2 ᠰᠠᠷ᠎ᠠ ᠵᠢᠨ 12 ᠎ᠤᠨ ᠡᠳᠤᠷ
ᠡᠬᠢᠯᠡᠬᠦ᠌ ᠴᠠᠭ᠄
2026-02-12 10:36:26
ᠨᠠᠶ᠋ᠢᠷᠠᠭᠤᠯᠤᠭᠴᠢ ᠄
ᠤᠷᠠᠨᠲᠠᠨ᠎ᠡ
ᠨᠡᠪᠲᠡᠷᠡᠬᠦᠯᠦᠭᠴᠢ ᠄
ᠤᠷᠠᠨᠲᠠᠨ᠎ᠠ
ᠮᠡᠷᠭᠡᠵᠢᠯ ᠄

ᠤᠩᠰᠢᠭᠰᠠᠨ ᠤᠳᠠᠭ᠎ᠠ᠄


ᠨᠡᠢᠭᠡᠮ                          

✦2 ᠰᠠᠷ᠎ᠠ ᠵᠢᠨ 10 ᠎ᠤ ᠡᠳᠦᠷ᠂ ᠪᠥᠬᠥ ᠨᠡᠢᠭᠡᠮ᠎ᠦᠨ ᠣᠷᠣᠨ ᠪᠦᠰᠡ ᠠᠯᠤᠰᠯᠠᠭᠰᠠᠨ ᠬᠥᠮᠥᠰ᠎ᠦᠨ ᠰᠢᠯᠵᠢᠯᠲᠡ᠎ᠶᠢᠨ ᠬᠡᠮᠵᠢᠶ᠎ᠡ ᠵᠢᠱ᠌ᠢᠯᠲᠡ᠎ᠪᠡᠷ 2.3 ᠳ᠋ᠦᠩᠰᠢᠭᠤᠷ ᠬᠥᠮᠥᠨ ᠤᠳᠠᠭ᠎ᠠ᠎ᠶᠢ ᠳᠠᠪᠠᠪᠠ᠃

✦ᠲᠥᠪ᠎ᠦᠨ ᠤᠬᠠᠭᠤᠯᠬᠤ ᠬᠡᠯᠲᠡᠰ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ ᠲᠦᠷᠦᠭᠦᠬᠡᠨ 《ᠬᠠᠮᠤᠭ ᠎ᠤᠨ ᠭᠣᠶᠣ᠌ ᠳᠡᠭᠡᠳᠦ ᠰᠤᠷᠭᠠᠭᠤᠯᠢ ᠲᠡᠭᠦᠰᠦᠭᠰᠡᠨ ᠣᠶᠤᠲᠠᠨ》᠎ᠢ ᠨᠡᠢᠲᠡᠯᠡᠵᠦ᠂ ᠨᠡᠶ᠋ᠢᠲᠡ 9 ᠨᠥᠬᠥᠳ ᠰᠣᠩᠭᠣᠭᠳᠠᠪᠠ᠃

✦ᠡᠨᠡ ᠵᠢᠯ᠎ᠤᠨ 1 ᠰᠠᠷ᠎ᠠ ᠵᠢᠨ 1᠎ᠤ ᠡᠳᠤᠷ ᠡᠴᠡ ᠡᠬᠢᠯᠡᠨ᠂ ᠡᠮ ᠡᠮᠨᠡᠯᠭᠡ ᠵᠢᠨ ᠳᠠᠭᠠᠳᠬᠠᠯ᠎ᠤᠨ ᠡᠮ᠎ᠤᠨ ᠵᠤᠢᠯᠡᠰ᠎ᠤᠨ ᠰᠢᠨ᠎ᠡ ᠭᠠᠷᠴᠠᠭ᠎ᠢ ᠪᠦᠬᠦ ᠤᠯᠤᠰ᠎ᠲᠦ ᠬᠡᠷᠡᠭᠵᠢᠬᠦᠯᠵᠤ ᠡᠬᠢᠯᠡᠪᠠ᠃ ᠪᠦᠷᠢᠨ ᠪᠤᠰᠤ ᠪᠦᠷᠢᠳᠬᠡᠯ᠎ᠢ ᠦᠨᠳᠦᠰᠦᠯᠡᠪᠡᠯ᠂ ᠣᠳᠣᠬᠠᠨ᠎ᠳᠤ ᠨᠢᠭᠡᠨᠲᠡ ᠦᠨᠳᠦᠰᠦᠨ ᠡᠮ ᠡᠮᠨᠡᠯᠭᠡ᠎ᠶᠢᠨ ᠳᠠᠭᠠᠳᠬᠠᠯ᠎ᠤᠨ ᠭᠠᠷᠴᠠᠭ᠎ᠲᠤ ᠰᠢᠨ᠎ᠡ᠎ᠪᠡᠷ ᠨᠡᠮᠡᠭᠳᠡᠭᠰᠡᠨ 99 ᠵᠦᠢᠯ᠎ᠦᠨ ᠡᠮ ᠎ᠢ ᠪᠦᠬᠦ ᠤᠯᠤᠰ᠎ᠤᠨ 12000 ᠭᠠᠷᠤᠢ ᠳᠤᠬᠳᠠᠬᠰᠠᠨ ᠡᠮ ᠡᠮᠨᠡᠯᠭᠡ ᠵᠢᠨ ᠪᠠᠢᠭᠤᠯᠤᠮᠵᠢ᠎ᠳᠤ ᠪᠤᠷᠤᠯᠠᠭᠤᠯᠵᠤ ᠪᠠᠢᠨ᠎ᠠ᠃


u=334472667,4276997484&fm=253&app=138&f=JPEG.jpg


✦ᠴᠠᠭᠠᠨ ᠰᠠᠷ᠎ᠠ᠎ᠠᠴᠠ ᠡᠮᠦᠨᠡᠬᠡᠨ᠂ ᠵᠠᠬ᠎ᠠ ᠳᠡᠯᠭᠡᠭᠦᠷ ᠎ᠦᠨ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ ᠴᠠᠭᠠᠨ ᠰᠠᠷ᠎ᠠ᠎ᠶᠢᠨ ᠪᠣᠷᠤᠯᠠᠭᠤᠯᠭ᠎ᠠ᠎ᠶᠢᠨ ᠢᠳᠡᠭᠡᠨ᠎ᠦ ᠠᠮᠤᠷ ᠲᠦᠪᠰᠢᠨ᠎ᠦ ᠲᠤᠰᠬᠠᠢ ᠰᠤᠭᠤᠴᠢᠨ ᠪᠠᠢᠴᠠᠭᠠᠯᠲᠠ᠎ᠶᠢ 6.7 ᠲᠦᠮᠡᠨ ᠪᠦᠯᠦᠭ ᠤᠳᠠᠭ᠎ᠠ ᠵᠣᠬᠢᠶᠠᠨ ᠪᠠᠢᠭᠤᠯᠤᠨ ᠥᠷᠨᠢᠭᠦᠯᠵᠦ᠂ ᠬᠢᠷᠢ ᠲᠡᠩᠴᠡᠭᠰᠡᠨ ᠨᠣᠷᠮ᠎ᠠ ᠨᠢ 98.38%᠎ᠳᠤ ᠬᠦᠷᠴᠦ᠂ ᠢᠳᠡᠭᠡᠨ᠎ᠦ ᠠᠮᠤᠷ ᠲᠦᠪᠰᠢᠨ᠎ᠦ ᠪᠠᠢᠳᠠᠯ ᠰᠠᠢᠨ ᠪᠠᠢᠨ᠎ᠠ᠃

✦ᠤᠷᠴᠢᠮ ᠎ᠤᠨ ᠬᠣᠶᠠᠷ ᠭᠠᠷᠠᠭ᠎ᠲᠤ᠂ ᠴᠠᠭᠠᠨ ᠰᠠᠷ᠎ᠠ᠎ᠶᠢᠨ ᠠᠮᠠᠷᠠᠯᠲᠠ ᠵᠢᠨ ᠬᠤᠭᠤᠴᠠᠭᠠᠨ᠎ᠳᠤ ᠭᠠᠳᠠᠭᠠᠳᠤ᠎ᠶᠢᠨ ᠬᠥᠮᠥᠨ ᠎ᠦ ᠳᠤᠮᠳᠠᠳᠤ ᠤᠯᠤᠰ᠎ᠲᠤ ᠢᠷᠡᠬᠦ ᠨᠢᠰᠬᠡᠯ᠎ᠦᠨ ᠪᠢᠯᠧᠲ ᠎ᠦᠨ ᠤᠷᠢᠳᠴᠢᠯᠠᠨ ᠪᠣᠯᠵᠣᠭᠰᠠᠨ ᠬᠡᠮᠵᠢᠶ᠎ᠡ ᠠᠳᠠᠯᠢ ᠬᠤᠭᠤᠴᠠᠭᠠᠨ᠎ᠤ ᠬᠢ᠎ᠡᠴᠡ 4 ᠳᠠᠬᠢᠨ ᠨᠡᠮᠡᠭᠳᠡᠵᠡᠢ᠃

✦ᠤᠯᠤᠰ᠎ᠤᠨ ᠡᠮᠴᠢᠯᠡᠭᠡᠨ᠎ᠤ ᠪᠠᠳᠤᠯᠠᠭ᠎ᠠ ᠵᠢᠨ ᠲᠣᠪᠴᠢᠶ᠎ᠠ ᠨᠠᠷᠢᠨ ᠳᠠᠩᠰᠠ ᠨᠡᠢᠲᠡᠯᠡᠵᠦ᠂ 2026 ᠣᠨ᠎ᠳᠤ ᠪᠣᠶ ᠪᠦᠬᠦᠢ ᠮᠤᠵᠢ ᠣᠷᠣᠨ᠎ᠤ ᠠᠵᠢᠯᠲᠠᠨ ᠠᠵᠢᠯᠴᠢᠨ᠎ᠤ ᠡᠮ ᠡᠮᠨᠡᠯᠭᠡ᠎ᠶᠢᠨ ᠳᠠᠭᠠᠳᠬᠠᠯ᠎ᠤᠨ ᠬᠤᠪᠢ ᠬᠥᠮᠥᠨ᠎ᠦ ᠲᠠᠩᠰᠠᠨ ᠡᠷᠦᠬᠡ᠎ᠶᠢ ᠮᠤᠵᠢ ᠠᠯᠤᠰᠯᠠᠨ ᠬᠠᠮᠲᠤ᠎ᠪᠠᠷ ᠨᠡᠪᠲᠡᠷᠡᠭᠦᠯᠬᠦ᠎ᠶᠢ ᠠᠬᠢᠭᠤᠯᠤᠨ᠎ᠠ ᠭᠡᠵᠦ ᠲᠣᠳᠣᠷᠬᠠᠢ ᠲᠣᠭᠲᠠᠭᠠᠪᠠ᠃


640 (1).jpg


✦ᠲᠦᠩᠯᠢᠶᠣᠣ᠎ᠶᠢᠨ ᠠᠵᠤ ᠠᠬᠤᠢ ᠮᠡᠷᠭᠡᠵᠢᠯ᠎ᠦᠨ ᠨᠡᠭᠡᠭᠡᠯᠲᠡ ᠎ᠶᠢᠨ ᠲᠣᠭᠣᠷᠢᠭ᠋ ᠎ᠤᠨ ᠴᠠᠭᠠᠨ ᠰᠠᠷ᠎ᠠ᠎ᠶᠢᠨ ᠭᠡᠷᠡᠯᠲᠦᠭᠦᠯᠭᠡ᠎ᠶᠢᠨ ᠲᠦᠷᠦᠯ ᠵᠤᠢᠯ ᠤᠳᠠᠯ ᠦᠭᠡᠢ ᠳᠠᠭᠤᠰᠬᠤ ᠭᠡᠵᠦ ᠪᠤᠢ᠂ 4 ᠲᠦᠮᠡ ᠰᠢᠬᠠᠮ ᠡᠨᠧᠷᠭᠢ ᠠᠷᠪᠢᠯᠠᠬᠤ ᠥᠩᠭᠡᠲᠦ ᠳ᠋ᠧᠩ ᠪᠠ 450 ᠳ᠋ᠧᠩᠯᠦ 8 ᠭᠣᠣᠯ ᠵᠡᠭᠡᠯᠢ ᠭᠤᠳᠤᠮᠵᠢ ᠬᠢᠭᠡᠳ ᠬᠣᠶᠠᠷ ᠬᠥᠭᠥᠷᠭᠡ᠎ᠶᠢ ᠭᠡᠷᠡᠯᠳᠦᠭᠦᠯᠦᠨ ᠴᠢᠮᠡᠭᠯᠡᠵᠦ᠂ 《ᠨᠢᠭᠡ ᠵᠠᠮ ᠨᠢᠭᠡ ᠭᠣᠣᠯ ᠰᠡᠳᠦᠪ》᠎ᠤᠨ ᠵᠢᠷᠤᠭ ᠲᠥᠯᠥᠪᠯᠡᠭᠡ᠎ᠪᠡᠷ ᠴᠠᠭᠠᠨ ᠰᠠᠷ᠎ᠠ᠎ᠶᠢᠨ ᠠᠭᠤᠷ ᠠᠮᠢᠰᠬᠤᠯ᠎ᠢ ᠥᠳᠬᠡᠷᠡᠭᠦᠯᠵᠦ ᠪᠣᠶ᠃

✦ᠴᠠᠭᠠᠨ ᠰᠠᠷ᠎ᠠ ᠬᠦᠷᠴᠦ ᠢᠷᠡᠬᠦ᠎ᠪᠡᠷ᠂ ᠦᠤᠰᠢᠨ ᠬᠤᠰᠢᠭᠤᠨ᠎ᠤ ᠭᠠᠯᠠᠭᠤᠲᠤ ᠪᠠᠯᠭᠠᠰᠤᠨ ᠎ᠤ ᠰᠡᠪᠭᠦᠯ ᠭᠠᠴᠠᠭ᠎ᠠ ᠡᠮᠡᠭᠲᠡᠢᠴᠦᠳ᠎ᠦᠨ ᠬᠤᠯᠪᠤᠭ᠎ᠠ ᠵᠢᠨ ᠭᠡᠰᠢᠭᠦᠳ᠎ᠢᠶᠡᠨ ᠵᠣᠬᠢᠶᠠᠨ ᠪᠠᠢᠭᠤᠯᠵᠤ᠂ ᠭᠠᠴᠠᠭᠠᠨ ᠎ᠤ ᠎ᠪᠠᠨ ᠤᠢᠷ᠎ᠠ ᠬᠠᠪᠢ᠎ᠶᠢᠨ ᠣᠷᠴᠢᠨ ᠲᠣᠭᠣᠷᠢᠨ ᠎ᠢ ᠴᠡᠪᠡᠷᠯᠡᠵᠦ᠂ ᠦᠨᠳᠦᠰᠦᠨ ᠱᠠᠲᠤᠨ᠎ᠤ ᠡᠮᠡᠭᠲᠡᠢᠴᠦᠳ ᠎ᠦᠨ ᠬᠤᠯᠪᠤᠭ᠎ᠠ ᠵᠢᠨ ᠢᠳᠡᠪᠬᠢ ᠦᠢᠯᠡᠳᠦᠯ᠎ᠢᠶᠡᠨ ᠪᠠᠳᠠᠷᠠᠭᠤᠯᠤᠭᠰᠠᠨ ᠪᠠᠢᠨ᠎ᠠ᠃


微信图片_2026-02-11_173128_478.jpg

 

ᠠᠵᠤ ᠠᠬᠤᠢ 

✦2 ᠰᠠᠷ᠎ᠠ᠎ᠶᠢᠨ 10᠎ᠤ ᠡᠳᠦᠷ᠂ ᠬᠥᠪᠡᠭᠡᠲᠦ ᠰᠢᠷ᠎ᠠ ᠬᠣᠰᠢᠭᠤᠨ᠎ᠤ ᠪᠣᠭᠳᠠ᠎ᠶᠢᠨ ᠭᠣᠣᠯ ᠰᠤᠮᠤᠨ᠎ᠤ ᠢᠷᠭᠠᠢ ᠭᠠᠴᠠᠭ᠎ᠠ ᠬᠠᠮᠲᠤ ᠎ᠶᠢᠨ ᠵᠣᠬᠢᠶᠠᠨ ᠪᠠᠢᠭᠤᠯᠤᠯᠲᠠ᠎ᠶᠢᠨ ᠬᠤᠪᠢᠴᠠᠭᠠᠲᠤ ᠠᠵᠤ ᠠᠬᠤᠢ᠎ᠶᠢᠨ ᠬᠤᠷᠰᠢᠶ᠎ᠠ ᠵᠢᠨ ᠬᠣᠶᠠᠳᠤᠭᠠᠷ ᠤᠳᠠᠭᠠᠨ᠎ᠤ ᠠᠰᠢᠭ᠋ ᠣᠷᠣᠯᠭ᠎ᠠ᠎ᠬᠤᠪᠢᠶᠠᠷᠢᠯᠠᠬᠤ ᠬᠤᠷᠠᠯ᠎ᠢᠶᠠᠷ ᠳᠠᠮᠵᠢᠭᠤᠯᠤᠨ᠂ 116 ᠮᠠᠯᠴᠢᠨ ᠡᠷᠦᠬᠡ᠎ᠳᠤ ᠨᠡᠢᠲᠡ 244600 ᠲᠥᠭᠥᠷᠢᠭ ᠎ᠦᠨ ᠠᠰᠢᠭ᠋ ᠣᠷᠣᠯᠭ᠎ᠠ ᠬᠤᠪᠢᠶᠠᠷᠢᠯᠠᠭᠰᠠᠨ ᠪᠠᠢᠨ᠎ᠠ᠃


640 (2).jpg


✦ᠬᠦᠢᠲᠡᠨ ᠴᠠᠭ ᠠᠭᠤᠷ ᠎ᠤᠨ ᠪᠠᠢᠳᠠᠯ ᠳ᠋ᠤ ᠴᠢᠭᠯᠡᠭᠦᠯᠦᠨ᠂ ᠬᠤᠤᠯᠢᠩᠭᠣᠣᠯ ᠎ᠳᠠᠬᠢ ᠡᠮᠦᠨ᠎ᠡ ᠵᠠᠳᠠᠭᠠᠢ ᠨᠡᠭᠦᠷᠡᠰᠦᠨ ᠠᠭᠤᠷᠬᠠᠢ ᠣᠯᠠᠨ ᠵᠦᠢᠯ ᠎ᠦᠨ ᠠᠷᠭ᠎ᠠ ᠬᠡᠮᠵᠢᠶ᠎ᠡ᠎ᠶᠢ ᠵᠡᠷᠭᠡ᠎ᠪᠡᠷ ᠬᠡᠷᠡᠭᠯᠡᠨ᠂ ᠨᠡᠭᠦᠷᠡᠰᠦᠨ᠎ᠦ ᠠᠮᠤᠷ ᠲᠦᠪᠰᠢᠨ ᠲᠣᠭᠲᠠᠪᠤᠷᠢᠲᠠᠢ ᠬᠠᠩᠭᠠᠯᠭ᠎ᠠ᠎ᠶᠢ ᠪᠠᠲᠤᠯᠠᠵᠤ ᠪᠣᠶ᠃ 2 ᠰᠠᠷ᠎ᠠ᠎ᠶᠢᠨ 4 ᠎ᠤ ᠡᠳᠦᠷ ᠪᠣᠯᠲᠠᠯ᠎ᠠ᠂ ᠲᠤᠰ ᠠᠭᠤᠷᠬᠠᠢ ᠵᠢᠨ ᠨᠡᠭᠦᠷᠡᠰᠦᠨ᠎ᠦ ᠭᠠᠷᠤᠯᠲᠠ 204.41 ᠲᠦᠮᠡᠨ ᠲᠣᠨ᠎ᠳᠤ ᠬᠦᠷᠴᠦ᠂ ᠪᠦᠬᠦ ᠵᠢᠯ ᠎ᠦᠨ ᠲᠥᠯᠥᠪᠯᠡᠭᠰᠡᠨ ᠭᠠᠷᠤᠯᠲᠠ᠎ᠶᠢᠨ 10.22%᠎ᠲᠤ ᠬᠦᠷᠴᠡᠢ᠃

 

ᠰᠤᠶᠤᠯ 

✦ᠤᠷᠴᠢᠮᠬᠠᠨ ᠰᠢᠯᠢᠩᠬᠤᠲᠠ᠎ᠳᠤ 《ᠠᠪᠬᠠᠨᠠᠷ ᠭᠠᠯ ᠤᠶᠠᠭᠠᠨ ᠎ᠤ ᠣᠨ ᠎ᠤ ᠴᠡᠩᠭᠡᠬᠦᠨ》ᠶᠠᠪᠤᠭᠳᠠᠵᠤ᠂ ᠰᠢᠯᠢᠩᠬᠤᠲᠠ᠎ᠶᠢᠨ ᠡᠯ᠎ᠡ ᠰᠤᠮᠤ ᠪᠠᠯᠭᠠᠰᠤᠨ᠎ᠤ ᠠᠳᠤᠭᠤᠴᠢᠳ᠂ ᠤᠶᠠᠭᠠᠴᠢᠳ᠎ᠢᠶᠠᠨ ᠤᠷᠮᠠᠰᠢᠭᠤᠯᠬᠤ ᠡᠭᠦᠳᠡᠨ᠎ᠡᠴᠡ 167 ᠬᠥᠮᠥᠨ᠎ᠳᠦ ᠴᠣᠯᠠ ᠡᠷᠭᠦᠮᠵᠢᠯᠡᠯ ᠣᠯᠭᠣᠵᠠᠢ᠃


640 (6).jpg


✦2 ᠰᠠᠷ᠎ᠠ᠎ᠶᠢᠨ 10᠎ᠤ ᠡᠳᠦᠷ᠂ ᠤᠷᠠᠳ᠎ᠤᠨ ᠬᠣᠢᠲᠤ ᠬᠣᠰᠢᠭᠤ ᠬᠣᠷᠢᠳᠤᠭᠠᠷ ᠬᠤᠭᠤᠴᠠᠭᠠᠨ᠎ᠤ ᠬᠥᠬᠡᠭᠡ ᠰᠠᠷ᠎ᠠ᠎ᠶᠢᠨ ᠬᠣᠷᠢᠨ ᠭᠤᠷᠪᠠᠨ᠎ᠤ ᠤᠯᠠᠮᠵᠢᠯᠠᠯᠲᠤ ᠠᠷᠠᠳ᠎ᠤᠨ ᠵᠠᠩ ᠦᠢᠯᠡ᠎ᠶᠢᠨ ᠦᠵᠡᠭᠦᠯᠭᠡ᠎ᠶᠢᠨ ᠠᠵᠢᠯᠯᠠᠭ᠎ᠠ ᠥᠷᠨᠢᠭᠦᠯᠵᠦ᠂ ᠵᠠᠭᠤᠨ ᠬᠥᠮᠥᠨ᠎ᠦ ᠮᠣᠷᠢᠨ ᠬᠤᠭᠤᠷ᠎ᠤᠨ ᠠᠶᠠᠰ᠎ᠤᠨ ᠳᠤᠮᠳᠠ ᠠᠵᠢᠯᠯᠠᠭ᠎ᠠ ᠡᠬᠢᠯᠡᠵᠦ᠂ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠪᠣᠳᠠᠰ᠎ᠤᠨ ᠪᠤᠰᠤ ᠰᠣᠶᠣᠯ᠎ᠦᠨ ᠥᠪ᠎ᠦᠨ ᠲᠥᠯᠥᠭᠡᠯᠡᠬᠦ ᠴᠢᠨᠠᠷᠲᠠᠢ ᠲᠥᠷᠥᠯ ᠵᠦᠢᠯ ᠪᠣᠯᠬᠤ ᠤᠷᠠᠳ ᠬᠤᠷᠢᠮ᠎ᠤᠨ ᠶᠣᠰᠣᠯᠠᠯ᠎ᠤᠨ ᠵᠦᠴᠦᠭᠡ᠎ᠶᠢᠨ ᠦᠵᠡᠭᠦᠯᠭᠡ ᠶᠠᠪᠤᠭᠳᠠᠵᠤ᠂ ᠲᠣᠭᠯᠠᠭ᠍ᠴᠢᠳ ᠤᠷᠣᠭ ᠭᠤᠶᠤᠬᠤ᠂ ᠤᠷᠣᠭ ᠲᠣᠭᠲᠠᠬᠤ᠂ ᠪᠠᠷᠢ ᠪᠠᠭᠤᠯᠭᠠᠬᠤ ᠵᠡᠷᠭᠡ ᠤᠯᠠᠮᠵᠢᠯᠠᠯᠲᠤ ᠶᠠᠪᠤᠴᠠ᠎ᠶᠢ ᠪᠦᠷᠢᠨ ᠭᠦᠢᠴᠡᠳ ᠢᠯᠡᠷᠡᠭᠦᠯᠵᠦ᠂ ᠦᠵᠡᠭᠴᠢᠳ᠎ᠲᠦ ᠤᠷᠠᠳ ᠵᠠᠩ ᠦᠶ᠋ᠯᠡ᠎ᠶᠢᠨ ᠥᠪᠡᠷᠮᠢᠴᠡ ᠣᠨᠴᠠᠯᠢᠭ᠋᠎ᠢ ᠦᠶ᠋ᠯᠠᠭᠠᠭᠤᠯᠤᠭᠰᠠᠨ ᠪᠠᠢᠨ᠎ᠠ᠃


640.png



✦2 ᠰᠠᠷ᠎ᠠ᠎ᠶᠢᠨ 10 ᠎ᠤ ᠡᠳᠦᠷ᠂ 《ᠪᠠᠷᠠᠭᠤᠨ ᠯᠢᠶᠣᠤᠾᠧ ᠭᠣᠣᠯ ᠎ᠤᠨ ᠴᠤᠤᠷᠢᠶ᠎ᠠ》 ᠬᠡᠮᠡᠬᠦ ᠲᠣᠮᠣ᠌ ᠬᠡᠯᠪᠡᠷᠢ᠎ᠶᠢᠨ ᠤᠤᠭᠠᠯ ᠨᠠᠢᠷᠠᠯ ᠬᠥᠭᠵᠢᠮ᠎ᠢ ᠲᠦᠩᠯᠢᠶᠤᠤ  ᠬᠤᠳᠠ ᠵᠢᠨ ᠯᠢᠶᠣᠤᠾᠧ ᠲᠢᠶᠠᠲᠷ᠎ᠲᠤ ᠲᠣᠭᠯᠠᠪᠠ᠃


ᠲᠠᠮᠢᠷ 


✦ᠤᠢᠷ᠎ᠠ᠎ᠶᠢᠨ ᠡᠳᠦᠷ᠂ 《ᠳᠤᠮᠳᠠᠳᠤ ᠤᠯᠤᠰ᠎ᠤᠨ ᠪᠡᠶ᠎ᠡ᠎ᠶᠢᠨ ᠲᠠᠮᠢᠷ᠎ᠤᠨ ᠱᠠᠩᠨᠠᠯᠲᠤ ᠰᠤᠭᠤᠯᠤᠭ᠎ᠠ ᠬᠤᠨᠳᠠᠭᠠᠲᠤ》ᠰᠠᠭᠰᠤᠨ ᠪᠥᠮᠪᠥᠭᠡ᠎ᠶᠢᠨ ᠤᠷᠢᠯᠭ᠎ᠠ᠎ᠶᠢᠨ ᠤᠷᠤᠯᠳᠤᠭᠠᠨ ᠣᠲᠣᠭ ᠬᠣᠰᠢᠭᠤᠨ ᠎ᠤ ᠠᠵᠢᠯᠴᠢᠨ᠎ᠤ ᠰᠣᠶᠣᠯ᠎ᠤᠨ ᠣᠷᠳᠣᠨ᠎ᠳᠤ ᠲᠡᠭᠦᠰ ᠠᠮᠵᠢᠯᠲᠠ᠎ᠲᠠᠢ ᠥᠨᠳᠥᠷᠯᠡᠵᠦ᠂ ᠡᠯ᠎ᠡ ᠬᠣᠰᠢᠭᠤ ᠲᠣᠭᠣᠷᠢᠭ᠋᠎ᠠᠴᠠ ᠢᠷᠡᠭᠰᠡᠨ 16 ᠪᠠᠭ᠎ᠤᠨ 200 ᠭᠠᠷᠤᠢ ᠰᠠᠭᠰᠤᠨ ᠪᠥᠮᠪᠥᠭᠡ᠎ᠶᠢᠨ ᠪᠠᠬᠠᠲᠠᠨ ᠣᠷᠣᠯᠴᠠᠵᠠᠢ᠃


640 (4).jpg

 

ᠲᠡᠯᠡᠬᠡᠢ 

✦ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠹᠷᠠᠨᠼᠢ᠎ᠶᠢᠨ ᠶᠡᠷᠦᠩᠬᠡᠢᠯᠡᠭᠴᠢ ᠮᠠᠢ᠍ᠢᠺᠷᠤᠨ ᠡᠸᠦ᠋ᠷᠦᠫᠡ ᠲᠢᠪ ᠎ᠦᠨ ᠤᠯᠠᠨ ᠵᠠᠭᠤᠴᠢᠯᠠᠭᠤᠷ᠎ᠤᠨ ᠰᠣᠷᠪᠤᠯᠵᠢᠯᠠᠭ᠎ᠠ ᠎ᠶᠢ ᠬᠦᠯᠢᠶᠡᠬᠦ᠎ᠳᠡᠭᠡᠨ᠂ ᠹᠷᠠᠨᠼᠢ ᠨᠢᠭᠡᠨᠲᠡ ᠤᠷᠤᠰ᠎ᠲᠠᠢ 《ᠮᠡᠷᠭᠡᠵᠢᠯ᠎ᠦᠨ ᠳᠠᠪᠬᠤᠷᠭ᠎ᠠ᠎ᠳᠤ ᠶᠠᠷᠢᠯᠴᠠᠭ᠎ᠠ ᠬᠢᠬᠦ ᠠᠷᠭ᠎ᠠ ᠵᠠᠮ᠎ᠢᠶᠠᠨ ᠰᠡᠷᠭᠦᠭᠡᠭᠰᠡᠨ》 ᠪᠥᠭᠡᠳ ᠡᠸᠦ᠋ᠷᠦᠫᠡ ᠲᠢᠪ᠎ᠦᠨ ᠬᠢᠨ ᠨᠢᠭᠡᠨ ᠬᠠᠮᠲᠤ᠎ᠶᠢᠨ ᠲᠥᠰᠥᠯ ᠳᠤᠷᠠᠳᠴᠤ᠂ ᠤᠷᠤᠰ᠎ᠤᠨ ᠬᠢᠨ᠎ᠲᠠᠢ ᠵᠥᠪᠳᠡᠯᠴᠡᠭᠡ ᠬᠢᠬᠦ᠎ᠶᠢ ᠬᠦᠰᠡᠵᠦ ᠪᠠᠢᠨ᠎ᠠ ᠭᠡᠵᠦ ᠬᠡᠯᠡᠪᠡ᠃

 

ᠦᠢᠯᠡᠴᠢᠯᠡᠭᠡ 

✦ᠪᠠᠶᠠᠠᠨᠠᠭᠤᠷ ᠬᠤᠳᠠ ᠵᠢᠨ ᠯᠢᠨᡁᠸ ᠲᠤᠭᠤᠷᠢᠭ᠎ᠤᠨ ᠭᠤᠷᠪᠠᠳᠤᠭᠠᠷ ᠠᠷᠠᠳ᠎ᠤᠨ ᠡᠮᠨᠡᠯᠭᠡ ᠵᠢᠨ ᠬᠤᠷᠢᠶ᠎ᠠ ᠠᠵᠢᠯᠳᠠᠨ ᠡᠯᠰᠡᠵᠤ ᠪᠤᠢ᠃ 


 ᠲᠠᠨ ᠎ᠤ ᠲᠤᠰᠡ ᠳ᠋ᠤ 

✦ᠳᠤᠯᠠᠭᠠᠨ ᠎ᠢ ᠬᠠᠳᠠᠭᠠᠯᠠᠬᠤ ᠴᠣᠮᠣ᠌᠎ᠶᠢ ᠪᠣᠯᠭᠣᠮᠵᠢᠲᠠᠢ ᠬᠡᠷᠡᠭᠯᠡᠬᠦ ᠴᠢᠬᠤᠯᠠᠳᠠᠢ᠂ ᠡᠢᠮᠤᠷᠬᠦᠦ ᠴᠤᠮᠤ᠎ᠳᠤ ᠴᠢᠪᠠᠭ᠎ᠠ᠂ ᠴᠢᠨᠦ᠎ᠠ᠎ᠶᠢᠨ ᠬᠠᠷᠮᠠᠭ ᠵᠡᠷᠭᠡ ᠠᠮᠠᠷᠬᠠᠨ ᠢᠰᠤᠯᠳᠦᠬᠦ ᠢᠳᠡᠭᠡᠨ ᠎ᠢ ᠳᠡᠪᠲᠦᠭᠡᠭᠰᠡᠨ ᠤᠰᠤ ᠎ᠶᠢ ᠬᠢᠵᠦ ᠣᠷᠳᠤ ᠬᠤᠭᠤᠴᠠᠭ᠎ᠠ᠎ᠪᠠᠷ ᠲᠠᠯᠪᠢᠵᠤ ᠪᠣᠯᠬᠤ ᠦᠭᠡᠢ᠃ ᠮᠦᠨ ᠴᠸ᠋ ᠤᠬᠢᠶᠠᠯᠭ᠎ᠠ ᠵᠢᠨ ᠡᠳ᠋᠎ᠢᠶᠡᠷ ᠴᠡᠪᠡᠷᠯᠡᠬᠦ᠎ᠳᠡᠭᠡᠨ ᠠᠮᠠᠰᠠᠷ᠎ᠢ ᠨᠢ ᠴᠢᠩᠭ᠎ᠠ ᠮᠤᠰᠬᠢᠨ ᠲᠠᠭᠯᠠᠵᠤ ᠪᠣᠯᠬᠤ ᠦᠭᠡᠢ᠂ ᠰᠠᠵᠢᠯᠠᠵᠤ ᠪᠣᠯᠬᠤ ᠦᠭᠡᠢ ᠭᠡᠳᠡᠭ᠎ᠢ ᠠᠩᠬᠠᠷᠬᠤ ᠴᠢᠬᠤᠯᠠᠳᠠᠢ ᠶᠤᠮ᠃

 

ᠵᠠᠯᠭᠠᠭᠠᠳ《ᠠᠮᠠᠷᠠᠭ ᠬᠡ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠨᠡᠪᠳᠡᠷᠡᠭᠦᠯᠬᠡ ᠮᠠᠨᠢ ᠲᠠ ᠪᠦᠬᠦᠨ᠎ᠳᠦ ᠲᠠᠭᠠᠯᠠᠬᠳᠠᠬᠰᠠᠨ ᠪᠤᠯ ᠤᠳᠤᠨ ᠳᠡᠮᠳᠡᠭ ᠱᠠᠩᠨᠠᠵᠤ ᠪᠢᠳᠡᠨ᠎ᠳᠤ ᠤᠷᠮ᠎ᠠ ᠬᠠᠢᠷᠠᠯᠠᠭᠠᠷᠠᠢ!ᠲᠠ ᠪᠦᠬᠦᠨ ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠦ  ᠪᠠᠶᠠᠷᠯᠠᠯ᠎ᠠ᠂  ᠪᠠᠶᠠᠷᠳᠠᠢ︕

 

ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ


ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号