2 ᠰᠠᠷ᠎ᠠ ᠵᠢᠨ 11 ᠎ᠤ ᠡᠳᠤᠷ
ᠡᠬᠢᠯᠡᠬᠦ᠌ ᠴᠠᠭ᠄
2026-02-11 10:43:49
ᠨᠠᠶ᠋ᠢᠷᠠᠭᠤᠯᠤᠭᠴᠢ ᠄
ᠭᠢᠯᠪᠡᠭᠡᠨ
ᠨᠡᠪᠲᠡᠷᠡᠬᠦᠯᠦᠭᠴᠢ ᠄
ᠭᠢᠯᠪᠡᠭᠡᠨ
ᠮᠡᠷᠭᠡᠵᠢᠯ ᠄

ᠤᠩᠰᠢᠭᠰᠠᠨ ᠤᠳᠠᠭ᠎ᠠ᠄



ᠨᠡᠢᠭᠡᠮ                                   

✦ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ ᠵᠡᠷᠭᠡ 7 ᠰᠠᠯᠠᠭ᠎ᠠ ᠮᠥᠴᠢᠷ ᠮᠧᠶ ᠲᠣᠸᠠᠨ᠂ ᠲᠤᠤ ᠪᠦᠦ ᠱᠠᠨ ᠭᠧᠦ ᠵᠡᠷᠭᠡ 16 ᠠᠵᠤ ᠠᠬᠤᠢᠯᠠᠯ᠎ᠳᠤ ᠠᠵᠢᠯᠴᠢᠨ ᠬᠡᠷᠡᠭᠯᠡᠬᠦ ᠵᠠᠰᠠᠭ ᠵᠠᠬᠢᠷᠭᠠᠨ᠎ᠤ ᠵᠢᠯᠣᠭᠣᠳᠤᠯᠭ᠎ᠠ ᠬᠢᠵᠦ᠂ ᠰᠢᠨ᠎ᠡ ᠬᠡᠯᠪᠡᠷᠢ ᠎ᠶᠢᠨ ᠠᠵᠢᠯ ᠣᠯᠭᠣᠯᠲᠠ᠎ᠶᠢᠨ ᠬᠥᠳᠡᠯᠮᠦᠷᠢᠴᠢᠳ᠎ᠦᠨ ᠡᠷᠬᠡ ᠠᠰᠢᠭ᠋᠎ᠢ ᠦᠨᠡᠨ ᠬᠦ᠌ ᠰᠠᠢᠲᠤᠷ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃

✦ ᠲᠥᠪ ᠎ᠤᠨ ᠤᠬᠠᠭᠤᠯᠬᠤ ᠬᠡᠯᠲᠡᠰ ᠵᠡᠷᠭᠡ 5 ᠰᠠᠯᠠᠭ᠎ᠠ ᠮᠥᠴᠢᠷ ᠬᠠᠮᠲᠤᠷᠠᠨ 《ᠰᠢ ᠵᠦᠴᠦᠭᠡ ᠎ᠶᠢ ᠬᠥᠭᠵᠢᠭᠦᠯᠦᠨ ᠮᠠᠨᠳᠤᠭᠤᠯᠬᠤ ᠭᠤᠷᠪᠠᠨ ᠵᠢᠯ ᠎ᠦᠨ ᠠᠵᠢᠯᠯᠠᠭᠠᠨ ᠎ᠤ ᠲᠥᠯᠥᠪᠯᠡᠭᠡ ( 2026—2028 ᠣᠨ ) 》 ᠶ᠋ᠢ ᠳᠠᠷᠤᠮᠠᠯᠯᠠᠨ ᠲᠠᠷᠬᠠᠭᠠᠪᠠ᠃


640.png


✦ᠣᠢᠷ᠎ᠠ᠎ᠳᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ ᠵᠡᠷᠭᠡ 3 ᠰᠠᠯᠠᠭ᠎ᠠ ᠮᠥᠴᠢᠷ ᠭᠠᠷᠴᠠᠭ ᠨᠡᠢᠲᠡᠯᠡᠵᠦ᠂ 5 ᠶᠡᠬᠡ ᠲᠥᠷᠥᠯ᠎ᠦᠨ 14 ᠪᠠᠭ᠎ᠠ ᠲᠥᠷᠥᠯ ᠎ᠦᠨ ᠰᠢᠩᠭᠡᠨ ᠪᠡᠶᠡᠲᠦ ᠢᠳᠡᠭᠡᠨ ᠎ᠳᠦ ᠵᠠᠮ ᠳᠡᠭᠡᠷ᠎ᠡ ᠰᠤᠯᠠ ᠲᠡᠭᠡᠭᠡᠪᠦᠷᠢᠯᠡᠵᠤ ᠪᠤᠯᠬᠤ ᠵᠥᠪᠰᠢᠶᠡᠷᠡᠯ᠎ᠤᠯᠭᠤᠪᠠ᠃

✦ᠪᠤᠭᠤᠲᠤ ᠪᠣᠭᠣᠮᠲᠠ ᠎ᠶᠢᠨ ᠮᠡᠳᠡᠭᠡ ᠎ᠶᠢ ᠦᠨᠳᠦᠰᠦᠯᠡᠪᠡᠯ᠂ 2026 ᠣᠨ ᠎ᠤ 1 ᠰᠠᠷ᠎ᠠ᠎ᠶᠢᠨ 31᠎ᠦ ᠡᠳᠦᠷ ᠪᠣᠯᠲᠠᠯ᠎ᠠ᠂ ᠮᠠᠨᠳᠤᠯ ᠪᠣᠭᠣᠮᠲᠠ ᠎ᠵᠢᠨ ᠪᠠᠷᠠᠭ᠎ᠠ ᠥᠩᠭᠡᠷᠡᠭᠦᠯᠦᠭᠰᠡᠨ ᠬᠡᠮᠵᠢᠶ᠎ᠡ ᠨᠢᠭᠡᠨᠲᠡ 100 ᠲᠦᠮᠡᠨ ᠲᠣᠨ᠎ᠢ ᠳᠠᠪᠠᠵᠤ᠂ 126.26 ᠲᠦᠮᠡᠨ ᠲᠣᠨ᠎ᠳᠤ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 147%᠎ᠪᠠᠷ ᠨᠡᠮᠡᠭᠳᠡᠵᠦ᠂ ᠨᠢᠭᠡ ᠡᠳᠦᠷ ᠎ᠦᠨ ᠪᠠᠷᠠᠭ᠎ᠠ ᠥᠩᠭᠡᠷᠡᠭᠦᠯᠦᠭᠰᠡᠨ ᠬᠠᠮᠤᠭ᠎ᠤᠨ ᠥᠨᠳᠥᠷ ᠬᠡᠮᠵᠢᠶ᠎ᠡ 6.59 ᠲᠦᠮᠡᠨ ᠲᠣᠨ᠎ᠳᠤ ᠬᠦᠷᠴᠦ᠂ ᠨᠢᠭᠡ ᠡᠳᠦᠷ᠎ᠦᠨ ᠪᠠᠷᠠᠭ᠎ᠠ ᠥᠩᠭᠡᠷᠡᠭᠦᠯᠦᠭᠰᠡᠨ ᠬᠡᠮᠵᠢᠶ᠎ᠡ ᠪᠣᠯᠣᠨ ᠨᠢᠭᠡ ᠰᠠᠷ᠎ᠠ᠎ᠶᠢᠨ ᠪᠠᠷᠠᠭ᠎ᠠ ᠥᠩᠭᠡᠷᠡᠭᠦᠯᠦᠭᠰᠡᠨ ᠬᠡᠮᠵᠢᠶ᠎ᠡ ᠴᠥᠮ ᠲᠡᠦᠬᠡ᠎ᠶᠢᠨ ᠠᠳᠠᠯᠢ ᠬᠤᠭᠤᠴᠠᠭᠠᠨ᠎ᠤ ᠰᠢᠨ᠎ᠡ ᠲᠡᠮᠳᠡᠭᠯᠡᠯ᠎ᠢ ᠡᠭᠦᠳᠪᠡ᠃


QQ20260211-105500.png


✦ᠰᠢᠯᠢᠩᠬᠣᠲᠠ ᠎ᠶᠢᠨ ᠨᠡᠢᠭᠡᠮ ᠎ᠦᠨ ᠳᠠᠭᠠᠳᠬᠠᠯ ᠎ᠤᠨ ᠦᠢᠯᠡᠰ᠎ᠦᠨ ᠦᠢᠯᠡᠴᠢᠯᠡᠭᠡᠨ ᠎ᠦ ᠲᠥᠪ ᠲᠦᠷᠦᠭᠦᠬᠡᠨ ᠮᠡᠳᠡᠭᠳᠡᠯ ᠨᠡᠢᠲᠡᠯᠡᠵᠦ᠂ ᠠᠵᠤ ᠠᠬᠤᠢᠯᠠᠯ᠎ᠤᠨ ᠠᠵᠢᠯᠲᠠᠨ ᠠᠵᠢᠯᠴᠢᠨ᠎ᠤ ᠨᠠᠰᠤᠵᠢᠯ᠎ᠤᠨ ᠠᠰᠠᠷᠠᠮᠵᠢ᠎ᠶᠢᠨ ᠳᠠᠭᠠᠳᠬᠠᠯ᠎ᠤᠨ ᠠᠵᠢᠯ᠎ᠠᠴᠠ᠎ᠪᠠᠨ ᠠᠮᠠᠷᠠᠬᠤ ᠤᠷᠢᠳᠴᠢᠯᠠᠨ ᠦᠢᠯᠡᠴᠢᠯᠡᠬᠦ ᠠᠵᠢᠯ᠎ᠢ ᠡᠬᠢᠯᠡᠭᠦᠯᠪᠡ᠃ ᠦᠢᠯᠡᠴᠢᠯᠡᠬᠦ ᠡᠲᠡᠭᠡᠳ ᠨᠢ 2026 ᠣᠨ᠎ᠳᠤ ᠠᠵᠤ ᠠᠬᠤᠢᠯᠠᠯ ᠎ᠤᠨ  ᠠᠵᠢᠯᠲᠠᠨ ᠠᠵᠢᠯᠴᠢᠨ᠎ᠤ ᠨᠠᠰᠤᠵᠢᠯ ᠎ᠤᠨ ᠠᠰᠠᠷᠠᠮᠵᠢ ᠎ᠶᠢᠨ ᠳᠠᠭᠠᠳᠬᠠᠯ᠎ᠤᠨ ᠠᠵᠢᠯ᠎ᠠᠴᠠ᠎ᠪᠠᠨ ᠠᠮᠠᠷᠠᠬᠤ ᠭᠠᠷ ᠭᠦᠢᠴᠡᠳᠬᠡᠯ ᠎ᠢ ᠭᠦᠢᠴᠡᠳᠬᠡᠬᠦ ᠎ᠪᠡᠷ ᠪᠠᠢᠭ᠎ᠠ ᠰᠢᠯᠢᠩᠬᠣᠲᠠ ᠎ᠶᠢᠨ ᠳᠠᠭᠠᠳᠬᠠᠯ ᠳ᠋ᠦ ᠣᠷᠣᠯᠴᠠᠭᠰᠠᠳ ᠪᠠᠢᠵᠤ᠂ ᠡᠭᠦᠨ᠎ᠳᠦ ᠠᠵᠤ ᠠᠬᠤᠢᠯᠠᠯ᠎ᠤᠨ ᠠᠵᠢᠯᠯᠠᠵᠤ ᠪᠠᠢᠭ᠎ᠠ ᠠᠵᠢᠯᠲᠠᠨ ᠠᠵᠢᠯᠴᠢᠨ᠂ ᠠᠮᠢᠳᠤᠯᠢᠭ᠎ᠵᠢᠡᠷ ᠠᠵᠢᠯ ᠣᠯᠣᠭᠰᠠᠳ ᠪᠠᠭᠲᠠᠨ᠎ᠠ᠃

✦2 ᠰᠠᠷ᠎ᠠ᠎ᠶᠢᠨ 9᠎ᠦ ᠡᠳᠦᠷ᠂ ᠠᠩᠬᠠᠳᠤᠭᠠᠷ ᠬᠤᠭᠤᠴᠠᠭᠠᠨ ᠎ᠤ ᠪᠦᠬᠦ ᠪᠥᠮᠪᠥᠷᠴᠡᠭ᠎ᠦᠨ ᠬᠥᠮᠥᠨ ᠳᠦᠷᠰᠦᠲᠦ ᠮᠠᠰᠢᠨ ᠬᠥᠮᠥᠨ᠎ᠦ ᠴᠢᠯᠦᠭᠡᠲᠦ ᠲᠡᠮᠡᠴᠡᠭᠡᠨ᠎ᠦ ᠬᠣᠯᠪᠣᠭᠠᠲᠤ ᠤᠷᠤᠯᠳᠤᠭᠠᠨ(URKL)᠎ᠤ ᠨᠡᠢᠲᠡᠯᠡᠯ ᠎ᠤᠨ ᠬᠤᠷᠠᠯ ᠱᠸᠨᠵᠸᠨ᠎ᠳᠦ ᠶᠠᠪᠤᠭᠳᠠᠪᠠ᠃


QQ20260211-105512.png


✦ᠤᠢᠷ᠎ᠠ᠎ᠳᠦ ᠤᠷᠲᠤᠰ ᠬᠤᠲᠠ᠎ᠵᠢᠨ ᠬᠢᠶ᠎ᠠ ᠪᠠᠭᠰᠢ ᠲᠤᠭᠤᠷᠢᠭ ᠎ᠤᠨ ᠵᠢᠨ ᠴᠸᠨ ᠤᠯᠠᠨ ᠤᠯᠤᠰ᠎ᠤᠨ ᠠᠷᠠᠯᠵᠢᠶ᠎ᠠ ᠬᠤᠳᠠᠯᠳᠤᠭᠠᠨ ᠎ᠤ ᠲᠥᠪ᠎ᠲᠦ ᠤᠯᠠᠨ ᠤᠯᠤᠰ᠎ᠤᠨ ᠪᠠᠷᠠᠭ᠎ᠠ ᠲᠠᠸᠠᠷ᠎ᠤᠨ ᠦᠵᠡᠰᠬᠦᠯᠡᠩ ᠬᠤᠳᠠᠯᠳᠤᠭ᠎ᠠ ᠡᠬᠢᠯᠡᠵᠦ᠂ 2 ᠰᠠᠷ᠎ᠠ᠎ᠵᠢᠨ 15᠎ᠤ ᠡᠳᠦᠷ ᠪᠤᠯᠲᠠᠯ᠎ᠠ ᠶᠠᠪᠤᠭᠳᠠᠬᠤ ᠪᠤᠯᠤᠨ᠎ᠠ᠃

✦ᠲᠦᠷᠦᠭᠦᠬᠡᠨ ᠪᠠᠶᠠᠨᠨᠠᠭᠤᠷ ᠬᠤᠲᠠ᠎ᠵᠢᠨ ᠤᠷᠠᠳ᠎ᠤᠨ ᠬᠤᠢᠲᠤ ᠬᠤᠰᠢᠭᠤᠨ ᠎ᠤ ᠬᠤᠶᠠᠳᠤᠭᠠᠷ ᠬᠡᠦᠬᠡᠳ᠎ᠤᠨ ᠴᠡᠴᠡᠷᠯᠢᠭ ᠬᠤᠰᠢᠭᠤᠨ ᠎ᠤ ᠎ᠪᠡᠨ ᠠᠵᠢᠯᠴᠢᠨ᠎ᠤ ᠶᠡᠷᠦᠩᠬᠡᠢ ᠡᠪᠯᠡᠯ ᠲᠠᠢ ᠬᠠᠮᠲᠤᠷᠠᠨ ᠡᠪᠦᠯ᠎ᠤᠨ ᠠᠮᠠᠷᠠᠯᠲᠠ᠎ᠵᠢᠨ ᠨᠡᠢᠲᠡ᠎ᠵᠢᠨ ᠠᠰᠠᠷᠠᠮᠵᠢ᠎ᠵᠢᠨ ᠨᠡᠢᠳᠠᠨ ᠬᠠᠮᠢᠶᠠᠷᠤᠭᠤᠯᠬᠤ ᠠᠩᠭᠢ ᠭᠠᠷᠭᠠᠵᠤ᠂ ᠬᠠᠭᠠᠰ ᠰᠠᠷ᠎ᠠ᠎ᠵᠢᠨ ᠬᠤᠭᠤᠴᠠᠭᠠᠨ᠎ᠳᠦ 58 ᠬᠡᠦᠬᠡᠳ ᠎ᠲᠦ ᠦᠨ᠎ᠡ ᠲᠥᠯᠥᠪᠦᠷᠢ ᠦᠭᠡᠢ ᠦᠢᠯᠡᠴᠢᠯᠡᠵᠦ᠂ ᠭᠡᠷ ᠎ᠤᠨ ᠠᠬᠠᠮᠠᠳ ᠎ᠲᠦ ᠳᠥᠭᠥᠮ ᠦᠵᠡᠭᠦᠯᠵᠡᠢ᠃

✦2 ᠰᠠᠷ᠎ᠠ᠎ᠶᠢᠨ 8᠎ᠤ ᠡᠳᠦᠷ᠎ᠡᠴᠡ ᠡᠬᠢᠯᠡᠨ᠂ ᠪᠠᠶᠠᠨᠨᠠᠭᠤᠷ ᠬᠤᠲᠠ᠎ᠵᠢᠨ ᠯᠢᠨᠾᠸ ᠲᠤᠭᠤᠷᠢᠭ᠎ᠤᠨ ᠰᠢ ᠢᠦᠢ 33 ᠨᠤᠮᠸᠷᠲᠤ ᠯᠠᠨᠵᠸᠦ᠎ᠵᠢᠨ ᠦᠬᠡᠷ᠎ᠤᠨ ᠮᠢᠬ᠎ᠠ ᠲᠠᠢ ᠭᠤᠯᠢᠷ᠎ᠤᠨ ᠳᠡᠯᠭᠡᠭᠦᠷ᠎ᠤᠨ ᠬᠢᠨ ᠤᠷᠴᠢᠨ ᠲᠤᠭᠤᠷᠢᠨ᠎ᠤ ᠠᠵᠢᠯᠲᠠᠳ᠎ᠲᠦ ᠦᠨ᠎ᠡ ᠲᠥᠯᠥᠪᠥᠷᠢ ᠦᠭᠡᠢ 1000 ᠠᠶᠠᠭ᠎ᠠ ᠭᠤᠯᠢᠷ ᠬᠠᠩᠭᠠᠵᠤ᠂ ᠲᠤᠰ ᠠᠵᠢᠯᠯᠠᠭ᠎ᠠ ᠎ᠪᠡᠨ 2 ᠰᠠᠷ᠎ᠠ᠎ᠵᠢᠨ 11᠎ᠤ ᠡᠳᠦᠷ ᠪᠤᠯᠲᠠᠯ᠎ᠠ ᠦᠷᠭᠦᠯᠵᠢᠯᠡᠭᠦᠯᠦᠨ᠎ᠡ᠃

✦2 ᠰᠠᠷ᠎ᠠ᠎ᠶᠢᠨ 9᠎ᠤ ᠡᠳᠦᠷ᠂ ᠰᠢᠯᠢ᠎ᠵᠢᠨ ᠭᠤᠤᠯ ᠠᠢᠮᠠᠭ᠎ᠤᠨ ᠰᠢᠯᠤᠭᠤᠨ ᠬᠥᠬᠡ ᠬᠤᠰᠢᠭᠤᠨ᠎ᠤ ᠱᠠᠩᠳᠤ ᠪᠠᠯᠭᠠᠰᠤᠨ᠎ᠤ ᠬᠤᠶᠠᠷ ᠪᠤᠮᠪᠠ ᠨᠡᠢᠭᠡᠮ ᠲᠤᠭᠤᠷᠢᠭ 2026 ᠤᠨ᠎ᠤ ᠴᠠᠭᠠᠨ ᠰᠠᠷ᠎ᠠ᠎ᠵᠢᠨ ᠪᠠᠷᠠᠭ᠎ᠠ᠎ᠶᠢ ᠲᠥᠪᠯᠡᠷᠡᠭᠦᠯᠦᠨ ᠲᠠᠷᠬᠠᠭᠠᠬᠤ ᠠᠵᠢᠯᠯᠠᠭ᠎ᠠ ᠥᠷᠨᠢᠭᠦᠯᠵᠦ᠂ ᠬᠠᠷᠢᠶ᠎ᠠ ᠤᠷᠤᠨ᠎ᠤ᠎ᠪᠡᠨ 50 ᠡᠷᠦᠬᠡ ᠰᠠᠭᠤᠭᠠᠯᠢ ᠠᠷᠠᠳ᠎ᠢ ᠬᠠᠮᠤᠷᠴᠠᠢ᠃


QQ20260211-105521.png



 ᠠᠵᠤ ᠠᠬᠤᠢ 

✦2 ᠰᠠᠷ᠎ᠠ᠎ᠶᠢᠨ 5᠎ᠤ ᠡᠳᠦᠷ ᠪᠣᠯᠲᠠᠯ᠎ᠠ᠂ ᠪᠦᠬᠦ ᠤᠯᠤᠰ᠎ᠤᠨ ᠭᠤᠶᠤᠴᠢᠯᠠᠬᠰᠠᠨ 2026 ᠣᠨ᠎ᠤ ᠮᠠᠰᠢᠨ ᠲᠡᠷᠭᠡᠨ᠎ᠦ ᠬᠠᠭᠤᠴᠢᠨ᠎ᠢᠶᠠᠷ ᠰᠢᠨ᠎ᠡ᠎ᠶᠢ ᠰᠣᠯᠢᠬᠤ ᠨᠥᠬᠥᠪᠦᠷᠢ 33.5 ᠲᠦᠮᠡᠨ ᠬᠤᠪᠢ ᠬᠦᠷᠴᠤ᠂ ᠰᠢᠨ᠎ᠡ ᠮᠠᠰᠢᠨ ᠲᠡᠷᠭᠡᠨ᠎ᠦ ᠪᠣᠷᠤᠯᠠᠭᠤᠯᠭ᠎ᠠ᠎ᠶᠢ 537.7 ᠳ᠋ᠦᠩᠰᠢᠭᠤᠷ ᠲᠥᠭᠥᠷᠢᠭ ᠳᠠᠶ᠋ᠢᠴᠢᠯᠠᠪᠠ᠃

 

ᠲᠠᠮᠢᠷ

✦ᠤᠢᠷ᠎ᠠ᠎ᠳᠦ ᠶᠠᠪᠤᠭᠳᠠᠭᠰᠠᠨ ᠮᠢᠯᠠᠨ᠎ᠤ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭᠠᠨ᠎ᠤ ᠡᠮᠡᠭᠲᠡᠢ᠎ᠶᠢᠨ ᠴᠡᠨᠡᠯᠡᠯᠲᠡ᠎ᠵᠢᠨ ᠬᠥᠲᠥᠯ ᠳᠡᠭᠡᠷᠡᠬᠢ ᠰᠠᠭᠠᠳ ᠳᠠᠪᠠᠬᠤ ᠮᠡᠷᠭᠡᠵᠢᠯ᠎ᠦᠨ ᠰᠢᠢᠳᠪᠦᠷᠢᠲᠦ ᠤᠷᠤᠯᠳᠤᠭᠠᠨ᠎ᠳᠤ ᠳᠤᠮᠳᠠᠳᠤ ᠤᠯᠤᠰ᠎ᠤᠨ ᠲᠠᠮᠢᠷᠴᠢᠨ ᠬᠥ ᠠᠢ ᠯᠢᠩ ᠮᠥᠩᠭᠥᠨ ᠮᠧᠳᠠᠯ ᠬᠦᠷᠲᠡᠵᠡᠢ᠃


QQ20260211-105840.png


✦ᠲᠦᠷᠦᠭᠦᠬᠡᠨ ᠰᠢᠯᠢ᠎ᠵᠢᠨ ᠭᠤᠤᠯ ᠠᠢᠮᠠᠭ᠎ᠤᠨ ᠰᠢᠯᠤᠭᠤᠨ ᠬᠥᠬᠡ ᠬᠤᠰᠢᠭᠤᠨ᠎ᠤ ᠰᠤᠶᠤᠯ ᠪᠡᠶ᠎ᠡ᠎ᠵᠢᠨ ᠲᠠᠮᠢᠷ᠎ᠤᠨ ᠲᠥᠪ᠎ᠤᠨ ᠪᠦᠬᠡ᠎ᠵᠢᠨ ᠪᠤᠯᠪᠠᠰᠤᠷᠠᠯ᠎ᠤᠨ ᠥᠷᠥᠭᠡᠨ᠎ᠳᠦ ᠪᠠᠭᠠᠴᠤᠳ ᠬᠡᠦᠬᠡᠳ᠎ᠤᠨ ᠡᠪᠦᠯ᠎ᠤᠨ ᠠᠮᠠᠷᠠᠯᠲᠠ᠎ᠵᠢᠨ ᠵᠢᠤᠳᠤᠤ ᠪᠦᠬᠡ᠎ᠵᠢᠨ ᠰᠤᠷᠢᠭ᠎ᠠ ᠪᠤᠯᠪᠠᠰᠤᠷᠠᠯ ᠶᠠᠪᠤᠭᠳᠠᠵᠤ᠂ ᠬᠤᠯᠠ ᠤᠢᠷ᠎ᠠ᠎ᠵᠢᠨ 60 ᠭᠠᠷᠤᠢ ᠵᠠᠯᠠᠭᠤᠴᠤᠳ ᠪᠠᠭᠠᠴᠤᠳ ᠤᠷᠤᠯᠴᠠᠵᠠᠢ᠃

 

ᠲᠡᠯᠡᠬᠡᠢ 

✦ᠲᠥᠪ ᠲᠸᠯᠸᠢᠰ ᠎ᠤᠨ ᠮᠡᠳᠡᠭᠡ᠎ᠶᠢ ᠦᠨᠳᠦᠰᠦᠯᠡᠪᠡᠯ᠂ ᠺᠦᠪᠡ ᠎ᠶᠢᠨ ᠵᠠᠰᠠᠭ ᠎ᠤᠨ ᠣᠷᠳᠣᠨ ᠲᠤᠰ ᠤᠯᠤᠰ᠎ᠲᠤ ᠡᠵᠡᠩᠨᠡᠵᠦ ᠪᠦᠬᠦᠢ ᠣᠯᠠᠨ ᠤᠯᠤᠰ᠎ᠤᠨ ᠠᠭᠠᠷ᠎ᠤᠨ ᠠᠶᠠᠯᠠᠯ ᠎ᠤᠨ ᠺᠣᠮᠫᠠᠨᠢ ᠎ᠳᠤ ᠰᠡᠷᠡᠮᠵᠢᠯᠡᠭᠦᠯᠦᠯ ᠥᠭᠴᠦ᠂ ᠠᠮᠧᠷᠢᠺᠠ ᠎ᠶᠢᠨ ᠴᠢᠯᠠᠭᠤᠨ ᠲᠣᠰᠣᠨ ᠎ᠤ ᠪᠢᠲᠡᠭᠦᠮᠵᠢᠯᠡᠯ᠎ᠡᠴᠡ ᠪᠣᠯᠵᠤ᠂ 2 ᠰᠠᠷ᠎ᠠ᠎ᠵᠢᠨ 9᠎ᠦ ᠡᠳᠦᠷ᠎ᠡᠴᠡ ᠡᠬᠢᠯᠡᠨ ᠺᠦᠪᠡ᠎ᠶᠢᠨ ᠠᠭᠠᠷ᠎ᠤᠨ ᠠᠶᠠᠯᠠᠯ᠎ᠤᠨ ᠰᠢᠲᠠᠭᠠᠯᠭ᠎ᠠ᠎ᠶᠢᠨ ᠲᠣᠰᠣ᠌ ᠪᠠᠷᠠᠭᠳᠠᠵᠤ᠂ ᠵᠢᠱ᠌ᠢᠯᠲᠡ᠎ᠪᠡᠷ ᠺᠦᠪᠡ᠎ᠶᠢᠨ ᠪᠤᠶ ᠪᠦᠬᠦᠢ ᠣᠯᠠᠨ ᠤᠯᠤᠰ᠎ᠤᠨ ᠨᠢᠰᠬᠡᠯ᠎ᠦᠨ ᠪᠠᠭᠤᠳᠠᠯ ᠎ᠢ ᠨᠥᠯᠥᠭᠡᠯᠡᠬᠦ ᠪᠣᠯᠣᠨ᠎ᠠ ᠭᠡᠪᠡ᠃


QQ20260211-105849.png



✦ᠣᠯᠠᠨ ᠤᠯᠤᠰ ᠎ᠤᠨ ᠡᠨᠧᠷᠭᠢ ᠎ᠶᠢᠨ ᠰᠤᠷᠪᠤᠯᠵᠢ ᠎ᠶᠢᠨ ᠵᠠᠬᠢᠷᠭ᠎ᠠ ᠎ᠶᠢᠨ ᠲᠦᠷᠦᠭᠦᠬᠡᠨ ᠨᠡᠢᠲᠡᠯᠡᠭᠰᠡᠨ ᠮᠡᠳᠡᠭᠦᠯᠦᠯᠲᠡ ᠎ᠳᠦ ᠵᠢᠱ᠌ᠢᠭᠰᠡᠨ᠎ᠢᠶᠡᠷ᠂ 2030 ᠣᠨ ᠪᠣᠯᠬᠤ᠎ᠳᠤ ᠪᠥᠬᠥ ᠪᠥᠮᠪᠥᠷᠴᠡᠭ᠎ᠦᠨ ᠴᠠᠬᠢᠯᠭᠠᠨ ᠬᠦᠴᠦᠨ᠎ᠦ ᠪᠦᠲᠦᠴᠡ᠎ᠳᠦ ᠳᠠᠬᠢᠨ ᠡᠭᠦᠰᠴᠦ ᠪᠣᠯᠬᠤ ᠡᠨᠧᠷᠭᠢ᠎ᠶᠢᠨ ᠰᠤᠷᠪᠤᠯᠵᠢ ᠬᠢᠭᠡᠳ ᠴᠥᠮ᠎ᠡ᠎ᠶᠢᠨ ᠴᠠᠬᠢᠯᠭᠠᠨ᠎ᠤ ᠡᠵᠡᠯᠡᠬᠦ ᠬᠠᠷᠢᠴᠠᠯ 50% ᠪᠣᠯᠲᠠᠯ᠎ᠠ ᠳᠡᠭᠡᠭᠰᠢᠯᠡᠭᠦ ᠪᠤᠯᠤᠨ᠎ᠠ᠃

 

ᠦᠢᠯᠡᠴᠢᠯᠡᠭᠡ 

✦ᠬᠦᠬᠡᠬᠤᠲᠠ᠎ᠵᠢᠨ ᠰᠠᠢᠬᠠᠨ ᠲᠣᠭᠣᠷᠢᠭ᠋ ᠎ᠤᠨ ᠳᠥᠷᠪᠡᠳᠦᠭᠡᠷ ᠬᠡᠦᠬᠡᠳ᠎ᠦᠨ ᠴᠡᠴᠡᠷᠯᠢᠭ ᠠᠵᠢᠯᠲᠠᠨ ᠡᠯᠰᠡᠵᠦ ᠪᠤᠢ᠃ 

ᠲᠠᠨ ᠎ᠤ ᠲᠤᠰᠡ ᠳ᠋ᠤ

✦ᠣᠯᠠᠩᠬᠢ ᠬᠠᠲᠠᠭᠠᠭᠰᠠᠨ ᠵᠢᠮᠢᠰ ᠎ᠲᠦ ᠲᠠᠩ ᠬᠠᠨᠤᠮᠠᠯ ᠪᠤᠰᠤ ᠥᠭᠡᠬᠦᠨ ᠬᠦᠴᠢᠯ᠂ ᠤᠭᠤᠷᠠᠭ᠂ ᠢᠳᠡᠭᠡᠨ᠎ᠦ ᠰᠢᠷᠬᠡᠭᠯᠢᠭ᠂ ᠸᠢᠲ᠋ᠠᠮᠢᠨ ᠪᠠ ᠡᠷᠦᠳᠡᠰᠦᠨ ᠪᠣᠳᠠᠰ ᠠᠭᠤᠯᠤᠭᠳᠠᠵᠤ᠂ ᠬᠦᠮᠦᠨ᠎ᠤ ᠪᠡᠶ᠎ᠡ᠎ᠳᠦ ᠡᠯᠪᠡᠭ ᠰᠢᠮ᠎ᠡ ᠲᠡᠵᠢᠭᠡᠯ ᠬᠠᠩᠭᠠᠳᠠᠭ᠃

 

ᠵᠠᠯᠭᠠᠭᠠᠳ 《ᠲᠡᠭᠷᠢ᠎ᠵᠢᠨ ᠤᠳᠤᠨ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠨᠡᠪᠳᠡᠷᠡᠭᠦᠯᠬᠡ ᠮᠠᠨᠢ ᠲᠠ ᠪᠦᠬᠦᠨ᠎ᠳᠦ ᠲᠠᠭᠠᠯᠠᠬᠳᠠᠬᠰᠠᠨ ᠪᠤᠯ ᠤᠳᠤᠨ ᠳᠡᠮᠳᠡᠭ ᠱᠠᠩᠨᠠᠵᠤ ᠪᠢᠳᠡᠨ᠎ᠳᠤ ᠤᠷᠮ᠎ᠠ ᠬᠠᠢᠷᠠᠯᠠᠭᠠᠷᠠᠢ!ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ᠎ᠳᠤ  ᠪᠠᠶᠠᠷᠯᠠᠯ᠎ᠠ᠂  ᠪᠠᠶᠠᠷᠳᠠᠢ!


ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ


ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号