


ᠨᠡᠢᠭᠡᠮ
✦ᠤᠯᠤᠰ᠎ᠤᠨ ᠭᠠᠯ ᠰᠡᠷᠬᠡᠢᠯᠡᠵᠥ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠵᠢᠯᠲᠠᠳ᠎ᠤᠨ ᠬᠠᠤᠯᠢ᠎ᠶᠢᠨ ᠲᠥᠰᠥᠯ᠎ᠢ
2 ᠰᠠᠷ᠎ᠠ᠎ᠶᠢᠨ 25᠎ᠤ ᠡᠳᠦᠷ ᠠᠩᠬ᠎ᠠ ᠤᠳᠠᠭ᠎ᠠ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ
ᠪᠠᠢᠨᠭᠭᠤ ᠵᠢᠨ ᠬᠤᠷᠠᠯ ᠳ᠋ᠤ ᠳᠡᠪᠰᠢᠬᠦᠯᠦᠨ ᠬᠢᠨᠠᠨ ᠵᠦᠪᠯᠡᠪᠡ᠃ ᠲᠥᠰᠥᠯ᠎ᠳᠦ ᠨᠡᠶ᠋ᠢᠲᠡ 7 ᠪᠦᠯᠦᠭ 47 ᠵᠤᠷᠪᠤᠰ ᠪᠠᠢᠵᠤ᠂ ᠤᠯᠤᠰ᠎ᠤᠨ ᠭᠠᠯ ᠰᠡᠷᠬᠡᠢᠯᠡᠵᠥ ᠭᠠᠯ ᠤᠨᠲᠠᠷᠠᠭᠠᠵᠤ
ᠠᠪᠤᠷᠠᠨ ᠲᠤᠰᠠᠯᠠᠬᠤ ᠠᠵᠢᠯᠲᠠᠳ᠎ᠤᠨ ᠬᠠᠤᠯᠢ ᠶᠣᠰᠣᠨ᠎ᠤ ᠡᠷᠬᠡ ᠠᠰᠢᠭ᠋᠎ᠢ ᠪᠠᠲᠤᠯᠠᠨ᠂ ᠵᠠᠷᠤᠳᠠᠯ᠎ᠤᠨ ᠪᠠᠲᠤᠯᠠᠭ᠎ᠠ
ᠪᠣᠯᠣᠨ ᠴᠠᠯᠢᠩ ᠣᠯᠭᠣᠮᠵᠢ ᠵᠡᠷᠭᠡ᠎ᠶᠢ ᠲᠣᠳᠣᠷᠬᠠᠢᠯᠠᠵᠠᠢ᠃
✦ᠤᠯᠤᠰ᠎ᠤᠨ
ᠮᠡᠳᠡᠯᠭᠡ᠎ᠶᠢᠨ ᠥᠮᠴᠢᠯᠡᠯ ᠤ᠋ᠨ ᠡᠷᠬᠡ᠎ᠶᠢᠨ ᠲᠣᠪᠴᠢᠶ᠎ᠠ ᠵᠢᠨ ᠲᠣᠭ᠎ᠠ ᠪᠠᠷᠢᠮᠲᠠ᠎ᠳᠤ ᠢᠯᠡᠷᠡᠭᠦᠯᠦᠭᠰᠡᠨ᠎ᠢᠶᠡᠷ᠂ ᠮᠠᠨ᠎ᠤ ᠤᠯᠤᠰ᠎ᠤᠨ
ᠤᠯᠤᠰ᠎ᠤᠨ ᠳᠣᠲᠣᠭᠠᠳᠤ᠎ᠶᠢᠨ ᠬᠦᠴᠦᠨ ᠪᠦᠬᠦᠢ ᠡᠭᠦᠳᠦᠯᠲᠡ᠎ᠶᠢᠨ ᠲᠤᠰᠬᠠᠢ ᠠᠰᠢᠭ᠋ 532 ᠲᠦᠮᠡ᠎ᠳᠦ ᠬᠦᠷᠴᠦ᠂
ᠳᠡᠯᠡᠬᠡᠢ ᠳᠡᠭᠡᠷᠡᠬᠢ ᠠᠩᠬᠠᠳᠠᠭ᠍ᠴᠢ ᠤᠯᠤᠰ᠎ᠤᠨ ᠳᠣᠲᠣᠭᠠᠳᠤ ᠶ᠋ᠢᠨ ᠬᠦᠴᠦᠨ ᠪᠦᠬᠦᠢ ᠡᠭᠦᠳᠦᠯᠲᠡ᠎ᠶᠢᠨ
ᠲᠤᠰᠬᠠᠢ ᠠᠰᠢᠭ᠋᠎ᠤᠨ ᠲᠣᠭ᠎ᠠ ᠬᠡᠮᠵᠢᠶ᠎ᠡ ᠨᠢ 500 ᠲᠦᠮᠡ᠎ᠶᠢ ᠳᠠᠪᠠᠭᠰᠠᠨ ᠤᠯᠤᠰ ᠪᠣᠯᠵᠠᠢ᠃
✦ᠤᠢᠷ᠎ᠠ ᠳ᠋ᠤ
ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ 《ᠰᠦᠯᠵᠢᠶᠡᠨ᠎ᠦ
ᠢᠳᠡᠭᠡᠨ ᠤᠮᠳᠠᠭᠠᠨ᠎ᠤ ᠦᠢᠯᠡᠴᠢᠯᠡᠭᠡᠨ ᠤ᠋ ᠡᠵᠡᠩᠨᠡᠭᠴᠢ᠎ᠶᠢᠨ ᠢᠳᠡᠭᠡᠨ᠎ᠦ ᠠᠮᠤᠷ ᠲᠦᠪᠰᠢᠨ᠎ᠦ ᠭᠤᠤᠯ
ᠴᠣᠭᠴᠠ᠎ᠶᠢᠨ ᠬᠠᠷᠢᠭᠤᠴᠠᠯᠭ᠎ᠠ᠎ᠶᠢᠨ ᠬᠢᠨᠠᠯᠲᠠ ᠬᠠᠮᠢᠶᠠᠷᠤᠯᠲᠠ᠎ᠶᠢ ᠨᠠᠢᠳᠠᠪᠤᠷᠢᠵᠢᠭᠤᠯᠬᠤ ᠲᠤᠬᠠᠢ
ᠲᠣᠭᠲᠠᠭᠠᠯ》᠎ᠢ ᠨᠡᠢᠲᠡᠯᠡᠵᠦ᠂ ᠲᠤᠰᠬᠠᠢᠯᠠᠨ ᠵᠠᠬᠢᠶᠠᠯᠠᠭ᠎ᠠ ᠵᠢᠨ
ᠦᠢᠯᠡᠴᠢᠯᠡᠭᠡᠬᠠᠨᠭᠭᠠᠳᠠᠭ᠂ ᠬᠤᠭᠤᠯᠠᠨ ᠳᠠᠩᠬᠢᠮ᠎ᠤᠨ ᠬᠤᠭᠤᠯᠠ ᠬᠠᠩᠭᠠᠬᠤ ᠦᠭᠡᠢ ᠬᠤᠳᠠᠯᠳᠤᠭᠠᠴᠢᠨ
ᠡᠷᠬᠡᠪᠰᠢ ᠰᠦᠯᠵᠢᠶᠡᠨ ᠳᠠᠪᠴᠠᠩ᠎ᠤᠨ ᠵᠢᠡᠨ ᠢᠯᠡ ᠭᠠᠵᠠᠷ
ᠲᠤ᠌《ᠬᠤᠭᠤᠯᠠᠨ ᠲᠠᠩᠬᠢᠮ᠎ᠤᠨ ᠬᠤᠭᠤᠯᠠ ᠦᠭᠡᠢ》ᠲᠡᠮᠳᠡᠭ᠎ᠢ
ᠪᠠᠢᠷᠢᠯᠠᠭᠤᠯᠬᠤ ᠬᠡᠷᠡᠭᠲᠡᠢ ᠪᠥᠭᠡᠳ ᠵᠠᠬᠢᠶᠠᠯᠠᠭ᠎ᠠ᠎ᠶᠢᠨ ᠬᠣᠭᠣᠯᠠᠨ᠎ᠤ ᠲᠠᠪᠴᠠᠩ ᠡᠴᠡ ᠲᠣᠰ ᠲᠡᠮᠳᠡᠭ᠎ᠢ
ᠨᠢ ᠬᠤᠳᠠᠯᠳᠤᠭᠠᠴᠢᠨ᠎ᠤ ᠬᠦᠰᠦᠨᠦᠭᠲᠦ᠎ᠶᠢᠨ ᠨᠢᠭᠤᠷ᠎ᠲᠤ ᠵᠡᠷᠭᠡ ᠳ᠋ᠦ᠍ᠨᠢ ᠳᠡᠯᠭᠡᠨ ᠦᠵᠡᠭᠦᠯᠬᠦ ᠬᠡᠷᠡᠭᠲᠡᠢ
ᠭᠡᠵᠦ ᠲᠣᠭᠲᠠᠭᠠᠵᠠᠢ᠃
✦ᠠᠷᠠᠳ᠎ᠤᠨ
ᠳᠡᠭᠡᠳᠦ ᠰᠢᠭᠦᠬᠦ ᠬᠣᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ 2025 ᠣᠨ᠎ᠤ ᠡᠴᠦᠰ ᠪᠣᠯᠲᠠᠯ᠎ᠠ ᠪᠥᠬᠥ
ᠤᠯᠤᠰ᠎ᠤᠨ ᠰᠢᠭᠦᠬᠦ ᠬᠣᠷᠢᠶ᠎ᠠ ᠨᠢᠭᠡᠨᠲᠡ ᠪᠢᠷᠮᠠ᠎ᠶᠢᠨ ᠤᠮᠠᠷᠠᠲᠤ ᠬᠡᠰᠡᠭ᠎ᠲᠦ ᠬᠣᠯᠪᠣᠭᠳᠠᠭᠰᠠᠨ ᠴᠠᠬᠢᠯᠭᠠᠨ
ᠬᠤᠯᠪᠤᠭ᠎ᠠ ᠰᠦᠯᠵᠢᠶᠡᠨ᠎ᠤ ᠮᠡᠬᠡᠯᠡᠯ᠎ᠦᠨ ᠶᠠᠯᠠᠲᠤ ᠬᠡᠷᠡᠭ᠎ᠢ 2.7 ᠲᠦᠮᠡ ᠭᠠᠷᠤᠢ ᠰᠢᠭᠦᠨ ᠳᠠᠭᠤᠰᠬᠠᠵᠤ᠂
4.1 ᠲᠦᠮᠡ ᠭᠠᠷᠤᠢ ᠬᠥᠮᠥᠨ᠎ᠢ ᠰᠢᠭᠦᠨ ᠰᠢᠢᠳᠬᠡᠵᠡᠶ᠃
✦ᠣᠢᠷ᠎ᠠ᠎ᠳᠤ ᠳᠤᠮᠳᠠᠳᠤ
ᠤᠯᠤᠰ᠎ᠤᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠴᠢᠩᠳᠣᠣ᠎ᠶᠢᠨ ᠠᠮᠢᠳᠤ ᠪᠣᠳᠠᠰ᠎ᠤᠨ ᠡᠨᠧᠷᠭᠢ ᠬᠢᠭᠡᠳ
ᠶᠠᠪᠤᠴᠠ ᠶ᠋ᠢᠨ ᠰᠤᠳᠤᠯᠭᠠᠨ᠎ᠤ ᠭᠠᠵᠠᠷ᠎ᠤᠨ ᠬᠢᠨ ᠨᠢᠭᠡ ᠵᠦᠢᠯ᠎ᠦᠨ ᠰᠢᠨ᠎ᠡ ᠬᠡᠯᠪᠡᠷᠢ᠎ᠶᠢᠨ ᠨᠡᠷᠡᠨ
ᠡᠨᠧᠷᠭᠢ᠎ᠶᠢᠨ ᠳ᠋ᠢᠶᠠᠨ ᡂᠢ᠎ᠶᠢᠨ ᠮᠠᠲᠧᠷᠢᠶᠠᠯ ᠳᠡᠭᠡᠷ᠎ᠡ 15%᠎ᠡᠴᠡ ᠳᠡᠭᠡᠭᠰᠢᠬᠢ ᠬᠡᠷᠡᠯᠴᠢ ᠴᠡᠨᠡᠭ᠎ᠤᠨ
ᠰᠣᠯᠢᠭ᠍ᠳᠠᠯ᠎ᠤᠨ ᠦᠷ᠎ᠡ ᠪᠦᠲᠦᠮᠵᠢ᠎ᠶᠢ ᠪᠡᠶᠡᠯᠡᠭᠦᠯᠦᠭᠰᠡᠨ ᠪᠥᠭᠡᠳ ᠣᠯᠠᠨ ᠤᠯᠤᠰ᠎ᠤᠨ ᠡᠷᠬᠡ ᠰᠦᠷᠲᠦ
ᠪᠠᠢᠭᠤᠯᠤᠮᠵᠢ᠎ᠶᠢᠨ ᠭᠡᠷᠡᠴᠢᠯᠡᠯ᠎ᠢ ᠣᠯᠵᠥ᠂ ᠬᠠᠮᠢᠶ᠎ᠠ ᠪᠦᠬᠦᠢ ᠰᠤᠳᠤᠯᠭᠠᠨ᠎ᠤ ᠦᠷ᠎ᠡ ᠪᠦᠲᠦᠭᠡᠯ᠎ᠢ ᠣᠯᠠᠨ
ᠤᠯᠤᠰ᠎ᠤᠨ ᠡᠨᠧᠷᠭᠢ ᠬᠢᠭᠡᠳ ᠮᠠᠲᠧᠷᠢᠶᠠᠯ᠎ᠤᠨ ᠬᠦᠷᠢᠶᠡᠨ᠎ᠳᠡᠬᠢ ᠡᠷᠳᠡᠮ ᠰᠢᠨᠵᠢᠯᠡᠭᠡᠨ᠎ᠦ ᠬᠤᠭᠤᠴᠠᠭᠠᠲᠤ
ᠰᠡᠳᠬᠦᠯ᠎ᠳᠤ ᠨᠡᠢᠲᠡᠯᠡᠪᠡ᠃
✦ᠠᠷᠠᠳ᠎ᠤᠨ
ᠶᠠᠪᠤᠳᠠᠯ᠎ᠤᠨ ᠶᠠᠮᠤᠨ᠎ᠤ ᠮᠡᠳᠡᠭᠡ ᠵᠢ ᠦᠨᠳᠦᠰᠦᠯᠡᠪᠡᠯ᠂ ᠰᠢᠨ᠎ᠡ᠎ᠪᠡᠷ ᠲᠣᠭᠲᠠᠭᠠᠭᠰᠠᠨ《ᠨᠠᠰᠤᠨ᠎ᠳᠤ ᠥᠯᠥ
ᠭᠦᠷᠦᠭᠰᠡᠳ᠎ᠢ ᠠᠪᠤᠷᠠᠨ ᠲᠤᠰᠠᠯᠠᠵᠤ ᠬᠠᠮᠠᠭᠠᠯᠠᠬᠤ ᠪᠠᠢᠭᠤᠯᠤᠮᠵᠢ᠎ᠶᠢᠨ ᠬᠠᠮᠢᠶᠠᠷᠤᠯᠲᠠ᠎ᠶᠢᠨ ᠲᠦᠷ
ᠬᠡᠷᠡᠭᠵᠢᠭᠦᠯᠬᠦ ᠠᠷᠭ᠎ᠠ》ᠵᠢ ᠣᠢᠷ᠎ᠠ᠎ᠳᠤ ᠨᠡᠢᠲᠡᠯᠡᠪᠡ᠂ ᠲᠣᠰ ᠠᠷᠭ᠎ᠠ ᠨᠢ ᠨᠡᠶ᠋ᠢᠲᠡ 6 ᠪᠦᠯᠦᠭ 50
ᠵᠦᠢᠯ ᠪᠠᠢᠵᠤ᠂ 2026 ᠣᠨ᠎ᠤ 4 ᠰᠠᠷ᠎ᠠ᠎ᠶᠢᠨ 1᠎ᠦ ᠡᠳᠦᠷ᠎ᠡᠴᠡ ᠡᠬᠢᠯᠡᠵᠦ ᠬᠡᠷᠡᠭᠵᠢᠭᠦᠯᠦᠨ᠎ᠡ᠃
✦2025 ᠣᠨ᠎ᠳᠤ᠂
ᠥᠪᠥᠷ ᠮᠣᠩᠭᠣᠯ᠎ᠤᠨ ᠲᠠᠷᠢᠮᠠᠯ ᠡᠪᠡᠰᠦ ᠳᠠᠷᠢᠬᠰᠠᠨ ᠲᠠᠯᠠᠪᠠᠶ 2090 ᠲᠦᠮᠡᠨ ᠮᠦ᠍᠎ᠶᠢ ᠳᠠᠪᠠᠵᠤ᠂ ᠲᠠᠷᠢᠮᠠᠯ
ᠡᠪᠡᠰᠦ᠂ ᠪᠠᠢᠭᠠᠯᠢ᠎ᠶᠢᠨ ᠡᠪᠡᠰᠦ᠂ ᠲᠡᠵᠢᠭᠡᠯ ᠪᠣᠷᠳᠣᠭᠠᠨ᠎ᠤ ᠡᠰᠢ ᠰᠦᠷᠡᠯ᠎ᠦᠨ ᠶᠡᠷᠦᠩᠬᠡᠢ ᠬᠡᠮᠵᠢᠶ᠎ᠡ
7500 ᠲᠦᠮᠡᠨ ᠲᠣᠨ᠎ᠠᠴᠠ ᠳᠡᠭᠡᠭᠰᠢ᠎ᠳᠦ ᠬᠦᠷᠴᠦ᠂ ᠰᠠᠭᠠᠯᠢ᠎ᠶᠢᠨ ᠦᠢᠯᠡᠰ᠂ ᠮᠢᠬᠠᠨ ᠤ᠋ ᠦᠬᠡᠷ᠎ᠦᠨ ᠠᠵᠤ
ᠦᠢᠯᠡᠰ ᠵᠡᠷᠭᠡ ᠮᠠᠯ ᠠᠵᠤ ᠠᠬᠤᠢ᠎ᠶᠢᠨ ᠭᠣᠣᠯᠳᠠᠯᠭ᠎ᠠ᠎ᠲᠠᠢ ᠠᠵᠤ ᠦᠢᠯᠡᠰ᠎ᠦᠨ ᠬᠡᠯᠬᠢᠶ᠎ᠡ᠎ᠶᠢᠨ 5000
ᠳ᠋ᠦᠩᠰᠢᠭᠤᠷ ᠲᠥᠭᠥᠷᠢᠭ᠎ᠦᠨ ᠦᠢᠯᠡᠳᠬᠦᠨ᠎ᠦ ᠥᠷᠲᠡᠭ᠎ᠢ ᠪᠦᠲᠦᠮᠵᠢᠲᠡᠶ ᠲᠤᠯᠭᠠᠭᠤᠷᠢᠯᠠᠭᠰᠠᠨ ᠪᠠᠢᠨ᠎ᠠ᠃
✦2025 ᠣᠨ᠎ᠳᠤ᠂
ᠪᠠᠶᠠᠠᠨᠠᠭᠤᠷ ᠬᠤᠳᠠ ᠵᠢᠨ 12345 ᠬᠠᠯᠠᠮᠰᠢᠯ ᠤᠲᠠᠰᠤᠨ ᠤ᠋ ᠲᠠᠪᠴᠠᠩ ᠨᠡᠢ᠍ᠢᠳᠡ 45.6 ᠲᠦᠮᠡᠨ ᠤᠳᠠᠭ᠎ᠠ
ᠵᠢᠨ ᠤᠲᠠᠰᠤ ᠲᠣᠰᠴᠤ᠂ ᠪᠦᠲᠦᠮᠵᠢᠲᠡᠶ ᠭᠣᠮᠣᠳᠠᠯ ᠱᠠᠭᠠᠷᠳᠠᠯᠭ᠎ᠠ᠎ᠶᠢ 30.17 ᠲᠦᠮᠡᠨ ᠬᠤᠪᠢ ᠬᠦᠯᠢᠶᠡᠨ
ᠠᠪᠴᠤ ᠰᠢᠢᠳᠪᠦᠷᠢᠯᠡᠵᠦ᠂ ᠲᠤᠬᠠᠢ᠎ᠶᠢᠨ ᠴᠠᠭ ᠲᠤᠨᠢ ᠭᠦᠢᠴᠡᠳᠬᠡᠭᠰᠡᠨ ᠨᠤᠷᠮ᠎ᠠ 100%᠂ ᠲᠤᠬᠠᠢ ᠵᠢᠨ ᠴᠠᠭ
ᠲᠤᠨᠢ ᠳᠤᠰᠢᠶᠠᠵᠥ ᠰᠢᠢᠳᠪᠦᠷᠢᠯᠡᠬᠦᠯᠦᠭᠰᠡᠨ ᠨᠤᠷᠮ᠎ᠠ 99.63%᠂ ᠰᠢᠢᠳᠪᠦᠷᠢᠯᠡᠭᠰᠡᠨ ᠨᠤᠷᠮ᠎ᠠ 95.44%᠂
ᠬᠠᠨᠤᠮᠵᠢ ᠵᠢᠨ ᠨᠤᠷᠮ᠎ᠠ 95.8% ᠳ᠋ᠤ ᠬᠦᠷᠴᠤ᠂ ᠥᠨᠳᠥᠷ ᠪᠦᠲᠦᠮᠵᠢᠲᠡᠶ ᠦᠢᠯᠡᠴᠢᠯᠡᠭᠡ᠎ᠪᠡᠷ ᠤᠯᠠᠨ
ᠲᠦᠮᠡᠨ᠎ᠦ ᠬᠦᠰᠡᠯ ᠡᠷᠡᠮᠡᠯᠵᠡᠯ᠎ᠳᠦ ᠬᠠᠷᠢᠭᠤᠯᠲᠠ ᠥᠭᠪᠡ᠃
ᠠᠵᠦ ᠠᠬᠤᠢ
✦ᠵᠠᠬ᠎ᠠ
ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ᠎ᠠᠴᠠ ᠣᠢᠯᠠᠭᠠᠭᠰᠠᠨ ᠵᠢᠡᠷ᠂ 2025
ᠣᠨ᠎ᠳᠤ ᠪᠥᠬᠥ ᠤᠯᠤᠰ᠎ᠲᠤ 2574.5 ᠲᠦᠮᠡᠨ ᠡᠵᠡᠩᠨᠡᠯᠲᠡ᠎ᠶᠢᠨ ᠭᠤᠤᠯ ᠴᠣᠭᠴᠠ ᠰᠢᠨ᠎ᠡ᠎ᠪᠡᠷ ᠨᠡᠮᠡᠭᠳᠡᠵᠦ᠂
ᠡᠭᠦᠨ᠎ᠳᠦ 950 ᠲᠦᠮᠡᠨ ᠠᠵᠤ ᠠᠬᠤᠢᠯᠠᠯ᠂ 1619.4 ᠲᠦᠮᠡᠨ ᠬᠤᠪᠢ᠎ᠶᠢᠨ ᠦᠢᠯᠡᠳᠪᠦᠷᠢ ᠬᠤᠳᠠᠯᠳᠤᠭᠠᠨ᠎ᠤ
ᠡᠷᠦᠬᠡᠪᠠᠭᠲᠠᠨᠠ᠃
✦ᠤᠯᠤᠰ ᠤᠨ
ᠺᠢᠨᠣ᠋ ᠶᠢᠨ ᠲᠣᠪᠴᠢᠶ᠎ᠠ᠎ᠶᠢᠨ ᠪᠦᠷᠢᠳᠬᠡᠯ᠎ᠢ ᠦᠨᠳᠦᠰᠦᠯᠡᠪᠡᠯ᠂ 2026 ᠣᠨ᠎ᠤ ᠴᠠᠭᠠᠨ ᠰᠠᠷ᠎ᠠ᠎ᠶᠢᠨ
ᠪᠢᠯᠧᠲ᠎ᠦᠨ ᠣᠷᠣᠯᠭ᠎ᠠ 57.52 ᠳ᠋ᠦᠩᠰᠢᠭᠤᠷ ᠲᠥᠭᠥᠷᠢᠭ᠎ᠲᠦ ᠬᠦᠷᠴᠦ᠂ ᠪᠢᠯᠧᠲ᠎ᠦᠨ ᠳᠤᠮᠳᠠᠴᠢ ᠦᠨ᠎ᠡ ᠠᠳᠠᠯᠢ ᠬᠤᠭᠤᠴᠠᠭᠠᠨ᠎ᠤ ᠬᠢ᠎ᠡᠴᠡ 6% ᠪᠠᠭᠤᠷᠠᠪᠠ᠃ ᠦᠵᠡᠭᠴᠢᠳ 1.2 ᠳ᠋ᠦᠩᠰᠢᠭᠤᠷ᠎ᠲᠤ ᠬᠦᠷᠴᠦ᠂ ᠶᠡᠷᠦᠨᠭᠬᠡᠢ ᠲᠠᠯᠠᠪᠠᠶ ᠤᠳᠠᠭ᠎ᠠ 435 ᠲᠦᠮᠡ᠎ᠳᠤ ᠬᠦᠷᠴᠦ᠂
ᠳᠤᠮᠳᠠᠳᠤ ᠤᠯᠤᠰ᠎ᠤᠨ ᠺᠢᠨᠣ᠋ ᠶ᠋ᠢᠨ ᠲᠡᠦᠬᠡ ᠶ᠋ᠢᠨ
ᠴᠠᠭᠠᠨ ᠰᠠᠷ᠎ᠠ ᠶ᠋ᠢᠨ ᠶᠡᠷᠦᠩᠬᠡᠢ ᠲᠠᠯᠠᠪᠠᠶ ᠤᠳᠠᠭ᠎ᠠ ᠶ᠋ᠢᠨ ᠲᠡᠮᠳᠡᠭᠯᠡᠯ ᠢ᠋ ᠰᠢᠨᠡᠳᠬᠡᠪᠡ᠃
✦ᠥᠪᠥᠷ
ᠮᠣᠩᠭᠣᠯ᠎ᠤᠨ ᠵᠠᠮ ᠬᠠᠷᠢᠯᠴᠠᠭᠠᠨ᠎ᠤ ᠪᠦᠯᠦᠭᠯᠡᠯ᠎ᠦᠨ ᠮᠡᠳᠡᠭᠡ᠎ᠶᠢ ᠦᠨᠳᠦᠰᠦᠯᠡᠪᠡᠯ᠂ 15᠎ᠤ ᠡᠳᠦᠷ᠎ᠦᠨ 0
ᠴᠠᠭ ᠠ᠋ᠴᠠ 23᠎ᠤ ᠡᠳᠦᠷ᠎ᠦᠨ 24 ᠴᠠᠭ ᠪᠣᠯᠲᠠᠯ᠎ᠠ᠂ ᠥᠪᠥᠷ ᠮᠣᠩᠭᠣᠯ ᠨᠡᠶ᠋ᠢᠲᠡ 7 ᠰᠠᠭᠤᠳᠠᠯ ᠠ᠋ᠴᠠ
ᠳᠣᠷᠣᠭ᠍ᠰᠢᠬᠢ ᠵᠢᠵᠢᠭ ᠰᠠᠭᠤᠳᠠᠯ᠎ᠤᠨ ᠮᠠᠰᠢᠨ ᠲᠡᠷᠭᠡᠨ᠎ᠦ ᠵᠠᠮ᠎ᠤᠨ ᠰᠦᠢᠳᠬᠡᠯ᠎ᠢ ᠪᠠᠷᠤᠭ 2.09
ᠳ᠋ᠦᠩᠰᠢᠭᠤᠷ ᠲᠥᠭᠥᠷᠢᠭ ᠬᠠᠰᠤᠵᠤ ᠬᠡᠯᠲᠦᠷᠢᠭᠦᠯᠦᠨ᠂ 512.49 ᠲᠦᠮᠡᠨ ᠲᠡᠷᠭᠡ ᠤᠳᠠᠭ᠎ᠠ᠎ᠳᠦ ᠠᠰᠢᠭ᠋
ᠬᠦᠷᠲᠡᠭᠡᠪᠡ᠃
✦ᠴᠠᠭᠠᠨ
ᠰᠠᠷ᠎ᠠ᠎ᠶᠢᠨ ᠠᠮᠠᠷᠠᠯᠲᠠ᠎ᠶᠢᠨ ᠬᠤᠭᠤᠴᠠᠭᠠᠨ᠎ᠳᠤ᠂ ᠣᠷᠳᠣᠰ ᠬᠣᠲᠠ᠎ᠶᠢᠨ ᠬᠡᠷᠡᠭᠯᠡᠭᠡᠨ᠎ᠦ ᠵᠠᠬ᠎ᠠ ᠳᠡᠯᠭᠡᠭᠦᠷ
ᠬᠥᠭᠵᠢᠶᠡᠨᠲᠡᠢ ᠪᠠᠢᠵᠤ᠂ ᠬᠤᠳᠠᠯᠳᠤᠭᠠᠨ᠎ᠤ ᠶᠠᠪᠤᠳᠠᠯ᠎ᠤᠨ ᠰᠢᠰᠲᠧᠮ᠎ᠦᠨ ᠬᠢᠨᠠᠨ ᠬᠡᠮᠵᠢᠭᠰᠡᠨ ᠲᠣᠭ᠎ᠠ
ᠪᠠᠷᠢᠮᠲᠠ᠎ᠠᠴᠠ ᠦᠵᠡᠪᠡᠯ᠂ ᠪᠦᠬᠦ ᠬᠤᠲᠠ᠎ᠶᠢᠨ 65 ᠭᠣᠣᠯᠳᠠᠯᠭ᠎ᠠ᠎ᠲᠠᠢ ᠵᠢᠵᠢᠭᠯᠡᠨ ᠬᠤᠳᠠᠯᠳᠤᠬᠤ ᠪᠠ
ᠢᠳᠡᠭᠡᠨ ᠤᠮᠳᠠᠭᠠᠨ᠎ᠤ ᠦᠯᠢᠭᠡᠷ ᠡᠳ᠋᠎ᠦᠨ ᠠᠵᠤ ᠠᠬᠤᠢᠯᠠᠯ ᠤ᠋ᠨ ᠪᠣᠷᠤᠯᠠᠭᠤᠯᠭ᠎ᠠ ᠵᠢᠨ ᠬᠡᠮᠵᠢᠶ᠎ᠡ 3.6
ᠳ᠋ᠦᠩᠰᠢᠭᠤᠷ ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 8.3%᠎ᠪᠠᠷ ᠨᠡᠮᠡᠭᠳᠡᠪᠡ᠃
ᠰᠤᠶᠤᠯ
✦ᠴᠠᠭᠠᠨ ᠰᠠᠷ᠎ᠠ᠎ᠶᠢᠨ
ᠠᠮᠠᠷᠠᠯᠲᠠ᠎ᠶᠢᠨ ᠬᠤᠭᠤᠴᠠᠭᠠᠨ᠎ᠳᠤ᠂ ᠥᠪᠥᠷ ᠮᠣᠩᠭᠣᠯ᠎ᠤᠨ ᠮᠦᠽᠧᠢ ᠬᠥᠮᠥᠰ᠎ᠦᠨ ᠪᠠᠬᠠᠷᠬᠠᠯ᠎ᠢ ᠲᠠᠲᠠᠵᠤ᠂ 2 ᠰᠠᠷ᠎ᠠ᠎ᠶᠢᠨ
17᠎ᠡᠴᠡ 2 ᠰᠠᠷ᠎ᠠ᠎ᠶᠢᠨ 23 ᠤ ᠡᠳᠦᠷ ᠪᠣᠯᠲᠠᠯ᠎ᠠ ᠨᠡᠢ᠍ᠢᠲᠡ 10 ᠲᠦᠮᠡ ᠭᠠᠷᠤᠢ ᠬᠥᠮᠥᠨ ᠤᠳᠠᠭ᠎ᠠ ᠵᠢ ᠬᠦᠯᠢᠶᠡᠨ
ᠠᠪᠴᠤ᠂ ᠨᠡᠢᠭᠡᠮ᠎ᠦᠨ ᠰᠤᠷᠭᠠᠨ ᠬᠥᠮᠦᠵᠢᠯ᠎ᠦᠨ ᠠᠵᠢᠯᠯᠠᠭ᠎ᠠ᠎ᠶᠢ 106 ᠤᠳᠠᠭ᠎ᠠ ᠥᠷᠨᠢᠭᠦᠯᠪᠠ᠃
ᠲᠠᠮᠢᠷ
✦ᠤᠢᠷ᠎ᠠ ᠳ᠋ᠤ
2026 ᠣᠨ᠎ᠤ ᠥᠪᠥᠷ ᠮᠣᠩᠭᠣᠯ᠎ᠤᠨ ᠬᠥᠯ ᠪᠥᠮᠪᠥᠭᠡ ᠶ᠋ᠢᠨ ᠬᠡᠳᠦ ᠲᠠᠰ᠎ᠤᠨ ᠬᠣᠯᠪᠣᠭᠠᠲᠤ ᠤᠷᠤᠯᠳᠤᠭᠠᠨ᠎ᠤ
ᠬᠢᠩᠭᠠᠨ ᠠᠢᠮᠠᠭ᠎ᠤᠨ ᠲᠥᠯᠥᠭᠡᠯᠡᠭᠴᠢᠳ᠎ᠦᠨ ᠠᠩᠭᠢ᠎ᠶᠢᠨ ᠲᠠᠮᠢᠷᠴᠢᠳ᠎ᠢ ᠰᠢᠯᠭᠠᠷᠠᠭᠤᠯᠬᠤ ᠠᠵᠢᠯᠯᠠᠭ᠎ᠠ
ᠤᠯᠠᠭᠠᠨᠬᠣᠲᠠ᠎ᠶᠢᠨ ᠪᠡᠶ᠎ᠡ᠎ᠶᠢᠨ ᠲᠠᠮᠢᠷ᠎ᠤᠨ ᠲᠠᠯᠠᠪᠠᠶ᠎ᠳᠤ ᠡᠬᠢᠯᠡᠵᠦ᠂ ᠪᠥᠬᠥ ᠠᠢᠮᠠᠭ᠎ᠤᠨ ᠡᠯ᠎ᠡ ᠬᠣᠰᠢᠭᠤ
ᠰᠢᠶᠠᠨ ᠬᠣᠲᠠ᠎ᠶᠢᠨ 80 ᠭᠠᠷᠤᠢ ᠬᠥᠯ ᠪᠥᠮᠪᠥᠭᠡ ᠶ᠋ᠢᠨ ᠲᠠᠮᠢᠷᠴᠢᠨ ᠤᠷᠤᠯᠴᠠᠵᠠᠢ᠃
ᠲᠡᠯᠡᠬᠡᠢ
✦ᠢᠰᠫᠠᠨᠢ᠎ᠶᠢᠨ
ᠬᠡᠷᠡᠭᠯᠡᠭᠴᠢᠳ᠎ᠦᠨ ᠶᠠᠪᠤᠳᠠᠯ᠎ᠤᠨ ᠰᠠᠢᠳ 25 ᠤ ᠡᠳᠦᠷ ᠢᠯᠡᠷᠬᠡᠢᠯᠡᠬᠦ ᠳ᠋ᠡᠭᠡᠨ᠂ ᠢᠰᠫᠠᠨᠢ ᠵᠢᠨ
ᠵᠠᠰᠠᠭ᠎ᠤᠨ ᠣᠷᠳᠣᠨ᠎ᠠᠴᠠ ᠰᠢᠨ᠎ᠡ ᠲᠣᠭᠲᠠᠭᠠᠯ ᠭᠠᠷᠭᠠᠵᠤ᠂ ᠨᠠᠰᠤᠨ᠎ᠳᠤ ᠦᠯᠦ ᠬᠦᠷᠦᠭᠰᠡᠳ᠎ᠲᠦ ᠦᠢᠯᠡᠳᠦᠯᠳᠤ
ᠤᠮᠳᠠᠭᠠᠨ ᠬᠤᠳᠠᠯᠳᠤᠨ ᠥᠭᠬᠦ᠎ᠶᠢ ᠬᠢᠵᠠᠭᠠᠷᠯᠠᠵᠤ᠂ ᠨᠠᠰᠤᠨ᠎ᠳᠤ ᠦᠯᠦ ᠬᠦᠷᠦᠭᠰᠡᠳ᠎ᠦᠨ ᠡᠷᠡᠭᠦᠯ ᠮᠡᠨᠳᠦ᠎ᠶᠢᠨ
ᠬᠠᠮᠠᠭᠠᠯᠠᠯᠲᠠ᠎ᠶᠢ ᠴᠢᠩᠭᠠᠳᠬᠠᠵᠤ᠂ ᠡᠷᠡᠭᠦᠯ ᠪᠤᠰᠤ ᠢᠳᠡᠭᠡᠨ ᠤᠮᠳᠠᠭᠠᠨ᠎ᠤ ᠵᠠᠯᠠᠭᠤᠴᠤᠳ ᠪᠠᠭᠠᠴᠤᠳ᠎ᠲᠤ
ᠦᠵᠡᠭᠦᠯᠬᠦ ᠨᠥᠯᠥᠭᠡ᠎ᠶᠢ ᠬᠣᠷᠢᠭ᠍ᠯᠠᠬᠤ᠎ᠪᠠᠷ ᠲᠥᠯᠥᠪᠯᠡᠵᠦ ᠪᠠᠢᠨ᠎ᠠ ᠭᠡᠵᠡᠢ᠃
ᠦᠢᠯᠡᠴᠢᠯᠡᠭᠡ
✦ᠥᠪᠥᠷ ᠮᠣᠩᠭᠣᠯ᠎ᠤᠨ
ᠠᠭᠠᠷ᠎ᠤᠨ ᠠᠶᠠᠯᠠᠯ᠎ᠤᠨ ᠠᠵᠢᠯ ᠮᠡᠷᠭᠡᠵᠢᠯ᠎ᠦᠨ ᠰᠤᠷᠭᠠᠭᠤᠯᠢ ᠪᠠᠭ᠍ᠰᠢ ᠡᠯᠰᠡᠵᠦ ᠪᠤᠢ᠃ ᠨᠠᠷᠢᠨ
ᠠᠭᠤᠯᠭ᠎ᠠ ᠶᠢ 《ᠤᠤᠯ ᠵᠤᠬᠢᠶᠠᠯ᠎ᠢ ᠦᠵᠡᠬᠦ》(阅读原文)ᠦᠰᠦᠭ᠎ᠢ
ᠳᠤᠪᠴᠢᠳᠠᠵᠤ ᠦᠵᠡᠭᠡᠷᠡᠢ!
✦ᠥᠪᠥᠷ
ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2026 ᠣᠨ᠎ᠤ ᠪᠥᠬᠥ ᠤᠯᠤᠰ᠎ᠤᠨ ᠠᠰᠫᠢᠷᠠᠨᠲ ᠡᠯᠰᠡᠬᠦ
ᠰᠢᠯᠭᠠᠯᠲᠠ᠎ᠶᠢᠨ ᠠᠩᠬᠠᠨ᠎ᠤ ᠰᠢᠯᠭᠠᠯᠲᠠ᠎ᠶᠢᠨ ᠬᠢᠷᠢ ᠪᠦᠲᠦᠮᠵᠢ᠎ᠶᠢ ᠡᠨᠡ ᠡᠳᠦᠷ᠎ᠦᠨ 9 ᠴᠠᠭ ᠡᠴᠡ ᠥᠪᠥᠷ
ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠯ᠎ᠡ ᠰᠣᠷᠣᠭ᠍ᠴᠢ ᠡᠯᠰᠡᠬᠦ ᠨᠢᠭᠡᠴᠢᠵᠠᠯᠭᠠᠭᠠ ᠪᠡᠷ
ᠨᠡᠢᠲᠡᠯᠡᠨ᠎ᠡ᠃
✦ᠬᠥᠬᠡᠬᠣᠲᠠ᠎ᠶᠢᠨ
ᠶᠡᠬᠡ ᠰᠤᠷᠭᠠᠭᠤᠯᠢ᠎ᠶᠢᠨ ᠬᠣᠲᠠ᠎ᠶᠢᠨ ᠡᠯ᠎ᠡ ᠶᠡᠬᠡ ᠳᠡᠭᠡᠳᠦ ᠰᠤᠷᠭᠠᠭᠤᠯᠢ᠎ᠶᠢᠨ 20 ᠲᠦᠮᠡᠨ ᠣᠶᠤᠲᠠᠨ᠎ᠤ
ᠰᠤᠷᠭᠠᠭᠤᠯᠢ᠎ᠳᠠᠭᠠᠨ ᠪᠤᠴᠠᠬᠤ᠎ᠳᠤ ᠲᠥᠬᠥᠮ ᠦᠵᠡᠭᠦᠯᠬᠦ᠎ᠶᠢᠨ ᠲᠥᠯᠥᠭᠡ᠂ 2 ᠰᠠᠷ᠎ᠠ ᠵᠢᠨ 27᠎ᠤ ᠡᠳᠦᠷ᠎ᠡᠴᠡ 3 ᠰᠠᠷ᠎ᠠ᠎ᠶᠢᠨ 2᠎ᠤᠨ ᠡᠳᠦᠷ ᠵᠢᠴᠢ 3 ᠰᠠᠷ᠎ᠠ᠎ᠶᠢᠨ 5᠎ᠤ ᠡᠳᠦᠷ᠂ ᠬᠥᠬᠡᠬᠣᠲᠠ᠎ᠶᠢᠨ
ᠨᠡᠶ᠋ᠢᠲᠡ᠎ᠶᠢᠨ ᠮᠠᠰᠢᠨ ᠲᠡᠷᠭᠡᠨ᠎ᠦ ᠺᠣᠮᠫᠠᠨᠢ ᠬᠥᠬᠡᠬᠣᠲᠠ ᠵᠡᠭᠦᠨ ᠥᠷᠲᠡᠭᠡ᠎ᠶᠢᠨ ᠭᠠᠵᠠᠷ ᠳᠣᠣᠷᠠᠬᠢ
ᠥᠷᠲᠡᠭᠡ(ᠡᠮᠦᠨ᠎ᠡ ᠲᠠᠯᠠᠪᠠᠶ)᠎ᠡᠴᠡ ᠶᠡᠬᠡ ᠰᠤᠷᠭᠠᠭᠤᠯᠢ᠎ᠶᠢᠨ ᠬᠣᠲᠠ᠎ᠶᠢᠨ
ᠠᠷᠠᠯᠵᠢᠶ᠎ᠠ ᠬᠤᠳᠠᠯᠳᠤᠭᠠᠨ᠎ᠤ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ ᠰᠢᠨ᠎ᠡ
ᠰᠤᠷᠭᠠᠭᠤᠯᠢ᠎ᠶᠢᠨ ᠲᠣᠭᠣᠷᠢᠭ᠋ ᠬᠦᠷᠬᠦ ᠲᠦᠷ ᠴᠠᠭ᠎ᠤᠨ ᠨᠡᠶ᠋ᠢᠲᠡ᠎ᠶᠢᠨ ᠮᠠᠰᠢᠨ ᠲᠡᠷᠭᠡᠨ᠎ᠦ ᠲᠤᠰᠬᠠᠢ
ᠱᠤᠭᠤᠮ᠎ᠢ 2 ᠵᠤᠷᠪᠤᠰ ᠨᠠᠪᠲᠠᠷᠡᠭᠦᠯᠵᠦ᠂ ᠰᠤᠷᠭᠠᠭᠤᠯᠢ᠎ᠳᠤ ᠰᠢᠭᠤᠳ ᠬᠦᠷᠭᠡᠬᠦ ᠦᠢᠯᠡᠴᠢᠯᠡᠭᠡ ᠬᠠᠩᠭᠠᠨ᠎ᠠ᠃
ᠲᠠᠨ᠎ᠤ ᠲᠤᠰᠠ᠎ᠳᠤ
✦ᠬᠡᠦᠬᠡᠳ᠎ᠤᠨ
ᠨᠢᠳᠤ ᠵᠢ ᠬᠠᠮᠠᠭᠠᠯᠠᠬᠤ ᠳ᠋ᠤ ᠠᠨᠭᠬᠠᠷᠬᠤ ᠵᠦᠢᠯ᠄
ᠭᠡᠷ᠎ᠦᠨ ᠭᠠᠳᠠᠨᠠᠬᠢ ᠬᠥᠳᠡᠯᠭᠡᠭᠡᠨ᠎ᠢ ᠭᠦᠢᠴᠡᠳ
ᠪᠠᠲᠤᠯᠠᠬᠤ ᠬᠡᠷᠡᠭᠳᠡᠢ᠃ ᠡᠯᠧᠺᠲᠷᠣᠨ ᠳᠡᠯᠭᠡᠴᠡ ᠵᠢ 20 ᠮᠢᠨᠦ᠋ᠲ ᠦᠵᠡᠭᠰᠡᠨ᠎ᠦ ᠲᠡᠷᠡᠭ᠎ᠠ 6 ᠮᠸᠲ᠋ᠷ᠎ᠦᠨ
ᠭᠠᠳᠠᠨᠠᠬᠢ ᠶᠠᠭᠤᠮ᠎ᠠ᠎ᠶᠢ ᠪᠠᠷᠠᠯᠠᠬᠤ᠎ᠶᠢᠨ ᠬᠠᠮᠲᠤ 20 ᠰᠧᠺᠦ᠋ᠨ᠋ᠳ᠋᠎ᠡᠴᠡ ᠳᠡᠭᠡᠭᠰᠢ ᠪᠠᠢᠬᠤ᠎ᠶᠢ
ᠪᠠᠲᠤᠯᠠᠨ᠎ᠠ᠃ ᠤᠩᠰᠢᠵᠤ ᠪᠢᠴᠢᠬᠦ ᠳᠠᠳᠬᠠᠯ᠎ᠢᠶᠠᠨ ᠳᠦᠷᠢᠮᠵᠢᠭᠦᠯᠵᠦ᠂《ᠨᠢᠭᠡ ᠨᠢᠳᠤᠷᠭ᠎ᠠ᠂ ᠨᠢᠭᠡ ᠲᠣᠬᠣᠢ᠂ ᠨᠢᠭᠡ
ᠢᠮᠠᠬᠤ》 ᠤᠩᠰᠢᠵᠤ ᠪᠢᠴᠢᠬᠦ ᠬᠡᠯᠪᠡᠷᠢ᠎ᠵᠢ ᠪᠠᠷᠢᠮᠲᠠᠯᠠᠬᠤ ᠬᠡᠷᠡᠭᠲᠡᠢ᠃ ᠤᠷᠲᠤ ᠬᠤᠭᠤᠴᠠᠭ᠎ᠠ᠎ᠪᠠᠷ ᠨᠢᠳᠦ᠎ᠪᠡᠨ
ᠦᠷᠭᠦᠯᠵᠢᠯᠡᠨ ᠬᠡᠷᠡᠭᠯᠡᠬᠦ᠎ᠡᠴᠡ ᠵᠠᠢᠯᠠᠰᠬᠢᠵᠦ᠂ ᠭᠡᠷᠡᠯ ᠭᠦᠢᠴᠡᠳ ᠪᠥᠭᠡᠳ ᠵᠢᠭᠳᠡ᠂ ᠭᠢᠯᠪᠠᠯᠵᠠᠬᠤ ᠦᠭᠡᠢ
ᠣᠷᠴᠢᠨ᠎ᠳᠤ ᠰᠤᠷᠤᠯᠴᠠᠨ᠎ᠠ᠃ ᠢᠳᠡᠭᠡᠨ ᠤᠮᠳᠠᠭᠠᠨ᠎ᠢᠶᠠᠨ ᠵᠣᠬᠢᠰᠲᠠᠢ ᠲᠣᠬᠢᠷᠠᠭᠤᠯᠵᠦ᠂ ᠸᠢᠲ᠋ᠠᠮᠢᠨ ᠡᠯᠪᠡᠭ
ᠠᠭᠤᠯᠤᠭᠰᠠᠨ ᠢᠳᠡᠭᠡᠨ᠎ᠢ ᠢᠯᠡᠭᠦᠦ ᠢᠳᠡᠵᠦ᠂ ᠲᠣᠭᠲᠠᠭᠰᠠᠨ ᠬᠤᠭᠤᠴᠠᠭ᠎ᠠ᠎ᠲᠠᠢ᠎ᠪᠠᠷ ᠬᠠᠷᠠᠭ᠎ᠠ ᠪᠡᠨ
ᠪᠠᠢᠴᠠᠭᠠᠬᠤ ᠬᠡᠷᠡᠭᠳᠡᠢ᠃
ᠵᠠᠯᠭᠠᠭᠠᠳ 《ᠠᠮᠤᠷ ᠮᠡᠨᠳᠦ ᠵᠢᠨ
ᠠᠶᠠᠯᠭᠤ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ
ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠤ ᠪᠠᠶᠠᠷᠯᠠᠯ᠎ᠠ᠂
ᠪᠠᠶᠠᠷᠳᠠᠢ!
(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ
ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ
ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ
ᠬᠤᠳᠠ᠂ ᠬᠤᠰᠢᠭᠤ ᠰᠢᠶᠠᠨ᠎ᠤ ᠵᠢᠷᠬᠢᠶ᠎ᠠ᠎ᠶᠢᠨ ᠲᠠᠪᠴᠠᠩ)