2 ᠰᠠᠷ᠎ᠠ ᠵᠢᠨ 27 ᠤ᠋ ᠡᠳᠤᠷ
ᠡᠬᠢᠯᠡᠬᠦ᠌ ᠴᠠᠭ᠄
2026-02-27 11:16:19
ᠨᠠᠶ᠋ᠢᠷᠠᠭᠤᠯᠤᠭᠴᠢ ᠄
ᠤᠷᠠᠨᠲᠠᠨ᠎ᠡ
ᠨᠡᠪᠲᠡᠷᠡᠬᠦᠯᠦᠭᠴᠢ ᠄
ᠤᠷᠠᠨᠲᠠᠨ᠎ᠠ
ᠮᠡᠷᠭᠡᠵᠢᠯ ᠄

ᠤᠩᠰᠢᠭᠰᠠᠨ ᠤᠳᠠᠭ᠎ᠠ᠄

IMG_1896.JPG




 ᠨᠡᠢᠭᠡᠮ 

✦ᠤᠯᠤᠰ᠎ᠤᠨ ᠣᠶ ᠰᠢᠭᠤᠢ ᠪᠠ ᠨᠤᠲᠤᠭ ᠪᠡᠯᠴᠢᠭᠡᠷ᠎ᠦᠨ ᠲᠣᠪᠴᠢᠶ᠎ᠠ᠎ᠶᠢᠨ ᠬᠠᠮᠤᠭ᠎ᠤᠨ ᠰᠢᠨ᠎ᠡ ᠲᠣᠭ᠎ᠠ ᠪᠠᠷᠢᠮᠲᠠ᠎ᠠᠴᠠ ᠦᠵᠡᠪᠡᠯ᠂ ᠣᠳᠣᠬᠠᠨ᠎ᠳᠤ ᠪᠥᠬᠥ ᠤᠯᠤᠰ᠎ᠤᠨ ᠣᠶ ᠰᠢᠭᠤᠢ᠎ᠶᠢᠨ ᠶᠡᠷᠦᠩᠬᠡᠢ ᠲᠠᠯᠠᠪᠠᠶ 36.14 ᠳ᠋ᠦᠩᠰᠢᠭᠤᠷ ᠮᠦ᠍᠎ᠳᠦ ᠬᠦᠷᠴᠡᠢ᠃ ᠡᠭᠦᠨ᠎ᠳᠦ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭᠠᠨ᠎ᠳᠤ᠂ ᠮᠠᠨ᠎ᠤ ᠤᠯᠤᠰ 1.85 ᠳ᠋ᠦᠩᠰᠢᠭᠤᠷ ᠮᠦ᠍ ᠮᠣᠳᠣ᠌ ᠳᠠᠷᠢᠵᠤ᠂ ᠪᠥᠬᠥ ᠪᠥᠮᠪᠥᠷᠴᠡᠭ᠎ᠦᠨ ᠨᠣᠭᠣᠭᠠᠷᠠᠭᠤᠯᠤᠯᠲᠠ᠎ᠶᠢᠨ ᠨᠡᠮᠡᠭᠳᠡᠯ᠎ᠢᠶᠡᠷ ᠬᠠᠮᠤᠭ᠎ᠤᠨ ᠶᠡᠬᠡ ᠬᠠᠮᠤᠭ᠎ᠤᠨ ᠲᠦᠷᠭᠡᠨ ᠤᠯᠤᠰ ᠪᠣᠯᠪᠠ᠃

✦ᠰᠤᠷᠭᠠᠨ ᠬᠥᠮᠦᠵᠢᠯ᠎ᠦᠨ ᠶᠠᠮᠤᠨ᠎ᠤ 2 ᠰᠠᠷ᠎ᠠ ᠵᠢᠨ 25᠎ᠤ ᠡᠳᠤᠷ᠎ᠤᠨ ᠮᠡᠳᠡᠭᠡ ᠵᠢ ᠦᠨᠳᠦᠰᠦᠯᠡᠪᠡᠯ᠂ 2026 ᠣᠨ᠎ᠳᠤ ᠰᠤᠷᠤᠭ᠍ᠴᠢᠳ᠎ᠤᠨ ᠪᠡᠶ᠎ᠡ ᠮᠠᠬᠠᠪᠤᠳ᠎ᠢᠶᠠᠨ ᠴᠢᠭᠢᠷᠠᠭᠵᠢᠭᠤᠯᠬᠤ ᠲᠥᠯᠥᠪᠯᠡᠭᠡ᠎ᠶᠢ ᠭᠦᠨᠵᠡᠭᠡᠢ ᠬᠡᠷᠡᠭᠵᠢᠭᠦᠯᠵᠦ᠂ ᠰᠤᠷᠤᠭ᠍ᠴᠢᠳ᠎ᠤᠨ ᠪᠡᠶ᠎ᠡ ᠮᠠᠬᠠᠪᠤᠳ᠎ᠤᠨ ᠡᠷᠡᠭᠦᠯ ᠴᠢᠭᠢᠷᠠᠭ᠎ᠤᠨ ᠬᠢᠷᠢ ᠲᠦᠪᠰᠢᠨ᠎ᠢ ᠬᠦᠴᠦᠯᠡᠨ ᠳᠡᠭᠡᠭᠰᠢᠯᠡᠭᠦᠯᠵᠦ᠂ ᠪᠡᠶ᠎ᠡ᠎ᠶᠢᠨ ᠲᠠᠮᠢᠷ᠎ᠤᠨ ᠬᠢᠴᠢᠶᠡᠯ᠎ᠢ ᠡᠵᠡᠯᠡᠬᠦ᠂ ᠬᠢᠴᠢᠶᠡᠯ᠎ᠦᠨ ᠵᠠᠪᠰᠠᠷᠯᠠᠭ᠎ᠠ᠎ᠳᠤ ᠰᠤᠷᠤᠭ᠍ᠴᠢᠳ᠎ᠢ ᠬᠢᠴᠢᠶᠡᠯ᠎ᠦᠨ ᠭᠡᠷ᠎ᠡᠴᠡ ᠭᠠᠷᠭᠠᠬᠤ ᠦᠭᠡᠢ ᠵᠡᠷᠭᠡ ᠦᠶ᠋ᠯᠡ ᠠᠵᠢᠯᠯᠠᠭ᠎ᠠ᠎ᠶᠢ ᠴᠢᠩᠭ᠎ᠠ ᠪᠠᠢᠴᠠᠭᠠᠨ᠎ᠠ ᠭᠡᠵᠡᠢ᠃  

✦2025 ᠣᠨ᠎ᠳᠤ᠂ ᠲᠦᠩᠯᠢᠶᠣᠣ ᠬᠤᠲᠠ《ᠲᠥᠷᠥᠯ ᠵᠦᠢᠯ᠎ᠢᠶᠡᠷ ᠭᠣᠣᠯ ᠪᠣᠯᠭᠠᠵᠤ᠂ ᠬᠤᠳᠠᠯᠳᠤᠭᠠᠴᠢᠨ ᠤᠷᠢᠬᠤ᠎ᠪᠠᠷ ᠭᠣᠣᠯᠳᠠᠯᠭ᠎ᠠ ᠪᠣᠯᠭᠠᠬᠤ》ᠠᠵᠢᠯ᠎ᠤᠨ ᠤᠳᠤᠷᠢᠳᠤᠮᠵᠢ ᠶᠣᠰᠣᠭᠠᠷ᠂ ᠪᠦᠬᠦ ᠵᠢᠯ᠎ᠳᠤ ᠲᠣᠭᠲᠠᠮᠠᠯ ᠬᠥᠷᠥᠩᠭᠡ᠎ᠶᠢᠨ ᠪᠡᠯᠡ ᠣᠷᠣᠭᠤᠯᠤᠯᠲᠠ᠎ᠶᠢᠨ 11.4%᠎ᠶᠢᠨ ᠥᠨᠳᠥᠷ ᠬᠤᠷᠳᠤᠴᠠᠲᠤ ᠨᠡᠮᠡᠭᠳᠡᠯ᠎ᠢ ᠪᠠᠲᠤᠯᠠᠵᠤ᠂ ᠪᠦᠬᠦ ᠣᠷᠣᠨ᠎ᠤ ᠳᠤᠮᠳᠠᠴᠢ ᠨᠡᠮᠡᠭᠳᠡᠯ᠎ᠦᠨ ᠬᠤᠷᠳᠤᠴᠠ᠎ᠠᠴᠠ ᠵᠠᠭᠤᠨ ᠤ᠋ ᠬᠠᠷᠢᠴᠠᠯ ᠵᠢᠡᠷ 7.4 ᠬᠤᠪᠢ ᠥᠨᠳᠥᠷ ᠪᠣᠯᠵᠤ᠂ ᠪᠥᠬᠥ ᠣᠷᠣᠨ᠎ᠤ ᠲᠦᠷᠦᠬᠦᠨ᠎ᠳᠦ ᠤᠷᠤᠵᠤ᠂ ᠭᠠᠵᠠᠷ ᠣᠷᠣᠨ᠎ᠤ ᠴᠢᠨᠠᠷ ᠰᠠᠢᠲᠠᠢ ᠬᠥᠭᠵᠢᠯᠲᠡ᠎ᠳᠦ ᠬᠦᠴᠦᠷᠬᠡᠭ ᠶᠡᠬᠡ ᠬᠥᠳᠡᠯᠭᠡᠬᠦ ᠬᠦᠴᠦᠨ ᠨᠡᠮᠡᠷᠢᠯᠡᠭᠰᠡᠨ ᠪᠠᠢᠨ᠎ᠠ᠃

✦《ᠠᠷᠪᠠᠨ ᠳᠥᠷᠪᠡᠳᠦᠭᠡᠷ ᠲᠠᠪᠤᠨ ᠵᠢᠯ》᠎ᠦᠨ ᠲᠥᠯᠦᠪᠵᠢᠭᠦᠯᠭᠡ ᠵᠢᠨ ᠬᠤᠭᠤᠴᠠᠭᠠᠨ᠎ᠳᠤ ᠰᠢᠯᠢ᠎ᠶᠢᠨ ᠭᠣᠣᠯ ᠠᠢᠮᠠᠭ᠎ᠤᠨ ᠰᠠᠭᠤᠷᠢ ᠪᠦᠲᠦᠭᠡᠨ ᠪᠠᠢᠭᠤᠯᠤᠯᠲᠠ᠎ᠶᠢᠨ ᠬᠢᠷᠢ ᠲᠦᠪᠰᠢᠨ ᠲᠣᠭᠲᠠᠭᠤᠨ ᠵᠢᠡᠷ ᠳᠡᠭᠡᠭᠰᠢᠯᠡᠵᠦ᠂ ᠰᠠᠭᠤᠷᠢ ᠲᠥᠬᠦᠭᠡᠷᠦᠮᠵᠢ᠎ᠶᠢᠨ ᠪᠡᠯᠡ ᠣᠷᠣᠭᠤᠯᠤᠯᠲᠠ᠎ᠶᠢ ᠨᠡᠢᠲᠡ 1519 ᠳ᠋ᠦᠩᠰᠢᠭᠤᠷ ᠲᠥᠭᠥᠷᠢᠭ ᠪᠡᠶᠡᠯᠡᠭᠦᠯᠵᠦ᠂ ᠵᠠᠮ ᠬᠠᠷᠢᠯᠴᠠᠭ᠎ᠠ᠂ ᠣᠰᠤᠨ ᠠᠰᠢᠭ᠍ᠯᠠᠯᠲᠠ ᠵᠡᠷᠭᠡ ᠴᠢᠬᠤᠯᠠ ᠶᠡᠬᠡ ᠲᠦᠷᠦᠯ ᠵᠤᠢᠯ᠎ᠢ ᠪᠠᠢᠭᠤᠯᠤᠨ ᠳᠠᠭᠤᠰᠬᠠᠵᠤ ᠠᠰᠢᠭ᠍ᠯᠠᠯᠲᠠ᠎ᠳᠤ ᠣᠷᠣᠭᠤᠯᠤᠨ᠂ ᠬᠣᠲᠠ ᠬᠥᠳᠡᠭᠡ ᠵᠢᠨ ᠨᠡᠪᠲᠡᠷᠡᠯᠴᠡᠬᠦ ᠬᠢᠷᠢ ᠲᠦᠪᠰᠢᠨ᠎ᠢ ᠶᠡᠬᠡᠪᠡᠷ ᠳᠡᠭᠡᠭᠰᠢᠯᠡᠭᠦᠯᠪᠡ᠃

✦2026 ᠣᠨ᠎ᠤ ᠴᠠᠭᠠᠨ ᠰᠠᠷ᠎ᠠ᠎ᠶᠢᠨ ᠬᠤᠭᠤᠴᠠᠭᠠᠨ᠎ᠳᠤ᠂ ᠣᠷᠳᠣᠰ᠎ᠤᠨ ᠨᠢᠰᠬᠡᠯ᠎ᠦᠨ ᠪᠠᠭᠤᠳᠠᠯ ᠨᠡᠢᠲᠡ 700 ᠡᠭᠡᠯᠵᠢ ᠵᠢᠨ ᠨᠢᠰᠬᠡᠯ᠎ᠦᠨ ᠠᠮᠤᠷ ᠳᠦᠪᠰᠢᠨ ᠠᠶᠠᠯᠠᠯ ᠢ᠋ ᠪᠠᠲᠤᠯᠠᠵᠤ᠂ ᠠᠶᠠᠨᠴᠢᠳ᠎ᠤᠨ ᠲᠣᠭ᠎ᠠ ᠬᠡᠮᠵᠢᠶ᠎ᠡ᠎ᠶᠢ 7 ᠲᠦᠮᠡᠨ ᠬᠥᠮᠥᠨ ᠤᠳᠠᠭ᠎ᠠ᠎ᠳᠤ ᠬᠦᠷᠭᠡᠵᠦ᠂ ᠠᠳᠠᠯᠢ ᠬᠤᠭᠤᠴᠠᠭᠠᠨ᠎ᠤ ᠬᠢ᠎ᠡᠴᠡ ᠲᠤᠰ ᠲᠤᠰ 14.4% ᠪᠠ 24% ᠪᠡᠷ ᠨᠡᠮᠡᠭᠳᠡᠪᠡ᠃

✦2025 ᠣᠨ᠎ᠳᠤ᠂ ᠬᠦᠷᠢᠶ᠎ᠡ ᠬᠣᠰᠢᠭᠤ ᠰᠤᠯᠠ ᠪᠠᠢᠭ᠎ᠠ ᠲᠡᠵᠢᠭᠡᠨ ᠦᠷᠡᠵᠢᠭᠦᠯᠬᠦ ᠪᠠᠭ᠎ᠠ ᠲᠣᠭᠣᠷᠢᠭ᠋᠎ᠢ ᠠᠮᠢᠯᠠᠭᠤᠯᠵᠤ᠂ ᠡᠭᠦᠯᠳᠡᠷ ᠰᠠᠢᠵᠢᠷᠠᠭᠤᠯᠬᠤ ᠵᠡᠷᠭᠡ ᠠᠷᠭ᠎ᠠ ᠬᠡᠮᠵᠢᠶ᠎ᠡ᠎ᠶᠢ ᠴᠢᠩᠭᠠᠳᠬᠠᠵᠤ᠂ ᠮᠠᠯ ᠠᠵᠤ ᠠᠬᠤᠢ᠎ᠶᠢᠨ ᠰᠠᠭᠤᠷᠢ᠎ᠶᠢ ᠲᠠᠰᠤᠷᠠᠯᠲᠠ ᠦᠭᠡᠢ ᠪᠡᠬᠢᠵᠢᠭᠦᠯᠪᠡ᠃ ᠪᠦᠬᠦ ᠵᠢᠯ᠎ᠳᠦ 17.9 ᠲᠦᠮᠡᠨ ᠦᠬᠡᠷ᠎ᠲᠦ ᠢᠴᠡᠭᠡᠯ ᠦᠷ᠎ᠡ᠎ᠶᠢᠨ ᠬᠡᠭᠡᠯᠲᠦᠭᠦᠯᠭᠡ ᠬᠢᠵᠦ᠂ 45 ᠲᠦᠮᠡᠨ ᠮᠦ᠍ ᠨᠣᠭᠣᠭᠠᠨ ᠳᠠᠷᠤᠰᠢ᠎ᠶᠢᠨ ᠡᠷᠳᠡᠨᠢ ᠰᠢᠰᠢ ᠲᠠᠷᠢᠬᠤ᠎ᠶᠢᠨ ᠬᠠᠮᠲᠤ 《ᠡᠰᠢ ᠰᠦᠷᠡᠯ᠎ᠢ ᠪᠠᠺᠲᠧᠷᠢ ᠢᠰᠬᠡᠭᠦᠷ᠎ᠢᠶᠡᠷ ᠬᠠᠮᠵᠢᠯᠴᠠᠭᠤᠯᠤᠨ ᠢᠰᠬᠡᠬᠦ》 ᠵᠡᠷᠭᠡ ᠥᠪᠡᠷ᠎ᠦᠨ ᠥᠷᠲᠡᠭ᠎ᠢ ᠪᠠᠭᠤᠷᠠᠭᠤᠯᠤᠨ᠂ ᠦᠷ᠎ᠡ ᠠᠰᠢᠭ᠋᠎ᠢ ᠨᠡᠮᠡᠭᠳᠡᠭᠦᠯᠬᠦ ᠮᠡᠷᠭᠡᠵᠢᠯ᠎ᠢ ᠵᠢᠱ᠌ᠢᠶ᠎ᠡ ᠦᠵᠡᠭᠦᠯᠦᠨ ᠳᠡᠯᠭᠡᠷᠡᠭᠦᠯᠵᠦ᠂ ᠲᠡᠵᠢᠭᠡᠨ ᠦᠷᠡᠵᠢᠭᠦᠯᠬᠦ ᠦᠷ᠎ᠡ ᠠᠰᠢᠭ᠋᠎ᠢ ᠪᠦᠲᠦᠮᠵᠢᠲᠡᠶ ᠳᠡᠭᠡᠭᠰᠢᠯᠡᠭᠦᠯᠪᠡ᠃

✦ᠤᠢᠷ᠎ᠠ᠎ᠳᠤ ᠤᠷᠳᠤᠰ ᠬᠤᠳᠠ ᠵᠢᠨ ᠬᠢᠶ᠎ᠡ ᠪᠠᠭ᠍ᠰᠢ ᠲᠣᠭᠣᠷᠢᠭ᠋᠎ᠤᠨ ᠰᠤᠷᠭᠠᠨ ᠬᠥᠮᠦᠵᠢᠯ ᠪᠡᠶ᠎ᠡ᠎ᠶᠢᠨ ᠲᠠᠮᠢᠷ᠎ᠤᠨ ᠲᠣᠪᠴᠢᠶ᠎ᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠪᠯᠡᠯ᠎ᠦᠨ ᠡᠷᠬᠡ᠎ᠶᠢᠨ ᠲᠣᠪᠴᠢᠶ᠎ᠠ ᠡᠴᠡ ᠣᠯᠭᠣᠭᠰᠠᠨ ᠪᠦᠲᠦᠭᠡᠯ᠎ᠦᠨ ᠳᠠᠩᠰᠠᠯᠠᠯᠲᠠ᠎ᠶᠢᠨ ᠦᠨᠡᠮᠯᠡᠯ᠎ᠢ ᠬᠦᠷᠲᠡᠵᠦ᠂ ᠬᠢᠶ᠎ᠡ ᠪᠠᠭ᠍ᠰᠢ ᠲᠣᠭᠣᠷᠢᠭ᠋᠎ᠦᠨ 《 ᠰᠠᠢᠨ ᠰᠠᠢᠬᠠᠨ ᠰᠤᠷᠭᠠᠨ ᠬᠥᠮᠦᠵᠢᠯ᠎ᠦᠨ ᠲᠦᠷᠦᠯ ᠲᠡᠮᠳᠡᠭ》 ᠵᠢᠴᠢ ᠲᠡᠭᠦᠨ᠎ᠦ ᠢᠯᠡᠷᠬᠡᠢᠯᠡᠯᠲᠡ ᠲᠡᠮᠳᠡᠭ ᠨᠢ ᠬᠡᠪᠯᠡᠯ᠎ᠦᠨ ᠡᠷᠬᠡ᠎ᠶᠢᠨ ᠬᠠᠮᠠᠭᠠᠯᠠᠯᠲᠠ᠎ᠲᠠᠢ ᠪᠣᠯᠪᠠ᠃

✦ᠣᠲᠣᠭ᠎ᠤᠨ ᠡᠮᠦᠨᠡᠲᠦ ᠬᠣᠰᠢᠭᠤᠨ᠎ᠤ ᠡᠮᠡᠭᠲᠡᠢᠴᠦᠳ᠎ᠦᠨ ᠬᠤᠯᠪᠤᠭ᠎ᠠ ᠵᠣᠬᠢᠶᠠᠨ ᠪᠠᠢᠭᠤᠯᠤᠯᠲᠠ᠎ᠶᠢᠨ ᠵᠢᠯᠤᠭᠣᠳᠴᠤ ᠬᠠᠷᠢᠯᠴᠠᠬᠤ ᠦᠢᠯᠡᠴᠢᠯᠡᠭᠡᠨ᠎ᠦ ᠴᠢᠳᠠᠪᠬᠢ᠎ᠪᠠᠨ ᠭᠦᠢᠴᠡᠳ ᠪᠠᠳᠠᠷᠠᠭᠤᠯᠤᠨ᠂ 2025 ᠣᠨ᠎ᠳᠤ ᠣᠲᠣᠭ᠎ᠤᠨ ᠡᠮᠦᠨᠡᠲᠦ ᠬᠣᠰᠢᠭᠤᠨ᠎ᠤ ᠰᠡᠳᠬᠢᠴᠡ ᠎ᠶᠢᠨ ᠠᠰᠠᠭᠤᠨ ᠯᠠᠪᠯᠠᠬᠤ ᠨᠡᠢᠭᠡᠮᠯᠢᠭ ᠲᠠᠢ ᠦᠢᠯᠡᠴᠢᠯᠡᠭᠡᠨ᠎ᠦ ᠭᠡᠷ᠎ᠡ ᠲᠣᠭᠲᠠᠵᠤ᠂ ᠡᠮᠡᠭᠲᠡᠢᠴᠦᠳ ᠬᠡᠦᠬᠡᠳ ᠪᠠ ᠭᠡᠷ ᠪᠦᠯᠢ᠎ᠳᠦ ᠲᠤᠰᠬᠠᠢᠵᠢᠭ᠍ᠰᠠᠨ᠂ ᠨᠡᠢᠭᠡᠮᠴᠢᠯᠡᠭᠰᠡᠨ ᠡᠷᠬᠡ ᠠᠰᠢᠭ᠋᠎ᠢ ᠬᠠᠮᠠᠭᠠᠯᠠᠬᠤ ᠬᠠᠢᠷ᠎ᠠ ᠬᠠᠯᠠᠮᠵᠢ ᠬᠦᠷᠭᠡᠬᠦ ᠦᠢᠯᠡᠴᠢᠯᠡᠭᠡ ᠬᠠᠩᠭᠠᠵᠤ᠂ ᠨᠡᠢᠭᠡᠮ ᠨᠡᠢᠲᠡ᠎ᠶᠢᠨ ᠰᠠᠢᠨ ᠦᠨᠡᠯᠡᠯᠲᠡ᠎ᠶᠢ ᠣᠯᠵᠤ ᠪᠠᠢᠨ᠎ᠠ᠃

 ᠠᠵᠦ ᠠᠬᠤᠢ 

✦2026 ᠣᠨ᠎ᠤ ᠴᠠᠭᠠᠨ ᠰᠠᠷ᠎ᠠ ᠎ᠶᠢᠨ ᠠᠮᠠᠷᠠᠯᠲᠠ ᠎ᠶᠢᠨ ᠬᠤᠭᠤᠴᠠᠭᠠᠨ᠎ᠳᠤ᠂ ᠮᠠᠨ ᠎ᠤ ᠣᠷᠣᠨ ᠤᠯᠤᠰ᠎ᠤᠨ ᠳᠣᠲᠣᠭᠠᠳᠤ᠎ᠶᠢᠨ ᠵᠢᠭᠤᠯᠴᠢᠯᠠᠬᠴᠢ ᠵᠢ ᠨᠡᠢᠲᠡ 3485.80 ᠲᠦᠮᠡᠨ ᠬᠥᠮᠥᠨ ᠤᠳᠠᠭ᠎ᠠ ᠬᠦᠯᠢᠶᠡᠨ ᠠᠪᠴᠤ᠂ ᠵᠢᠭᠤᠯᠴᠢᠯᠠᠬᠴᠢᠳ᠎ᠤᠨ ᠵᠠᠷᠤᠯᠭ᠎ᠠ ᠨᠡᠢᠲᠡ 244.73 ᠳ᠋ᠦᠩᠰᠢᠭᠤᠷ ᠲᠥᠭᠥᠷᠢᠭ᠎ᠲᠦ ᠬᠥᠷᠪᠡ᠃ 

✦ᠤᠢᠷ᠎ᠠ᠎ᠶᠢᠨ ᠡᠳᠦᠷ ᠣᠲᠤᠭ ᠬᠣᠰᠢᠭᠤᠨ᠎ᠤ ᠦᠵᠦᠭᠦᠷ ᠪᠠᠯᠭᠠᠰᠤᠨ᠎ᠤ ᠡᠷᠬᠡᠲᠦ ᠭᠠᠴᠠᠭ᠎ᠠ ᠮᠠᠯᠴᠢᠳ᠎ᠲᠠᠭᠠᠨ 2025 ᠣᠨ᠎ᠤ ᠬᠠᠮᠲᠤ ᠵᠢᠨ ᠠᠵᠤ ᠠᠬᠤᠢ᠎ᠶᠢᠨ ᠠᠰᠢᠭ᠋ ᠣᠷᠣᠯᠭ᠎ᠠ᠎ᠶᠢᠨ 《ᠴᠠᠭᠠᠨ ᠰᠠᠷ᠎ᠠ᠎ᠶᠢᠨ ᠪᠡᠯᠡᠭ》 ᠭᠠᠷᠳᠠᠭᠤᠯᠪᠠ᠃ ᠣᠢᠯᠠᠭᠠᠭᠰᠠᠨ᠎ᠢᠶᠠᠷ᠂ ᠲᠤᠰ ᠤᠳᠠᠭ᠎ᠠ ᠡᠷᠬᠡᠲᠦ ᠭᠠᠴᠠᠭ᠎ᠠ 156 ᠡᠷᠦᠬᠡ᠂ 422 ᠬᠠᠮᠲᠤ᠎ᠶᠢᠨ ᠠᠵᠤ ᠠᠬᠤᠢ᠎ᠶᠢᠨ ᠵᠣᠬᠢᠶᠠᠨ ᠪᠠᠢᠭᠤᠯᠤᠯᠲᠠ᠎ᠶᠢᠨ ᠪᠦᠷᠢᠯᠳᠦᠭᠦᠨ᠎ᠳᠦ ᠨᠡᠶ᠋ᠢᠲᠡ 309.6 ᠲᠦᠮᠡᠨ ᠲᠥᠭᠥᠷᠢᠭ᠎ᠬᠤᠪᠢᠶᠠᠷᠢᠯᠠᠭᠰᠠᠨ ᠪᠠᠢᠨ᠎ᠠ᠃

 ᠰᠤᠶᠤᠯ 

✦ᠤᠢᠷ᠎ᠠ᠎ᠳᠤ 2026 ᠣᠨ᠎ᠤ ᠡᠵᠡᠨ ᠬᠣᠷᠣᠭ᠎ᠠ ᠬᠣᠰᠢᠭᠤᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠦᠨ ᠴᠠᠭᠠᠨ ᠰᠠᠷ᠎ᠠ᠎ᠶᠢᠨ ᠪᠠᠶᠠᠷ᠎ᠤᠨ ᠴᠤᠭᠯᠠᠭᠠᠨ ᠠᠯᠲᠠᠨᠰᠢᠷᠡᠭᠡᠲᠦ ᠪᠠᠯᠭᠠᠰᠤᠨ᠎ᠳᠤ ᠬᠥᠷ ᠬᠥᠭᠵᠢᠶᠡᠨ᠎ᠲᠠᠢ ᠶᠠᠪᠤᠭᠳᠠᠵᠤ᠂ ᠥᠷᠭᠡᠨ ᠣᠯᠠᠨ ᠬᠣᠲᠠ᠎ᠶᠢᠨ ᠠᠷᠠᠳ ᠪᠣᠯᠣᠨ ᠵᠢᠭᠤᠯᠴᠢᠯᠠᠬᠴᠢᠳ᠎ᠲᠤ ᠥᠪᠡᠷᠮᠢᠴᠡ ᠣᠨᠴᠠᠯᠢᠭ᠋᠎ᠢᠶᠠᠷ ᠢᠯᠠ ᠲᠣᠳᠣ᠂ ᠴᠠᠭᠠᠨ ᠰᠠᠷ᠎ᠠ᠎ᠶᠢᠨ ᠠᠭᠤᠷ ᠠᠮᠢᠰᠬᠤᠯ ᠪᠢᠯᠬᠠᠮ᠎ᠠ ᠰᠣᠶᠣᠯ᠎ᠤᠨ ᠨᠠᠢᠷ᠎ᠢ ᠮᠡᠳᠡᠷᠡᠭᠦᠯᠦᠭᠰᠡᠨ ᠪᠠᠢᠨ᠎ᠠ᠃

✦ᠣᠢᠷ᠎ᠠ᠎ᠳᠤ ᠤᠷᠠᠳ᠎ᠤᠨ ᠬᠣᠢᠲᠤ ᠬᠣᠰᠢᠭᠤᠨ᠎ᠤ ᠪᠤᠶᠠᠨ ᠰᠠᠢᠨ ᠳᠤᠷᠠᠴᠤᠳ᠎ᠤᠨ ᠦᠢᠯᠡᠴᠢᠯᠡᠭᠡᠨ᠎ᠦ ᠨᠡᠢᠭᠡᠮᠯᠢᠭ ᠠᠩᠬᠠᠨ᠎ᠤ ᠬᠤᠭᠤᠴᠠᠭᠠᠨ᠎ᠤ ᠪᠠᠷᠭᠠᠶ ᠨᠠᠭᠠᠳᠤᠮ᠎ᠢ ᠡᠷᠬᠢᠯᠡᠵᠦ᠂ ᠴᠠᠭᠠᠨ ᠰᠠᠷ᠎ᠠ ᠵᠢᠨ ᠠᠮᠠᠷᠠᠯᠳᠠ ᠵᠢᠨ ᠬᠤᠭᠤᠴᠠᠭᠠᠨ᠎ᠳᠤ ᠥᠷᠭᠡᠨ ᠣᠯᠠᠨ ᠮᠠᠯᠴᠢᠨ ᠲᠠᠷᠢᠶᠠᠴᠢᠨ᠎ᠤ ᠰᠣᠶᠣᠯ᠎ᠤᠨ ᠠᠮᠢᠳᠤᠷᠠᠯ᠎ᠢ ᠪᠠᠶᠠᠯᠢᠭ᠍ᠵᠢᠭᠤᠯᠵᠤ᠂ ᠤᠯᠠᠮᠵᠢᠯᠠᠯᠲᠤ ᠰᠣᠶᠣᠯ᠎ᠤᠨ ᠲᠦᠭᠡᠮᠡᠯᠵᠢᠯ᠎ᠢ ᠠᠬᠢᠭᠤᠯᠵᠠᠢ᠃

ᠲᠠᠮᠢᠷ 

✦2 ᠰᠠᠷ᠎ᠠ ᠵᠢᠨ 24᠎ᠦ ᠡᠳᠦᠷ᠂ 2026 ᠣᠨ᠎ᠤ ᠪᠠᠶᠠᠨᠨᠠᠭᠤᠷ ᠬᠣᠲᠠ᠎ᠶᠢᠨ ᠬᠣᠶᠠᠳᠤᠭᠠᠷ ᠬᠤᠭᠤᠴᠠᠭᠠᠨ᠎ᠤ ᠵᠠᠯᠠᠭᠤᠴᠤᠳ ᠪᠠᠭᠠᠴᠤᠳ᠎ᠤᠨ ᠫᠢᠩᠫᠠᠩ ᠪᠥᠮᠪᠥᠭᠡ᠎ᠶᠢᠨ ᠮᠠᠩᠯᠠᠢ ᠰᠢᠯᠭᠠᠷᠠᠭᠤᠯᠬᠤ ᠣᠷᠣᠯᠳᠤᠭᠠᠨ ᠵᠢᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠫᠢᠩᠫᠠᠩ ᠪᠥᠮᠪᠥᠭᠡ᠎ᠶᠢᠨ ᠲᠥᠷᠥᠯ ᠵᠦᠢᠯ᠎ᠦᠨ ᠬᠢᠨᠠᠭ᠍ᠴᠢᠳ᠎ᠢ ᠰᠢᠯᠭᠠᠷᠠᠭᠤᠯᠬᠤ ᠬᠤᠷᠠᠯ ᠤᠷᠠᠳ᠎ᠤᠨ ᠡᠮᠦᠨᠡᠲᠦ ᠬᠣᠰᠢᠭᠤᠨ᠎ᠳᠤ ᠶᠠᠪᠤᠭᠳᠠᠪᠠ᠃ 

✦2 ᠰᠠᠷ᠎ᠠ᠎ᠶᠢᠨ 28᠎ᠤ ᠡᠳᠦᠷ᠎ᠦᠨ ᠦᠳᠡ᠎ᠶᠢᠨ ᠡᠮᠦᠨ᠎ᠡ᠂ ᠳᠣᠯᠣᠳᠠᠬᠢ ᠤᠳᠠᠭᠠᠨ᠎ᠤ ᠮᠣᠩᠭᠣᠯ ᠪᠦᠬᠡ᠎ᠶᠢᠨ ᠠᠯᠲᠠᠨ ᠪᠦᠰᠡ᠎ᠶᠢᠨ ᠲᠡᠮᠡᠴᠡᠭᠡᠨ ᠰᠢᠯᠢᠩᠬᠣᠲᠠ᠎ᠳᠤ ᠡᠬᠢᠯᠡᠬᠦ᠎ᠪᠡᠷ ᠪᠤᠢ᠃

 ᠲᠡᠯᠡᠬᠡᠢ 

✦ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠣᠷᠣᠰ᠎ᠤᠨ ᠶᠡᠷᠦᠩᠬᠡᠢᠯᠡᠭᠴᠢ ᠫᠦᠲ᠋ᠢᠨ 2 ᠰᠠᠷ᠎ᠠ ᠵᠢᠨ 24 ᠎ᠦ ᠡᠳᠦᠷ ᠢᠯᠡᠷᠬᠡᠢᠯᠡᠬᠦ᠎ᠳᠡᠭᠡᠨ᠂ ᠬᠠᠷ᠎ᠠ ᠲᠠᠩᠭᠢᠰ᠎ᠤᠨ ᠪᠠᠢᠭᠠᠯᠢ᠎ᠶᠢᠨ ᠰᠢᠲᠠᠮᠠᠬᠠᠢ ᠬᠡᠢ᠎ᠶᠢᠨ ᠬᠣᠭᠣᠯᠠᠢ ᠳᠡᠯᠪᠡᠷᠡᠯᠲᠡ᠎ᠶᠢᠨ ᠰᠦᠷᠳᠡᠭᠦᠯᠦᠯ᠎ᠦᠨ ᠳᠠᠭᠠᠷᠢᠯᠲᠠ᠎ᠳᠤ ᠤᠴᠠᠷᠠᠵᠤ ᠮᠡᠳᠡᠨ᠎ᠡ᠂ ᠣᠷᠣᠰ ᠰᠦᠷᠳᠡᠭᠦᠯᠦᠯ᠎ᠢ ᠡᠰᠡᠷᠭᠦᠴᠡᠬᠦ ᠡᠷᠴᠢᠮ᠎ᠢᠶᠡᠨ ᠡᠷᠬᠡᠪᠰᠢ ᠴᠢᠩᠭᠠᠳᠬᠠᠬᠤ ᠬᠡᠷᠡᠭᠲᠡᠢ ᠭᠡᠵᠡᠢ᠃

 ᠦᠢᠯᠡᠴᠢᠯᠡᠭᠡ 

✦ᠦᠤᠰᠢᠨ ᠬᠤᠰᠢᠭᠤᠨ᠎ᠤ ᠰᠤᠶᠤᠯ ᠪᠠ ᠵᠢᠭᠤᠯᠴᠢᠯᠠᠯ᠎ᠤᠨ ᠳᠤᠪᠴᠢᠶ᠎ᠠ ᠠᠵᠢᠯᠳᠠᠨ ᠡᠯᠰᠡᠵᠤ ᠪᠤᠢ᠃ ᠨᠠᠷᠢᠨ ᠠᠭᠤᠯᠭ᠎ᠠ᠎ᠶᠢ 《ᠤᠤᠯ  ᠵᠤᠬᠢᠶᠠᠯ ᠎ᠢ ᠦᠵᠡᠬᠦ》 (阅读原文) ᠦᠰᠦᠭ᠎ᠢ  ᠳᠤᠪᠴᠢᠳᠠᠵᠤ ᠦᠵᠡᠭᠡᠷᠡᠢ!

✦ᠪᠡᠶ᠎ᠡ᠎ᠶᠢᠨ ᠲᠠᠮᠢᠷ ᠲᠡᠩᠬᠡᠬᠡ ᠠᠨᠠᠢ ᠪᠤᠶᠤ ᠲᠠᠭᠰᠢᠭᠤᠷ ᠬᠦᠷᠦᠭᠰᠡᠨ ᠦᠶᠡᠰ᠎ᠲᠦ ᠡᠳᠦᠷ ᠪᠣᠯᠭᠠᠨ ᠨᠢᠭᠡ ᠮᠥᠬᠥᠯᠢᠭ ᠸᠢᠲ᠋ᠠᠮᠢᠨ C ᠢᠳᠡᠪᠡᠯ ᠬᠥᠮᠥᠨ᠎ᠦ ᠪᠡᠶ᠎ᠡ᠎ᠶᠢᠨ ᠡᠪᠡᠳᠴᠢᠨ᠎ᠢ ᠡᠰᠡᠷᠭᠦᠴᠡᠬᠦ ᠴᠢᠳᠠᠪᠤᠷᠢ᠎ᠶᠢ ᠳᠡᠭᠡᠭᠰᠢᠯᠡᠭᠦᠯᠬᠦ᠎ᠶᠢᠨ ᠵᠡᠷᠭᠡᠪᠡᠷ ᠶᠠᠳᠠᠷᠠᠭ᠎ᠠ ᠵᠢ ᠲᠠᠢᠯᠵᠤ᠂ ᠲᠠᠮᠢᠷ ᠲᠡᠩᠬᠡᠭᠡ᠎ᠶᠢ ᠨᠡᠮᠡᠭᠳᠡᠭᠦᠯᠳᠡᠭ᠃

ᠵᠠᠯᠭᠠᠭᠠᠳ《ᠳᠦᠷᠦᠬᠡᠨ ᠳᠡᠭᠡᠷ᠎ᠡ ᠡᠴᠡ》ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠦ  ᠪᠠᠶᠠᠷᠯᠠᠯ᠎ᠠ᠂  ᠪᠠᠶᠠᠷᠳᠠᠢ!

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)

ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号