2 ᠰᠠᠷ᠎ᠠ ᠵᠢᠨ 14 ᠎ᠤ ᠡᠳᠤᠷ
ᠡᠬᠢᠯᠡᠬᠦ᠌ ᠴᠠᠭ᠄
2026-02-14 10:22:06
ᠨᠠᠶ᠋ᠢᠷᠠᠭᠤᠯᠤᠭᠴᠢ ᠄
ᠭᠢᠯᠪᠡᠭᠡᠨ
ᠨᠡᠪᠲᠡᠷᠡᠬᠦᠯᠦᠭᠴᠢ ᠄
ᠭᠢᠯᠪᠡᠭᠡᠨ
ᠮᠡᠷᠭᠡᠵᠢᠯ ᠄

ᠤᠩᠰᠢᠭᠰᠠᠨ ᠤᠳᠠᠭ᠎ᠠ᠄


ᠨᠡᠢᠭᠡᠮ                        

✦ᠣᠢᠷ᠎ᠠ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ᠎ᠬᠤᠷᠢᠶ᠎ᠠ᠎ᠵᠢᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠵᠢᠨ ᠪᠠᠢᠭᠤᠯᠭ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠵᠢᠨ ᠵᠣᠬᠢᠶᠠᠨ ᠪᠠᠶ᠋ᠢᠭᠤᠯᠬᠤ ᠬᠡᠯᠲᠡᠰ᠂ ᠤᠯᠤᠰ᠎ᠤᠨ ᠬᠢᠨᠠᠨ ᠪᠠᠢᠴᠠᠭᠠᠬᠤ ᠵᠥᠪᠯᠡᠯ ᠬᠠᠮᠲᠤᠷᠠᠨ 《ᠬᠤᠭᠤᠴᠠᠭ᠎ᠠ ᠰᠣᠯᠢᠬᠤ ᠰᠠᠬᠢᠯᠭ᠎ᠠ ᠪᠠᠲᠤ᠎ᠶᠢ ᠴᠢᠩᠳᠠᠯᠠᠵᠤ ᠬᠤᠭᠤᠴᠠᠭ᠎ᠠ ᠰᠣᠯᠢᠬᠤ ᠬᠡᠪ ᠰᠤᠷᠲᠠᠯ᠎ᠳᠤ ᠬᠢᠨᠠᠯᠲᠠ ᠲᠠᠯᠪᠢᠬᠤ᠎ᠶᠢ ᠴᠢᠩᠭᠠᠳᠬᠠᠬᠤ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ᠎ᠤᠨ ᠬᠢᠨ᠎ᠢ ᠬᠤᠭᠤᠴᠠᠭ᠎ᠠ ᠰᠣᠯᠢᠬᠤ ᠠᠵᠢᠯ᠎ᠤᠨ ᠳᠤᠮᠳᠠ ᠬᠢᠨᠠᠮᠠᠭᠠᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ᠃

✦ᠲᠦᠷᠦᠭᠦᠬᠡᠨ ᠢᠨᠲᠧᠷ ᠰᠦᠯᠵᠢᠶᠡᠨ᠎ᠦ ᠮᠡᠳᠡᠭᠡ ᠵᠠᠩᠭᠢ᠎ᠶᠢᠨ ᠰᠠᠯᠠᠭ᠎ᠠ ᠮᠥᠴᠢᠷ AI ᠢᠯᠡᠳᠬᠡᠮᠵᠢ ᠲᠡᠮᠳᠡᠭ ᠦᠭᠡᠢ ᠬᠤᠳᠠᠯ ᠬᠠᠭᠤᠷᠮᠠᠭ ᠦᠨᠡᠨ ᠪᠣᠳᠠᠲᠤ ᠪᠤᠰᠤ ᠮᠡᠳᠡᠭᠡ ᠵᠠᠩᠭᠢ᠎ᠶᠢ ᠤᠯᠠᠮᠵᠢᠯᠠᠨ ᠲᠠᠷᠬᠠᠭᠠᠬᠤ ᠠᠰᠠᠭᠤᠳᠠᠯ᠎ᠢ ᠴᠢᠩᠭ᠎ᠠ ᠴᠡᠭᠴᠡᠯᠡᠨ ᠵᠠᠰᠠᠵᠤ᠂ 13421 ᠲᠠᠩᠰᠠᠨ ᠨᠣᠮᠧᠷ᠎ᠢ ᠬᠠᠤᠯᠢ ᠶᠣᠰᠣᠭᠠᠷ ᠰᠢᠢᠳᠪᠦᠷᠢᠯᠡᠵᠦ᠂ ᠬᠠᠤᠯᠢ ᠲᠣᠭᠲᠠᠭᠠᠯ ᠡᠴᠡ ᠵᠥᠷᠢᠴᠡᠭᠰᠡᠨ 54.3 ᠲᠦᠮᠡ ᠭᠠᠷᠤᠢ ᠮᠡᠳᠡᠭᠡ ᠵᠠᠩᠭᠢ᠎ᠶᠢ ᠴᠡᠪᠡᠷᠯᠡᠪᠡ᠃


ethernet-cable-plug-network.jpg


✦ᠰᠤᠷᠭᠠᠨ ᠬᠥᠮᠦᠵᠢᠯ᠎ᠦᠨ ᠶᠠᠮᠤᠨ ᠤᠢᠷ᠎ᠠ᠎ᠳᠦ ᠠᠵᠢᠯ ᠮᠡᠷᠭᠡᠵᠢᠯ ᠎ᠦᠨ ᠰᠤᠷᠭᠠᠨ ᠬᠥᠮᠦᠵᠢᠯ᠎ᠦᠨ ᠵᠢᠭᠠᠨ ᠰᠤᠷᠭᠠᠯᠲᠠ ᠎ᠶᠢᠨ ᠵᠠᠩᠭᠢᠯᠠᠭ᠎ᠠ ᠵᠢᠨ  ᠡᠯᠧᠮᠧᠨ᠋ᠲ᠎ᠦᠨ ᠥᠭᠡᠷᠡᠴᠢᠯᠡᠯᠲᠡ ᠎ᠶᠢ ᠭᠦᠨᠵᠡᠭᠡᠢᠷᠡᠭᠦᠯᠬᠦ ᠠᠵᠢᠯ᠎ᠢ ᠪᠠᠢᠷᠢᠯᠠᠭᠤᠯᠵᠤ᠂ ᠳᠡᠭᠡᠳᠦ ᠮᠡᠷᠭᠡᠵᠢᠯ ᠎ᠦᠨ ᠴᠢᠳᠠᠪᠤᠷᠢᠲᠠᠨ᠎ᠢ ᠬᠥᠮᠥᠵᠢᠭᠦᠯᠬᠦ᠎ᠶᠢᠨ ᠲᠣᠭᠣᠷᠢᠨ᠎ᠳᠤ ᠲᠤᠰᠬᠠᠢ ᠮᠡᠷᠭᠡᠵᠢᠯ᠂ ᠬᠢᠴᠢᠶᠡᠯ᠂ ᠵᠢᠭᠠᠬᠤ ᠮᠠᠲᠧᠷᠢᠶᠠᠯ᠂ ᠪᠠᠭ᠍ᠰᠢ᠂ ᠳᠠᠳᠤᠯᠭ᠎ᠠ ᠪᠣᠯᠪᠠᠰᠤᠷᠠᠯ ᠵᠡᠷᠭᠡ ᠡᠯᠧᠮᠧᠨ᠋ᠲ᠎ᠦᠨ ᠥᠭᠡᠷᠡᠴᠢᠯᠡᠯᠲᠡ᠎ᠶᠢ ᠬᠠᠮᠲᠤᠷᠠᠨ ᠥᠷᠨᠢᠭᠦᠯᠬᠦ᠎ᠪᠡᠷ ᠪᠤᠯᠵᠤ᠂ ᠤᠢᠷ᠎ᠠ ᠤᠭᠲᠠᠷᠭᠤᠢ᠎ᠵᠢᠨ ᠠᠵᠤ ᠠᠬᠤᠢ᠂ ᠵᠣᠬᠢᠶᠠᠮᠠᠯ ᠣᠶᠤᠨ ᠴᠢᠳᠠᠪᠤᠷᠢ ᠵᠡᠷᠭᠡ ᠬᠦᠷᠢᠶᠡᠨ᠎ᠳᠡᠬᠢ ᠰᠢᠨ᠎ᠡ ᠲᠤᠰᠬᠠᠢ ᠮᠡᠷᠭᠡᠵᠢᠯ᠎ᠢ ᠭᠣᠣᠯᠳᠠᠯᠭ᠎ᠠ᠎ᠲᠠᠢ ᠨᠡᠮᠡᠵᠦ ᠪᠠᠢᠭᠤᠯᠤᠨ᠎ᠠ ᠭᠡᠵᠦ ᠲᠣᠳᠣᠷᠬᠠᠢ ᠳᠤᠷᠠᠳᠤᠨ ᠭᠠᠷᠭᠠᠪᠠ᠃


640 (1).png


✦ᠣᠢᠷ᠎ᠠ᠎ᠳᠤ ᠪᠥᠬᠥ ᠣᠷᠣᠨ᠎ᠤ 12 ᠠᠢᠮᠠᠭ ᠬᠣᠲᠠ᠎ᠶᠢᠨ ᠬᠤᠳᠠᠯᠳᠤᠭᠠᠨ᠎ᠳᠤ ᠬᠡᠷᠡᠭᠯᠡᠬᠦ ᠭᠡᠷ ᠪᠠᠢᠰᠢᠩ (《ᠬᠤᠳᠠᠯᠳᠤᠭᠠᠨ᠎ᠤ ᠪᠠ ᠣᠷᠣᠨ ᠰᠠᠭᠤᠴᠠ᠎ᠶᠢᠨ ᠬᠣᠶᠠᠷ ᠬᠡᠷᠡᠭᠴᠡᠭᠡᠲᠦ ᠭᠡᠷ ᠪᠠᠢᠰᠢᠩ》᠎ᠢ ᠪᠠᠭᠲᠠᠭᠠᠨ᠎ᠠ ) ᠎ᠤᠨ ᠭᠡᠷ ᠪᠠᠢᠰᠢᠩ ᠬᠤᠳᠠᠯᠳᠤᠨ ᠠᠪᠬᠤ ᠵᠢᠭᠡᠯᠡᠯᠭᠡ᠎ᠶᠢᠨ ᠠᠩᠬ᠎ᠠ ᠲᠤᠰᠢᠶᠠᠬᠤ ᠵᠣᠭᠣᠰ᠎ᠤᠨ ᠬᠠᠮᠤᠭ᠎ᠤᠨ ᠳᠣᠣᠷ᠎ᠠ ᠬᠠᠷᠢᠴᠠᠯ᠎ᠳᠤ ᠲᠣᠬᠢᠷᠠᠭᠤᠯᠤᠯᠲᠠ ᠬᠢᠵᠤ᠂ ᠬᠤᠳᠠᠯᠳᠤᠭᠠᠨ᠎ᠳᠤ ᠬᠡᠷᠡᠭᠯᠡᠬᠦ ᠭᠡᠷ ᠪᠠᠢᠰᠢᠩ ᠬᠤᠳᠠᠯᠳᠤᠨ ᠠᠪᠬᠤ ᠵᠢᠭᠡᠯᠡᠯᠭᠡ᠎ᠶᠢᠨ ᠠᠩᠬ᠎ᠠ ᠲᠤᠰᠢᠶᠠᠬᠤ ᠵᠣᠭᠣᠰ᠎ᠤᠨ ᠬᠠᠷᠢᠴᠠᠯ᠎ᠢ 30%᠎ᠠᠴᠠ ᠳᠣᠣᠷ᠎ᠠ ᠪᠠᠢᠯᠭᠠᠵᠤ ᠪᠣᠯᠬᠤ ᠦᠭᠡᠢ ᠭᠡᠵᠦ ᠲᠤᠭᠲᠠᠭᠠᠨ᠂ ᠲᠤᠰ ᠲᠥᠷᠥ᠎ᠶᠢᠨ ᠪᠣᠳᠣᠯᠭ᠎ᠠ᠎ᠶᠢ 2 ᠰᠠᠷ᠎ᠠ᠎ᠶᠢᠨ 10᠎ᠤ ᠡᠳᠦᠷ᠎ᠡᠴᠡ ᠡᠬᠢᠯᠡᠵᠦ ᠬᠡᠷᠡᠭᠵᠢᠭᠦᠯᠪᠡ᠃

✦ᠰᠠᠷ᠎ᠠ ᠳᠦᠭᠦᠷᠦᠭᠡ ᠦᠭᠡᠢ ᠬᠡᠦᠬᠡᠳ ᠎ᠤᠨ ᠤᠳᠤᠮᠰᠢᠯ᠎ᠤᠨ ᠰᠤᠯᠢᠯᠴᠠᠭ᠎ᠠ᠎ᠵᠢᠨ ᠡᠪᠡᠳᠴᠢᠨ ᠪᠠ ᠰᠤᠨᠤᠷ᠎ᠤᠨ ᠰᠠᠭᠠᠳ᠎ᠢ ᠡᠷᠲᠡ ᠢᠯᠡᠷᠡᠭᠦᠯᠵᠦ᠂ ᠡᠪᠡᠳᠴᠢᠨ ᠲᠠᠢ ᠬᠡᠦᠬᠡᠳ᠎ᠢ ᠴᠠᠭ ᠲᠤᠬᠠᠢ᠎ᠳᠤᠨᠢ ᠤᠨᠤᠰᠢᠯᠠᠬᠤ ᠪᠠ ᠡᠮᠴᠢᠯᠡᠨ ᠵᠠᠰᠠᠬᠤ᠎ᠵᠢᠨ ᠲᠥᠯᠥᠭᠡ᠂ 2026 ᠤᠨ᠎ᠳᠦ ᠥᠪᠥᠷ ᠮᠤᠩᠭᠤᠯ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠵᠢᠨ ᠰᠠᠯᠠᠭ᠎ᠠ ᠮᠥᠴᠢᠷ᠎ᠤᠨ ᠬᠢᠨ ᠪᠦᠬᠦ ᠤᠷᠤᠨ᠎ᠤ ᠰᠠᠷ᠎ᠠ ᠳᠦᠭᠦᠷᠦᠭᠡ ᠦᠭᠡᠢ ᠬᠡᠦᠬᠡᠳ᠎ᠲᠦ ᠰᠦᠢᠳᠬᠡᠯ ᠬᠤᠷᠢᠶᠠᠬᠤ ᠦᠭᠡᠢ᠎ᠪᠡᠷ ᠡᠪᠡᠳᠴᠢᠨ ᠡᠮᠬᠡᠭ᠎ᠢ ᠪᠠᠢᠴᠠᠭᠠᠵᠤ ᠥᠭᠬᠥ᠎ᠪᠡᠷ ᠪᠠᠢᠨ᠎ᠠ᠃


QQ20260214-103704.png

✦ᠤᠯᠤᠰ᠎ᠤᠨ ᠦᠨᠳᠦᠰᠦᠲᠡᠨ᠎ᠦ ᠬᠡᠷᠡᠭ ᠡᠷᠭᠢᠯᠡᠬᠦ ᠵᠥᠪᠯᠡᠯ ᠣᠢᠷ᠎ᠠ᠎ᠳᠤ ᠠᠷᠪᠠᠨ ᠬᠣᠶᠠᠳᠤᠭᠠᠷ ᠪᠦᠯᠦᠭ᠎ᠦᠨ ᠪᠥᠬᠥ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠵᠢᠱ᠌ᠢᠶ᠎ᠡ ᠦᠵᠡᠭᠦᠯᠬᠦ ᠣᠷᠣᠨ᠎ᠤ ᠵᠢᠱ᠌ᠢᠶ᠎ᠡ ᠦᠵᠡᠭᠦᠯᠬᠦ ᠨᠢᠭᠡᠴᠢ᠎ᠶᠢᠨ ᠨᠡᠷᠡᠰ᠎ᠢ ᠨᠡᠢᠲᠡᠯᠡᠵᠦ᠂ ᠠᠯᠠᠱᠠ ᠵᠡᠭᠦᠨ ᠬᠣᠰᠢᠭᠤ ᠵᠢᠭᠰᠠᠭᠠᠯᠲᠠ᠎ᠳᠦ ᠲᠣᠳᠣᠷᠠᠪᠠ᠃ ᠢᠩᠭᠢᠭᠡᠳ ᠠᠯᠠᠱᠠ ᠠᠢᠮᠠᠭ ᠨᠢ ᠥᠪᠥᠷ ᠮᠣᠩᠭᠣᠯ᠎ᠤᠨ ᠴᠣᠷ᠎ᠤᠨ ᠭᠠᠭᠴᠠ ᠠᠢᠮᠠᠭ (ᠬᠣᠲᠠ)᠂ ᠬᠣᠰᠢᠭᠤ (ᠰᠢᠶᠠᠨ) ᠬᠣᠶᠠᠷ ᠱᠠᠲᠤᠨ᠎ᠤ ᠪᠥᠬᠥ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠵᠢᠱ᠌ᠢᠶ᠎ᠡ ᠦᠵᠡᠭᠦᠯᠬᠦ ᠲᠣᠭᠣᠷᠢᠭ᠋᠎ᠢ ᠪᠦᠬᠦᠨ᠎ᠢ ᠬᠠᠮᠤᠷᠤᠭᠰᠠᠨ ᠠᠢᠮᠠᠭ ᠬᠣᠲᠠ ᠪᠣᠯᠪᠠ᠃


微信图片_20260213103721_419_48.jpg


✦ᠲᠦᠷᠦᠭᠦᠬᠡᠨ ᠰᠤᠶᠤᠯ ᠪᠠ ᠵᠢᠭᠤᠯᠴᠢᠯᠠᠯ᠎ᠤᠨ ᠶᠠᠮᠤᠨ 2026 ᠤᠨ᠎ᠤ ᠪᠦᠬᠦ ᠤᠯᠤᠰ᠎ᠤᠨ《ᠳᠦᠷᠪᠡᠨ ᠤᠯᠠᠷᠢᠯ᠎ᠤᠨ ᠬᠥᠳᠡᠭᠡ ᠲᠤᠰᠬᠤᠨ᠎ᠤ ᠨᠠᠢᠷ》᠎ᠤᠨ ᠵᠢᠱ᠌ᠢᠶ᠎ᠡ ᠦᠵᠡᠭᠦᠯᠬᠦ ᠦᠵᠡᠭᠦᠯᠭᠡ᠎ᠵᠢᠨ ᠴᠡᠭ᠎ᠤᠨ ᠨᠡᠷᠡᠰ᠎ᠢ ᠨᠡᠢᠲᠡᠯᠡᠵᠤ᠂ ᠡᠭᠦᠨ᠎ᠳᠦ ᠤᠷᠳᠤᠰ ᠬᠤᠲᠠ᠎ᠵᠢᠨ ᠤᠲᠤᠭ ᠬᠤᠰᠢᠭᠤᠨ᠎ᠤ ᠰᠦᠮᠡᠲᠦ ᠰᠤᠮᠤᠨ᠎ᠤ ᠮᠠᠰᠢᠬᠠᠢ ᠭᠠᠴᠠᠭ᠎ᠠ 2026 ᠤᠨ᠎ᠤ ᠪᠦᠬᠦ ᠤᠯᠤᠰ᠎ᠤᠨ ᠨᠠᠮᠤᠷ᠎ᠤᠨ ᠤᠯᠠᠷᠢᠯ᠎ᠤᠨ《ᠬᠥᠳᠡᠭᠡ ᠲᠤᠰᠬᠤᠨ ᠎ᠤ ᠨᠠᠢᠷ》᠎ᠤᠨ ᠵᠢᠱ᠌ᠢᠶ᠎ᠡ ᠦᠵᠡᠭᠦᠯᠬᠦ ᠦᠵᠡᠭᠦᠯᠭᠡ᠎ᠵᠢᠨ ᠴᠡᠭ᠎ᠵᠢᠡᠷ ᠰᠤᠩᠭᠤᠭᠳᠠᠪᠠ᠃

✦ᠤᠯᠠᠭᠠᠨᠬᠠᠳᠠ ᠬᠤᠲᠠ ᠎ᠵᠢᠨ ᠠᠷᠤ ᠬᠤᠷᠴᠢᠨ ᠬᠤᠰᠢᠭᠤᠨ ᠎ᠤ ᠵᠠᠬ᠎ᠠ ᠳᠡᠯᠭᠡᠭᠦᠷ ᠎ᠤᠨ ᠬᠢᠨᠠᠯᠲᠠ ᠬᠠᠮᠢᠶᠠᠷᠤᠯᠲᠠ ᠎ᠵᠢᠨ ᠲᠤᠪᠴᠢᠶ᠎ᠠ ᠤᠢᠷ᠎ᠠ᠎ᠳᠦ ᠪᠠᠶᠠᠷ᠎ᠤᠨ ᠡᠳᠦᠷ᠎ᠡᠴᠡ ᠡᠮᠦᠨᠡᠬᠢ ᠭᠠᠯ ᠤᠨᠲᠠᠷᠠᠭᠠᠬᠤ ᠦᠢᠯᠡᠳᠬᠦᠨ᠎ᠤ ᠶᠠᠰᠤ ᠴᠢᠨᠠᠷ᠎ᠲᠦ ᠲᠤᠰᠬᠠᠢ ᠪᠠᠢᠴᠠᠭᠠᠯᠲᠠ ᠥᠷᠨᠢᠭᠦᠯᠪᠡ᠃


微信图片_20260213104403_420_48.jpg


✦ᠣᠢᠷ᠎ᠠ ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠣᠶᠣᠯ᠎ᠤᠨ ᠠᠮᠢ ᠠᠬᠤᠢ᠎ᠶᠢᠨ ᠬᠠᠮᠠᠭᠠᠯᠠᠯᠲᠠ᠎ᠶᠢᠨ ᠣᠷᠣᠨ᠎ᠤ ᠪᠦᠲᠦᠭᠡᠨ ᠪᠠᠢᠭᠤᠯᠤᠯᠲᠠ᠎ᠶᠢᠨ ᠦᠷ᠎ᠡ ᠪᠦᠲᠦᠮᠵᠢ᠎ᠶᠢ ᠦᠨᠡᠯᠡᠨ ᠵᠢᠱ᠌ᠢᠭᠰᠡᠨ ᠦᠷ᠎ᠡ ᠳ᠋ᠦᠩ ᠎ᠢ ᠨᠡᠢᠲᠡᠯᠡᠵᠦ᠂ ᠰᠢᠯᠢ᠎ᠵᠢᠨ ᠭᠤᠤᠯ ᠠᠢᠮᠠᠭ᠎ᠤᠨ ᠵᠡᠭᠦᠨ ᠦᠵᠦᠮᠦᠴᠢᠨ ᠬᠣᠰᠢᠭᠤᠨ᠎ᠤ ᠨᠡᠭᠦᠳᠡᠯ ᠰᠣᠶᠣᠯ᠎ᠤᠨ ᠠᠮᠢ ᠠᠬᠤᠢ᠎ᠶᠢᠨ ᠬᠠᠮᠠᠭᠠᠯᠠᠯᠲᠠ᠎ᠶᠢᠨ ᠣᠷᠣᠨ ᠬᠢᠨᠠᠨ ᠪᠠᠢᠴᠠᠭᠠᠯᠲᠠ᠎ᠶᠢ ᠥᠩᠭᠡᠷᠡᠭᠦᠯᠵᠦ᠂ ᠪᠥᠬᠥ ᠣᠷᠣᠨ᠎ᠤ 8 ᠬᠢᠷᠢ ᠲᠡᠩᠴᠡᠭᠰᠡᠨ ᠬᠠᠮᠠᠭᠠᠯᠠᠯᠲᠠ᠎ᠶᠢᠨ ᠣᠷᠣᠨ᠎ᠤ ᠡᠩᠨᠡᠭᠡᠨ᠎ᠳᠦ ᠣᠷᠣᠪᠠ᠃


ᠠᠵᠤ ᠠᠬᠤᠢ  

 

✦ᠣᠢᠷ᠎ᠠ ᠎ᠳᠤ ᠪᠦᠬᠦ ᠤᠯᠤᠰ᠎ᠤᠨ 44.4 ᠳ᠋ᠦᠩᠰᠢᠭᠤᠷ ᠲᠥᠭᠥᠷᠢᠭ᠎ᠦᠨ ᠲᠥᠪ᠎ᠦᠨ ᠡᠪᠦᠯ ᠬᠠᠪᠤᠷ ᠎ᠤᠨ ᠠᠪᠤᠷᠠᠨ ᠲᠤᠰᠠᠯᠠᠬᠤ ᠪᠡᠯᠡ ᠮᠥᠩᠭᠥ᠎ᠶᠢ ᠨᠢᠭᠡᠨᠲᠡ ᠪᠦᠬᠦᠨ ᠎ᠢ ᠲᠠᠷᠬᠠᠭᠠᠵᠤ᠂ ᠨᠡᠶ᠋ᠢᠲᠡ 2601 ᠲᠦᠮᠡᠨ ᠬᠥᠮᠥᠨ᠎ᠢ ᠠᠪᠤᠷᠠᠨ ᠲᠤᠰᠠᠯᠠᠵᠤ᠂ ᠭᠠᠮᠰᠢᠭ᠍ᠳᠠᠭᠰᠠᠨ ᠣᠯᠠᠨ ᠲᠦᠮᠡᠨ᠎ᠦ ᠳᠤᠯᠠᠭᠠᠨ ᠪᠦᠯᠢᠶᠡᠨ ᠡᠪᠦᠯᠵᠢᠬᠦ᠂ ᠰᠠᠨᠠᠭ᠎ᠠ ᠠᠮᠤᠷ ᠰᠢᠨᠡᠯᠡᠬᠦ᠎ᠶᠢ ᠪᠠᠲᠤᠯᠠᠪᠠ᠃

✦ᠲᠦᠷᠦᠭᠦᠬᠡᠨ ᠥᠪᠥᠷ ᠮᠤᠩᠭᠤᠯ᠎ᠤᠨ ᠢᠩᠭᠡᠨ ᠰᠦ ᠠᠮᠢᠳᠤ ᠪᠤᠳᠠᠰ ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠎ᠤᠨ ᠬᠢᠵᠠᠭᠠᠷᠲᠤ ᠺᠤᠮᠫᠠᠨᠢ ᠪᠠᠶᠠᠨᠨᠠᠭᠤᠷ ᠬᠤᠲᠠ᠎ᠵᠢᠨ ᠤᠷᠠᠳ ᠎ᠤᠨ ᠬᠤᠢᠲᠤ ᠬᠤᠰᠢᠭᠤᠨ᠎ᠳᠦ ᠲᠡᠮᠡᠭᠡᠨ᠎ᠤ ᠲᠦᠷᠢᠶᠡᠰᠦᠨ ᠮᠥᠩᠭᠥ᠎ᠵᠢᠨ ᠠᠰᠢᠭ ᠬᠤᠪᠢᠶᠠᠷᠢᠯᠠᠬᠤ ᠶᠤᠰᠤᠯᠠᠯ ᠶᠠᠪᠤᠭᠳᠠᠭᠤᠯᠵᠤ᠂ 60 ᠮᠠᠯᠴᠢᠨ ᠡᠷᠦᠬᠡ᠎ᠳᠦ 320 ᠲᠥᠮᠡᠨ ᠲᠥᠭᠥᠷᠢᠭ ᠲᠠᠷᠬᠠᠭᠠᠪᠠ᠃


微信图片_20260213103333_418_48.jpg


ᠲᠠᠮᠢᠷ 


✦13 ᠎ᠤ ᠡᠳᠦᠷ᠂ ᠮᠢᠯᠠᠨ᠎ᠤ ᠡᠪᠦᠯ᠎ᠦᠨ ᠤᠯᠠᠷᠢᠯ᠎ᠤᠨ ᠣᠯᠢᠮᠫᠢᠺ ᠎ᠤᠨ ᠲᠠᠮᠢᠷ᠎ᠤᠨ ᠴᠤᠭᠯᠠᠭᠠᠨ᠎ᠤ ᠣᠢᠷ᠎ᠠ ᠵᠠᠢ᠎ᠵᠢᠨ ᠲᠦᠷᠭᠡᠨ ᠲᠡᠰᠢᠯᠲᠡ᠎ᠶᠢᠨ ᠡᠷᠡᠭᠲᠡᠢ᠎ᠶᠢᠨ 1000 ᠮᠧᠲᠷ᠎ᠦᠨ ᠰᠢᠢᠳᠪᠦᠷᠢᠲᠦ ᠤᠷᠤᠯᠳᠤᠭᠠᠨ᠎ᠳᠤ ᠳᠤᠮᠳᠠᠳᠤ ᠤᠯᠤᠰ᠎ᠤᠨ ᠲᠠᠮᠢᠷᠴᠢᠨ ᠰᠦᠨ ᠯᠦᠩ ᠮᠥᠩᠭᠥᠨ ᠮᠧᠳᠠᠯ ᠬᠦᠷᠲᠡᠵᠡᠢ᠃

✦ᠲᠦᠷᠦᠭᠦᠬᠡᠨ ᠳᠡᠯᠡᠬᠡᠢ ᠎ᠶᠢᠨ ᠥᠳᠥᠨ ᠪᠥᠮᠪᠥᠭᠡ᠎ᠶᠢᠨ ᠬᠣᠯᠪᠣᠭ᠎ᠠ ᠢᠯᠡᠷᠬᠡᠢᠯᠡᠯᠲᠡ ᠨᠡᠢᠲᠡᠯᠡᠵᠦ᠂ ᠴᠣ ᠰᠢᠨ᠎ᠡ 3×15᠎ᠶᠢᠨ ᠬᠤᠪᠢ ᠲᠡᠮᠳᠡᠭᠯᠡᠬᠦ ᠳᠦᠷᠢᠮ᠎ᠢᠶᠡᠷ ᠥᠳᠥᠨ ᠪᠥᠮᠪᠥᠭᠡ᠎ᠶᠢᠨ ᠤᠷᠤᠯᠳᠤᠭᠠᠨ᠎ᠤ ᠬᠤᠪᠢ ᠲᠡᠮᠳᠡᠭᠯᠡᠬᠦ ᠠᠷᠭ᠎ᠠ ᠪᠣᠯᠭᠠᠬᠤ᠎ᠶᠢ ᠵᠥᠪᠰᠢᠶᠡᠷᠡᠪᠡ᠃


640.png


ᠲᠡᠯᠡᠬᠡᠢ  


✦ᠲᠥᠪ ᠲᠸᠯᠸᠢᠰ ᠎ᠤᠨ ᠮᠡᠳᠡᠭᠡ᠎ᠶᠢ ᠦᠨᠳᠦᠰᠦᠯᠡᠪᠡᠯ᠂ ᠭᠧᠷᠮᠠᠨ ᠎ᠤ ᠮᠠᠰᠢᠨ ᠲᠡᠷᠭᠡ ᠦᠢᠯᠡᠳᠬᠦ ᠬᠤᠳᠠᠯᠳᠤᠭᠠᠴᠢᠨ BMW ᠪᠦᠯᠦᠭᠯᠡᠯ   11᠎ᠦ ᠡᠳᠦᠷ ᠢᠯᠡᠷᠬᠡᠢᠯᠡᠬᠦ᠎ᠳᠡᠭᠡᠨ᠂ ᠬᠥᠳᠡᠯᠭᠡᠭᠦᠷ ᠎ᠦᠨ ᠬᠥᠳᠡᠯᠭᠡᠬᠦ ᠲᠥᠬᠦᠭᠡᠷᠦᠮᠵᠢ ᠎ᠳᠦ ᠠᠮᠤᠷ ᠲᠦᠪᠰᠢᠨ ᠎ᠦ ᠳᠠᠯᠳᠠ ᠭᠡᠮ ᠣᠷᠣᠰᠢᠵᠤ ᠪᠠᠢᠬᠤ᠎ᠡᠴᠡ ᠪᠤᠯᠵᠤ ᠪᠦᠬᠦ ᠪᠥᠮᠪᠥᠷᠴᠡᠭ᠎ᠦᠨ ᠬᠡᠪᠴᠢᠶᠡᠨ᠎ᠳᠦ ᠬᠡᠳᠦᠨ ᠠᠷᠪᠠᠨ ᠲᠦᠮᠡᠨ ᠮᠠᠰᠢᠨ ᠲᠡᠷᠭᠡ᠎ᠶᠢ ᠡᠭᠡᠭᠦᠯᠦᠨ ᠪᠤᠴᠠᠭᠠᠬᠤ᠎ᠪᠡᠷ ᠪᠤᠯᠵᠡᠢ᠃


QQ20260214-103719.png

✦ᠰᠢᠨᠬᠤᠸᠠ ᠬᠤᠷᠢᠶ᠎ᠠ ᠎ᠵᠢᠨ ᠮᠡᠳᠡᠭᠡ᠎ᠶᠢ ᠦᠨᠳᠦᠰᠦᠯᠡᠪᠡᠯ᠂ ᠠᠨᠭ᠌ᠭ᠌ᠯᠢ ᠎ᠶᠢᠨ ᠤᠯᠤᠰ ᠎ᠤᠨ ᠲᠣᠭ᠎ᠠ ᠪᠦᠷᠢᠳᠬᠡᠯ᠎ᠦᠨ ᠲᠣᠪᠴᠢᠶ᠎ᠠ᠎ᠶᠢᠨ 12᠎ᠤᠨ ᠡᠳᠦᠷ ᠨᠡᠢᠲᠡᠯᠡᠭᠰᠡᠨ ᠲᠣᠭ᠎ᠠ ᠪᠠᠷᠢᠮᠲᠠ᠎ᠳᠤ ᠢᠯᠡᠷᠡᠭᠦᠯᠦᠭᠰᠡᠨ᠎ᠢᠶᠡᠷ᠂ ᠦᠢᠯᠡᠴᠢᠯᠡᠭᠡᠨ᠎ᠦ ᠦᠢᠯᠡᠰ ᠵᠡᠷᠭᠡ ᠠᠵᠢᠯ ᠲᠥᠷᠥᠯ᠎ᠦᠨ ᠳᠠᠢᠴᠢᠯᠠᠯᠲᠠ ᠳᠣᠣᠷ᠎ᠠ 2025 ᠣᠨ᠎ᠳᠤ ᠠᠨᠭ᠌ᠭ᠌ᠯᠢ᠎ᠶᠢᠨ ᠠᠵᠤ ᠠᠬᠤᠢ 1.3% ᠪᠡᠷ ᠨᠡᠮᠡᠭᠳᠡᠪᠡ᠃



 

ᠦᠢᠯᠡᠴᠢᠯᠡᠭᠡ 

✦ᠤᠯᠠᠭᠠᠨᠬᠠᠳᠠ ᠬᠣᠲᠠ ᠎ᠶᠢᠨ ᠰᠤᠷᠭᠠᠨ ᠬᠥᠮᠦᠵᠢᠯ᠎ᠦᠨ ᠲᠣᠪᠴᠢᠶᠠᠨ ᠎ᠤ  ᠰᠢᠭᠤᠳ ᠬᠠᠷᠢᠶ᠎ᠠ ᠰᠤᠷᠭᠠᠭᠤᠯᠢ ᠠᠵᠢᠯᠲᠠᠨ ᠡᠯᠰᠡᠵᠦ ᠪᠤᠢ᠃ 


ᠲᠠᠨ ᠎ᠤ ᠲᠤᠰᠡ ᠳ᠋ᠤ 

✦ᠡᠷᠡᠭᠦᠯ ᠴᠢᠭᠢᠷᠠᠭ ᠨᠠᠰᠤᠨ ᠎ᠳᠤ ᠬᠦᠷᠦᠭᠰᠡᠳ ᠵᠢᠯ ᠪᠦᠷᠢ ᠨᠢᠭᠡ ᠤᠳᠠᠭ᠎ᠠ ᠴᠢᠰᠤᠨ ᠳᠠᠷᠤᠯᠲᠠ᠂ ᠴᠢᠰᠤᠨ᠎ᠤ ᠥᠭᠡᠬᠦ᠂ ᠴᠢᠰᠤᠨ ᠰᠢᠬᠢᠷ᠎ᠵᠢᠡᠨ ᠪᠠᠢᠴᠠᠭᠠᠪᠠᠯ ᠵᠤᠬᠢᠨ᠎ᠠ᠃ ᠤᠳᠤᠮᠰᠢᠯ᠎ᠤᠨ ᠡᠪᠡᠳᠴᠢᠨ᠎ᠤ ᠲᠡᠦᠬᠡ ᠲᠠᠢ᠂《ᠭᠤᠷᠪᠠᠨ ᠥᠨᠳᠥᠷ》 ᠬᠥᠮᠥᠰ ᠭᠡᠷ᠎ᠲᠡᠭᠡᠨ ᠪᠠᠢᠩᠭᠤ ᠬᠢᠨᠠᠨ ᠬᠡᠮᠵᠢᠬᠦ ᠪᠠᠭᠠᠵᠢ ᠬᠡᠷᠡᠭᠰᠡᠯ᠎ᠪᠡᠯᠡᠳᠬᠡᠵᠦ᠂ 6 ᠰᠠᠷ᠎ᠠ ᠪᠦᠷᠢ᠎ᠳᠦ ᠨᠢᠭᠡ ᠤᠳᠠᠭ᠎ᠠ ᠴᠢᠰᠤᠨ᠎ᠤ ᠥᠭᠡᠬᠦ᠎ᠪᠡᠨ ᠪᠠᠢᠴᠠᠭᠠᠪᠠᠯ ᠵᠤᠬᠢᠨ᠎ᠠ᠃ ᠰᠢᠬᠢᠷ ᠰᠢᠵᠢᠩ ᠡᠪᠡᠳᠴᠢᠲᠡᠨ ᠡᠳᠦᠷ ᠪᠦᠷᠢ ᠴᠢᠰᠤᠨ ᠰᠢᠬᠢᠷ᠎ᠵᠢᠡᠨ ᠪᠠᠢᠴᠠᠭᠠᠨ ᠬᠡᠮᠵᠢᠬᠦ᠎ᠶᠢ ᠠᠩᠬᠠᠷᠴᠤ᠂ ᠥᠯᠥᠨ ᠵᠢᠡᠷ ᠪᠠ ᠬᠣᠭᠣᠯᠠᠨ ᠎ᠤ ᠳᠠᠷᠠᠭ᠎ᠠ 2 ᠴᠠᠭ᠎ᠤᠨ ᠲᠤᠳᠤᠷ᠎ᠠ ᠴᠢᠰᠤᠨ ᠰᠢᠬᠢᠷ᠎ᠵᠢᠡᠨ ᠬᠡᠮᠵᠢᠨ᠎ᠠ᠃ ᠴᠢᠰᠤᠨ ᠳᠠᠷᠤᠯᠲᠠ ᠥᠨᠳᠥᠷ ᠡᠪᠡᠳᠴᠢᠲᠡᠨ ᠠᠳᠠᠭ᠎ᠲᠠᠭᠠᠨ ᠡᠳᠦᠷ ᠪᠦᠷᠢ ᠡᠷᠲᠡ ᠪᠠ ᠣᠷᠣᠢ ᠨᠢᠭᠡ ᠤᠳᠠᠭ᠎ᠠ ᠴᠢᠰᠤᠨ ᠳᠠᠷᠤᠯᠲᠠ᠎ᠪᠠᠨ ᠬᠡᠮᠵᠢᠪᠡᠯ ᠵᠤᠬᠢᠨ᠎ᠠ᠃

 

ᠵᠠᠯᠭᠠᠭᠠᠳ 《ᠲᠡᠮᠡᠦᠯᠦᠭᠰᠡᠨ ᠰᠡᠳᠬᠢᠯ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠨᠡᠪᠳᠡᠷᠡᠭᠦᠯᠬᠡ ᠮᠠᠨᠢ ᠲᠠ ᠪᠦᠬᠦᠨ᠎ᠳᠦ ᠲᠠᠭᠠᠯᠠᠬᠳᠠᠬᠰᠠᠨ ᠪᠤᠯ ᠤᠳᠤᠨ ᠳᠡᠮᠳᠡᠭ ᠱᠠᠩᠨᠠᠵᠤ ᠪᠢᠳᠡᠨ ᠎ᠳᠤ ᠤᠷᠮ᠎ᠠ ᠬᠠᠢᠷᠠᠯᠠᠭᠠᠷᠠᠢ!ᠲᠠ ᠪᠦᠬᠦᠨ ᠎ᠤ ᠬᠦᠯᠢᠶᠡᠨ ᠠᠪᠴᠤ᠌ ᠰᠤᠨᠤᠰᠤᠬ᠍ᠰᠠᠨ ᠎ᠳᠤ  ᠪᠠᠶᠠᠷᠯᠠᠯ᠎ᠠ᠂  ᠪᠠᠶᠠᠷᠳᠠᠢ!

 

ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ ᠎ᠤ  ᠵᠢᠷᠬᠢᠶ᠎ᠠ᠎ᠶᠢᠨ ᠲᠠᠪᠴᠠᠩ


ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号