



ᠬᠣᠶᠠᠷ ᠬᠤᠷᠠᠯ᠎ᠤᠨ ᠲᠤᠰᠭᠠᠢ ᠮᠡᠳᠡᠭᠡᠯᠡᠯ
✦ ᠳᠤᠮᠳᠠᠳᠤ ᠤᠯᠤᠰ᠎ᠤᠨ ᠠᠷᠠᠳ᠎ᠤᠨ ᠤᠯᠤᠰ ᠲᠥᠷᠥ᠎ᠶᠢᠨ
ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ
ᠬᠣᠷᠢᠶ᠎ᠠ᠎ᠶᠢᠨ ᠳᠥᠷᠪᠡᠳᠦᠭᠡᠷ ᠬᠤᠷᠠᠯ ᠡᠨᠡ ᠡᠳᠦᠷ ᠡᠴᠡ 7᠎ᠤ ᠡᠳᠦᠷ ᠪᠤᠯᠳᠠᠯ᠎ᠠ
ᠬᠦᠬᠡᠬᠤᠳᠠ᠎ᠳᠤ ᠶᠠᠪᠤᠬᠳᠠᠨ᠎ᠠ᠃

ᠨᠡᠢᠭᠡᠮ
✦ 2 ᠰᠠᠷ᠎ᠠ᠎ᠶᠢᠨ 2᠎ᠤᠨ ᠡᠳᠦᠷ᠎ᠡᠴᠡ 3 ᠰᠠᠷ᠎ᠠ᠎ᠶᠢᠨ 3᠎ᠤ ᠡᠳᠦᠷ
ᠪᠣᠯᠲᠠᠯ᠎ᠠ᠂ ᠪᠦᠬᠦ ᠤᠯᠤᠰ᠎ᠤᠨ ᠰᠣᠨᠢᠨ ᠮᠡᠳᠡᠭᠡᠨ᠎ᠦ ᠬᠢᠨ 《ᠬᠥᠳᠡᠭᠡ ᠨᠤᠲᠤᠭ᠎ᠤᠨ ᠴᠠᠭᠠᠨ ᠰᠠᠷ᠎ᠠ》 ᠭᠣᠣᠯ ᠰᠡᠳᠦᠪᠲᠦ
ᠰᠣᠷᠪᠤᠯᠵᠢᠯᠠᠭ᠎ᠠ᠎ᠶᠢᠨ ᠠᠵᠢᠯᠯᠠᠭ᠎ᠠ ᠥᠷᠨᠢᠭᠦᠯᠵᠤ᠂ ᠴᠠᠭ ᠦᠶ᠎ᠡ᠎ᠶᠢᠨ ᠬᠦᠴᠦᠲᠦ ᠳᠠᠭᠤᠨ᠎ᠢ
ᠬᠠᠩᠭᠢᠨᠠᠭᠤᠯᠤᠨ᠂ ᠡᠷᠡᠯᠬᠡᠭᠯᠡᠨ ᠤᠷᠤᠭᠰᠢᠯᠠᠬᠤ ᠬᠦᠴᠦᠨ ᠴᠢᠳᠠᠯ᠎ᠢ ᠬᠥᠭᠵᠢᠭᠡᠨ᠎ᠡ᠃
✦ 2 ᠰᠠᠷ᠎ᠠ ᠵᠢᠨ 2᠎ᠤᠨ ᠡᠳᠤᠷ᠎ᠤᠨ 0 ᠴᠠᠭ᠎ᠠᠴᠠ ᠡᠬᠢᠯᠡᠨ 2026 ᠣᠨ᠎ᠤ ᠴᠠᠭᠠᠨ ᠰᠠᠷ᠎ᠠ᠎ᠶᠢᠨ ᠵᠥᠭᠡᠭᠡᠪᠦᠷᠢ ᠡᠬᠢᠯᠡᠪᠡ᠃ ᠢᠷᠡᠬᠦ 40 ᠡᠳᠦᠷ᠎ᠲᠦ᠂ ᠪᠦᠬᠦ ᠨᠡᠢᠭᠡᠮ᠎ᠦᠨ ᠣᠷᠣᠨ ᠪᠦᠰᠡ ᠠᠯᠤᠰᠯᠠᠬᠤ ᠬᠥᠮᠥᠨ ᠬᠠᠷ᠎ᠠ᠎ᠶᠢᠨ ᠲᠣᠭ᠎ᠠ ᠵᠢᠱ᠌ᠢᠯᠲᠡ᠎ᠪᠡᠷ 95 ᠳ᠋ᠦᠩᠰᠢᠭᠤᠷ ᠬᠥᠮᠥᠨ
ᠤᠳᠠᠭ᠎ᠠ᠎ᠳᠤ ᠬᠦᠷᠴᠦ᠂ ᠲᠡᠦᠬᠡ᠎ᠶᠢᠨ ᠰᠢᠨ᠎ᠡ ᠲᠡᠮᠳᠡᠭᠯᠡᠯ᠎ᠢ ᠡᠭᠦᠳᠬᠦ ᠪᠣᠯᠣᠨ᠎ᠠ᠃

✦ 2016 ᠣᠨ᠎ᠳᠤ ᠥᠪᠥᠷ ᠮᠣᠩᠭᠣᠯ᠎ᠤᠨ ᠣᠨᠴᠠ ᠥᠨᠳᠥᠷ ᠬᠦᠴᠦᠳᠡᠯᠲᠦ ᠴᠠᠬᠢᠯᠭᠠᠨ ᠲᠣᠣᠷ᠎ᠤᠨ ᠠᠩᠬᠠᠳᠠᠭ᠍ᠴᠢ
ᠴᠠᠬᠢᠯᠭᠠᠨ ᠬᠦᠷᠭᠡᠬᠦ ᠱᠤᠭᠤᠮ ᠠᠰᠢᠭ᠍ᠯᠠᠯᠲᠠ᠎ᠳᠤ ᠣᠷᠣᠭᠰᠠᠨ᠎ᠠᠴᠠ ᠨᠠᠭᠠᠰᠢ᠂ ᠪᠥᠬᠥ ᠣᠷᠣᠨ᠎ᠤ ᠣᠨᠴᠠ ᠥᠨᠳᠥᠷ
ᠬᠦᠴᠦᠳᠡᠯᠲᠦ ᠴᠠᠬᠢᠯᠭᠠᠨ ᠲᠣᠣᠷ᠎ᠤᠨ ᠭᠠᠳᠠᠭ᠍ᠰᠢ ᠬᠦᠷᠭᠡᠭᠰᠡᠨ ᠴᠠᠬᠢᠯᠭᠠᠨ᠎ᠤ ᠬᠡᠮᠵᠢᠶ᠎ᠡ 8 ᠵᠢᠯ ᠳᠠᠷᠠᠭᠠᠯᠠᠨ ᠨᠡᠮᠡᠭᠳᠡᠯ᠎ᠦᠨ ᠪᠠᠢᠳᠠᠯ᠎ᠢᠶᠠᠨ ᠪᠠᠲᠤᠯᠠᠵᠤ᠂ 2025 ᠣᠨ᠎ᠳᠤ ᠪᠥᠬᠥ ᠣᠷᠣᠨ᠎ᠤ ᠣᠨᠴᠠ ᠥᠨᠳᠥᠷ ᠬᠦᠴᠦᠳᠡᠯᠲᠦ ᠴᠠᠬᠢᠯᠭᠠᠨ ᠲᠣᠣᠷ᠎ᠤᠨ ᠭᠠᠳᠠᠭ᠍ᠰᠢ ᠬᠦᠷᠭᠡᠭᠰᠡᠨ
ᠴᠠᠬᠢᠯᠭᠠᠨ᠎ᠤ ᠬᠡᠮᠵᠢᠶ᠎ᠡ 1885 ᠳ᠋ᠦᠩᠰᠢᠭᠤᠷ ᠺᠢᠯᠦᠸᠠᠲ ᠴᠠᠭ᠎ᠢ ᠳᠠᠪᠠᠵᠤ᠂ 2025 ᠣᠨ᠎ᠤ ᠡᠴᠦᠰ ᠪᠣᠯᠬᠤ᠎ᠳᠤ ᠥᠪᠥᠷ ᠮᠣᠩᠭᠣᠯ᠎ᠤᠨ ᠣᠨᠴᠠ ᠥᠨᠳᠥᠷ ᠬᠦᠴᠦᠳᠡᠯᠲᠦ ᠴᠠᠬᠢᠯᠭᠠᠨ ᠲᠣᠣᠷ᠎ᠤᠨ
ᠭᠠᠳᠠᠭ᠍ᠰᠢ ᠬᠦᠷᠭᠡᠭᠰᠡᠨ ᠴᠠᠬᠢᠯᠭᠠᠨ᠎ᠤ ᠬᠡᠮᠵᠢᠶ᠎ᠡ ᠨᠡᠢᠲᠡ 8363 ᠳ᠋ᠦᠩᠰᠢᠭᠤᠷ
ᠺᠢᠯᠦᠸᠠᠲ ᠴᠠᠭ᠎ᠲᠤ ᠬᠦᠷᠴᠦ᠂ ᠬᠣᠶᠠᠷ ᠵᠦᠢᠯ᠎ᠦᠨ ᠭᠦᠢᠴᠡᠳᠬᠡᠯ ᠲᠣᠭ᠎ᠠ ᠴᠥᠮ ᠪᠦᠬᠦ ᠤᠯᠤᠰ᠎ᠤᠨ
ᠨᠢᠭᠡᠳᠦᠭᠡᠷ᠎ᠲᠦ ᠤᠷᠤᠪᠠ᠃
✦ ᠡᠨᠡ ᠵᠢᠯ᠎ᠦᠨ ᠴᠠᠭᠠᠨ ᠰᠠᠷ᠎ᠠ᠎ᠶᠢᠨ ᠬᠤᠭᠤᠴᠠᠭᠠᠨ᠎ᠳᠤ ᠬᠥᠬᠡᠬᠣᠲᠠ ᠵᠢᠨ ᠴᠠᠭᠠᠨ ᠰᠤᠪᠤᠷᠭ᠎ᠠ
ᠨᠢᠰᠬᠡᠯ᠎ᠦᠨ ᠪᠠᠭᠤᠳᠠᠯ᠎ᠦᠨ ᠬᠢᠨ ᠬᠥᠬᠡᠬᠣᠲᠠ ᠡᠴᠡ ᠴᠠᠩᠱᠠ᠂ ᠵᠦᠬᠠᠢ᠂ ᠭᠤᠸᠠᠩᠵᠧᠦ᠂ ᠵᠢᠨᠠᠨ᠂ ᠴᠧᠩᠳᠦ᠋᠂
ᠬᠠᠩᠵᠧᠦ᠂ ᠰᠢᠶᠠᠩᠭᠠᠩ᠂ ᠲᠢᠶᠠᠨᠵᠢᠨ᠂ ᠴᠦᠩᠴᠢᠩ ᠵᠡᠷᠭᠡ ᠭᠠᠵᠠᠷ ᠣᠷᠣᠨ᠎ᠳᠤ ᠰᠢᠭᠤᠳ ᠬᠦᠷᠬᠦ ᠠᠭᠠᠷ᠎ᠤᠨ
ᠠᠶᠠᠯᠠᠯ᠎ᠤᠨ ᠱᠤᠭᠤᠮ᠎ᠢ ᠰᠢᠨ᠎ᠡ᠎ᠪᠠᠷ ᠨᠡᠮᠡᠵᠦ ᠨᠡᠪᠲᠡᠷᠡᠭᠦᠯᠦᠨ᠂ ᠠᠶᠠᠨᠴᠢᠳ᠎ᠤᠨ ᠴᠠᠭᠠᠨ ᠰᠠᠷ᠎ᠠ ᠵᠢᠨ
ᠠᠮᠠᠷᠠᠯᠲᠠ᠎ᠶᠢᠨ ᠬᠤᠭᠤᠴᠠᠭᠠᠨ᠎ᠳᠤ ᠶᠠᠪᠤᠵᠤ ᠰᠠᠭᠤᠬᠤ ᠪᠤᠶᠤ ᠠᠢᠯᠴᠢᠯᠠᠵᠤ ᠵᠢᠭᠤᠯᠴᠢᠯᠠᠬᠤ᠎ᠳᠤ ᠳᠥᠭᠥᠮ
ᠦᠵᠡᠭᠦᠯᠬᠦ᠎ᠪᠠᠷ ᠪᠠᠢᠨ᠎ᠠ᠃

✦ ᠰᠢᠯᠢ᠎ᠶᠢᠨ ᠭᠣᠣᠯ᠎ᠤᠨ ᠭᠠᠯ ᠰᠡᠷᠭᠡᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠪᠡᠯᠡᠳᠬᠡᠯ
ᠰᠠᠯᠪᠤᠷᠢ ᠠᠩᠭᠢ᠎ᠶᠢᠨ ᠫᠠᠢᠰᠠ ᠡᠯᠭᠦᠬᠦ ᠶᠣᠰᠣᠯᠠᠯ ᠲᠦᠷᠦᠬᠦᠬᠡᠨ ᠰᠢᠯᠢᠩᠬᠣᠲᠠ᠎ᠳᠤ ᠶᠠᠪᠤᠭᠳᠠᠪᠠ᠃

✦ ᠣᠢᠷ᠎ᠠ᠎ᠳᠦ ᠣᠲᠤᠭ ᠬᠣᠰᠢᠭᠤᠨ᠎ᠤ 2 ᠠᠵᠤ ᠠᠬᠤᠢᠯᠠᠯ 《ᠥᠪᠥᠷ ᠮᠣᠩᠭᠣᠯ ᠨᠡᠷᠡᠮᠵᠢᠲᠤ》 ᠲᠥᠷᠥᠯ ᠲᠡᠮᠳᠡᠭ᠎ᠦᠨ ᠭᠡᠷᠡᠴᠢᠯᠡᠯ᠎ᠦᠨ ᠦᠨᠡᠮᠯᠡᠯ᠎ᠢ
ᠣᠯᠵᠤ᠂ ᠣᠳᠣᠬᠠᠨ ᠪᠣᠯᠲᠠᠯ᠎ᠠ ᠤᠲᠤᠭ ᠬᠣᠰᠢᠭᠤᠨ᠎ᠤ 7 ᠠᠵᠤ ᠠᠬᠤᠢᠯᠠᠯ ᠡᠨᠡᠬᠦ ᠦᠨᠡᠮᠯᠡᠯ᠎ᠢ ᠣᠯᠣᠭᠰᠠᠨ
ᠪᠠᠢᠨ᠎ᠠ᠃ ᠲᠤᠰ ᠤᠳᠠᠭᠠᠨ᠎ᠤ ᠭᠡᠷᠡᠴᠢᠯᠡᠯ᠎ᠢ ᠣᠯᠣᠭᠰᠠᠨ ᠥᠪᠥᠷ ᠮᠣᠩᠭᠣᠯ᠎ᠤᠨ ᠬᠤᠸᠠ ᠰᠢᠶᠠᠩ ᠲᠠᠷᠢᠶᠠᠯᠠᠩ ᠣᠢ
ᠰᠢᠭᠤᠢ ᠮᠠᠯ ᠠᠵᠤ ᠠᠬᠤᠢ᠎ᠶᠢᠨ ᠰᠢᠨᠵᠢᠯᠡᠭᠡ ᠮᠡᠷᠭᠡᠵᠢᠯ᠎ᠦᠨ ᠬᠥᠭᠵᠢᠭᠦᠯᠦᠯᠲᠡ᠎ᠶᠢᠨ ᠬᠢᠵᠠᠭᠠᠷᠲᠤ ᠺᠣᠮᠫᠠᠨᠢ
ᠪᠠ ᠣᠲᠣᠭ ᠬᠣᠰᠢᠭᠤᠨ᠎ᠤ ᠠᠬᠢ ᠲᠠᠷᠢᠵᠤ ᠲᠡᠵᠢᠭᠡᠨ ᠦᠷᠡᠵᠢᠭᠦᠯᠬᠦ ᠮᠠᠯᠴᠢᠨ ᠲᠠᠷᠢᠶᠠᠴᠢᠨ᠎ᠤ ᠲᠤᠰᠬᠠᠢ
ᠬᠣᠷᠰᠢᠶ᠎ᠠ ᠨᠢ ᠴᠢᠨᠠᠷ ᠰᠠᠢᠲᠠᠢ ᠠᠷᠪᠠᠰ᠎ᠤᠨ ᠢᠮᠠᠭᠠᠨ ᠮᠢᠬᠠᠨ ᠪᠦᠲᠦᠭᠡᠭᠳᠡᠬᠦᠨ᠎ᠢᠶᠡᠷ᠎ᠢᠶᠡᠨ
ᠭᠡᠷᠡᠴᠢᠯᠡᠯ᠎ᠢ ᠣᠯᠵᠠᠢ᠃
✦ ᠲᠦᠷᠦᠭᠦᠬᠡᠨ 2025 ᠣᠨ᠎ᠤ ᠳᠥᠷᠪᠡᠳᠦᠭᠡᠷ
ᠤᠯᠠᠷᠢᠯ᠎ᠤᠨ 《ᠳᠤᠮᠳᠠᠳᠤ ᠤᠯᠤᠰ᠎ᠤᠨ ᠰᠠᠢᠨ ᠬᠥᠮᠥᠨ》᠎ᠤ ᠴᠣᠯᠠ᠎ᠶᠢ ᠬᠦᠷᠲᠡᠭᠰᠡᠨ ᠬᠥᠮᠥᠰ᠎ᠦᠨ ᠨᠡᠷᠡᠰ᠎ᠢ
ᠨᠡᠢᠲᠡᠯᠡᠵᠦ᠂ ᠡᠵᠡᠨ ᠬᠤᠷᠤᠭ᠎ᠠ ᠬᠣᠰᠢᠭᠤᠨ᠎ᠤ ᠠᠵᠢᠯ᠎ᠠᠴᠠ᠎ᠪᠠᠨ ᠠᠮᠠᠷᠠᠭᠰᠠᠨ ᠺᠠᠳ᠋ᠷ᠂ ᠨᠠᠰᠤ᠎ᠪᠠᠷ ᠵᠢᠡᠨ
ᠣᠢᠵᠢᠭᠤᠯᠤᠯᠲᠠ ᠣᠢ ᠰᠢᠭᠤᠢ᠎ᠶᠢᠨ ᠬᠠᠮᠠᠭᠠᠯᠠᠯᠲᠠ᠎ᠶᠢᠨ ᠠᠵᠢᠯ᠎ᠳᠤ ᠭᠠᠪᠰᠢᠭᠠᠢᠯᠠᠵᠤ ᠶᠠᠪᠤᠭᠰᠠᠨ ᠵᠢᠶᠠ
ᠳᠣᠷᠵᠢ ᠡᠨᠡᠭᠦ ᠢᠷᠠᠭᠤ ᠠᠯᠳᠠᠷ᠎ᠢ ᠬᠦᠷᠲᠡᠵᠡᠢ᠃

ᠠᠵᠤ ᠠᠬᠤᠢ
✦ 2025 ᠣᠨ ᠳᠤ᠂ ᠡᠳ᠋ ᠦᠨ
ᠵᠠᠰᠠᠭ ᠤᠨ ᠶᠠᠮᠤᠨ ᠨᠠᠩ ᠢᠳᠡᠪᠬᠢᠲᠡᠢ ᠡᠳ᠋᠎ᠦᠨ ᠵᠠᠰᠠᠭ᠎ᠤᠨ ᠲᠥᠷᠥ᠎ᠶᠢᠨ ᠪᠣᠳᠣᠯᠭ᠎ᠠ᠎ᠪᠠᠷ ᠳᠠᠮᠵᠢᠭᠤᠯᠵᠤ᠂
ᠬᠠᠭᠤᠴᠢᠨ᠎ᠢᠶᠠᠷ ᠰᠢᠨ᠎ᠡ᠎ᠶᠢ ᠰᠣᠯᠢᠬᠤ ᠬᠠᠮᠢᠶ᠎ᠠ ᠪᠦᠬᠦᠢ ᠦᠢᠯᠡᠳᠬᠦᠨ᠎ᠦ ᠪᠣᠷᠤᠯᠠᠭᠤᠯᠭ᠎ᠠ᠎ᠶᠢᠨ
ᠬᠡᠮᠵᠢᠶ᠎ᠡ᠎ᠶᠢ ᠠᠬᠢᠭᠤᠯᠤᠭᠰᠠᠨ ᠢᠶᠠᠷ᠂ ᠪᠣᠷᠤᠯᠠᠭᠤᠯᠭ᠎ᠠ᠎ᠶᠢᠨ ᠬᠡᠮᠵᠢᠶ᠎ᠡ 2 ᠳ᠋ᠦᠩᠰᠢᠭᠤᠷ ᠲᠥᠭᠥᠷᠢᠭ᠎ᠢ ᠳᠠᠪᠠᠵᠤ᠂ 3 ᠳ᠋ᠦᠩᠰᠢᠭᠤᠷ 6000 ᠲᠦᠮᠡᠨ ᠬᠥᠮᠥᠨ ᠤᠳᠠᠭ᠎ᠠ᠎ᠳᠤ
ᠠᠰᠢᠭ᠋ ᠬᠦᠷᠲᠡᠭᠡᠪᠡ᠃
✦ 2025 ᠤᠨ ᠳᠤ᠂ ᠮᠠᠨ ᠤ ᠤᠷᠤᠨ ᠠᠷᠠᠳ᠎ᠲᠦ ᠠᠰᠢᠭ ᠬᠦᠷᠳᠡᠭᠡᠬᠦ ᠡᠳ᠋᠎ᠤᠨ ᠵᠠᠰᠠᠭ᠎ᠤᠨ ᠨᠦᠬᠦᠪᠤᠷᠢ ᠵᠢ ᠨᠡᠢᠳᠡ 493ᠳ᠋ᠦᠩᠰᠢᠭᠤᠷ ᠭᠠᠷᠤᠢ
ᠲᠦᠭᠦᠷᠢᠭ ᠳᠠᠷᠬᠠᠭᠠᠵᠤ᠂ ᠳᠡᠭᠡᠷ᠎ᠡ ᠵᠢᠯ᠎ᠤᠨ ᠠᠳᠠᠯᠢ ᠬᠤᠭᠤᠴᠠᠭᠠᠨ᠎ᠤ ᠬᠢ ᠡᠴᠡ 13.02% ᠵᠢᠡᠷ ᠨᠡᠮᠡᠭᠳᠡᠪᠡ᠃
✦ ᠤᠢᠷ᠎ᠠ᠎ᠳᠤ ᠲᠦᠩᠯᠢᠶᠣᠣ ᠬᠣᠲᠠ᠎ᠶᠢᠨ ᠬᠦᠷᠢᠶ᠎ᠡ ᠬᠣᠰᠢᠭᠤᠨ᠎ᠤ ᠵᠠᠰᠠᠭ᠎ᠤᠨ ᠣᠷᠳᠣᠨ ᠬᠢᠭᠡᠳ
ᠪᠡᠭᠡᠵᠢᠩ᠎ᠦᠨ ᠯᠢ ᠡᠯ ᠥᠨᠳᠥᠷ ᠳᠤᠯᠠᠭᠠᠨ᠎ᠤ ᠮᠠᠲᠧᠷᠢᠶᠠᠯ᠎ᠤᠨ ᠬᠢᠵᠠᠭᠠᠷᠲᠤ ᠺᠣᠮᠫᠠᠨᠢ᠂ ᠯᠢᠶᠣᠤᠨᠢᠩ᠎ᠤᠨ ᠾᠧ
ᠵᠠᠨ ᠡᠨᠧᠷᠭᠢ᠎ᠶᠢᠨ ᠪᠦᠯᠦᠭᠯᠡᠯ᠎ᠦᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠎ᠲᠠᠢ ᠳᠡᠭᠡᠳᠦ ᠳᠡᠰ᠎ᠤᠨ
ᠲᠦᠷᠦᠯ ᠵᠤᠢᠯ᠎ᠦᠨ ᠬᠠᠮᠲᠤᠷᠠᠯᠴᠠᠭᠠᠨ᠎ᠤ ᠬᠡᠯᠡᠯᠴᠡᠭᠡᠷ ᠲᠣᠭᠲᠠᠵᠤ᠂ ᠲᠦᠷᠦᠯ ᠵᠤᠢᠯ᠎ᠳᠦ ᠨᠡᠶ᠋ᠢᠲᠡ 10 ᠳ᠋ᠦᠩᠰᠢᠭᠤᠷ ᠲᠥᠭᠥᠷᠢᠭ᠎ᠦᠨ
ᠪᠡᠯᠡ ᠣᠷᠣᠭᠤᠯᠬᠤ ᠪᠠᠷ ᠲᠥᠯᠥᠪᠯᠡᠵᠦ ᠪᠣᠢ᠃
ᠰᠣᠶᠣᠯ
✦ 2 ᠰᠠᠷ᠎ᠠ ᠵᠢᠨ 1᠎ᠦ ᠡᠳᠦᠷ᠂ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ ᠪᠣᠯᠣᠨ ᠥᠪᠥᠷ ᠮᠣᠩᠭᠣᠯ᠎ᠤᠨ
ᠰᠣᠶᠣᠯ᠎ᠤᠨ ᠬᠡᠪᠯᠡᠯ᠎ᠦᠨ ᠬᠣᠷᠢᠶ᠎ᠠ᠎ᠠᠴᠠ ᠭᠣᠣᠯᠯᠠᠨ ᠡᠷᠬᠢᠯᠡᠭᠰᠡᠨ 《ᠮᠣᠩᠭᠣᠯ ᠦᠨᠳᠦᠰᠦᠲᠡᠨ᠎ᠦ ᠰᠣᠶᠣᠯ ᠵᠠᠩᠰᠢᠯ᠎ᠤᠨ
ᠴᠤᠪᠤᠷᠠᠯ ᠪᠢᠴᠢᠭ》᠎ᠤᠨ ᠬᠠᠭᠤᠳᠠᠰᠤ ᠮᠢᠯᠢᠶᠠᠬᠤ ᠶᠣᠰᠣᠯᠠᠯ ᠵᠢᠴᠢ ᠰᠤᠳᠤᠯᠤᠨ
ᠶᠠᠷᠢᠯᠴᠠᠬᠤ ᠬᠤᠷᠠᠯ ᠬᠥᠬᠡᠬᠣᠲᠠ᠎ᠳᠤ ᠶᠠᠪᠤᠭᠳᠠᠪᠠ᠃

✦ ᠤᠢᠷ᠎ᠠ᠎ᠳᠤ ᠪᠠᠶᠠᠠᠨᠠᠭᠤᠷ ᠬᠤᠳᠠ ᠵᠢᠨ ᠯᠢᠨᠾᠧ
ᠲᠣᠭᠣᠷᠢᠭ᠋᠎ᠤᠨ ᠲᠠᠪᠤᠳᠤᠭᠠᠷ ᠳᠤᠮᠳᠠᠳᠤ ᠰᠤᠷᠭᠠᠭᠤᠯᠢ᠎ᠶᠢᠨ ᠰᠤᠷᠤᠭ᠍ᠴᠢᠳ ᠤᠷᠠᠳ᠎ᠤᠨ ᠬᠣᠢᠲᠤ ᠬᠣᠰᠢᠭᠤᠨ᠎ᠤ
ᠪᠣᠳᠠᠰ᠎ᠤᠨ ᠪᠤᠰᠤ ᠰᠣᠶᠣᠯ᠎ᠤᠨ ᠥᠪ᠎ᠦᠨ ᠦᠵᠡᠭᠦᠯᠭᠡ ᠵᠢᠨ ᠲᠢᠩᠬᠢᠮ᠎ᠳᠦ ᠬᠦᠷᠴᠦ᠂ ᠪᠣᠳᠠᠰ᠎ᠦᠨ ᠪᠤᠰᠤ
ᠰᠣᠶᠣᠯ᠎ᠤᠨ ᠥᠪ᠎ᠦᠨ ᠰᠤᠳᠤᠯᠭᠠᠨ᠎ᠤ ᠠᠶᠠᠨ᠎ᠢᠶᠡᠨ ᠡᠬᠢᠯᠡᠭᠦᠯᠵᠡᠢ᠃

✦ ᠣᠲᠤᠭ᠎ᠤᠨ ᠡᠮᠦᠨᠡᠲᠦ ᠬᠣᠰᠢᠭᠤᠨ᠎ᠤ ᠮᠠᠯᠴᠢᠨ ᠪᠠᠶᠠᠩᠭᠤᠤᠠ
ᠳᠥᠴᠢ ᠭᠠᠷᠤᠢ ᠵᠢᠯ᠎ᠦᠨ ᠲᠤᠷᠰᠢ ᠬᠠᠳᠬᠤᠮᠠᠯ ᠤᠷᠠᠯᠠᠵᠤ ᠴᠠᠭᠠᠷᠠᠨ᠂ ᠵᠡᠭᠦᠪᠴᠢ᠂ ᠬᠡᠲᠡᠪᠴᠢ ᠲᠡᠯᠢᠩ᠂
ᠳᠠᠷᠤᠭᠤᠯᠭ᠎ᠠ᠎ᠶᠢᠨ ᠮᠠᠯᠠᠭᠠᠢ᠎ᠶᠢᠨ ᠬᠠᠳᠬᠤᠮᠠᠯ᠂ ᠪᠣᠭᠴᠣ᠌ ᠭᠡᠬᠦ ᠮᠡᠲᠦ ᠤᠷᠠᠨ ᠬᠠᠳᠬᠤᠮᠠᠯ᠎ᠤᠨ
ᠪᠦᠲᠦᠭᠡᠯ᠎ᠢᠶᠡᠷ ᠠᠮᠢᠳᠤᠷᠠᠯ᠎ᠢᠶᠡᠨ ᠪᠠᠶᠠᠯᠢᠭ᠍ᠵᠢᠭᠤᠯᠵᠤ ᠶᠠᠪᠤᠨ᠎ᠠ᠃
ᠲᠠᠮᠢᠷ
✦ ᠠᠷᠤ ᠬᠣᠷᠴᠢᠨ
ᠬᠣᠰᠢᠭᠤᠨ᠎ᠤ ᠮᠠᠩᠯᠠᠢ ᠬᠦᠴᠦᠳᠠᠨ ᠪᠥᠬᠡ᠎ᠶᠢᠨ ᠺᠯᠦ᠋ᠪ ᠤ᠋ᠨ ᠡᠪᠦᠯ᠎ᠦᠨ ᠰᠣᠷᠢᠭ᠎ᠠ ᠨᠢ ᠪᠥᠬᠡ᠎ᠶᠢᠨ ᠮᠡᠬᠡ
ᠮᠡᠷᠭᠡᠵᠢᠯ᠂ ᠪᠠᠷᠢᠴᠠ ᠬᠦᠴᠦᠨ᠎ᠦ ᠪᠡᠯᠡᠳᠬᠡᠯ᠂ ᠠᠮᠢᠰᠬᠤᠯ ᠵᠡᠷᠭᠡ ᠵᠢᠨ ᠲᠣᠭᠣᠷᠢᠨ᠎ᠳᠤ ᠰᠢᠰᠲᠧᠮ᠎ᠲᠠᠢ
ᠭᠤᠷᠪᠠᠨ ᠰᠠᠷ᠎ᠠ ᠰᠢᠬᠠᠮ ᠶᠠᠪᠤᠭᠳᠠᠵᠤ ᠪᠠᠢᠭ᠎ᠠ ᠪᠥᠭᠡᠳ ᠰᠣᠷᠢᠭ᠎ᠠ᠎ᠳᠤ ᠠᠷᠤ ᠬᠣᠷᠴᠢᠨ᠂ ᠵᠠᠷᠤᠳ᠂ ᠨᠠᠢ᠍ᠮᠠᠨ
ᠵᠡᠷᠭᠡ ᠬᠣᠰᠢᠭᠤᠨ᠎ᠤ 30 ᠭᠠᠷᠤᠢ ᠪᠥᠬᠡᠴᠢᠨ
ᠣᠷᠣᠯᠴᠠᠪᠠ᠃

ᠳᠡᠯᠡᠬᠡᠢ
✦ ᠰᠢᠨᠬᠤᠸᠠ ᠬᠤᠷᠢᠶ᠎ᠠ ᠵᠢᠨ
ᠮᠡᠳᠡᠭᠡ ᠵᠢ ᠦᠨᠳᠦᠰᠦᠯᠡᠪᠡᠯ᠂ ᠢᠰᠷᠧᠯ᠎ᠦᠨ ᠬᠡᠪᠯᠡᠯ ᠮᠡᠳᠡᠭᠡᠯᠡᠯ᠎ᠦᠨ 2
ᠰᠠᠷ᠎ᠠ᠎ᠶᠢᠨ 1᠎ᠦ ᠡᠳᠦᠷ ᠮᠡᠳᠡᠭᠡᠯᠡᠭᠰᠡᠨ᠎ᠢᠶᠡᠷ᠂ ᠭᠠᠽᠠ ᠣᠷᠣᠨ᠎ᠤ
ᠡᠮᠦᠨ᠎ᠡ ᠪᠦᠰᠡ᠎ᠳᠡᠬᠢ ᠷᠠᠹᠠ ᠬᠢᠯᠢ ᠵᠢᠨ ᠪᠣᠭᠣᠮᠲᠠ
ᠲᠤᠬᠠᠢ᠎ᠶᠢᠨ ᠡᠳᠦᠷ ᠨᠢᠭᠡ ᠡᠳᠦᠷ᠎ᠦᠨ ᠬᠤᠭᠤᠴᠠᠭ᠎ᠠ᠎ᠲᠠᠢ 《ᠲᠤᠷᠰᠢᠯᠲᠠ᠎ᠶᠢᠨ ᠴᠡᠭ᠎ᠤᠨ
ᠨᠡᠭᠡᠭᠡᠯᠲᠡ》 ᠬᠢᠵᠦ᠂ 2
ᠰᠠᠷ᠎ᠠ ᠵᠢᠨ 2 ᠤ᠋ᠨ
ᠡᠳᠦᠷ᠎ᠡᠴᠡ ᠡᠬᠢᠯᠡᠨ ᠠᠯᠪᠠᠨ ᠶᠣᠰᠣᠭᠠᠷ ᠨᠡᠭᠡᠭᠡᠭᠳᠡᠪᠡ᠃
ᠦᠢᠯᠡᠴᠢᠯᠡᠭᠡ
✦ ᠪᠠᠷᠠᠭᠤᠨ ᠦᠵᠦᠮᠦᠴᠢᠨ ᠬᠤᠰᠢᠭᠤ ᠡᠷᠡᠬᠦᠯ ᠬᠠᠮᠠᠭᠠᠯᠠᠯ᠎ᠤᠨ ᠳᠤᠰᠬᠠᠢ
ᠮᠡᠷᠭᠡᠵᠢᠯ᠎ᠤᠨ ᠠᠵᠢᠯᠳᠠᠨ ᠡᠯᠰᠡᠵᠤ ᠪᠤᠢ᠃
ᠲᠠᠨ᠎ᠤ ᠲᠤᠰᠠ᠎ᠳᠦ
✦ ᠳᠠᠪᠤᠰᠤ ᠶᠡᠬᠡ ᠢᠳᠡᠪᠡᠯ ᠴᠢᠰᠤᠨ ᠳᠠᠷᠤᠯᠲᠠ ᠥᠨᠳᠥᠷ ᠪᠣᠯᠵᠤ᠂ ᠶᠠᠰᠤᠨ᠎ᠤ ᠡᠳ᠋ ᠰᠡᠢᠷᠡᠭᠵᠢᠵᠦ᠂
ᠬᠣᠳᠣᠭᠣᠳᠤᠨ ᠥᠮᠡᠨ᠎ᠳᠦ ᠨᠡᠷᠪᠡᠭᠳᠡᠬᠦ ᠲᠦᠭᠰᠢᠭᠦᠷᠢ᠎ᠶᠢ ᠨᠡᠮᠡᠭᠳᠡᠭᠦᠯᠬᠦ ᠠᠶᠤᠯᠲᠠᠢ ᠪᠠᠢᠳᠠᠭ ᠡᠴᠡ ᠡᠳᠤᠷ
ᠳᠤᠳᠤᠮ ᠳᠠᠪᠤᠰᠤ ᠢᠳᠡᠬᠦ ᠬᠡᠮᠵᠢᠶ᠎ᠡ ᠪᠡᠨ ᠵᠤᠬᠢᠰᠳᠠᠢ ᠳᠤᠬᠢᠷᠠᠭᠤᠯᠬᠤ ᠬᠡᠷᠡᠭᠳᠡᠢ᠃

ᠵᠠᠯᠭᠠᠭᠠᠳ 《ᠳᠦᠷᠪᠡᠨ
ᠴᠠᠭ᠎ᠤᠨ ᠨᠤᠲᠤᠭ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ
ᠵᠢᠷᠭᠠᠭᠠᠶ᠎ᠠ᠂ ᠲᠠ ᠪᠦᠬᠦᠨ ᠤ ᠬᠦᠯᠢᠶᠡᠨ ᠠᠪᠴᠤ᠌ ᠰᠤᠨᠤᠰᠤᠬ᠍ᠰᠠᠨ ᠳ᠋ᠦ ᠪᠠᠶᠠᠷᠯᠠᠯ᠎ᠠ᠂ ᠪᠠᠶᠠᠷᠳᠠᠢ︕
(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ
ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ
ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ
ᠬᠤᠳᠠ᠂ ᠬᠤᠰᠢᠭᠤ ᠰᠢᠶᠠᠨ᠎ᠤ ᠵᠢᠷᠬᠢᠶ᠎ᠠ᠎ᠶᠢᠨ ᠲᠠᠪᠴᠠᠩ)