



ᠨᠡᠢᠭᠡᠮ
✦ᠤᠯᠤᠰ ᠤᠨ ᠡᠮᠴᠢᠯᠡᠭᠡᠨ ᠦ ᠪᠠᠲᠤᠯᠠᠭ᠎ᠠ᠎ᠶᠢᠨ ᠲᠣᠪᠴᠢᠶ᠎ᠠ᠎ᠠᠴᠠ ᠣᠢᠯᠠᠭᠠᠭᠰᠠᠨ᠎ᠢᠶᠠᠷ᠂ 2025 ᠣᠨ᠎ᠤ 1 ᠰᠠᠷ᠎ᠠ ᠠᠴᠠ
12 ᠰᠠᠷ᠎ᠠ ᠪᠣᠯᠲᠠᠯ᠎ᠠ ᠠᠵᠢᠯᠲᠠᠨ
ᠠᠵᠢᠯᠴᠢᠨ᠎ᠤ ᠡᠮ ᠡᠮᠨᠡᠯᠭᠡ ᠵᠢᠨ ᠳᠠᠭᠠᠳᠬᠠᠯ ᠤᠨ ᠬᠤᠪᠢ ᠬᠥᠮᠥᠨ᠎ᠦ ᠲᠠᠩᠰᠠᠨ ᠡᠷᠦᠬᠡ᠎ᠶᠢ ᠨᠡᠶ᠋ᠢᠲᠡ 4.64 ᠳ᠋ᠦᠩᠰᠢᠭᠤᠷ ᠬᠥᠮᠥᠨ ᠤᠳᠠᠭ᠎ᠠ
ᠳᠠᠩᠰᠠᠯᠠᠵᠤ᠂ ᠵᠣᠭᠣᠰ᠎ᠤᠨ ᠲᠣᠭ᠎ᠠ ᠨᠢ 687.7 ᠳ᠋ᠦᠩᠰᠢᠭᠤᠷ ᠲᠥᠭᠥᠷᠢᠭ᠎ᠲᠦ ᠬᠦᠷᠴᠡᠢ᠃
✦ᠤᠯᠤᠰ᠎ᠤᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ ᠲᠣᠪᠴᠢᠶ᠎ᠠ ᠣᠢᠷ᠎ᠠ᠎ᠳᠤ 《ᠬᠠᠯᠳᠠᠪᠤᠷᠢᠲᠤ ᠡᠪᠡᠳᠴᠢᠨ᠎ᠦ ᠮᠡᠳᠡᠭᠡ ᠵᠠᠩᠭᠢ᠎ᠶᠢᠨ ᠮᠡᠳᠡᠭᠦᠯᠦᠯᠲᠡ᠎ᠶᠢᠨ
ᠬᠠᠮᠢᠶᠠᠷᠤᠯᠲᠠ᠎ᠶᠢᠨ ᠵᠢᠷᠤᠮᠵᠢᠯ ( 2026
ᠣᠨ᠎ᠤ ᠬᠡᠪᠯᠡᠯ)》 ᠢ
ᠳᠠᠷᠤᠮᠠᠯᠯᠠᠨ ᠲᠠᠷᠬᠠᠭᠠᠵᠤ᠂ ᠪᠠᠢᠭᠤᠯᠤᠮᠵᠢ᠎ᠶᠢᠨ ᠡᠭᠦᠷᠭᠡ ᠬᠠᠷᠢᠭᠤᠴᠠᠯᠭ᠎ᠠ ᠵᠢ ᠲᠣᠳᠣᠷᠬᠠᠢᠯᠠᠵᠤ᠂
ᠰᠢᠨ᠎ᠡ᠎ᠪᠡᠷ ᠡᠭᠦᠰᠦᠭᠰᠡᠨ ᠬᠠᠯᠳᠠᠪᠤᠷᠢᠲᠤ ᠡᠪᠡᠳᠴᠢᠨ᠂ ᠭᠡᠨᠡᠳᠲᠡ ᠡᠭᠦᠰᠦᠭᠰᠡᠨ ᠰᠢᠯᠲᠠᠭᠠᠨ ᠲᠣᠳᠣᠷᠬᠠᠢ
ᠦᠭᠡᠢ ᠬᠠᠯᠳᠠᠪᠤᠷᠢᠲᠤ ᠡᠪᠡᠳᠴᠢᠨ᠂ ᠭᠣᠣᠯᠳᠠᠯᠭ᠎ᠠ᠎ᠲᠠᠢ ᠬᠢᠨᠠᠨ
ᠬᠡᠮᠵᠢᠬᠦ ᠴᠢᠬᠤᠯᠠᠲᠠᠢ ᠪᠤᠰᠤᠳ ᠬᠠᠯᠳᠠᠪᠤᠷᠢᠲᠤ ᠡᠪᠡᠳᠴᠢᠨ ᠵᠡᠷᠭᠡ ᠮᠡᠳᠡᠭᠡ ᠵᠠᠩᠭᠢ᠎ᠶᠢᠨ
ᠮᠡᠳᠡᠭᠦᠯᠦᠯᠲᠡ᠎ᠶᠢᠨ ᠱᠠᠭᠠᠷᠳᠠᠯᠭ᠎ᠠ᠎ᠶᠢ ᠤᠯᠠᠮ ᠨᠢᠭᠡ ᠠᠯᠬᠤᠮ ᠴᠢᠩᠭᠠᠳᠬᠠᠪᠠ᠃

✦ᠡᠳ᠋᠎ᠦᠨ ᠵᠠᠰᠠᠭ᠎ᠤᠨ ᠶᠠᠮᠤᠨ᠎ᠤ ᠪᠦᠷᠢᠳᠬᠡᠯ᠎ᠢ ᠦᠨᠳᠦᠰᠦᠯᠡᠪᠡᠯ᠂ ᠣᠲᠣᠬᠠᠨ᠎ᠳᠦ ᠪᠥᠬᠥ ᠤᠯᠤᠰ᠎ᠤᠨ
3000 ᠭᠠᠷᠤᠢ ᠲᠦᠮᠡᠨ ᠨᠢᠯᠬ᠎ᠠ ᠬᠡᠦᠬᠡᠳ᠎ᠲᠦ ᠬᠡᠦᠬᠡᠳ ᠪᠣᠢᠵᠢᠭᠤᠯᠬᠤ
ᠨᠥᠬᠥᠪᠦᠷᠢ ᠵᠢ ᠨᠢᠭᠡᠨᠲᠡ ᠣᠯᠭᠣᠭᠰᠠᠨ ᠪᠠᠢᠨ᠎ᠠ᠃
✦ᠲᠥᠪ᠎ᠦᠨ ᠴᠠᠭ ᠠᠭᠤᠷ᠎ᠤᠨ ᠬᠣᠷᠢᠶ᠎ᠠ 1
ᠰᠠᠷ᠎ᠠ ᠵᠢᠨ 30 ᠤ ᠡᠳᠦᠷ 2026 ᠣᠨ᠎ᠤ ᠴᠠᠭᠠᠨ ᠰᠠᠷ᠎ᠠ ᠵᠢᠨ ᠵᠥᠭᠡᠭᠡᠪᠦᠷᠢ ᠶᠢᠨ ᠴᠠᠭ ᠠᠭᠤᠷ᠎ᠤᠨ
ᠦᠢᠯᠡᠴᠢᠯᠡᠭᠡᠨ ᠦ ᠠᠩᠬᠠᠨ ᠤ ᠲᠤᠰᠬᠠᠢ ᠰᠣᠨᠢᠨ᠎ᠢ ᠨᠡᠢᠲᠡᠯᠡᠵᠦ᠂ ᠴᠠᠭᠠᠨ ᠰᠠᠷ᠎ᠠ᠎ᠶᠢᠨ ᠵᠥᠭᠡᠭᠡᠪᠦᠷᠢ᠎ᠶᠢᠨ ᠴᠠᠭ
ᠠᠭᠤᠷ᠎ᠤᠨ ᠪᠠᠲᠤᠯᠠᠭ᠎ᠠ᠎ᠶᠢᠨ ᠦᠢᠯᠡᠴᠢᠯᠡᠭᠡ ᠡᠬᠢᠯᠡᠪᠡ᠃

✦ᠤᠢᠷ᠎ᠠ᠎ᠳᠦ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ ᠶᠢ
ᠬᠠᠮᠠᠭᠠᠯᠠᠬᠤ ᠲᠢᠩᠬᠢᠮ ᠦᠨ ᠵᠠᠮ ᠬᠠᠷᠢᠯᠴᠠᠭᠠᠨ ᠤ ᠬᠠᠮᠢᠶᠠᠷᠤᠯᠲᠠ᠎ᠶᠢᠨ ᠲᠣᠪᠴᠢᠶ᠎ᠠ᠎ᠵᠢᠨ ᠬᠢᠨ ᠳᠡᠩᠰᠡᠯᠡᠨ
ᠲᠡᠮᠳᠡᠭᠯᠡᠬᠦ᠂ ᠨᠡᠪᠲᠡᠷᠡᠬᠦ᠂ ᠵᠠᠮ ᠬᠠᠷᠢᠯᠴᠠᠭᠠᠨ᠎ᠤ ᠠᠳᠠᠯᠢ ᠰᠢᠢᠳᠪᠦᠷᠢᠯᠡᠬᠦ᠂ ᠤᠬᠠᠭᠤᠯᠭ᠎ᠠ ᠬᠥᠮᠦᠵᠢᠯ ᠵᠡᠷᠭᠡ 4 ᠲᠠᠯ᠎ᠠ᠎ᠠᠴᠠ ᠴᠠᠬᠢᠯᠭᠠᠨ ᠬᠥᠳᠡᠯᠭᠡᠭᠦᠷᠲᠦ
ᠳᠤᠭᠤᠢ ᠲᠡᠷᠭᠡ᠎ᠶᠢᠨ ᠬᠠᠮᠢᠶᠠᠷᠤᠯᠲᠠ᠎ᠶᠢ ᠴᠢᠩᠭᠠᠳᠬᠠᠵᠤ᠂ ᠵᠠᠮ ᠬᠠᠷᠢᠯᠴᠠᠭᠠᠨ᠎ᠤ ᠠᠮᠤᠷ ᠲᠦᠪᠰᠢᠨ᠎ᠦ ᠡᠮᠬᠢ ᠵᠢᠷᠤᠮ᠎ᠢ
ᠤᠯᠠᠮ ᠨᠢᠭᠡ ᠠᠯᠬᠤᠮ ᠵᠢᠷᠤᠮᠵᠢᠭᠤᠯᠪᠠ᠃
✦1 ᠰᠠᠷ᠎ᠠ᠎ᠶᠢᠨ 30᠎ᠤ ᠡᠳᠦᠷ᠂ 2026 ᠣᠨ᠎ᠤ ᠣᠷᠳᠣᠰ ᠬᠤᠲᠠ᠎ᠶᠢᠨ《ᠴᠠᠭᠠᠨ ᠰᠠᠷ᠎ᠠ᠎ᠶᠢ ᠤᠭᠲᠤᠵᠤ ᠬᠡᠷᠡᠭᠯᠡᠭᠡ᠎ᠪᠡᠷ ᠠᠷᠠᠳ᠎ᠤᠨ ᠰᠡᠳᠬᠢᠯ᠎ᠢ ᠳᠤᠯᠠᠭᠠᠴᠠᠭᠤᠯᠬᠤ》ᠰᠢᠨ᠎ᠡ ᠵᠢᠯ᠎ᠦᠨ ᠪᠠᠷᠠᠭᠠᠨ᠎ᠤ ᠴᠤᠭᠯᠠᠭ᠎ᠠ ᠣᠷᠳᠣᠰ᠎ᠤᠨ ᠤᠯᠠᠨ
ᠤᠯᠤᠰ᠎ᠤᠨ ᠬᠤᠷᠠᠯ ᠦᠵᠡᠰᠬᠦᠯᠡᠩ᠎ᠦᠨ ᠲᠥᠪ᠎ᠲᠦ ᠡᠬᠢᠯᠡᠵᠡᠢ᠃ ᠲᠤᠰ ᠠᠵᠢᠯᠯᠠᠭ᠎ᠠ ᠨᠢ 2 ᠰᠠᠷ᠎ᠠ᠎ᠶᠢᠨ 3᠎ᠤ ᠡᠳᠦᠷ ᠪᠣᠯᠲᠠᠯ᠎ᠠ ᠦᠷᠭᠦᠯᠵᠢᠯᠡᠨ᠎ᠡ᠃
✦ᠤᠯᠠᠭᠠᠨᠬᠠᠳᠠ ᠬᠤᠲᠠ᠎ᠵᠢᠨ ᠣᠩᠨᠢᠭᠤᠳ ᠬᠣᠰᠢᠭᠤᠨ᠎ᠤ
ᠮᠧᠩ ᠳᠢ ᠲᠡᠮᠦᠷ ᠵᠠᠮ᠎ᠤᠨ ᠲᠡᠭᠡᠭᠡᠪᠦᠷᠢ ᠶᠢᠨ ᠬᠢᠵᠠᠭᠠᠷᠲᠤ ᠺᠣᠮᠫᠠᠨᠢ ᠶᠢᠨ ᠪᠠᠷᠠᠭ᠎ᠠ ᠲᠡᠭᠡᠭᠡᠪᠦᠷᠢᠯᠡᠬᠦ
ᠥᠷᠲᠡᠭᠡ ᠤᠢᠷ᠎ᠠ᠎ᠳᠦ ᠡᠵᠡᠩᠨᠡᠯᠲᠡ᠎ᠪᠡᠨ ᠡᠬᠢᠯᠡᠭᠦᠯᠪᠡ᠃
✦ᠲᠦᠷᠦᠭᠦᠬᠡᠨ ᠤᠯᠠᠭᠠᠨᠬᠠᠳᠠ ᠬᠤᠲᠠ᠎ᠵᠢᠨ
ᠪᠠᠭᠠᠷᠢᠨ ᠪᠠᠷᠠᠭᠤᠨ ᠬᠣᠰᠢᠭᠤᠨ᠎ᠤ ᠴᠡᠷᠢᠭ ᠡᠴᠡ ᠬᠠᠯᠠᠭᠳᠠᠭᠰᠠᠳ᠎ᠤᠨ ᠶᠠᠪᠤᠳᠠᠯ᠎ᠤᠨ ᠲᠣᠪᠴᠢᠶ᠎ᠠ ᠡᠯ᠎ᠡ ᠦᠨᠳᠦᠰᠦᠨ
ᠱᠠᠳᠤᠨ᠎ᠦ ᠴᠡᠷᠢᠭ᠎ᠡᠴᠡ ᠬᠠᠯᠠᠭᠳᠠᠭᠰᠠᠳ᠎ᠤᠨ ᠦᠢᠯᠡᠴᠢᠯᠡᠭᠡᠨ᠎ᠦ ᠥᠷᠲᠡᠭᠡ᠎ᠲᠠᠢ ᠬᠠᠮᠲᠤᠷᠠᠨ᠂ ᠪᠦᠬᠦ ᠬᠣᠰᠢᠭᠤᠨ᠎ᠤ 11 ᠰᠤᠮᠤ
ᠪᠠᠯᠭᠠᠰᠤ ᠵᠡᠭᠡᠯᠢ ᠭᠤᠳᠤᠮᠵᠢ᠎ᠳᠤ ᠴᠡᠷᠢᠭ᠎ᠡᠴᠡ ᠬᠠᠯᠠᠭᠳᠠᠭᠰᠠᠳ᠎ᠲᠤ ᠴᠠᠭᠠᠨ ᠰᠠᠷ᠎ᠠ᠎ᠶᠢᠨ ᠪᠡᠯᠡᠭ᠎ᠦᠨ ᠤᠭᠤᠲᠠ
ᠬᠦᠷᠭᠡᠬᠦ ᠠᠵᠢᠯᠯᠠᠭ᠎ᠠ ᠥᠷᠨᠢᠭᠦᠯᠵᠡᠢ᠃

ᠠᠵᠤ ᠠᠬᠤᠢ
✦ᠣᠢᠷ᠎ᠠ ᠳᠤ ᠠᠯᠠᠱᠠ ᠵᠡᠭᠦᠨ ᠬᠣᠰᠢᠭᠤᠨ᠎ᠤ ᠥᠨᠳᠥᠷ᠎ᠲᠦ ᠪᠠᠯᠭᠠᠰᠤᠨ ᠤ
ᠲᠠᠪᠤᠨ ᠬᠤᠳᠳᠤᠭ ᠭᠠᠴᠠᠭᠠᠨ᠎ᠤ ᠬᠤᠪᠢ ᠣᠷᠣᠭᠤᠯᠤᠭᠰᠠᠨ ᠠᠵᠤ ᠠᠬᠤᠢ ᠶᠢᠨ ᠬᠣᠷᠰᠢᠶ᠎ᠠ 2025 ᠣᠨ ᠤ ᠠᠰᠢᠭ᠋ ᠬᠤᠪᠢᠶᠠᠬᠤ ᠬᠤᠷᠠᠯ ᠬᠤᠷᠠᠯᠳᠤᠭᠤᠯᠵᠤ᠂ 145 ᠡᠷᠦᠬᠡ᠎ᠶᠢᠨ 381 ᠬᠣᠷᠰᠢᠶ᠎ᠠ᠎ᠵᠢᠨ ᠬᠡᠰᠢᠭᠦᠳ ᠲᠦ 160.47 ᠲᠦᠮᠡᠨ ᠲᠥᠭᠥᠷᠢᠭ ᠦᠨ ᠠᠰᠢᠭ᠋ ᠬᠤᠪᠢᠶᠠᠷᠢᠯᠠᠵᠤ᠂ ᠭᠠᠭᠴᠠ ᠡᠷᠦᠬᠡ ᠬᠠᠮᠤᠭ ᠥᠨᠳᠥᠷ᠎ᠲᠡᠬᠡᠨ 18270 ᠲᠥᠭᠥᠷᠢᠭ ᠤᠨ ᠠᠰᠢᠭ ᠬᠤᠪᠢᠶᠠᠵᠤ ᠤᠯᠵᠠᠢ᠃
ᠰᠤᠶᠤᠯ
✦ᠦᠶ᠋ᠷᠠᠳᠤ ᠪᠠᠶᠠᠨᠨᠠᠭᠤᠷ ᠬᠤᠲᠠ ᠪᠣᠯᠣᠨ
ᠰᠢ ᠠᠨ ᠬᠤᠲᠠ᠎ᠶᠢᠨ ᠦᠨᠳᠦᠰᠦᠲᠡᠨ᠎ᠦ ᠬᠡᠷᠡᠭ ᠡᠷᠬᠢᠯᠡᠬᠦ ᠵᠥᠪᠯᠡᠯ᠂ ᠡᠪ ᠬᠠᠮᠳᠤ ᠵᠠᠯᠠᠭᠤᠴᠤᠳ᠎ᠤᠨ ᠡᠪᠯᠡᠯ᠎ᠤᠨ
ᠬᠣᠷᠢᠶ᠎ᠠ᠂ ᠪᠠᠭᠠᠴᠤᠳ᠎ᠤᠨ ᠠᠵᠢᠯ᠎ᠤᠨ ᠵᠥᠪᠯᠡᠯ᠂ ᠰᠢ ᠠᠨ᠎ᠤ ᠰᠠᠨᠰᠠᠷ᠎ᠤᠨ ᠠᠶᠠᠯᠠᠯ᠎ᠤᠨ ᠬᠤᠲᠠ᠎ᠶᠢᠨ ᠳᠥᠷᠪᠡᠳᠦᠭᠡᠷ
ᠪᠠᠭ᠎ᠠ ᠰᠤᠷᠭᠠᠭᠤᠯᠢ᠎ᠡᠴᠡ ᠬᠠᠮᠲᠤᠷᠠᠨ ᠡᠷᠬᠢᠯᠡᠭᠰᠡᠨ 2026 ᠣᠨ᠎ᠤ ᠵᠠᠯᠠᠭᠤᠴᠤᠳ ᠪᠠᠭᠠᠴᠤᠳ᠎ᠤᠨ ᠡᠪᠦᠯ᠎ᠦᠨ ᠠᠮᠠᠷᠠᠯᠲᠠ᠎ᠶᠢᠨ
ᠬᠤᠸᠠᠷᠠᠨ ᠰᠢ ᠠᠨ᠎ᠳᠤ ᠡᠬᠢᠯᠡᠵᠦ᠂ ᠬᠣᠶᠠᠷ ᠭᠠᠵᠠᠷ᠎ᠤᠨ 81 ᠪᠠᠭ᠍ᠰᠢ ᠰᠤᠷᠤᠭ᠍ᠴᠢ᠎ᠶᠢᠨ ᠲᠥᠯᠥᠭᠡᠯᠡᠭᠴᠢ ᠰᠢ ᠠᠨ ᠤ ᠰᠠᠨᠰᠠᠷ᠎ᠤᠨ
ᠠᠶᠠᠯᠠᠯ᠎ᠤᠨ ᠬᠣᠲᠠ᠎ᠶᠢᠨ ᠳᠥᠷᠪᠡᠳᠦᠭᠡᠷ ᠪᠠᠭ᠎ᠠ ᠰᠤᠷᠭᠠᠭᠤᠯᠢ᠎ᠳᠤ ᠴᠤᠭᠯᠠᠷᠠᠪᠠ᠃

ᠲᠠᠮᠢᠷ
✦1 ᠰᠠᠷ᠎ᠠ᠎ᠶᠢᠨ 31᠎ᠦ ᠡᠳᠦᠷ᠂ 2026 ᠠᠦ᠋ᠰᠲᠷᠠᠯᠢᠶ᠎ᠠ᠎ᠶᠢᠨ ᠲᠣᠣᠷᠪᠥᠮᠪᠥᠭᠡᠵᠢᠨ ᠡᠮᠡᠭᠲᠡᠢ᠎ᠶᠢᠨ
ᠬᠣᠣᠰᠯᠠᠨ ᠴᠤᠬᠢᠬᠤ ᠤᠷᠤᠯᠳᠤᠭᠠᠨ᠎ᠤ ᠰᠢᠢᠳᠪᠦᠷᠢᠲᠦ ᠤᠷᠤᠯᠳᠤᠭᠠᠨ᠎ᠳᠤ ᠳᠤᠮᠳᠠᠳᠤ ᠤᠯᠤᠰ᠎ᠤᠨ ᠲᠠᠮᠢᠷᠴᠢᠨ ᠵᠠᠩ
ᠱᠤᠸᠠᠢ ᠪᠠ ᠪᠧᠯᠭᠢ᠎ᠶᠢᠨ ᠲᠠᠮᠢᠷᠴᠢᠨ ᠮᠸᠷᠲᠸᠨ᠋ᠰ ᠮᠠᠩᠯᠠᠢᠯᠠᠪᠠ᠃

ᠲᠡᠯᠡᠬᠡᠢ
✦ᠰᠢᠨᠬᠤᠸᠠ ᠬᠤᠷᠢᠶ᠎ᠠ ᠵᠢᠨ ᠮᠡᠳᠡᠭᠡ᠎ᠶᠢ ᠦᠨᠳᠦᠰᠦᠯᠡᠪᠡᠯ᠂ ᠤᠢᠷ᠎ᠠ ᠳᠦ ᠰᠡᠦ᠋ᠳᠢ
ᠠᠷᠠᠪ᠎ᠤᠨ ᠲᠣᠭ᠎ᠠ ᠪᠠᠷᠢᠮᠲᠠ ᠪᠣᠯᠣᠨ ᠵᠣᠬᠢᠶᠠᠮᠠᠯ ᠤᠶᠤᠨ ᠴᠢᠳᠠᠪᠤᠷᠢ ᠵᠢᠨ ᠬᠠᠮᠢᠶᠠᠷᠤᠯᠲᠠ ᠶᠢᠨ ᠲᠣᠪᠴᠢᠶᠠᠨ ᠤ ᠥᠭᠦᠯᠡᠭᠴᠢ ᠢᠯᠡᠷᠬᠡᠢᠯᠡᠬᠦ᠎ᠳᠡᠭᠡᠨ᠂ ᠳᠤᠮᠳᠠᠳᠤ ᠤᠯᠤᠰ ᠵᠣᠬᠢᠶᠠᠮᠠᠯ ᠤᠶᠤᠨ ᠴᠢᠳᠠᠪᠤᠷᠢ᠎ᠶᠢᠨ ᠬᠦᠷᠢᠶᠡᠨ᠎ᠳᠡᠬᠢ
ᠮᠡᠷᠭᠡᠵᠢᠯ᠎ᠦᠨ ᠪᠣᠳᠠᠲᠤ ᠬᠦᠴᠦᠨ᠎ᠢᠶᠡᠷ ᠴᠢᠩᠭ᠎ᠠ ᠪᠠᠢᠵᠤ᠂ ᠰᠡᠦ᠋ᠳᠢ ᠠᠷᠠᠪ᠎ᠤᠨ ᠵᠣᠬᠢᠶᠠᠮᠠᠯ ᠤᠶᠤᠨ ᠴᠢᠳᠠᠪᠤᠷᠢ
ᠪᠣᠯᠣᠨ ᠲᠣᠭᠠᠴᠢᠯᠠᠭᠰᠠᠨ ᠠᠵᠤ ᠠᠬᠤᠢ᠎ᠶᠢᠨ ᠬᠥᠭᠵᠢᠯᠲᠡ᠎ᠶᠢ ᠠᠬᠢᠭᠤᠯᠬᠤ ᠴᠢᠬᠤᠯᠠ ᠬᠠᠮᠲᠤᠷᠠᠯᠴᠠᠭᠠᠨ᠎ᠤ ᠬᠠᠨᠢᠲᠠᠨ
ᠪᠣᠯᠣᠨ᠎ᠠ ᠭᠡᠪᠡ᠃
✦ᠰᠢᠨᠬᠤᠸᠠ ᠬᠤᠷᠢᠶ᠎ᠠ ᠵᠢᠨ ᠮᠡᠳᠡᠭᠡ᠎ᠶᠢ ᠦᠨᠳᠦᠰᠦᠯᠡᠪᠡᠯ᠂ ᠠᠮᠧᠷᠢᠺᠠ ᠶᠢᠨ ᠡᠳ᠋ ᠦᠨ ᠵᠠᠰᠠᠭ᠎ᠤᠨ
ᠶᠠᠮᠤᠨ᠎ᠤ ᠬᠠᠷᠢᠶ᠎ᠠ ᠪᠦᠬᠦᠢ ᠭᠠᠳᠠᠭᠠᠳᠤ ᠤᠯᠤᠰ᠎ᠤᠨ ᠡᠳ᠋ ᠬᠥᠷᠥᠩᠭᠡ᠎ᠶᠢ ᠬᠢᠵᠠᠭᠠᠷᠯᠠᠬᠤ ᠠᠯᠪᠠᠨ ᠭᠡᠷ ᠤᠢᠷ᠎ᠠ᠎ᠳᠦ
ᠨᠢᠭᠡ ᠬᠤᠪᠢ ᠪᠢᠴᠢᠭ ᠮᠠᠲᠧᠷᠢᠶᠠᠯ ᠨᠡᠢᠲᠡᠯᠡᠵᠦ᠂ ᠸᠧᠨᠧᠽᠦ᠋ᠧᠯᠠ᠎ᠶᠢᠨ ᠴᠢᠯᠠᠭᠤᠨ ᠲᠣᠰᠣᠨ ᠤ ᠠᠵᠤ ᠦᠢᠯᠡᠰ ᠲᠦ
ᠦᠵᠡᠭᠦᠯᠬᠦ ᠵᠠᠯᠬᠠᠭᠠᠯ᠎ᠢᠶᠠᠨ ᠰᠤᠯᠠᠷᠠᠭᠤᠯᠵᠤ᠂ ᠸᠧᠨᠧᠽᠦ᠋ᠧᠯᠠ᠎ᠳᠤ ᠬᠣᠯᠪᠣᠭᠳᠠᠬᠤ ᠴᠢᠯᠠᠭᠤᠨ ᠲᠣᠰᠣᠨ᠎ᠤ ᠠᠷᠠᠯᠵᠢᠶᠠᠨ᠎ᠤ
ᠬᠡᠰᠡᠭ ᠠᠵᠢᠯᠯᠠᠭ᠎ᠠ ᠶᠢᠨ ᠬᠢᠵᠠᠭᠠᠷᠯᠠᠯ ᠢ ᠬᠦᠴᠦᠨ ᠦᠭᠡᠢ ᠪᠣᠯᠭᠠᠨ᠎ᠠ ᠭᠡᠵᠦ ᠢᠯᠡᠷᠬᠡᠢᠯᠡᠵᠡᠢ᠃

✦ᠰᠢᠨᠬᠤᠸᠠ
ᠬᠤᠷᠢᠶ᠎ᠠ ᠵᠢᠨ ᠮᠡᠳᠡᠭᠡ᠎ᠶᠢ ᠦᠨᠳᠦᠰᠦᠯᠡᠪᠡᠯ᠂ ᠣᠯᠠᠨ ᠤᠯᠤᠰ ᠤᠨ ᠬᠣᠯᠪᠣᠭᠠᠲᠤ ᠪᠠᠢᠭᠤᠯᠭ᠎ᠠ᠎ᠶᠢᠨ ᠨᠠᠷᠢᠨ ᠪᠢᠴᠢᠭ ᠦᠨ
ᠳᠠᠷᠤᠭ᠎ᠠ ᠲᠦᠷᠦᠬᠦᠬᠡᠨ ᠶᠠᠷᠢᠶ᠎ᠠ ᠨᠡᠢᠲᠡᠯᠡᠵᠦ᠂ ᠣᠯᠠᠨ ᠲᠠᠯᠠᠲᠤ ᠪᠠᠢᠭᠤᠯᠤᠮᠵᠢ᠎ᠶᠢᠨ ᠴᠢᠬᠤᠯᠠ ᠴᠢᠨᠠᠷ ᠢ ᠴᠢᠬᠤᠯᠠᠴᠢᠯᠠᠵᠤ᠂
ᠣᠯᠠᠨ ᠲᠠᠯᠠᠲᠤ ᠪᠠᠢᠭᠤᠯᠤᠮᠵᠢ ᠶᠢ ᠴᠢᠩᠭᠠᠳᠬᠠᠬᠤ᠎ᠪᠠᠷ ᠳᠠᠮᠵᠢᠭᠤᠯᠤᠨ ᠪᠥᠬᠥ ᠪᠥᠮᠪᠥᠷᠴᠡᠭ ᠦᠨ ᠥᠷᠢᠰᠦᠯᠳᠦᠭᠡᠨ ᠢ
ᠠᠷᠭᠠᠴᠠᠭᠠᠬᠤ᠎ᠶᠢ ᠤᠷᠢᠶᠠᠯᠠᠪᠠ᠃
ᠦᠢᠯᠡᠴᠢᠯᠡᠭᠡ
✦ᠥᠪᠥᠷ
ᠮᠣᠩᠭᠣᠯ᠎ᠤᠨ ᠡᠷᠡᠭᠦᠯ ᠬᠠᠮᠠᠭᠠᠯᠠᠯ᠎ᠤᠨ ᠠᠵᠢᠯ ᠮᠡᠷᠭᠡᠵᠢᠯ᠎ᠦᠨ ᠰᠤᠷᠭᠠᠭᠤᠯᠢ ᠪᠠᠭᠰᠢ ᠡᠯᠰᠡᠵᠦ ᠪᠤᠢ᠃
ᠲᠠᠨ ᠤ ᠲᠤᠰᠡ ᠳ᠋ᠤ
✦ᠦᠷᠭᠦᠯᠵᠢ ᠰᠠᠨᠠᠭ᠎ᠠ ᠠᠯᠳᠠᠳᠠᠭ ᠬᠦᠮᠦᠰ ᠡᠯᠢᠭᠡ ᠮᠠᠭᠤ
ᠪᠠᠢᠵᠤ ᠮᠠᠭᠠᠳ᠃ ᠦᠷᠭᠦᠯᠵᠢ ᠠᠭᠤᠷᠯᠠᠬᠤ ᠪᠤᠶᠤ ᠡᠰᠡᠬᠦᠯ᠎ᠡ ᠤᠷᠲᠤ ᠰᠡᠭᠦᠷᠡᠰᠦ ᠠᠯᠳᠠᠬᠤ ᠳᠠᠳᠬᠠᠯ᠎ᠲᠠᠢ ᠬᠥᠮᠥᠰ ᠤᠨ
ᠡᠯᠢᠭᠡᠨ ᠤ ᠬᠡᠢ ᠪᠥᠭᠡᠮᠨᠡᠷᠡᠭᠰᠡᠨ ᠪᠠᠢᠬᠤ ᠪᠤᠯᠤᠯᠴᠠᠭ᠎ᠠ ᠲᠠᠢ᠃ ᠡᠭᠦᠨ ᠤ ᠬᠠᠮᠲᠤ ᠪᠠᠰᠠ ᠠᠮᠢᠰᠬᠤᠯ ᠪᠥᠭᠯᠡᠷᠡᠬᠦ᠂
ᠰᠡᠳᠬᠢᠯ ᠰᠠᠨᠠᠭ᠎ᠠ ᠪᠤᠬᠢᠨᠢᠳᠤᠬᠤ᠂ ᠪᠡᠶ᠎ᠡ ᠵᠢᠨ ᠲᠠᠮᠢᠷ ᠮᠠᠭᠤᠳᠠᠬᠤ᠂ ᠢᠳᠡᠭᠡᠨ ᠦ ᠳᠤᠷᠠᠰᠢᠯ ᠮᠠᠭᠤᠳᠠᠬᠤ ᠵᠡᠷᠭᠡ
ᠢᠯᠡᠷᠡᠯ᠎ᠲᠠᠢ᠃
ᠵᠠᠯᠭᠠᠭᠠᠳ《ᠰᠢᠲᠦᠭᠡᠨ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ
ᠵᠢᠷᠭᠠᠭᠠᠶ᠎ᠠ᠂ ᠨᠡᠪᠳᠡᠷᠡᠭᠦᠯᠬᠡ ᠮᠠᠨᠢ ᠲᠠ ᠪᠦᠬᠦᠨ᠎ᠳᠦ ᠲᠠᠭᠠᠯᠠᠬᠳᠠᠬᠰᠠᠨ ᠪᠤᠯ ᠤᠳᠤᠨ ᠳᠡᠮᠳᠡᠭ ᠱᠠᠩᠨᠠᠵᠤ
ᠪᠢᠳᠡᠨ᠎ᠳᠤ ᠤᠷᠮ᠎ᠠ ᠬᠠᠢᠷᠠᠯᠠᠭᠠᠷᠠᠢ!ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ᠎ᠳᠤ ᠪᠠᠶᠠᠷᠯᠠᠯ᠎ᠠ᠂
ᠪᠠᠶᠠᠷᠳᠠᠢ!
(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ
ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ
ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ
ᠬᠤᠳᠠ᠂ ᠬᠤᠰᠢᠭᠤ ᠰᠢᠶᠠᠨ᠎ᠤ ᠵᠢᠷᠬᠢᠶ᠎ᠠ᠎ᠶᠢᠨ ᠲᠠᠪᠴᠠᠩ)