



ᠬᠣᠶᠠᠷ ᠬᠤᠷᠠᠯ᠎ᠤᠨ ᠲᠤᠰᠭᠠᠢ ᠮᠡᠳᠡᠭᠡᠯᠡᠯ
✦ 2 ᠰᠠᠷ᠎ᠠ᠎ᠶᠢᠨ 4᠎ᠦ ᠦᠳᠡ᠎ᠶᠢᠨ ᠡᠮᠦᠨᠡᠬᠢ 9
ᠴᠠᠭ᠎ᠲᠤ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠦᠨ
ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ ᠬᠥᠬᠡᠬᠣᠲᠠ᠎ᠳᠤ ᠡᠬᠢᠯᠡᠵᠦ᠂ ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ
ᠵᠠᠰᠠᠭ᠎ᠤᠨ ᠤᠷᠳᠤᠨ᠎ᠤ ᠲᠡᠷᠢᠬᠦᠯᠡᠭᠴᠢ ᠪᠤᠤ ᠭᠠᠡᠭ ᠵᠠᠰᠠᠭ᠎ᠤᠨ ᠤᠷᠳᠤᠨ᠎ᠤ ᠠᠵᠢᠯ᠎ᠤᠨ ᠢᠯᠡᠳᠬᠡᠯ ᠬᠢᠪᠡ᠃

ᠨᠡᠢᠭᠡᠮ
✦ 3 ᠤ᠋ ᠡᠳᠦᠷ᠂ 2026 ᠣᠨ᠎ᠤ ᠲᠥᠪ᠎ᠤᠨ ᠨᠢᠭᠡᠳᠦᠭᠡᠷ ᠲᠣᠭᠠᠲᠤ ᠪᠢᠴᠢᠭ ᠮᠠᠲᠧᠷᠢᠶᠠᠯ ᠢ᠋ ᠵᠢᠩᠬᠢᠨᠢ᠎ᠪᠡᠷ ᠨᠡᠢᠲᠡᠯᠡᠵᠦ᠂ 《ᠬᠥᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ》᠎ᠤ
ᠠᠵᠢᠯ᠎ᠤᠨ ᠲᠣᠭᠣᠷᠢᠨ᠎ᠳᠤ 6 ᠲᠠᠯ᠎ᠠ᠎ᠶᠢᠨ᠂ 27 ᠵᠦᠢᠯ᠎ᠦᠨ ᠠᠷᠭ᠎ᠠ ᠬᠡᠮᠵᠢᠶ᠎ᠡ᠎ᠶᠢ ᠳᠤᠷᠠᠳᠴᠠᠢ᠃
✦ ᠣᠢᠷ᠎ᠠ᠎ᠳᠤ ᠤᠯᠤᠰ᠎ᠤᠨ
ᠡᠮᠴᠢᠯᠡᠭᠡᠨ᠎ᠤ ᠪᠠᠳᠤᠯᠠᠭ᠎ᠠ ᠵᠢᠨ ᠲᠣᠪᠴᠢᠶ᠎ᠠ ᠡᠴᠡ 《2026 ᠣᠨ᠎ᠤ ᠡᠮ ᠡᠮᠨᠡᠯᠭᠡ᠎ᠶᠢᠨ ᠳᠠᠭᠠᠳᠬᠠᠯ᠎ᠤᠨ ᠰᠠᠭᠤᠷᠢ
ᠮᠥᠩᠭᠥ᠎ᠶᠢᠨ ᠬᠢᠨᠠᠯᠲᠠ ᠬᠠᠮᠢᠶᠠᠷᠤᠯᠲᠠ᠎ᠶᠢᠨ ᠠᠵᠢᠯ᠎ᠢ ᠰᠠᠢᠲᠤᠷ ᠬᠢᠬᠦ ᠲᠤᠬᠠᠢ ᠮᠡᠳᠡᠭᠳᠡᠯ》 ᠢ᠋ ᠳᠠᠷᠤᠮᠠᠯᠯᠠᠨ
ᠲᠠᠷᠬᠠᠭᠠᠵᠤ᠂ ᠰᠢᠨ᠎ᠡ ᠨᠢᠭᠡ ᠵᠢᠯ᠎ᠦᠨ ᠡᠮ ᠡᠮᠨᠡᠯᠭᠡ ᠶ᠋ᠢᠨ ᠳᠠᠭᠠᠳᠬᠠᠯ᠎ᠤᠨ ᠰᠠᠭᠤᠷᠢ ᠮᠥᠩᠭᠥ᠎ᠶᠢᠨ ᠬᠢᠨᠠᠯᠲᠠ
ᠬᠠᠮᠢᠶᠠᠷᠤᠯᠲᠠ᠎ᠶᠢᠨ ᠠᠵᠢᠯ᠎ᠢ ᠪᠥᠬᠥ ᠲᠠᠯ᠎ᠠ᠎ᠪᠠᠷ ᠪᠠᠢᠷᠢᠯᠠᠭᠤᠯᠵᠤ᠂ ᠡᠮ ᠡᠮᠨᠡᠯᠭᠡ᠎ᠶᠢᠨ ᠳᠠᠭᠠᠳᠬᠠᠯ᠎ᠤᠨ ᠰᠠᠭᠤᠷᠢ
ᠮᠥᠩᠭᠥ᠎ᠶᠢ ᠬᠠᠤᠯᠢ ᠲᠣᠭᠲᠠᠭᠠᠯ᠎ᠢ ᠵᠥᠷᠢᠴᠡᠨ ᠬᠡᠷᠡᠭᠯᠡᠬᠦ ᠠᠰᠠᠭᠤᠳᠠᠯ᠎ᠢ ᠭᠦᠨᠵᠡᠭᠡᠢ ᠴᠡᠭᠴᠡᠯᠡᠨ ᠵᠠᠰᠠᠵᠤ᠂
ᠬᠢᠨᠠᠯᠲᠠ ᠬᠠᠮᠢᠶᠠᠷᠤᠯᠲᠠ᠎ᠶᠢᠨ ᠡᠷᠴᠢᠮ᠎ᠢ ᠦᠷᠭᠦᠯᠵᠢᠯᠡᠨ ᠴᠢᠩᠭᠠᠳᠬᠠᠪᠠ᠃
✦ ᠳᠤᠮᠳᠠᠳᠤ ᠤᠯᠤᠰ᠎ᠤᠨ
ᠰᠠᠨᠰᠠᠷ᠎ᠤᠨ ᠠᠶᠠᠯᠠᠯ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠪᠦᠯᠦᠭᠯᠡᠯ᠎ᠦᠨ ᠠᠷᠪᠠᠨ ᠨᠢᠭᠡᠳᠦᠭᠡᠷ
ᠬᠦᠷᠢᠶᠡᠯᠡᠩ᠎ᠦᠨ ᠰᠤᠳᠤᠯᠤᠨ ᠦᠢᠯᠡᠳᠦᠭᠰᠡᠨ ᠪᠦᠬᠦ ᠪᠥᠮᠪᠥᠷᠴᠡᠭ᠎ᠦᠨ ᠠᠩᠬᠠᠳᠠᠭ᠍ᠴᠢ ᠬᠣᠯᠢᠮᠠᠭ ᠬᠥᠳᠡᠯᠭᠡᠬᠦ ᠬᠦᠴᠦᠨᠲᠦ
ᠵᠢᠯᠣᠭᠣᠴᠢ ᠦᠭᠡᠢ ᠲᠡᠭᠡᠭᠡᠪᠦᠷᠢ᠎ᠶᠢᠨ ᠨᠢᠰᠬᠡᠯ ᠥᠩᠭᠡᠲᠦ ᠰᠣᠯᠣᠩᠭ᠎ᠠ YH-1000S᠎ᠢ ᠣᠢᠷ᠎ᠠ᠎ᠳᠤ ᠴᠦᠩᠴᠢᠩ᠎ᠦᠨ ᠯᠢᠶᠠᠩ ᠫᠢᠩ᠎ᠳᠦ ᠠᠮᠵᠢᠯᠲᠠ᠎ᠲᠠᠢ ᠨᠢᠰᠬᠡᠪᠡ᠃

✦ ᠬᠦᠳᠡᠭᠡ ᠠᠵᠤ
ᠠᠬᠤᠢ ᠬᠥᠳᠡᠭᠡ ᠲᠣᠰᠬᠣᠨ᠎ᠤ ᠶᠠᠮᠤᠨ 《ᠲᠠᠷᠢᠶᠠᠯᠠᠩ᠎ᠤᠨ ᠪᠦᠲᠦᠭᠡᠭᠳᠡᠬᠦᠨ᠎ᠦ ᠶᠠᠰᠤ ᠴᠢᠨᠠᠷ᠎ᠤᠨ
ᠠᠮᠤᠷ ᠲᠦᠪᠰᠢᠨ᠎ᠦ ᠠᠮᠠᠯᠠᠯᠲᠠ᠎ᠶᠢᠨ ᠪᠠᠷᠢᠮᠵᠢᠶ᠎ᠠ᠎ᠳᠤ ᠬᠦᠷᠬᠦ ᠬᠢᠷᠢ ᠲᠡᠩᠴᠡᠭᠰᠡᠨ ᠦᠨᠡᠮᠯᠡᠯ᠎ᠦᠨ ᠬᠠᠮᠢᠶᠠᠷᠤᠯᠲᠠ᠎ᠶᠢᠨ
ᠠᠷᠭ᠎ᠠ》 ᠶ᠋ᠢ ᠵᠢᠩᠬᠢᠨᠢ᠎ᠪᠡᠷ ᠬᠡᠷᠡᠭᠵᠢᠭᠦᠯᠵᠦ᠂ ᠮᠠᠨ᠎ᠤ ᠤᠯᠤᠰ ᠤ᠋ᠨ ᠲᠠᠷᠢᠶᠠᠯᠠᠩ᠎ᠤᠨ
ᠪᠦᠲᠦᠭᠡᠭᠳᠡᠬᠦᠨ᠎ᠦ ᠰᠢᠨ᠎ᠡ 《ᠪᠡᠶ᠎ᠡ᠎ᠶᠢᠨ ᠦᠨᠡᠮᠯᠡᠯ》 — ᠲᠠᠷᠢᠶᠠᠯᠠᠩ᠎ᠤᠨ ᠪᠦᠲᠦᠭᠡᠭᠳᠡᠬᠦᠨ᠎ᠦ ᠶᠠᠰᠤ ᠴᠢᠨᠠᠷ᠎ᠤᠨ ᠠᠮᠤᠷ ᠲᠦᠪᠰᠢᠨ᠎ᠦ ᠠᠮᠠᠯᠠᠯᠲᠠ᠎ᠶᠢᠨ ᠪᠠᠷᠢᠮᠵᠢᠶ᠎ᠠ᠎ᠳᠤ
ᠬᠦᠷᠬᠦ ᠬᠢᠷᠢ ᠲᠡᠩᠴᠡᠭᠰᠡᠨ ᠦᠨᠡᠮᠯᠡᠯ᠎ᠢ ᠪᠥᠬᠥ ᠲᠠᠯ᠎ᠠ᠎ᠪᠠᠷ ᠬᠡᠷᠡᠭᠵᠢᠬᠦᠯᠪᠡ᠃
✦ ᠥᠪᠥᠷ
ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠨᠭᠬᠢᠮ ᠡᠴᠡ ᠤᠢᠯᠠᠭᠠᠭᠰᠠᠨ
ᠵᠢᠡᠷ᠂ 2026 ᠣᠨ ᠠ᠋ᠴᠠ ᠡᠬᠢᠯᠡᠨ ᠪᠥᠬᠥ ᠣᠷᠣᠨ᠎ᠤ ᠬᠡᠪᠴᠢᠶᠡᠨ᠎ᠳᠦ ᠣᠷᠣᠰᠢᠭᠤᠯᠭ᠎ᠠ᠎ᠶᠢᠨ ᠰᠦᠢᠳᠬᠡᠯ᠎ᠢ
ᠬᠠᠰᠤᠵᠤ ᠬᠡᠯᠲᠦᠷᠢᠭᠦᠯᠬᠦ ᠲᠥᠷᠥ᠎ᠶᠢᠨ ᠪᠣᠳᠣᠯᠭ᠎ᠠ᠎ᠶᠢ ᠬᠡᠷᠡᠭᠵᠢᠭᠦᠯᠵᠦ᠂ ᠬᠤᠳᠠ ᠬᠥᠳᠡᠭᠡ ᠶᠢᠨ ᠣᠷᠣᠯᠭ᠎ᠠ
ᠪᠠᠭ᠎ᠠ ᠬᠦᠴᠢᠷᠳᠡᠯᠲᠡᠢ ᠬᠦᠮᠦᠰ ᠵᠡᠷᠭᠡ ᠵᠢᠨ ᠣᠷᠣᠰᠢᠭᠤᠯᠭ᠎ᠠ ᠶᠢᠨ ᠦᠨᠳᠦᠰᠦᠨ ᠦᠢᠯᠡᠴᠢᠯᠡᠭᠡᠨ᠎ᠦ
ᠵᠠᠷᠤᠳᠠᠯ᠎ᠢ ᠬᠡᠯᠲᠦᠷᠢᠭᠦᠯᠦᠭᠰᠡᠨ ᠰᠠᠭᠤᠷᠢᠨ ᠳᠡᠭᠡᠷ᠎ᠡ᠂ ᠬᠠᠮᠤᠷᠬᠤ ᠬᠡᠪᠴᠢᠶ᠎ᠡ᠎ᠶᠢ ᠣᠨᠴᠠ ᠬᠦᠴᠢᠷᠳᠡᠯᠲᠡᠢ
ᠬᠦᠮᠦᠰ᠎ᠠᠴᠠ ᠨᠥᠬᠥᠴᠡᠯ᠎ᠳᠦ ᠨᠡᠢᠴᠡᠬᠦ ᠬᠤᠳᠠ ᠬᠥᠳᠡᠭᠡ᠎ᠶᠢᠨ ᠪᠦᠬᠦ ᠰᠠᠭᠤᠭᠠᠯᠢ ᠠᠷᠠᠳ ᠬᠦᠷᠲᠡᠯ᠎ᠡ
ᠥᠷᠭᠡᠳᠬᠡᠨ᠎ᠡ᠃
✦ ᠰᠥᠨᠢᠳ ᠪᠠᠷᠠᠭᠤᠨ
ᠬᠣᠰᠢᠭᠤᠨ᠎ᠤ ᠠᠷᠠᠳ᠎ᠤᠨ ᠰᠢᠭᠦᠬᠦ ᠬᠣᠷᠢᠶ᠎ᠠ ᠴᠠᠯᠢᠩ ᠥᠷᠢᠲᠦᠬᠦ ᠶᠢ ᠴᠡᠭᠴᠡᠯᠡᠬᠦ ᠠᠵᠢᠯᠯᠠᠭ᠎ᠠ᠎ᠶᠢ ᠲᠥᠪᠯᠡᠷᠡᠭᠦᠯᠦᠨ
ᠥᠷᠨᠢᠭᠦᠯᠵᠦ᠂ ᠬᠥᠯᠥᠰᠦᠨ ᠠᠵᠢᠯᠴᠢᠨ᠎ᠤ ᠴᠠᠯᠢᠩ ᠥᠷᠢᠲᠦᠭᠰᠡᠨ ᠤᠯᠠᠨ ᠬᠡᠷᠡᠭ᠎ᠢ ᠥᠨᠳᠥᠷ ᠪᠦᠲᠦᠮᠵᠢᠲᠡᠶ᠎ᠪᠡᠷ ᠭᠦᠢᠴᠡᠳᠬᠡᠵᠦ᠂
42 ᠬᠥᠯᠥᠰᠦᠨ ᠠᠵᠢᠯᠴᠢᠨ᠎ᠢ ᠬᠠᠪᠰᠤᠷᠤᠨ 129 ᠲᠦᠮᠡ ᠭᠠᠷᠤᠢ ᠲᠥᠭᠥᠷᠢᠭ᠎ᠦᠨ ᠬᠥᠳᠡᠯᠮᠦᠷᠢ᠎ᠶᠢᠨ ᠬᠥᠯᠥᠰᠦ ᠣᠯᠭᠣᠮᠵᠢ᠎ᠶᠢ
ᠨᠡᠬᠡᠮᠵᠢᠯᠡᠨ ᠠᠪᠴᠢᠷᠠᠵᠠᠢ᠃

✦ ᠣᠳᠣᠬᠠᠨ᠎ᠳᠤ ᠬᠥᠪᠡᠭᠡᠲᠦ
ᠰᠢᠷ᠎ᠠ ᠬᠣᠰᠢᠭᠤᠨ᠎ᠤ ᠬᠢᠨ 2025 ᠣᠨ᠎ᠤ ᠡᠪᠦᠯ ᠬᠠᠪᠤᠷ᠎ᠤᠨ ᠠᠪᠤᠷᠠᠨ ᠲᠤᠰᠠᠯᠠᠬᠤ ᠪᠡᠯᠡ ᠮᠥᠩᠭᠥ ᠲᠠᠷᠬᠠᠭᠠᠬᠤ
ᠠᠵᠢᠯ᠎ᠢ ᠨᠢᠭᠡᠨᠲᠡ ᠪᠡᠶᠡᠯᠡᠭᠦᠯᠵᠦ᠂ ᠨᠡᠶ᠋ᠢᠲᠡ 130.30 ᠲᠦᠮᠡᠨ ᠲᠥᠭᠥᠷᠢᠭ ᠲᠠᠷᠬᠠᠭᠠᠵᠤ᠂ 3086 ᠡᠷᠦᠬᠡ᠎ᠶᠢᠨ
5429 ᠬᠥᠮᠥᠨ᠎ᠢ ᠠᠪᠤᠷᠠᠨ ᠲᠤᠰᠠᠯᠠᠵᠤ᠂ ᠠᠪᠤᠷᠠᠨ ᠲᠤᠰᠠᠯᠠᠬᠤ ᠵᠣᠭᠣᠰ᠎ᠢ ᠨᠢᠭᠡᠨᠲᠡ ᠭᠠᠮᠰᠢᠭ᠍ᠳᠠᠭᠰᠠᠨ ᠮᠠᠯᠴᠢᠳ᠎ᠲᠤ
ᠰᠢᠭᠤᠳ ᠣᠯᠭᠣᠭᠰᠠᠨ ᠪᠠᠢᠨ᠎ᠠ᠃
✦ ᠣᠳᠣᠬᠠᠨ ᠪᠣᠯᠲᠠᠯ᠎ᠠ
ᠬᠦᠷᠢᠶ᠎ᠡ ᠬᠣᠰᠢᠭᠤ 518 ᠳᠤᠯᠠᠭᠠᠨ ᠬᠦᠯᠡᠮᠵᠢ᠂ 9 ᠲᠤᠰᠬᠠᠢᠵᠢᠭ᠍ᠰᠠᠨ ᠪᠠᠭ᠎ᠠ ᠲᠣᠭᠣᠷᠢᠭ᠋᠎ᠢ ᠪᠠᠢᠭᠤᠯᠵᠤ᠂ ᠲᠥᠬᠥᠭᠡᠷᠦᠮᠵᠢᠲᠦ
ᠲᠠᠷᠢᠶᠠᠯᠠᠩ᠎ᠤᠨ ᠲᠠᠯᠠᠪᠠᠢ 2306 ᠮᠦ᠍᠎ᠳᠤ ᠬᠦᠷᠴᠦ᠂ ᠵᠢᠯ ᠳᠤᠮᠳᠠᠴᠢ᠎ᠶᠢᠨ ᠭᠠᠷᠤᠯᠲᠠ 2500 ᠲᠣᠨ ᠢ ᠳᠠᠪᠠᠵᠤ᠂ ᠵᠢᠯ ᠳᠤᠮᠳᠠᠴᠢ᠎ᠶᠢᠨ ᠠᠰᠢᠭ᠋ ᠣᠷᠣᠯᠭ᠎ᠠ 2590 ᠲᠦᠮᠡᠨ ᠲᠥᠭᠥᠷᠢᠭ᠎ᠲᠦ ᠬᠦᠷᠴᠦ ᠪᠣᠶ᠃

ᠠᠵᠤ ᠠᠬᠤᠢ
✦ ᠠᠷᠠᠳ᠎ᠤᠨ ᠶᠠᠪᠤᠳᠠᠯ᠎ᠤᠨ
ᠶᠠᠮᠤᠨ᠂ ᠡᠳ᠋᠎ᠦᠨ ᠵᠠᠰᠠᠭ᠎ᠤᠨ ᠶᠠᠮᠤᠨ᠎ᠠᠴᠠ 2026 ᠣᠨ᠎ᠤ ᠲᠥᠪ᠎ᠦᠨ ᠡᠳ᠋᠎ᠦᠨ ᠵᠠᠰᠠᠭ᠎ᠤᠨ ᠬᠦᠴᠢᠷᠳᠡᠯ᠎ᠲᠠᠢ ᠤᠯᠠᠨ
ᠲᠦᠮᠡᠨ᠎ᠢ ᠠᠪᠤᠷᠠᠨ ᠲᠤᠰᠠᠯᠠᠬᠤ ᠨᠥᠬᠥᠪᠦᠷᠢ᠎ᠶᠢᠨ ᠪᠡᠯᠡ ᠮᠥᠩᠭᠥ᠎ᠶᠢ 1410 ᠳ᠋ᠦᠩᠰᠢᠭᠤᠷ ᠲᠥᠭᠥᠷᠢᠭ ᠤᠷᠢᠳᠴᠢᠯᠠᠨ
ᠪᠠᠭᠤᠯᠭᠠᠵᠤ᠂ ᠣᠷᠣᠨ ᠨᠤᠲᠤᠭ᠎ᠤᠨ ᠬᠦᠴᠢᠷᠳᠡᠯ᠎ᠲᠠᠢ ᠤᠯᠠᠨ ᠲᠦᠮᠡᠨ᠎ᠦ ᠦᠨᠳᠦᠰᠦᠨ ᠠᠮᠢᠳᠤᠷᠠᠯ᠎ᠤᠨ ᠪᠠᠲᠤᠯᠠᠭ᠎ᠠ᠎ᠶᠢᠨ
ᠪᠡᠯᠡ ᠮᠥᠩᠭᠥ᠎ᠶᠢᠨ ᠳᠡᠮᠵᠢᠯᠭᠡ᠎ᠶᠢ ᠴᠢᠩᠭᠠᠳᠬᠠᠪᠠ᠃
ᠰᠣᠶᠣᠯ
✦ ᠣᠢᠷ᠎ᠠ᠎ᠳᠤ ᠰᠢᠯᠢ᠎ᠶᠢᠨ
ᠭᠣᠣᠯ ᠠᠢᠮᠠᠭ᠎ᠤᠨ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ ᠪᠣᠯᠣᠨ ᠥᠪᠥᠷ ᠮᠣᠩᠭᠣᠯ᠎ᠤᠨ ᠺᠢᠨᠣ᠋᠎ᠶᠢᠨ
ᠪᠦᠯᠦᠭᠯᠡᠯ᠎ᠦᠨ ᠬᠠᠮᠲᠤᠷᠠᠨ ᠦᠢᠯᠡᠳᠦᠭᠰᠡᠨ 《ᠮᠣᠩᠭᠣᠯ ᠮᠣᠷᠢ》 ᠪᠠᠷᠢᠮᠲᠠᠲᠤ ᠺᠢᠨᠣ᠋
ᠵᠢᠨ ᠰᠣᠨᠢᠨ ᠮᠡᠳᠡᠭᠡ ᠨᠡᠢᠲᠡᠯᠡᠬᠦ ᠬᠤᠷᠠᠯ ᠰᠢᠯᠢᠨᠭᠬᠣᠲᠠᠳᠤ ᠶᠠᠪᠤᠭᠳᠠᠪᠠ᠃ ᠲᠣᠰ ᠺᠢᠨᠣ᠋᠎ᠶᠢ 2026 ᠣᠨ᠎ᠤ
ᠤᠯᠠᠭᠠᠨ ᠮᠣᠷᠢᠨ ᠵᠢᠯ᠎ᠦᠨ ᠴᠠᠭᠠᠨ ᠰᠠᠷ᠎ᠠ᠎ᠶᠢᠨ ᠬᠤᠭᠤᠴᠠᠭᠠᠨ ᠳ᠋ᠤ ᠲᠥᠪ ᠲᠧᠯᠸᠢᠰ᠎ᠦᠨ ᠵᠠᠭᠤᠴᠢᠯᠠᠭᠤᠷ᠎ᠤᠨ ᠲᠠᠪᠴᠠᠩᠵᠢᠡᠷ
ᠨᠡᠪᠲᠡᠷᠡᠭᠦᠯᠬᠦ ᠪᠤᠯᠤᠨ᠎ᠠ᠃

ᠲᠠᠮᠢᠷ
✦ 2᠎ᠤᠨ ᠡᠳᠦᠷ᠂ ᠮᠢᠯᠠᠨ᠎ᠳᠤ
ᠬᠦᠷᠦᠭᠰᠡᠨ ᠳᠤᠮᠳᠠᠳᠤ ᠤᠯᠤᠰ᠎ᠤᠨ ᠠᠷᠪᠠ ᠭᠠᠷᠤᠢ ᠲᠦᠷᠭᠡᠨ ᠲᠡᠰᠢᠯᠲᠡ᠎ᠶᠢᠨ ᠲᠠᠮᠢᠷᠴᠢᠨ ᠮᠢᠯᠠᠨ᠎ᠤ ᠲᠦᠷᠭᠡᠨ ᠲᠡᠰᠢᠯᠲᠡ᠎ᠶᠢᠨ
ᠣᠷᠳᠣᠨ᠎ᠳᠤ ᠠᠩᠬ᠎ᠠ ᠤᠳᠠᠭ᠎ᠠ ᠮᠥᠰᠥᠨ ᠳᠡᠭᠡᠷᠡᠬᠢ ᠪᠣᠯᠪᠠᠰᠤᠷᠠᠯ ᠬᠢᠪᠡ᠃ ᠲᠤᠰ ᠬᠤᠭᠤᠴᠠᠭᠠᠨ᠎ᠤ ᠡᠪᠦᠯ ᠦ᠋ᠨ ᠤᠯᠠᠷᠢᠯ᠎ᠤᠨ
ᠣᠯᠢᠮᠫᠢᠺ᠎ᠤᠨ ᠲᠠᠮᠢᠷ᠎ᠤᠨ ᠴᠤᠭᠯᠠᠭᠠᠨ ᠳ᠋ᠤ ᠳᠤᠮᠳᠠᠳᠤ ᠤᠯᠤᠰ᠎ᠤᠨ ᠠᠩᠭᠢ ᠡᠷᠡᠭᠲᠡᠢ ᠵᠢᠨ 7 ᠤᠷᠤᠯᠳᠤᠭᠠᠨ᠂ ᠡᠮᠡᠭᠲᠡᠢ᠎ᠶᠢᠨ 8 ᠤᠷᠤᠯᠳᠤᠭᠠᠨ᠂ ᠨᠡᠶ᠋ᠢᠲᠡ 15 ᠤᠷᠤᠯᠳᠤᠭᠠᠨ᠎ᠳᠤ ᠣᠷᠣᠯᠴᠠᠬᠤ ᠣᠷᠣᠨ
ᠲᠣᠭ᠎ᠠ᠎ᠶᠢ ᠣᠯᠵᠠᠢ᠃

✦ ᠥᠪᠥᠷ ᠮᠣᠩᠭᠣᠯ᠎ᠤᠨ
ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶᠢᠨ ᠲᠠᠮᠢᠷ᠎ᠤᠨ ᠲᠣᠪᠴᠢᠶ᠎ᠠ᠎ᠠᠴᠠ ᠣᠢᠯᠠᠭᠠᠭᠰᠠᠨ᠎ᠢᠶᠠᠷ᠂ 《2026 ᠣᠨ᠎ᠤ ᠥᠪᠥᠷ
ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠯ ᠪᠥᠮᠪᠥᠭᠡ᠎ᠶᠢᠨ ᠬᠡᠲᠦ ᠲᠠᠰ᠎ᠤᠨ ᠬᠣᠯᠪᠣᠭᠠᠲᠤ ᠤᠷᠤᠯᠳᠤᠭᠠᠨ᠎ᠤ
ᠤᠷᠤᠯᠳᠤᠭᠠᠨ᠎ᠤ ᠳᠦᠷᠢᠮ》᠎ᠢ ᠤᠢᠷ᠎ᠠ ᠳ᠋ᠤ ᠨᠡᠢᠲᠡᠯᠡᠵᠦ᠂ ᠨᠡᠷ᠎ᠡ ᠮᠡᠳᠡᠭᠦᠯᠬᠦ ᠲᠠᠮᠢᠷᠴᠢᠨ ᠡᠷᠬᠡᠪᠰᠢ
ᠳᠤᠮᠳᠠᠳᠤ ᠤᠯᠤᠰ᠎ᠤᠨ ᠤᠯᠤᠰ᠎ᠤᠨ ᠬᠠᠷᠢᠶ᠎ᠠ ᠵᠢᠴᠢ ᠬᠦᠴᠦᠨ ᠪᠦᠬᠦᠢ ᠪᠡᠶ᠎ᠡ᠎ᠶᠢᠨ ᠦᠨᠡᠮᠯᠡᠯ ᠲᠠᠢ ᠪᠠᠢᠬᠤ ᠬᠡᠷᠡᠭᠲᠡᠢ
ᠭᠡᠵᠦ ᠲᠣᠳᠣᠷᠬᠠᠢ ᠲᠤᠭᠲᠠᠭᠠᠵᠠᠢ᠃
✦ ᠤᠢᠷ᠎ᠠ ᠳ᠋ᠤ ᠬᠣᠶᠠᠳᠤᠭᠠᠷ ᠬᠤᠭᠤᠴᠠᠭᠠᠨ᠎ᠤ ᠥᠪᠥᠷ ᠮᠣᠩᠭᠣᠯ ᠱᠠᠨᠰᠢ ᠭᠠᠨᠰᠤ ᠨᠢᠩᠰᠢᠶᠠ ᠵᠢᠨ ᠣᠯᠠᠨ ᠲᠦᠮᠡᠨᠴᠢ ᠴᠠᠨᠠᠯᠠᠯᠳᠠ ᠵᠢᠨ ᠤᠷᠢᠯᠭ᠎ᠠ᠎ᠶᠢᠨ
ᠤᠷᠤᠯᠳᠤᠭᠠᠨ ᠣᠷᠳᠣᠰ ᠬᠣᠲᠠ᠎ᠳᠤ ᠶᠠᠪᠤᠭᠳᠠᠵᠤ᠂ ᠥᠪᠥᠷ ᠮᠣᠩᠭᠣᠯ᠂ ᠱᠠᠨᠰᠢ᠂ ᠭᠠᠨᠰᠤ᠂ ᠨᠢᠩᠰᠢᠶᠠ ᠵᠡᠷᠭᠡ 12 ᠮᠤᠵᠢ
ᠣᠷᠣᠨ ᠬᠣᠲᠠ᠎ᠶᠢᠨ 500 ᠭᠠᠷᠤᠢ ᠬᠥᠮᠦᠨᠣᠷᠣᠯᠴᠠᠵᠠᠢ᠃

ᠳᠡᠯᠡᠬᠡᠢ
✦ ᠢᠷᠡᠨ᠎ᠤ ᠶᠡᠷᠦᠩᠬᠡᠢᠯᠡᠭᠴᠢ
3᠎ᠤ ᠡᠳᠦᠷ ᠢᠯᠡᠷᠬᠡᠢᠯᠡᠬᠦ᠎ᠳᠡᠭᠡᠨ᠂ ᠲᠡᠷᠡ ᠪᠡᠷ ᠢᠷᠠᠨ᠎ᠤ ᠭᠠᠳᠠᠭᠠᠳᠤ ᠶᠠᠪᠤᠳᠠᠯ᠎ᠤᠨ ᠶᠠᠮᠤᠨ᠎ᠤ ᠰᠠᠢᠳ᠎ᠢ ᠨᠡᠷ᠎ᠡ
ᠬᠦᠨᠳᠦ᠂ ᠬᠢᠨᠠᠭᠤᠷ ᠪᠣᠯᠭᠣᠮᠵᠢᠲᠠᠢ ᠪᠠᠢᠬᠤ ᠪᠠ ᠪᠣᠳᠠᠲᠠᠢ ᠶ᠋ᠢ ᠡᠷᠬᠢᠮᠯᠡᠬᠦ ᠵᠠᠷᠴᠢᠮ ᠢ᠋ ᠪᠠᠷᠢᠮᠲᠠᠯᠠᠨ ᠠᠮᠧᠷᠢᠺᠠ᠎ᠲᠠᠢ 《ᠡᠷᠬᠡ ᠲᠡᠭᠰᠢ ᠲᠥᠪ ᠭᠣᠣᠯᠴᠢ ᠬᠡᠯᠡᠯᠴᠡᠭᠡ》 ᠬᠢᠬᠦ ᠬᠡᠷᠡᠭᠲᠡᠢ ᠭᠡᠵᠦ ᠵᠢᠭᠠᠪᠤᠷᠢᠯᠠᠵᠠᠢ᠃ ᠡᠭᠦᠨ᠎ᠡᠴᠡ ᠭᠠᠳᠠᠨ᠎ᠠ ᠠᠮᠧᠷᠢᠺᠠ ᠶ᠋ᠢᠨ
ᠵᠠᠭᠤᠴᠢᠯᠠᠭᠤᠷ ᠤ᠋ᠨ ᠮᠡᠳᠡᠭᠡᠯᠡᠭᠰᠡᠨ ᠢ᠋ᠶ᠋ᠡᠷ᠂ ᠠᠮᠧᠷᠢᠺᠠ
ᠶ᠋ᠢᠨ ᠶᠡᠷᠦᠩᠬᠡᠢᠯᠡᠭᠴᠢ ᠶ᠋ᠢᠨ ᠣᠨᠴᠠ ᠡᠯᠴᠢ ᠪᠣᠯᠣᠨ ᠢᠷᠡᠨ᠎ᠤ
ᠭᠠᠳᠠᠭᠠᠳᠤ ᠶᠠᠪᠤᠳᠠᠯ᠎ᠤᠨ ᠶᠠᠮᠤᠨ᠎ᠤ ᠰᠠᠢᠳ 6᠎ᠤ ᠡᠳᠦᠷ ᠲᠦᠷᠺ᠎ᠦᠨ ᠢᠰᠲ᠋ᠠᠨᠪᠦ᠋ᠯ᠎ᠳᠦ ᠠᠭᠤᠯᠵᠠᠬᠤ ᠪᠣᠯᠣᠨ᠎ᠠ᠃

ᠦᠢᠯᠡᠴᠢᠯᠡᠭᠡ
✦ ᠥᠪᠥᠷ ᠮᠣᠩᠭᠣᠯ᠎ᠤᠨ ᠶᠡᠬᠡ
ᠰᠤᠷᠭᠠᠭᠤᠯᠢ ᠳᠡᠭᠡᠳᠦ ᠲᠠᠰ᠎ᠤᠨ ᠴᠢᠳᠠᠪᠤᠷᠢᠲᠠᠨ ᠡᠯᠰᠡᠵᠦ ᠪᠠᠢᠨ᠎ᠠ᠃
✦ ᠥᠪᠥᠷ ᠮᠣᠩᠭᠣᠯ᠎ᠤᠨ ᠰᠣᠷᠣᠭ᠍ᠴᠢ ᠡᠯᠰᠡᠬᠦ ᠰᠢᠯᠭᠠᠯᠲᠠ᠎ᠶᠢᠨ
ᠮᠡᠳᠡᠭᠡ ᠵᠠᠩᠭᠢ᠎ᠶᠢᠨ ᠰᠦᠯᠵᠢᠶ᠎ᠡ᠎ᠡᠴᠡ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2026 ᠣᠨ᠎ᠤ ᠳᠡᠭᠡᠳᠦ
ᠵᠡᠷᠭᠡ᠎ᠶᠢᠨ ᠠᠵᠢᠯ ᠮᠡᠷᠭᠡᠵᠢᠯ᠎ᠦᠨ ᠰᠤᠷᠭᠠᠭᠤᠯᠢ᠎ᠶᠢᠨ ᠲᠤᠰᠠᠭᠠᠷ ᠰᠢᠯᠭᠠᠯᠲᠠ᠎ᠳᠤ ᠡᠷᠡᠮᠡᠯᠵᠡᠯ ᠲᠠᠭᠯᠠᠬᠤ ᠠᠯᠪᠠᠨ
ᠵᠠᠷᠯᠠᠯ ᠨᠡᠢᠲᠡᠯᠡᠪᠡ᠃ ᠰᠢᠯᠭᠠᠭᠤᠯᠤᠭ᠍ᠴᠢ ᠵᠥᠪᠬᠡᠨ 1 ᠳᠡᠭᠡᠳᠦ ᠰᠤᠷᠭᠠᠭᠤᠯᠢ᠎ᠶᠢᠨ ᠡᠷᠡᠮᠡᠯᠵᠡᠯ ᠪᠠ 3 ᠲᠤᠰᠬᠠᠢ
ᠮᠡᠷᠭᠡᠵᠢᠯ᠎ᠦᠨ ᠡᠷᠡᠮᠡᠯᠵᠡᠯ ᠲᠠᠭᠯᠠᠬᠤ ᠵᠢᠨ ᠬᠠᠮᠲᠤ ᠡᠩ᠎ᠦᠨ ᠲᠤᠰᠬᠠᠢ ᠮᠡᠷᠭᠡᠵᠢᠯ ᠪᠠ ᠰᠦᠢᠳᠬᠡᠯ ᠥᠨᠳᠥᠷ ᠲᠤᠰᠬᠠᠢ
ᠮᠡᠷᠭᠡᠵᠢᠯ᠎ᠢ ᠰᠣᠩᠭᠣᠨ᠎ᠠ᠃ ᠰᠦᠯᠵᠢᠶᠡᠨ ᠳᠡᠭᠡᠷ᠎ᠡ ᠡᠷᠡᠮᠡᠯᠵᠡᠯ ᠲᠠᠭᠯᠠᠬᠤ ᠴᠠᠭ᠎ᠨᠢ 2026 ᠣᠨ᠎ᠤ 3 ᠰᠠᠷ᠎ᠠ᠎ᠶᠢᠨ
2᠎ᠤᠨ ᠡᠳᠦᠷ᠎ᠦᠨ 9᠄ 00 ᠠ᠋ᠴᠠ 3 ᠰᠠᠷ᠎ᠠ᠎ᠶᠢᠨ 6᠎ᠤ ᠡᠳᠦᠷ᠎ᠦᠨ
17᠄ 00 ᠪᠤᠯᠤᠨ᠎ᠠ᠃
ᠲᠠᠨ᠎ᠤ ᠲᠤᠰᠠ᠎ᠳᠤ
✦ ᠡᠳᠦᠷ ᠪᠦᠷᠢ ᠶᠡᠬᠡ ᠲᠠᠷᠢᠬᠢ᠎ᠪᠠᠨ ᠬᠡᠳᠦᠨ ᠮᠢᠨᠦ᠋ᠲ
ᠠᠮᠠᠷᠠᠭᠠᠵᠤ ᠪᠠᠢᠬᠤ ᠬᠡᠷᠡᠭᠳᠡᠢ᠃ ᠨᠣᠭᠣᠭ᠎ᠠ ᠤᠬᠢᠶᠠᠬᠤ᠂ ᠬᠣᠭᠣᠯᠠ ᠬᠢᠬᠦ ᠵᠡᠷᠭᠡ ᠴᠠᠭ᠎ᠢ ᠠᠰᠢᠭ᠍ᠯᠠᠨ
ᠪᠤᠳᠤᠯ ᠵᠢᠡᠨ ᠴᠡᠪᠡᠷᠯᠡᠵᠦ ᠶᠡᠬᠡ ᠳᠠᠷᠢᠬᠢ ᠪᠡᠨ ᠠᠮᠠᠷᠠᠭᠠᠵᠤ ᠪᠤᠯᠤᠨ᠎ᠠ᠃ ᠤᠨᠲᠠᠬᠤ᠎ᠠᠴᠠ᠎ᠪᠠᠨ ᠡᠮᠦᠨ᠎ᠡ ᠦᠵᠡᠵᠦ
ᠥᠩᠭᠡᠷᠡᠭᠰᠡᠨ ᠵᠦᠴᠦᠭᠡ᠎ᠪᠡᠨ ᠦᠵᠡᠵᠦ᠂ ᠡᠳᠦᠷ᠎ᠦᠨ ᠠᠵᠢᠯᠯᠠᠬᠤ ᠪᠠᠢᠳᠠᠯ᠎ᠠᠴᠠ ᠪᠠᠨ ᠠᠭᠠᠵᠢᠮ᠎ᠢᠶᠠᠷ ᠭᠠᠷᠴᠤ
ᠪᠤᠯᠤᠨ᠎ᠠ᠃ ᠡᠳᠡᠭᠡᠷ ᠨᠢ ᠶᠡᠬᠡ ᠳᠠᠷᠢᠬᠢᠨ᠎ᠤ ᠳᠠᠷᠤᠭᠠᠰᠤ ᠵᠢ ᠬᠦᠨᠭᠭᠡᠷᠡᠬᠦᠯᠬᠦ ᠳ᠋ᠤ ᠮᠡᠳᠡᠭᠳᠡᠮ᠎ᠠ
ᠦᠢᠯᠡᠳᠦᠯ ᠲᠠᠢ ᠪᠠᠢᠳᠠᠭ᠃

ᠵᠠᠯᠭᠠᠭᠠᠳ 《ᠰᠠᠨᠠᠭᠠᠨ ᠳ᠋ᠤ
ᠤᠶᠠᠭᠠᠲᠠᠢ ᠨᠤᠲᠤᠭ》 ᠬᠡᠬᠦ ᠲᠠᠭᠤᠤ
ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ᠎ᠤ
ᠬᠦᠯᠢᠶᠡᠨ ᠠᠪᠴᠤ᠌ ᠰᠤᠨᠤᠰᠤᠬ᠍ᠰᠠᠨ ᠳ᠋ᠤ ᠪᠠᠶᠠᠷᠯᠠᠯ᠎ᠠ᠂ ᠪᠠᠶᠠᠷᠳᠠᠢ!
(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ
ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ
ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ
ᠬᠤᠳᠠ᠂ ᠬᠤᠰᠢᠭᠤ ᠰᠢᠶᠠᠨ᠎ᠤ ᠵᠢᠷᠬᠢᠶ᠎ᠠ᠎ᠶᠢᠨ ᠲᠠᠪᠴᠠᠩ)