡᠳᠦᠭᠡᠷ ᠲᠠᠪᠤᠨ ᠵᠢᠯ》 ᠤᠨ ᠬᠣᠭᠣᠴᠠᠭᠠᠨ ᠳ᠋ᠦ᠂ ᠰᠢᠯᠢ ᠵᠢᠨ ᠭᠤᠤᠯ ᠠᠢᠮᠠᠭ
ᠡᠷᠡᠭᠦᠯ ᠡᠩᠬᠡ ᠰᠢᠯᠢ᠎ᠶᠢᠨ ᠭᠣᠣᠯ᠎ᠤᠨ ᠪᠦᠲᠦᠭᠡᠨ ᠪᠠᠢᠭᠤᠯᠤᠯᠲᠠ᠎ᠶᠢᠨ ᠲᠣᠭᠣᠷᠢᠨ᠎ᠳᠤ ᠡᠷᠡᠭᠦᠯ ᠬᠠᠮᠠᠭᠠᠯᠠᠯ
ᠡᠷᠡᠭᠦᠯ ᠮᠡᠨᠳᠦ᠎ᠶᠢᠨ ᠦᠢᠯᠡᠰ ᠢᠯᠡᠳᠲᠡ ᠦᠷ᠎ᠡ ᠪᠦᠲᠦᠮᠵᠢ ᠣᠯᠬᠤ᠎ᠶᠢ ᠠᠬᠢᠭᠤᠯᠵᠠᠢ᠃ ᠰᠢᠯᠢ ᠵᠢᠨ ᠭᠤᠤᠯ
ᠠᠢᠮᠠᠭ᠎ᠤᠨ ᠰᠠᠭᠤᠭᠠᠯᠢ ᠠᠷᠠᠳ᠎ᠦᠨ ᠬᠥᠮᠥᠨ ᠳᠤᠮᠳᠠᠴᠢ᠎ᠶᠢᠨ ᠵᠢᠱᠢᠭᠰᠡᠨ ᠨᠠᠰᠤᠨ ᠬᠤᠲᠤᠭ 81 ᠨᠠᠰᠤ᠎ᠶᠢ ᠳᠠᠪᠠᠵᠤ᠂ ᠡᠷᠡᠭᠦᠯ ᠮᠡᠨᠳᠦ᠎ᠶᠢᠨ ᠣᠯᠠᠨ ᠭᠦᠢᠴᠡᠳᠬᠡᠯ ᠲᠣᠭ᠎ᠠ ᠨᠢ ᠪᠦᠬᠦ ᠣᠷᠣᠨ᠎ᠤ
ᠳᠤᠮᠳᠠᠴᠢ ᠲᠦᠪᠰᠢᠨ᠎ᠡᠴᠡ ᠳᠡᠭᠡᠭᠰᠢ ᠪᠠᠢᠵᠤ᠂ ᠡᠮ ᠡᠮᠨᠡᠯᠭᠡ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠦ
ᠰᠢᠰᠲᠧᠮ ᠨᠠᠩ ᠲᠡᠭᠦᠯᠳᠡᠷᠵᠢᠭᠰᠡᠨ ᠪᠠᠢᠨ᠎ᠠ᠃
✦ᠥᠪᠡᠷᠲᠡᠭᠡᠨ ᠵᠠᠰᠠᠬᠤ ᠣᠷᠣᠨ᠎ᠤ ᠣᠢ ᠰᠢᠭᠤᠢ ᠪᠠ ᠨᠤᠲᠤᠭ
ᠪᠡᠯᠴᠢᠭᠡᠷ᠎ᠦᠨ ᠲᠣᠪᠴᠢᠶ᠎ᠠ ᠤᠢᠷ᠎ᠠ ᠳᠤ 2025 ᠣᠨ ᠦ ᠡᠪᠡᠰᠦᠨ ᠦ ᠡᠭᠦᠯᠳᠡᠷ᠎ᠢ ᠬᠢᠨᠠᠨ
ᠲᠣᠭᠲᠠᠭᠠᠵᠤ ᠪᠠᠲᠤᠯᠠᠭᠰᠠᠨ ᠨᠡᠷᠡᠰ᠎ᠢ ᠨᠡᠢᠲᠡᠯᠡᠵᠦ᠂ 36 ᠡᠪᠡᠰᠦᠨ᠎ᠦ
ᠡᠭᠦᠯᠳᠡᠷ᠎ᠢ ᠬᠢᠨᠠᠨ ᠲᠣᠭᠲᠠᠭᠠᠵᠤ ᠪᠠᠲᠤᠯᠠᠪᠠ᠃ ᠢᠩᠭᠢᠭᠡᠳ ᠪᠦᠬᠥ ᠣᠷᠣᠨ᠎ᠳᠤ ᠨᠡᠢᠲᠡ 313 ᠡᠪᠡᠰᠦᠨ᠎ᠦ ᠡᠭᠦᠯᠳᠡᠷ᠎ᠢ ᠬᠢᠨᠠᠨ ᠲᠣᠭᠲᠠᠭᠠᠵᠤ᠂ ᠪᠦᠬᠦ ᠤᠯᠤᠰ᠎ᠤᠨ ᠲᠡᠷᠢᠭᠦᠨ᠎ᠦ ᠪᠠᠢᠷᠢ ᠰᠠᠭᠤᠷᠢ᠎ᠶᠢ
ᠦᠷᠭᠦᠯᠵᠢᠯᠡᠨ ᠪᠠᠲᠤᠯᠠᠪᠠ᠃
✦ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶᠤᠨ
ᠮᠡᠳᠡᠷᠡᠯ᠎ᠦᠨ ᠰᠠᠭᠠᠳ᠎ᠢ ᠡᠮᠴᠢᠯᠡᠬᠦ ᠨᠡᠢᠭᠡᠮ ᠲᠣᠭᠣᠷᠢᠭ᠋᠎ᠤᠨ ᠡᠷᠡᠭᠦᠯᠵᠢᠯ᠎ᠤᠨ ᠦᠢᠯᠡᠴᠢᠯᠡᠭᠡᠨ᠎ᠦ
ᠲᠤᠷᠰᠢᠯᠲᠠ᠎ᠶᠢᠨ ᠴᠡᠭ᠎ᠦᠨ ᠲᠥᠷᠦᠯ ᠵᠦᠢᠯ ᠲᠦᠷᠦᠬᠦᠬᠡᠨ ᠤᠲᠣᠭ ᠬᠣᠰᠢᠭᠤᠨ᠎ᠳᠤ ᠫᠠᠢᠰᠠ ᠰᠡᠬᠦᠪᠡ᠃
✦ᠤᠰᠤᠨ᠎ᠤ ᠡᠬᠢ ᠪᠠᠶᠠᠯᠢᠭ᠋᠎ᠤᠨ ᠠᠰᠠᠭᠤᠳᠠᠯ ᠨᠢ ᠮᠠᠯᠵᠢᠬᠤ
ᠣᠷᠣᠨ᠎ᠤ ᠣᠯᠠᠨ ᠲᠦᠮᠡᠨ᠎ᠦ ᠦᠢᠯᠡᠳᠪᠦᠷᠢᠯᠡᠯ ᠠᠮᠢᠳᠤᠷᠠᠯ᠎ᠢ ᠨᠥᠯᠥᠭᠡᠯᠡᠬᠦ ᠴᠢᠬᠤᠯᠠ ᠬᠦᠴᠦᠨ ᠵᠦᠢᠯ
ᠪᠣᠯᠳᠠᠭ᠃ ᠠᠪᠠᠭ᠎ᠠ ᠬᠣᠰᠢᠭᠤᠨ᠎ᠤ 2025 ᠣᠨ᠎ᠤ ᠮᠠᠯᠵᠢᠬᠤ ᠲᠠᠷᠢᠶᠠᠯᠠᠬᠤ ᠣᠷᠣᠨ᠎ᠤ ᠤᠰᠤ
ᠬᠠᠩᠭᠠᠬᠤ ᠪᠠᠲᠤᠯᠠᠭ᠎ᠠ᠎ᠶᠢᠨ ᠢᠨᠵᠧᠨᠧᠷᠢᠩ᠎ᠦᠨ ᠤᠰᠤ ᠲᠠᠲᠠᠵᠤ ᠡᠷᠦᠬᠡ᠎ᠳᠦ ᠣᠷᠣᠭᠤᠯᠬᠤ ᠲᠥᠷᠥᠯ ᠵᠦᠢᠯ
ᠠᠰᠢᠭ᠍ᠯᠠᠯᠲᠠ᠎ᠳᠤ ᠣᠷᠣᠬᠤ᠎ᠶᠢ ᠳᠠᠭᠠᠯᠳᠤᠨ ᠪᠡᠯᠭᠦᠳᠡᠢ ᠪᠠᠯᠭᠠᠰᠤᠨ᠎ᠤ ᠪᠠᠶᠠᠨᠬᠠᠩᠭᠠᠢ᠂ ᠠᠯᠲᠠᠠᠬᠠᠩᠭᠠᠢ 2 ᠭᠠᠴᠠᠭᠠᠨ᠎ᠤ 91 ᠡᠷᠦᠬᠡ᠎ᠶᠢᠨ ᠤᠰᠤ ᠠᠪᠴᠤ ᠬᠡᠷᠡᠭᠯᠡᠬᠦ ᠠᠰᠠᠭᠤᠳᠠᠯ
ᠢᠯᠡᠳᠲᠡ ᠰᠠᠢᠵᠢᠷᠠᠵᠠᠢ᠃
✦ᠤᠢᠷ᠎ᠠ᠎ᠶᠢᠨ ᠡᠳᠦᠷ ᠦᠦᠰᠢᠨ ᠬᠣᠰᠢᠭᠤᠨ᠎ᠤ ᠢᠳᠡᠭᠡᠨ ᠡᠮ᠎ᠦᠨ
ᠵᠦᠢᠯᠡᠰ᠎ᠢ ᠰᠢᠯᠭᠠᠨ ᠪᠠᠢᠴᠠᠭᠠᠬᠤ ᠲᠥᠪ ᠡᠴᠡ ᠴᠠᠭᠠᠨ ᠰᠠᠷ᠎ᠠ ᠵᠢᠨ ᠬᠤᠭᠤᠴᠠᠭᠠᠨ᠎ᠳᠡᠬᠢ ᠢᠳᠡᠭᠡᠨ
ᠤᠮᠳᠠᠭᠠᠨ᠎ᠤ ᠠᠮᠤᠷ ᠲᠦᠪᠰᠢᠨ᠎ᠳᠤ ᠲᠤᠰᠬᠠᠢ ᠬᠢᠨᠠᠨ ᠪᠠᠢᠴᠠᠭᠠᠯᠲᠠ ᠬᠢᠵᠦ᠂ ᠪᠥᠬᠥ ᠬᠣᠰᠢᠭᠤᠨ᠎ᠤ
ᠠᠷᠠᠳ ᠲᠦᠮᠡᠨ᠎ᠦ ᠪᠠᠶᠠᠷ᠎ᠤᠨ ᠡᠳᠦᠷ᠎ᠦᠨ ᠢᠳᠡᠭᠡᠨ ᠤᠮᠳᠠᠭᠠᠨ᠎ᠤ ᠠᠮᠤᠷ ᠲᠦᠪᠰᠢᠨ᠎ᠢ ᠪᠠᠳᠤᠯᠠᠵᠤ ᠪᠠᠢᠨ᠎ᠠ᠃
ᠠᠵᠦ ᠠᠬᠤᠢ
✦ᠤᠢᠷ᠎ᠠ᠎ᠶᠢᠨ ᠵᠢᠯ᠎ᠡᠴᠡ ᠨᠠᠭᠠᠰᠢ᠂ ᠨᠠᠢ᠍ᠮᠠᠨ ᠬᠣᠰᠢᠭᠤ 《ᠨᠢᠭᠡ ᠭᠣᠣᠯ ᠬᠣᠶᠠᠷ ᠵᠢᠭᠦᠷ ᠭᠤᠷᠪᠠᠨ ᠬᠡᠰᠡᠭ ᠣᠷᠣᠨ》᠎ᠤ ᠪᠦᠬᠦ ᠣᠷᠣᠨ ᠪᠦᠰᠡ᠎ᠶᠢᠨ ᠵᠢᠭᠤᠯᠴᠢᠯᠠᠯ᠎ᠤᠨ
ᠬᠥᠭᠵᠢᠯᠲᠡ᠎ᠶᠢᠨ ᠪᠠᠢᠷᠢᠰᠢᠯ᠎ᠢ ᠦᠷᠭᠦᠯᠵᠢᠯᠡᠨ
ᠠᠬᠢᠭᠤᠯᠵᠤ ᠪᠤᠢ᠃ 2025 ᠣᠨ᠎ᠳᠤ ᠪᠦᠬᠦ ᠬᠣᠰᠢᠭᠤᠨ᠎ᠤ ᠬᠦᠯᠢᠶᠡᠨ ᠠᠪᠤᠭᠰᠠᠨ ᠵᠢᠭᠤᠯᠴᠢᠯᠠᠭᠴᠢ 163.5 ᠲᠦᠮᠡᠨ ᠬᠥᠮᠥᠨ ᠤᠳᠠᠭ᠎ᠠ᠎ᠶᠢ ᠳᠠᠪᠠᠵᠤ᠂ 8.2 ᠳ᠋ᠦᠩᠰᠢᠭᠤᠷ ᠲᠥᠭᠥᠷᠢᠭ ᠦᠨ ᠵᠢᠭᠤᠯᠴᠢᠯᠠᠯ ᠤᠨ ᠣᠷᠣᠯᠭ᠎ᠠ ᠪᠡᠶᠡᠯᠡᠭᠦᠯᠦᠭᠰᠡᠨ ᠪᠠᠢᠨ᠎ᠠ᠃
ᠰᠤᠶᠤᠯ
✦ᠰᠢᠯᠢ᠎ᠶᠢᠨ ᠭᠣᠣᠯ ᠠᠢᠮᠠᠭ᠎ᠤᠨ ᠭᠤᠷᠪᠠᠳᠤᠭᠠᠷ
ᠬᠤᠭᠤᠴᠠᠭᠠᠨ᠎ᠤ ᠡᠪᠦᠯ᠎ᠤᠨ ᠤᠯᠠᠷᠢᠯ᠎ᠤᠨ ᠮᠣᠩᠭᠣᠯ ᠮᠣᠷᠢᠨ᠎ᠤ ᠬᠣᠯᠪᠣᠭᠠᠲᠤ ᠤᠷᠤᠯᠳᠤᠭᠠᠨ᠎ᠤ ᠰᠢᠢᠳᠪᠦᠷᠢᠲᠦ
ᠤᠷᠤᠯᠳᠤᠭᠠᠨ 2026 ᠣᠨ᠎ᠤ 2 ᠰᠠᠷ᠎ᠠ᠎ᠶᠢᠨ 1 — 2᠎ᠤᠨ ᠡᠳᠦᠷ ᠪᠣᠯᠲᠠᠯ᠎ᠠ ᠰᠢᠯᠢᠩᠬᠤᠲᠠ᠎ᠳᠤ ᠶᠠᠪᠤᠭᠳᠠᠬᠤ
ᠪᠡᠷ ᠪᠠᠢᠨ᠎ᠠ᠃
✦ᠤᠷᠴᠢᠮᠬᠠᠨ ᠶᠠᠪᠤᠭᠳᠠᠭᠰᠠᠨ ᠠᠷᠪᠠᠨ ᠵᠢᠷᠭᠤᠳᠤᠭᠠᠷ ᠬᠤᠭᠤᠴᠠᠭᠠᠨ᠎ᠤ ᠳᠤᠮᠳᠠᠳᠤ
ᠤᠯᠤᠰ᠎ᠤᠨ ᠪᠠᠭᠠᠴᠤᠳ᠎ᠤᠨ 《ᠪᠢᠴᠢᠬᠠᠨ ᠠᠯᠲᠠᠨ ᠵᠦᠩ》ᠳᠠᠭᠤᠤ ᠬᠥᠭᠵᠢᠮ ᠦᠨ ᠤᠷᠤᠯᠳᠤᠭᠠᠨ᠎ᠳᠤ ᠣᠲᠤᠭ ᠬᠣᠰᠢᠭᠤ᠎ᠪᠠᠷ ᠨᠤᠲᠤᠭ᠎ᠲᠠᠢ
ᠡᠷᠬᠡᠰ《ᠮᠢᠨᠤ ᠲᠠᠯ᠎ᠠ ᠨᠤᠲᠤᠭ 》ᠭᠡᠬᠦ ᠳᠠᠭᠤᠤ᠎ᠪᠠᠷ᠎ᠢᠶᠠᠨ ᠥᠪᠥᠷ ᠮᠣᠩᠭᠣᠯ ᠣᠷᠣᠨ᠎ᠤ
ᠠᠯᠲᠠᠨ ᠮᠧᠳᠠᠯ᠎ᠢ ᠳᠤᠰᠴᠠᠢ᠃
ᠲᠠᠮᠢᠷ
✦1 ᠰᠠᠷ᠎ᠠ ᠵᠢᠨ 29᠎ᠤ ᠡᠳᠤᠷ᠂ ᠠᠦ᠋ᠰᠲᠷᠠᠯᠢᠶ᠎ᠠ᠎ᠶᠢᠨ ᠲᠣᠣᠷ ᠪᠥᠮᠪᠥᠭᠡ᠎ᠶᠢᠨ ᠤᠷᠤᠯᠳᠤᠭᠠᠨ᠎ᠤ
ᠡᠮᠡᠭᠲᠡᠢ᠎ᠶᠢᠨ ᠬᠠᠭᠠᠰ ᠰᠢᠢᠳᠪᠦᠷᠢᠲᠦ ᠤᠷᠤᠯᠳᠤᠭᠠᠨ᠎ᠳᠤ᠂ ᠮᠠᠨ᠎ᠤ ᠤᠯᠤᠰ᠎ᠤᠨ ᠳᠠᠮᠢᠷᠴᠢᠨ ᠵᠠᠩ ᠱᠤᠸᠠᠢ ᠪᠠ ᠪᠸᠯᠬᠢ ᠵᠢᠨ ᠳᠠᠮᠢᠷᠴᠢᠨ
ᠮᠸᠷᠲᠸᠡᠰ 2᠄ 0
ᠢᠶᠠᠷ ᠡᠰᠡᠷᠭᠦ ᠡᠲᠡᠭᠡᠳ᠎ᠢᠶᠡᠨ ᠢᠯᠠᠵᠤ᠂ ᠰᠢᠢᠳᠪᠦᠷᠢᠲᠦ ᠤᠷᠤᠯᠳᠤᠭᠠᠨ᠎ᠳᠤ ᠠᠮᠵᠢᠯᠲᠠ᠎ᠲᠠᠢ᠎ᠪᠠᠷ ᠳᠡᠪᠰᠢᠪᠡ᠃
✦2026
ᠣᠨ᠎ᠤ ᠰᠤᠷᠭᠠᠭᠤᠯᠢ᠎ᠶᠢᠨ ᠬᠦᠷᠢᠶᠡᠨ᠎ᠦ ᠬᠥᠯ ᠪᠥᠮᠪᠥᠭᠡ᠎ᠶᠢᠨ ᠤᠷᠤᠯᠳᠤᠭᠠᠨ᠎ᠳᠤ ᠪᠠᠲᠤ ᠴᠢᠩᠭ᠎ᠠ ᠰᠠᠭᠤᠷᠢ
ᠲᠠᠯᠪᠢᠵᠤ᠂ ᠰᠢᠯᠢᠳᠡᠭ ᠬᠢᠷᠢ ᠪᠦᠲᠦᠮᠵᠢ ᠣᠯᠬᠤ᠎ᠶᠢᠨ ᠲᠥᠯᠥᠭᠡ᠂ ᠪᠠᠶᠠᠨᠨᠠᠭᠤᠷ ᠬᠤᠲᠠ᠎ᠶᠢᠨ ᠭᠤᠷᠪᠠᠳᠤᠭᠠᠷ
ᠳᠤᠮᠳᠠᠳᠤ ᠰᠤᠷᠭᠠᠭᠤᠯᠢ᠎ᠶᠢᠨ ᠦᠨᠳᠦᠷ ᠳᠤᠮᠳᠠᠳᠤ ᠵᠢᠨ ᠡᠷᠡᠭᠲᠡᠢ᠎ᠶᠢᠨ ᠬᠥᠯ ᠪᠥᠮᠪᠥᠭᠡ᠎ᠶᠢᠨ ᠠᠩᠭᠢ᠎ᠶᠢᠨ 17
ᠰᠤᠷᠤᠭ᠍ᠴᠢ ᠰᠤᠷᠭᠠᠬᠴᠢ ᠪᠠᠬᠰᠢ ᠵᠢᠨ ᠵᠢᠡᠨ ᠳᠠᠭᠠᠭᠤᠯᠭ᠎ᠠ ᠪᠡᠷ ᠭᠤᠸᠠᠩᠰᠢ᠎ᠶᠢᠨ ᠵᠤᠸᠠᠩ ᠦᠨᠳᠦᠰᠦᠲᠡᠨ᠎ᠦ
ᠥᠪᠡᠷᠲᠡᠭᠡᠨ ᠵᠠᠰᠠᠬᠤ ᠣᠷᠣᠨ᠎ᠤ ᠪᠧᠢ ᠬᠠᠢ ᠬᠤᠲᠠ᠎ᠳᠤ ᠬᠦᠷᠴᠦ᠂ 1
ᠰᠠᠷ᠎ᠠ᠎ᠶᠢᠨ 11᠎ᠦ ᠡᠳᠦᠷ ᠡᠴᠡ ᠡᠬᠢᠯᠡᠨ 20
ᠡᠳᠦᠷ᠎ᠦᠨ ᠬᠤᠭᠤᠴᠠᠭ᠎ᠠ᠎ᠲᠠᠢ ᠡᠪᠦᠯ᠎ᠦᠨ ᠪᠡᠯᠡᠳᠬᠡᠯ ᠰᠣᠷᠢᠶ᠎ᠠ ᠬᠢᠵᠡᠢ᠃
✦《ᠠᠶᠠᠯᠭᠤᠲᠤ
ᠵᠢᠭᠤᠯᠴᠢᠯᠠᠯ ᠥᠪᠥᠷ ᠮᠣᠩᠭᠣᠯ· ᠴᠠᠰᠤ
ᠮᠦᠰᠦᠨ᠎ᠤ ᠨᠠᠭᠠᠳᠤᠮ》 ᠬᠥᠬᠡᠭᠴᠢᠨ ᠮᠣᠭᠠᠢ
ᠵᠢᠯ᠎ᠦᠨ ᠠᠷᠤ ᠬᠣᠷᠴᠢᠨ ᠬᠣᠰᠢᠭᠤᠨ᠎ᠤ ᠴᠠᠰᠤ ᠮᠦᠰᠦᠨ᠎ᠤ ᠰᠢᠷᠢᠰ ᠠᠵᠢᠯᠯᠠᠭᠠᠨ᠎ᠤ ᠨᠢᠭᠡ ᠪᠣᠯᠬᠤ ᠡᠷᠡᠭᠲᠡᠢ᠎ᠶᠢᠨ ᠪᠢᠯᠠᠭᠤ ᠰᠢᠳᠡᠬᠦ
ᠨᠢᠭᠡᠴᠢ᠎ᠶᠢᠨ ᠤᠷᠤᠯᠳᠤᠭᠠᠨ ᠲᠦᠷᠦᠬᠦᠬᠡᠨ ᠱᠤᠸ᠋ ᠪᠠᠯᠭᠠᠰᠤᠨ᠎ᠤ ᠥᠨᠳᠥᠷᠪᠦᠷᠤ ᠭᠠᠴᠠᠭᠠᠨ᠎ᠳᠤ ᠶᠠᠪᠤᠭᠳᠠᠪᠠ᠃
ᠲᠡᠯᠡᠬᠡᠢ
✦ᠲᠦᠪ ᠲᠸᠯᠸᠢᠰ ᠤᠨ
ᠰᠤᠨᠢᠨ ᠮᠡᠳᠡᠭᠡ ᠵᠢ ᠦᠨᠳᠦᠰᠦᠯᠡᠪᠡᠯ᠂ ᠢᠷᠠᠨ᠎ᠤ ᠬᠥᠯ ᠪᠥᠮᠪᠥᠭᠡ᠎ᠶᠢᠨ
ᠨᠡᠢᠭᠡᠮᠯᠢᠭ᠎ᠦᠨ ᠲᠡᠷᠢᠭᠦᠯᠡᠭᠴᠢ ᠲᠠᠵᠢᠶᠸ᠂ ᠬᠡᠨ ᠴᠦ᠍ ᠭᠡᠳ ᠢᠷ᠎ᠡ᠎ᠨᠢ
ᠳᠡᠯᠡᠬᠡᠢ᠎ᠶᠢᠨ ᠬᠤᠨᠳᠠᠭᠠᠲᠤ ᠤᠷᠤᠯᠳᠤᠭᠠᠨ᠎ᠤ ᠲᠠᠯᠠᠪᠤᠷ᠎ᠠᠴᠠ ᠭᠠᠷᠭᠠᠵᠤ ᠴᠢᠳᠠᠬᠤ ᠦᠭᠡᠢ ᠶᠤᠮ᠂ ᠢᠷᠠᠨ᠎ᠤ
ᠤᠯᠤᠰ᠎ᠤᠨ ᠠᠩᠭᠢ ᠬᠠᠤᠯᠢ ᠲᠣᠭᠲᠠᠭᠠᠯ ᠶᠣᠰᠣᠭᠠᠷ ᠤᠯᠠᠨ ᠤᠯᠤᠰ᠎ᠤᠨ ᠤᠷᠤᠯᠳᠤᠭᠠᠨ᠎ᠳᠤ ᠣᠷᠣᠯᠴᠠᠨ᠎ᠠ ᠭᠡᠵᠦ
ᠢᠯᠡᠷᠬᠡᠢᠯᠡᠪᠡ᠃
✦ᠲᠦᠪ ᠲᠸᠯᠸᠢᠰ ᠤᠨ
ᠰᠤᠨᠢᠨ ᠮᠡᠳᠡᠭᠡ ᠵᠢ ᠦᠨᠳᠦᠰᠦᠯᠡᠪᠡᠯ᠂ 1
ᠰᠠᠷ᠎ᠠ ᠵᠢᠨ 28 ᠤ ᠡᠳᠦᠷ᠂ ᠳ᠋ᠠᠨᠮᠠᠷᠺ᠎ᠤᠨ ᠲᠡᠷᠢᠭᠦᠨ ᠰᠠᠢᠳ
ᠹᠷᠠᠼᠸᠷᠢᠺᠰᠤᠨ ᠹᠷᠠᠨᠼᠢ᠎ᠳᠤ ᠠᠢᠯᠴᠢᠯᠠᠬᠤ ᠬᠤᠭᠤᠴᠠᠭᠠᠨ᠎ᠳᠠᠭᠠᠨ᠂ ᠤᠮᠠᠷᠠᠲᠤ ᠠᠲᠯᠠᠨᠲ᠎ᠤᠨ ᠲᠡᠯᠡᠶ᠎ᠶᠢᠨ
ᠨᠡᠶ᠋ᠢᠲᠡ᠎ᠶᠢᠨ ᠭᠡᠷ᠎ᠡ᠎ᠶᠢᠨ ᠵᠣᠬᠢᠶᠠᠨ ᠪᠠᠢᠭᠤᠯᠤᠯᠲᠠ ᠪᠣᠯᠣᠨ ᠠᠮᠧᠷᠢᠺᠠ᠎ᠶᠢᠨ ᠶᠡᠷᠦᠩᠬᠡᠢᠯᠡᠭᠴᠢ
ᠲᠸᠷᠠᠮᠫᠦ᠋᠎ᠶᠢᠨ ᠬᠡᠯᠡᠯᠴᠡᠨ ᠲᠣᠭᠲᠠᠭᠰᠠᠨ ᠭᠷᠢᠨᠯᠠᠨᠳ᠋ ᠠᠷᠠᠯ᠎ᠤᠨ ᠬᠡᠯᠡᠯᠴᠡᠭᠡᠷ ᠭᠡᠵᠦ ᠪᠠᠢᠬᠤ ᠦᠭᠡᠢ᠂
ᠨᠤᠲᠤᠭ ᠳᠡᠪᠢᠰᠬᠡᠷ᠎ᠦᠨ ᠡᠷᠬᠡ ᠮᠡᠳᠡᠯ ᠪᠣᠯ ᠮᠠᠷᠭᠤᠯᠳᠤᠭᠠᠨ᠎ᠢ ᠰᠢᠢᠳᠪᠦᠷᠢᠯᠡᠬᠦ᠎ᠶᠢᠨ ᠳᠠᠪᠠᠵᠤ ᠪᠣᠯᠣᠰᠢ
ᠦᠭᠡᠢ 《ᠤᠯᠠᠭᠠᠨ ᠱᠤᠭᠤᠮ》 ᠮᠥᠨ
ᠭᠡᠵᠦ ᠢᠯᠡᠷᠬᠡᠢᠯᠡᠵᠡᠢ᠃
ᠦᠢᠯᠡᠴᠢᠯᠡᠭᠡ
✦ᠦᠪᠤᠷ ᠮᠤᠩᠭᠤᠯ᠎ᠤᠨ ᠡᠨ᠋ᠸᠷᠬᠢ ᠵᠢᠨ ᠪᠦᠯᠦᠭᠯᠡᠯ᠎ᠤᠨ ᠬᠢᠵᠠᠭᠠᠷᠳᠤ ᠺᠤᠮᠫᠠᠨᠢ
ᠵᠢᠨ ᠬᠠᠷᠢᠶ᠎ᠠ ᠪᠠᠢᠭᠤᠯᠭ᠎ᠠ ᠠᠵᠢᠯᠳᠠᠨ ᠡᠯᠰᠡᠵᠤ ᠪᠤᠢ᠃ ᠨᠠᠷᠢᠨ ᠠᠭᠤᠯᠭ᠎ᠠ ᠶᠢ《ᠤᠤᠯ ᠵᠤᠬᠢᠶᠠᠯ ᠢ ᠦᠵᠡᠬᠦ》 (阅读原文)ᠦᠰᠦᠭ᠎ᠢ ᠳᠤᠪᠴᠢᠳᠠᠵᠤ
ᠦᠵᠡᠭᠡᠷᠡᠢ︕
ᠲᠠᠨ᠎ᠤ ᠲᠤᠰᠠ᠎ᠳᠤ
✦ᠪᠡᠶ᠎ᠡ᠎ᠶᠢᠨ ᠲᠠᠮᠢᠷ ᠠᠨᠠᠢ ᠪᠤᠶᠤ ᠲᠠᠭᠰᠢᠭᠤᠷ ᠬᠦᠷᠦᠭᠰᠡᠨ ᠦᠶᠡᠰ᠎ᠲᠦ ᠡᠳ᠋ᠦᠷ ᠪᠣᠯᠭᠠᠨ ᠨᠢᠭᠡ
ᠮᠥᠬᠥᠯᠢᠭ ᠸᠢᠲ᠋ᠠᠮᠢᠨ C ᠢᠳᠡᠪᠡᠯ ᠬᠥᠮᠥᠨ᠎ᠦ ᠪᠡᠶ᠎ᠡ᠎ᠶᠢᠨ ᠡᠪᠡᠳᠴᠢᠨ᠎ᠢ ᠡᠰᠡᠷᠭᠦᠴᠡᠬᠦ ᠴᠢᠳᠠᠪᠤᠷᠢ᠎ᠶᠢ
ᠳᠡᠭᠡᠭᠰᠢᠯᠡᠭᠦᠯᠬᠦ᠎ᠶᠢᠨ ᠵᠡᠷᠭᠡ᠎ᠪᠡᠷ ᠶᠠᠳᠠᠷᠠᠭ᠎ᠠ ᠵᠢ ᠲᠠᠢᠯᠵᠤ᠂ ᠲᠠᠮᠢᠷ ᠲᠡᠩᠬᠡᠭᠡ᠎ᠶᠢ
ᠨᠡᠮᠡᠭᠳᠡᠭᠦᠯᠳᠡᠭ᠃
ᠵᠠᠯᠭᠠᠭᠠᠳ《ᠨᠠᠷᠠ
ᠪᠡᠷ ᠬᠤᠷᠤᠢᠯᠠᠬᠤ ᠨᠤᠲᠤᠭ》 ᠬᠡᠬᠦ ᠲᠠᠭᠤᠤ ᠪᠡᠷ ᠠᠶ᠎ᠠ
ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠨᠡᠪᠳᠡᠷᠡᠭᠦᠯᠬᠡ ᠮᠠᠨᠢ ᠲᠠ ᠪᠦᠬᠦᠨ᠎ᠳᠦ ᠲᠠᠭᠠᠯᠠᠬᠳᠠᠬᠰᠠᠨ
ᠪᠤᠯ ᠤᠳᠤᠨ ᠳᠡᠮᠳᠡᠭ ᠱᠠᠩᠨᠠᠵᠤ ᠪᠢᠳᠡᠨ᠎ᠳᠤ ᠤᠷᠮ᠎ᠠ ᠬᠠᠢᠷᠠᠯᠠᠭᠠᠷᠠᠢ!ᠲᠠ ᠪᠦᠬᠦᠨ ᠤ ᠬᠦᠯᠢᠶᠡᠨ ᠠᠪᠴᠤ᠌
ᠰᠤᠨᠤᠰᠤᠬ᠍ᠰᠠᠨ ᠳ᠋ᠦ ᠪᠠᠶᠠᠷᠯᠠᠯ᠎ᠠ᠂ ᠪᠠᠶᠠᠷᠳᠠᠢ︕
(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ
ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ
ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ
ᠬᠤᠳᠠ᠂ ᠬᠤᠰᠢᠭᠤ ᠰᠢᠶᠠᠨ᠎ᠤ ᠵᠢᠷᠬᠢᠶ᠎ᠠ᠎ᠶᠢᠨ ᠲᠠᠪᠴᠠᠩ)