



ᠬᠣᠶᠠᠷ ᠬᠤᠷᠠᠯ᠎ᠤᠨ ᠲᠤᠰᠭᠠᠢ ᠮᠡᠳᠡᠭᠡᠯᠡᠯ
✦ 2 ᠰᠠᠷ᠎ᠠ ᠵᠢᠨ 6᠎ᠤ ᠡᠳᠦᠷ᠂ 《ᠰᠢᠨᠬᠤᠸᠠ ᠡᠳᠦᠷ ᠪᠦᠷᠢ ᠵᠢᠨ ᠴᠠᠭᠢᠯᠭᠠᠨ ᠮᠡᠳᠡᠭᠡ》 ᠰᠤᠨᠢᠨ ᠤ ᠲᠦᠷᠦᠭᠦᠦ ᠨᠢᠭᠤᠷ᠎ᠤᠨ ᠳᠦᠷᠦᠭᠦᠦ ᠰᠡᠳᠦᠪ ᠲᠸ᠋ 《ᠠᠵᠢᠨᠠᠢ
ᠬᠦᠯᠦᠭ ᠡᠬᠦᠯᠡ ᠬᠦᠯᠭᠡᠯᠡᠨ ᠱᠢᠨ᠎ᠡ
ᠵᠠᠮ᠎ᠢ ᠨᠡᠬᠡᠬᠡᠨᠡᠮ》 ᠭᠡᠬᠦ ᠤᠷᠲᠤ ᠵᠤᠬᠢᠶᠠᠯ ᠨᠡᠢᠲᠡᠯᠡᠭᠳᠡᠵᠦ᠂
ᠦᠪᠦᠷ ᠮᠤᠩᠭᠤᠯ ᠳ᠋ᠤ ᠠᠩᠬᠠᠷᠤᠯ ᠵᠢᠠᠨ ᠲᠦᠪᠯᠡᠷᠡᠭᠦᠯᠵᠡᠢ᠃
✦ ᠤᠯᠤᠰ ᠲᠦᠷᠦ ᠵᠢᠨ ᠵᠥᠪᠯᠡᠯᠭᠡᠨ᠎ᠤ ᠠᠷᠪᠠᠨ
ᠭᠤᠷᠪᠠᠳᠤᠭᠠᠷ ᠬᠤᠭᠤᠴᠠᠭᠠᠨ᠎ᠤ ᠦᠪᠦᠷ ᠮᠤᠩᠭᠤᠯ᠎ᠤᠨ ᠦᠪᠠᠷᠳᠡᠭᠡᠨ ᠵᠠᠰᠠᠬᠤ ᠤᠷᠤᠨ᠎ᠤ ᠬᠤᠷᠢᠶ᠎ᠠ ᠵᠢᠨ
ᠳᠦᠷᠪᠡᠳᠦᠭᠡᠷ ᠬᠤᠷᠠᠯ᠂ ᠦᠪᠦᠷ ᠮᠤᠩᠭᠤᠯ᠎ᠤᠨ ᠦᠪᠠᠷᠳᠡᠭᠡᠨ ᠵᠠᠰᠠᠬᠤ ᠤᠷᠤᠨ᠎ᠤ ᠠᠷᠪᠠᠨ ᠳᠦᠷᠪᠡᠳᠦᠭᠡᠷ
ᠬᠤᠭᠤᠴᠠᠭᠠᠨ᠎ᠤ ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ᠎ᠤᠨ ᠳᠠᠪᠤᠳᠤᠭᠠᠷ ᠬᠤᠷᠠᠯ ᠡᠨᠡ ᠡᠳᠦᠷ ᠳᠡᠭᠦᠰᠦᠨ᠎ᠡ᠃
ᠨᠡᠢᠭᠡᠮ
✦ ᠤᠯᠤᠰ᠎ᠤᠨ ᠡᠮᠴᠢᠯᠡᠭᠡᠨ᠎ᠤ ᠪᠠᠳᠤᠯᠠᠭ᠎ᠠ ᠵᠢᠨ
ᠲᠣᠪᠴᠢᠶ᠎ᠠ᠎ᠠᠴᠠ ᠣᠢᠯᠠᠭᠠᠭᠰᠠᠨ ᠵᠢᠡᠷ᠂ ᠪᠥᠬᠥ ᠤᠯᠤᠰ᠎ᠤᠨ ᠬᠡᠪᠴᠢᠶᠡᠨ᠎ᠳᠦ ᠨᠢᠭᠡᠨᠲᠡ ᠦᠷᠡᠵᠢᠯ᠎ᠦᠨ
ᠨᠥᠬᠥᠪᠦᠷᠢ᠎ᠶᠢ ᠬᠤᠪᠢ ᠬᠥᠮᠥᠨ᠎ᠳᠦ ᠰᠢᠭᠤᠳ ᠣᠯᠭᠣᠬᠤ᠎ᠶᠢ ᠪᠡᠶᠡᠯᠡᠭᠦᠯᠵᠡᠢ᠃ ᠡᠮᠴᠢᠯᠡᠭᠡᠨ᠎ᠤ ᠪᠠᠳᠤᠯᠠᠭ᠎ᠠ
ᠵᠢᠨ ᠰᠠᠯᠠᠭ᠎ᠠ ᠮᠥᠴᠢᠷ᠎ᠦᠨ ᠬᠢᠨ ᠦᠷᠭᠦᠯᠵᠢᠯᠡᠨ ᠣᠷᠣᠨ ᠨᠤᠲᠤᠭ ᠤ᠋ᠨ ᠬᠢᠨᠢ ᠵᠢᠯᠣᠭᠣᠳᠤᠨ ᠶᠠᠪᠤᠴᠠ ᠪᠣᠯᠣᠨ
ᠦᠢᠯᠡᠴᠢᠯᠡᠭᠡ᠎ᠶᠢ ᠰᠢᠯᠢᠳᠡᠭᠵᠢᠭᠦᠯᠵᠦ᠂ ᠳᠠᠭᠠᠳᠬᠠᠯ᠎ᠳᠤ ᠣᠷᠣᠯᠴᠠᠭᠰᠠᠨ ᠤᠯᠠᠨ ᠲᠦᠮᠡᠨ᠎ᠦ ᠬᠦᠷᠲᠡᠮᠵᠢ ᠶ᠋ᠢᠨ
ᠲᠥᠷᠥᠭᠳᠡᠯ ᠪᠣᠯᠣᠨ ᠬᠠᠨᠤᠮᠵᠢ᠎ᠶᠢᠨ ᠬᠡᠮᠵᠢᠶ᠎ᠡ᠎ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠷᠡᠵᠢᠯ᠎ᠦᠨ
ᠨᠥᠬᠥᠷᠰᠡᠭ ᠬᠡᠯᠪᠡᠷᠢ᠎ᠶᠢᠨ ᠨᠡᠢᠭᠡᠮ᠎ᠢ ᠪᠠᠶ᠋ᠢᠭᠤᠯᠬᠤ᠎ᠳᠤ ᠬᠦᠴᠦᠨ ᠨᠡᠮᠡᠷᠢᠯᠡᠨ᠎ᠡ᠃
✦ ᠤᠢᠷ᠎ᠠ ᠳ᠋ᠤ ᠮᠠᠨ᠎ᠤ ᠤᠯᠤᠰ᠎ᠤᠨ ᠰᠢᠨᠵᠢᠯᠡᠬᠦ
ᠤᠬᠠᠭᠠᠨᠲᠠᠨ ᠫᠠᠷᠺᠢᠨᠰᠤᠨ ᠡᠪᠡᠳᠴᠢᠨ᠎ᠦ ᠰᠠᠭᠤᠷᠢ ᠳᠠᠪᠬᠤᠷᠭ᠎ᠠ᠎ᠶᠢᠨ ᠴᠢᠳᠠᠮᠵᠢ᠎ᠶᠢᠨ ᠰᠦᠯᠵᠢᠶᠡᠨ᠎ᠦ
ᠲᠣᠭᠲᠠᠴᠠ᠎ᠶᠢ ᠢᠯᠡᠷᠡᠭᠦᠯᠦᠭᠰᠡᠨ ᠪᠥᠭᠡᠳ ᠲᠣᠰ ᠰᠦᠯᠵᠢᠶ᠎ᠡ᠎ᠳᠦ ᠴᠢᠭᠯᠡᠭᠦᠯᠦᠨ ᠰᠢᠭᠤᠳ ᠭᠠᠷ ᠳᠦᠷᠦᠵᠦ᠂
ᠡᠮᠴᠢᠯᠡᠭᠡᠨ᠎ᠦ ᠰᠤᠳᠤᠯᠭᠠᠨ᠎ᠤ ᠳᠤᠮᠳᠠ ᠮᠠᠰᠢ ᠰᠠᠢᠨ ᠦᠷ᠎ᠡ ᠪᠦᠲᠦᠮᠵᠢ ᠣᠯᠣᠭᠰᠠᠨ ᠪᠠᠢᠨ᠎ᠠ᠃ ᠲᠣᠰ
ᠢᠯᠡᠷᠡᠭᠦᠯᠦᠯᠲᠡ ᠨᠢ ᠳᠡᠯᠡᠬᠡᠢ ᠵᠢᠨ ᠠᠨᠭᠬᠠᠳᠠᠬᠴᠢ ᠬᠠᠮᠢᠶ᠎ᠠ ᠪᠦᠬᠦᠢ ᠦᠷ᠎ᠠ ᠪᠦᠲᠦᠭᠡᠯ ᠪᠠᠢᠵᠤ᠂ 5᠎ᠤ
ᠡᠳᠦᠷ ᠣᠯᠠᠨ ᠤᠯᠤᠰ᠎ᠤᠨ ᠡᠷᠳᠡᠮ ᠰᠢᠨᠵᠢᠯᠡᠭᠡᠨ᠎ᠦ 《ᠪᠠᠢᠭᠠᠯᠢ》 ᠰᠡᠳᠬᠦᠯ ᠳ᠋ᠤ ᠨᠡᠢᠲᠡᠯᠡᠪᠡ᠃

✦ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ ᠡᠴᠡ
ᠤᠢᠯᠠᠭᠠᠭᠰᠠᠨ ᠵᠢᠡᠷ᠂ 2025 ᠤᠨ᠎ᠤ 1 ᠠ᠋ᠴᠠ 11 ᠰᠠᠷ᠎ᠠ ᠪᠣᠯᠲᠠᠯ᠎ᠠ᠂ ᠪᠦᠬᠦ ᠤᠯᠤᠰ᠎ᠤᠨ ᠪᠠᠢᠴᠠᠭᠠᠬᠤ
ᠪᠠᠢᠭᠤᠯᠭ᠎ᠠ᠎ᠵᠢᠨ 《ᠱᠠᠯᠢᠭ᠋ ᠵᠠᠪᠬᠠᠢ ᠵᠦᠢᠯ᠂
ᠵᠣᠭᠣᠰ ᠨᠠᠭᠠᠳᠬᠤ᠂ ᠬᠣᠣᠷᠲᠤ ᠡᠳ᠋ ᠰᠠᠷᠢᠭᠠᠯᠠᠬᠤ》᠂ 《ᠬᠤᠯᠠᠭᠠᠢᠯᠠᠬᠤ ᠪᠤᠯᠢᠶᠠᠬᠤ ᠮᠡᠬᠡᠯᠡᠬᠦ》 ᠵᠡᠷᠭᠡ
ᠶᠠᠯᠠᠲᠤ ᠠᠵᠢᠯᠯᠠᠭ᠎ᠠ ᠬᠢᠭᠰᠡᠨ 44.6 ᠲᠦᠮᠡᠨ ᠬᠥᠮᠥᠨ ᠢ᠋ ᠵᠠᠭᠠᠯᠳᠤᠵᠤ᠂ ᠡᠮᠡᠭᠲᠡᠢᠴᠦᠳ ᠬᠡᠦᠬᠡᠳ᠎ᠢ
ᠮᠡᠬᠡᠯᠡᠨ ᠬᠤᠳᠠᠯᠳᠤᠭᠰᠠᠨ ᠬᠣᠯᠪᠣᠭᠳᠠᠯ ᠪᠦᠬᠦᠢ ᠶᠠᠯᠠᠲᠤ ᠠᠵᠢᠯᠯᠠᠭ᠎ᠠ᠎ᠳᠤ ᠬᠣᠯᠪᠣᠭᠳᠠᠭᠰᠠᠨ 950
ᠬᠥᠮᠥᠨ᠎ᠢ ᠵᠠᠭᠠᠯᠳᠤᠵᠤ᠂ ᠠᠳᠠᠯᠢ ᠬᠤᠭᠤᠴᠠᠭᠠᠨ᠎ᠤ ᠬᠢ᠎ᠡᠴᠡ 16.4% ᠪᠡᠷ ᠪᠠᠭᠤᠷᠠᠵᠤ᠂ ᠣᠢᠷ᠎ᠠ᠎ᠶᠢᠨ ᠠᠷᠪᠠᠨ
ᠵᠢᠯ᠎ᠦᠨ ᠲᠤᠷᠰᠢᠬᠢ ᠬᠠᠮᠤᠭ᠎ᠤᠨ ᠳᠣᠣᠷ᠎ᠠ ᠬᠡᠮᠵᠢᠶᠡᠨ᠎ᠳᠦ ᠬᠦᠷᠪᠠ᠃
✦ ᠪᠠᠢᠭᠠᠯᠢ᠎ᠶᠢᠨ ᠡᠬᠢ ᠪᠠᠶᠠᠯᠢᠭ᠋᠎ᠤᠨ ᠶᠠᠮᠤᠨ᠂
ᠤᠯᠤᠰ᠎ᠤᠨ ᠣᠶ ᠰᠢᠭᠤᠢ ᠪᠠ ᠨᠤᠲᠤᠭ ᠪᠡᠯᠴᠢᠭᠡᠷ᠎ᠦᠨ ᠲᠣᠪᠴᠢᠶ᠎ᠠ 2025 ᠣᠨ᠎ᠤ ᠳᠥᠷᠪᠡᠳᠦᠭᠡᠷ ᠤᠯᠠᠷᠢᠯ ᠳ᠋ᠤ᠂
ᠬᠡᠰᠡᠭ ᠭᠠᠵᠠᠷ ᠣᠷᠣᠨ᠎ᠳᠤ ᠬᠠᠤᠯᠢ᠎ᠡᠴᠡ ᠵᠥᠷᠢᠴᠡᠨ ᠭᠠᠵᠠᠷ ᠡᠵᠡᠯᠡᠨ ᠲᠠᠷᠢᠶᠠᠨ ᠭᠠᠵᠠᠷ ᠪᠠ ᠡᠭᠦᠷᠢᠳᠡ᠎ᠶᠢᠨ
ᠦᠨᠳᠦᠰᠦᠨ ᠲᠠᠷᠢᠶᠠᠨ ᠭᠠᠵᠠᠷ᠎ᠢ ᠡᠪᠳᠡᠭᠰᠡᠨ᠂ ᠤᠯᠤᠰ᠎ᠤᠨ ᠨᠤᠲᠤᠭ ᠳᠡᠪᠢᠰᠬᠡᠷ᠎ᠦᠨ ᠣᠷᠣᠨ ᠵᠠᠢ᠎ᠶᠢᠨ
ᠲᠥᠯᠦᠪᠵᠢᠭᠦᠯᠭᠡ ᠶᠢ ᠵᠥᠷᠢᠴᠡᠨ ᠨᠡᠭᠡᠭᠡᠨ ᠬᠥᠭᠵᠢᠭᠦᠯᠵᠦ ᠪᠦᠲᠦᠭᠡᠨ ᠪᠠᠢᠭᠤᠯᠤᠭᠰᠠᠨ᠂ ᠣᠶ ᠰᠢᠭᠤᠢ ᠨᠤᠲᠤᠭ
ᠪᠡᠯᠴᠢᠭᠡᠷ ᠠᠮᠢ ᠠᠬᠤᠢ᠎ᠶᠢ ᠡᠪᠳᠡᠭᠰᠡᠨ ᠵᠡᠷᠭᠡ ᠠᠰᠠᠭᠤᠳᠠᠯ ᠣᠷᠣᠰᠢᠵᠤ ᠪᠠᠢᠬᠤ 8 ᠨᠡᠢᠲᠡᠯᠢᠭ ᠠᠰᠠᠭᠤᠳᠠᠯ
ᠢ᠋ ᠵᠠᠷᠯᠠᠨ ᠮᠡᠳᠡᠭᠳᠡᠪᠠ᠃
✦ ᠣᠢᠷ᠎ᠠ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ
ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ᠂ ᠳᠣᠲᠣᠭᠠᠳᠤ᠎ᠶᠢ ᠬᠠᠮᠠᠭᠠᠯᠠᠬᠤ ᠲᠢᠩᠬᠢᠮ᠂ ᠰᠣᠶᠣᠯ
ᠪᠠ ᠵᠢᠭᠤᠯᠴᠢᠯᠠᠯ᠎ᠤᠨ ᠲᠢᠩᠬᠢᠮ᠂ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠲᠢᠩᠬᠢᠮ ᠬᠠᠮᠲᠤᠷᠠᠨ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ
ᠶ᠋ᠢᠨ ᠲᠡᠷᠭᠡ ᠬᠥᠰᠬᠡ᠎ᠶᠢᠨ ᠠᠮᠤᠷ ᠲᠦᠪᠰᠢᠨ᠎ᠦ ᠬᠢᠨᠠᠯᠲᠠ ᠬᠠᠮᠢᠶᠠᠷᠤᠯᠲᠠ᠎ᠶᠢᠨ ᠴᠢᠳᠠᠪᠤᠷᠢ᠎ᠶᠢ ᠳᠡᠭᠡᠭᠰᠢᠯᠡᠭᠦᠯᠬᠦ
ᠠᠵᠢᠯᠯᠠᠭ᠎ᠠ᠎ᠶᠢᠨ ᠬᠡᠷᠡᠭᠵᠢᠭᠦᠯᠬᠦ ᠲᠥᠰᠥᠯ》᠎ᠢ ᠳᠠᠷᠤᠮᠠᠯᠯᠠᠨ
ᠲᠠᠷᠬᠠᠭᠠᠵᠤ᠂ ᠡᠷᠬᠡ ᠬᠠᠷᠢᠭᠤᠴᠠᠯᠭ᠎ᠠ ᠲᠣᠳᠣᠷᠬᠠᠢ᠂ ᠬᠠᠮᠵᠢᠯᠴᠠᠭ᠎ᠠ ᠥᠨᠳᠥᠷ ᠦᠷ᠎ᠡ ᠪᠦᠲᠦᠮᠵᠢᠲᠡᠶ᠂ ᠬᠢᠨᠠᠯᠲᠠ
ᠬᠠᠮᠢᠶᠠᠷᠤᠯᠲᠠ ᠬᠦᠴᠦᠨ᠎ᠲᠠᠢ ᠠᠮᠤᠷ ᠲᠦᠪᠰᠢᠨ ᠤ᠋ ᠬᠢᠨᠠᠯᠲᠠ ᠬᠠᠮᠢᠶᠠᠷᠤᠯᠲᠠ᠎ᠶᠢᠨ ᠰᠢᠰᠲᠧᠮ᠎ᠢ ᠪᠥᠬᠥ ᠲᠠᠯ᠎ᠠ᠎ᠪᠠᠷ
ᠪᠠᠢᠭᠤᠯᠵᠤ᠂ ᠬᠦᠨᠳᠦ ᠣᠨᠴᠠ ᠶᠡᠬᠡ ᠵᠠᠮ ᠬᠠᠷᠢᠯᠴᠠᠭ᠎ᠠ ᠲᠡᠭᠡᠭᠡᠪᠦᠷᠢ᠎ᠶᠢᠨ ᠬᠠᠷᠢᠭᠤᠴᠠᠯᠭ᠎ᠠ᠎ᠶᠢᠨ ᠡᠨᠳᠡᠯ᠎ᠢ
ᠡᠷᠡᠰ ᠬᠣᠷᠢᠭ᠍ᠯᠠᠬᠤ ᠬᠡᠷᠡᠭᠲᠡᠢ ᠭᠡᠵᠡᠢ᠃
✦ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ
ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠲᠥᠪ᠎ᠡᠴᠡ ᠣᠢᠯᠠᠭᠠᠭᠰᠠᠨ ᠵᠢᠡᠷ᠂ ᠥᠪᠥᠷ ᠮᠣᠩᠭᠣᠯ ᠲᠦᠷᠦᠭᠦᠬᠡᠨ ᠮᠠᠯᠴᠢᠨ
ᠲᠠᠷᠢᠶᠠᠴᠢᠨ᠎ᠤ ᠦᠢᠯᠡᠰ ᠪᠤᠰᠬᠠᠵᠤ ᠠᠵᠢᠯ ᠣᠯᠭᠣᠬᠤ᠎ᠶᠢ ᠠᠬᠢᠭᠤᠯᠬᠤ ᠲᠥᠷᠥ᠎ᠶᠢᠨ ᠪᠣᠳᠣᠯᠭ᠎ᠠ᠎ᠶᠢᠨ ᠦᠢᠯᠡᠴᠢᠯᠡᠭᠡᠨ᠎ᠦ
ᠲᠣᠳᠣᠷᠬᠠᠢ ᠬᠠᠭᠤᠳᠠᠰᠤ᠎ᠶᠢ ᠨᠡᠢᠲᠡᠯᠡᠵᠦ᠂ ᠨᠤᠲᠤᠭ᠎ᠲᠠᠭᠠᠨ ᠪᠤᠴᠠᠵᠤ ᠦᠢᠯᠡᠰ ᠪᠤᠰᠬᠠᠬᠤ ᠬᠦᠯᠦᠰᠦᠨ ᠮᠠᠯᠴᠢᠨ
ᠲᠠᠷᠢᠶᠠᠴᠢᠨ᠂ ᠶᠠᠳᠠᠭᠤ᠎ᠠᠴᠠ ᠠᠩᠭᠢᠵᠢᠷᠠᠭᠰᠠᠨ ᠬᠥᠮᠥᠨ ᠠᠮᠠ᠂ ᠬᠥᠳᠡᠭᠡ ᠲᠣᠰᠬᠣᠨ᠎ᠤ ᠪᠡᠶ᠎ᠡ᠎ᠪᠡᠨ ᠳᠠᠭᠠᠭᠠᠵᠤ
ᠦᠢᠯᠡᠰ ᠪᠤᠰᠬᠠᠬᠤ ᠮᠠᠯᠴᠢᠨ ᠲᠠᠷᠢᠶᠠᠴᠢᠨ ᠵᠢᠴᠢ ᠪᠠᠭ᠎ᠠ ᠵᠢᠵᠢᠭ ᠠᠵᠤ ᠠᠬᠤᠢᠯᠠᠯ᠎ᠳᠤ ᠣᠯᠠᠨ ᠳᠠᠪᠬᠤᠷ ᠦᠢᠯᠡᠰ
ᠪᠤᠰᠬᠠᠬᠤ ᠵᠢᠭᠡᠯᠡᠯᠭᠡ᠎ᠶᠢᠨ ᠳᠡᠮᠵᠢᠯᠭᠡ ᠦᠵᠡᠭᠦᠯᠪᠡ᠃
✦ 《ᠠᠷᠪᠠᠨ ᠳᠥᠷᠪᠡᠳᠦᠭᠡᠷ ᠲᠠᠪᠤᠨ
ᠵᠢᠯ》 ᠤ᠋ᠨ ᠲᠥᠯᠦᠪᠵᠢᠭᠦᠯᠭᠡ᠎ᠡᠴᠡ ᠨᠠᠭᠠᠰᠢ᠂ ᠰᠢᠯᠢ᠎ᠶᠢᠨ ᠭᠣᠣᠯ ᠠᠢᠮᠠᠭ
200 ᠲᠦᠮᠡᠨ ᠲᠥᠭᠥᠷᠢᠭ᠎ᠦᠨ ᠪᠡᠯᠡ ᠣᠷᠣᠭᠤᠯᠵᠤ᠂ ᠬᠢᠯᠢ᠎ᠶᠢᠨ 4 ᠬᠣᠰᠢᠭᠤᠨ᠎ᠳᠤ 《ᠴᠠᠢ᠎ᠶᠢ ᠡᠷᠦᠬᠡ᠎ᠳᠦ ᠬᠦᠷᠭᠡᠬᠦ》 ᠠᠵᠢᠯᠯᠠᠭ᠎ᠠ᠎ᠶᠢ
ᠬᠡᠷᠡᠭᠵᠢᠭᠦᠯᠵᠦ᠂ ᠹᠯᠣᠷ ᠪᠠᠭ᠎ᠠ ᠴᠠᠢ᠎ᠶᠢ ᠳᠡᠯᠭᠡᠷᠡᠭᠦᠯᠦᠨ᠂ ᠡᠷᠡᠭᠦᠯ ᠴᠠᠢ ᠤᠤᠭᠤᠬᠤ ᠮᠡᠳᠡᠯᠭᠡ᠎ᠶᠢ ᠲᠦᠭᠡᠮᠡᠯᠵᠢᠭᠦᠯᠵᠦ᠂
ᠬᠢᠯᠢ᠎ᠶᠢᠨ 4600 ᠭᠠᠷᠤᠢ ᠡᠷᠦᠬᠡ᠂ 1.4 ᠲᠦᠮᠡ ᠭᠠᠷᠤᠢ ᠬᠥᠮᠥᠨ᠎ᠳᠦ ᠠᠰᠢᠭ᠋ ᠬᠦᠷᠲᠡᠭᠡᠵᠡᠢ᠃

✦ ᠣᠢᠷ᠎ᠠ᠎ᠳᠤ ᠣᠷᠳᠣᠰ᠎ᠤᠨ ᠬᠡᠭᠡᠷ᠎ᠡ᠎ᠶᠢᠨ
ᠠᠮᠢᠲᠠᠨ᠎ᠤ ᠬᠦᠷᠢᠶᠡᠯᠡᠩ ᠶᠡᠬᠡ ᠬᠢᠩᠭᠠᠨ ᠳᠠᠪᠠᠭ᠎ᠠ᠎ᠶᠢᠨ ᠡᠸᠡᠩᠬᠢ ᠦᠨᠳᠦᠰᠦᠲᠡᠨ᠎ᠦ ᠣᠯᠭᠣᠶᠠ᠎ᠶᠢᠨ
ᠰᠣᠶᠣᠯ᠎ᠢ ᠣᠷᠳᠣᠰ ᠤ᠋ᠨ ᠵᠠᠩ ᠦᠢᠯᠡ᠂ ᠣᠳᠣ᠌ ᠦᠶ᠎ᠡ᠎ᠶᠢᠨ ᠴᠠᠰᠤ ᠮᠦᠰᠦᠨ᠎ᠤ ᠤᠷᠠᠯᠢᠭ᠋ ᠯᠤᠭ᠎ᠠ
ᠠᠭᠤᠰᠤᠯᠴᠠᠭᠤᠯᠤᠨ᠂ ᠵᠢᠭᠤᠯᠴᠢᠯᠠᠭᠰᠠᠳ᠎ᠤᠨ ᠠᠩᠬᠠᠷᠤᠯ᠎ᠢ ᠲᠠᠲᠠᠵᠤ ᠪᠠᠢᠨ᠎ᠠ᠃ ᠲᠤᠰ ᠠᠮᠢᠲᠠᠨ᠎ᠤ
ᠬᠦᠷᠢᠶᠡᠯᠡᠩ᠎ᠦᠨ ᠴᠠ ᠪᠤᠭᠤ᠎ᠶᠢᠨ ᠰᠣᠶᠣᠯ᠎ᠤᠨ ᠭᠣᠣᠯ ᠰᠡᠳᠦᠪᠲᠦ ᠲᠣᠭᠣᠷᠢᠭ᠋᠎ᠢ ᠴᠢᠯᠦᠭᠡᠲᠡᠢ ᠨᠡᠭᠡᠭᠡᠭᠰᠡᠨ
ᠠᠩᠬᠠᠨ᠎ᠤ ᠡᠳᠦᠷ ᠵᠢᠭᠤᠯᠴᠢᠯᠠᠭᠰᠠᠳ᠎ᠢ ᠬᠦᠯᠢᠶᠡᠨ ᠠᠪᠤᠭᠰᠠᠨ ᠬᠡᠮᠵᠢᠶ᠎ᠡ ᠠᠳᠠᠯᠢ ᠬᠤᠭᠤᠴᠠᠭᠠᠨ᠎ᠤ ᠬᠢ᠎ᠡᠴᠡ
10.3 ᠳᠠᠬᠢᠨ ᠨᠡᠮᠡᠭᠳᠡᠵᠡᠢ᠃

ᠠᠵᠤ ᠠᠬᠤᠢ
✦ ᠣᠢᠷ᠎ᠠ᠎ᠳᠤ 《ᠬᠥᠯᠥᠨ ᠪᠣᠶ᠋ᠢᠷ᠎ᠤᠨ ᠲᠠᠯ᠎ᠠ ᠨᠤᠲᠤᠭ》 ᠲᠥᠷᠥᠯ
ᠲᠡᠮᠳᠡᠭ᠎ᠤ᠋ᠨ ᠳᠡᠯᠭᠡᠭᠦᠷ ᠱᠧᠨᠵᠧᠨ᠎ᠦ ᠪᠦᠦ ᠠᠨ ᠨᠢᠰᠬᠡᠯ᠎ᠦᠨ ᠪᠠᠭᠤᠳᠠᠯ᠎ᠳᠤ ᠡᠭᠦᠳᠡ ᠪᠡᠨ ᠨᠡᠬᠡᠬᠡᠪᠡ᠃
ᠲᠤᠰ ᠳᠡᠯᠭᠡᠭᠦᠷ ᠨᠢ ᠲᠠᠯ᠎ᠠ ᠨᠤᠲᠤᠭ᠎ᠤᠨ ᠠᠮᠢ ᠠᠬᠤᠢ᠎ᠪᠠᠷ ᠭᠣᠣᠯ ᠰᠡᠳᠦᠪ ᠪᠤᠯᠭᠠᠵᠦ᠂ ᠬᠥᠯᠥᠨ ᠪᠤᠢ᠍ᠢᠷ᠎ᠤᠨ
ᠰᠢᠯᠢᠳᠡᠭ ᠮᠠᠯ᠎ᠤᠨ ᠠᠰᠢᠭ᠋ ᠰᠢᠮ᠎ᠡ ᠲᠠᠷᠢᠶᠠᠯᠠᠩ ᠤ᠋ᠨ ᠪᠦᠲᠦᠭᠡᠭᠳᠡᠬᠦᠨ᠎ᠢ ᠲᠥᠪᠯᠡᠷᠡᠭᠦᠯᠦᠨ ᠳᠡᠯᠭᠡᠨ
ᠦᠵᠡᠭᠦᠯᠵᠦ᠂ ᠭᠤᠸᠠᠩᠳᠦ᠋ᠩ ᠰᠢᠶᠠᠩᠭᠠᠩ ᠣᠣᠮᠧᠨ᠎ᠦ ᠲᠣᠮᠣ᠌ ᠪᠤᠯᠤᠩ᠎ᠤᠨ ᠤᠷᠤᠨ᠎ᠤ ᠵᠠᠬ᠎ᠠ ᠳᠡᠯᠭᠡᠭᠦᠷ᠎ᠲᠦ
ᠣᠷᠣᠭᠰᠠᠨ᠎ᠢ ᠬᠠᠷᠠᠭᠤᠯᠵᠤ ᠪᠤᠢ᠃

ᠰᠣᠶᠣᠯ
✦ 2025 ᠣᠨ᠎ᠤ ᠳᠤᠮᠳᠠᠳᠤ ᠤᠯᠤᠰ᠎ᠤᠨ ᠬᠠᠭᠤᠴᠢ
ᠰᠤᠳᠤᠯᠤᠯ᠎ᠤᠨ ᠰᠢᠨ᠎ᠡ ᠦᠷ᠎ᠡ ᠪᠦᠲᠦᠭᠡᠯ᠎ᠢ ᠲᠦᠷᠦᠭᠦᠬᠡᠨ ᠨᠡᠢᠲᠡᠯᠡᠵᠦ᠂ ᠾᠧᠪᠧᠢ᠂ ᠰᠢᠨᠵᠢᠶᠠᠩ᠂ ᠾᠧᠨᠠᠨ᠂
ᠱᠠᠨᠳᠦ᠋ᠩ ᠵᠡᠷᠭᠡ ᠳᠥᠷᠪᠡᠨ ᠮᠤᠵᠢ ᠣᠷᠣᠨ᠎ᠤ ᠵᠢᠷᠭᠤᠭᠠᠨ ᠲᠣᠮᠣ᠌ ᠪᠠᠭᠤᠷᠢ᠎ᠶᠢᠨ ᠦᠯᠡᠳᠡᠭᠳᠡᠯ
ᠰᠣᠩᠭᠣᠭᠳᠠᠪᠠ᠃

✦ ᠦᠪᠦᠷ ᠮᠤᠨᠭᠭᠤᠯ᠎ᠤᠨ 2026 ᠣᠨ᠎ᠤ ᠴᠠᠭᠠᠨ
ᠰᠠᠷ᠎ᠠ᠎ᠶᠢᠨ ᠰᠣᠶᠣᠯ᠎ᠢᠶᠠᠷ ᠠᠷᠠᠳ᠎ᠲᠤ ᠠᠰᠢᠭ᠋ ᠬᠦᠷᠲᠡᠭᠡᠬᠦ ᠲᠣᠭᠯᠠᠯᠲᠠ ᠤᠷᠴᠢᠮᠬᠠᠨ ᠬᠦᠬᠡᠬᠤᠳᠠ ᠳ᠋ᠤ
ᠡᠬᠢᠯᠡᠪᠡ᠃ ᠲᠤᠰ ᠰᠢᠷᠢᠰ ᠲᠤᠭᠯᠠᠯᠳᠠ ᠵᠢᠨ ᠠᠵᠢᠯᠯᠠᠭ᠎ᠠ 4 ᠰᠠᠷ᠎ᠠ ᠪᠣᠯᠲᠠᠯ᠎ᠠ ᠦᠷᠭᠦᠯᠵᠢᠯᠡᠵᠦ᠂ 8 ᠲᠠᠯᠠᠪᠠᠢ
ᠲᠣᠭᠯᠠᠯᠲᠠ ᠭᠠᠷᠭᠠᠬᠤ ᠪᠤᠯᠤᠨ᠎ᠠ᠃
ᠲᠠᠮᠢᠷ
✦ ᠤᠢᠷ᠎ᠠ ᠳ᠋ᠤ ᠥᠪᠥᠷ ᠮᠣᠩᠭᠣᠯ᠎ᠤᠨ ᠬᠥᠳᠡᠭᠡ ᠲᠣᠰᠬᠣᠨ᠎ᠤ ᠮᠢᠭ᠍ᠮᠠᠨᠤ
ᠤᠷᠤᠯᠳᠤᠭᠠᠨ ᠬᠥᠯᠥᠨ ᠪᠣᠶ᠋ᠢᠷ ᠬᠣᠲᠠ᠎ᠶᠢᠨ ᠡᠸᠡᠩᠬᠢ ᠦᠨᠳᠦᠰᠦᠲᠡᠨ᠎ᠦ ᠥᠪᠡᠷᠲᠡᠭᠡᠨ ᠵᠠᠰᠠᠬᠤ ᠬᠣᠰᠢᠭᠤᠨ᠎ᠤ
ᠪᠠᠶᠠᠨᠲᠤᠬᠠᠢ ᠪᠠᠯᠭᠠᠰᠤᠨ᠎ᠳᠤ ᠶᠠᠪᠤᠭᠳᠠᠪᠠ᠃ ᠣᠢᠷ᠎ᠠ᠎ᠶᠢᠨ ᠵᠢᠯ᠎ᠡᠴᠡ ᠥᠪᠥᠷ ᠮᠣᠩᠭᠣᠯ᠎ᠤᠨ ᠮᠢᠭ᠍ᠮᠠᠨᠤ
ᠦᠢᠯᠡᠰ ᠲᠦᠷᠭᠡᠨ ᠬᠥᠭᠵᠢᠵᠦ᠂ ᠮᠢᠭ᠍ᠮᠠᠨᠤ ᠪᠠᠬᠠᠲᠠᠳ 60
ᠭᠠᠷᠤᠢ ᠲᠦᠮᠡ ᠬᠦᠷᠴᠦ᠂ ᠵᠢᠯ ᠪᠦᠷᠢ 200
ᠲᠠᠯᠠᠪᠠᠢ ᠡᠯ᠎ᠡ ᠲᠥᠷᠥᠯ᠎ᠦᠨ ᠤᠷᠤᠯᠳᠤᠭᠠᠨ ᠶᠠᠪᠤᠭᠤᠯᠵᠤ᠂ 3 ᠮᠡᠷᠭᠡᠵᠢᠯ᠎ᠦᠨ ᠰᠢᠲᠠᠷᠠᠴᠢᠨ᠂ 50
ᠭᠠᠷᠤᠢ ᠠᠵᠢᠯ᠎ᠤᠨ ᠴᠢᠯᠦᠭᠡᠨ᠎ᠦ 6
ᠱᠠᠳᠤᠨ᠎ᠤ ᠰᠢᠲᠠᠷᠠᠴᠢᠨ ᠲᠠᠢ ᠪᠤᠯᠵᠠᠢ᠃

✦ ᠣᠢᠷ᠎ᠠ᠎ᠳ᠋ᠤ 2026᠎ᠤ ᠳᠤᠮᠳᠠᠳᠤ ᠤᠯᠤᠰ᠎ᠤᠨ ᠦᠨᠳᠦᠰᠦᠲᠡᠨ᠎ᠦ
ᠪᠡᠶ᠎ᠡ᠎ᠶᠢᠨ ᠲᠠᠮᠢᠷ᠎ᠤᠨ ᠰᠢᠨ᠎ᠡ᠎ᠶᠢ ᠡᠭᠦᠳᠬᠦ ᠬᠥᠭᠵᠢᠯᠲᠡ᠎ᠶᠢᠨ ᠶᠠᠷᠢᠯᠴᠠᠬᠤ ᠬᠤᠷᠠᠯ ᠵᠢᠴᠢ ᠳᠤᠮᠳᠠᠳᠤ ᠤᠯᠤᠰ᠎ᠤᠨ
ᠠᠳᠤᠭᠤᠨ ᠰᠣᠶᠣᠯ ᠵᠢᠭᠤᠯᠴᠢᠯᠠᠯ ᠪᠣᠯᠣᠨ ᠨᠠᠮᠨᠠᠭ᠎ᠠ ᠵᠢᠨ ᠬᠥᠭᠵᠢᠯᠲᠡ᠎ᠶᠢᠨ ᠰᠤᠳᠤᠯᠤᠨ ᠶᠠᠷᠢᠯᠴᠠᠬᠤ ᠬᠤᠷᠠᠯ᠎ᠤᠨ
ᠰᠢᠷᠢᠰ ᠠᠵᠢᠯᠯᠠᠭ᠎ᠠ ᠲᠠᠢ᠍ᠢᠪᠤᠰᠸ ᠬᠣᠰᠢᠭᠤᠨ᠎ᠳᠤ ᠶᠠᠪᠤᠭᠳᠠᠪᠠ᠃ ᠡᠨᠡ ᠬᠤᠭᠤᠴᠠᠭᠠᠨ᠎ᠳᠤ 《ᠳᠤᠮᠳᠠᠳᠤ ᠤᠯᠤᠰ᠎ᠤᠨ ᠨᠠᠮᠨᠠᠭ᠎ᠠ ᠲᠠᠮᠢᠷ᠎ᠤᠨ ᠬᠥᠳᠡᠯᠭᠡᠭᠡᠨ ᠤ᠋ ᠰᠠᠭᠤᠷᠢᠨ》 ᠤ᠋ ᠫᠠᠢᠰᠠ ᠣᠯᠭᠣᠬᠤ ᠶᠣᠰᠣᠯᠠᠯ ᠶᠠᠪᠤᠭᠳᠠᠪᠠ᠃

✦ ᠬᠥᠬᠡᠬᠣᠲᠠ᠎ᠶᠢᠨ ᠪᠡᠶ᠎ᠡ᠎ᠶᠢᠨ ᠲᠠᠮᠢᠷ᠎ᠤᠨ
ᠲᠣᠪᠴᠢᠶ᠎ᠠ᠎ᠡᠴᠡ ᠤᠢᠯᠠᠭᠠᠭᠰᠠᠨ ᠵᠢᠡᠷ᠂ 2026 ᠣᠨ᠎ᠳᠤ ᠬᠥᠬᠡᠬᠣᠲᠠ ᠡᠯ᠎ᠡ ᠲᠥᠷᠥᠯ᠎ᠦᠨ ᠪᠥᠮᠪᠥᠭᠡᠨ
ᠲᠠᠯᠠᠪᠤᠷ 46᠂ ᠬᠠᠷᠮᠠᠨ ᠪᠡᠶ᠎ᠡ᠎ᠶᠢᠨ ᠲᠠᠮᠢᠷ᠎ᠤᠨ ᠴᠡᠴᠡᠷᠯᠢᠭ 1᠂ ᠪᠡᠶ᠎ᠡ ᠶ᠋ᠢᠨ ᠲᠠᠮᠢᠷ᠎ᠤᠨ ᠠᠮᠢᠳᠤᠷᠠᠯ᠎ᠤᠨ
ᠨᠡᠢᠭᠡᠮ ᠲᠣᠭᠣᠷᠢᠭ᠋ 2 ᠢ᠋ ᠰᠢᠨ᠎ᠡ᠎ᠪᠡᠷ ᠪᠠᠢᠭᠤᠯᠬᠤ ᠪᠤᠶᠤ ᠥᠭᠡᠷᠡᠴᠢᠯᠡᠨ ᠪᠠᠶ᠋ᠢᠭᠤᠯᠬᠤ᠎ᠶᠢᠨ ᠬᠠᠮᠲᠤ᠂
2026 ᠣᠨ᠎ᠤ ᠬᠥᠬᠡᠬᠣᠲᠠ ᠶ᠋ᠢᠨ ᠮᠠᠷᠠᠽᠤᠨ ᠤᠷᠤᠯᠳᠤᠭᠠᠨ᠂ ᠪᠥᠬᠥ ᠠᠷᠠᠳ᠎ᠤᠨ ᠰᠠᠭᠰᠤᠨ ᠪᠥᠮᠪᠥᠭᠡ᠎ᠶᠢᠨ
ᠤᠷᠤᠯᠳᠤᠭᠠᠨ ᠵᠡᠷᠭᠡ ᠤᠷᠤᠯᠳᠤᠭᠠᠨ᠎ᠢ ᠡᠷᠭᠢᠯᠡᠬᠦ᠎ᠪᠡᠷ ᠪᠣᠶ᠃
ᠳᠡᠯᠡᠬᠡᠢ
✦ ᠳᠡᠯᠡᠬᠡᠢ ᠶ᠋ᠢᠨ ᠡᠷᠡᠭᠦᠯ ᠬᠠᠮᠠᠭᠠᠯᠠᠯ᠎ᠤᠨ ᠵᠣᠬᠢᠶᠠᠨ
ᠪᠠᠢᠭᠤᠯᠤᠯᠲᠠ ᠣᠷᠴᠢᠮᠬᠠᠨ 2026 ᠣᠨ᠎ᠤ ᠪᠦᠬᠦ ᠪᠥᠮᠪᠥᠷᠴᠡᠭ᠎ᠦᠨ ᠪᠠᠴᠢᠮ ᠪᠠᠢᠳᠠᠯ᠎ᠳᠤ ᠬᠠᠨᠳᠢᠪ ᠴᠤᠭᠯᠠᠭᠤᠯᠬᠤ
ᠤᠷᠢᠶᠠᠯᠠᠭ᠎ᠠ ᠶ᠋ᠢ ᠡᠬᠢᠯᠡᠨ ᠬᠡᠷᠡᠭᠵᠢᠭᠦᠯᠵᠦ᠂ ᠬᠠᠨᠳᠢᠪ ᠴᠤᠭᠯᠠᠭᠤᠯᠬᠤ ᠬᠠᠷᠠᠯᠲᠠ ᠨᠢ ᠪᠠᠷᠤᠭ 10 ᠳ᠋ᠦᠩᠰᠢᠭᠤᠷ
ᠳ᠋ᠣᠯᠯᠠᠷ᠎ᠲᠤ ᠬᠦᠷᠴᠦ᠂ ᠪᠦᠬᠦ ᠪᠥᠮᠪᠥᠷᠴᠡᠭ᠎ᠦᠨ 36 ᠤᠳᠠᠭᠠᠨ᠎ᠤ ᠭᠡᠨᠡᠳᠲᠡ ᠵᠢᠨ ᠡᠷᠡᠭᠦᠯ ᠬᠠᠮᠠᠭᠠᠯᠠᠯ᠎ᠤᠨ
ᠬᠡᠷᠡᠭ ᠢ᠋ ᠠᠷᠭᠠᠴᠠᠭᠠᠬᠤ᠎ᠳᠤ ᠬᠡᠷᠡᠭᠯᠡᠬᠦ᠎ᠪᠡᠷ ᠪᠠᠢᠨ᠎ᠠ᠃

✦ ᠬᠠᠮᠢᠶ᠎ᠠ ᠪᠦᠬᠦᠢ ᠮᠡᠳᠡᠭᠡ ᠵᠢ ᠦᠨᠳᠦᠰᠦᠯᠡᠪᠡᠯ᠂
Spacex ᠪᠤᠯᠤᠨ xAI
ᠬᠤᠶᠠᠷ ᠺᠤᠮᠫᠠᠨᠢ ᠶ᠋ᠢ ᠨᠡᠢᠯᠡᠭᠦᠯᠦᠭᠰᠡᠨᠦ ᠳᠠᠷᠠᠭ᠎ᠠ᠂ ᠠᠮᠧᠷᠢᠺᠠ᠎ᠶᠢᠨ ᠠᠵᠤ ᠠᠬᠤᠢᠯᠠᠯᠲᠠᠨ ᠠᠶ᠋ᠢᠯ᠎ᠤᠨ·ᠮᠠᠰᠺ᠎ᠤᠨ
ᠬᠤᠪᠢ ᠬᠥᠮᠥᠨ᠎ᠦ ᠡᠳ᠋ ᠬᠥᠷᠥᠩᠭᠡ 8000 ᠳ᠋ᠦᠩᠰᠢᠭᠤᠷ ᠳ᠋ᠣᠯᠯᠠᠷ᠎ᠢ ᠳᠠᠪᠠᠵᠤ᠂ ᠪᠥᠬᠥ ᠳᠡᠯᠡᠬᠡᠢ᠎ᠶᠢᠨ ᠲᠡᠷᠢᠭᠦᠨ
ᠪᠠᠶᠠᠨ ᠪᠣᠯᠤᠭᠰᠠᠨ ᠪᠠᠢᠨ᠎ᠠ᠃ ᠡᠨᠡ ᠪᠣᠯ ᠲᠡᠭᠦᠨ᠎ᠦ ᠳᠥᠷᠪᠡᠨ ᠰᠠᠷ᠎ᠠ᠎ᠶᠢᠨ ᠳᠣᠲᠣᠷ᠎ᠠ ᠬᠤᠪᠢ ᠬᠥᠮᠥᠨ᠎ᠦ ᠡᠳ᠋
ᠬᠥᠷᠥᠩᠭᠡ᠎ᠶᠢᠨ ᠲᠡᠮᠳᠡᠭᠯᠡᠯ᠎ᠢ ᠳᠥᠷᠪᠡ ᠤᠳᠠᠭ᠎ᠠ ᠰᠢᠨᠡᠳᠬᠡᠵᠦ ᠪᠠᠢᠭ᠎ᠠ ᠶᠠᠪᠤᠳᠠᠯ ᠪᠣᠯᠣᠨ᠎ᠠ᠃
ᠦᠢᠯᠡᠴᠢᠯᠡᠭᠡ
✦ ᠣᠷᠳᠣᠰ᠎ᠤᠨ ᠠᠮᠢ ᠠᠬᠤᠢ ᠣᠷᠴᠢᠨ ᠲᠣᠭᠣᠷᠢᠨ᠎ᠤ
ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ 16
ᠠᠵᠢᠯᠲᠠᠨ ᠡᠯᠰᠡᠨ᠎ᠠ᠃
ᠲᠠᠨ᠎ᠤ ᠲᠤᠰᠠ᠎ᠳᠤ
✦ ᠢᠳᠡᠰᠢᠨ ᠨᠣᠭᠣᠭ᠎ᠠ
ᠪᠣᠯ ᠬᠣᠭᠣᠯᠠᠨ ᠰᠢᠷᠡᠭᠡᠨ ᠳᠡᠭᠡᠷᠡᠬᠢ 《ᠥᠮᠡᠨ ᠢ᠋ ᠡᠰᠡᠷᠭᠦᠴᠡᠬᠦ ᠭᠣᠣᠯ ᠬᠦᠴᠦᠨ》 ᠪᠠᠢᠵᠤ᠂ ᠥᠷᠭᠡᠰᠦᠲᠦ ᠨᠣᠭᠣᠭ᠎ᠠ᠂ ᠬᠦᠷᠡᠩ
ᠪᠥᠭᠡᠷᠡᠩᠬᠡᠢ ᠨᠣᠭᠣᠭ᠎ᠠ ᠵᠡᠷᠭᠡ ᠭᠦᠨ ᠨᠣᠭᠣᠭᠠᠨ ᠥᠩᠭᠡᠲᠡᠢ᠂ ᠤᠯᠠᠭᠠᠨ ᠬᠦᠷᠡᠩ ᠥᠩᠭᠡᠲᠡᠢ ᠢᠳᠡᠰᠢᠨ
ᠨᠣᠭᠣᠭ᠎ᠠ ᠳᠦ ᠢᠰᠦᠯᠳᠦᠬᠦ᠎ᠶᠢ ᠡᠰᠡᠷᠭᠦᠴᠡᠬᠦ ᠪᠣᠳᠠᠰ ᠡᠯᠪᠡᠭ ᠠᠭᠤᠯᠤᠭᠳᠠᠵᠤ᠂ ᠪᠡᠶ᠎ᠡ᠎ᠶᠢᠨ ᠳᠣᠲᠣᠭᠠᠳᠤᠬᠢ 《ᠮᠠᠭᠤ ᠡᠲᠡᠭᠡᠳ》᠎ᠢ ᠠᠷᠢᠯᠭᠠᠬᠤ ᠳ᠋ᠤ
ᠬᠠᠪᠰᠤᠷᠤᠮᠵᠢ ᠪᠣᠯᠳᠠᠭ᠃ ᠰᠣᠩᠭᠢᠨ᠎ᠠ ᠰᠠᠷᠢᠮᠰᠠᠭ᠎ᠤᠨ ᠲᠥᠷᠥᠯᠳ᠋ᠤ ᠠᠭᠤᠯᠵᠤ ᠪᠠᠢᠭ᠎ᠠ ᠬᠦᠬᠦᠷᠲᠦ
ᠨᠢᠭᠡᠳᠪᠦᠷᠢ ᠨᠢ ᠬᠡᠪ᠎ᠦᠨ ᠪᠤᠰᠤ ᠡᠰ᠎ᠦᠨ ᠥᠰᠦᠯᠲᠡ᠎ᠶᠢ ᠬᠣᠷᠢᠭ᠍ᠯᠠᠬᠤ᠎ᠳᠤ ᠲᠤᠰᠠᠲᠠᠢ ᠪᠠᠢᠳᠠᠭ᠃ ᠵᠢᠮᠢᠰ
ᠪᠣᠯ ᠪᠡᠶ᠎ᠡ ᠮᠠᠬᠠᠪᠤᠳ᠎ᠤᠨ ᠸᠢᠲ᠋ᠠᠮᠢᠨ ᠨᠥᠬᠥᠪᠦᠷᠢᠯᠡᠬᠦ ᠥᠷᠲᠡᠭᠡ ᠮᠥᠨ᠂ ᠡᠳᠦᠷ ᠪᠦᠷᠢ 200 ᠡᠴᠡ 350
ᠭᠷᠡᠮ ᠰᠢᠨ᠎ᠡ ᠰᠣᠷᠭᠣᠭ ᠵᠢᠮᠢᠰ ᠢᠳᠡᠬᠦ᠎ᠶᠢ ᠰᠠᠨᠠᠭᠤᠯᠤᠶ᠎ᠠ᠃

ᠵᠠᠯᠭᠠᠭᠠᠳ 《ᠬᠠᠪᠤᠷ᠎ᠤᠨ ᠴᠠᠰᠤ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ
ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠤ ᠪᠠᠶᠠᠷᠯᠠᠯ᠎ᠠ᠂ ᠪᠠᠶᠠᠷᠳᠠᠢ!
(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ
ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ
ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ
ᠬᠤᠳᠠ᠂ ᠬᠤᠰᠢᠭᠤ ᠰᠢᠶᠠᠨ᠎ᠤ ᠵᠢᠷᠬᠢᠶ᠎ᠠ᠎ᠶᠢᠨ ᠲᠠᠪᠴᠠᠩ)