2 ᠰᠠᠷ᠎ᠠ᠎ᠶ᠋ᠢᠨ 6᠎ᠦ ᠡᠳᠦᠷ
ᠡᠬᠢᠯᠡᠬᠦ᠌ ᠴᠠᠭ᠄
2026-02-06 11:36:05
ᠨᠠᠶ᠋ᠢᠷᠠᠭᠤᠯᠤᠭᠴᠢ ᠄

ᠨᠡᠪᠲᠡᠷᠡᠬᠦᠯᠦᠭᠴᠢ ᠄

ᠮᠡᠷᠭᠡᠵᠢᠯ ᠄
  
ᠤᠩᠰᠢᠭᠰᠠᠨ ᠤᠳᠠᠭ᠎ᠠ᠄

3.jpg


1. 语言播报 日期_01.png


1. 天气预报模板_01.png


1. 盟市天气模板_02.png


ᠬᠣᠶᠠᠷ ᠬᠤᠷᠠᠯ᠎ᠤᠨ ᠲᠤᠰᠭᠠᠢ ᠮᠡᠳᠡᠭᠡᠯᠡᠯ

✦ ᠡᠨᠡ ᠵᠢᠯ᠎ᠦᠨ ᠦᠪᠦᠷ ᠮᠤᠨᠭᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠣᠶᠠᠷ ᠬᠤᠷᠠᠯ ᠪᠣᠯ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶᠢᠨ ᠵᠢᠯ᠎ᠳᠦ ᠬᠤᠷᠠᠯᠳᠤᠭᠰᠠᠨ ᠦᠪᠡᠳᠡᠭᠰᠢ ᠬᠤᠷᠠᠯ ᠪᠣᠯᠣᠨ᠎ᠠ᠂ ᠮᠠᠨ᠎ᠤ ᠣᠷᠣᠨ᠎ᠤ ᠡᠯ᠎ᠡ ᠦᠨᠳᠦᠰᠦᠲᠡᠨ ᠡᠯ᠎ᠡ ᠡᠲᠡᠭᠡᠳ᠎ᠦᠨ ᠥᠷᠭᠡᠨ ᠣᠯᠠᠨ ᠺᠠᠳ᠋ᠷ ᠣᠯᠠᠨ ᠲᠦᠮᠡᠨ ᠰᠦᠯᠵᠢᠶ᠎ᠡ᠂ ᠭᠠᠷ ᠤᠲᠠᠰᠤ᠂ ᠰᠣᠨᠢᠨ ᠰᠡᠳᠬᠦᠯ᠂ ᠲᠧᠯᠸᠢᠰ ᠵᠡᠷᠭᠡ ᠤᠯᠠᠨ ᠵᠦᠢᠯ᠎ᠦᠨ ᠠᠷᠭ᠎ᠠ ᠬᠡᠯᠪᠡᠷᠢ᠎ᠪᠡᠷ ᠶᠡᠬᠡ ᠬᠤᠷᠠᠯ᠎ᠤᠨ ᠦᠪᠡᠳᠡᠭᠰᠢ ᠪᠠᠢᠳᠠᠯ ᠢ᠋ ᠢᠳᠡᠪᠬᠢᠲᠡᠢ ᠬᠦᠯᠢᠶᠡᠨ ᠠᠪᠴᠤ ᠰᠣᠨᠣᠰᠤᠨ ᠦᠵᠡᠵᠦ᠂ ᠬᠣᠶᠠᠷ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠬᠤ ᠬᠠᠯᠠᠭᠤᠨ ᠥᠷᠨᠢᠯᠲᠡ᠎ᠶᠢ ᠦᠳᠲᠡᠷ ᠲᠦᠷᠭᠡᠨ ᠪᠣᠢ ᠪᠣᠯᠭᠠᠪᠠ᠃


ᠨᠡᠢᠭᠡᠮ  

✦ 2025 ᠣᠨ᠎ᠳᠤ ᠮᠠᠨ᠎ᠤ ᠤᠯᠤᠰ᠎ᠤᠨ ᠬᠥᠮᠥᠨ ᠳᠤᠮᠳᠠᠴᠢ᠎ᠶᠢᠨ ᠠᠮᠤ ᠪᠤᠳᠠᠭᠠᠨ᠎ᠤ ᠡᠵᠡᠯᠡᠬᠦ ᠬᠡᠮᠵᠢᠶ᠎ᠡ 508.9 ᠺᠢᠯᠣᠭ᠌ᠷᠠᠮ᠎ᠳᠤ ᠬᠦᠷᠴᠦ᠂ ᠳᠡᠯᠡᠬᠡᠢ ᠨᠡᠶ᠋ᠢᠲᠡ ᠳ᠋ᠦ ᠮᠡᠳᠡᠷᠡᠭᠳᠡᠭᠰᠡᠨ 400 ᠺᠢᠯᠣᠭ᠌ᠷᠠᠮ᠎ᠤᠨ ᠠᠮᠤᠷ ᠲᠦᠪᠰᠢᠨ᠎ᠦ ᠱᠤᠭᠤᠮ᠎ᠠᠴᠠ ᠬᠤᠯᠠ ᠳᠠᠪᠠᠵᠤ᠂ ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ ᠤ᠋ ᠬᠠᠩᠭᠠᠯᠭ᠎ᠠ ᠡᠯᠪᠡᠭ᠂ ᠵᠠᠬ᠎ᠠ ᠳᠡᠯᠭᠡᠭᠦᠷ ᠲᠣᠭᠲᠠᠭᠤᠨ᠂ ᠨᠥᠭᠡᠴᠡ ᠭᠦᠢᠴᠡᠳ ᠪᠠᠢᠨ᠎ᠠ᠃


QQ20260205-135841.png


✦ ᠤᠯᠤᠰ᠎ᠤᠨ ᠡᠮᠴᠢᠯᠡᠭᠡᠨ᠎ᠤ ᠪᠠᠳᠤᠯᠠᠭ᠎ᠠ ᠵᠢᠨ ᠲᠣᠪᠴᠢᠶ᠎ᠠ 4᠎ᠦ ᠡᠳᠦᠷ ᠮᠡᠳᠡᠭᠳᠡᠯ ᠨᠡᠢᠲᠡᠯᠡᠵᠦ᠂ ᠡᠯ᠎ᠡ ᠮᠤᠵᠢ᠎ᠶᠢᠨ ᠱᠠᠲᠤᠨ᠎ᠤ ᠡᠮᠴᠢᠯᠡᠭᠡᠨ᠎ᠤ ᠪᠠᠳᠤᠯᠠᠭ᠎ᠠ ᠵᠢᠨ ᠰᠠᠯᠠᠭ᠎ᠠ ᠮᠥᠴᠢᠷ ᠲᠣᠰ ᠭᠠᠷᠠᠭ᠎ᠤᠨ ᠡᠳᠦᠷ᠎ᠡᠴᠡ ᠡᠮᠦᠨ᠎ᠡ ᠬᠠᠷᠢᠶ᠎ᠠ ᠣᠷᠣᠨ ᠤ᠋᠎ᠪᠠᠨ ᠪᠣᠶ ᠪᠦᠬᠦᠢ ᠮᠡᠳᠡᠷᠡᠯ᠎ᠤᠨ ᠲᠥᠷᠥᠯ᠎ᠦᠨ ᠴᠡᠭ ᠲᠣᠭᠲᠠᠭᠰᠠᠨ ᠡᠮᠴᠢᠯᠡᠭᠡᠨ᠎ᠦ ᠪᠠᠢᠭᠤᠯᠤᠮᠵᠢ᠎ᠶᠢᠨ ᠭᠣᠣᠯ ᠬᠠᠷᠢᠭᠤᠴᠠᠯᠭᠠᠲᠠᠨ᠎ᠲᠠᠢ ᠪᠣᠯᠵᠣᠨ ᠶᠠᠷᠢᠯᠴᠠᠬᠤ ᠠᠵᠢᠯ ᠢ᠋ ᠵᠣᠬᠢᠶᠠᠨ ᠪᠠᠢᠭᠤᠯᠵᠤ᠂ ᠡᠮ ᠡᠮᠨᠡᠯᠭᠡ ᠵᠢᠨ ᠳᠠᠭᠠᠳᠬᠠᠯ᠎ᠤᠨ ᠬᠣᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠬᠢᠨᠠᠨ ᠬᠠᠮᠢᠶᠠᠷᠬᠤ ᠲᠥᠷᠥ᠎ᠶᠢᠨ ᠪᠣᠳᠣᠯᠭ᠎ᠠ ᠶ᠋ᠢ ᠤᠬᠠᠭᠤᠯᠤᠨ ᠲᠠᠢᠯᠪᠤᠷᠢᠯᠠᠬᠤ ᠬᠡᠷᠡᠭᠲᠡᠢ ᠭᠡᠵᠦ ᠱᠠᠭᠠᠷᠳᠠᠪᠠ᠃

✦ 4᠎ᠦ ᠡᠳᠦᠷ᠂ ᠤᠯᠤᠰ᠎ᠤᠨ ᠭᠠᠮᠰᠢᠭ᠋ ᠡᠴᠡ ᠰᠡᠷᠭᠡᠢᠯᠡᠵᠦ ᠭᠠᠮᠰᠢᠭ᠋᠎ᠢ ᠪᠠᠭᠠᠰᠬᠠᠨ ᠭᠠᠮᠰᠢᠭ᠋᠎ᠠᠴᠠ ᠠᠪᠤᠷᠠᠬᠤ ᠵᠥᠪᠯᠡᠯ᠎ᠦᠨ ᠠᠯᠪᠠᠨ ᠭᠡᠷ ᠮᠡᠳᠡᠭᠳᠡᠯ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠣᠷᠣᠨ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠨ ᠬᠢᠨ ᠴᠠᠭᠠᠨ ᠰᠠᠷ᠎ᠠ᠎ᠶᠢᠨ ᠡᠮᠦᠨᠡᠬᠢ ᠬᠤᠢᠨᠠᠬᠢ ᠪᠠᠢᠭᠠᠯᠢ ᠶ᠋ᠢᠨ ᠭᠠᠮᠰᠢᠭ᠋᠎ᠤᠨ ᠠᠶᠤᠯ ᠲᠦᠭᠰᠢᠭᠦᠷᠢ᠎ᠶᠢ ᠰᠡᠷᠭᠡᠢᠯᠡᠨ ᠠᠷᠭᠠᠴᠠᠭᠠᠬᠤ᠎ᠶᠢ ᠴᠢᠩᠭᠠᠳᠬᠠᠵᠤ᠂ ᠠᠷᠠᠳ ᠤᠯᠠᠨ᠎ᠤ ᠠᠮᠤᠷ ᠲᠠᠢᠪᠤᠩ᠎ᠢᠶᠠᠷ ᠪᠠᠶᠠᠷ ᠳᠤᠷᠠᠰᠬᠠᠯ ᠤ᠋ᠨ ᠡᠳᠦᠷ᠎ᠢᠶᠡᠨ ᠥᠩᠭᠡᠷᠡᠭᠦᠯᠬᠦ ᠪᠠ ᠨᠡᠢᠭᠡᠮ᠎ᠦᠨ ᠶᠡᠬᠡ ᠲᠠᠯ᠎ᠠ᠎ᠶᠢᠨ ᠲᠣᠭᠲᠠᠭᠤᠨ ᠪᠠᠢᠬᠤ᠎ᠶᠢ ᠪᠠᠲᠤᠯᠠᠬᠤ ᠵᠢ ᠪᠠᠢᠷᠢᠯᠠᠭᠤᠯᠵᠠᠢ᠃

✦ ᠳᠣᠲᠣᠭᠠᠳᠤ᠎ᠶᠢ ᠬᠠᠮᠠᠭᠠᠯᠠᠬᠤ ᠶᠠᠮᠤᠨ 《ᠵᠠᠮ ᠬᠠᠷᠢᠯᠴᠠᠭᠠᠨ᠎ᠤ ᠬᠠᠮᠢᠶᠠᠷᠤᠯᠲᠠ᠎ᠶᠢᠨ 12123》 App᠎ᠳᠤ ᠲᠦᠰᠢᠭᠯᠡᠨ᠂ ᠪᠥᠬᠥ ᠤᠯᠤᠰ᠎ᠲᠤ ᠡᠯᠧᠺᠲᠷᠣᠨ ᠵᠢᠯᠣᠭᠣᠴᠢ᠎ᠶᠢᠨ ᠦᠨᠡᠮᠯᠡᠯ᠎ᠢ ᠪᠥᠬᠥ ᠲᠠᠯ᠎ᠠ᠎ᠪᠠᠷ ᠳᠡᠯᠭᠡᠷᠡᠭᠦᠯᠦᠨ ᠬᠡᠷᠡᠭᠯᠡᠵᠦ᠂ ᠵᠢᠯᠣᠭᠣᠴᠢ᠎ᠳᠤ ᠰᠦᠯᠵᠢᠶᠡᠨ ᠳᠡᠭᠡᠷᠡᠬᠢ 《ᠢᠯᠡ ᠦᠨᠡᠮᠯᠡᠯ》᠂《ᠢᠯᠡ ᠨᠣᠮᠧᠷ》 ᠤ᠋ᠨ ᠦᠢᠯᠡᠴᠢᠯᠡᠭᠡ ᠬᠠᠩᠭᠠᠨ᠎ᠠ᠃ ᠣᠳᠣᠬᠠᠨ᠎ᠳᠤ 3.6 ᠳ᠋ᠦᠩᠰᠢᠭᠤᠷ ᠵᠢᠯᠣᠭᠣᠴᠢ ᠡᠯᠧᠺᠲᠷᠣᠨ ᠵᠢᠯᠣᠭᠣᠴᠢ᠎ᠶᠢᠨ ᠦᠨᠡᠮᠯᠡᠯ᠎ᠢ ᠠᠮᠵᠢᠯᠲᠠ ᠲᠠᠢ᠎ᠪᠠᠷ ᠭᠤᠶᠤᠴᠢᠯᠠᠨ ᠠᠪᠤᠭᠰᠠᠨ ᠪᠠᠢᠨ᠎ᠠ᠃


640 (1).png


✦ ᠥᠪᠥᠷ ᠮᠣᠩᠭᠣᠯ᠎ᠤᠨ ᠴᠠᠭ ᠠᠭᠤᠷ᠎ᠤᠨ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ 2025 ᠤᠨ᠎ᠤ ᠪᠥᠬᠥ ᠣᠷᠣᠨ᠎ᠤ ᠰᠢᠷᠦᠭᠦᠨ ᠪᠣᠷᠣᠭᠠᠨ᠎ᠤ ᠰᠡᠷᠡᠮᠵᠢᠯᠡᠭᠦᠯᠦᠯ᠎ᠦᠨ ᠣᠨᠣᠪᠴᠢ᠎ᠶᠢᠨ ᠬᠡᠮᠵᠢᠶ᠎ᠡ 93.4%᠎ᠳᠤ ᠬᠦᠷᠴᠦ᠂ ᠴᠢᠩᠭ᠎ᠠ ᠰᠣᠯᠢᠭ᠋ ᠤᠷᠤᠰᠬᠠᠯᠲᠤ ᠴᠠᠭ ᠠᠭᠤᠷ᠎ᠤᠨ ᠰᠡᠷᠡᠮᠵᠢᠯᠡᠭᠦᠯᠦᠯ᠎ᠦᠨ ᠤᠷᠢᠳᠴᠢᠯᠠᠭᠰᠠᠨ ᠬᠡᠮᠵᠢᠶ᠎ᠡ 70 ᠮᠢᠨᠦ᠋ᠲ᠎ᠡᠴᠡ ᠳᠠᠪᠠᠵᠤ᠂ ᠬᠣᠶᠠᠷ ᠵᠦᠢᠯ᠎ᠦᠨ ᠭᠣᠣᠯ ᠭᠦᠢᠴᠡᠳᠬᠡᠯ ᠲᠣᠭ᠎ᠠ ᠨᠢ ᠴᠥᠮ ᠣᠢᠷ᠎ᠠ᠎ᠶᠢᠨ 10 ᠵᠢᠯ᠎ᠦᠨ ᠰᠢᠨ᠎ᠡ ᠲᠡᠮᠳᠡᠭᠯᠡᠯ᠎ᠢ ᠡᠭᠦᠳᠦᠭᠰᠡᠨ ᠪᠠᠢᠨ᠎ᠠ᠃ ᠪᠦᠬᠦ ᠵᠢᠯ᠎ᠳᠦ ᠨᠡᠢ᠍ᠢᠳᠡ 28.2 ᠳ᠋ᠦᠩᠰᠢᠭᠤᠷ ᠲᠣᠨ ᠬᠤᠷ᠎ᠠ ᠲᠤᠨᠳᠠᠰᠤ ᠨᠡᠮᠡᠭᠳᠡᠭᠦᠯᠵᠦ᠂ ᠮᠥᠨᠳᠥᠷ᠎ᠢ ᠰᠡᠷᠭᠡᠢᠯᠡᠨ ᠬᠣᠬᠢᠷᠠᠯ᠎ᠢ ᠪᠠᠭᠠᠰᠬᠠᠬᠰᠠᠨ ᠦᠷ᠎ᠡ ᠠᠰᠢᠭ᠋᠎ᠢ 2.6 ᠳ᠋ᠦᠩᠰᠢᠭᠤᠷ ᠲᠥᠭᠥᠷᠢᠭ ᠪᠡᠶᠡᠯᠡᠭᠦᠯᠪᠠ᠃

✦ 2025 ᠣᠨ᠎ᠳᠤ ᠰᠢᠯᠢ᠎ᠶᠢᠨ ᠭᠣᠣᠯ ᠠᠢᠮᠠᠭ ᠬᠣᠲᠠ ᠪᠠᠯᠭᠠᠰᠤᠨ᠎ᠤ᠋ 10528 ᠬᠥᠮᠥᠨ᠎ᠳᠦ ᠰᠢᠨ᠎ᠡ᠎ᠪᠡᠷ ᠠᠵᠢᠯ ᠣᠯᠭᠣᠵᠤ᠂ ᠠᠵᠢᠯ᠎ᠠᠴᠠ ᠪᠣᠯᠤᠭᠰᠠᠨ ᠭᠡᠮᠲᠦᠯ ᠪᠠ ᠠᠵᠢᠯ ᠠᠯᠳᠠᠯᠲᠠ᠎ᠶᠢᠨ ᠳᠠᠭᠠᠳᠬᠠᠯ᠎ᠤᠨ ᠰᠦᠢᠳᠬᠡᠯ᠎ᠦᠨ ᠨᠣᠷᠮ᠎ᠠ᠎ᠶᠢ ᠱᠠᠲᠤᠴᠢ ᠴᠢᠨᠠᠷᠲᠠᠢ᠎ᠪᠠᠷ ᠪᠠᠭᠤᠷᠠᠭᠤᠯᠬᠤ᠂ ᠲᠥᠷᠥ᠎ᠶᠢᠨ ᠪᠣᠳᠣᠯᠭ᠎ᠠ ᠶ᠋ᠢᠨ ᠠᠰᠢᠭ᠋ ᠲᠤᠰᠠ᠎ᠶᠢ 2 ᠳ᠋ᠦᠩᠰᠢᠭᠤᠷ ᠲᠥᠭᠥᠷᠢᠭ᠎ᠡᠴᠡ ᠳᠠᠪᠠᠭᠤᠯᠪᠠ᠃


640 (4).png


✦ ᠣᠢᠷ᠎ᠠ᠎ᠳᠤ ᠪᠠᠶᠠᠨᠨᠠᠭᠤᠷ ᠬᠣᠲᠠ᠎ᠶᠢᠨ ᠡᠯ᠎ᠡ ᠭᠠᠵᠠᠷ᠎ᠤᠨ ᠰᠤᠷᠭᠠᠨ ᠬᠥᠮᠦᠵᠢᠯ᠎ᠦᠨ ᠰᠠᠯᠠᠭ᠎ᠠ ᠮᠥᠴᠢᠷ ᠡᠴᠡ ᠪᠠᠴᠢᠮ ᠪᠠᠢᠳᠠᠯ᠎ᠢ ᠠᠷᠭᠠᠴᠠᠭᠠᠬᠤ᠂ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ ᠲᠠᠢ ᠬᠠᠮᠳᠤᠷᠠᠨ ᠬᠣᠲᠠ᠎ᠶᠢᠨ ᠬᠢᠨᠠᠨ ᠪᠠᠢᠴᠠᠭᠠᠬᠤ ᠳᠤᠭᠤᠢᠯᠠᠩ ᠪᠠᠢᠭᠤᠯᠵᠤ᠂ ᠰᠤᠷᠭᠠᠭᠤᠯᠢ᠎ᠶᠢᠨ ᠬᠦᠷᠢᠶᠡᠨ᠎ᠦ ᠡᠷᠬᠢᠨ ᠲᠣᠭᠣᠷᠢᠨ ᠵᠢᠴᠢ ᠰᠤᠷᠭᠠᠭᠤᠯᠢ᠎ᠶᠢᠨ ᠭᠠᠳᠠᠨᠠᠬᠢ ᠪᠣᠯᠪᠠᠰᠤᠷᠠᠯ᠎ᠤᠨ ᠪᠠᠢᠭᠤᠯᠤᠮᠵᠢ᠎ᠳᠤ ᠠᠮᠤᠷ ᠲᠦᠪᠰᠢᠨ᠎ᠦ ᠬᠠᠤᠯᠢ ᠬᠡᠷᠡᠭᠵᠢᠭᠦᠯᠦᠯᠲᠡ᠎ᠶᠢᠨ ᠲᠤᠰᠬᠠᠢ ᠪᠠᠢᠴᠠᠭᠠᠯᠲᠠ ᠥᠷᠨᠢᠭᠦᠯᠵᠦ᠂ ᠰᠤᠷᠭᠠᠭᠤᠯᠢ᠎ᠶᠢᠨ ᠬᠦᠷᠢᠶᠡᠨ᠎ᠦ ᠡᠷᠬᠢᠨ ᠲᠣᠭᠣᠷᠢᠨ᠎ᠤ ᠠᠮᠤᠷ ᠲᠦᠪᠰᠢᠨ᠎ᠦ ᠵᠠᠩᠭᠢᠯᠠᠭ᠎ᠠ᠎ᠶᠢᠨ ᠭᠣᠭᠴᠣᠭ᠎ᠠ᠎ᠳᠤ ᠠᠩᠬᠠᠷᠤᠯ ᠲᠥᠪᠯᠡᠷᠡᠭᠦᠯᠦᠨ᠂ ᠠᠶᠤᠯ ᠲᠦᠭᠰᠢᠭᠦᠷᠢ᠎ᠶᠢᠨ ᠳᠠᠯᠳᠠ ᠬᠡᠮ᠎ᠢ ᠭᠦᠨᠵᠡᠭᠡᠢ ᠵᠢᠭ᠍ᠰᠠᠭᠠᠨ ᠪᠠᠢᠴᠠᠭᠠᠵᠤ᠂ ᠠᠮᠤᠷ ᠲᠦᠪᠰᠢᠨ᠎ᠦ ᠬᠠᠷᠢᠭᠤᠴᠠᠯᠭ᠎ᠠ᠎ᠶᠢ ᠨᠠᠢᠳᠠᠪᠤᠷᠢᠵᠢᠭᠤᠯᠬᠤ᠎ᠶᠢ ᠠᠬᠢᠭᠤᠯᠪᠠ᠃


ᠠᠵᠤ ᠠᠬᠤᠢ

✦ 5᠎ᠤ ᠡᠳᠦᠷ᠂ 57 ᠳ᠋ᠤᠭᠠᠷ ᠤᠳᠠᠭᠠᠨ᠎ᠤ 《ᠳᠤᠮᠳᠠᠳᠤ ᠤᠯᠤᠰ᠎ᠤᠨ ᠢᠨᠲᠧᠷ ᠰᠦᠯᠵᠢᠶᠡᠨ᠎ᠦ ᠬᠥᠭᠵᠢᠯᠲᠡ ᠶ᠋ᠢᠨ ᠪᠠᠢᠳᠠᠯ᠎ᠤᠨ ᠪᠦᠷᠢᠳᠬᠡᠯ᠎ᠦᠨ ᠮᠡᠳᠡᠭᠦᠯᠦᠯᠲᠡ》 ᠶ᠋ᠢ ᠨᠡᠢᠲᠡᠯᠡᠪᠡ᠃ ᠮᠡᠳᠡᠭᠦᠯᠦᠯᠲᠡ᠎ᠳᠦ ᠢᠯᠡᠷᠡᠭᠦᠯᠦᠭᠰᠡᠨ᠎ᠢᠶᠡᠷ᠂ 2025 ᠣᠨ᠎ᠤ 12 ᠰᠠᠷ᠎ᠠ ᠪᠣᠯᠲᠠᠯ᠎ᠠ ᠮᠠᠨ᠎ᠤ ᠤᠯᠤᠰ᠎ᠤᠨ ᠰᠦᠯᠵᠢᠶᠡᠨ ᠢᠷᠭᠡᠳ᠎ᠤᠨ ᠲᠣᠭ᠎ᠠ 11.25 ᠳ᠋ᠦᠩᠰᠢᠭᠤᠷ᠎ᠲᠤ ᠬᠦᠷᠴᠦ᠂ ᠢᠨᠲᠧᠷ ᠰᠦᠯᠵᠢᠶᠡᠨ ᠤ᠋ ᠲᠦᠭᠡᠮᠡᠯᠵᠢᠭᠰᠡᠨ ᠨᠣᠷᠮ᠎ᠠ 80% ᠶ᠋ᠢ ᠳᠠᠪᠠᠵᠠᠢ᠃

✦ ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠲᠣᠭ᠎ᠠ ᠪᠠᠷᠢᠮᠲᠠ᠎ᠳᠤ ᠢᠯᠡᠷᠡᠭᠦᠯᠦᠭᠰᠡᠨ ᠵᠢᠡᠷ᠂ 1 ᠰᠠᠷ᠎ᠠ᠎ᠳᠤ ᠬᠡᠷᠡᠭᠯᠡᠭᠡᠨ᠎ᠦ ᠵᠦᠢᠯ᠎ᠦᠨ ᠬᠠᠭᠤᠴᠢᠨ᠎ᠢᠶᠠᠷ ᠰᠢᠨ᠎ᠡ᠎ᠶᠢ ᠰᠣᠯᠢᠬᠤ ᠲᠦᠷᠦ ᠵᠢᠨ ᠪᠤᠳᠤᠯᠭ᠎ᠠ 1613 ᠲᠦᠮᠡᠨ ᠬᠥᠮᠥᠨ ᠤᠳᠠᠭ᠎ᠠ᠎ᠳᠤ ᠠᠰᠢᠭ᠋ ᠬᠦᠷᠲᠡᠭᠡᠵᠦ᠂ ᠮᠠᠰᠢᠨ ᠲᠡᠷᠭᠡ᠂ ᠭᠡᠷ᠎ᠦᠨ ᠴᠠᠬᠢᠯᠭᠠᠨ ᠬᠡᠷᠡᠭᠰᠡᠯ᠂ ᠣᠶᠤᠨᠲᠤ ᠦᠢᠯᠡᠳᠬᠦᠨ᠎ᠢ 925.6 ᠳ᠋ᠦᠩᠰᠢᠭᠤᠷ ᠲᠥᠭᠥᠷᠢᠭ ᠪᠣᠷᠣᠯᠠᠭᠤᠯᠤᠭᠰᠠᠨ ᠪᠠᠢᠨ᠎ᠠ᠃

 

ᠰᠣᠶᠣᠯ

✦ 5᠎ᠤ ᠡᠳᠦᠷ᠂ ᠥᠪᠥᠷ ᠮᠣᠩᠭᠣᠯ᠎ᠤᠨ ᠮᠦᠽᠧᠢ ᠳᠤᠮᠳᠠᠳᠤ ᠤᠯᠤᠰ᠎ᠤᠨ ᠲᠡᠦᠬᠡ᠎ᠶᠢᠨ ᠳᠤᠷᠠᠰᠬᠠᠯᠲᠤ ᠵᠦᠢᠯᠡᠰ᠎ᠦᠨ ᠰᠣᠨᠢᠨ᠎ᠤ ᠬᠣᠷᠢᠶ᠎ᠠ᠎ᠲᠠᠢ ᠬᠠᠮᠲᠤᠷᠠᠨ ᠤᠯᠠᠭᠠᠨ ᠮᠣᠷᠢᠨ ᠵᠢᠯ᠎ᠦᠨ ᠪᠥᠬᠥ ᠪᠦᠮᠪᠦᠷᠴᠡᠭ᠎ᠤᠨ ᠠᠷᠪᠠᠨ ᠬᠣᠶᠠᠷ ᠵᠢᠯ᠎ᠦᠨ ᠰᠣᠶᠣᠯ᠎ᠤᠨ ᠬᠠᠮᠲᠤᠷᠠᠭᠰᠠᠨ ᠦᠵᠡᠰᠬᠦᠯᠡᠨᠭ ᠡᠷᠬᠢᠯᠡᠵᠦ᠂ 4 ᠰᠠᠷ᠎ᠠ᠎ᠶᠢᠨ 5᠎ᠤ ᠡᠳᠦᠷ ᠪᠣᠯᠲᠠᠯ᠎ᠠ 400 ᠭᠠᠷᠤᠢ 《ᠮᠣᠷᠢ》 ᠪᠠᠷ ᠰᠡᠳᠦᠪᠯᠡᠭᠰᠡᠨ ᠲᠡᠦᠬᠡ᠎ᠶᠢᠨ ᠳᠤᠷᠠᠰᠬᠠᠯᠲᠤ ᠵᠦᠢᠯᠡᠰ ᠵᠢᠴᠢ ᠤᠷᠠᠯᠢᠭ᠋᠎ᠤᠨ ᠪᠦᠲᠦᠭᠡᠯ᠎ᠦᠨ ᠬᠡᠷᠡᠯ ᠵᠢᠷᠤᠭ᠎ᠢ ᠴᠤᠭᠯᠠᠭᠤᠯᠤᠨ᠂ 50 ᠰᠢᠬᠠᠮ (ᠢᠵᠢ) ᠬᠣᠪᠣᠷ ᠨᠠᠨᠳᠢᠨ ᠲᠡᠦᠬᠡ᠎ᠶᠢᠨ ᠳᠤᠷᠠᠰᠬᠠᠯᠲᠤ ᠵᠦᠢᠯᠡᠰ᠎ᠢ ᠳᠡᠯᠭᠡᠨ ᠦᠵᠡᠭᠦᠯᠬᠦ ᠪᠤᠯᠤᠨ᠎ᠠ᠃


QQ20260205-175200.png


✦ ᠤᠢᠷ᠎ᠠ ᠳ᠋ᠤ ᠥᠪᠥᠷ ᠮᠣᠩᠭᠣᠯ᠎ᠤᠨ ᠷᠠᠳᠢᠣ᠋ ᠲᠧᠯᠸᠢᠰ ᠬᠣᠷᠢᠶ᠎ᠠ᠎ᠶᠢᠨ 2026 ᠣᠨ᠎ᠤ ᠴᠠᠭᠠᠨ ᠰᠠᠷ᠎ᠠ᠎ᠶᠢᠨ ᠦᠳᠡᠰᠢᠯᠡᠭᠡ᠎ᠶᠢᠨ ᠮᠣᠩᠭᠣᠯ ᠬᠡᠯᠡᠨ᠎ᠦ ᠣᠨᠴᠠᠭᠠᠶ ᠫᠷᠣᠭ᠌ᠷᠠᠮ — 《ᠳᠡᠯᠭᠡᠷ ᠴᠠᠭ᠎ᠤᠨ ᠤᠶᠠᠩᠭ᠎ᠠ》 ᠶ᠋ᠢ ᠬᠥᠬᠡᠬᠣᠲᠠ ᠎ᠶᠢᠨ ᠪᠡᠶ᠎ᠡ ᠶ᠋ᠢᠨ ᠲᠠᠮᠢᠷ᠎ᠤᠨ ᠲᠥᠪ᠎ᠲᠦ ᠠᠮᠵᠢᠯᠲᠠ ᠲᠠᠢ ᠰᠢᠩᠭᠡᠭᠡᠵᠦ ᠳᠠᠭᠤᠰᠬᠠᠯ᠎ᠠ᠃ ᠪᠦᠬᠦ ᠣᠷᠣᠨ᠎ᠦ ᠡᠯ᠎ᠡ ᠭᠠᠵᠠᠷ᠎ᠠᠴᠠ ᠬᠦᠷᠦᠯᠴᠡᠨ ᠢᠷᠡᠭᠰᠡᠨ 300 ᠭᠠᠷᠤᠢ ᠤᠷᠠᠯᠢᠭ᠍ᠴᠢᠨ ᠣᠷᠣᠯᠴᠠᠵᠤ ᠴᠠᠭᠠᠨ ᠰᠠᠷ᠎ᠠ᠎ᠶᠢᠨ ᠰᠢᠨ᠎ᠡ᠎ᠶᠢᠨ ᠨᠢᠭᠡᠨ᠎ᠦ ᠣᠷᠣᠢ ᠥᠪᠥᠷ ᠮᠣᠩᠭᠣᠯ᠎ᠤᠨ ᠮᠣᠩᠭᠣᠯ ᠣᠳᠣᠨ ᠲᠧᠯᠸᠢᠰ᠂ ᠰᠣᠶᠣᠯ ᠰᠢᠨᠵᠢᠯᠡᠭᠡ ᠰᠤᠪᠠᠭ ᠵᠡᠷᠭᠡ ᠵᠠᠭᠤᠴᠢᠯᠠᠭᠤᠷ᠎ᠢᠶᠠᠷ ᠨᠡᠪᠲᠡᠷᠡᠭᠦᠯᠬᠦ ᠪᠣᠯᠣᠨ᠎ᠠ᠃


640.jpg


ᠲᠠᠮᠢᠷ

✦ ᠤᠢᠷ᠎ᠠ ᠳ᠋ᠤ 《2026 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠯ ᠪᠥᠮᠪᠥᠭᠡ᠎ᠶᠢᠨ ᠬᠡᠳᠦ ᠳᠡᠰ᠎ᠤᠨ ᠬᠣᠯᠪᠣᠭᠠᠲᠤ ᠤᠷᠤᠯᠳᠤᠭᠠᠨ᠎ᠤ ᠤᠷᠤᠯᠳᠤᠭᠠᠨ᠎ᠤ ᠳᠦᠷᠢᠮ》 ᠢ᠋ ᠨᠡᠢᠲᠡᠯᠡᠵᠦ᠂ ᠤᠷᠤᠯᠳᠤᠭᠠᠨ ᠤ᠋ ᠴᠠᠭ᠎ᠢ ᠰᠢᠯᠢᠳᠡᠭᠵᠢᠭᠦᠯᠵᠦ᠂ ᠨᠢᠭᠡᠳᠦᠭᠡᠷ ᠱᠠᠲᠤᠨ᠎ᠤ ᠤᠷᠤᠯᠳᠤᠭᠠᠨ᠎ᠢ 5 ᠠ᠋ᠴᠠ 7 ᠰᠠᠷ᠎ᠠ᠎ᠳᠤ ᠶᠠᠪᠤᠭᠳᠠᠭᠤᠯᠵᠤ᠂ ᠬᠣᠶᠠᠳᠤᠭᠠᠷ ᠱᠠᠲᠤᠨ᠎ᠤ ᠨᠤᠭᠤᠯᠤᠭ᠎ᠠ ᠤᠷᠤᠯᠳᠤᠭᠠᠨ ᠢ᠋ 8 ᠠ᠋ᠴᠠ 9 ᠰᠠᠷ᠎ᠠ᠎ᠳᠤ ᠶᠠᠪᠤᠭᠳᠠᠭᠤᠯᠤᠨ᠎ᠠ ᠭᠡᠵᠦ ᠲᠣᠳᠣᠷᠬᠠᠢ ᠲᠣᠭᠲᠠᠭᠠᠪᠠ᠃

✦ ᠤᠢᠷ᠎ᠠ ᠳ᠋ᠤ 《ᠳᠤᠯᠠᠭᠠᠨ ᠬᠣᠲᠠ᠎ᠶᠢᠨ ᠴᠠᠰᠤ᠎ᠮᠦᠰᠦᠨ ᠤ᠋ ᠤᠯᠠᠷᠢᠯ》 ᠤ᠋ᠨ ᠣᠷᠳᠣᠰ᠎ᠦᠨ ᠣᠯᠠᠨ ᠲᠦᠮᠡᠨᠴᠢ ᠴᠠᠰᠤ ᠮᠦᠰᠦᠨ᠎ᠤ ᠤᠯᠠᠷᠢᠯ ᠵᠢᠴᠢ ᠴᠠᠰᠤ ᠮᠦᠰᠦᠨ᠎ᠤ ᠰᠣᠶᠣᠯ ᠵᠢᠭᠤᠯᠴᠢᠯᠠᠯ᠎ᠤᠨ ᠤᠯᠠᠷᠢᠯ᠎ᠤᠨ ᠣᠲᠤᠭ ᠬᠣᠰᠢᠭᠤᠨ᠎ᠤ ᠬᠤᠪᠢᠶᠠᠷᠢ ᠲᠠᠯᠠᠪᠠᠢ ᠣᠲᠤᠭ ᠬᠣᠰᠢᠭᠤᠨ ᠪ ᠪᠦᠬᠦ ᠠᠷᠠᠳ᠎ᠤᠨ ᠪᠡᠶ᠎ᠡ ᠴᠢᠭᠢᠷᠠᠠᠭᠵᠢᠭᠤᠯᠬᠤ ᠲᠠᠯᠠᠪᠠᠢ᠎ᠳᠤ ᠡᠬᠢᠯᠡᠪᠡ᠃ ᠲᠤᠰ ᠠᠵᠢᠯᠯᠠᠭ᠎ᠠ 6 ᠡᠳᠦᠷ ᠶᠠᠪᠤᠭᠳᠠᠵᠦ᠂ ᠤᠯᠠᠨ ᠵᠦᠢᠯ᠎ᠦᠨ ᠦᠨᠳᠦᠰᠦᠲᠡᠨ᠎ᠦ ᠤᠯᠠᠮᠵᠢᠯᠠᠯᠲᠤ ᠪᠡᠶ᠎ᠡ᠎ᠶᠢᠨ ᠲᠠᠮᠢᠷ ᠪᠠ ᠣᠯᠠᠨ ᠲᠦᠮᠡᠨᠴᠢ ᠴᠠᠰᠤ ᠮᠦᠰᠦᠨ᠎ᠤ ᠲᠥᠷᠥᠯ ᠵᠦᠢᠯ᠎ᠢ ᠬᠠᠮᠤᠷᠴᠤ᠂ ᠪᠥᠬᠥ ᠠᠷᠠᠳ᠎ᠢᠶᠡᠷ᠎ᠢᠶᠡᠨ ᠣᠷᠣᠯᠴᠠᠭᠰᠠᠨ᠂ ᠢᠯᠠ ᠲᠣᠳᠣ᠌ ᠣᠨᠴᠠᠯᠢᠭ᠋᠎ᠲᠠᠢ ᠴᠤᠭᠯᠠᠭᠠᠨ ᠪᠣᠯᠪᠠ᠃


640.png


ᠳᠡᠯᠡᠬᠡᠢ

✦ ᠲᠤᠬᠠᠢ᠎ᠶᠢᠨ ᠭᠠᠵᠠᠷ᠎ᠤᠨ ᠴᠠᠭ᠎ᠢᠶᠠᠷ 4᠎ᠦ ᠡᠳᠦᠷ᠂ ᠦᠺᠷᠠᠢᠨ᠂ ᠠᠮᠧᠷᠢᠺᠠ᠂ ᠣᠷᠣᠰ ᠭᠤᠷᠪᠠᠨ ᠤᠯᠤᠰ᠎ᠤᠨ ᠲᠥᠯᠥᠭᠡᠯᠡᠭᠴᠢ᠎ᠪᠡᠷ ᠪᠦᠷᠢᠯᠳᠦᠭᠰᠡᠨ ᠠᠮᠤᠷ ᠲᠦᠪᠰᠢᠨ᠎ᠦ ᠠᠰᠠᠭᠤᠳᠠᠯ᠎ᠤᠨ ᠠᠵᠢᠯ᠎ᠤᠨ ᠳᠤᠭᠤᠢᠯᠠᠩ ᠠᠷᠠᠪ᠎ᠤᠨ ᠬᠣᠯᠪᠣᠭᠠᠲᠤ ᠠᠬᠠᠮᠠᠳᠲᠤ ᠤᠯᠤᠰ᠎ᠤᠨ ᠨᠡᠢᠰᠯᠡᠯ ᠠᠪᠦ᠋ ᠳ᠋ᠠᠪᠢ ᠳ᠋ᠥ ᠰᠢᠨ᠎ᠡ ᠨᠢᠭᠡ ᠡᠭᠡᠯᠵᠢ᠎ᠶᠢᠨ ᠬᠡᠯᠡᠯᠴᠡᠭᠡ ᠬᠢᠪᠡ᠃


QQ20260205-141751.png


ᠦᠢᠯᠡᠴᠢᠯᠡᠭᠡ

✦ ᠶᠠᠭ᠍ᠰᠢ ᠬᠣᠲᠠ ᠨᠡᠶ᠋ᠢᠲᠡ᠎ᠶᠢᠨ ᠠᠰᠠᠷᠠᠮᠵᠢ᠎ᠶᠢᠨ ᠴᠢᠨᠠᠷᠲᠠᠢ ᠠᠵᠢᠯ᠎ᠤᠨ ᠪᠠᠢᠷᠢ ᠳ᠋ᠤ 22 ᠠᠵᠢᠯᠲᠠᠨ ᠡᠯᠰᠡᠨ᠎ᠠ᠃ 

✦ ᠣᠢᠷ᠎ᠠ᠎ᠳᠤ ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ ᠶ᠋ᠢᠨ ᠬᠠᠷᠢᠶᠠᠲᠤ ᠡᠮᠨᠡᠯᠭᠡ᠎ᠶᠢᠨ ᠬᠣᠷᠢᠶ᠎ᠠ᠎ᠶᠢᠨ ᠡᠭᠦᠳᠡᠨ ᠡᠮᠨᠡᠯᠭᠡ᠎ᠶᠢᠨ ᠬᠡᠯᠲᠡᠰ ᠮᠡᠳᠡᠭᠳᠡᠯ ᠨᠡᠢᠲᠡᠯᠡᠵᠦ᠂ 2 ᠰᠠᠷ᠎ᠠ᠎ᠶᠢᠨ 15 ᠤ᠋ ᠡᠳᠦᠷ᠎ᠡᠴᠡ 2 ᠰᠠᠷ᠎ᠠ ᠶ᠋ᠢᠨ 23 ᠤ᠋ ᠡᠳᠦᠷ ᠪᠣᠯᠲᠠᠯ᠎ᠠ ᠡᠯ᠎ᠡ ᠰᠠᠯᠠᠭ᠎ᠠ ᠲᠠᠰᠤᠭ᠎ᠤᠨ ᠬᠢᠨ ᠲᠤᠰᠬᠠᠢ ᠮᠡᠷᠭᠡᠵᠢᠯᠲᠡᠨ᠎ᠢ ᠵᠦᠢ ᠵᠣᠬᠢᠰᠲᠠᠢ ᠲᠣᠬᠢᠷᠠᠭᠤᠯᠤᠨ᠎ᠡ ᠭᠡᠵᠡᠢ᠃ ᠴᠠᠭᠠᠨ ᠰᠠᠷ᠎ᠠ᠎ᠶᠢᠨ ᠬᠤᠭᠤᠴᠠᠭᠠᠨ ᠳ᠋ᠤ ᠬᠡᠦᠬᠡᠳ᠎ᠦᠨ ᠰᠠᠯᠠᠭᠠᠨ᠎ᠤ ᠲᠦᠷᠭᠡᠨ ᠡᠮᠴᠢᠯᠡᠭᠡ᠂ ᠲᠦᠷᠭᠡᠨ ᠡᠮᠴᠢᠯᠡᠭᠡᠨ᠎ᠦ ᠰᠠᠯᠠᠭ᠎ᠠ ᠵᠡᠷᠭᠡ ᠡᠭᠦᠳᠡᠨ ᠡᠮᠨᠡᠯᠭᠡ 24 ᠴᠠᠭ ᠵᠢᠠᠷ ᠨᠡᠭᠡᠭᠡᠬᠦ ᠪᠤᠯᠤᠨ᠎ᠠ᠃


ᠲᠠᠨ᠎ᠤ ᠲᠤᠰᠠ᠎ᠳᠤ

✦ ᠤᠷᠲᠤ ᠬᠤᠭᠤᠴᠠᠭ᠎ᠠ᠎ᠪᠠᠷ ᠰᠣᠷᠣᠭᠤᠯ᠎ᠵᠢᠡᠷ ᠤᠰᠤ ᠤᠤᠭᠤᠪᠠᠯ ᠡᠷᠡᠭᠦᠯ ᠮᠡᠨᠳᠦ ᠳ᠋ᠤ ᠠᠰᠢᠭ ᠦᠭᠡᠢ ᠪᠠᠢᠵᠤ ᠮᠡᠳᠡᠨ᠎ᠠ᠃ ᠰᠣᠷᠣᠭᠤᠯ ᠭᠤᠤᠷᠰᠤᠨ᠎ᠤ ᠳᠣᠲᠣᠷ᠎ᠠ ᠬᠡᠰᠡᠭ ᠨᠢ ᠢᠪᠴᠤᠤ ᠪᠥᠭᠡᠳ ᠮᠤᠷᠤᠢ ᠰᠠᠷᠤᠢ ᠪᠠᠢᠵᠤ ᠴᠡᠪᠡᠷᠯᠡᠬᠦ᠎ᠳᠦ ᠨᠡᠯᠢᠶᠡᠳ ᠬᠦᠴᠢᠷᠲᠡᠢ ᠪᠠᠢᠳᠠᠭ᠃ ᠰᠣᠷᠣᠭᠤᠯ ᠭᠤᠤᠷᠰᠤ ᠬᠡᠷᠡᠭᠯᠡᠬᠦ᠎ᠳᠦ ᠬᠡᠢ ᠰᠤᠷᠤᠬᠤ ᠪᠤᠯᠤᠯᠴᠠᠭ᠎ᠠ ᠦᠨᠳᠦᠷ ᠪᠠᠢᠵᠤ᠂ ᠤᠷᠲᠤ ᠬᠤᠭᠤᠴᠠᠭ᠎ᠠ᠎ᠪᠠᠷ ᠬᠡᠷᠡᠭᠯᠡᠪᠡᠯ ᠠᠮᠠᠷᠬᠠᠨ ᠭᠡᠳᠡᠰᠦ ᠬᠥᠭᠡᠭᠡᠬᠦ᠂ ᠵᠣᠭᠢᠰᠬᠤ᠂ ᠴᠢᠨᠠᠭᠰᠢᠯᠠᠪᠠᠯ ᠬᠡᠪᠡᠯᠢ ᠡᠪᠡᠳᠳᠡᠭ᠃ ᠰᠣᠷᠣᠭᠤᠯ ᠭᠤᠤᠷᠰᠤ᠎ᠪᠠᠷ ᠤᠰᠤ ᠤᠤᠭᠤᠬᠤ ᠨᠢ ᠪᠠᠰᠠ ᠨᠠᠩ ᠣᠯᠠᠨ ᠨᠢᠭᠤᠷ᠎ᠤᠨ ᠪᠤᠯᠴᠢᠩ ᠪᠠ ᠤᠷᠤᠭᠤᠯ᠎ᠤᠨ ᠬᠡᠰᠡᠭ᠎ᠦᠨ ᠪᠤᠯᠴᠢᠩ᠎ᠢ ᠬᠥᠳᠡᠯᠭᠡᠵᠦ᠂ ᠵᠠᠪᠠᠵᠢ ᠪᠠ ᠨᠢᠭᠤᠷ ᠤ᠋ᠨ ᠬᠡᠰᠡᠭ᠎ᠦᠨ ᠠᠲᠤᠷᠢᠶ᠎ᠠ᠎ᠶᠢ ᠠᠮᠠᠷᠬᠠᠨ ᠭᠦᠨ ᠪᠣᠯᠭᠠᠳᠠᠭ᠃

 

640 (5).jpg


ᠵᠠᠯᠭᠠᠭᠠᠳ 《ᠨᠤᠲᠤᠭ᠎ᠤᠨ ᠪᠠᠷ᠎ᠠ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠤ  ᠪᠠᠶᠠᠷᠯᠠᠯ᠎ᠠ᠂  ᠪᠠᠶᠠᠷᠳᠠᠢ!

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)

ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号