



ᠨᠡᠢᠭᠡᠮ
✦ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠎ᠡᠴᠡ ᠪᠡᠭᠡᠵᠢᠩ
ᠬᠣᠲᠠ᠎ᠶᠢᠨ ᠬᠡᠦᠬᠡᠳ᠎ᠦᠨ ᠥᠰᠦᠯᠲᠡ ᠪᠣᠶ᠋ᠢᠵᠢᠯᠲᠠ᠎ᠶᠢᠨ ᠲᠤᠰᠬᠠᠢ ᠮᠡᠷᠭᠡᠵᠢᠯ᠂ ᠬᠡᠦᠬᠡᠳ᠎ᠦᠨ ᠰᠢᠮ᠎ᠡ
ᠲᠡᠵᠢᠭᠡᠯ᠎ᠦᠨ ᠲᠤᠰᠬᠠᠢ ᠮᠡᠷᠭᠡᠵᠢᠯ᠎ᠤᠨ ᠬᠢᠨ ᠬᠡᠦᠬᠡᠳ᠎ᠦᠨ ᠠᠷᠠᠰᠤᠨ᠎ᠤ ᠡᠪᠡᠳᠴᠢᠨ ᠡᠮᠭᠡᠭ᠎ᠢ ᠢᠨᠲᠧᠷ
ᠰᠦᠯᠵᠢᠶ᠎ᠡ᠎ᠪᠡᠷ ᠠᠩᠬ᠎ᠠ ᠣᠨᠣᠰᠢᠯᠠᠬᠤ ᠲᠤᠷᠰᠢᠯᠲᠠ᠎ᠶᠢᠨ ᠠᠵᠢᠯ ᠥᠷᠨᠢᠭᠦᠯᠬᠦ᠎ᠶᠢ ᠵᠥᠪᠰᠢᠶᠡᠷᠡᠪᠡ᠃
✦ 2025 ᠣᠨ᠎ᠳᠤ᠂ ᠮᠠᠨ᠎ᠤ ᠤᠯᠤᠰ ᠬᠥᠳᠡᠭᠡ ᠲᠣᠰᠬᠣᠨ ᠵᠢᠴᠢ
ᠪᠣᠶ᠋ᠢᠳᠠ ᠪᠥᠭᠯᠡᠭᠦᠦ ᠭᠠᠵᠠᠷ ᠣᠷᠣᠨ᠎ᠤ ᠮᠡᠳᠡᠭᠡ ᠵᠠᠩᠭᠢ᠎ᠶᠢᠨ ᠰᠠᠭᠤᠷᠢ ᠲᠥᠬᠦᠭᠡᠷᠦᠮᠵᠢ᠎ᠶᠢᠨ ᠪᠦᠲᠦᠭᠡᠨ
ᠪᠠᠢᠭᠤᠯᠤᠯᠲᠠ᠎ᠶᠢ ᠲᠦᠷᠭᠡᠳᠬᠡᠵᠦ᠂ ᠪᠥᠬᠥ ᠤᠯᠤᠰ᠎ᠤᠨ ᠪᠣᠶ ᠪᠦᠬᠦᠢ ᠰᠢᠶᠠᠩ ᠪᠠᠯᠭᠠᠰᠤ ᠵᠢᠴᠢ 95%᠎ᠶᠢᠨ
ᠵᠠᠰᠠᠭ ᠵᠠᠬᠢᠷᠭᠠᠨ᠎ᠤ ᠲᠣᠰᠬᠣᠨ᠎ᠳᠤ 5G ᠰᠦᠯᠵᠢᠶ᠎ᠡ᠎ᠶᠢ ᠨᠡᠪᠲᠡᠷᠡᠭᠦᠯᠪᠡ᠃
✦ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ ᠵᠠᠰᠠᠭ ᠣᠯᠠᠨ ᠲᠦᠮᠡᠨ᠎ᠦ
ᠪᠠᠢᠭᠤᠯᠭ᠎ᠠ (ᠠᠯᠪᠠᠲᠠᠨ᠎ᠤ ᠬᠠᠤᠯᠢ᠎ᠪᠠᠷ ᠯᠠᠪᠯᠠᠯᠲᠠ ᠪᠣᠯᠭᠠᠨ ᠬᠠᠮᠢᠶᠠᠷᠬᠤ
ᠨᠢᠭᠡᠴᠢ) ᠵᠢᠨ 2026
ᠣᠨ᠎ᠤ ᠠᠯᠪᠠᠲᠠᠨ ᠡᠯᠰᠡᠬᠦ ᠨᠡᠷ᠎ᠡ ᠮᠡᠳᠡᠭᠦᠯᠬᠦ ᠠᠵᠢᠯ 2
ᠰᠠᠷ᠎ᠠ᠎ᠶᠢᠨ 1᠎ᠦ
ᠡᠳᠦᠷ᠎ᠦᠨ 9 ᠴᠠᠭ᠎ᠠᠴᠠ ᠡᠬᠢᠯᠡᠵᠦ᠂ 2
ᠰᠠᠷ᠎ᠠ᠎ᠶᠢᠨ 5᠎ᠤ
ᠡᠳᠦᠷ᠎ᠦᠨ 17 ᠴᠠᠭ ᠪᠣᠯᠲᠠᠯ᠎ᠠ ᠶᠠᠪᠤᠭᠳᠠᠨ᠎ᠠ᠃
✦ 2026 ᠣᠨ᠎ᠳᠤ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ 6
ᠲᠠᠯ᠎ᠠ᠎ᠶᠢᠨ ᠠᠵᠢᠯ᠎ᠢ ᠰᠠᠢᠲᠤᠷ ᠬᠢᠵᠦ᠂ ᠠᠷᠠᠳ᠎ᠤᠨ ᠶᠠᠪᠤᠳᠠᠯ᠎ᠤᠨ ᠦᠢᠯᠡᠰ᠎ᠦᠨ ᠴᠢᠨᠠᠷ ᠰᠠᠢᠲᠠᠢ
ᠬᠥᠭᠵᠢᠯᠲᠡ᠎ᠶᠢ ᠠᠬᠢᠭᠤᠯᠬᠤ᠎ᠪᠠᠷ ᠪᠠᠢᠨ᠎ᠠ᠃
ᠠᠵᠤ ᠠᠬᠤᠢ
✦ 2025 ᠣᠨ᠎ᠤ 12
ᠰᠠᠷ᠎ᠠ᠎ᠳᠤ᠂ ᠮᠠᠨ᠎ᠤ ᠤᠯᠤᠰ᠎ᠤᠨ ᠣᠯᠠᠨ ᠤᠯᠤᠰ᠎ᠤᠨ ᠣᠷᠣᠯᠭ᠎ᠠ ᠵᠠᠷᠤᠯᠭ᠎ᠠ᠎ᠶᠢᠨ ᠰᠢᠰᠲᠧᠮ᠎ᠦᠨ ᠪᠠᠷᠠᠭ᠎ᠠ ᠪᠠ
ᠦᠢᠯᠡᠴᠢᠯᠡᠭᠡᠨ᠎ᠦ ᠠᠷᠠᠯᠵᠢᠶ᠎ᠠ᠎ᠶᠢᠨ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠬᠤ ᠬᠡᠪᠴᠢᠶ᠎ᠡ 52808
ᠳ᠋ᠦᠩᠰᠢᠭᠤᠷ ᠲᠥᠭᠥᠷᠢᠭ᠎ᠲᠦ ᠬᠦᠷᠴᠡᠢ᠃
✦ 2025 ᠣᠨ᠎ᠳᠤ ᠮᠠᠨ᠎ᠤ ᠤᠯᠤᠰ᠎ᠤᠨ ᠦᠨᠳᠦᠰᠦᠨ ᠡᠮ ᠡᠮᠨᠡᠯᠭᠡ᠎ᠶᠢᠨ
ᠳᠠᠭᠠᠳᠬᠠᠯ᠎ᠤᠨ ᠨᠢᠭᠡᠳᠦᠯᠲᠡᠢ ᠲᠥᠯᠥᠪᠯᠡᠬᠦ ᠰᠠᠭᠤᠷᠢ ᠮᠥᠩᠭᠥ᠎ᠶᠢᠨ ᠣᠷᠣᠯᠭ᠎ᠠ ᠪᠠᠷᠤᠭ 2.95 ᠲᠦᠮᠡᠨ ᠳ᠋ᠦᠩᠰᠢᠭᠤᠷ ᠲᠥᠭᠥᠷᠢᠭ᠎ᠲᠦ
ᠬᠦᠷᠴᠡᠢ᠃
✦ ᠥᠪᠥᠷ ᠮᠣᠩᠭᠣᠯ᠎ᠤᠨ ᠠᠵᠤ ᠦᠢᠯᠡᠳᠪᠦᠷᠢ
ᠪᠠ ᠮᠡᠳᠡᠭᠡ ᠵᠠᠩᠭᠢᠴᠢᠯᠠᠯᠲᠠ᠎ᠶᠢᠨ ᠲᠢᠩᠬᠢᠮ᠎ᠦᠨ ᠮᠡᠳᠡᠭᠡ᠎ᠶᠢ ᠦᠨᠳᠦᠰᠦᠯᠡᠪᠡᠯ᠂ 2025 ᠣᠨ᠎ᠳᠤ ᠪᠥᠬᠥ ᠣᠷᠣᠨ᠎ᠤ ᠠᠵᠤ ᠦᠢᠯᠡᠳᠪᠦᠷᠢ᠎ᠶᠢᠨ
ᠲᠣᠭᠲᠠᠮᠠᠯ ᠬᠥᠷᠥᠩᠭᠡ᠎ᠶᠢᠨ ᠪᠡᠯᠡ ᠣᠷᠣᠭᠤᠯᠤᠯᠲᠠ 7.3%᠎ᠪᠠᠷ ᠨᠡᠮᠡᠭᠳᠡᠵᠦ᠂ ᠪᠥᠬᠥ ᠤᠯᠤᠰ᠎ᠤᠨ ᠳᠤᠮᠳᠠᠴᠢ
ᠲᠦᠪᠰᠢᠨ᠎ᠡᠴᠡ ᠵᠠᠭᠤᠨ᠎ᠤ ᠬᠠᠷᠢᠴᠠᠯ᠎ᠵᠢᠡᠷ 4.7 ᠬᠤᠪᠢ ᠥᠨᠳᠥᠷ ᠪᠣᠯᠵᠤ᠂ ᠪᠥᠬᠥ ᠤᠯᠤᠰ᠎ᠲᠤ ᠶᠢᠰᠦᠳᠦᠭᠡᠷ᠎ᠲᠦ
ᠵᠢᠭ᠍ᠰᠠᠭᠠᠭᠳᠠᠪᠠ᠃

ᠰᠣᠶᠣᠯ
✦ 1 ᠰᠠᠷ᠎ᠠ᠎ᠶᠢᠨ 31᠎ᠦ ᠡᠳᠦᠷ᠂ ᠲᠥᠪ᠎ᠦᠨ ᠷᠠᠳᠢᠣ᠋ ᠲᠧᠯᠸᠢᠰ᠎ᠦᠨ ᠶᠡᠷᠦᠩᠬᠡᠢ ᠬᠣᠷᠢᠶ᠎ᠠ᠎ᠶᠢᠨ 《2026 ᠣᠨ᠎ᠤ ᠴᠠᠭᠠᠨ ᠰᠠᠷ᠎ᠠ᠎ᠶᠢᠨ ᠦᠳᠡᠰᠢᠯᠡᠭᠡ》 ᠭᠤᠷᠪᠠᠳᠤᠭᠠᠷ ᠤᠳᠠᠭᠠᠨ᠎ᠤ
ᠰᠣᠷᠢᠯᠲᠠ ᠲᠤᠭᠯᠠᠯᠲᠠ᠎ᠪᠡᠨ ᠬᠢᠪᠡ᠃

✦ ᠳᠡᠯᠡᠬᠡᠢ᠎ᠶᠢᠨ ᠢᠷᠠᠭᠤ ᠨᠠᠢᠷᠠᠭ᠎ᠤᠨ ᠡᠳᠦᠷᠯᠢᠭ᠎ᠦᠨ 《ᠠᠯᠠᠱᠠ ᠢᠷᠠᠭᠤ
ᠨᠠᠢᠷᠠᠭ᠎ᠤᠨ ᠨᠠᠭᠠᠳᠤᠮ》 2026 ᠣᠨ
ᠤ 3 ᠰᠠᠷ᠎ᠠ᠎ᠶᠢᠨ
21᠎ᠤ ᠡᠳᠦᠷ ᠡᠵᠡᠨ᠎ᠡ ᠬᠣᠰᠢᠭᠤᠨ᠎ᠤ ᠲᠥᠪ ᠳᠠᠯᠠᠢᠬᠦ᠋ᠪ ᠪᠠᠯᠭᠠᠰᠤᠨ᠎ᠳᠤ ᠶᠠᠪᠤᠭᠳᠠᠬᠤ᠎ᠪᠠᠷ ᠪᠣᠢ᠃
✦ 1 ᠰᠠᠷ᠎ᠠ ᠶᠢᠨ
30᠎ᠤ ᠣᠷᠣᠢ᠎ᠶᠢᠨ
8 ᠴᠠᠭ᠎ᠲᠤ᠂
ᠪᠠᠶᠠᠨᠨᠠᠭᠤᠷ ᠬᠤᠲᠠ᠎ᠵᠢᠨ ᠤᠷᠠᠳ᠎ᠤᠨ ᠳᠤᠮᠳᠠᠳᠤ ᠬᠣᠰᠢᠭᠤᠨ᠎ᠤ ᠠᠩᠬᠠᠳᠤᠭᠠᠷ ᠬᠤᠭᠤᠴᠠᠭᠠᠨ᠎ᠤ ᠪᠠᠭᠠᠴᠤᠳ ᠬᠡᠦᠬᠡᠳ᠎ᠦᠨ
ᠴᠠᠭᠠᠨ ᠰᠠᠷ᠎ᠠ᠎ᠶᠢᠨ ᠦᠳᠡᠰᠢᠯᠡᠭᠡ ᠲᠤᠰ ᠬᠣᠰᠢᠭᠤᠨ᠎ᠤ ᠰᠣᠶᠣᠯ᠎ᠤᠨ ᠣᠷᠳᠣᠨ᠎ᠳᠤ ᠰᠢᠩᠭᠡᠭᠡᠯᠲᠡ ᠬᠢᠵᠡᠢ᠃

ᠲᠠᠮᠢᠷ
✦ 2026 ᠣᠨ᠎ᠤ ᠠᠦ᠋ᠰᠲᠷᠠᠯᠢᠶ᠎ᠠ᠎ᠶᠢᠨ ᠲᠣᠣᠷ ᠪᠥᠮᠪᠥᠭᠡ᠎ᠶᠢᠨ ᠢᠯᠠ ᠤᠷᠤᠯᠳᠤᠭᠠᠨ᠎ᠤ ᠬᠦᠷᠳᠦᠲᠦ
ᠰᠠᠨᠳᠠᠯᠢ᠎ᠶᠢᠨ ᠡᠮᠡᠭᠲᠡᠢ᠎ᠶᠢᠨ ᠳᠠᠩᠵᠢᠡᠷ ᠴᠣᠬᠢᠬᠤ ᠰᠢᠢᠳᠪᠦᠷᠢᠲᠦ ᠤᠷᠤᠯᠳᠤᠭᠠᠨ᠎ᠳᠤ᠂ ᠳᠤᠮᠳᠠᠳᠤ
ᠤᠯᠤᠰ᠎ᠤᠨ ᠲᠠᠮᠢᠷᠴᠢᠨ ᠯᠢ ᠰᠢᠶᠣᠣ ᠬᠤᠢ ᠮᠠᠩᠯᠠᠢᠯᠠᠵᠠᠢ᠃

ᠳᠡᠯᠡᠬᠡᠢ
✦ ᠲᠤᠬᠠᠢ᠎ᠶᠢᠨ ᠭᠠᠵᠠᠷ᠎ᠤᠨ ᠴᠠᠭ᠎ᠢᠶᠠᠷ 1
ᠰᠠᠷ᠎ᠠ᠎ᠶᠢᠨ 31᠎ᠦ ᠡᠳᠦᠷ᠂ ᠠᠮᠧᠷᠢᠺᠠ᠎ᠶᠢᠨ ᠬᠣᠯᠪᠣᠭᠠᠨ᠎ᠤ ᠵᠠᠰᠠᠭ᠎ᠤᠨ
ᠣᠷᠳᠣᠨ᠎ᠤ ᠣᠯᠠᠨ ᠰᠠᠯᠠᠭ᠎ᠠ ᠮᠥᠴᠢᠷ᠎ᠦᠨ ᠠᠵᠢᠯᠯᠠᠭᠠᠨ᠎ᠤ ᠪᠡᠯᠡ ᠮᠥᠩᠭᠥ ᠪᠠᠷᠠᠭᠳᠠᠪᠠ᠃ ᠰᠢᠨ᠎ᠡ ᠲᠥᠰᠥᠪ ᠨᠢ
ᠪᠠᠲᠤᠯᠠᠭᠳᠠᠭᠰᠠᠨ ᠦᠭᠡᠢ᠎ᠡᠴᠡ ᠪᠤᠯᠵᠤ ᠠᠮᠧᠷᠢᠺᠠ᠎ᠶᠢᠨ ᠵᠠᠰᠠᠭ᠎ᠤᠨ ᠣᠷᠳᠣᠨ᠎ᠤ ᠤᠯᠠᠨ ᠰᠠᠯᠠᠭ᠎ᠠ ᠮᠥᠴᠢᠷ
ᠵᠣᠭᠰᠤᠩᠭᠤᠢᠷᠠᠬᠰᠠᠨ ᠪᠠᠢᠳᠠᠯ᠎ᠳᠦ ᠤᠷᠤᠪᠠ᠃
✦ 2026 ᠣᠨ᠎ᠤ ᠮᠢᠯᠠᠨ — ᠺᠤᠷᠲ᠋ᠢᠨᠠ᠎ᠶᠢᠨ ᠡᠪᠦᠯ᠎ᠦᠨ
ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭᠠᠨ ᠡᠬᠢᠯᠡᠬᠦ ᠳᠠᠰᠢᠷᠠᠮᠵᠢᠡᠷ ᠣᠯᠠᠨ
ᠲᠥᠯᠥᠭᠡᠯᠡᠭᠴᠢᠳ᠎ᠦᠨ ᠪᠦᠯᠬᠦᠮ ᠵᠠᠯᠭᠠᠭ᠎ᠠ᠎ᠪᠠᠷ ᠲᠤᠬᠠᠢ᠎ᠵᠢᠨ ᠭᠠᠵᠠᠷ᠎ᠲᠦ ᠬᠦᠷᠴᠡᠢ᠃

✦ 80 ᠳ᠋ᠤᠭᠠᠷ ᠬᠤᠭᠤᠴᠠᠭᠠᠨ᠎ᠤ ᠤᠯᠠᠨ ᠤᠯᠤᠰ᠎ᠤᠨ ᠬᠣᠯᠪᠣᠭᠠᠲᠤ
ᠪᠠᠢᠭᠤᠯᠭ᠎ᠠ᠎ᠶᠢᠨ ᠶᠡᠬᠡ ᠬᠤᠷᠠᠯ᠎ᠤᠨ ᠲᠡᠷᠢᠭᠦᠯᠡᠭᠴᠢ ᠢᠯᠡᠷᠬᠡᠢᠯᠡᠯᠲᠡ ᠨᠡᠢᠲᠡᠯᠡᠵᠦ᠂ ᠤᠯᠠᠨ ᠤᠯᠤᠰ᠎ᠤᠨ
ᠬᠣᠯᠪᠣᠭᠠᠲᠤ ᠪᠠᠢᠭᠤᠯᠭ᠎ᠠ᠎ᠶᠢᠨ ᠪᠦᠬᠦ ᠭᠡᠰᠢᠭᠦᠨ ᠤᠯᠤᠰ 2026
ᠣᠨ᠎ᠤ ᠮᠢᠯᠠᠨ — ᠺᠥ᠍ᠷᠲ᠋ᠢᠨᠠ ᠵᠢᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭᠠᠨ ᠪᠣᠯᠣᠨ
ᠡᠪᠦᠯ᠎ᠦᠨ ᠤᠯᠠᠷᠢᠯ᠎ᠤᠨ ᠵᠡᠮᠳᠡᠭᠴᠦᠳ᠎ᠦᠨ ᠣᠯᠢᠮᠫᠢᠺ᠎ᠤᠨ ᠲᠠᠮᠢᠷ᠎ᠤᠨ ᠴᠤᠭᠯᠠᠭᠠᠨ᠎ᠤ ᠬᠤᠭᠤᠴᠠᠭᠠᠨ᠎ᠳᠤ
ᠲᠠᠢ᠍ᠢᠨ ᠵᠤᠭᠰᠤᠬᠤ ᠰᠠᠨᠠᠭᠠᠴᠢᠯᠠᠭ᠎ᠠ᠎ᠶᠢ ᠲᠠᠭᠠᠬᠤ᠎ᠶᠢ ᠤᠷᠢᠶᠠᠯᠠᠪᠠ᠃
ᠦᠢᠯᠡᠴᠢᠯᠡᠭᠡ
✦ ᠤᠯᠤᠰ᠎ᠤᠨ
ᠭᠠᠢᠯᠢ᠎ᠶᠢᠨ ᠶᠠᠪᠤᠳᠠᠯ᠎ᠤᠨ ᠶᠡᠷᠦᠩᠬᠡᠢ ᠲᠣᠪᠴᠢᠶ᠎ᠠ᠎ᠶᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ
ᠣᠷᠣᠨ᠎ᠤ ᠭᠠᠢᠯᠢ᠎ᠶᠢᠨ ᠶᠠᠪᠤᠳᠠᠯ᠎ᠤᠨ ᠲᠣᠪᠴᠢᠶ᠎ᠠ ᠠᠵᠢᠯᠲᠠᠨ ᠡᠯᠰᠡᠬᠦ᠎ᠪᠡᠷ ᠪᠤᠢ᠃
ᠲᠠᠨ᠎ᠤ ᠲᠤᠰᠠ᠎ᠳᠤ
✦ ᠸᠢᠲ᠋ᠠᠮᠢᠨ D ᠨᠢ ᠠᠷᠤᠭ ᠶᠠᠰᠤᠨ᠎ᠤ ᠡᠷᠡᠭᠦᠯ ᠮᠡᠨᠳᠦ᠎ᠶᠢ
ᠪᠠᠲᠤᠯᠠᠬᠤ ᠵᠠᠩᠭᠢᠯᠠᠭ᠎ᠠ᠎ᠶᠢᠨ ᠰᠢᠮ᠎ᠡ ᠲᠡᠵᠢᠭᠡᠯᠲᠦ ᠡᠳ᠋ ᠪᠣᠯᠬᠤ᠎ᠪᠠᠷ ᠪᠠᠷᠠᠬᠤ ᠦᠭᠡᠢ᠂ ᠪᠠᠰᠠ
ᠡᠭᠡᠯᠢᠯᠡᠭᠡ᠎ᠶᠢᠨ ᠴᠢᠳᠠᠪᠤᠷᠢ᠂ ᠵᠢᠷᠦᠬᠡ ᠴᠢᠰᠤᠨ ᠰᠤᠳᠠᠯ᠎ᠤᠨ ᠡᠷᠡᠭᠦᠯ ᠮᠡᠨᠳᠦ᠂ ᠤᠷᠮ᠎ᠠ ᠰᠡᠳᠬᠢᠯᠭᠡ᠎ᠶᠢᠨ
ᠲᠣᠬᠢᠷᠠᠭᠤᠯᠤᠯᠲᠠ ᠵᠡᠷᠭᠡ ᠲᠠᠢ ᠨᠢᠭ᠍ᠲᠠ ᠬᠣᠯᠪᠣᠭ᠎ᠠ᠎ᠲᠠᠢ᠂ ᠣᠷᠳᠣ᠌ ᠬᠤᠭᠤᠴᠠᠭ᠎ᠠ᠎ᠪᠠᠷ ᠡᠢᠮᠦ ᠰᠢᠮ᠎ᠡ
ᠲᠡᠵᠢᠭᠡᠯᠲᠦ ᠡᠳ᠋ ᠳᠤᠲᠠᠭᠳᠠᠪᠠᠯ ᠵᠠᠯᠠᠭᠤ ᠬᠥᠮᠥᠨ ᠠᠮᠠᠷᠬᠠᠨ ᠮᠠᠷᠢᠶᠠᠯᠠᠨ᠎ᠠ᠃

ᠵᠠᠯᠭᠠᠭᠠᠳ 《ᠴᠠᠰᠤᠨ ᠦᠬᠢᠨ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ
ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ᠎ᠳᠤ ᠪᠠᠶᠠᠷᠯᠠᠯ᠎ᠠ᠂ ᠪᠠᠶᠠᠷᠳᠠᠢ!
(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ
ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ
ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ
ᠬᠤᠳᠠ᠂ ᠬᠤᠰᠢᠭᠤ ᠰᠢᠶᠠᠨ᠎ᠤ ᠵᠢᠷᠬᠢᠶ᠎ᠠ᠎ᠶᠢᠨ ᠲᠠᠪᠴᠠᠩ)