2 ᠰᠠᠷ᠎ᠠ ᠵᠢᠨ 10 ᠎ᠤ ᠡᠳᠤᠷ
ᠡᠬᠢᠯᠡᠬᠦ᠌ ᠴᠠᠭ᠄
2026-02-10 10:33:19
ᠨᠠᠶ᠋ᠢᠷᠠᠭᠤᠯᠤᠭᠴᠢ ᠄
ᠤᠷᠠᠨᠲᠠᠨ᠎ᠡ
ᠨᠡᠪᠲᠡᠷᠡᠬᠦᠯᠦᠭᠴᠢ ᠄
ᠤᠷᠠᠨᠲᠠᠨ᠎ᠠ
ᠮᠡᠷᠭᠡᠵᠢᠯ ᠄

ᠤᠩᠰᠢᠭᠰᠠᠨ ᠤᠳᠠᠭ᠎ᠠ᠄

QQ20260210-103818.png



ᠨᠡᠢᠭᠡᠮ 

✦ᠰᠢᠨ᠎ᠡ᠎ᠪᠡᠷ ᠵᠠᠰᠠᠪᠤᠷᠢ ᠣᠷᠣᠭᠤᠯᠤᠭᠰᠠᠨ《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠡᠮ ᠎ᠦᠨ ᠵᠦᠢᠯᠡᠰ ᠎ᠦᠨ ᠬᠠᠮᠢᠶᠠᠷᠤᠯᠲᠠ᠎ᠶᠢᠨ ᠬᠠᠤᠯᠢ᠎ᠶᠢᠨ ᠬᠡᠷᠡᠭᠵᠢᠭᠦᠯᠬᠦ ᠳᠦᠷᠢᠮ》᠎ᠢ 2 ᠰᠠᠷ᠎ᠠ ᠵᠢᠨ 27 ᠎ᠤ ᠡᠳᠦᠷ ᠨᠡᠢᠲᠡᠯᠡᠵᠦ᠂ 5  ᠰᠠᠷ᠎ᠠ ᠎ᠶᠢᠨ 15 ᠎ᠤ ᠡᠳᠦᠷ᠎ᠡᠴᠡ ᠬᠡᠷᠡᠭᠵᠢᠬᠦᠯᠬᠦ ᠪᠡᠷ ᠪᠤᠢ᠃

✦ᠴᠢᠬᠤᠯᠠ ᠶᠡᠬᠡ ᠤᠰᠤᠨ ᠠᠰᠢᠭ᠍ᠯᠠᠯᠲᠠ᠎ᠶᠢᠨ ᠲᠦᠷᠦᠯ ᠵᠤᠢᠯ᠎ᠦᠨ ᠪᠦᠲᠦᠭᠡᠨ ᠪᠠᠢᠭᠤᠯᠤᠯᠲᠠ᠂ ᠠᠵᠢᠯᠯᠠᠭ᠎ᠠ᠂ ᠬᠠᠮᠢᠶᠠᠷᠤᠯᠲᠠ᠎ᠶᠢᠨ ᠲᠣᠭᠲᠠᠴᠠ᠎ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠎ᠶᠢᠨ ᠲᠥᠯᠥᠭᠡ᠂ ᠤᠰᠤᠨ ᠠᠰᠢᠭ᠍ᠯᠠᠯᠲᠠ᠎ᠶᠢᠨ ᠶᠠᠮᠤᠨ᠂ ᠤᠯᠤᠰ ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ ᠣᠢᠷ᠎ᠠ ᠎ᠳᠤ 《ᠴᠢᠬᠤᠯᠠ ᠶᠡᠬᠡ ᠤᠰᠤᠨ ᠠᠰᠢᠭ᠍ᠯᠠᠯᠲᠠ᠎ᠶᠢᠨ ᠲᠦᠷᠦᠯ ᠵᠤᠢᠯ ᠎ᠦᠨ ᠪᠦᠲᠦᠭᠡᠨ ᠪᠠᠢᠭᠤᠯᠤᠯᠲᠠ᠎ᠶᠢᠨ ᠠᠵᠢᠯᠯᠠᠭᠠᠨ ᠎ᠤ ᠬᠠᠮᠢᠶᠠᠷᠤᠯᠲᠠ᠎ᠶᠢᠨ ᠲᠣᠭᠲᠠᠴᠠ᠎ᠶᠢ ᠪᠦᠷᠢᠨᠰᠢᠭᠦᠯᠬᠦ ᠲᠤᠬᠠᠢ ᠬᠡᠷᠡᠭᠵᠢᠭᠦᠯᠬᠦ ᠰᠠᠨᠠᠯ》 ᠎ᠢ ᠳᠠᠷᠤᠮᠠᠯᠯᠠᠨ ᠲᠠᠷᠬᠠᠭᠠᠪᠠ᠃


09d16a6376b0f33feb77f1dfa5b74983.jpg


✦ᠤᠯᠤᠰ ᠎ᠤᠨ ᠭᠠᠢᠯᠢ ᠎ᠶᠢᠨ ᠶᠠᠪᠤᠳᠠᠯ᠎ᠤᠨ ᠶᠡᠷᠦᠩᠬᠡᠢ ᠲᠣᠪᠴᠢᠶ᠎ᠠ ᠎ᠶᠢᠨ ᠨᠡᠢᠲᠡᠯᠡᠭᠰᠡᠨ ᠳᠤᠭ᠎ᠠ ᠪᠠᠷᠢᠮᠲᠠ᠎ᠳᠤ ᠢᠯᠡᠷᠡᠭᠦᠯᠦᠭᠰᠡᠨ᠎ᠢᠶᠡᠷ᠂ 2025 ᠣᠨ ᠎ᠳᠤ᠂ ᠮᠠᠨ᠎ᠤ ᠤᠯᠤᠰ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ ᠡᠭᠦᠳᠦᠯᠲᠡ ᠪᠣᠯᠣᠨ ᠠᠵᠤ ᠦᠢᠯᠡᠰ᠎ᠦᠨ ᠰᠢᠨ᠎ᠡ ᠡᠭᠦᠳᠦᠯᠲᠡ ᠲᠦᠷᠭᠡᠨ ᠠᠭᠤᠰᠤᠯᠴᠠᠵᠤ᠂ ᠳᠡᠭᠡᠳᠦ ᠮᠡᠷᠭᠡᠵᠢᠯ᠎ᠦᠨ ᠠᠵᠤ ᠦᠢᠯᠡᠰ᠎ᠦᠨ ᠪᠣᠷᠤᠯᠠᠭᠤᠯᠭ᠎ᠠ᠎ᠶᠢᠨ ᠣᠷᠣᠯᠭ᠎ᠠ ᠠᠳᠠᠯᠢ ᠬᠤᠭᠤᠴᠠᠭᠠᠨ᠎ᠤ ᠭᠢ᠎ᠡᠴᠡ 13.9%᠎ᠪᠠᠷ ᠨᠡᠮᠡᠭᠳᠡᠪᠡ᠃

✦ᠵᠠᠮ ᠬᠠᠷᠢᠯᠴᠠᠭ᠎ᠠ ᠲᠡᠭᠡᠭᠡᠪᠤᠷᠢ ᠵᠢᠨ ᠶᠠᠮᠤᠨ᠎ᠤ ᠬᠢᠨ ᠤᠢᠷ᠎ᠠ᠎ᠳᠤ  ᠮᠡᠳᠡᠭᠡ ᠨᠡᠢᠲᠡᠯᠡᠵᠤ᠂ ᠤᠯᠤᠰ᠎ᠤᠨ ᠳᠣᠲᠣᠭᠠᠳᠤ᠎ᠶᠢᠨ ᠬᠤᠪᠢ ᠎ᠶᠢᠨ ᠮᠠᠰᠢᠨ ᠲᠡᠷᠭᠡ ᠪᠡᠷ ᠵᠢᠭᠤᠯᠴᠢᠯᠠᠬᠤ ᠵᠠᠰᠠᠮᠠᠯ ᠵᠠᠮ ᠎ᠤᠨ ᠲᠥᠰᠥᠯ ᠎ᠢ ᠦᠷᠭᠦᠯᠵᠢᠯᠡᠨ ᠴᠢᠩᠭᠠᠳᠬᠠᠵᠤ᠂ ᠨᠢᠭᠡ ᠪᠦᠯᠦᠭ ᠬᠣᠯᠠ ᠵᠠᠢ ᠎ᠶᠢᠨ᠂ ᠣᠷᠣᠨ ᠪᠦᠰᠡ ᠠᠯᠤᠰᠯᠠᠭᠰᠠᠨ᠂ ᠴᠢᠨᠠᠷ ᠰᠠᠢᠲᠠᠢ ᠵᠢᠭᠤᠯᠴᠢᠯᠠᠯ᠎ᠤᠨ ᠰᠣᠳᠣᠨ ᠵᠠᠮ ᠎ᠢ ᠨᠡᠭᠡᠭᠡᠨ᠎ᠡ ᠭᠡᠪᠡ᠃


QQ20260210-111525.png



✦2026 ᠣᠨ᠎ᠤ ᠴᠠᠭᠠᠨ ᠰᠠᠷ᠎ᠠ᠎ᠶᠢᠨ ᠠᠮᠠᠷᠠᠯᠲᠠ ᠤᠢᠷᠠᠳᠴᠤ ᠪᠠᠢᠭ᠎ᠠ ᠲᠠᠰᠢᠷᠠᠮ᠎ᠳᠤ ᠰᠢᠨ᠎ᠡ ᠡᠨᠧᠷᠭᠢ᠎ᠶᠢᠨ ᠮᠠᠰᠢᠨ ᠲᠡᠷᠭᠡᠨ᠎ᠦ ᠴᠠᠬᠢᠯᠭᠠᠨ ᠴᠡᠨᠡᠭᠯᠡᠬᠦ ᠬᠡᠷᠡᠭᠴᠡᠭᠡ᠎ᠶᠢ ᠨᠠᠩ ᠰᠠᠢᠨ ᠪᠠᠲᠤᠯᠠᠬᠤ ᠎ᠶᠢᠨ ᠲᠥᠯᠥᠭᠡ᠂ ᠮᠠᠨ ᠎ᠤ ᠣᠷᠣᠨ ᠲᠦᠷᠬᠡᠨ᠎ᠤ ᠵᠠᠰᠠᠮᠠᠯ ᠵᠠᠮ ᠎ᠤᠨ ᠦᠢᠯᠡᠴᠢᠯᠡᠭᠡᠨ ᠎ᠤ ᠲᠣᠭᠣᠷᠢᠭ᠋᠎ᠲᠤ 1827 ᠴᠠᠬᠢᠯᠭᠠᠨ ᠴᠡᠨᠡᠭᠯᠡᠬᠦ ᠲᠥᠬᠦᠭᠡᠷᠦᠮᠵᠢ ᠨᠡᠮᠡᠵᠦ ᠤᠬᠰᠠᠷᠠᠪᠠ᠃

✦ᠥᠪᠥᠷ ᠮᠣᠩᠭᠣᠯ᠎ᠤᠨ ᠣᠨᠴᠠ ᠥᠨᠳᠥᠷ ᠬᠦᠴᠦᠳᠡᠯᠲᠦ ᠴᠠᠬᠢᠯᠭᠠᠨ ᠲᠣᠣᠷ᠎ᠤᠨ 2026 ᠣᠨ᠎ᠤ ᠨᠢᠭᠡᠳᠦᠭᠡᠷ ᠰᠠᠷ᠎ᠠ᠎ᠶᠢᠨ ᠭᠠᠳᠠᠭ᠍ᠰᠢ ᠬᠦᠷᠭᠡᠭᠰᠡᠨ ᠴᠠᠬᠢᠯᠭᠠᠨ᠎ᠤ ᠬᠡᠮᠵᠢᠶ᠎ᠡ 192.28 ᠳ᠋ᠦᠩᠰᠢᠭᠤᠷ ᠭᠷᠡᠳᠦ᠋ᠰ᠎ᠲᠦ ᠬᠦᠷᠴᠦ᠂ ᠨᠢᠳᠤᠨᠤᠨ ᠎ᠤ ᠠᠳᠠᠯᠢ ᠬᠤᠭᠤᠴᠠᠭᠠᠨ ᠎ᠤ ᠬᠢ᠎ᠡᠴᠡ 22.37% ᠪᠡᠷ ᠨᠡᠮᠡᠭᠳᠡᠵᠦ᠂ ᠲᠡᠦᠬᠡ ᠎ᠶᠢᠨ ᠠᠳᠠᠯᠢ ᠬᠤᠭᠤᠴᠠᠭᠠᠨ᠎ᠤ ᠬᠠᠮᠤᠭ᠎ᠤᠨ ᠥᠨᠳᠥᠷ ᠲᠡᠮᠳᠡᠭᠯᠡᠯ ᠎ᠢ ᠡᠭᠦᠳᠦᠭᠰᠡᠨ ᠪᠥᠭᠡᠳ ᠭᠠᠳᠠᠭ᠍ᠰᠢ ᠬᠦᠷᠭᠡᠭᠰᠡᠨ ᠴᠠᠬᠢᠯᠭᠠᠨ᠎ᠤ ᠬᠡᠮᠵᠢᠶ᠎ᠡ ᠪᠦᠬᠦ ᠤᠯᠤᠰ᠎ᠤᠨ ᠲᠦᠷᠦᠭᠦᠨ᠎ᠳᠦ ᠣᠷᠣᠪᠠ᠃


6616-ee22026acb7460f13e34d76188376b4b.png


✦ᠪᠤᠭᠤᠲᠤ ᠎ᠠᠴᠠ ᠢᠷᠭᠠᠢ ᠬᠦᠷᠬᠦ ᠳᠦᠷᠭᠡᠨ᠎ᠤ ᠲᠡᠮᠦᠷ ᠵᠠᠮ᠎ᠤᠨ ᠬᠢᠨ ᠴᠠᠭᠠᠨ ᠰᠠᠷ᠎ᠠ ᠎ᠶᠢᠨ ᠠᠮᠠᠷᠠᠯᠳᠠ ᠵᠢᠨ ᠬᠤᠭᠤᠴᠠᠭᠠᠨ᠎ᠳᠤ ᠡᠳᠦᠷ ᠲᠤᠲᠤᠮ ᠎ᠤᠨ ᠴᠠᠬᠢᠯᠭᠠᠨ ᠬᠥᠳᠡᠯᠭᠡᠭᠦᠷᠳᠦ ᠴᠤᠪᠤᠭ᠎ᠠ ᠲᠡᠷᠭᠡ ᠎ᠶᠢ 32 ᠬᠣᠣᠰ᠂ ᠠᠶᠠᠨᠴᠢᠳ ᠎ᠤᠨ ᠣᠷᠭᠢᠯ ᠬᠤᠭᠤᠴᠠᠭᠠᠨ ᠎ᠤ ᠴᠠᠬᠢᠯᠭᠠᠨ ᠬᠥᠳᠡᠯᠭᠡᠭᠦᠷᠳᠦ ᠴᠤᠪᠤᠭ᠎ᠠ ᠲᠡᠷᠭᠡ ᠵᠢ 6 ᠬᠣᠣᠰ ᠨᠡᠮᠡᠨ ᠲᠣᠬᠢᠷᠠᠭᠤᠯᠵᠤ᠂ ᠴᠢᠩ ᠾᠧ᠂ ᠲᠠᠢᠶᠤᠸᠠᠨ ᠡᠮᠦᠨ᠎ᠠ ᠥᠷᠲᠡᠭᠡ᠂ ᠰᠢ ᠠᠨ ᠬᠣᠢᠲᠤ ᠥᠷᠲᠡᠭᠡ᠂ ᠯᠠᠨᠵᠧᠦ ᠪᠠᠷᠠᠭᠤᠨ ᠥᠷᠲᠡᠭᠡ᠂ ᠰᠢᠨᠢᠩ ᠵᠡᠷᠭᠡ ᠭᠠᠵᠠᠷ ᠬᠦᠷᠬᠦ ᠠᠶᠠᠨᠴᠢᠳ᠎ᠲᠤ ᠳᠥᠭᠥᠮ ᠦᠵᠡᠭᠦᠯᠬᠦ᠎ᠪᠡᠷ ᠪᠣᠢ᠃

✦ᠤᠢᠷ᠎ᠠ᠎ᠳᠤ ᠵᠠᠯᠠᠨ ᠠᠢᠯ ᠬᠤᠳᠠ ᠵᠢᠨ 100 ᠲᠦᠮᠡᠨ ᠺᠢᠯᠦᠸᠠᠲ᠎ᠤᠨ ᠰᠠᠯᠬᠢᠨ ᠬᠦᠴᠦ᠎ᠪᠠᠷ ᠴᠠᠬᠢᠯᠭᠠᠨ ᠭᠠᠷᠭᠠᠬᠤ ᠪᠠ ᠡᠨᠧᠷᠭᠢ ᠨᠥᠭᠡᠴᠡᠯᠡᠬᠦ ᠰᠠᠭᠤᠷᠢᠨ ᠎ᠤ 500 ᠺᠢᠯᠣᠸᠠᠲ᠎ᠤᠨ ᠴᠠᠬᠢᠯᠭᠠᠨ ᠳᠠᠮᠵᠢᠭᠤᠯᠬᠤ ᠲᠦᠷᠦᠯ ᠵᠤᠢᠯ ᠴᠠᠬᠢᠯᠭᠠᠨ ᠳᠠᠮᠵᠢᠭᠤᠯᠵᠤ ᠡᠬᠢᠯᠡᠪᠡ᠃ ᠡᠨᠡ ᠨᠢ ᠬᠥᠯᠥᠨ ᠪᠤᠢᠷ ᠬᠣᠲᠠ᠎ᠶᠢᠨ ᠴᠡᠪᠡᠷ ᠡᠨᠧᠷᠭᠢ ᠎ᠶᠢ ᠭᠠᠳᠠᠭ᠍ᠰᠢ ᠳᠠᠮᠵᠢᠭᠤᠯᠬᠤ ᠪᠠᠰᠠ ᠨᠢᠭᠡᠨ ᠵᠠᠮ ᠠᠮᠵᠢᠯᠲᠠᠲᠠᠶ ᠨᠡᠪᠲᠡᠷᠡᠭᠰᠡᠨ᠎ᠢ ᠬᠠᠷᠠᠭᠤᠯᠵᠤ ᠪᠠᠢᠨ᠎ᠠ ᠃


854be54ad9c9427cad38387dde93a43b~tplv-tt-origin-web_gif.jpeg


✦ᠤᠲᠤᠭ ᠬᠣᠰᠢᠭᠤᠨ ᠎ᠤ ᠤᠯᠠᠭᠠᠨ ᠵᠠᠭᠠᠯᠮᠠᠶ᠋ᠢᠲᠠᠨ ᠎ᠤ ᠨᠡᠢᠭᠡᠮᠯᠢᠭ ᠎ᠤᠨ ᠬᠢᠨ ᠤᠷᠴᠢᠮᠬᠠᠨ 33.86 ᠲᠦᠮᠡᠨ ᠲᠥᠭᠥᠷᠢᠭ ᠎ᠦᠨ ᠬᠠᠢᠷ᠎ᠠ ᠬᠠᠯᠠᠮᠵᠢ ᠬᠦᠷᠭᠡᠵᠦ᠂ ᠵᠢᠱ᠌ᠢᠯᠳᠡ ᠪᠡᠷ 6000 ᠭᠠᠷᠤᠢ ᠬᠦᠴᠢᠷᠳᠡᠯᠲᠡᠢ ᠤᠯᠠᠨ ᠲᠦᠮᠡᠨ᠎ᠳᠤ ᠠᠰᠢᠭ ᠬᠦᠷᠳᠡᠭᠡᠬᠦ ᠪᠡᠷ ᠪᠠᠢᠨ᠎ᠠ᠃

 

 ᠠᠵᠤ ᠠᠬᠤᠢ 


✦2025 ᠣᠨ ᠎ᠳᠤ ᠪᠠᠶᠠᠨᠨᠠᠭᠤᠷ ᠬᠣᠲᠠ ᠣᠷᠣᠨ᠎ᠤ ᠭᠠᠳᠠᠨ᠎ᠠ᠎ᠠᠴᠠ 268 ᠳ᠋ᠦᠩᠰᠢᠭᠤᠷ ᠲᠥᠭᠥᠷᠢᠭ᠎ᠦᠨ ᠪᠡᠯᠡ ᠮᠥᠩᠭᠥ ᠣᠷᠣᠭᠤᠯᠤᠨ ᠠᠪᠴᠢᠷᠠᠪᠠ᠃

✦2025 ᠣᠨ᠎ᠳᠤ᠂ ᠣᠷᠳᠣᠰ ᠬᠣᠲᠠ᠎ᠶᠢᠨ ᠳᠠᠯᠠᠳ ᠬᠣᠰᠢᠭᠤᠨ᠎ᠤ 9 ᠰᠤᠮᠤ ᠪᠠᠯᠭᠠᠰᠤ ᠵᠢᠨ 77 ᠭᠠᠴᠠᠭ᠎ᠠ ᠲᠣᠰᠬᠣᠨ᠎ᠳᠤ 《ᠨᠢᠭᠡᠳᠦᠯᠲᠡᠢ ᠲᠠᠷᠢᠵᠤ ᠬᠠᠮᠲᠤ᠎ᠪᠠᠷ ᠪᠠᠶᠠᠵᠢᠬᠤ》ᠭᠠᠵᠠᠷ ᠰᠢᠷᠣᠢ ᠬᠣᠷᠰᠢᠨ ᠡᠵᠡᠩᠨᠡᠬᠦ ᠵᠠᠭᠪᠤᠷ᠎ᠢ ᠬᠡᠷᠡᠭᠵᠢᠭᠦᠯᠦᠨ ᠦᠷ᠎ᠡ ᠠᠰᠢᠭ᠋ ᠣᠯᠵᠤ᠂ ᠡᠳᠡᠭᠡᠷ ᠭᠠᠴᠠᠭ᠎ᠠ ᠳᠤᠰᠬᠤᠨ ᠎ᠤ ᠲᠠᠷᠢᠶᠠᠴᠢᠳ᠎ᠲᠤ 4 ᠳ᠋ᠦᠩᠰᠢᠭᠤᠷ 2700 ᠲᠦᠮᠡᠨ ᠲᠥᠭᠥᠷᠢᠭ᠎ᠦᠨ ᠠᠰᠢᠭ᠋ ᠬᠤᠪᠢᠶᠠᠷᠢᠯᠠᠵᠠᠢ᠃


640.png


ᠰᠤᠶᠤᠯ  


✦ᠤᠢᠷ᠎ᠠ᠎ᠳᠤ ᠣᠷᠳᠣᠰ ᠬᠣᠲᠠ᠎ᠶᠢᠨ ᠲᠤᠷᠰᠢᠯᠲᠠ ᠎ᠶᠢᠨ ᠪᠠᠭ᠎ᠠ ᠰᠤᠷᠭᠠᠭᠤᠯᠢ᠎ᠶᠢᠨ ᠰᠤᠷᠤᠭ᠍ᠴᠢᠳ 2026 ᠣᠨ ᠎ᠤ ᠪᠦᠬᠥ ᠤᠯᠤᠰ᠎ᠤᠨ ᠬᠡᠦᠬᠡᠳ ᠪᠠᠭᠠᠴᠤᠳ᠎ᠦᠨ ᠴᠠᠭᠠᠨ ᠰᠠᠷ᠎ᠠ᠎ᠶᠢᠨ ᠦᠳᠡᠰᠢᠯᠡᠭᠡ ᠎ᠳᠦ ᠣᠷᠣᠯᠴᠠᠵᠤ᠂ ᠦᠵᠡᠭᠴᠢ  ᠲᠦᠮᠡᠨ᠎ᠳᠦ ᠤᠷ᠎ᠠ ᠠᠪᠢᠶᠠᠰ᠎ᠵᠢᠡᠨ ᠭᠠᠢᠬᠠᠭᠤᠯᠤᠯ᠎ᠠ᠃

✦2 ᠰᠠᠷ᠎ᠠ ᠵᠢᠨ 7᠎ᠤ ᠡᠳᠦᠷ᠂ 2026 ᠣᠨ᠎ᠤ ᠪᠠᠶᠠᠨᠨᠠᠭᠤᠷ ᠬᠣᠲᠠ᠎ᠶᠢᠨ ᠴᠠᠭᠠᠨ ᠰᠠᠷ᠎ᠠ᠎ᠶᠢᠨ ᠦᠳᠡᠰᠢᠯᠡᠭᠡ᠎ᠶᠢᠨ ᠰᠢᠩᠭᠡᠭᠡᠯᠳᠡ ᠵᠢᠨ  ᠠᠩᠬ᠎ᠠ ᠤᠳᠠᠭᠠᠨ ᠎ᠤ ᠬᠠᠮᠲᠤᠷᠠᠭᠰᠠᠨ ᠪᠣᠯᠪᠠᠰᠤᠷᠠᠯ ᠶᠠᠪᠤᠭᠳᠠᠪᠠ᠃


640 (2)_.jpg


✦ᠰᠢᠯᠤᠭᠤᠨ ᠬᠥᠬᠡ ᠬᠣᠰᠢᠭᠤᠨ᠎ᠤ ᠵᠢᠭᠠᠰᠤᠲᠠᠢ ᠰᠤᠮᠤᠨ᠎ᠤ ᠪᠠᠶᠠᠨ᠌ᠤ᠋ᠯᠠᠭᠠᠨ ᠭᠠᠴᠠᠭᠠᠨ᠎ᠤ ᠮᠠᠯᠴᠢᠨ ᠢᠷᠠᠭᠤ ᠪᠣᠯ ᠨᠤᠲᠤᠭ ᠤᠰᠤᠨ᠎ᠳᠠᠭᠠᠨ ᠨᠠᠷᠠᠲᠠᠢ ᠨᠣᠮ᠎ᠤᠨ ᠬᠣᠷᠣᠬᠠᠶ᠋ᠢᠲᠠᠨ ᠪᠠᠢᠵᠤ᠂ ᠥᠨᠥ ᠵᠢᠯ ᠪᠣᠯᠬᠤ᠎ᠳᠤ 3000 ᠭᠠᠷᠤᠢ ᠨᠣᠮ᠎ᠤᠨ ᠬᠠᠳᠠᠭᠠᠯᠠᠮᠵᠢ᠎ᠲᠠᠢ ᠪᠣᠯᠵᠤ᠂ ᠠᠢᠯ ᠠᠢᠮᠠᠭ᠎ᠤᠨ ᠬᠢᠨ ᠳ᠋ᠠᠭᠠᠨ《ᠨᠣᠮ᠎ᠲᠠᠢ ᠠᠢᠯ 》 ᠭᠡᠵᠦ ᠱᠠᠭᠰᠢᠭ᠍ᠳᠠᠵᠤ ᠶᠠᠪᠤᠨ᠎ᠠ ᠃


640.jpg


ᠲᠠᠮᠢᠷ

✦2 ᠰᠠᠷ᠎ᠠ ᠵᠢᠨ 8᠎ᠤ ᠡᠳᠦᠷ᠂ 2026 ᠫᠢᠩᠫᠠᠩ ᠪᠥᠮᠪᠥᠭᠡ᠎ᠶᠢᠨ ᠠᠽᠢᠶ᠎ᠠ ᠲᠢᠪ ᠬᠤᠨᠳᠠᠭᠠᠲᠤ ᠤᠷᠤᠯᠳᠤᠭᠠᠨ᠎ᠤ ᠡᠮᠡᠭᠲᠡᠢ᠎ᠶᠢᠨ ᠳᠠᠩ ᠵᠢᠡᠷ ᠴᠤᠬᠢᠬᠤ ᠰᠢᠢᠳᠪᠦᠷᠢᠲᠦ ᠤᠷᠤᠯᠳᠤᠭᠠᠨ᠎ᠳᠤ ᠰᠦᠨ ᠶᠢᠩ ᠱᠠ 4᠄ 3 ᠎ᠪᠠᠷ ᠸᠠᠩ ᠮᠠᠨ ᠢᠤᠢ᠎ᠢ ᠢᠯᠠᠵᠤ ᠮᠠᠩᠯᠠᠢᠯᠠᠪᠠ᠃ ᠡᠷᠡᠭᠳᠠᠢ ᠵᠢᠨ ᠳᠠᠩ ᠵᠢᠡᠷ ᠴᠤᠬᠢᠬᠤ ᠰᠢᠢᠳᠪᠦᠷᠢᠲᠦ ᠤᠷᠤᠯᠳᠤᠭᠠᠨ᠎ᠳᠤ ᠸᠠᠩ ᠴᠸ ᠴᠢᠨ 4᠄ 2 ᠎ᠢᠶᠠᠷ ᠶᠠᠫᠤᠨ᠎ᠤ ᠲᠠᠮᠢᠷᠴᠢᠨ ᠎ᠢ ᠢᠯᠠᠵᠤ ᠮᠠᠩᠯᠠᠢᠯᠠᠪᠠ᠃

ᠲᠡᠯᠡᠬᠡᠢ 

✦ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠳ᠋ᠠᠨᠮᠠᠷᠺ᠎ᠤᠨ ᠠᠯᠪᠠᠨ ᠲᠤᠰᠢᠶᠠᠯᠲᠠᠨ ᠲᠦᠷᠦᠬᠦᠬᠡᠨ ᠢᠯᠡᠷᠬᠡᠢᠯᠡᠬᠦ᠎ᠳᠡᠭᠡᠨ᠂ ᠬᠡᠳᠦᠢᠪᠡᠷ ᠠᠮᠧᠷᠢᠺᠠ᠎ᠲᠠᠢ ᠭᠠᠳᠠᠭᠠᠳᠤ ᠬᠠᠷᠢᠯᠴᠠᠭᠠᠨ᠎ᠤ ᠶᠠᠷᠢᠯᠴᠠᠭ᠎ᠠ᠎ᠪᠠᠨ ᠡᠬᠢᠯᠡᠭᠦᠯᠦᠭᠰᠡᠨ ᠪᠣᠯᠪᠠᠴᠤ ᠳ᠋ᠠᠨᠮᠠᠷᠺ᠎ᠤᠨ ᠲᠠᠯ᠎ᠠ᠎ᠶᠢᠨ ᠬᠢᠨ ᠠᠮᠧᠷᠢᠺᠠ᠎ᠲᠠᠢ ᠭᠷᠢᠨᠯᠠᠨᠳ᠋ ᠠᠷᠠᠯ᠎ᠤᠨ ᠲᠤᠬᠠᠢ ᠬᠡᠯᠡᠯᠴᠡᠭᠡ ᠬᠢᠬᠦ ᠵᠢᠱᠶ᠋ᠭᠰᠡᠨ ᠳ᠋ᠡᠭᠡᠨ ᠭᠦᠷᠦᠭᠰᠡᠨ ᠦᠭᠡᠢ ᠭᠡᠵᠡᠢ᠃

 

ᠦᠢᠯᠡᠴᠢᠯᠡᠭᠡ 

✦ᠯᠢᠶᠠᠩᠴᠸᠩ ᠰᠢᠶᠠᠨ ᠨᠡᠢᠳᠡ ᠵᠢᠨ ᠠᠰᠠᠷᠠᠮᠵᠢ ᠵᠢᠨ ᠴᠢᠨᠠᠷᠳᠠᠢ ᠠᠵᠢᠯ᠎ᠤᠨ ᠪᠠᠢᠷᠢ᠎ᠳᠤ ᠠᠵᠢᠯᠳᠠᠨ ᠡᠯᠰᠡᠵᠤ ᠪᠤᠢ᠃ 

 

ᠲᠠᠨ ᠎ᠤ ᠲᠤᠰᠡ ᠳ᠋ᠤ 

✦ᠴᠢᠰᠤᠨ ᠰᠤᠳᠠᠯ ᠎ᠤᠨ ᠬᠠᠮᠠᠭᠠᠯᠠᠯᠲᠠ ᠎ᠳᠤ ᠠᠰᠢᠭ᠍ᠲᠠᠢ 5 ᠲᠥᠷᠥᠯ᠎ᠤᠨ ᠢᠳᠡᠭᠡᠨ᠄

1. ᠭᠦᠨ ᠳᠠᠯᠠᠢ᠎ᠶᠢᠨ ᠵᠢᠭᠠᠰᠤ

2. ᠬᠠᠲᠠᠭᠤᠯᠢᠭ᠋ ᠵᠢᠮᠢᠰ

3. ᠴᠠᠢ᠂ ᠺᠣᠹᠧ

4. ᠯᠠᠵᠤᠤ

5. ᠨᠣᠭᠣᠭ᠎ᠠ ᠵᠢᠮᠢᠰ

 

ᠵᠠᠯᠭᠠᠭᠠᠳ 《ᠭᠤᠪᠢ ᠵᠢᠨ ᠤᠶᠠᠬᠠᠨ ᠵᠡᠷᠭᠡᠯᠭᠡᠨ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠨᠡᠪᠳᠡᠷᠡᠭᠦᠯᠬᠡ ᠮᠠᠨᠢ ᠲᠠ ᠪᠦᠬᠦᠨ᠎ᠳᠦ ᠲᠠᠭᠠᠯᠠᠬᠳᠠᠬᠰᠠᠨ ᠪᠤᠯ ᠤᠳᠤᠨ ᠳᠡᠮᠳᠡᠭ ᠱᠠᠩᠨᠠᠵᠤ ᠪᠢᠳᠡᠨ᠎ᠳᠤ ᠤᠷᠮ᠎ᠠ ᠬᠠᠢᠷᠠᠯᠠᠭᠠᠷᠠᠢ! ᠲᠠ ᠪᠦᠬᠦᠨ ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠦ  ᠪᠠᠶᠠᠷᠯᠠᠯ᠎ᠠ᠂  ᠪᠠᠶᠠᠷᠳᠠᠢ︕

 


ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号