1ᠰᠠᠷ᠎ᠠ᠎ᠶ᠋ᠢᠨ 4᠎ᠦ ᠡᠳᠦᠷ
ᠡᠬᠢᠯᠡᠬᠦ᠌ ᠴᠠᠭ᠄
2026-01-04 10:22:06
ᠨᠠᠶ᠋ᠢᠷᠠᠭᠤᠯᠤᠭᠴᠢ ᠄
ᠤᠷᠠᠨᠲᠠᠨ᠎ᠡ
ᠨᠡᠪᠲᠡᠷᠡᠬᠦᠯᠦᠭᠴᠢ ᠄
ᠤᠷᠠᠨᠲᠠᠨ᠎ᠠ
ᠮᠡᠷᠭᠡᠵᠢᠯ ᠄
  
ᠤᠩᠰᠢᠭᠰᠠᠨ ᠤᠳᠠᠭ᠎ᠠ᠄


新 语音播报100.jpg


1000101010101010101010101010101010101011.4语言播报 日期0101.jpg


1000101010101010101010101010101010101011.4天气预报模板0101.jpg


1000101010101010101010101010101010101011.4各盟市天气模板0101.jpg


ᠨᠡᠢᠭᠡᠮ

✦ ᠪᠥᠬᠥ ᠤᠯᠤᠰ᠎ᠤᠨ ᠬᠠᠮᠤᠭ᠎ᠤᠨ ᠶᠡᠬᠡ ᠳᠠᠩ ᠴᠣᠭᠴᠠᠲᠤ ᠶᠡᠷᠦᠩᠬᠡᠢᠯᠡᠭᠰᠡᠨ ᠪᠠᠷᠠᠭᠠᠨ᠎ᠤ ᠭᠦᠢᠯᠭᠡᠭᠡᠨ᠎ᠦ ᠬᠦᠢᠰᠤ — ᠱᠧᠨᠵᠧᠨ᠎ᠦ ᠫᠢᠩ ᠬᠤ᠌ ᠨᠠᠨ ᠶᠡᠷᠦᠩᠬᠡᠢᠯᠡᠭᠰᠡᠨ ᠡᠳ᠋ ᠪᠠᠷᠠᠭᠠᠨ᠎ᠤ ᠭᠦᠢᠯᠭᠡᠭᠡᠨ᠎ᠦ ᠬᠦᠢᠰᠦ᠎ᠶᠢᠨ ᠭᠠᠵᠠᠷ ᠳᠡᠭᠡᠷᠡᠬᠢ ᠲᠡᠮᠦᠷ ᠵᠠᠮ᠎ᠤᠨ ᠪᠠᠷᠢᠯᠭ᠎ᠠ ᠤᠷᠤᠭᠰᠢᠲᠠᠢ᠎ᠪᠠᠷ ᠳᠠᠭᠤᠰᠪᠠ᠃


微信图片_2026-01-03_160119_508.jpg


✦ 1 ᠰᠠᠷ᠎ᠠ ᠵᠢᠨ 2᠎ᠤᠨ ᠡᠳᠦᠷ᠂ ᠪᠥᠬᠥ ᠨᠡᠢᠭᠡᠮ᠎ᠦᠨ ᠣᠷᠣᠨ ᠪᠦᠰᠡ ᠠᠯᠤᠰᠯᠠᠭᠰᠠᠨ ᠠᠶᠠᠨᠴᠢᠳ᠎ᠤᠨ ᠰᠢᠯᠵᠢᠯᠲᠡ᠎ᠶᠢᠨ ᠬᠡᠮᠵᠢᠶ᠎ᠡ ᠵᠢᠱ᠌ᠢᠯᠲᠡ᠎ᠪᠡᠷ 1.8 ᠳ᠋ᠦᠩᠰᠢᠭᠤᠷ ᠬᠥᠮᠥᠨ ᠤᠳᠠᠭ᠎ᠠ᠎ᠶᠢ ᠳᠠᠪᠠᠵᠤ᠂ ᠠᠳᠠᠯᠢ ᠬᠤᠭᠤᠴᠠᠭᠠᠨ᠎ᠤ ᠬᠢ᠎ᠡᠴᠡ 13.4%᠎ᠪᠠᠷ ᠨᠡᠮᠡᠭᠳᠡᠪᠡ᠃

✦ 2025 ᠣᠨ᠎ᠳᠤ᠂ ᠳᠤᠮᠳᠠᠳᠤ ᠯᠠᠤᠰ᠎ᠤᠨ ᠲᠡᠮᠦᠷ ᠵᠠᠮ᠎ᠤᠨ ᠪᠦᠬᠦ ᠵᠢᠯ᠎ᠦᠨ ᠵᠦᠭᠡᠭᠡᠪᠤᠷᠢᠯᠡᠭᠰᠡᠨ ᠠᠶᠠᠨᠴᠢᠳ᠎ᠤᠨ ᠲᠣᠭ᠎ᠠ 1940 ᠲᠦᠮᠡᠨ ᠬᠥᠮᠥᠨ ᠤᠳᠠᠭ᠎ᠠ᠎ᠶᠢ ᠳᠠᠪᠠᠵᠤ᠂ ᠪᠠᠷᠠᠭᠠᠨ᠎ᠤ ᠲᠡᠭᠡᠭᠡᠪᠦᠷᠢ᠎ᠶᠢᠨ ᠬᠡᠮᠵᠢᠶ᠎ᠡ 2450 ᠲᠦᠮᠡᠨ ᠲᠣᠨ᠎ᠢ ᠳᠠᠪᠠᠵᠠᠢ᠃

✦ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ᠂ ᠲᠦᠩᠯᠢᠶᠤᠤ ᠬᠤᠲᠠ 《ᠤᠮᠠᠷᠠᠲᠤ᠎ᠶᠢᠨ ᠭᠤᠷᠪᠠᠨ ᠣᠷᠣᠨ》᠎ᠤ ᠢᠨᠵᠧᠨᠧᠷᠢᠩ᠂ ᠨᠤᠲᠤᠭ ᠪᠡᠯᠴᠢᠭᠡᠷ᠎ᠦᠨ ᠠᠮᠢ ᠠᠬᠤᠢ᠎ᠶᠢ ᠰᠡᠷᠭᠦᠭᠡᠬᠦ ᠵᠡᠷᠭᠡ ᠤᠯᠤᠰ᠎ᠤᠨ ᠲᠥᠷᠥᠯ ᠵᠦᠢᠯ᠎ᠳᠦ ᠲᠦᠰᠢᠭᠯᠡᠨ᠂ ᠣᠢ ᠰᠢᠭᠤᠢ ᠨᠤᠲᠤᠭ ᠪᠡᠯᠴᠢᠭᠡᠷ᠎ᠦᠨ ᠠᠮᠢ ᠠᠬᠤᠢ᠎ᠶᠢ ᠰᠡᠷᠭᠦᠭᠡᠬᠦ ᠪᠦᠲᠦᠭᠡᠨ ᠪᠠᠢᠭᠤᠯᠤᠯᠲᠠ᠎ᠶᠢᠨ ᠡᠭᠦᠷᠭᠡ᠎ᠶᠢ ᠨᠡᠶ᠋ᠢᠲᠡ 2164.8 ᠲᠦᠮᠡᠨ ᠮᠦ᠍ ᠪᠡᠶᠡᠯᠡᠭᠦᠯᠵᠦ᠂ ᠬᠣᠷᠴᠢᠨ᠎ᠤ ᠡᠯᠡᠰᠦᠷᠬᠡᠭ ᠭᠠᠵᠠᠷ᠎ᠤᠨ ᠰᠥᠨᠥᠭᠡᠯᠲᠡ᠎ᠶᠢᠨ ᠳᠠᠢᠯᠠᠯᠳᠤᠭᠠᠨ᠎ᠤ ᠣᠢ ᠰᠢᠭᠤᠢ ᠨᠤᠲᠤᠭ ᠪᠡᠯᠴᠢᠭᠡᠷ᠎ᠦᠨ 《ᠭᠤᠷᠪᠠᠨ ᠮᠢᠩᠭᠠᠨ ᠲᠦᠮᠡ》᠎ᠶᠢᠨ ᠢᠨᠵᠧᠨᠧᠷᠢᠩ᠎ᠢ ᠶᠡᠬᠡ ᠪᠡᠷ ᠠᠬᠢᠭᠤᠯᠵᠤ᠂ ᠪᠦᠲᠦᠭᠡᠨ ᠪᠠᠢᠭᠤᠯᠤᠯᠲᠠ᠎ᠶᠢᠨ ᠲᠠᠯᠠᠪᠠᠢ᠎ᠶᠢ 815.65 ᠲᠦᠮᠡᠨ ᠮᠦ᠍ ᠪᠡᠶᠡᠯᠡᠭᠦᠯᠵᠦ ᠂ ᠵᠢᠯ᠎ᠦᠨ ᠡᠯᠡᠰᠦᠨ ᠰᠢᠭᠤᠷᠭ᠎ᠠ ᠳᠡᠭᠳᠡᠬᠦ ᠤᠳᠠᠭ᠎ᠠ ᠵᠢ 60% ᠪᠠᠷ ᠪᠠᠭᠤᠷᠠᠭᠤᠯᠪᠠ᠃


ᠲᠦᠩᠯᠢᠶᠤᠤ ᠬᠤᠳᠠ ᠵᠢᠨ ᠨᠤᠭᠤᠭᠠᠷᠠᠭᠤᠯᠤᠯᠳᠠ.jpg


✦ ᠥᠪᠥᠷ ᠮᠣᠩᠭᠣᠯ᠎ᠤᠨ ᠡᠨᠧᠷᠭᠢ᠎ᠶᠢᠨ ᠪᠦᠯᠦᠭᠯᠡᠯ᠎ᠦᠨ ᠳᠠᠯᠠᠳ ᠬᠣᠰᠢᠭᠤᠨ᠎ᠤ ᠡᠯᠡᠰᠦᠷᠬᠡᠭᠵᠢᠯ᠎ᠢ ᠰᠡᠷᠭᠡᠢᠯᠡᠵᠦ ᠡᠯᠡᠰᠦ᠎ᠶᠢ ᠵᠠᠰᠠᠬᠤ 50 ᠲᠦᠮᠡᠨ ᠺᠢᠯᠦᠸᠠᠲ᠎ᠤᠨ ᠭᠡᠷᠡᠯᠴᠢ ᠴᠡᠨᠡᠭ᠎ᠦᠨ ᠨᠢᠭᠡ ᠴᠣᠭᠴᠠᠵᠢᠭ᠍ᠰᠠᠨ ᠲᠥᠷᠥᠯ ᠵᠦᠢᠯ᠎ᠦᠨ ᠨᠢᠭᠡᠳᠦᠭᠡᠷ ᠬᠤᠭᠤᠴᠠᠭᠠᠨ᠎ᠤ ᠲᠦᠷᠦᠯ ᠵᠤᠢᠯ ᠲᠦᠷᠦᠬᠦᠬᠡᠨ ᠠᠰᠢᠭ᠍ᠯᠠᠯᠲᠠ᠎ᠳᠤ ᠤᠷᠤᠪᠠ᠃ ᠡᠨᠡ ᠨᠢ ᠮᠠᠨ᠎ᠤ ᠤᠯᠤᠰ᠎ᠤᠨ 《ᠤᠮᠠᠷᠠᠲᠤ᠎ᠶᠢᠨ ᠭᠤᠷᠪᠠᠨ ᠣᠷᠣᠨ》᠎ᠤ ᠢᠨᠵᠧᠨᠧᠷᠢᠩ᠎ᠦᠨ ᠪᠣᠭᠣᠮᠲᠠ ᠰᠢᠪᠲᠤᠯᠬᠤ ᠳᠠᠢᠯᠠᠯᠳᠤᠭᠠᠨ᠎ᠤ ᠵᠠᠩᠭᠢᠯᠠᠭ᠎ᠠ᠎ᠶᠢᠨ ᠲᠥᠷᠥᠯ ᠵᠦᠢᠯ ᠠᠵᠢᠯᠯᠠᠭᠠᠨ᠎ᠤ ᠱᠠᠳᠤᠨ᠎ᠳᠤ ᠣᠷᠣᠭᠰᠠᠨ᠎ᠢ ᠬᠠᠷᠠᠭᠤᠯᠵᠤ᠂ ᠮᠠᠨ᠎ᠤ ᠤᠯᠤᠰ᠎ᠤᠨ ᠭᠠᠩ ᠬᠠᠭᠤᠷᠠᠢ ᠪᠠ ᠬᠠᠭᠠᠰ ᠭᠠᠩ ᠬᠠᠭᠤᠷᠠᠢ ᠭᠠᠵᠠᠷ ᠣᠷᠣᠨ᠎ᠤ ᠠᠮᠢ ᠠᠬᠤᠢ᠎ᠶᠢᠨ ᠵᠠᠰᠠᠯᠲᠠ ᠬᠢᠭᠡᠳ ᠴᠡᠪᠡᠷ ᠡᠨᠧᠷᠭᠢ᠎ᠶᠢᠨ ᠬᠥᠭᠵᠢᠯᠲᠡ᠎ᠶᠢ ᠬᠠᠮᠵᠢᠯᠴᠠᠨ ᠠᠬᠢᠭᠤᠯᠬᠤ᠎ᠳᠤ ᠬᠠᠭᠤᠯᠪᠤᠷᠢᠯᠠᠵᠤ ᠪᠣᠯᠬᠤ 《ᠳᠠᠯᠠᠳ᠎ᠤᠨ ᠥᠯᠢᠭᠡᠷ ᠵᠢᠱ᠌ᠢᠶ᠎ᠡ》᠎ᠵᠢ ᠬᠠᠩᠭᠠᠭᠰᠠᠨ ᠪᠠᠢᠨ᠎ᠠ᠃


微信图片_2026-01-03_154509_086.jpg


✦ 1 ᠰᠠᠷ᠎ᠠ᠎ᠶᠢᠨ 2᠎ᠤᠨ ᠡᠳᠦᠷ᠂ ᠤᠷᠳᠤᠰ ᠬᠤᠳᠠ ᠵᠢᠨ ᠳ᠋ᠦᠩᠱᠧᠩ ᠲᠣᠭᠣᠷᠢᠭ᠋᠎ᠤᠨ ᠬᠢᠨ ᠡᠷᠡᠭᠦᠯ ᠮᠡᠨᠳᠦ ᠪᠡᠶ᠎ᠡ ᠰᠤᠪᠢᠯᠠᠯᠲᠠ᠎ᠶᠢᠨ ᠠᠵᠢᠯᠯᠠᠭ᠎ᠠ ᠥᠷᠨᠢᠭᠦᠯᠵᠦ᠂ ᠠᠵᠢᠯᠯᠠᠭ᠎ᠠ᠎ᠶᠢᠨ ᠲᠤᠬᠠᠢ᠎ᠶᠢᠨ ᠲᠠᠯᠠᠪᠠᠶ᠎ᠳᠤ 30 ᠭᠠᠷᠤᠢ ᠡᠮᠴᠢ᠂ ᠰᠤᠪᠢᠯᠠᠬᠴᠢ ᠠᠵᠢᠯᠲᠠᠨ ᠡᠴᠡ ᠰᠢᠨᠵᠢᠯᠡᠬᠦ ᠤᠬᠠᠭᠠᠨᠴᠢ᠎ᠪᠠᠷ ᠪᠡᠶ᠎ᠡ᠎ᠶᠢᠨ ᠡᠷᠡᠭᠦᠯ ᠮᠡᠨᠳᠤ᠎ᠶᠢ ᠠᠩᠬᠠᠷᠬᠤ᠂ ᠬᠢᠲᠠᠳ ᠠᠨᠠᠭᠠᠬᠤ ᠤᠬᠠᠭᠠᠨ᠎ᠤ ᠹᠢᠽᠢᠺ ᠵᠠᠰᠠᠯ᠂ ᠪᠡᠶ᠎ᠡ ᠰᠤᠪᠢᠯᠠᠯᠲᠠ᠎ᠶᠢᠨ ᠲᠣᠨᠣᠭ ᠲᠥᠬᠦᠭᠡᠷᠦᠮᠵᠢ᠎ᠶᠢᠨ ᠦᠵᠡᠭᠦᠯᠭᠡ ᠵᠡᠷᠭᠡ ᠠᠭᠤᠯᠭ᠎ᠠ᠎ᠶᠢᠨ ᠲᠣᠭᠣᠷᠢᠨ᠎ᠳᠤ ᠬᠣᠲᠠ᠎ᠶᠢᠨ ᠠᠷᠠᠳ᠎ᠲᠤ ᠲᠤᠰᠬᠠᠢ ᠮᠡᠷᠭᠡᠵᠢᠯ᠎ᠦᠨ ᠵᠢᠯᠣᠭᠣᠳᠤᠯᠭ᠎ᠠ ᠪᠠ ᠳᠣᠲᠣᠨᠣ᠌ ᠦᠢᠯᠡᠴᠢᠯᠡᠭᠡ ᠬᠠᠩᠭᠠᠭᠰᠠᠨ ᠪᠠᠢᠨ᠎ᠠ᠃


微信图片_2026-01-03_154830_149.jpg

 

ᠠᠵᠤ ᠠᠬᠤᠢ

✦ ᠣᠳᠣᠬᠠᠨ᠎ᠳᠤ ᠺᠠᠢᠯᠤ ᠰᠢᠶᠠᠨ᠎ᠤ ᠲᠥᠬᠥᠭᠡᠷᠦᠮᠵᠢᠲᠦ ᠲᠠᠷᠢᠶᠠᠯᠠᠩ᠎ᠤᠨ ᠲᠠᠯᠠᠪᠠᠢ 1.2 ᠲᠦᠮᠡ ᠭᠠᠷᠤᠢ ᠮᠦ᠍᠎ᠳᠤ ᠬᠦᠷᠴᠦ᠂ 2 ᠲᠦᠮᠡ ᠭᠠᠷᠤᠢ ᠲᠠᠷᠢᠶᠠᠴᠢᠨ ᠡᠷᠦᠬᠡ᠎ᠶᠢ ᠳᠠᠶ᠋ᠢᠴᠢᠯᠠᠵᠤ᠂ ᠡᠷᠦᠬᠡ ᠳᠤᠮᠳᠠᠴᠢ᠎ᠶᠢᠨ ᠣᠷᠣᠯᠭ᠎ᠠ᠎ᠶᠢ 8000 ᠲᠥᠭᠥᠷᠢᠭ ᠣᠷᠴᠢᠮ ᠨᠡᠮᠡᠭᠳᠡᠭᠦᠯᠵᠡᠢ᠃

 

ᠰᠣᠶᠣᠯ

✦ 1 ᠰᠠᠷ᠎ᠠ ᠎ᠶᠢᠨ 2᠎ᠤᠨ ᠡᠳᠦᠷ᠂ ᠤᠷᠳᠤᠰ ᠬᠤᠳᠠ ᠵᠢᠨ ᠳ᠋ᠦᠩᠱᠧᠩ ᠲᠣᠭᠣᠷᠢᠭ᠋ ᠬᠥᠷ ᠬᠥᠭᠵᠢᠶᠡᠨ᠎ᠢᠶᠠᠷ ᠪᠢᠯᠬᠠᠵᠤ᠂ 《ᠬᠠᠭᠤᠴᠢᠨ ᠮᠠᠶᠢᠭ᠋᠎ᠤᠨ ᠪᠥᠵᠢᠭ》᠎ᠤᠨ ᠦᠳᠡᠰᠢᠯᠡᠭᠡ ᠬᠤᠷᠠᠭᠰᠠᠨ ᠣᠯᠠᠨ᠎ᠤ ᠳᠤᠷᠠᠰᠤᠮᠵᠢ᠎ᠶᠢ ᠰᠡᠷᠭᠦᠭᠡᠵᠦ ᠬᠥᠭᠵᠢᠶᠡᠨᠲᠡᠢ ᠶᠠᠪᠤᠭᠳᠠᠯ᠎ᠠ᠃


640 (1).jpg


✦ ᠤᠢᠷ᠎ᠠ᠎ᠳᠤ ᠤᠷᠠᠳ᠎ᠤᠨ ᠡᠮᠦᠨᠡᠲᠦ ᠬᠣᠰᠢᠭᠤᠨ᠎ᠳᠤ ᠭᠠᠷ ᠤᠷᠠᠯᠠᠯ᠎ᠤᠨ ᠤᠷᠠᠯᠢᠭ᠋᠎ᠤᠨ ᠤᠯᠠᠮᠵᠢᠯᠠᠯ᠎ᠢ ᠪᠡᠶᠡᠴᠢᠯᠡᠨ ᠣᠢᠯᠠᠭᠠᠬᠤ ᠠᠵᠢᠯᠯᠠᠭ᠎ᠠ ᠶᠠᠪᠤᠭᠳᠠᠵᠤ᠂ ᠭᠠᠷ ᠤᠷᠠᠯᠢᠭ᠍ᠴᠢᠳ᠎ᠠᠴᠠ ᠴᠠᠭᠠᠰᠤᠨ ᠬᠠᠢᠴᠢᠯᠠᠮᠠᠯ᠂ ᠬᠠᠳᠬᠤᠮᠠᠯ᠂ ᠢᠰᠡᠭᠡᠢ ᠬᠠᠳᠬᠤᠮᠠᠯ᠂ ᠡᠪᠡᠰᠦᠨ ᠭᠦᠷᠦᠮᠡᠯ᠎ᠤᠨ ᠤᠷ᠎ᠠ ᠮᠡᠷᠭᠡᠵᠢᠯ᠎ᠢ ᠵᠡᠮᠳᠡᠭᠴᠦᠳ᠎ᠲᠦ ᠵᠢᠠᠭᠠᠬᠰᠠᠨ ᠪᠠᠢᠨ᠎ᠠ᠃


ᠲᠠᠮᠢᠷ

✦ 2026 ᠣᠨ᠎ᠤ ᠠᠩᠬᠠᠨ᠎ᠤ ᠡᠳᠦᠷ᠎ᠲᠦ᠂ ᠣᠲᠤᠭ ᠬᠣᠰᠢᠭᠤᠨ᠎ᠤ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠦ᠎ᠶᠢᠨ ᠭᠦᠶᠦᠯᠲᠡ᠎ᠶᠢᠨ ᠠᠵᠢᠯᠯᠠᠭ᠎ᠠ ᠤᠯᠠᠭᠠᠨᠪᠠᠯᠭᠠᠰᠤᠨ᠎ᠳᠤ ᠶᠠᠪᠤᠬᠳᠠᠪᠠ᠃


微信图片_2026-01-03_160529_198.jpg


ᠳᠡᠯᠡᠬᠡᠢ

✦ ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠣᠷᠣᠰ᠎ᠤᠨ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠶᠠᠮᠤᠨ 1 ᠰᠠᠷ᠎ᠠ ᠵᠢᠨ 2᠎ᠤᠨ ᠡᠳᠦᠷ ᠨᠡᠢᠭᠡᠮ᠎ᠦᠨ ᠬᠠᠷᠢᠯᠴᠠᠭᠠᠨ᠎ᠤ ᠵᠠᠭᠤᠴᠢᠯᠠᠭᠤᠷ᠎ᠲᠦ ᠨᠡᠢᠲᠡᠯᠡᠭᠰᠡᠨ᠎ᠢᠶᠡᠷ᠂ 2025 ᠣᠨ᠎ᠤ 12 ᠰᠠᠷ᠎ᠠ᠎ᠶᠢᠨ 27᠎ᠤ ᠡᠳᠦᠷ᠎ᠡᠴᠡ 2026 ᠣᠨ᠎ᠤ 1 ᠰᠠᠷ᠎ᠠ᠎ᠶᠢᠨ 2᠎ᠤᠨ ᠡᠳᠦᠷ ᠪᠣᠯᠲᠠᠯ᠎ᠠ᠂ ᠦᠺᠷᠠᠢᠨ᠎ᠤ ᠬᠢᠨ᠎ᠦ ᠳᠠᠭᠠᠷᠢᠯᠲᠠ᠎ᠳᠤ ᠬᠠᠷᠢᠭᠤ ᠥᠭᠬᠦ᠎ᠶᠢᠨ ᠲᠥᠯᠥᠭᠡ᠂ ᠣᠷᠣᠰ᠎ᠤᠨ ᠴᠡᠷᠢᠭ ᠦᠺᠷᠠᠢᠨ᠎ᠤ ᠴᠡᠷᠢᠭ᠎ᠦᠨ ᠠᠵᠤ ᠦᠢᠯᠡᠳᠪᠦᠷᠢ᠎ᠶᠢᠨ ᠠᠵᠤ ᠠᠬᠤᠢᠯᠠᠯ ᠵᠢᠴᠢ ᠢᠵᠢ ᠪᠦᠷᠢᠳᠦᠭᠦᠯᠦᠭᠰᠡᠨ ᠡᠨᠧᠷᠭᠢ᠎ᠶᠢᠨ ᠲᠥᠬᠦᠭᠡᠷᠦᠮᠵᠢ ᠵᠡᠷᠭᠡ᠎ᠳᠦ ᠶᠡᠬᠡ ᠬᠡᠪᠴᠢᠶᠡᠨ᠎ᠦ ᠬᠠᠷᠢᠭᠤ ᠠᠪᠬᠤ ᠴᠢᠨᠠᠷᠲᠠᠢ ᠴᠣᠬᠢᠯᠲᠠ ᠥᠭᠴᠡᠢ᠃

✦ ᠰᠢᠨ᠎ᠡ ᠬᠠᠭᠤᠴᠢᠨ ᠣᠨ᠎ᠤ ᠰᠣᠯᠢᠭ᠍ᠳᠠᠯ᠎ᠤᠨ ᠬᠤᠭᠤᠴᠠᠭᠠᠨ᠎ᠳᠤ᠂ ᠡᠮᠦᠨᠡᠲᠦ ᠠᠮᠧᠷᠢᠺᠠ ᠲᠢᠪ᠎ᠦᠨ ᠣᠯᠠᠨ ᠤᠯᠤᠰ᠎ᠤᠳ᠎ᠢᠶᠠᠷ ᠬᠣᠪᠣᠷ ᠲᠣᠬᠢᠶᠠᠯᠳᠤᠬᠤ ᠬᠠᠯᠠᠭᠤᠨ ᠤᠷᠤᠰᠬᠠᠯ ᠢᠯᠡᠷᠡᠪᠡ᠃ ᠡᠭᠦᠨ᠎ᠳᠦ ᠠᠷᠭᠧᠨ᠋ᠲ᠋ᠢᠨ᠂ ᠴᠢᠯᠢ ᠵᠡᠷᠭᠡ ᠤᠯᠤᠰ᠎ᠤᠨ ᠬᠠᠮᠤᠭ᠎ᠤᠨ ᠥᠨᠳᠥᠷ ᠠᠭᠠᠷ᠎ᠤᠨ ᠳᠤᠯᠠᠭᠠᠨ 40 ᠭᠷᠡᠳᠦ᠋ᠰ ᠣᠢᠷᠠᠲᠤᠭᠰᠠᠨ ᠪᠠᠢᠨ᠎ᠠ᠃


ᠦᠢᠯᠡᠴᠢᠯᠡᠭᠡ

✦ ᠲᠦᠩᠯᠢᠶᠤᠤ ᠬᠤᠳᠠ ᠵᠢᠨ ᠬᠤᠷᠴᠢᠨ ᠵᠡᠬᠦᠨ ᠭᠠᠷᠤᠨ ᠳᠤᠮᠳᠠᠳᠤ ᠬᠤᠰᠢᠭᠤᠨ᠎ᠤ ᠠᠵᠢᠯ ᠤᠢᠯᠡᠰ᠎ᠤᠨ ᠨᠢᠭᠡᠴᠢ ᠴᠢᠳᠠᠪᠤᠷᠢᠳᠠᠨ ᠤᠷᠢᠨ ᠡᠯᠰᠡᠵᠤ ᠪᠤᠢ᠃

✦ 2026 ᠣᠨ ᠎ᠤ 1 ᠰᠠᠷ᠎ᠠ ᠎ᠶᠢᠨ 6᠎ᠤ ᠣᠷᠣᠢ ᠤᠯᠤᠰ᠎ᠤᠨ ᠳᠣᠲᠣᠭᠠᠳᠤ ᠎ᠶᠢᠨ ᠪᠣᠯᠪᠠᠰᠤᠷᠠᠭᠤᠯᠤᠭᠰᠠᠨ ᠴᠢᠯᠠᠭᠤᠨ ᠲᠣᠰᠣᠨ᠎ᠤ ᠦᠨ᠎ᠡ᠎ᠳᠤ ᠲᠣᠬᠢᠷᠠᠭᠤᠯᠤᠯᠲᠠ ᠬᠢᠬᠦ᠎ᠪᠡᠷ ᠪᠠᠢᠨ᠎ᠠ᠃ ᠲᠥᠰᠥᠭᠡᠯᠡᠭᠰᠡᠨ᠎ᠢᠶᠠᠷ᠂ ᠲᠤᠰ ᠡᠭᠡᠯᠵᠢ᠎ᠶᠢᠨ ᠲᠣᠬᠢᠷᠠᠭᠤᠯᠤᠯᠲᠠ᠎ᠳᠤ ᠪᠣᠯᠪᠠᠰᠤᠷᠠᠭᠤᠯᠤᠭᠰᠠᠨ ᠴᠢᠯᠠᠭᠤᠨ ᠲᠣᠰᠣᠨ᠎ᠤ ᠦᠨ᠎ᠡ ᠥᠰᠬᠦ ᠬᠠᠨᠳᠤᠰᠢ᠎ᠲᠠᠢ ᠪᠠᠢᠵᠤ᠂ ᠳᠤᠬᠠᠢᠯᠠᠪᠠᠯ ᠴᠢᠶᠢᠦ ᠲᠣᠰᠣ᠌ ᠪᠠ ᠴᠠᠢᠶᠢᠦ ᠲᠣᠰᠣᠨ᠎ᠤ ᠦᠨ᠎ᠡ ᠲᠣᠨ ᠪᠦᠷᠢ᠎ᠳᠡᠭᠡᠨ 60 ᠲᠥᠭᠥᠷᠢᠭ ᠥᠰᠴᠦ᠂ ᠨᠤᠭᠤᠯᠵᠤ ᠪᠤᠳᠤᠪᠠᠯ ᠯᠢᠲᠷ ᠪᠦᠷᠢ᠎ᠳᠡᠭᠡᠨ 0.05 — 0.06 ᠲᠥᠭᠥᠷᠢᠭ ᠥᠰᠬᠦ ᠪᠣᠯᠣᠨ᠎ᠠ᠃ ᠭᠡᠷ᠎ᠦᠨ ᠬᠡᠷᠡᠭᠯᠡᠭᠡᠨ᠎ᠦ ᠮᠠᠰᠢᠨ ᠲᠡᠷᠭᠡᠨ᠎ᠦ ᠲᠣᠰᠣᠨ᠎ᠤ ᠰᠠᠪᠠ᠎ᠶᠢᠨ ᠪᠠᠭᠲᠠᠭᠠᠮᠵᠢ᠎ᠶᠢ 50 ᠯᠢᠲᠷ᠎ᠢᠶᠠᠷ ᠪᠤᠳᠤᠪᠠᠯ᠂ ᠨᠢᠭᠡ ᠰᠠᠪᠠ ᠲᠣᠰᠣ᠌ ᠳᠦᠭᠦᠷᠭᠡᠬᠦ᠎ᠳᠦ 2.5 — 3 ᠲᠥᠭᠥᠷᠢᠭ ᠢᠯᠡᠭᠦᠦ ᠵᠠᠷᠤᠴᠠᠭᠤᠯᠤᠨ᠎ᠠ᠃


7595d19c5867a8bc1770a6c4249ae14b.jpeg


ᠲᠠᠨ᠎ᠤ ᠲᠤᠰᠠ᠎ᠳᠤ

✦ ᠦᠷᠯᠦᠭᠡ ᠦᠯᠦᠨ ᠵᠢᠡᠷ ᠤᠰᠤ ᠤᠤᠭᠤᠬᠤ ᠨᠢ ᠬᠤᠳᠤᠭᠤᠳᠤ ᠭᠡᠳᠡᠰᠤ ᠵᠢ ᠴᠡᠪᠡᠷᠯᠡᠵᠤ᠂ ᠵᠢᠷᠦᠬᠡ ᠴᠢᠰᠤᠨ ᠰᠤᠳᠠᠯ᠎ᠤᠨ ᠡᠪᠡᠳᠴᠢᠨ᠎ᠢ ᠰᠡᠷᠭᠡᠢᠯᠡᠨ᠎ᠡ᠃ ᠦᠳᠡᠰᠢ ᠤᠨᠳᠠᠬᠤ ᠡᠴᠡ ᠪᠡᠨ ᠡᠮᠦᠨ᠎ᠡ ᠵᠤᠬᠢᠬᠤ ᠬᠡᠮᠵᠢᠶᠡᠨ᠎ᠤ ᠤᠰᠤ ᠤᠤᠭᠤᠬᠤ ᠨᠢ ᠴᠢᠰᠤᠨ᠎ᠤ ᠦᠳᠭᠡᠷᠡᠯᠳᠡ ᠵᠢ ᠰᠡᠷᠭᠡᠢᠯᠡᠬᠦ ᠤᠢᠯᠡᠳᠤᠯ ᠳᠠᠢ ᠶᠤᠮ᠃


af5bc5e52807e20abcbe6e01fb6fd992.jpeg


ᠵᠠᠯᠭᠠᠭᠠᠳ 《ᠴᠢᠮ᠎ᠠ ᠲᠠᠢ ᠪᠡᠨ ᠤᠴᠠᠷᠠᠬᠰᠠᠨ ᠮᠢᠨᠢ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠦ  ᠪᠠᠶᠠᠷᠯᠠᠯ᠎ᠠ᠂ ᠪᠠᠶᠠᠷᠳᠠᠢ!

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)

ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号