2 ᠰᠠᠷ᠎ᠠ ᠵᠢᠨ 26᠎ᠤ ᠡᠳᠤᠷ
ᠡᠬᠢᠯᠡᠬᠦ᠌ ᠴᠠᠭ᠄
2026-02-26 10:27:55
ᠨᠠᠶ᠋ᠢᠷᠠᠭᠤᠯᠤᠭᠴᠢ ᠄
ᠭᠢᠯᠪᠡᠭᠡᠨ
ᠨᠡᠪᠲᠡᠷᠡᠬᠦᠯᠦᠭᠴᠢ ᠄
ᠭᠢᠯᠪᠡᠭᠡᠨ
ᠮᠡᠷᠭᠡᠵᠢᠯ ᠄

ᠤᠩᠰᠢᠭᠰᠠᠨ ᠤᠳᠠᠭ᠎ᠠ᠄

IMG_1892.JPG





ᠡᠷᠭᠢᠮ ᠭᠦᠨᠳᠦᠳᠦ ᠰᠤᠨᠤᠰᠤᠭ᠍ᠴᠢᠳ ᠮᠢᠨᠢ᠂ ᠰᠠᠢ᠌ᠨ ᠪᠠᠢ᠌ᠨ᠎ᠠ᠎ᠤᠤ᠂ ᠦᠪᠦᠷ ᠮᠤᠩᠭᠤᠯ᠎ᠤᠨ ᠡᠳᠦᠷ᠎ᠤᠨ ᠰᠤᠨᠢᠨ ᠎ᠤ ᠬᠤᠷᠢᠶ᠎ᠠ ᠵᠢᠨ ᠬᠠᠮ ᠵᠠᠭᠤᠴᠢᠯᠠᠭᠤᠷ ᠎ᠤᠨ 《ᠬᠦᠯᠦᠭ》ᠨᠡᠪᠲᠡᠷᠡᠭᠦᠯᠭᠡ ᠲᠠ ᠪᠦᠬᠦᠨ᠎ᠲᠠᠢ ᠪᠡᠨ ᠮᠡᠨᠳᠦᠴᠢᠯᠡᠨ ᠵᠤᠯᠭᠠᠵᠤ ᠪᠠᠢ᠌ᠨ᠎ᠠ᠃ ᠪᠢ ᠪᠤᠯ ᠨᠡᠪᠳᠡᠷᠡᠭᠦᠯᠦᠭ᠌ᠴᠢ ᠭᠢᠯᠪᠡᠭᠡᠨ᠃ ᠦᠨᠦᠳᠦᠷ ᠪᠤᠯ 2026 ᠤᠨ᠎ᠤ 2 ᠰᠠᠷ᠎ᠠ ᠵᠢᠨ 26᠎ᠤ ᠡᠳᠦᠷ᠂ ᠪᠢᠯᠢᠭ᠎ᠤᠨ ᠤᠯᠠᠷᠢᠯ᠎ᠤᠨ ᠤᠯᠠᠭᠠᠨ ᠮᠤᠷᠢᠨ ᠵᠢᠯ᠎ᠤᠨ ᠴᠠᠭᠠᠨ ᠰᠠᠷ᠎ᠠ ᠵᠢᠨ ᠰᠢᠨ᠎ᠡ᠎ᠵᠢᠨ ᠠᠷᠪᠠᠨ᠂ ᠭᠠᠷᠠᠭ᠎ᠤᠨ ᠳᠦᠷᠪᠡᠨ᠃  

 

   ᠨᠡᠢᠭᠡᠮ                               

✦2 ᠰᠠᠷ᠎ᠠ᠎ᠵᠢᠨ 24᠎ᠦ ᠡᠳᠦᠷ᠂ ᠠᠮᠢ ᠠᠬᠤᠢ ᠤᠷᠴᠢᠨ ᠳᠤᠭᠤᠷᠢᠨ ᠤ᠋ ᠶᠠᠮᠤᠨ ᠰᠢᠨ᠎ᠡ᠎ᠪᠡᠷ ᠵᠠᠰᠠᠪᠤᠷᠢ ᠣᠷᠣᠭᠤᠯᠤᠭᠰᠠᠨ 《ᠣᠷᠴᠢᠨ ᠠᠬᠤᠢ᠎ᠶᠢᠨ ᠠᠭᠠᠷ᠎ᠤᠨ ᠶᠠᠰᠤ ᠴᠢᠨᠠᠷ᠎ᠤᠨ ᠪᠠᠷᠢᠮᠵᠢᠶ᠎ᠠ》 ᠵᠢ ᠨᠡᠢᠲᠡᠯᠡᠵᠦ᠂ PM2.5 ᠵᠢᠨ ᠵᠢᠯ᠎ᠦᠨ ᠳᠤᠮᠳᠠᠴᠢ ᠥᠳᠬᠡᠴᠡ᠎ᠶᠢᠨ ᠬᠠᠷᠠᠯᠲᠠ᠎ᠳᠤ ᠨᠠᠩ ᠥᠨᠳᠥᠷ ᠱᠠᠭᠠᠷᠳᠠᠯᠭ᠎ᠠ ᠳᠤᠷᠠᠳᠴᠤ᠂ ᠬᠣᠢᠰᠢᠳᠠ 《ᠰᠠᠢᠨ ᠴᠠᠭ ᠠᠭᠤᠷ》᠎ᠤᠨ ᠪᠠᠷᠢᠮᠵᠢᠶ᠎ᠠ ᠨᠠᠩ ᠴᠢᠩᠭ᠎ᠠ ᠪᠣᠯᠬᠤ ᠪᠤᠯᠤᠨ᠎ᠠ᠃

✦2026 ᠣᠨ᠎ᠤ ᠳᠡᠭᠡᠷ᠎ᠡ ᠬᠠᠭᠠᠰ ᠵᠢᠯ᠎ᠤᠨ ᠴᠡᠷᠢᠭ ᠡᠯᠰᠡᠬᠦ ᠠᠵᠢᠯ 2 ᠰᠠᠷ᠎ᠠ᠎ᠶᠢᠨ 24᠎ᠦ ᠡᠳᠦᠷ᠎ᠡᠴᠡ ᠡᠬᠢᠯᠡᠵᠦ᠂ 3 ᠰᠠᠷ᠎ᠠ᠎ᠶᠢᠨ 31᠎ᠦ ᠡᠳᠦᠷ ᠳᠠᠭᠤᠰᠬᠤ ᠪᠤᠯᠤᠨ᠎ᠠ᠃

✦ᠡᠨᠡ ᠵᠢᠯ᠎ᠦᠨ ᠴᠠᠭᠠᠨ ᠰᠠᠷ᠎ᠠ᠎ᠶᠢᠨ ᠠᠮᠠᠷᠠᠯᠲᠠ᠎ᠶᠢᠨ ᠬᠤᠭᠤᠴᠠᠭᠠᠨ ᠎ᠳᠤ᠂ ᠪᠥᠬᠥ᠌ ᠤᠯᠤᠰ᠎ᠤᠨ ᠬᠢᠯᠢ᠎ᠶᠢᠨ ᠪᠠᠶ᠋ᠢᠴᠠᠭᠠᠬᠤ ᠪᠠᠶ᠋ᠢᠭᠤᠯᠭ᠎ᠠ ᠨᠡᠶ᠋ᠢᠲᠡ 1779.6 ᠲᠦᠮᠡᠨ ᠬᠥᠮᠦᠨ ᠤᠳᠠᠭ᠎ᠠ ᠳᠤᠮᠳᠠᠳᠤ ᠭᠠᠳᠠᠭᠠᠳᠤ᠎ᠶᠢᠨ ᠬᠥᠮᠦᠰ᠎ᠦᠨ ᠬᠢᠯᠢ᠎ᠪᠡᠷ ᠣᠷᠣᠵᠤ ᠭᠠᠷᠬᠤ᠎ᠶᠢ ᠪᠠᠶ᠋ᠢᠴᠠᠭᠠᠨ ᠰᠢᠯᠭᠠᠪᠠ᠃

✦2 ᠰᠠᠷ᠎ᠠ᠎ᠵᠢᠨ 23᠎ᠤ ᠡᠳᠦᠷ᠂ ᠥᠪᠥᠷ ᠮᠣᠩᠭᠣᠯ᠎ᠤᠨ ᠣᠷᠣᠨ ᠪᠦᠰᠡ ᠠᠯᠤᠰᠯᠠᠨ ᠠᠶᠠᠯᠠᠬᠰᠠᠨ ᠬᠥᠮᠦᠰ᠎ᠦᠨ ᠲᠣᠭ᠎ᠠ 480.55 ᠲᠦᠮᠡᠨ ᠬᠥᠮᠦᠨ ᠤᠳᠠᠭ᠎ᠠ᠎ᠳᠤ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠡᠴᠡ (2025 ᠣᠨ᠎ᠤ 2 ᠰᠠᠷ᠎ᠠ᠎ᠶᠢᠨ 4᠎ᠦ ᠡᠳᠦᠷ᠂ ᠴᠠᠭᠠᠨ ᠰᠠᠷ᠎ᠠ᠎ᠶᠢᠨ ᠰᠢᠨ᠎ᠡ᠎ᠶᠢᠨ ᠲᠤᠯᠤᠭᠠᠨ) 10.69% ᠪᠠᠷ ᠨᠡᠮᠡᠭᠳᠡᠪᠡ᠃

✦ᠲᠦᠷᠦᠭᠦᠬᠡᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠦᠨ ᠲᠣᠪᠴᠢᠶ᠎ᠠ᠎ᠠᠴᠠ 2025 ᠣᠨ᠎ᠤ ᠡᠪᠡᠰᠦᠨ᠎ᠦ ᠡᠭᠦᠯᠳᠡᠷ᠎ᠢ ᠬᠢᠨᠠᠨ ᠲᠣᠭᠲᠠᠭᠠᠵᠤ ᠪᠠᠲᠤᠯᠠᠭᠰᠠᠨ ᠨᠡᠷᠡᠰ᠎ᠦᠨ ᠵᠢᠭᠰᠠᠭᠠᠯᠲᠠ᠎ᠶᠢ ᠨᠡᠶ᠋ᠢᠲᠡᠯᠡᠪᠡ᠃ ᠡᠭᠦᠨ᠎ᠳᠦ 32 ᠪᠣᠶ᠋ᠢᠵᠢᠭᠤᠯᠤᠭᠰᠠᠨ ᠡᠭᠦᠯᠳᠡᠷ᠂ 4 ᠬᠡᠭᠡᠷ᠎ᠡ ᠡᠴᠡ ᠳᠠᠰᠬᠠᠬᠰᠠᠨ ᠡᠭᠦᠯᠳᠡᠷ ᠪᠠᠭᠲᠠᠵᠤ᠂ ᠨᠡᠶ᠋ᠢᠲᠡ 36 ᠡᠪᠡᠰᠦᠨ᠎ᠦ ᠡᠭᠦᠯᠳᠡᠷ᠎ᠢ ᠬᠢᠨᠠᠨ ᠲᠣᠭᠲᠠᠭᠠᠭᠰᠠᠨ ᠪᠠᠶ᠋ᠢᠨ᠎ᠠ᠃ ᠢᠩᠭᠢᠭᠰᠡᠨ᠎ᠢᠶᠡᠷ ᠥᠪᠥᠷ ᠮᠣᠩᠭᠣᠯ ᠨᠢᠭᠡᠨᠲᠡ ᠨᠡᠶ᠋ᠢᠲᠡ 313 ᠡᠪᠡᠰᠦᠨ᠎ᠦ ᠡᠭᠦᠯᠳᠡᠷ᠎ᠢ ᠬᠢᠨᠠᠨ ᠲᠣᠭᠲᠠᠭᠠᠵᠤ᠂ ᠦᠷᠭᠦᠯᠵᠢᠯᠡᠨ ᠪᠥᠬᠥ᠌ ᠤᠯᠤᠰ᠎ᠤᠨ ᠲᠡᠷᠢᠭᠦᠨ᠎ᠦ ᠪᠠᠶ᠋ᠢᠷᠢ ᠰᠠᠭᠤᠷᠢ᠎ᠪᠠᠨ ᠪᠠᠲᠤᠯᠠᠪᠠ᠃

✦ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠦᠨ ᠮᠡᠳᠡᠭᠡ᠎ᠶᠢ ᠦᠨᠳᠦᠰᠦᠯᠡᠪᠡᠯ᠂ 《ᠪᠥᠬᠥ᠌ ᠣᠷᠣᠨ᠎ᠤ ᠵᠠᠰᠠᠭ ᠵᠠᠬᠢᠷᠭ᠎ᠠ ᠠᠵᠢᠯ ᠦᠢᠯᠡᠰ᠎ᠦᠨ ᠴᠢᠨᠠᠷᠲᠠᠶ ᠤᠯᠤᠰ᠎ᠤᠨ ᠥᠮᠴᠢᠯᠡᠯᠲᠦ᠍ ᠡᠳ᠋ ᠬᠥᠷᠥᠩᠭᠡ᠎ᠶᠢ ᠪᠠᠶ᠋ᠢᠴᠠᠭᠠᠬᠤ ᠠᠵᠢᠯ ᠥᠷᠨᠢᠭᠦᠯᠬᠦ᠌ ᠲᠤᠬᠠᠶ ᠮᠡᠳᠡᠭᠳᠡᠯ》᠎ᠢ ᠣᠶ᠋ᠢᠷ᠎ᠠ᠎ᠳᠤ ᠳᠠᠷᠤᠮᠠᠯᠯᠠᠨ ᠲᠠᠷᠬᠠᠭᠠᠪᠠ᠃ ᠡᠨᠡ ᠨᠢ ᠥᠪᠥᠷ ᠮᠣᠩᠭᠣᠯ᠎ᠤᠨ ᠪᠥᠬᠥ᠌ ᠣᠷᠣᠨ᠎ᠤ ᠵᠠᠰᠠᠭ ᠵᠠᠬᠢᠷᠭ᠎ᠠ ᠠᠵᠢᠯ ᠦᠢᠯᠡᠰ᠎ᠦᠨ ᠴᠢᠨᠠᠷᠲᠠᠶ ᠤᠯᠤᠰ᠎ᠤᠨ ᠥᠮᠴᠢᠯᠡᠯ᠎ᠦᠨ ᠡᠳ᠋ ᠬᠥᠷᠥᠩᠭᠡ᠎ᠶᠢ ᠪᠠᠶ᠋ᠢᠴᠠᠭᠠᠬᠤ ᠪᠠ ᠠᠮᠢᠳᠤᠯᠢᠭ ᠪᠣᠯᠭᠠᠬᠤ ᠠᠵᠢᠯ ᠪᠥᠬᠥ᠌ ᠲᠠᠯ᠎ᠠ᠎ᠪᠠᠷ ᠡᠬᠢᠯᠡᠭᠰᠡᠨ᠎ᠢ ᠬᠠᠷᠠᠭᠤᠯᠵᠤ ᠪᠠᠶ᠋ᠢᠨ᠎ᠠ᠃

✦2026 ᠤᠨ᠎ᠤ ᠥᠪᠥᠷ ᠮᠤᠩᠭᠤᠯ᠎ᠤᠨ ᠡᠩ᠎ᠤᠨ ᠶᠡᠬᠡ ᠳᠡᠭᠡᠳᠦ ᠰᠤᠷᠭᠠᠭᠤᠯᠢ᠎ᠵᠢᠨ ᠰᠤᠷᠭᠠᠨ ᠬᠥᠮᠥᠵᠢᠯ᠎ᠤᠨ ᠲᠤᠰᠬᠠᠢ ᠮᠡᠷᠭᠡᠵᠢᠯ᠎ᠤᠨ ᠠᠩᠭᠢ᠎ᠡᠴᠡ ᠵᠢᠩᠬᠢᠨᠢ ᠠᠩᠭᠢ᠎ᠳᠦ ᠳᠡᠪᠰᠢᠬᠦ ᠰᠢᠯᠭᠠᠯᠲᠠ᠎ᠳᠦ ᠨᠡᠷ᠎ᠡ ᠮᠡᠳᠡᠭᠦᠯᠬᠦ ᠠᠵᠢᠯ 3 ᠰᠠᠷ᠎ᠠ᠎ᠵᠢᠨ 2᠎ᠡᠴᠡ 6᠎ᠤ ᠡᠳᠦᠷ ᠪᠤᠯᠲᠠᠯ᠎ᠠ ᠶᠠᠪᠤᠭᠳᠠᠵᠤ᠂ ᠡᠳᠦᠷ ᠪᠦᠷᠢ᠎ᠵᠢᠨ 9 ᠴᠠᠭ᠎ᠡᠴᠡ 17 ᠴᠠᠭ᠎ᠤᠨ ᠬᠤᠭᠤᠷᠤᠨᠳᠤ ᠨᠡᠷ᠎ᠡ ᠮᠡᠳᠡᠭᠦᠯᠵᠦ ᠪᠤᠯᠤᠨ᠎ᠠ᠃

✦ᠬᠦᠬᠡᠬᠤᠲᠠ᠎ᠵᠢᠨ ᠲᠡᠮᠦᠷ ᠵᠠᠮ᠎ᠤᠨ ᠲᠤᠪᠴᠢᠶ᠎ᠠ᠎ᠵᠢᠨ ᠮᠡᠳᠡᠭᠡ᠎ᠶᠢ ᠦᠨᠳᠦᠰᠦᠯᠡᠪᠡᠯ᠂ 2 ᠰᠠᠷ᠎ᠠ᠎ᠵᠢᠨ 25 ᠪᠤᠯᠤᠨ 28᠎ᠤ ᠡᠳᠦᠷ᠂ ᠬᠦᠬᠡᠬᠤᠲᠠ — ᠪᠠᠢ ᠴᠸᠩ ᠬᠤᠲᠠ᠎ᠵᠢᠨ ᠬᠤᠭᠤᠷᠤᠨᠳᠤ K4684᠂ K6485 ᠡᠭᠡᠯᠵᠢ᠎ᠵᠢᠨ ᠭᠠᠯᠳᠤ ᠲᠡᠷᠭᠡ᠎ᠶᠢ ᠨᠡᠮᠡᠵᠦ ᠲᠤᠬᠢᠷᠠᠭᠤᠯᠤᠨ᠂ 27᠎ᠤ ᠡᠳᠦᠷ ᠤᠯᠠᠭᠠᠨᠬᠤᠲᠠ— ᠬᠦᠬᠡᠬᠤᠲᠠ᠎ᠵᠢᠨ ᠬᠤᠭᠤᠷᠤᠨᠳᠤ K4686᠂ K4683 ᠡᠭᠡᠯᠵᠢ᠎ᠵᠢᠨ ᠭᠠᠯᠲᠤ ᠲᠡᠷᠭᠡ᠎ᠶᠢ ᠨᠡᠮᠡᠵᠦ ᠲᠤᠬᠢᠷᠠᠭᠤᠯᠬᠤ᠎ᠪᠡᠷ ᠪᠤᠢ᠃

✦ᠤᠷᠳᠤᠰ ᠬᠤᠲᠠ᠎ᠵᠢᠨ ᠬᠦᠮᠦᠨ᠎ᠤ ᠬᠦᠴᠦᠨ᠎ᠤ ᠡᠬᠢ ᠪᠠᠶᠠᠯᠢᠭ ᠪᠠ ᠨᠡᠢᠭᠡᠮ᠎ᠤᠨ ᠪᠠᠲᠤᠯᠠᠭ᠎ᠠ᠎ᠵᠢᠨ ᠲᠤᠪᠴᠢᠶ᠎ᠠ᠂ ᠬᠠᠩᠭᠢᠨ ᠬᠤᠰᠢᠭᠤᠨ᠎ᠤ ᠬᠦᠮᠦᠨ᠎ᠤ ᠬᠦᠴᠦᠨ᠎ᠤ ᠡᠬᠢ ᠪᠠᠶᠠᠯᠢᠭ ᠪᠠ ᠨᠡᠢᠭᠡᠮ᠎ᠤᠨ ᠪᠠᠲᠤᠯᠠᠭ᠎ᠠ᠎ᠵᠢᠨ ᠲᠤᠪᠴᠢᠶ᠎ᠠ᠎ᠵᠢᠨ ᠬᠢᠨ 3 ᠰᠠᠷ᠎ᠠ᠎ᠵᠢᠨ 3᠎ᠤ ᠡᠳᠦᠷ 《2026 ᠤᠨ᠎ᠤ ᠬᠠᠩᠭᠢᠨ ᠬᠤᠰᠢᠭᠤᠨ᠎ᠤ 〈ᠤᠷᠢᠬᠠᠨ ᠰᠠᠯᠬᠢᠨ〉 ᠎ᠤ ᠠᠵᠢᠯᠯᠠᠭ᠎ᠠ》 ᠠᠵᠢᠯᠲᠠᠨ ᠡᠯᠰᠡᠬᠦ ᠲᠤᠰᠬᠠᠢ ᠬᠤᠷᠠᠯ᠎ᠢ ᠬᠠᠩᠭᠢᠨ ᠬᠤᠰᠢᠭᠤᠨ᠎ᠳᠦ ᠡᠷᠬᠢᠯᠡᠨ ᠶᠠᠪᠤᠭᠳᠠᠭᠤᠯᠬᠤ᠎ᠪᠡᠷ ᠪᠤᠢ᠃

 ᠠᠵᠦ ᠠᠬᠤᠢ 

 ✦ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠲᠣᠭ᠎ᠠ ᠪᠠᠷᠢᠮᠲᠠ᠎ᠶᠢ ᠦᠨᠳᠦᠰᠦᠯᠡᠪᠡᠯ᠂ 2 ᠰᠠᠷ᠎ᠠ᠎ᠶᠢᠨ 22᠎ᠤᠨ ᠡᠳᠦᠷ ᠪᠣᠯᠲᠠᠯ᠎ᠠ 2026 ᠣᠨ᠎ᠤ ᠬᠡᠷᠡᠭᠯᠡᠭᠡᠨ᠎ᠦ ᠵᠦᠢᠯᠡᠰ᠎ᠦᠨ ᠬᠠᠭᠤᠴᠢᠨ᠎ᠢᠶᠠᠷ ᠰᠢᠨ᠎ᠡ᠎ᠶᠢ ᠰᠣᠯᠢᠬᠤ ᠠᠵᠢᠯᠯᠠᠭ᠎ᠠ 3053.2 ᠲᠦᠮᠡᠨ ᠬᠥᠮᠥᠨ ᠤᠳᠠᠭ᠎ᠠ᠎ᠳᠤ ᠠᠰᠢᠭ᠋ ᠬᠦᠷᠲᠡᠭᠡᠵᠦ᠂ 2045.4 ᠳ᠋ᠦᠩᠰᠢᠭᠤᠷ ᠲᠥᠭᠥᠷᠢᠭ᠎ᠦᠨ ᠪᠣᠷᠣᠯᠠᠭᠤᠯᠤᠯᠲᠠ᠎ᠶᠢ ᠳᠠᠶ᠋ᠢᠴᠢᠯᠠᠪᠠ᠃

✦ᠰᠣᠶᠣᠯ ᠪᠠ ᠵᠢᠭᠤᠯᠴᠢᠯᠠᠯ᠎ᠤᠨ ᠶᠠᠮᠤᠨ 2026 ᠣᠨ᠎ᠤ ᠴᠠᠭᠠᠨ ᠰᠠᠷ᠎ᠠ᠎ᠶᠢᠨ ᠠᠮᠠᠷᠠᠯᠲᠠ᠎ᠶᠢᠨ ᠬᠤᠭᠤᠴᠠᠭᠠᠨ᠎ᠤ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠦᠨ ᠪᠠᠢᠳᠠᠯ᠎ᠢ ᠨᠡᠢᠲᠡᠯᠡᠪᠡ᠃ ᠴᠠᠭᠠᠨ ᠰᠠᠷ᠎ᠠ᠎ᠶᠢᠨ ᠠᠮᠠᠷᠠᠯᠲᠠ᠎ᠶᠢᠨ ᠡᠳᠦᠷ᠎ᠤᠨ 9 ᠡᠳᠦᠷ᠎ᠤᠨ ᠬᠤᠭᠤᠴᠠᠭᠠᠨ᠎ᠳᠦ᠂ ᠪᠥᠬᠥ ᠤᠯᠤᠰ᠎ᠤᠨ ᠤᠯᠤᠰ᠎ᠤᠨ ᠳᠣᠲᠣᠭᠠᠳᠤ᠎ᠶᠢᠨ ᠵᠢᠭᠤᠯᠴᠢᠯᠠᠭᠴᠢ 5.96 ᠳ᠋ᠦᠩᠰᠢᠭᠤᠷ ᠬᠥᠮᠥᠨ ᠤᠳᠠᠭ᠎ᠠ᠎ᠳᠤ ᠬᠦᠷᠴᠦ᠂ ᠤᠯᠤᠰ᠎ᠤᠨ ᠳᠣᠲᠣᠭᠠᠳᠤ᠎ᠶᠢᠨ ᠵᠢᠭᠤᠯᠴᠢᠯᠠᠭᠰᠠᠳ ᠨᠡᠶ᠋ᠢᠲᠡ 8034.83 ᠳ᠋ᠦᠩᠰᠢᠭᠤᠷ ᠲᠥᠭᠥᠷᠢᠭ ᠵᠠᠷᠤᠴᠠᠭᠤᠯᠵᠠᠢ᠃ ᠠᠮᠠᠷᠠᠯᠲᠠ᠎ᠶᠢᠨ ᠡᠳᠦᠷ᠎ᠦᠨ ᠵᠢᠭᠤᠯᠴᠢᠯᠠᠭ᠍ᠰᠠᠳ᠎ᠤᠨ ᠲᠣᠭ᠎ᠠ ᠪᠠ ᠵᠠᠷᠤᠳᠠᠯ ᠨᠢ ᠴᠥᠮ ᠲᠡᠦᠬᠡ᠎ᠶᠢᠨ ᠰᠢᠨ᠎ᠡ ᠲᠡᠮᠳᠡᠭᠯᠡᠯ᠎ᠢ ᠡᠭᠦᠳᠪᠡ᠃

ᠰᠤᠶᠤᠯ 

✦ᠤᠢᠷ᠎ᠠ᠎ᠳᠦ ᠤᠯᠠᠭᠠᠨᠬᠠᠳᠠ ᠬᠤᠲᠠ᠎ᠵᠢᠨ ᠬᠡᠰᠢᠭᠳᠡᠨ ᠬᠤᠰᠢᠭᠤᠨ᠎ᠤ ᠪᠢᠷᠠᠭᠤ᠎ᠳᠡᠬᠢ ᠨᠢᠭᠡᠳᠦᠭᠡᠷ ᠲᠤᠷᠰᠢᠯᠲᠠ᠎ᠵᠢᠨ ᠪᠠᠭ᠎ᠠ ᠰᠤᠷᠭᠠᠭᠤᠯᠢ᠎ᠳᠦ ᠰᠤᠷᠭᠠᠭᠤᠯᠢ ᠪᠠᠢᠭᠤᠯᠤᠭᠳᠠᠭᠰᠠᠨ 110 ᠵᠢᠯ᠎ᠤᠨ ᠤᠢ᠎ᠶᠢ ᠳᠤᠷᠠᠰᠬᠠᠬᠤ ᠵᠢᠴᠢ ᠰᠢᠨ᠎ᠡ ᠵᠢᠯ ᠵᠢᠡᠨ ᠤᠭᠲᠤᠬᠤ ᠤᠷᠠᠨ ᠰᠠᠢᠬᠠᠨ᠎ᠤ ᠬᠠᠷᠢᠭᠤ ᠮᠡᠳᠡᠭᠦᠯᠦᠯᠲᠡ᠎ᠵᠢᠨ ᠲᠤᠭᠯᠠᠯᠲᠠ ᠶᠠᠪᠤᠭᠳᠠᠪᠠ᠃

✦ᠲᠦᠷᠦᠭᠦᠬᠡᠨ ᠡᠸᠡᠩᠭᠢ ᠦᠨᠳᠦᠰᠢᠲᠡᠨ᠎ᠤ ᠥᠪᠡᠷᠲᠡᠭᠡᠨ ᠵᠠᠰᠠᠬᠤ ᠬᠤᠰᠢᠭᠤᠨ᠎ᠤ ᠤᠯᠤᠰ ᠲᠥᠷᠥ᠎ᠵᠢᠨ ᠵᠥᠪᠯᠡᠯᠭᠡᠨ᠎ᠡᠴᠡ ᠭᠤᠤᠯᠯᠠᠨ ᠡᠷᠬᠢᠯᠡᠭᠰᠡᠨ《ᠬᠥᠯᠥᠨ ᠪᠤᠢᠷ᠎ᠤᠨ ᠠᠳᠤᠭᠤᠨ ᠰᠤᠶᠤᠯ ᠰᠤᠳᠤᠯᠤᠯ》ᠨᠤᠮ᠎ᠤᠨ ᠰᠠᠨᠠᠯ ᠬᠤᠷᠢᠶᠠᠬᠤ ᠶᠠᠷᠢᠯᠴᠠᠬᠤ ᠬᠤᠷᠠᠯ ᠡᠸᠡᠩᠭᠢ ᠦᠨᠳᠦᠰᠦᠲᠡᠨ᠎ᠤ ᠥᠪᠡᠷᠲᠡᠭᠡᠨ ᠵᠠᠰᠬᠠᠤ ᠬᠤᠰᠢᠭᠤᠨ᠎ᠤ ᠪᠠᠶᠠᠨᠳᠤᠬᠤᠢ ᠪᠠᠯᠭᠠᠰᠤᠨ᠎ᠳᠦ ᠤᠳᠬ᠎ᠠ ᠲᠡᠭᠦᠯᠳᠡᠷ ᠶᠠᠪᠤᠭᠳᠠᠪᠠ᠃

ᠲᠡᠯᠡᠬᠡᠢ 

✦ᠰᠣᠯᠣᠩᠭᠣᠰ᠎ᠤᠨ ᠲᠥᠪ ᠴᠢᠮᠡᠭᠡᠯᠡᠯ᠎ᠦᠨ ᠬᠣᠷᠢᠶ᠎ᠠ᠎ᠵᠢᠨ 2 ᠰᠠᠷ᠎ᠠ᠎ᠵᠢᠨ 24᠎ᠦ ᠡᠳᠦᠷ᠎ᠦᠨ ᠮᠡᠳᠡᠭᠡ᠎ᠶᠢ ᠦᠨᠳᠦᠰᠦᠯᠡᠪᠡᠯ᠂ ᠰᠣᠯᠣᠩᠭᠣᠰ᠎ᠤᠨ ᠬᠥᠳᠡᠯᠮᠦᠷᠢᠴᠢᠨ᠎ᠦ ᠨᠠᠮ᠎ᠤᠨ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ᠎ᠵᠢᠨ ᠠᠩᠬᠠᠳᠤᠭᠠᠷ ᠤᠳᠠᠭᠠᠨ᠎ᠤ ᠥᠷᠭᠡᠳᠬᠡᠭᠰᠡᠨ ᠪᠦᠭᠦᠳᠡ ᠬᠤᠷᠠᠯ 23 ᠎ᠤ ᠡᠳᠦᠷ ᠨᠠᠮ᠎ᠤᠨ ᠲᠥᠪ ᠬᠣᠷᠢᠶ᠎ᠠ᠎ᠵᠢᠨ ᠶᠡᠷᠦᠩᠬᠡᠶ ᠵᠠᠬᠢᠷᠭ᠎ᠠ᠎ᠳᠤ ᠬᠤᠷᠠᠯᠳᠤᠵᠤ᠂ ᠰᠣᠯᠣᠩᠭᠣᠰ᠎ᠤᠨ ᠬᠥᠳᠡᠯᠮᠦᠷᠢᠴᠢᠨ᠎ᠦ ᠨᠠᠮ᠎ᠤᠨ ᠰᠢᠨ᠎ᠡ ᠨᠢᠭᠡ ᠬᠤᠭᠤᠴᠠᠭᠠᠨ᠎ᠤ ᠲᠥᠪ ᠬᠣᠷᠢᠶ᠎ᠠ᠎ᠵᠢᠨ ᠤᠯᠤᠰ ᠲᠥᠷᠥ᠎ᠶᠢᠨ ᠲᠣᠪᠴᠢᠶᠠᠨ᠎ᠤ ᠪᠠᠶ᠋ᠢᠩᠭᠤ᠎ᠶᠢᠨ ᠬᠣᠷᠢᠶ᠎ᠠ ᠪᠣᠯᠤᠨ ᠤᠯᠤᠰ ᠲᠥᠷᠥ᠎ᠶᠢᠨ ᠲᠣᠪᠴᠢᠶ᠎ᠠ᠎ᠶᠢ ᠰᠣᠩᠭᠣᠨ ᠭᠠᠷᠭᠠᠵᠠᠶ᠃

✦ᠰᠢᠨᠬᠤᠸᠠ ᠬᠤᠷᠢᠶ᠎ᠠ᠎ᠵᠢᠨ ᠮᠡᠳᠡᠭᠡ᠎ᠶᠢ ᠦᠨᠳᠦᠰᠦᠯᠡᠪᠡᠯ᠂ 2 ᠰᠠᠷ᠎ᠠ᠎ᠵᠢᠨ 24᠎ᠤ ᠡᠳᠦᠷ᠂ ᠮᠣᠰᠺᠸᠠ᠎ᠶᠢᠨ ᠨᠢᠭᠡᠨ ᠭᠠᠯᠲᠤ᠌ ᠲᠡᠷᠭᠡᠨ ᠥᠷᠲᠡᠭᠡᠨ᠎ᠦ ᠠᠭᠤᠳᠠᠮ ᠲᠠᠯᠠᠪᠠᠶ᠎ᠳᠤ ᠳᠡᠯᠪᠡᠷᠡᠯᠲᠡ᠎ᠵᠢᠨ ᠬᠡᠷᠡᠭ ᠭᠠᠷᠴᠤ᠂ ᠵᠢᠵᠢᠭᠦᠷᠯᠡᠵᠦ᠍ ᠪᠠᠶ᠋ᠢᠭᠰᠠᠨ ᠨᠢᠭᠡ ᠵᠠᠮ ᠬᠠᠷᠢᠯᠴᠠᠭᠠᠨ᠎ᠤ ᠴᠠᠭᠳᠠᠭ᠎ᠠ ᠡᠨᠳᠡᠵᠦ᠂ ᠬᠤᠶᠠᠷ ᠴᠠᠭᠳᠠᠭ᠎ᠠ ᠰᠢᠷᠬᠠᠲᠤᠨ᠂ ᠬᠡᠷᠡᠭ ᠬᠢᠭᠰᠡᠨ ᠡᠳᠡᠭᠡᠳ ᠲᠤᠬᠠᠶ᠎ᠶᠢᠨ ᠲᠠᠯᠠᠪᠠᠶ᠎ᠳᠤ ᠡᠨᠳᠡᠵᠡᠢ᠃

 ᠦᠢᠯᠡᠴᠢᠯᠡᠭᠡ 

✦ᠲᠦᠮᠡᠳ ᠪᠠᠷᠠᠭᠤᠨ ᠬᠣᠰᠢᠭᠤᠨ᠎ᠤ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠲᠥᠪ ᠪᠠᠭᠰᠢ ᠡᠯᠰᠡᠵᠦ ᠪᠤᠢ᠃ ᠨᠠᠷᠢᠨ ᠠᠭᠤᠯᠭ᠎ᠠ᠎ᠶᠢ《ᠤᠤᠯ ᠵᠤᠬᠢᠶᠠᠯ᠎ᠢ ᠦᠵᠡᠬᠦ》 (阅读原文) ᠦᠰᠦᠭ᠎ᠢ ᠳᠤᠪᠴᠢᠳᠠᠵᠤ ᠦᠵᠡᠭᠡᠷᠡᠢ!

 ᠲᠠᠨ᠎ᠤ ᠲᠤᠰᠠ᠎ᠳᠤ 

✦ᠵᠢᠮᠢᠰ ᠪᠣᠯᠤᠨ ᠢᠳᠡᠰᠢᠨ ᠨᠣᠭᠣᠭ᠎ᠠ᠎ᠳᠦ ᠸᠢᠲ᠋ᠠᠮᠢᠨ᠎ᠤ ᠡᠷᠦᠳᠡᠰᠦ ᠡᠯᠪᠡᠭ ᠠᠭᠤᠯᠤᠭᠳᠠᠵᠤ᠂ ᠲᠡᠭᠦᠨ ᠎ᠳᠦ ᠠᠭᠤᠯᠤᠭᠳᠠᠬᠤ ᠢᠳᠡᠭᠡᠨ᠎ᠦ ᠰᠢᠷᠬᠡᠭᠯᠢᠭ ᠡᠳ᠋ ᠪᠣᠯᠤᠨ ᠢᠰᠦᠯᠳᠦᠬᠦ᠌᠎ᠶᠢ ᠡᠰᠡᠷᠭᠦᠴᠡᠬᠦ᠌ ᠡᠳ᠋ ᠨᠢ ᠵᠠᠷᠢᠮ ᠢᠳᠡᠷ ᠨᠠᠰᠤᠨ᠎ᠤ ᠬᠤᠭᠤᠴᠠᠭᠠᠨ᠎ᠤ ᠡᠪᠡᠳᠴᠢᠨ᠎ᠦ ᠢᠯᠡᠷᠡᠯ᠎ᠢ ᠨᠠᠮᠳᠠᠭᠠᠵᠤ᠂ ᠡᠨᠧᠷᠭᠢ᠎ᠵᠢᠨ ᠬᠡᠮᠵᠢᠶ᠎ᠡ ᠳᠣᠣᠷ᠎ᠠ᠂ ᠺᠠᠯᠢ᠎ᠵᠢᠨ ᠠᠭᠤᠯᠤᠭᠳᠠᠬᠤ ᠬᠡᠮᠵᠢᠶ᠎ᠡ ᠥᠨᠳᠥᠷ᠂ ᠨᠠᠲ᠋ᠷᠢ ᠵᠢᠨ ᠠᠭᠤᠯᠤᠭᠳᠠᠬᠤ ᠬᠡᠮᠵᠢᠶ᠎ᠡ ᠳᠣᠣᠷ᠎ᠠ ᠪᠠᠢᠳᠠᠭ ᠨᠢ ᠴᠢᠰᠤᠨ ᠳᠠᠷᠤᠯᠲᠠ᠎ᠶᠢ ᠲᠣᠬᠢᠷᠠᠭᠤᠯᠬᠤ᠎ᠳᠤ ᠴᠤ᠌ ᠮᠠᠰᠢ ᠴᠢᠬᠤᠯᠠ ᠦᠢᠯᠡᠳᠦᠯ ᠲᠠᠢ ᠪᠠᠶ᠋ᠢᠳᠠᠭ᠃ 

ᠵᠠᠯᠭᠠᠭᠠᠳ《ᠳᠦᠷᠪᠡᠨ ᠴᠠᠭ᠎ᠤᠨ ᠨᠤᠲᠤᠭ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂  ᠲᠠᠬᠢᠨ ᠠᠭᠤᠯᠵᠠᠳᠠᠯ᠎ᠠ ᠪᠡᠨ ᠲᠦᠷ ᠪᠠᠶᠠᠷᠳᠠᠢ!

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)    

ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号