



ᠬᠤᠶᠠᠷ ᠬᠤᠷᠠᠯ᠎ᠤᠨ ᠳᠤᠰᠭᠠᠢ ᠮᠡᠳᠡᠭᠡᠯᠡᠯ
✦2 ᠰᠠᠷ᠎ᠠ᠎ᠶᠢᠨ 7᠎ᠤ ᠦᠳᠡ᠎ᠶᠢᠨ
ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠤᠯᠤᠰ
ᠲᠥᠷᠥ᠎ᠶᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠣᠷᠢᠶ᠎ᠠ᠎ᠶᠢᠨ ᠳᠥᠷᠪᠡᠳᠦᠭᠡᠷ ᠬᠤᠷᠠᠯ᠎ᠤᠨ ᠭᠤᠷᠪᠠᠳᠤᠭᠠᠷ ᠪᠥᠬᠥᠳᠡ ᠬᠤᠷᠠᠯ ᠳᠡᠭᠡᠷ᠎ᠡ᠂ ᠶᠣᠣ ᠶᠦᠩ ᠪᠥᠸᠧ᠂ᠶᠢᠨ ᠵᠤᠸᠠᠩ᠂ ᠢᠦᠢ ᠷᠧᠨ ᠵᠢᠶᠧ ᠤᠯᠤᠰ ᠲᠥᠷᠥ᠎ᠶᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠥᠪᠥᠷ
ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ
ᠬᠣᠷᠢᠶ᠎ᠠ᠎ᠶᠢᠨ ᠳᠡᠳ᠋ ᠲᠡᠷᠢᠭᠦᠯᠡᠭᠴᠢ᠎ᠪᠡᠷ ᠰᠣᠩᠭᠣᠭᠳᠠᠪᠠ᠃

✦2 ᠰᠠᠷ᠎ᠠ᠎ᠶᠢᠨ
7᠎ᠤ ᠦᠳᠡ᠎ᠶᠢᠨ
ᠬᠤᠢᠨ᠎ᠠ᠂ ᠥᠪᠡᠷᠲᠡᠭᠡᠨ ᠵᠠᠰᠠᠬᠤ ᠤᠷᠤᠨ᠎ᠤ ᠠᠷᠪᠠᠨ ᠳᠦᠷᠪᠡᠳᠦᠭᠡᠷ ᠬᠤᠭᠤᠴᠠᠭᠠᠨ᠎ᠤ ᠠᠷᠠᠳ᠎ᠤᠨ
ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠠᠪᠤᠳᠤᠭᠠᠷ ᠬᠤᠷᠠᠯ ᠭᠤᠷᠪᠠᠳᠤᠭᠠᠷ ᠬᠤᠷᠠᠯ ᠬᠢᠪᠡ᠃ ᠪᠢᠯᠸᠲ ᠥᠭᠴᠥ
ᠰᠤᠩᠭᠤᠬᠤ᠎ᠪᠡᠷ ᠳᠠᠮᠵᠢᠨ᠂ ᠮᠸᠩ ᠰᠢᠶᠠᠨ ᠳ᠋ᠦᠩ᠂ ᠯᠢ ᠢᠦᠢ ᠭᠠᠩ᠂ ᠢᠦᠢ ᠯᠢ ᠰᠢᠨ ᠥᠪᠥᠷ ᠮᠤᠩᠭᠤᠯ᠎ᠤᠨ
ᠥᠪᠡᠷᠲᠡᠭᠡᠨ ᠵᠠᠰᠠᠬᠤ ᠤᠷᠤᠨ᠎ᠤ ᠠᠷᠪᠠᠨ ᠳᠦᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭᠴᠢᠳ᠎ᠤᠨ
ᠶᠡᠬᠡ ᠬᠤᠷᠠᠯ᠎ᠤᠨ ᠪᠠᠢᠩᠭᠤ᠎ᠵᠢᠨ ᠬᠤᠷᠢᠶ᠎ᠠ᠎ᠵᠢᠨ ᠳᠡᠳ᠋ ᠡᠷᠬᠢᠯᠡᠭᠴᠢ᠎ᠪᠡᠷ ᠰᠤᠩᠭᠤᠭᠳᠠᠪᠠ᠃
ᠨᠡᠢᠭᠡᠮ
✦ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ 《ᠪᠡᠯᠡᠨ
ᠵᠠᠭᠤᠰᠢ᠎ᠵᠢᠨ ᠲᠤᠬᠠᠢ ᠢᠳᠡᠭᠡᠨ᠎ᠦ ᠠᠮᠤᠷ ᠲᠦᠪᠰᠢᠨ᠎ᠦ ᠤᠯᠤᠰ᠎ᠤᠨ ᠪᠠᠷᠢᠮᠵᠢᠶ᠎ᠠ》 (ᠰᠠᠨᠠᠯ
ᠬᠤᠷᠢᠶᠠᠬᠤ ᠨᠣᠣᠷᠠᠭ) ᠶᠢ ᠨᠡᠢᠲᠡᠯᠡᠵᠦ᠂ ᠨᠡᠢᠭᠡᠮ᠎ᠳᠦ
ᠬᠠᠨᠳᠤᠭᠤᠯᠤᠨ ᠢᠯᠡ᠎ᠪᠡᠷ ᠰᠠᠨᠠᠯ ᠬᠤᠷᠢᠶᠠᠵᠤ᠂ ᠪᠠᠷᠢᠮᠵᠢᠶ᠎ᠠ ᠱᠠᠭᠠᠷᠳᠠᠯᠭ᠎ᠠ᠎ᠳᠤ ᠡᠬᠢ ᠡᠭᠦᠰᠦᠯ ᠪᠠ ᠶᠠᠪᠤᠴᠠ᠎ᠶᠢᠨ
ᠬᠠᠮᠢᠶᠠᠷᠤᠯᠲᠠ᠎ᠶᠢ ᠴᠢᠩᠭᠠᠳᠬᠠᠵᠤ᠂ ᠢᠳᠡᠭᠡᠨ᠎ᠦ ᠠᠮᠤᠷ ᠲᠦᠪᠰᠢᠨ ᠪᠠ ᠰᠢᠮ᠎ᠡ ᠲᠡᠵᠢᠭᠡᠯ ᠡᠷᠡᠭᠦᠯ ᠮᠡᠨᠳᠦ᠎ᠶᠢᠨ
ᠲᠠᠯ᠎ᠠ᠎ᠪᠠᠷ ᠪᠡᠯᠡᠨ ᠵᠠᠭᠤᠰᠢ᠎ᠳᠤ ᠭᠣᠣᠯᠳᠠᠯᠭ᠎ᠠ᠎ᠲᠠᠢ ᠲᠣᠭᠲᠠᠭᠠᠯ ᠭᠠᠷᠭᠠᠪᠠ᠃

✦ᠳᠤᠮᠳᠠᠳᠤ
ᠤᠯᠤᠰ᠎ᠤᠨ ᠠᠷᠠᠳ᠎ᠤᠨ ᠪᠠᠩᠬᠢ ᠵᠡᠷᠭᠡ 8 ᠰᠠᠯᠠᠭ᠎ᠠ ᠮᠥᠴᠢᠷ ᠬᠠᠮᠲᠤᠷᠠᠨ ᠪᠢᠴᠢᠭ ᠮᠠᠲᠧᠷᠢᠶᠠᠯ ᠪᠠᠭᠤᠯᠭᠠᠵᠤ᠂
ᠬᠡᠢᠰᠪᠦᠷᠢ ᠵᠣᠭᠣᠰ ᠵᠡᠷᠭᠡ ᠬᠠᠮᠢᠶ᠎ᠠ ᠪᠦᠬᠦᠢ ᠠᠶᠤᠯ ᠲᠦᠭᠰᠢᠭᠦᠷᠢ᠎ᠶᠢ ᠤᠯᠠᠮ ᠨᠢᠭᠡ ᠠᠯᠬᠤᠮ ᠰᠡᠷᠭᠡᠢᠯᠡᠨ ᠰᠢᠢᠳᠪᠦᠷᠢᠯᠡᠵᠦ᠂
ᠬᠡᠢᠰᠪᠦᠷᠢ ᠵᠣᠭᠣᠰ᠎ᠤᠨ ᠬᠠᠮᠢᠶ᠎ᠠ ᠪᠦᠬᠦᠢ ᠲᠤᠬᠠᠢᠯᠠᠭᠰᠠᠨ ᠠᠵᠢᠯ ᠬᠠᠤᠯᠢ ᠪᠤᠰᠤ ᠮᠥᠩᠭᠥᠨ ᠭᠦᠢᠯᠭᠡᠭᠡᠨ᠎ᠦ ᠠᠵᠢᠯᠯᠠᠭ᠎ᠠ᠎ᠳᠤ
ᠬᠠᠷᠢᠶᠠᠯᠠᠭᠳᠠᠬᠤ ᠪᠣᠯᠬᠣᠷ ᠬᠢᠯᠢ᠎ᠶᠢᠨ ᠳᠣᠲᠣᠷ᠎ᠠ ᠴᠥᠮ ᠴᠢᠩᠭ᠎ᠠ ᠴᠠᠭᠠᠵᠠᠯᠠᠬᠤ ᠬᠡᠷᠡᠭᠲᠡᠢ ᠭᠡᠵᠦ ᠲᠣᠳᠣᠷᠬᠠᠢᠯᠠᠪᠠ᠃
✦ᠲᠥᠪ᠎ᠦᠨ
ᠤᠬᠠᠭᠤᠯᠬᠤ ᠬᠡᠯᠲᠡᠰ᠎ᠡᠴᠡ ᠳ᠋ᠦᠩ ᠢ ᠵᠢᠶᠦ᠋ᠨ ᠨᠥᠬᠥᠷ᠎ᠦᠨ ᠲᠡᠷᠢᠭᠦᠨ᠎ᠦ ᠦᠢᠯᠡ ᠠᠵᠢᠯᠯᠠᠭ᠎ᠠ᠎ᠶᠢ ᠤᠬᠠᠭᠤᠯᠤᠨ
ᠨᠡᠢᠲᠡᠯᠡᠵᠦ᠂ ᠲᠡᠭᠦᠨ᠎ᠳᠦ 《ᠴᠠᠭ ᠦᠶ᠎ᠡ᠎ᠶᠢᠨ ᠵᠢᠱ᠌ᠢᠶᠡᠴᠢ》 ᠵᠢᠨ ᠢᠷᠠᠭᠤ ᠠᠯᠳᠠᠷ᠎ᠢ ᠨᠡᠬᠡᠮᠵᠢᠯᠡᠨ ᠣᠯᠭᠣᠪᠠ᠃

✦2026 ᠣᠨ᠎ᠳᠤ ᠰᠤᠷᠭᠠᠨ ᠬᠥᠮᠦᠵᠢᠯ᠎ᠦᠨ ᠶᠠᠮᠤᠨ ᠰᠤᠷᠭᠠᠭᠤᠯᠢ᠎ᠶᠢᠨ
ᠬᠦᠷᠢᠶᠡᠨ᠎ᠦ ᠬᠣᠭᠣᠯᠠ᠂ ᠵᠢᠭᠠᠨ ᠰᠤᠷᠭᠠᠯᠲᠠ᠎ᠶᠢᠨ ᠬᠠᠪᠰᠤᠷᠤᠮᠵᠢ᠂ ᠰᠤᠷᠭᠠᠭᠤᠯᠢ᠎ᠶᠢᠨ ᠬᠤᠪᠴᠠᠰᠤ ᠵᠡᠷᠭᠡ᠎ᠶᠢᠨ
ᠲᠤᠰᠬᠠᠢ ᠴᠡᠭᠴᠡᠯᠡᠨ ᠵᠠᠰᠠᠯᠲᠠ᠎ᠶᠢ ᠦᠷᠭᠦᠯᠵᠢᠯᠡᠨ ᠠᠬᠢᠭᠤᠯᠬᠤ ᠪᠤᠯᠤᠨ᠎ᠠ᠃
✦ᠤᠢᠷ᠎ᠠ᠎ᠳᠦ ᠮᠠᠨ᠎ᠤ ᠤᠯᠤᠰ᠎ᠤᠨ ᠰᠢᠨᠵᠢᠯᠡᠬᠦ ᠤᠬᠠᠭᠠᠨᠲᠠᠨ ᠬᠥᠬᠡᠨᠠᠭᠤᠷ
ᠲᠥᠪᠡᠳ᠎ᠦᠨ ᠥᠨᠳᠥᠷᠯᠢᠭ᠎ᠡᠴᠡ ᠪᠠᠢᠭᠠᠯᠢ᠎ᠶᠢᠨ ᠤᠰᠤᠲᠥ᠋ᠷᠥᠭᠴᠢ ᠬᠡᠢ᠎ᠶᠢᠨ ᠴᠢᠬᠤᠯᠠ ᠢᠷᠡᠯᠲᠡ᠎ᠶᠢ ᠠᠩᠬ᠎ᠠ ᠤᠳᠠᠭ᠎ᠠ
ᠢᠯᠡᠷᠡᠭᠦᠯᠵᠦ᠂ ᠬᠣᠯᠪᠣᠭᠳᠠᠯ ᠪᠦᠬᠦᠢ ᠦᠷ᠎ᠡ ᠪᠦᠲᠦᠭᠡᠯ᠎ᠢ ᠣᠯᠠᠨ ᠤᠯᠤᠰ᠎ᠤᠨ ᠡᠷᠬᠡ ᠰᠦᠷᠲᠦ ᠡᠷᠳᠡᠮ ᠰᠢᠨᠵᠢᠯᠡᠭᠡᠨ᠎ᠦ
ᠬᠤᠭᠤᠴᠠᠭᠠᠲᠤ ᠰᠡᠳᠬᠦᠯ — 《ᠰᠢᠨᠵᠢᠯᠡᠬᠦ ᠤᠬᠠᠭᠠᠨ᠎ᠤ ᠮᠡᠳᠡᠭᠡᠯᠡᠯ》 ᠳᠡᠭᠡᠷ᠎ᠡ ᠨᠡᠢᠲᠡᠯᠡᠭᠰᠡᠨ ᠪᠠᠢᠨ᠎ᠠ᠃
✦ᠬᠥᠬᠡᠬᠣᠲᠠ᠎ᠶᠢᠨ
ᠪᠡᠶ᠎ᠡ᠎ᠶᠢᠨ ᠲᠠᠮᠢᠷ᠎ᠤᠨ ᠲᠥᠪ 2 ᠰᠠᠷ᠎ᠠ᠎ᠶᠢᠨ 10 ᠤ ᠡᠳᠦᠷ᠎ᠦᠨ 9 ᠴᠠᠭ᠎ᠠᠴᠠ 400 ᠬᠠᠭᠤᠳᠠᠰᠤ ᠤᠯᠠᠭᠠᠨ ᠮᠤᠷᠢᠨ ᠵᠢᠯ᠎ᠦᠨ ᠳᠤᠷᠠᠰᠬᠠᠯ᠎ᠤᠨ ᠺᠠᠷᠲ ᠬᠤᠳᠠᠯᠳᠤᠵᠤ ᠡᠬᠢᠯᠡᠨ᠎ᠠ᠃

✦ᠣᠢᠷ᠎ᠠ᠎ᠳᠤ
ᠠᠭᠠᠷ᠎ᠤᠨ ᠳᠤᠯᠠᠭᠠᠨ ᠳᠡᠭᠡᠭᠰᠢᠯᠡᠬᠦ᠎ᠶᠢ ᠳᠠᠭᠠᠯᠳᠤᠨ ᠬᠠᠲᠤᠨ ᠭᠣᠣᠯ᠎ᠤᠨ ᠦᠬᠠᠢ᠎ᠶᠢᠨ ᠬᠡᠰᠡᠭ ᠲᠣᠭᠲᠠᠭᠤᠨ᠎ᠢᠶᠠᠷ
ᠭᠡᠰᠴᠦ᠂ ᠬᠠᠲᠤᠨ ᠭᠣᠣᠯ᠎ᠤᠨ ᠥᠪᠥᠷ ᠮᠣᠩᠭᠣᠯ᠎ᠳᠠᠬᠢ ᠬᠡᠰᠡᠭ 2025 — 2026 ᠣᠨ᠎ᠤ ᠭᠣᠣᠯ ᠭᠡᠰᠬᠦ ᠬᠤᠭᠤᠴᠠᠭᠠᠨ᠎ᠳᠤ ᠣᠷᠣᠵᠤ᠂ ᠭᠣᠣᠯ ᠭᠡᠰᠬᠦ
ᠴᠠᠭ ᠨᠢ ᠨᠢᠳᠤᠨᠤᠨ᠎ᠤ ᠬᠢ᠎ᠡᠴᠡ 12 ᠡᠳᠦᠷ ᠤᠷᠢᠳᠴᠢᠯᠠᠵᠠᠢ᠃

✦ᠥᠪᠥᠷ ᠮᠣᠩᠭᠣᠯ᠎ᠤᠨ
ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶᠢᠨ ᠲᠢᠩᠬᠢᠮ ᠣᠢᠷ᠎ᠠ᠎ᠳᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ
ᠵᠦᠢᠯᠡᠰ᠎ᠢ ᠰᠦᠯᠵᠢᠶ᠎ᠡ᠎ᠪᠡᠷ ᠭᠦᠢᠴᠡᠳᠬᠡᠬᠦ ᠲᠤᠬᠠᠢᠯᠠᠭᠰᠠᠨ ᠠᠵᠢᠯ᠎ᠢ ᠲᠦᠷ ᠵᠣᠭᠰᠤᠭᠠᠬᠤ ᠲᠤᠬᠠᠢ ᠠᠯᠪᠠᠨ ᠵᠠᠷᠯᠠᠯ
ᠨᠡᠢᠲᠡᠯᠡᠵᠦ᠂ 2 ᠰᠠᠷ᠎ᠠ᠎ᠶᠢᠨ 9᠎ᠦ ᠡᠳᠦᠷ᠎ᠡᠴᠡ ᠡᠬᠢᠯᠡᠨ ᠰᠢᠰᠲᠧᠮ᠎ᠢ ᠲᠠᠰ ᠳᠡᠪᠰᠢᠭᠦᠯᠦᠨ ᠥᠭᠡᠷᠡᠴᠢᠯᠡᠵᠦ᠂
ᠪᠠᠷᠤᠭ 7 ᠠᠵᠢᠯᠯᠠᠬᠤ ᠡᠳᠦᠷ᠎ᠲᠦ ᠲᠠᠰ ᠳᠡᠪᠰᠢᠭᠦᠯᠬᠦ᠎ᠶᠢ ᠪᠡᠶᠡᠯᠡᠭᠦᠯᠵᠦ᠂
2 ᠰᠠᠷ᠎ᠠ᠎ᠶᠢᠨ 25᠎ᠤ ᠡᠳᠦᠷ ᠪᠡᠶᠡᠯᠡᠭᠦᠯᠬᠦ᠎ᠪᠡᠷ ᠲᠥᠯᠥᠪᠯᠡᠵᠦ ᠪᠠᠢᠨ᠎ᠠ᠃
ᠠᠵᠤ ᠠᠬᠤᠢ
✦ᠦᠶ᠋ᠷᠠᠳᠤ
ᠣᠷᠳᠣᠰ ᠬᠣᠲᠠ᠎ᠶᠢᠨ ᠵᠡᠭᠦᠨᠭᠠᠷ ᠬᠣᠰᠢᠭᠤᠨ᠎ᠤ ᠨᠠᠷᠠᠰᠤᠨ ᠪᠠᠯᠭᠠᠰᠤ 《ᠬᠣᠶᠠᠳᠤᠭᠠᠷ ᠠᠵᠤ ᠦᠢᠯᠡᠰ᠎ᠢᠶᠡᠷ ᠨᠢᠭᠡᠳᠦᠭᠡᠷ ᠠᠵᠤ ᠦᠢᠯᠡᠰ᠎ᠢ
ᠳᠠᠢᠴᠢᠯᠠᠬᠤ᠂ ᠠᠵᠤ ᠦᠢᠯᠡᠳᠪᠦᠷᠢ᠎ᠪᠡᠷ ᠲᠠᠷᠢᠶᠠᠯᠠᠩ᠎ᠢ ᠲᠡᠳᠬᠦᠬᠦ》 ᠠᠵᠢᠯ᠎ᠤᠨ ᠬᠤᠷᠠᠯ ᠵᠢᠴᠢ 2025 ᠣᠨ᠎ᠤ ᠬᠠᠮᠲᠤ᠎ᠶᠢᠨ ᠠᠵᠤ ᠠᠬᠤᠢ᠎ᠶᠢᠨ ᠠᠰᠢᠭ᠋ ᠬᠤᠪᠢᠶᠠᠷᠢᠯᠠᠬᠤ
ᠶᠣᠰᠣᠯᠠᠯ ᠶᠠᠪᠤᠭᠳᠠᠭᠤᠯᠪᠠ᠃ ᠡᠨᠡ ᠪᠣᠯ ᠵᠡᠭᠦᠨᠭᠠᠷ ᠬᠣᠰᠢᠭᠤᠨ᠎ᠤ ᠵᠢᠦᠢ ᠾᠧ ᠠᠵᠤ ᠦᠢᠯᠡᠰ᠎ᠦᠨ ᠬᠠᠷᠢᠭᠤᠴᠠᠯᠭᠠᠲᠤ
ᠺᠣᠮᠫᠠᠨᠢ᠎ᠶᠢᠨ ᠬᠢᠨ ᠭᠤᠷᠪᠠᠨ ᠵᠢᠯ ᠳᠠᠷᠠᠭᠠᠯᠠᠨ ᠪᠦᠬᠦ ᠪᠠᠯᠭᠠᠰᠤᠨ᠎ᠤ 21 ᠲᠣᠰᠬᠣᠨ᠂
ᠨᠡᠢᠭᠡᠮ ᠲᠣᠭᠣᠷᠢᠭ᠋᠎ᠲᠤ ᠠᠰᠢᠭ᠋ ᠬᠤᠪᠢᠶᠠᠷᠢᠯᠠᠵᠤ ᠪᠠᠢᠭ᠎ᠠ ᠶᠠᠪᠤᠳᠠᠯ ᠪᠣᠯᠣᠨ᠎ᠠ᠃ ᠡᠨᠡ ᠵᠢᠯ ᠨᠡᠢᠲᠡ 1050 ᠲᠦᠮᠡᠨ
ᠲᠥᠭᠥᠷᠢᠭ᠎ᠦᠨ ᠴᠡᠪᠡᠷ ᠠᠰᠢᠭ᠋ ᠤᠷᠤᠯᠭ᠎ᠠ ᠬᠤᠪᠢᠶᠠᠭᠰᠠᠨ ᠪᠠᠢᠨ᠎ᠠ᠃

ᠲᠠᠮᠢᠷ
✦ᠲᠤᠬᠠᠢ᠎ᠶᠢᠨ ᠭᠠᠵᠠᠷ᠎ᠤᠨ ᠴᠠᠭ᠎ᠢᠶᠠᠷ 2 ᠰᠠᠷ᠎ᠠ᠎ᠶᠢᠨ
6᠎ᠤ ᠣᠷᠣᠢ ( ᠪᠡᠭᠡᠵᠢᠩ᠎ᠦᠨ
ᠴᠠᠭ᠎ᠢᠶᠠᠷ 2 ᠰᠠᠷ᠎ᠠ᠎ᠶᠢᠨ 7᠎ᠤ ᠡᠳᠦᠷ᠎ᠦᠨ
ᠥᠷᠯᠥᠭᠡ )᠂ 2026 ᠣᠨ᠎ᠤ
ᠮᠢᠯᠠᠨ — ᠺᠤᠷᠲ᠋ᠢᠨᠠ᠎ᠶᠢᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭᠠᠨ᠎ᠤ ᠡᠬᠢᠯᠡᠯᠲᠡ᠎ᠵᠢᠨ
ᠶᠣᠰᠣᠯᠠᠯ ᠶᠠᠪᠤᠭᠳᠠᠪᠠ᠃ ᠳᠤᠮᠳᠠᠳᠤ ᠤᠯᠤᠰ᠎ᠤᠨ ᠲᠥᠯᠥᠭᠡᠯᠡᠭᠴᠢᠳ᠎ᠦᠨ ᠪᠦᠯᠬᠦᠮ 7 ᠶᠡᠬᠡ
ᠲᠦᠷᠦᠯ᠂ 15 ᠬᠤᠪᠢᠶᠠᠷᠢ ᠲᠦᠷᠦᠯ᠂ 91 ᠪᠠᠭ᠎ᠠ
ᠲᠦᠷᠦᠯ᠎ᠦᠨ ᠤᠷᠤᠯᠳᠤᠭᠠᠨ᠎ᠳᠤ ᠣᠷᠣᠯᠴᠠᠬᠤ ᠪᠤᠯᠤᠨ᠎ᠠ᠃ ᠲᠤᠰ ᠤᠳᠠᠭ᠎ᠠ ᠪᠤᠯ ᠮᠠᠨ᠎ᠤ ᠤᠯᠤᠰ᠎ᠤᠨ ᠬᠢᠯᠢ᠎ᠶᠢᠨ ᠭᠠᠳᠠᠨᠠᠬᠢ
ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭᠠᠨ᠎ᠳᠤ ᠣᠷᠣᠯᠴᠠᠭᠰᠠᠨ ᠲᠦᠷᠦᠯ ᠵᠦᠢᠯᠵᠢᠡᠷ ᠬᠠᠮᠤᠭ᠎ᠤᠨ
ᠤᠯᠠᠨ᠂ ᠲᠠᠮᠢᠷᠴᠢᠳ᠎ᠤᠨ ᠬᠡᠪᠴᠢᠶ᠎ᠡ᠎ᠪᠡᠷ ᠬᠠᠮᠤᠭ᠎ᠤᠨ ᠶᠡᠬᠡ ᠨᠢᠭᠡ ᠬᠤᠭᠤᠴᠠᠭ᠎ᠠ ᠪᠣᠯᠣᠨ᠎ᠠ᠃

✦ᠣᠯᠠᠨ ᠤᠯᠤᠰ᠎ᠤᠨ ᠨᠢᠳᠤᠷᠭᠠᠨ ᠡᠷᠳᠡᠮ᠎ᠤᠨ ᠬᠣᠯᠪᠣᠭᠠᠲᠤ ᠬᠤᠷᠠᠯ 2 ᠰᠠᠷ᠎ᠠ᠎ᠶᠢᠨ
6᠎ᠤ ᠡᠳᠦᠷ 2025 ᠣᠨ᠎ᠤ
ᠱᠠᠩᠨᠠᠯ ᠭᠥᠷᠳᠡᠭᠰᠡᠨ ᠲᠠᠮᠢᠷᠴᠢᠳ᠎ᠤᠨ ᠨᠡᠷᠡᠰ᠎ᠢ ᠨᠡᠢᠲᠡᠯᠡᠵᠦ᠂ ᠳᠤᠮᠳᠠᠳᠤ ᠤᠯᠤᠰ᠎ᠤᠨ ᠲᠠᠮᠢᠷᠴᠢᠨ ᠦ᠋ ᠰᠢᠦᠢ᠂
ᠵᠠᠩ ᠶᠦᠩ ᠪᠢᠶᠣᠣ ᠨᠡᠷᠡᠰ᠎ᠦᠨ ᠵᠢᠭ᠍ᠰᠠᠭᠠᠯᠲᠠ᠎ᠳᠤ ᠣᠷᠣᠪᠠ᠃

ᠳᠡᠯᠡᠬᠡᠢ
✦ᠲᠥᠪ ᠲᠸᠯᠸᠢᠰ᠎ᠤᠨ ᠮᠡᠳᠡᠭᠡ᠎ᠶᠢ ᠦᠨᠳᠦᠰᠦᠯᠡᠪᠡᠯ᠂ 2 ᠰᠠᠷ᠎ᠠ᠎ᠶᠢᠨ
6᠎ᠤ ᠡᠳᠦᠷ᠂ ᠢᠷᠠᠨ ᠪᠣᠯᠣᠨ ᠠᠮᠧᠷᠢᠺᠠ ᠴᠥᠮ᠎ᠡ᠎ᠶᠢᠨ ᠠᠰᠠᠭᠤᠳᠠᠯ᠎ᠤᠨ
ᠲᠤᠬᠠᠢ ᠬᠡᠯᠡᠯᠴᠡᠭᠡ ᠬᠢᠪᠡ᠃ ᠡᠨᠡ ᠪᠣᠯ 2025 ᠣᠨ᠎ᠤ 6 ᠰᠠᠷ᠎ᠠ᠎ᠳᠤ
ᠠᠮᠧᠷᠢᠺᠠ᠎ᠵᠢᠨ ᠬᠢᠨ ᠢᠷᠠᠨ᠎ᠤ ᠴᠥᠮ᠎ᠡ᠎ᠶᠢᠨ ᠲᠥᠬᠦᠭᠡᠷᠦᠮᠵᠢ᠎ᠳᠦ ᠠᠭᠠᠷ᠎ᠤᠨ ᠳᠠᠭᠠᠷᠢᠯᠲᠠ
ᠬᠢᠭᠰᠡᠨ᠎ᠤ ᠳᠠᠷᠠᠭᠠᠬᠢ ᠬᠣᠶᠠᠷ ᠤᠯᠤᠰ᠎ᠢᠶᠠᠷ᠎ᠢᠶᠠᠨ ᠥᠷᠨᠢᠭᠦᠯᠦᠭᠰᠡᠨ ᠠᠩᠬᠠᠨ᠎ᠤ ᠡᠭᠡᠯᠵᠢ᠎ᠶᠢᠨ ᠴᠥᠮ᠎ᠡ᠎ᠶᠢᠨ
ᠠᠰᠠᠭᠤᠳᠠᠯ᠎ᠤᠨ ᠲᠤᠬᠠᠢ ᠬᠡᠯᠡᠯᠴᠡᠭᠡ ᠪᠣᠯᠣᠨ᠎ᠠ᠃

✦ᠲᠤᠬᠠᠢ᠎ᠶᠢᠨ ᠭᠠᠵᠠᠷ᠎ᠤᠨ ᠴᠠᠭ᠎ᠢᠶᠠᠷ 2 ᠰᠠᠷ᠎ᠠ᠎ᠶᠢᠨ
6᠎ᠤ ᠡᠳᠦᠷ᠂ ᠫᠠᠺᠢᠰᠲ᠋ᠠᠨ᠎ᠤ ᠨᠢᠭᠡᠨ ᠲᠤᠰᠢᠶᠠᠯᠲᠠᠨ
ᠢᠯᠡᠷᠬᠡᠢᠯᠡᠬᠦ᠎ᠳᠡᠭᠡᠨ᠂ ᠲᠤᠰ ᠤᠯᠤᠰ᠎ᠤᠨ ᠨᠡᠢᠰᠯᠡᠯ ᠤᠨ ᠨᠢᠭᠡᠨ ᠯᠠᠯᠤ᠎ᠶᠢᠨ ᠰᠦᠮ᠎ᠡ᠎ᠳᠦ ᠳᠡᠯᠪᠡᠷᠡᠯᠲᠡ᠎ᠶᠢᠨ
ᠬᠡᠷᠡᠭ ᠭᠠᠷᠴᠤ᠂ 31 ᠬᠥᠮᠥᠨ ᠡᠨᠳᠡᠵᠦ᠂ 100 ᠭᠠᠷᠤᠢ
ᠬᠥᠮᠥᠨ ᠰᠢᠷᠬᠠᠲᠤᠵᠠᠢ᠃
ᠦᠢᠯᠡᠴᠢᠯᠡᠭᠡ
✦ᠲᠦᠮᠡᠳ ᠪᠠᠷᠠᠭᠤᠨ ᠬᠣᠰᠢᠭᠤᠨ᠎ᠤ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠲᠥᠪ 30 ᠣᠶᠤᠲᠠᠨ
ᠡᠯᠰᠡᠵᠦ ᠪᠤᠢ᠃
ᠲᠠᠨ᠎ᠤ ᠳᠤᠰᠠ᠎ᠳᠤ
✦ᠤᠷᠲᠤ ᠬᠤᠭᠤᠴᠠᠭ᠎ᠠ᠎ᠪᠠᠷ ᠰᠡᠳᠬᠢᠯ
ᠰᠠᠨᠠᠭᠠᠨ᠎ᠤ ᠳᠠᠷᠤᠯᠲᠠ᠂ ᠪᠠᠴᠢᠮᠳᠠᠯ ᠪᠤᠶᠤ ᠠᠵᠢᠯᠯᠠᠵᠤ ᠠᠮᠠᠷᠠᠬᠤ ᠨᠢ ᠡᠮᠬᠢ ᠵᠠᠮᠪᠠᠷᠠᠭ᠎ᠠ ᠦᠭᠡᠢ ᠪᠣᠯᠪᠠᠯ᠂ ᠡᠯᠢᠭᠡᠨ ᠬᠡᠢ᠎ᠶᠢ ᠠᠮᠠᠷᠬᠠᠨ ᠨᠥᠯᠥᠭᠡᠯᠡᠵᠦ᠂ ᠰᠦᠪᠡᠭᠡ ᠲᠡᠯᠡᠵᠦ
ᠡᠪᠡᠳᠬᠦ᠂ ᠵᠠᠯᠭᠢᠭᠤᠷ ᠲᠥᠪᠥᠩᠬᠡᠢ᠎ᠳᠦ ᠶᠠᠭᠤᠮ᠎ᠠ ᠳᠡᠭᠡᠭᠯᠡᠵᠦ ᠪᠠᠢᠬᠤ ᠮᠡᠲᠦ ᠰᠠᠨᠠᠭᠳᠠᠬᠤ ᠵᠡᠷᠭᠡ ᠰᠢᠨᠵᠢ
ᠲᠡᠮᠳᠡᠭ ᠢᠯᠡᠷᠡᠨ᠎ᠡ᠃ ᠡᠨᠡ ᠦᠶ᠎ᠡ᠎ᠳᠦ ᠠᠯᠬᠤᠬᠤ᠂ ᠰᠤᠨᠢᠶᠠᠬᠤ ᠵᠡᠷᠭᠡ ᠠᠷᠭ᠎ᠠ ᠮᠠᠶᠢᠭ᠋᠎ᠢᠶᠠᠷ ᠳᠠᠮᠵᠢᠨ ᠬᠡᠢ ᠴᠢᠰᠤ᠎ᠶᠢ ᠨᠠᠪᠲᠠᠷᠡᠭᠦᠯᠵᠦ ᠪᠣᠯᠣᠨ᠎ᠠ᠃
ᠵᠠᠯᠭᠠᠭᠠᠳ 《ᠵᠡᠭᠦᠳᠦᠨ᠎ᠳᠦ
ᠡᠷᠢᠭᠳᠡᠬᠦ ᠨᠤᠲᠤᠭ》 ᠬᠡᠬᠦ ᠲᠠᠭᠤᠤ
ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ᠎ᠤ
ᠬᠦᠯᠢᠶᠡᠨ ᠠᠪᠴᠤ᠌ ᠰᠤᠨᠤᠰᠤᠬ᠍ᠰᠠᠨ᠎ᠳᠤ ᠪᠠᠶᠠᠷᠯᠠᠯ᠎ᠠ᠂ ᠪᠠᠶᠠᠷᠳᠠᠢ!
(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ
ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ
ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ
ᠬᠤᠳᠠ᠂ ᠬᠤᠰᠢᠭᠤ ᠰᠢᠶᠠᠨ᠎ᠤ ᠵᠢᠷᠬᠢᠶ᠎ᠠ᠎ᠶᠢᠨ ᠲᠠᠪᠴᠠᠩ)