



ᠬᠣᠶᠠᠷ ᠬᠤᠷᠠᠯ᠎ᠤᠨ ᠲᠤᠰᠭᠠᠢ ᠮᠡᠳᠡᠭᠡᠯᠡᠯ
✦ 2 ᠰᠠᠷ᠎ᠠ᠎ᠶᠢᠨ 3᠎ᠤ ᠦᠳᠡ᠎ᠶᠢᠨ ᠡᠮᠦᠨᠡᠬᠢ 9 ᠴᠠᠭ᠎ᠲᠤ᠂
ᠳᠤᠮᠳᠠᠳᠤ ᠤᠯᠤᠰ ᠤ᠋ᠨ ᠠᠷᠠᠳ᠎ᠤᠨ ᠤᠯᠤᠰ ᠲᠦᠷᠥ᠎ᠶᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ ᠵᠢᠨ ᠳᠥᠷᠪᠡᠳᠦᠭᠡᠷ ᠬᠤᠷᠠᠯ ᠥᠪᠥᠷ ᠮᠣᠩᠭᠣᠯ᠎ᠤᠨ
ᠠᠷᠠᠳ ᠤ᠋ᠨ ᠬᠤᠷᠠᠯ᠎ᠤᠨ ᠲᠠᠩᠬᠢᠮ᠎ᠳᠤ ᠡᠬᠢᠯᠡᠪᠡ᠃
✦ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ
ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠤ᠋ᠨ ᠲᠠᠪᠤᠳᠤᠭᠠᠷ ᠬᠤᠷᠠᠯ
ᠡᠨᠡ ᠡᠳᠦᠷ ᠥᠪᠥᠷ ᠮᠣᠩᠭᠣᠯ᠎ᠤᠨ ᠠᠷᠠᠳ᠎ᠤᠨ ᠬᠤᠷᠠᠯ ᠤ᠋ᠨ ᠲᠠᠩᠬᠢᠮ᠎ᠳᠤ ᠡᠬᠢᠯᠡᠨ᠎ᠠ᠃

ᠨᠡᠢᠭᠡᠮ
✦ ᠣᠢᠷ᠎ᠠ᠎ᠳᠤ ᠠᠵᠤ ᠦᠢᠯᠡᠳᠪᠦᠷᠢ ᠪᠠ ᠮᠡᠳᠡᠭᠡ
ᠵᠠᠩᠭᠢᠴᠢᠯᠠᠯᠲᠠ᠎ᠶᠢᠨ ᠶᠠᠮᠤᠨ᠎ᠡᠴᠡ ᠵᠣᠬᠢᠶᠠᠨ ᠪᠠᠢᠭᠤᠯᠵᠤ ᠲᠣᠭᠲᠠᠭᠠᠭᠰᠠᠨ ᠠᠯᠪᠠᠳᠠᠯᠭ᠎ᠠ᠎ᠶᠢᠨ ᠴᠢᠨᠠᠷᠲᠠᠢ
ᠤᠯᠤᠰ᠎ᠤᠨ ᠪᠠᠷᠢᠮᠵᠢᠶ᠎ᠠ ᠪᠤᠯᠬᠤ 《ᠮᠠᠰᠢᠨ ᠲᠡᠷᠭᠡᠨ᠎ᠦ
ᠡᠭᠦᠳᠡᠨ ᠪᠠᠷᠢᠭᠤᠯ᠎ᠤᠨ ᠠᠮᠤᠷ ᠲᠦᠪᠰᠢᠨ᠎ᠦ ᠮᠡᠷᠭᠡᠵᠢᠯ᠎ᠦᠨ ᠱᠠᠭᠠᠷᠳᠠᠯᠭ᠎ᠠ》 (GB 48001 ︱ 2026) ᠶ᠋ᠢ
ᠤᠯᠤᠰ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ᠂ ᠤᠯᠤᠰ᠎ᠤᠨ
ᠪᠠᠷᠢᠮᠵᠢᠶᠠᠵᠢᠭᠤᠯᠤᠯᠲᠠ᠎ᠶᠢᠨ ᠬᠠᠮᠢᠶᠠᠷᠤᠯᠲᠠ ᠶ᠋ᠢᠨ ᠵᠥᠪᠯᠡᠯ᠎ᠡᠴᠡ ᠵᠥᠪᠰᠢᠶᠡᠷᠡᠨ ᠨᠡᠢᠲᠡᠯᠡᠵᠦ᠂ 2027
ᠣᠨ᠎ᠤ 1 ᠰᠠᠷ᠎ᠠ᠎ᠶᠢᠨ 1᠎ᠦ ᠡᠳᠦᠷ᠎ᠡᠴᠡ ᠡᠬᠢᠯᠡᠵᠦ ᠬᠡᠷᠡᠭᠵᠢᠭᠦᠯᠦᠨ᠎ᠡ᠃

✦ ᠳᠤᠮᠳᠠᠳᠤ ᠤᠯᠤᠰ᠎ᠤᠨ ᠴᠠᠬᠢᠯᠭᠠᠨ ᠬᠦᠴᠦᠨ᠎ᠦ ᠠᠵᠤ
ᠠᠬᠤᠢᠯᠠᠯ᠎ᠤᠨ ᠬᠣᠯᠪᠣᠭᠠᠲᠤ ᠬᠤᠷᠠᠯ᠎ᠤᠨ ᠨᠡᠢᠲᠡᠯᠡᠭᠰᠡᠨ ᠲᠣᠭ᠎ᠠ ᠪᠠᠷᠢᠮᠲᠠ᠎ᠳᠤ ᠢᠯᠡᠷᠡᠭᠦᠯᠦᠭᠰᠡᠨ ᠵᠢᠡᠷ᠂
2025 ᠣᠨ᠎ᠳᠤ ᠪᠥᠬᠥ ᠤᠯᠤᠰ᠎ᠤᠨ ᠰᠢᠨ᠎ᠡ᠎ᠪᠡᠷ ᠨᠡᠮᠡᠭᠳᠡᠭᠰᠡᠨ ᠴᠠᠬᠢᠯᠭᠠᠨ ᠭᠠᠷᠭᠠᠬᠤ ᠮᠠᠰᠢᠨ
ᠴᠣᠭᠴᠠᠯᠠᠪᠤᠷᠢ ᠶᠢᠨ ᠪᠠᠭᠲᠠᠭᠠᠮᠵᠢ 5.5 ᠳ᠋ᠦᠩᠰᠢᠭᠤᠷ ᠺᠢᠯᠣᠸᠠᠲ ᠲᠦ᠍ ᠬᠦᠷᠴᠡᠢ᠃ ᠣᠳᠣᠬᠠᠨ᠎ᠳᠤ ᠰᠠᠯᠬᠢ᠂
ᠭᠡᠷᠡᠯ᠂ ᠠᠮᠢᠳᠤ ᠪᠣᠳᠠᠰ᠎ᠤᠨ ᠮᠠᠰ᠎ᠤᠨ ᠰᠢᠨ᠎ᠡ᠎ᠪᠡᠷ ᠨᠡᠮᠡᠭᠳᠡᠭᠰᠡᠨ ᠴᠠᠬᠢᠯᠭᠠᠨ ᠭᠠᠷᠭᠠᠬᠤ ᠬᠡᠮᠵᠢᠶ᠎ᠡ
ᠪᠦᠬᠦ ᠨᠡᠢᠭᠡᠮ᠎ᠦᠨ ᠰᠢᠨ᠎ᠡ᠎ᠪᠡᠷ ᠨᠡᠮᠡᠭᠳᠡᠭᠰᠡᠨ ᠴᠠᠬᠢᠯᠭᠠᠨ ᠬᠡᠷᠡᠭᠯᠡᠬᠦ ᠬᠡᠮᠵᠢᠶ᠎ᠡ᠎ᠶᠢᠨ 97.1%᠎ᠶᠢ
ᠡᠵᠡᠯᠡᠵᠦ ᠪᠠᠢᠨ᠎ᠠ᠃
✦ ᠤᠢᠷ᠎ᠠ ᠳ᠋ᠤ ᠪᠡᠭᠡᠵᠢᠩ ᠬᠣᠲᠠ᠎ᠶᠢᠨ ᠮᠧᠨ ᠲᠧᠦ
ᠭᠧᠦ ᠲᠣᠭᠣᠷᠢᠭ᠋ ᠡᠴᠡ ᠠᠽᠢᠶ᠎ᠠ ᠲᠢᠪ᠎ᠦᠨ ᠠᠩᠬᠠᠳᠠᠭ᠍ᠴᠢ ᠵᠦᠷ᠎ᠦᠨ ᠭᠠᠯᠪᠠ᠎ᠶᠢᠨ ᠳᠤᠮᠳᠠ ᠦᠶ᠎ᠠ ᠵᠢᠨ ᠬᠣᠶᠠᠷ
ᠨᠤᠲᠤᠭᠲᠠᠨᠤ ᠤᠯᠠ ᠮᠥᠷ᠎ᠦᠨ ᠴᠢᠯᠠᠭᠤᠵᠢᠮᠠᠯ᠎ᠢ ᠢᠯᠡᠷᠡᠬᠦᠯᠵᠦ᠂ ᠮᠠᠨ᠎ᠤ ᠤᠯᠤᠰ ᠴᠢᠨᠠᠭᠰᠢᠯᠠᠪᠠᠯ ᠠᠽᠢᠶ᠎ᠠ
ᠲᠢᠪ᠎ᠦᠨ ᠭᠠᠵᠠᠷ ᠣᠷᠣᠨ᠎ᠤ ᠵᠦᠷ᠎ᠦᠨ ᠭᠠᠯᠪᠠ ᠶ᠋ᠢᠨ ᠬᠣᠶᠠᠷ ᠨᠤᠲᠤᠭᠲᠠᠨᠤ ᠤᠯᠠ ᠮᠥᠷ᠎ᠦᠨ
ᠴᠢᠯᠠᠭᠤᠵᠢᠮᠠᠯ᠎ᠤᠨ ᠰᠤᠳᠤᠯᠭᠠᠨ᠎ᠤ ᠬᠣᠭᠣᠰᠤᠨ᠎ᠢ ᠨᠥᠬᠥᠪᠦᠷᠢᠯᠡᠭᠰᠡᠨ ᠪᠠᠢᠨ᠎ᠠ᠃

✦《ᠠᠷᠪᠠᠨ ᠳᠥᠷᠪᠡᠳᠦᠭᠡᠷ
ᠲᠠᠪᠤᠨ ᠵᠢᠯ》 ᠦ᠋ᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ᠂ ᠥᠪᠥᠷ ᠮᠣᠩᠭᠣᠯ᠎ᠤᠨ
ᠤᠰᠤ ᠭᠠᠩ᠎ᠤᠨ ᠭᠠᠮᠰᠢᠭ᠋᠎ᠢ ᠰᠡᠷᠭᠡᠢᠯᠡᠬᠦ ᠴᠢᠳᠠᠪᠤᠷᠢ ᠢᠯᠡᠳᠲᠡ ᠳᠡᠭᠡᠭᠰᠢᠯᠡᠪᠡ᠃ ᠣᠳᠣᠬᠠᠨ᠎ᠳᠤ᠂ ᠬᠠᠲᠤᠨ
ᠭᠣᠣᠯ᠂ ᠨᠤᠨ ᠮᠥᠷᠡᠨ᠂ ᠯᠢᠶᠣᠤᠾᠧ ᠭᠣᠣᠯ᠎ᠤᠨ ᠭᠣᠣᠯ ᠤᠷᠤᠰᠬᠠᠯ᠎ᠤᠨ ᠬᠠᠰᠢᠯᠭ᠎ᠠ ᠳᠠᠯᠠᠩ ᠨᠢᠭᠡᠨᠲᠡ
ᠦᠨᠳᠦᠰᠦᠨ᠎ᠳᠡᠭᠡᠨ ᠪᠠᠷᠢᠮᠵᠢᠶ᠎ᠠ᠎ᠳᠤ ᠬᠦᠷᠴᠦ᠂ ᠤᠰᠤᠨ ᠴᠥᠭᠥᠷᠥᠮ᠂ ᠬᠠᠰᠢᠯᠭ᠎ᠠ᠂ ᠦᠶᠡᠷ᠎ᠢ ᠰᠠᠯᠭᠠᠬᠤ ᠣᠷᠣᠨ
ᠵᠡᠷᠭᠡ᠎ᠶᠢ ᠨᠢᠭᠡ ᠴᠣᠭᠴᠠᠵᠢᠭᠤᠯᠤᠭᠰᠠᠨ ᠪᠦᠷᠢᠨ ᠲᠡᠭᠦᠯᠳᠡᠷ ᠰᠡᠷᠭᠡᠢᠯᠡᠯᠲᠡ᠎ᠶᠢᠨ ᠰᠢᠰᠲᠧᠮ᠎ᠢ ᠠᠩᠬ᠎ᠠ
ᠠᠯᠬᠤᠮ ᠪᠣᠶ ᠪᠣᠯᠭᠠᠵᠤ᠂ ᠡᠯ᠎ᠡ ᠱᠠᠲᠤᠨ᠎ᠤ ᠬᠠᠰᠢᠯᠭ᠎ᠠ᠎ᠶᠢᠨ ᠪᠠᠷᠢᠮᠵᠢᠶ᠎ᠠ᠎ᠳᠤ ᠬᠦᠷᠦᠭᠰᠡᠨ ᠨᠣᠷᠮ᠎ᠠ
78.44% ᠪᠠᠢᠭᠰᠠᠨ ᠠ᠋ᠴᠠ ᠳᠡᠭᠡᠭᠰᠢᠯᠡᠭᠡᠳ 80.13% ᠪᠣᠯᠵᠤ᠂ 1346 ᠲᠦᠮᠡᠨ ᠬᠥᠮᠥᠨ ᠠᠮᠠ᠂ 1802 ᠲᠦᠮᠡᠨ
ᠮᠦ᠍ ᠲᠠᠷᠢᠶᠠᠨ ᠭᠠᠵᠠᠷ᠎ᠢ ᠬᠠᠮᠠᠭᠠᠯᠠᠵᠤ ᠴᠢᠳᠠᠨ᠎ᠠ᠃
✦ 2026 ᠣᠨ᠎ᠤ ᠲᠡᠮᠦᠷ ᠵᠠᠮ᠎ᠤᠨ ᠴᠠᠭᠠᠨ ᠰᠠᠷ᠎ᠠ
ᠶ᠋ᠢᠨ ᠵᠥᠭᠡᠭᠡᠪᠦᠷᠢ ᠵᠢᠨ ᠬᠤᠭᠤᠴᠠᠭᠠᠨ ᠳ᠋ᠤ᠂ ᠳᠤᠮᠳᠠᠳᠤ ᠤᠯᠤᠰ᠎ᠤᠨ ᠲᠡᠮᠦᠷ ᠵᠠᠮ᠎ᠤᠨ ᠬᠥᠬᠡᠬᠣᠲᠠ᠎ᠶᠢᠨ
ᠲᠣᠪᠴᠢᠶ᠎ᠠ ᠪᠦᠯᠦᠭᠯᠡᠯ᠎ᠦᠨ ᠬᠢᠵᠠᠭᠠᠷᠲᠤ ᠺᠣᠮᠫᠠᠨᠢ ᠵᠢᠱ᠌ᠢᠯᠲᠡ᠎ᠪᠡᠷ ᠠᠶᠠᠨᠴᠢᠳ᠎ᠢ 447.5 ᠲᠦᠮᠡᠨ ᠬᠥᠮᠥᠨ
ᠤᠳᠠᠭ᠎ᠠ ᠵᠦᠭᠡᠭᠡᠪᠦᠷᠢᠯᠡᠵᠤ᠂ ᠡᠳᠦᠷ ᠳᠤᠮᠳᠠᠴᠢ᠎ᠪᠠᠷ 11.2 ᠲᠦᠮᠡᠨ ᠬᠥᠮᠥᠨ ᠤᠳᠠᠭ᠎ᠠ ᠳ᠋ᠤ ᠬᠦᠷᠴᠦ᠂
ᠠᠳᠠᠯᠢ ᠬᠤᠭᠤᠴᠠᠭᠠᠨ᠎ᠤ ᠬᠢ᠎ᠡᠴᠡ 5% ᠪᠡᠷ ᠨᠡᠮᠡᠭᠳᠡᠬᠦ ᠪᠣᠯᠣᠨ᠎ᠠ᠃ ᠡᠨᠡ ᠵᠢᠯ᠎ᠦᠨ ᠴᠠᠭᠠᠨ ᠰᠠᠷ᠎ᠠ ᠶ᠋ᠢᠨ ᠳᠠᠷᠠᠭ᠎ᠠ ᠬᠥᠯᠥᠰᠦᠨ ᠠᠵᠢᠯᠴᠢᠳ᠎ᠤᠨ ᠭᠠᠳᠠᠭᠰᠢ ᠭᠠᠷᠬᠤ
ᠤᠷᠤᠰᠬᠠᠯ᠂ ᠰᠤᠷᠤᠭ᠍ᠴᠢᠳ᠎ᠤᠨ ᠤᠷᠤᠰᠬᠠᠯ᠂ ᠲᠥᠷᠥᠯ ᠰᠠᠳᠤᠨ᠎ᠢᠶᠠᠨ ᠡᠷᠭᠢᠬᠦ ᠤᠷᠤᠰᠬᠠᠯ ᠵᠡᠷᠭᠡ ᠪᠠᠢᠳᠠᠯ
ᠳᠠᠪᠬᠤᠴᠠᠨ ᠢᠯᠡᠷᠡᠵᠦ᠂ ᠵᠦᠭᠡᠭᠡᠪᠦᠷᠢ ᠶ᠋ᠢᠨ ᠳᠠᠷᠤᠯᠲᠠ ᠴᠠᠭᠠᠨ ᠰᠠᠷ᠎ᠠ ᠶ᠋ᠢᠨ ᠡᠮᠦᠨᠡᠬᠢ ᠡᠴᠡ ᠶᠡᠬᠡᠰᠬᠦ
ᠪᠣᠯᠣᠨ᠎ᠠ᠃

✦ ᠣᠢᠷ᠎ᠠ᠎ᠳ᠋ᠤ ᠬᠢᠩᠭᠠᠨ
ᠠᠢᠮᠠᠭ᠎ᠤᠨ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ ᠶ᠋ᠢᠨ ᠵᠠᠮ ᠬᠠᠷᠢᠯᠴᠠᠭᠠᠨ᠎ᠤ ᠬᠠᠮᠢᠶᠠᠷᠤᠯᠲᠠ᠎ᠶᠢᠨ ᠰᠠᠯᠪᠤᠷᠢ
ᠠᠩᠭᠢᠵᠠᠮ ᠬᠠᠷᠢᠯᠴᠠᠭᠠᠨ᠎ᠤ ᠬᠠᠤᠯᠢ᠎ᠡᠴᠡ ᠵᠥᠷᠢᠴᠡᠭᠰᠡᠨ ᠠᠵᠢᠯᠯᠠᠭ᠎ᠠ᠎ᠶᠢ ᠲᠥᠪᠯᠡᠷᠡᠭᠦᠯᠦᠨ ᠨᠢᠭᠡᠳᠦᠯᠲᠡᠢ
ᠴᠡᠭᠴᠡᠯᠡᠨ ᠵᠠᠰᠠᠬᠤ ᠠᠵᠢᠯᠯᠠᠭ᠎ᠠ ᠵᠢ ᠪᠦᠬᠦ ᠲᠠᠯ᠎ᠠ᠎ᠪᠠᠷ
ᠦᠷᠨᠢᠬᠦᠯᠵᠦ᠂ ᠡᠯ᠎ᠡ ᠲᠦᠷᠥᠯ᠎ᠤᠨ ᠵᠠᠮ ᠬᠠᠷᠢᠯᠴᠠᠭᠠᠨ᠎ᠤ
ᠬᠠᠤᠯᠢ᠎ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠨᠡᠶ᠋ᠢᠲᠡ 1488 ᠪᠠᠢᠴᠠᠭᠠᠨ ᠰᠢᠢᠳᠪᠦᠷᠢᠯᠡᠪᠡ᠃

✦ 2025 ᠣᠨ᠎ᠳᠤ᠂ ᠪᠠᠶᠠᠨᠨᠠᠭᠤᠷ ᠬᠣᠲᠠ᠎ᠶᠢᠨ ᠨᠡᠷᠡᠨ
ᠬᠤᠸᠠᠷ ᠳᠠᠷᠢᠬᠤ ᠲᠠᠯᠠᠪᠠᠶ 458.66 ᠲᠦᠮᠡᠨ ᠮᠦ᠍᠎ᠳᠦ ᠬᠦᠷᠴᠦ᠂ ᠰᠠᠢᠨ ᠡᠭᠦᠯᠳᠡᠷ᠎ᠦᠨ ᠪᠦᠷᠬᠦᠴᠡ᠎ᠶᠢᠨ ᠨᠣᠷᠮ᠎ᠠ
98% ᠶ᠋ᠢ ᠳᠠᠪᠠᠵᠤ᠂ ᠪᠥᠬᠥ ᠠᠵᠤ ᠦᠢᠯᠡᠰ᠎ᠦᠨ ᠬᠡᠯᠬᠢᠶᠡᠨ᠎ᠦ ᠦᠢᠯᠡᠳᠬᠦᠨ᠎ᠦ ᠶᠡᠷᠦᠩᠬᠡᠢ ᠥᠷᠲᠡᠭ ᠢ 190 ᠳ᠋ᠦᠩᠰᠢᠭᠤᠷ
ᠲᠥᠭᠥᠷᠢᠭ᠎ᠲᠦ ᠲᠣᠭᠲᠠᠪᠤᠷᠢᠵᠢᠭᠤᠯᠵᠤ᠂ ᠬᠡᠪᠴᠢᠶᠡᠵᠢᠭᠰᠡᠨ᠂ ᠡᠷᠴᠢᠮᠵᠢᠭᠰᠡᠨ ᠴᠢᠨᠠᠷ ᠰᠠᠢᠲᠠᠢ ᠬᠥᠭᠵᠢᠯᠲᠡ᠎ᠶᠢ
ᠪᠡᠶᠡᠯᠡᠭᠦᠯᠪᠡ᠃
✦ 2026 ᠣᠨ᠎ᠳᠤ ᠦᠦᠰᠢᠨ ᠬᠣᠰᠢᠭᠤᠨ᠎ᠤ ᠭᠠᠯᠠᠭᠤᠲᠤ ᠪᠠᠯᠭᠠᠰᠤ
ᠨᠡᠶ᠋ᠢᠲᠡ᠎ᠶᠢᠨ ᠲᠦᠷᠢᠶᠡᠰᠦᠨ ᠤᠷᠤᠨ ᠰᠠᠭᠤᠴᠠ ᠳ᠋ᠤ 59 ᠴᠠᠬᠢᠯᠭᠠᠨ ᠱᠠᠲᠤ ᠨᠡᠮᠡᠨ ᠤᠭᠰᠠᠷᠠᠵᠤ᠂ 15 ᠬᠣᠲᠠ ᠪᠠᠯᠭᠠᠰᠤᠨ᠎ᠤ
ᠰᠠᠭᠤᠭᠠᠯᠢ ᠲᠣᠭᠣᠷᠢᠭ᠋᠎ᠤᠨ ᠬᠣᠭᠣᠯᠠᠢ ᠲᠣᠣᠷ ᠵᠡᠷᠭᠡ ᠰᠠᠭᠤᠷᠢ ᠲᠥᠬᠦᠭᠡᠷᠦᠮᠵᠢ᠎ᠶᠢ ᠥᠭᠡᠷᠡᠴᠢᠯᠡᠬᠦ ᠵᠢᠴᠢ
15 ᠰᠠᠭᠤᠭᠠᠯᠢ ᠲᠣᠭᠣᠷᠢᠭ᠋ ᠤ᠋ᠨ ᠠᠮᠤᠷ ᠲᠦᠪᠰᠢᠨ ᠦ ᠬᠡᠮ ᠰᠤᠭᠤᠭ᠎ᠢ ᠠᠷᠢᠯᠭᠠᠬᠤ ᠥᠭᠡᠷᠡᠴᠢᠯᠡᠯᠲᠡ ᠶ᠋ᠢ ᠪᠡᠶᠡᠯᠡᠭᠦᠯᠬᠦ
ᠪᠡᠷ ᠲᠦᠯᠦᠪᠯᠡᠵᠦ ᠪᠠᠢᠨ᠎ᠠ᠃

ᠠᠵᠤ ᠠᠬᠤᠢ
✦ ᠬᠤᠳᠠᠯᠳᠤᠭᠠᠨ᠎ᠤ ᠶᠠᠪᠤᠳᠠᠯ᠎ᠤᠨ ᠶᠠᠮᠤᠨ ᠵᠡᠷᠭᠡ
9 ᠰᠠᠯᠠᠭ᠎ᠠ ᠮᠥᠴᠢᠷ 2026 ᠤᠨ ᠤ᠋ ᠴᠠᠭᠠᠨ ᠰᠠᠷ᠎ᠠ᠎ᠶᠢᠨ ᠣᠨᠴᠠᠭᠠᠶ ᠠᠵᠢᠯᠯᠠᠭ᠎ᠠ᠎ᠶᠢᠨ
ᠲᠥᠰᠥᠯ᠎ᠢ ᠳᠠᠷᠤᠮᠠᠯᠯᠠᠨ ᠲᠠᠷᠬᠠᠭᠠᠵᠤ᠂ ᠢᠳᠡᠭᠡᠨ ᠤᠮᠳᠠᠭᠠᠨ᠂ ᠶᠠᠪᠤᠵᠤ ᠰᠠᠭᠤᠬᠤ᠂ ᠠᠶᠠᠯᠠᠯ
ᠵᠢᠭᠤᠯᠴᠢᠯᠠᠯ ᠵᠡᠷᠭᠡ ᠵᠢᠷᠭᠤᠭᠠᠨ
ᠲᠠᠯ᠎ᠠ᠎ᠶᠢᠨ ᠠᠭᠤᠯᠭ᠎ᠠ᠎ᠶᠢ ᠬᠠᠮᠤᠷᠴᠠᠢ᠃ ᠳᠦᠰᠦᠯ ᠳ᠋ᠤ᠂ ᠡᠯ᠎ᠡ ᠭᠠᠵᠠᠷ᠎ᠤᠨ ᠬᠢᠨ᠎ᠦ ᠴᠠᠭᠠᠨ ᠰᠠᠷ᠎ᠠ᠎ᠶᠢᠨ
ᠬᠤᠭᠤᠴᠠᠭᠠᠨ᠎ᠳᠠᠬᠢ ᠬᠡᠷᠡᠭᠯᠡᠭᠡᠨ᠎ᠦ ᠵᠦᠢᠯ᠎ᠦᠨ ᠬᠠᠭᠤᠴᠢᠨ᠎ᠢᠶᠠᠷ ᠰᠢᠨ᠎ᠡ᠎ᠶᠢ ᠰᠣᠯᠢᠬᠤ ᠨᠥᠬᠥᠪᠦᠷᠢ ᠵᠢ
ᠨᠡᠮᠡᠭᠳᠡᠭᠦᠯᠵᠦ᠂ ᠪᠣᠳᠠᠲᠤ ᠴᠣᠭᠴᠠ᠎ᠶᠢᠨ ᠵᠢᠵᠢᠭᠯᠡᠨ ᠬᠤᠳᠠᠯᠳᠤᠬᠤ᠎ᠶᠢ ᠳᠡᠮᠵᠢᠬᠦ ᠡᠷᠴᠢᠮ᠎ᠢᠶᠡᠨ
ᠴᠢᠨᠭᠭᠠᠳᠬᠠᠬᠤ ᠵᠢ ᠵᠣᠷᠢᠭ᠍ᠵᠢᠭᠤᠯᠤᠨ᠎ᠠ ᠭᠡᠵᠡᠢ᠃
✦ ᠥᠪᠥᠷ ᠮᠣᠩᠭᠣᠯ᠎ᠤᠨ ᠥᠪᠡᠷᠲᠡᠭᠡᠨ ᠵᠠᠰᠠᠬᠤ
ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠡᠴᠡ ᠣᠢᠯᠠᠭᠠᠭᠰᠠᠨ᠎ᠢᠶᠠᠷ᠂ 2025 ᠣᠨ᠎ᠳᠤ ᠥᠪᠥᠷ ᠮᠣᠩᠭᠣᠯ
ᠠᠷᠠᠳ᠎ᠲᠤ ᠠᠰᠢᠭ᠋ ᠬᠦᠷᠲᠡᠭᠡᠬᠦ ᠡᠳ᠋᠎ᠦᠨ ᠵᠠᠰᠠᠭ᠎ᠤᠨ ᠨᠥᠬᠥᠪᠦᠷᠢ ᠣᠯᠭᠣᠬᠤ ᠠᠵᠢᠯ᠎ᠤᠨ ᠶᠠᠰᠤ ᠴᠢᠨᠠᠷ ᠦᠷ᠎ᠡ
ᠠᠰᠢᠭ᠋᠎ᠢ ᠳᠡᠭᠡᠭᠰᠢᠯᠡᠭᠦᠯᠬᠦ᠎ᠶᠢ ᠦᠷᠭᠦᠯᠵᠢᠯᠡᠨ ᠠᠬᠢᠭᠤᠯᠵᠤ᠂ ᠪᠥᠬᠥ ᠵᠢᠯ᠎ᠳᠦ ᠨᠡᠶ᠋ᠢᠲᠡ 493.14
ᠳ᠋ᠦᠩᠰᠢᠭᠤᠷ ᠲᠥᠭᠥᠷᠢᠭ᠎ᠦᠨ ᠨᠥᠬᠥᠪᠦᠷᠢ ᠮᠥᠩᠭᠥ ᠲᠠᠷᠬᠠᠭᠠᠵᠤ᠂ ᠠᠳᠠᠯᠢ ᠬᠤᠭᠤᠴᠠᠭᠠᠨ᠎ᠤ ᠬᠢ᠎ᠡᠴᠡ
13.02%᠎ᠢᠶᠠᠷ ᠨᠡᠮᠡᠭᠳᠡᠨ᠂ ᠬᠣᠲᠠ ᠬᠥᠳᠡᠭᠡ᠎ᠶᠢᠨ 6126.19 ᠲᠦᠮᠡᠨ ᠬᠥᠮᠥᠨ ᠤᠳᠠᠭ᠎ᠠ ᠳ᠋ᠤ ᠠᠰᠢᠭ ᠬᠦᠷᠲᠡᠭᠡᠪᠡ᠃
ᠲᠠᠮᠢᠷ
✦ 2 ᠤ᠋ᠨ
ᠡᠳᠦᠷ᠂ ᠣᠯᠠᠨ ᠤᠯᠤᠰ᠎ᠤᠨ ᠮᠥᠰᠥᠨ ᠳᠡᠭᠡᠷᠡᠬᠢ ᠯᠤᠦᠲᠤ ᠣᠩᠭᠣᠴᠠ ᠵᠢᠨ ᠬᠣᠯᠪᠣᠭᠠᠲᠤ ᠬᠤᠷᠠᠯ ᠪᠤᠯᠤᠨ ᠰᠢᠯᠢ᠎ᠶᠢᠨ
ᠭᠣᠣᠯ ᠠᠢᠮᠠᠭ᠎ᠤᠨ ᠵᠠᠬᠢᠷᠭ᠎ᠠ᠎ᠠᠴᠠ ᠬᠠᠮᠲᠤᠷᠠᠨ ᠡᠷᠭᠢᠯᠡᠭᠰᠡᠨ ᠲᠠᠪᠤᠨ ᠲᠢᠪ᠎ᠦᠨ ᠮᠥᠰᠥᠨ ᠳᠡᠭᠡᠷᠡᠬᠢ ᠯᠤᠦᠲᠤ
ᠣᠩᠭᠣᠴᠠ ᠵᠢᠨ ᠥᠷᠢᠰᠦᠯᠳᠦᠭᠡᠨ᠎ᠦ ᠤᠷᠤᠯᠳᠤᠭᠠᠨ ᠰᠢᠯᠢᠩᠬᠣᠲᠠ᠎ᠳᠤ ᠡᠬᠢᠯᠡᠵᠦ᠂ ᠳᠤᠮᠳᠠᠳᠤ ᠤᠯᠤᠰ᠂ ᠤᠷᠤᠰ᠂ ᠠᠮᠧᠷᠢᠺᠠ᠂
ᠠᠩᠭ᠌ᠯᠢ᠂ ᠭᠸᠷᠮᠠᠨ ᠵᠡᠷᠭᠡ 20 ᠭᠠᠷᠤᠢ
ᠤᠯᠤᠰ ᠪᠠ ᠭᠠᠵᠠᠷ ᠣᠷᠣᠨ᠎ᠠᠴᠠ ᠢᠷᠡᠭᠰᠡᠨ 29 ᠠᠩᠭᠢ᠎ᠶᠢᠨ
600 ᠰᠢᠬᠠᠮ ᠲᠠᠮᠢᠷᠴᠢᠨ ᠤᠷᠤᠯᠴᠠᠵᠠᠢ᠃

✦ 2᠎ᠤᠨ ᠡᠳᠦᠷ᠂ ᠥᠪᠥᠷ ᠮᠣᠩᠭᠣᠯ᠎ᠤᠨ ᠣᠯᠠᠨ ᠲᠦᠮᠡᠨᠴᠢ
ᠲᠦᠷᠭᠡᠨ ᠲᠡᠰᠢᠯᠲᠡ ᠶ᠋ᠢᠨ ᠬᠣᠯᠪᠣᠭᠠᠲᠤ ᠤᠷᠤᠯᠳᠤᠭᠠᠨ᠎ᠤ ᠰᠢᠢᠳᠪᠦᠷᠢᠲᠦ ᠤᠷᠤᠯᠳᠤᠭᠠᠨ ᠬᠥᠬᠡᠬᠣᠲᠠ ᠳ᠋ᠤ ᠡᠬᠢᠯᠡᠵᠦ᠂ ᠪᠥᠬᠥ ᠣᠷᠣᠨ᠎ᠤ 12 ᠠᠢᠮᠠᠭ
ᠬᠣᠲᠠ᠎ᠶᠢᠨ 200 ᠲᠠᠮᠢᠷᠴᠢᠨᠤᠷᠤᠯᠴᠠᠵᠠᠢ᠃

✦ 1᠎ᠤ ᠡᠳᠦᠷ᠂ ᠰᠢᠯᠢ᠎ᠶᠢᠨ ᠭᠣᠣᠯ ᠠᠢᠮᠠᠭ᠎ᠤᠨ ᠭᠤᠷᠪᠠᠳᠤᠭᠠᠷ
ᠬᠤᠭᠤᠴᠠᠭᠠᠨ᠎ᠤ ᠡᠪᠦᠯ᠎ᠤᠨ ᠤᠯᠠᠷᠢᠯ᠎ᠤᠨ ᠮᠣᠩᠭᠣᠯ ᠮᠣᠷᠢᠨ᠎ᠤ ᠬᠣᠯᠪᠣᠭᠠᠲᠤ ᠤᠷᠤᠯᠳᠤᠭᠠᠨ᠎ᠤ ᠰᠢᠢᠳᠪᠦᠷᠢᠲᠦ ᠤᠷᠤᠯᠳᠤᠭᠠᠨ
ᠰᠢᠯᠢ᠎ᠶᠢᠨ ᠭᠣᠣᠯ᠎ᠤᠨ ᠨᠠᠭᠠᠳᠤᠮ ᠤ᠋ᠨ ᠵᠠᠩ ᠦᠢᠯᠡ᠎ᠶᠢᠨ ᠬᠦᠷᠢᠶᠡᠯᠡᠩ᠎ᠳᠦ ᠬᠥᠰᠢᠭᠡ᠎ᠪᠡᠨ ᠰᠡᠬᠦᠵᠦ᠂ ᠡᠯ᠎ᠡ ᠲᠥᠷᠥᠯ
ᠦ᠋ᠨ ᠤᠷᠤᠯᠳᠤᠭᠠᠨ ᠲᠡᠭᠦᠰ ᠠᠮᠵᠢᠯᠳᠠ ᠲᠠᠢ
ᠦᠨᠳᠦᠷᠯᠡᠵᠡᠢ᠃

ᠳᠡᠯᠡᠬᠡᠢ
✦ 2᠎ᠤᠨ ᠡᠳᠦᠷ᠂ ᠣᠯᠠᠨ ᠤᠯᠤᠰ᠎ᠤᠨ ᠲᠣᠰᠣᠨ᠎ᠤ ᠦᠨ᠎ᠡ
ᠶᠡᠬᠡᠪᠡᠷ ᠪᠠᠭᠤᠷᠠᠪᠠ᠃ ᠨᠢᠦ᠋ ᠶᠣᠷᠺ᠎ᠤᠨ ᠲᠠᠸᠠᠷ᠎ᠤᠨ ᠠᠷᠠᠯᠵᠢᠶᠠᠨ᠎ᠤ ᠭᠠᠵᠠᠷ᠎ᠤᠨ ᠬᠥᠩᠭᠡᠨ ᠲᠦᠭᠦᠬᠡᠢ
ᠲᠣᠰᠣᠨ᠎ᠤ ᠬᠤᠭᠤᠴᠠᠭᠠᠲᠤ ᠪᠠᠷᠠᠭ᠎ᠠ ᠶ᠋ᠢᠨ ᠦᠨ᠎ᠡ᠂ ᠯᠤᠨᠲᠤᠨᠤ ᠪᠦᠯᠦᠨᠲᠤᠨ ᠲᠦᠭᠦᠬᠡᠢ ᠲᠣᠰᠣᠨ᠎ᠤ
ᠬᠤᠭᠤᠴᠠᠭᠠᠲᠤ ᠪᠠᠷᠠᠭ᠎ᠠ ᠶ᠋ᠢᠨ ᠦᠨ᠎ᠡ ᠵᠢᠨ ᠪᠠᠭᠤᠷᠠᠭᠰᠠᠨ ᠬᠡᠮᠵᠢᠶ᠎ᠡ ᠴᠥᠮ 3% ᠶ᠋ᠢ ᠳᠠᠪᠠᠵᠠᠢ᠃
✦ ᠲᠤᠬᠠᠢ᠎ᠶᠢᠨ ᠭᠠᠵᠠᠷ᠎ᠤᠨ ᠴᠠᠭ᠎ᠢᠶᠠᠷ 2
ᠰᠠᠷ᠎ᠠ᠎ᠶᠢᠨ 1᠎ᠦ ᠡᠳᠦᠷ᠂ ᠳᠡᠯᠡᠬᠡᠢ ᠶ᠋ᠢᠨ ᠣᠷᠣᠢᠯᠠᠭᠰᠠᠨ ᠰᠢᠨᠵᠢᠯᠡᠬᠦ ᠤᠬᠠᠭᠠᠨᠲᠠᠳ᠎ᠤᠨ ᠲᠦᠷᠦᠭᠦᠴᠦᠳ ᠦ᠋ᠨ
ᠬᠤᠷᠠᠯ ᠠᠷᠠᠪ᠎ᠤᠨ ᠬᠣᠯᠪᠣᠭᠠᠲᠤ ᠠᠬᠠᠮᠠᠳ᠎ᠲᠤ ᠤᠯᠤᠰ᠎ᠤᠨ ᠳ᠋ᠦᠪᠠᠢ ᠳ᠋ᠤ ᠶᠠᠪᠤᠭᠳᠠᠵᠤ᠂ 39 ᠨᠤᠪᠸᠯᠤᠨ
ᠱᠠᠩᠨᠠᠯ ᠬᠦᠷᠲᠡᠭᠴᠢ᠂ 6 ᠲᠦᠷᠢᠩ ᠱᠠᠩᠨᠠᠯ ᠬᠦᠷᠲᠡᠭᠴᠢ᠂ 7 ᠸᠤᠯᠹ ᠱᠠᠩᠨᠠᠯ ᠬᠦᠷᠲᠡᠭᠴᠢ᠎ᠶᠢ
ᠪᠠᠭᠲᠠᠭᠠᠭᠰᠠᠨ ᠪᠦᠬᠦ ᠪᠥᠮᠪᠥᠷᠴᠡᠭ ᠦ᠋ᠨ 71 ᠣᠷᠣᠢᠯᠠᠭᠰᠠᠨ
ᠰᠢᠨᠵᠢᠯᠡᠬᠦ ᠤᠬᠠᠭᠠᠨᠲᠠᠨ ᠵᠢᠴᠢ ᠪᠤᠰᠤᠳ ᠳᠡᠯᠡᠬᠡᠢ᠎ᠶᠢᠨ ᠲᠡᠷᠢᠭᠦᠨ ᠵᠡᠷᠭᠡ᠎ᠶᠢᠨ ᠰᠢᠨᠵᠢᠯᠡᠬᠦ ᠤᠬᠠᠭᠠᠨ᠎ᠤ
ᠱᠠᠩᠨᠠᠯ ᠬᠦᠷᠲᠡᠭᠴᠢᠳ ᠤᠷᠤᠯᠴᠠᠵᠤ᠂ 《ᠰᠠᠭᠤᠷᠢ ᠰᠢᠨᠵᠢᠯᠡᠬᠦ ᠤᠬᠠᠭᠠᠨ᠄ ᠬᠥᠮᠥᠨ
ᠲᠥᠷᠥᠯᠬᠢᠲᠡᠨ᠎ᠦ ᠢᠷᠡᠭᠡᠳᠦᠢ ᠶ᠋ᠢᠨ ᠥᠷᠢᠰᠦᠯᠳᠦᠭᠡᠨ᠎ᠢ ᠠᠷᠭᠠᠴᠠᠭᠠᠬᠤ》 ᠰᠡᠳᠦᠪ ᠤ᠋ᠨ ᠲᠣᠭᠣᠷᠢᠨ ᠳ᠋ᠤ ᠦᠵᠡᠯ ᠪᠤᠳᠤᠯ ᠵᠢᠡᠨ ᠰᠤᠯᠢᠯᠴᠠᠵᠠᠢ᠃

✦ ᠲᠥᠪ ᠲᠧᠯᠸᠢᠰ᠎ᠦᠨ ᠮᠡᠳᠡᠭᠡ ᠶ᠋ᠢ ᠦᠨᠳᠦᠰᠦᠯᠡᠪᠡᠯ᠂ ᠲᠤᠬᠠᠢ ᠶ᠋ᠢᠨ ᠭᠠᠵᠠᠷ᠎ᠤᠨ ᠴᠠᠭ᠎ᠢᠶᠠᠷ 2 ᠰᠠᠷ᠎ᠠ ᠶ᠋ᠢᠨ 1᠎ᠦ ᠡᠳᠦᠷ᠂
ᠸᠧᠨᠧᠽᠦ᠋ᠧᠯᠠ᠎ᠶᠢᠨ ᠰᠢᠩᠭᠡᠨᠵᠢᠮᠡᠯ ᠴᠢᠯᠠᠭᠤᠨ ᠲᠤᠰᠤᠨ᠎ᠤ ᠬᠡᠢ᠎ᠶᠢ ᠠᠴᠢᠶᠠᠯᠠᠭᠰᠠᠨ ᠠᠩᠬᠠᠳᠠᠭ᠍ᠴᠢ ᠬᠥᠯᠭᠡ
ᠣᠩᠭᠣᠴᠠ ᠠᠮᠵᠢᠯᠲᠠ᠎ᠲᠠᠢ᠎ᠪᠠᠷ ᠠᠶᠠᠯᠠᠯ ᠵᠢᠡᠨ ᠡᠬᠢᠯᠡᠭᠦᠯᠵᠦ᠂ ᠲᠤᠰ ᠤᠯᠤᠰ᠎ᠤᠨ ᠠᠩᠬᠠᠳᠠᠭ᠍ᠴᠢ
ᠰᠢᠩᠭᠡᠨᠵᠢᠮᠡᠯ ᠴᠢᠯᠠᠭᠤᠨ ᠲᠤᠰ᠎ᠤᠨ ᠤ᠋ ᠬᠡᠢ᠎ᠶᠢ ᠭᠠᠳᠠᠭᠠᠳᠤ᠎ᠳᠤ ᠭᠠᠷᠭᠠᠬᠤ᠎ᠶᠢ ᠪᠡᠶᠡᠯᠡᠭᠦᠯᠵᠡᠢ᠃
ᠦᠢᠯᠡᠴᠢᠯᠡᠭᠡ
✦ ᠥᠪᠥᠷ ᠮᠣᠩᠭᠣᠯ᠎ᠤᠨ ᠡᠷᠡᠭᠦᠯ ᠬᠠᠮᠠᠭᠠᠯᠠᠯ᠎ᠤᠨ ᠠᠵᠢᠯ
ᠮᠡᠷᠭᠡᠵᠢᠯ᠎ᠦᠨ ᠰᠤᠷᠭᠠᠭᠤᠯᠢ ᠠᠵᠢᠯᠲᠠᠨ ᠡᠯᠰᠡᠵᠦ ᠪᠠᠢᠨ᠎ᠠ᠃
ᠲᠠᠨ᠎ᠤ ᠲᠤᠰᠠ᠎ᠳᠤ
✦ ᠳᠠᠪᠤᠰᠤᠯᠠᠭᠰᠠᠨ ᠮᠢᠬ᠎ᠠ ᠨᠤᠭᠤᠭ᠎ᠠ᠂ ᠲᠦᠭᠦᠬᠡᠢ
ᠬᠦᠢᠲᠡᠨ ᠢᠳᠡᠭᠡᠨ᠂ ᠪᠥᠭᠡᠷᠡᠩᠬᠡᠢ ᠰᠣᠩᠭᠢᠨ᠎ᠠ᠂ ᠠᠮᠲᠠᠲᠤ ᠲᠥᠮᠥᠰᠥ᠂ ᠯᠤᠤᠪᠠᠩ᠂ ᠺᠣᠹᠧ᠂ ᠥᠳᠬᠡᠨ ᠴᠠᠢ
ᠵᠡᠷᠭᠡ ᠵᠢ ᠬᠡᠲᠦᠷᠡᠳᠡᠯ᠎ᠠ ᠡᠳ᠋ᠯᠡᠪᠡᠯ ᠬᠣᠳᠣᠭᠣᠳᠤ᠎ᠶᠢ ᠭᠡᠮᠲᠦᠭᠡᠵᠦ ᠮᠡᠳᠡᠬᠦ ᠤᠴᠢᠷ ᠡᠴᠡ ᠡᠳᠦᠷ ᠳᠤᠳᠤᠮ
ᠳ᠋ᠤ ᠬᠡᠮᠵᠢᠶ᠎ᠠ ᠲᠠᠢ ᠢᠳᠡᠬᠦ ᠬᠡᠷᠡᠭᠳᠡᠢ᠃

ᠵᠠᠯᠭᠠᠭᠠᠳ 《ᠡᠷᠬᠡᠯᠡᠵᠦ ᠲᠠᠨᠢᠭᠰᠠᠨ
ᠬᠤᠷᠸ᠎ᠠ》 ᠬᠡᠬᠦ ᠲᠠᠭᠤᠤ
ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ᠎ᠤ
ᠬᠦᠯᠢᠶᠡᠨ ᠠᠪᠴᠤ᠌ ᠰᠤᠨᠤᠰᠤᠬ᠍ᠰᠠᠨ ᠳ᠋ᠤ ᠪᠠᠶᠠᠷᠯᠠᠯ᠎ᠠ᠂ ᠪᠠᠶᠠᠷᠳᠠᠢ!
(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ
ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ
ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ
ᠬᠤᠳᠠ᠂ ᠬᠤᠰᠢᠭᠤ ᠰᠢᠶᠠᠨ᠎ᠤ ᠵᠢᠷᠬᠢᠶ᠎ᠠ᠎ᠶᠢᠨ ᠲᠠᠪᠴᠠᠩ)