



ᠨᠡᠢᠭᠡᠮ
✦2 ᠰᠠᠷ᠎ᠠ᠎ᠶᠢᠨ 7 ᠤ ᠡᠳᠦᠷ᠎ᠦᠨ
8 ᠴᠠᠭ ᠪᠣᠯᠲᠠᠯ᠎ᠠ᠂ ᠲᠡᠮᠦᠷ ᠵᠠᠮ᠎ᠤᠨ 12306 ᠳᠠᠪᠴᠠᠩ ᠵᠢᠡᠷ ᠭᠠᠯᠲᠤ ᠲᠡᠷᠭᠡᠨ᠎ᠦ ᠪᠢᠯᠧᠲ ᠢ ᠨᠡᠶ᠋ᠢᠲᠡ
1.4 ᠳ᠋ᠦᠩᠰᠢᠭᠤᠷ ᠬᠤᠳᠠᠯᠳᠤᠭᠰᠠᠨ ᠪᠠᠢᠨ᠎ᠠ᠃
✦ᠲᠦᠷᠦᠭᠦᠬᠡᠨ ᠵᠠᠮ ᠬᠠᠷᠢᠯᠴᠠᠭ᠎ᠠ
ᠲᠡᠭᠡᠭᠡᠪᠦᠷᠢ᠎ᠶᠢᠨ ᠶᠠᠮᠤᠨ᠎ᠤ ᠬᠠᠷᠢᠭᠤᠴᠠᠯᠭᠠᠲᠠᠨ ᠢᠯᠡᠷᠬᠡᠢᠯᠡᠬᠦ ᠳ᠋ᠡᠭᠡᠨ᠂ ᠮᠠᠨ᠎ᠤ ᠤᠯᠤᠰ᠎ᠤᠨ ᠪᠠᠭ᠎ᠠ ᠵᠢᠵᠢᠭ
ᠬᠡᠯᠪᠡᠷᠢ᠎ᠶᠢᠨ ᠠᠶᠠᠨᠴᠢᠳ᠎ᠤᠨ ᠮᠠᠰᠢᠨ ᠲᠡᠷᠭᠡ᠎ᠶᠢ ᠲᠦᠷᠢᠶᠡᠰᠦᠯᠡᠬᠦ ᠦᠢᠯᠡᠰ ᠶᠠᠭ ᠲᠦᠷᠭᠡᠨ ᠬᠥᠭᠵᠢᠵᠦ ᠪᠠᠢᠭ᠎ᠠ
ᠱᠠᠲᠤᠨ᠎ᠳᠠᠭᠠᠨ ᠪᠤᠢ᠃ ᠢᠷᠡᠭᠡᠳᠦᠢ᠎ᠳᠦ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ᠂ ᠣᠨᠳᠣᠣ ᠭᠠᠵᠠᠷ᠎ᠲᠤ
ᠰᠦᠢᠳᠬᠡᠯ ᠬᠤᠷᠢᠶᠠᠬᠤ ᠦᠭᠡᠢ ᠪᠤᠶᠤ ᠰᠦᠢᠳᠬᠡᠯ ᠪᠠᠭ᠎ᠠ ᠬᠤᠷᠢᠶᠠᠵᠤ ᠲᠡᠷᠭᠡ ᠪᠤᠴᠠᠭᠠᠬᠤ ᠶᠢ ᠠᠬᠢᠭᠤᠯᠵᠤ ᠭᠣᠣᠯᠳᠠᠯᠭ᠎ᠠ ᠲᠠᠢ
ᠴᠠᠭ ᠬᠤᠭᠤᠴᠠᠭᠠᠨ ᠤ ᠲᠡᠷᠭᠡᠨ ᠦ ᠬᠠᠩᠭᠠᠯᠭ᠎ᠠ ᠵᠢ ᠴᠢᠩᠭᠠᠳᠬᠠᠨ᠂ ᠲᠦᠷᠢᠶᠡᠰᠦᠯᠡᠬᠦ ᠦᠢᠯᠡᠴᠢᠯᠡᠭᠡᠨ ᠦ ᠶᠠᠰᠤ
ᠴᠢᠨᠠᠷ ᠦᠷ᠎ᠡ ᠪᠦᠲᠦᠮᠵᠢ᠎ᠶᠢ ᠳᠡᠭᠡᠭᠰᠢᠯᠡᠭᠦᠯᠦᠨ᠎ᠡ ᠭᠡᠵᠡᠢ᠃

✦2026 ᠣᠨ᠎ᠳᠤ ᠮᠠᠨ᠎ᠤ ᠣᠷᠣᠨ ᠠᠵᠢᠯ᠎ᠤᠨ ᠪᠠᠢᠷᠢ᠎ᠶᠢ ᠲᠣᠭᠲᠠᠪᠤᠷᠢᠵᠢᠭᠤᠯᠤᠨ ᠶᠠᠰᠤ ᠴᠢᠨᠠᠷ᠎ᠢ
ᠳᠡᠭᠡᠭᠰᠢᠯᠡᠭᠦᠯᠬᠦ ᠲᠦᠷᠦᠯ ᠵᠤᠢᠯ᠎ᠢ ᠬᠡᠷᠡᠭᠵᠢᠭᠦᠯᠵᠦ᠂《ᠭᠡᠷ ᠦᠨ ᠳᠡᠷᠭᠡᠳᠡᠬᠢ
》 ᠠᠵᠢᠯ ᠣᠯᠭᠣᠬᠤ ᠦᠢᠯᠡᠴᠢᠯᠡᠭᠡᠨ᠎ᠦ ᠥᠷᠲᠡᠭᠡ᠎ᠶᠢ 500 ᠪᠠᠢᠭᠤᠯᠬᠤ᠎ᠪᠠᠷ
ᠪᠣᠢ᠃
✦ᠤᠢᠷ᠎ᠠ᠎ᠳᠦ ᠣᠩᠨᠢᠭᠤᠳ ᠬᠣᠰᠢᠭᠤᠨ᠎ᠤ
ᠮᠧᠩ ᠳᠢ ᠲᠡᠮᠦᠷ ᠵᠠᠮ᠎ᠤᠨ ᠲᠡᠭᠡᠭᠡᠪᠦᠷᠢ᠎ᠶᠢᠨ ᠬᠢᠵᠠᠭᠠᠷᠲᠤ ᠺᠣᠮᠫᠠᠨᠢ᠎ᠶᠢᠨ ᠪᠠᠷᠠᠭᠠᠨ᠎ᠤ ᠲᠡᠭᠡᠭᠡᠪᠦᠷᠢ᠎ᠶᠢᠨ
ᠥᠷᠲᠡᠭᠡ ᠠᠰᠢᠭ᠍ᠯᠠᠯᠲᠠ᠎ᠳᠤ ᠣᠷᠣᠵᠤ᠂ ᠣᠩᠨᠢᠭᠤᠳ ᠬᠣᠰᠢᠭᠤᠨ᠎ᠤ ᠪᠦᠬᠦ ᠤᠯᠤᠰ᠎ᠤᠨ ᠪᠠᠷᠠᠭᠠᠨ᠎ᠤ ᠰᠦᠯᠵᠢᠶ᠎ᠡ᠎ᠳᠦ
ᠠᠭᠤᠰᠤᠯᠴᠠᠵᠤ᠂ ᠠᠵᠤ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠳᠦ ᠬᠦᠴᠦᠲᠡᠢ ᠬᠥᠳᠡᠯᠭᠡᠬᠦ ᠬᠦᠴᠦᠨ ᠨᠡᠮᠡᠷᠢᠯᠡᠭᠰᠡᠨ
ᠪᠠᠢᠨ᠎ᠠ᠃
✦ᠣᠢᠷ᠎ᠠ᠎ᠳᠤ ᠤᠷᠠᠳ᠎ᠤᠨ ᠳᠤᠮᠳᠠᠳᠤ
ᠬᠣᠰᠢᠭᠤ ᠤᠯᠤᠰ᠎ᠤᠨ ᠮᠡᠳᠡᠯᠭᠡ᠎ᠶᠢᠨ ᠦᠮᠴᠢᠯᠡᠬᠦ ᠡᠷᠬᠡ᠎ᠶᠢᠨ ᠲᠣᠪᠴᠢᠶ᠎ᠠ᠎ᠳᠤ ᠣᠨᠴᠠᠯᠢᠭ᠍ᠲᠤ ᠪᠦᠲᠦᠭᠡᠭᠳᠡᠬᠦᠨ᠎ᠢ
ᠰᠣᠩᠭᠣᠵᠤ ᠬᠤᠳᠠᠯᠳᠤᠨ ᠠᠪᠬᠤ ᠲᠠᠪᠴᠠᠩ ᠪᠠᠢᠭᠤᠯᠵᠤ᠂ ᠵᠡᠰ ᠮᠥᠩᠭᠥᠨ ᠡᠳ᠋ᠯᠡᠯ᠂ ᠬᠠᠳᠬᠤᠮᠠᠯ᠂ ᠬᠠᠰ ᠰᠢᠭᠢᠳᠬᠡᠮᠡᠯ᠂
ᠢᠰᠡᠭᠡᠢ ᠦᠢᠯᠡᠳᠬᠦᠨ ᠵᠡᠷᠭᠡ 9 ᠲᠥᠷᠥᠯ᠎ᠦᠨ 100 ᠭᠠᠷᠤᠢ ᠵᠤᠢᠯ᠎ᠤᠨ ᠰᠤᠶᠤᠯ᠎ᠦᠨ ᠡᠭᠦᠳᠦᠯᠲᠡ᠎ᠶᠢᠨ ᠪᠦᠲᠦᠭᠡᠭᠳᠡᠬᠦᠨ᠎ᠢ
ᠪᠣᠷᠣᠯᠠᠭᠤᠯᠪᠠ᠃

ᠠᠵᠤ ᠠᠬᠤᠢ
✦ᠤᠢᠷ᠎ᠠ ᠵᠢᠨ ᠵᠢᠯ᠎ᠡᠴᠡ
ᠨᠠᠭᠠᠰᠢ᠂ ᠬᠥᠪᠡᠭᠡᠲᠦ ᠰᠢᠷ᠎ᠠ ᠬᠣᠰᠢᠭᠤ ᠠᠯᠢ ᠣᠯᠠᠨ ᠪᠦᠲᠦᠮᠵᠢᠲᠡᠶ ᠠᠷᠭ᠎ᠠ ᠬᠡᠮᠵᠢᠶ᠎ᠡ ᠶᠢ
ᠬᠡᠷᠡᠭᠵᠢᠭᠦᠯᠬᠦ᠎ᠪᠡᠷ ᠳᠠᠮᠵᠢᠭᠤᠯᠤᠨ ᠤᠯᠠᠮᠵᠢᠯᠠᠯᠲᠤ ᠴᠠᠭᠠᠨ ᠢᠳᠡᠭᠡᠨ᠎ᠦ ᠠᠵᠤ ᠦᠢᠯᠡᠰ᠎ᠦᠨ ᠬᠥᠭᠵᠢᠯᠲᠡ᠎ᠶᠢ ᠠᠬᠢᠭᠤᠯᠪᠠ᠃ ᠣᠳᠣᠬᠠᠨ ᠪᠣᠯᠲᠠᠯ᠎ᠠ ᠪᠦᠬᠦ
ᠬᠣᠰᠢᠭᠤᠨ᠎ᠤ ᠰᠠᠭᠠᠯᠢ᠎ᠶᠢᠨ ᠦᠨᠢᠶ᠎ᠡ 2.27 ᠲᠦᠮᠡ᠎ᠳᠦ ᠬᠦᠷᠴᠦ᠂ 200 ᠲᠡᠵᠢᠭᠡᠨ ᠦᠷᠡᠵᠢᠭᠦᠯᠬᠦ ᠡᠷᠦᠬᠡ᠂ 400 ᠭᠠᠷᠤᠢ ᠠᠵᠢᠯ ᠡᠷᠬᠢᠯᠡᠭᠰᠡᠳ᠎ᠢ ᠳᠠᠢᠴᠢᠯᠠᠪᠠ᠃ ᠪᠦᠬᠦ ᠠᠵᠤ ᠦᠢᠯᠡᠰ᠎ᠦᠨ
ᠬᠡᠯᠬᠢᠶᠡᠵᠢᠯ᠎ᠤᠨ ᠵᠢᠯ᠎ᠦᠨ ᠦᠢᠯᠡᠳᠬᠦᠨ᠎ᠦ ᠥᠷᠲᠡᠭ 6 ᠳ᠋ᠦᠩᠰᠢᠭᠤᠷ ᠲᠥᠭᠥᠷᠢᠭ᠎ᠢ ᠳᠠᠪᠠᠵᠤ᠂ ᠪᠥᠬᠥ ᠬᠣᠰᠢᠭᠤᠨ᠎ᠤ 3000 ᠭᠠᠷᠤᠢ ᠬᠥᠮᠥᠨ᠎ᠳᠦ ᠠᠰᠢᠭ᠋ ᠬᠦᠷᠲᠡᠭᠡᠵᠦ᠂
ᠬᠥᠮᠥᠨ ᠪᠦᠷᠢ᠎ᠶᠢᠨ ᠵᠢᠯ᠎ᠦᠨ ᠣᠷᠣᠯᠭ᠎ᠠ᠎ᠶᠢ 1 ᠲᠦᠮᠡᠨ ᠲᠥᠭᠥᠷᠢᠭ ᠨᠡᠮᠡᠭᠳᠡᠭᠦᠯᠪᠡ᠃

✦ᠣᠳᠣᠬᠠᠨ ᠪᠣᠯᠲᠠᠯ᠎ᠠ ᠺᠠᠢᠯᠤ
ᠰᠢᠶᠠᠨ᠎ᠤ ᠲᠥᠬᠥᠭᠡᠷᠦᠮᠵᠢᠲᠦ ᠲᠠᠷᠢᠶᠠᠯᠠᠩ᠎ᠤᠨ ᠲᠠᠯᠠᠪᠠᠢ 1.2 ᠲᠦᠮᠡ ᠭᠠᠷᠤᠢ ᠮᠦ᠍᠎ᠳᠤ ᠬᠦᠷᠴᠦ᠂ 2 ᠲᠦᠮᠡ ᠭᠠᠷᠤᠢ
ᠲᠠᠷᠢᠶᠠᠴᠢᠨ ᠡᠷᠦᠬᠡ᠎ᠶᠢ ᠳᠠᠶ᠋ᠢᠴᠢᠯᠠᠨ ᠳᠠᠭᠠᠭᠤᠯᠵᠤ᠂ ᠡᠷᠦᠬᠡ ᠳᠤᠮᠳᠠᠴᠢ᠎ᠶᠢᠨ ᠣᠷᠣᠯᠭ᠎ᠠ᠎ᠶᠢ 8000 ᠲᠥᠭᠥᠷᠢᠭ
ᠣᠷᠴᠢᠮ ᠨᠡᠮᠡᠭᠳᠡᠭᠦᠯᠵᠡᠢ᠃
ᠰᠤᠷᠭᠠᠨ ᠬᠦᠮᠤᠵᠢᠯ
✦ᠤᠢᠷ᠎ᠠ᠎ᠳᠤ ᠾᠧᠪᠧᠢ ᠮᠤᠵᠢ ᠶᠢᠨ
ᠯᠠᠩᠹᠠᠩ ᠬᠣᠲᠠ᠎ᠳᠤ ᠶᠠᠪᠤᠭᠳᠠᠭᠰᠠᠨ 2026 ᠣᠨ᠎ᠤ ᠪᠦᠬᠦ ᠤᠯᠤᠰ᠎ᠤᠨ ᠰᠠᠭᠤᠷᠢ ᠰᠤᠷᠭᠠᠨ ᠬᠥᠮᠦᠵᠢᠯ᠎ᠦᠨ ᠭᠣᠣᠯᠳᠠᠯᠭ᠎ᠠ᠎ᠲᠠᠢ ᠠᠵᠢᠯ᠎ᠦᠨ
ᠪᠠᠢᠷᠢᠯᠠᠭᠤᠯᠤᠯᠲᠠ᠎ᠶᠢᠨ ᠬᠤᠷᠠᠯ ᠳᠡᠭᠡᠷ᠎ᠡ᠂ ᠰᠤᠷᠭᠠᠨ ᠬᠥᠮᠦᠵᠢᠯ᠎ᠦᠨ ᠶᠠᠮᠤᠨ 2026 ᠣᠨ᠎ᠳᠤ ᠰᠤᠷᠭᠠᠭᠤᠯᠢ ᠵᠢᠨ ᠨᠠᠰᠤᠨ᠎ᠠᠴᠠ ᠡᠮᠦᠨᠡᠬᠢ
ᠨᠢᠭᠡ ᠵᠢᠯ᠎ᠦᠨ ᠰᠦᠢᠳᠬᠡᠯ ᠦᠯᠦ ᠬᠤᠷᠢᠶᠠᠬᠤ ᠲᠥᠷᠥ ᠵᠢᠨ ᠪᠣᠳᠣᠯᠭ᠎ᠠ᠎ᠶᠢ ᠨᠠᠢᠳᠠᠪᠤᠷᠢᠵᠢᠭᠤᠯᠤᠭᠰᠠᠨ ᠪᠠᠢᠳᠠᠯ᠎ᠤᠨ
ᠲᠤᠬᠠᠢ ᠪᠠᠢᠴᠠᠭᠠᠨ ᠰᠤᠳᠤᠯᠤᠯᠲᠠ᠎ᠪᠠᠨ ᠴᠢᠩᠭᠠᠳᠬᠠᠬᠤ᠎ᠶᠢᠨ ᠵᠡᠷᠭᠡ᠎ᠪᠡᠷ ᠬᠡᠦᠬᠡᠳ ᠰᠠᠭᠠᠲᠠᠭᠤᠯᠬᠤ ᠭᠠᠵᠠᠷ ᠪᠠ
ᠴᠡᠴᠡᠷᠯᠢᠭ᠎ᠢ ᠨᠢᠭᠡ ᠴᠣᠭᠴᠠᠵᠢᠭᠤᠯᠤᠭᠰᠠᠨ ᠬᠡᠦᠬᠡᠳ᠎ᠦᠨ ᠴᠡᠴᠡᠷᠯᠢᠭ᠎ᠦᠨ ᠪᠦᠲᠦᠭᠡᠨ ᠪᠠᠢᠭᠤᠯᠤᠯᠲᠠ ᠵᠢ ᠠᠬᠢᠭᠤᠯᠵᠤ᠂
ᠨᠥᠬᠥᠴᠡᠯ᠎ᠲᠠᠢ ᠬᠡᠦᠬᠡᠳ᠎ᠦᠨ ᠴᠡᠴᠡᠷᠯᠢᠭ᠎ᠦᠨ 2 — 3 ᠨᠠᠰᠤᠨ᠎ᠤ
ᠬᠡᠦᠬᠡᠳ ᠡᠯᠰᠡᠬᠦ᠎ᠶᠢ ᠳᠡᠮᠵᠢᠨ᠎ᠡ ᠭᠡᠵᠦ ᠳᠤᠷᠠᠳᠴᠠᠢ᠃

ᠰᠤᠶᠤᠯ
✦2026 ᠣᠨ᠎ᠤ ᠤᠯᠠᠭᠠᠨᠬᠠᠳᠠ
ᠬᠣᠲᠠ᠎ᠶᠢᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠴᠠᠭᠠᠨ ᠰᠠᠷ᠎ᠠ ᠵᠢᠨ ᠪᠠᠷᠠᠭᠠᠨ᠎ᠤ ᠨᠠᠢᠷ ᠤᠷᠴᠢᠮᠬᠠᠨ ᠡᠬᠢᠯᠡᠪᠡ᠃ ᠴᠠᠭᠠᠨ ᠰᠠᠷ᠎ᠠ᠎ᠶᠢᠨ ᠪᠠᠷᠠᠭᠠᠨ᠎ᠤ ᠨᠠᠢᠷ
ᠨᠢ ᠰᠦᠯᠵᠢᠶᠡᠨ᠎ᠦ ᠪᠣᠷᠤᠯᠠᠭᠤᠯᠭ᠎ᠠ ᠪᠠ ᠠᠬᠤᠢ ᠲᠠᠯᠠᠪᠠᠢ᠎ᠶᠢᠨ ᠪᠣᠷᠤᠯᠠᠭᠤᠯᠭ᠎ᠠ᠎ᠶᠢ ᠤᠶᠠᠯᠳᠤᠭᠤᠯᠵᠤ᠂ ᠵᠠᠭᠤ
ᠭᠠᠷᠤᠢ ᠵᠦᠢᠯ᠎ᠦᠨ ᠪᠠᠷᠠᠭ᠎ᠠ ᠲᠠᠸᠠᠷ᠎ᠢ ᠳᠡᠯᠭᠡᠨ ᠪᠣᠷᠣᠯᠠᠭᠤᠯᠵᠤ ᠪᠠᠢᠬᠤ ᠪᠥᠭᠡᠳ ᠠᠷᠠᠳ᠎ᠤᠨ ᠵᠠᠩ ᠦᠢᠯᠡ᠂ ᠪᠣᠳᠠᠰ᠎ᠤᠨ
ᠪᠤᠰᠤ ᠰᠣᠶᠣᠯ᠎ᠤᠨ ᠥᠪ ᠢ ᠲᠠᠨᠢᠯᠴᠠᠭᠤᠯᠬᠤ ᠠᠵᠢᠯᠯᠠᠭ᠎ᠠ ᠲᠣᠬᠢᠷᠠᠭᠤᠯᠤᠭᠰᠠᠨ ᠵᠢᠡᠷ ᠬᠡᠷᠡᠭᠯᠡᠭᠴᠢᠳ᠎ᠲᠦ
ᠶᠡᠬᠡᠬᠡᠨ ᠲᠠᠭᠠᠰᠢᠶᠠᠭᠳᠠᠵᠤ ᠪᠠᠢᠨ᠎ᠠ᠃
✦《ᠠᠵᠢᠨᠠᠢ ᠬᠥᠯᠥᠭ ᠳᠡᠭᠦᠯᠢᠭᠰᠡᠨ ᠰᠢᠨ᠎ᠡ ᠵᠢᠯ ᠠᠵᠠ ᠪᠤᠶᠠᠨ ᠪᠢᠯᠬᠠᠬᠰᠠᠨ ᠲᠦᠩᠯᠢᠶᠣᠣ》 ᠲᠦᠩᠯᠢᠶᠣᠣ ᠬᠤᠲᠠ᠎ᠶᠢᠨ 2026 ᠣᠨ᠎ᠤ ᠴᠠᠭᠠᠨ ᠰᠠᠷ᠎ᠠ᠎ᠶᠢᠨ ᠦᠳᠡᠰᠢᠯᠡᠬᠡ ᠵᠢᠨ
ᠰᠢᠩᠭᠡᠭᠡᠯᠳᠡ ᠲᠦᠷᠦᠬᠦᠬᠡᠨ ᠲᠦᠩᠯᠢᠶᠣᠣ ᠬᠣᠲᠠ᠎ᠶᠢᠨ ᠬᠠᠮ ᠵᠠᠭᠤᠴᠢᠯᠠᠭᠤᠷ᠎ᠤᠨ ᠲᠥᠪ᠎ᠲᠦ ᠠᠮᠵᠢᠯᠲᠠ ᠳᠦᠭᠦᠷᠡᠩ
ᠶᠠᠪᠤᠭᠳᠠᠪᠠ᠃

✦2 ᠰᠠᠷ᠎ᠠ᠎ᠶᠢᠨ 7᠎ᠤ ᠡᠳᠦᠷ᠂
2026 ᠣᠨ᠎ᠤ ᠬᠥᠪᠡᠭᠡᠲᠦ ᠰᠢᠷ᠎ᠠ ᠬᠣᠰᠢᠭᠤᠨ᠎ᠤ ᠤᠯᠠᠭᠠᠨᠮᠥ᠋ᠴᠢᠷ᠎ᠦᠨ 《ᠠᠰᠠᠷ ᠨᠠᠢᠷ》 ᠴᠠᠭᠠᠨ ᠰᠠᠷ᠎ᠠ᠎ᠶᠢᠨ ᠦᠳᠡᠰᠢᠯᠡᠭᠡ
ᠵᠢᠨ ᠰᠢᠩᠭᠡᠭᠡᠯᠳᠡ ᠰᠢᠨᠡᠪᠤᠯᠠᠭ ᠪᠠᠯᠭᠠᠰᠤᠨ᠎ᠳᠤ ᠠᠮᠵᠢᠯᠳᠠ ᠲᠠᠢ ᠶᠠᠪᠤᠭᠳᠠᠪᠠ᠃
✦ᠤᠢᠷ᠎ᠠ᠎ᠶᠢᠨ ᠡᠳᠦᠷ 《ᠠᠶᠠᠯᠭᠤᠲᠤ ᠵᠢᠭᠤᠯᠴᠢᠯᠠᠯ ᠥᠪᠥᠷ ᠮᠣᠩᠭᠣᠯ᠂ ᠳᠤᠯᠠᠭᠠᠨ ᠬᠤᠲᠠ᠎ᠶᠢᠨ ᠴᠠᠰᠤ ᠮᠦᠰᠦᠨ᠎ᠤ ᠤᠯᠠᠷᠢᠯ》᠎ᠤᠨ ᠰᠢᠷᠢᠰ ᠠᠵᠢᠯᠯᠠᠭ᠎ᠠ — ᠣᠷᠳᠣᠰ
ᠬᠣᠲᠠ᠎ᠶᠢᠨ ᠣᠯᠠᠨ ᠲᠦᠮᠡᠨᠴᠢ ᠴᠠᠰᠤ ᠮᠦᠰᠦᠨ᠎ᠤ ᠤᠯᠠᠷᠢᠯ ᠵᠢᠴᠢ ᠴᠠᠰᠤ ᠮᠦᠰᠦᠨ᠎ᠤ ᠰᠣᠶᠣᠯ ᠵᠢᠭᠤᠯᠴᠢᠯᠠᠯ᠎ᠤᠨ
ᠤᠯᠠᠷᠢᠯ᠎ᠤᠨ ᠤᠯᠠᠮᠵᠢᠯᠠᠯᠲᠤ ᠬᠠᠷᠪᠤᠭ᠎ᠠ ᠵᠢᠨ ᠤᠷᠤᠯᠳᠤᠭᠠᠨ ᠣᠲᠣᠭ ᠬᠣᠰᠢᠭᠤᠨ᠎ᠤ ᠬᠠᠷᠪᠤᠯᠲᠠ᠎ᠶᠢᠨ ᠲᠠᠯᠠᠪᠠᠢ᠎ᠳᠤ
ᠶᠠᠪᠤᠭᠳᠠᠨ᠂ ᠡᠯ᠎ᠡ ᠭᠠᠵᠠᠷ᠎ᠠᠴᠠ ᠢᠷᠡᠭᠰᠡᠨ 126 ᠬᠠᠷᠪᠤᠭᠠᠴᠢᠨ ᠣᠷᠣᠯᠴᠠᠵᠠᠢ᠃

✦ᠤᠢᠷ᠎ᠠ᠎ᠶᠢᠨ ᠬᠤᠭᠤᠴᠠᠭᠠᠨ᠎ᠳᠤ
ᠦᠦᠰᠢᠨ ᠬᠣᠰᠢᠭᠤᠨ᠎ᠤ ᠮᠣᠷᠢᠨ ᠬᠤᠭᠤᠷ᠎ᠤᠨ ᠪᠦᠯᠬᠦᠮ ᠲᠥᠪ ᠲᠧᠯᠸᠢᠰ᠎ᠦᠨ 《2026 ᠣᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠦᠨ ᠦᠳᠡᠰᠢᠯᠡᠭᠡ》᠂
《2026 ᠣᠨ᠎ᠤ ᠪᠡᠭᠡᠵᠢᠩ᠎ᠦᠨ ᠷᠠᠳᠢᠣ᠋ ᠲᠧᠯᠸᠢᠰ ᠬᠣᠷᠢᠶ᠎ᠠ᠎ᠶᠢᠨ
ᠴᠠᠭᠠᠨ ᠰᠠᠷ᠎ᠠ᠎ᠶᠢᠨ ᠦᠳᠡᠰᠢᠯᠡᠭᠡ 》ᠵᠡᠷᠭᠡ 3 ᠳᠤᠮᠤ ᠦᠳᠡᠰᠢᠯᠡᠭᠡ
ᠵᠢᠨ ᠰᠢᠩᠭᠡᠭᠡᠯᠳᠡ᠎ᠳᠤ ᠵᠠᠯᠭᠠᠭ᠎ᠠ᠎ᠪᠠᠷ ᠣᠷᠣᠯᠴᠠᠪᠠ ᠃
✦《ᠬᠡᠢᠮᠣᠷᠢ ᠲᠠᠯᠠᠯᠤᠭᠰᠠᠨ ᠮᠣᠷᠢᠨ
ᠵᠢᠯ ᠬᠦᠰᠡᠯ ᠪᠢᠯᠬᠠᠭᠰᠠᠨ ᠰᠢᠨ᠎ᠡ ᠠᠶᠠᠨ》 — 2026 ᠣᠨ᠎ᠤ ᠠᠪᠠᠭ᠎ᠠ ᠬᠣᠰᠢᠭᠤᠨ᠎ᠤ
ᠤᠯᠠᠭᠠᠨ ᠮᠤᠷᠢᠨ ᠵᠢᠯ᠎ᠤᠨ ᠴᠠᠭᠠᠨ ᠰᠠᠷ᠎ᠠ᠎ᠶᠢᠨ ᠦᠳᠡᠰᠢᠯᠡᠭᠡ ᠵᠢ ᠲᠦᠷᠦᠬᠦᠬᠡᠨ ᠰᠢᠯᠢ ᠵᠢᠨ ᠭᠤᠤᠯ
ᠠᠢᠮᠠᠭ᠎ᠤᠨ ᠬᠠᠮ ᠵᠠᠭᠤᠴᠢᠯᠠᠭᠤᠷ᠎ᠤᠨ ᠲᠥᠪ᠎ᠦᠨ 1000 ᠲᠡᠭᠰᠢ ᠳᠥᠷᠪᠡᠯᠵᠢᠨ ᠮᠧᠲᠷ᠎ᠦᠨ ᠲᠣᠭᠯᠠᠯᠲᠠ ᠨᠡᠪᠲᠡᠷᠡᠭᠦᠯᠭᠡ᠎ᠶᠢᠨ
ᠳᠢᠩᠬᠢᠮ᠎ᠳᠦ ᠠᠮᠵᠢᠯᠲᠠ᠎ᠲᠠᠢ ᠰᠢᠩᠭᠡᠬᠡᠨ ᠤᠢᠯᠡᠳᠪᠡ᠃

ᠲᠠᠮᠢᠷ
✦2 ᠰᠠᠷ᠎ᠠ ᠵᠢᠨ 7 ᠤ ᠡᠳᠦᠷ᠂
ᠮᠢᠯᠠᠨ᠎ᠤ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭᠠᠨ᠎ᠤ ᠳᠠᠩ ᠬᠠᠪᠲᠠᠰᠤᠲᠤ ᠴᠡᠨᠡᠯᠡᠯᠲᠡ᠎ᠶᠢᠨ
ᠡᠷᠡᠭᠲᠡᠢ᠎ᠶᠢᠨ ᠲᠣᠮᠣ᠌ ᠲᠠᠪᠴᠠᠩ ᠬᠠᠷᠠᠢᠯᠲᠠ᠎ᠶᠢᠨ ᠰᠢᠢᠳᠪᠦᠷᠢᠲᠦ ᠤᠷᠤᠯᠳᠤᠭᠠᠨ᠎ᠳᠤ ᠳᠤᠮᠳᠠᠳᠤ ᠤᠯᠤᠰ᠎ᠤᠨ ᠠᠩᠬᠢ
ᠵᠢᠨ ᠳᠠᠮᠢᠷᠴᠢᠨ ᠰᠦ ᠢ ᠮᠢᠩ 168.50᠎ᠤᠨ ᠶᠡᠷᠦᠩᠬᠡᠢ ᠬᠤᠪᠢ᠎ᠪᠠᠷ ᠬᠦᠷᠡᠯ ᠮᠧᠳᠠᠯ ᠭᠠᠷᠳᠠᠪᠠ᠃ ᠡᠨᠡ ᠨᠢ ᠮᠥᠨᠴᠦ᠍
ᠳᠤᠮᠳᠠᠳᠤ ᠤᠯᠤᠰ᠎ᠤᠨ ᠲᠥᠯᠥᠭᠡᠯᠡᠭᠴᠢᠳ᠎ᠦᠨ ᠪᠦᠯᠬᠦᠮ᠎ᠦᠨ ᠲᠤᠰ ᠬᠤᠭᠤᠴᠠᠭᠠᠨ᠎ᠤ ᠤᠷᠤᠯᠳᠤᠭᠠᠨ᠎ᠤ ᠠᠩᠬᠠᠨ᠎ᠤ ᠱᠠᠩᠨᠠᠯ᠎ᠤᠨ
ᠮᠧᠳᠠᠯ ᠪᠣᠯᠣᠨ᠎ᠠ᠃

✦ 2 ᠰᠠᠷ᠎ᠠ ᠶᠢᠨ 7᠎ᠤ ᠡᠳᠦᠷ᠂
ᠥᠪᠥᠷ ᠮᠣᠩᠭᠣᠯ᠎ᠤᠨ ᠠᠩᠴᠢᠨ ᠺᠣᠮᠫᠠᠨᠢ᠎ᠠᠴᠠ ᠭᠣᠣᠯᠯᠠᠨ ᠡᠷᠬᠢᠯᠡᠭᠰᠡᠨ 《ᠠᠩᠴᠢᠨ ᠬᠤᠨᠳᠠᠭᠠᠲᠤ 》 ᠳᠤᠮᠳᠠᠳᠤ ᠮᠣᠩᠭᠣᠯ ᠣᠷᠣᠰ
ᠭᠤᠷᠪᠠᠨ ᠤᠯᠤᠰ᠎ᠤᠨ ᠮᠣᠩᠭᠣᠯ ᠪᠥᠬᠡ ᠵᠢᠨ ᠬᠠᠯᠵᠠ ᠪᠠᠷᠢᠯᠳᠤᠭᠠᠨ ( ᠪᠠᠭ᠎ᠤᠨ ᠪᠠᠷᠢᠯᠳᠤᠭᠠᠨ ) ᠰᠢᠯᠢ᠎ᠶᠢᠨ ᠭᠣᠣᠯ ᠤᠨ
ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠵᠢᠨ ᠲᠠᠮᠢᠷ ᠤᠨ ᠣᠷᠳᠣᠨ᠎ᠳᠤ ᠠᠮᠵᠢᠯᠲᠠ᠎ᠲᠠᠢ ᠪᠣᠯᠵᠤ ᠥᠩᠭᠡᠷᠡᠪᠡ᠃
ᠲᠡᠯᠡᠬᠡᠢ
✦ᠰᠢᠨᠬᠤᠸᠠ ᠬᠤᠷᠢᠶ᠎ᠠ ᠵᠢᠨ
ᠮᠡᠳᠡᠭᠡ ᠵᠢ ᠦᠨᠳᠦᠰᠦᠯᠡᠪᠡᠯ᠂ ᠢᠷᠠᠨ᠎ᠤ ᠰᠣᠨᠢᠨ ᠮᠡᠳᠡᠭᠡᠨ᠎ᠦ ᠲᠧᠯᠸᠢᠰ ᠬᠤᠷᠢᠶ᠎ᠠ ᠵᠢᠨ ᠮᠡᠳᠡᠭᠡᠯᠡᠭᠰᠡᠨ᠎ᠢᠶᠡᠷ᠂
ᠢᠷᠠᠨ᠎ᠤ ᠭᠠᠳᠠᠭᠠᠳᠤ ᠶᠠᠪᠤᠳᠠᠯ᠎ᠤᠨ ᠶᠠᠮᠤᠨ᠎ᠤ ᠰᠠᠢᠳ ᠠᠯᠠᠭ᠌ᠡᠸᠴᠢ 2 ᠰᠠᠷ᠎ᠠ ᠵᠢᠨ 7 ᠤ ᠡᠳᠦᠷ ᠬᠡᠯᠡᠬᠦ᠎ᠳᠡᠭᠡᠨ᠂
ᠣᠳᠣᠬᠠᠨ᠎ᠳᠤ ᠠᠮᠧᠷᠢᠺᠠ᠎ᠲᠠᠢ ᠰᠢᠨ᠎ᠡ ᠨᠢᠭᠡ ᠡᠭᠡᠯᠵᠢ᠎ᠶᠢᠨ ᠬᠡᠯᠡᠯᠴᠡᠭᠡ ᠬᠢᠬᠦ ᠪᠣᠳᠠᠲᠠᠢ ᠡᠳᠦᠷ᠎ᠢ ᠬᠠᠷᠠᠬᠠᠨ
ᠲᠣᠭᠲᠠᠭᠠᠳᠤᠢ ᠪᠠᠢᠨ᠎ᠠ᠂ ᠭᠡᠪᠡᠴᠦ ᠢᠷᠠᠨ ᠠᠮᠧᠷᠢᠺᠠ ᠬᠣᠶᠠᠷ ᠲᠠᠯ᠎ᠠ᠎ᠪᠠᠷ᠎ᠢᠶᠠᠨ ᠬᠡᠯᠡᠯᠴᠡᠭᠡ᠎ᠶᠢ ᠠᠯᠢ ᠲᠦᠷᠭᠡᠨ᠎ᠢᠶᠡᠷ
ᠶᠠᠪᠤᠭᠳᠠᠭᠤᠯᠪᠠᠯ ᠵᠣᠬᠢᠨ᠎ᠠ ᠭᠡᠵᠡᠢ᠃

ᠦᠢᠯᠡᠴᠢᠯᠡᠭᠡ
✦ᠬᠦᠬᠡᠬᠤᠳᠠ ᠵᠢᠨ ᠬᠤᠷᠢ
ᠶᠢᠰᠦᠳᠦᠭᠡᠷ ᠳᠤᠮᠳᠠᠳᠤ ᠰᠤᠷᠭᠠᠭᠤᠯᠢ ᠪᠠᠢᠷᠢ ᠵᠢᠨ ᠬᠠᠮᠢᠶᠠᠷᠤᠯᠳᠠ ᠵᠢᠨ ᠠᠵᠢᠯᠳᠠᠨ ᠡᠯᠰᠡᠵᠤ ᠪᠤᠢ᠃
✦ᠴᠠᠭᠠᠨ ᠰᠠᠷ᠎ᠠ ᠶᠢᠨ ᠠᠮᠠᠷᠠᠯᠲᠠ᠎ᠶᠢᠨ
ᠬᠤᠭᠤᠴᠠᠭᠠᠨ᠎ᠳᠤ᠂ ᠥᠪᠥᠷ ᠮᠣᠩᠭᠣᠯ᠎ᠤᠨ ᠪᠡᠶ᠎ᠡ᠎ᠶᠢᠨ ᠲᠠᠮᠢᠷ᠎ᠤᠨ ᠣᠷᠳᠣᠨ ᠨᠡᠢᠭᠡᠮ ᠨᠡᠢᠲᠡ᠎ᠳᠦ ᠬᠠᠨᠳᠤᠭᠤᠯᠤᠨ
ᠰᠦᠢᠳᠬᠡᠯ ᠬᠤᠷᠢᠶᠠᠬᠤ ᠦᠭᠡᠢ ᠪᠤᠶᠤ ᠰᠦᠢᠳᠬᠡᠯ᠎ᠢ ᠪᠠᠭᠤᠷᠠᠭᠤᠯᠵᠤ ᠴᠢᠯᠦᠭᠡᠲᠡᠢ ᠨᠡᠭᠡᠭᠡᠬᠦ ᠪᠡᠷ ᠪᠠᠢᠨ᠎ᠠ᠃
ᠡᠭᠦᠨ᠎ᠳᠦ 2 ᠰᠠᠷ᠎ᠠ᠎ᠶᠢᠨ 16 — 18᠎ᠤ ᠡᠳᠦᠷ ᠪᠣᠯᠲᠠᠯ᠎ᠠ ᠡᠭᠦᠳᠡ ᠪᠡᠨ ᠬᠠᠭᠠᠵᠤ᠂ 2 ᠰᠠᠷ᠎ᠠ ᠶᠢᠨ 19 — 21᠎ᠦ ᠡᠳᠦᠷ ᠪᠣᠯᠲᠠᠯ᠎ᠠ ᠰᠦᠢᠳᠬᠡᠯ ᠬᠤᠷᠢᠶᠠᠬᠤ
ᠦᠭᠡᠢ᠎ᠪᠡᠷ ᠨᠡᠭᠡᠭᠡᠨ᠎ᠡ᠃

ᠲᠠᠨ ᠤ ᠲᠤᠰᠡ ᠳ᠋ᠤ
✦ᠨᠣᠭᠣᠭ᠎ᠠ ᠬᠠᠭᠤᠷᠳᠠᠭ ᠲᠡᠮᠦᠷ ᠲᠣᠭᠣᠭ᠎ᠠ᠎ᠶᠢ ᠤᠳᠠᠭᠠᠨ ᠬᠡᠷᠡᠭᠯᠡᠪᠡᠯ ᠲᠣᠭᠣᠭᠠᠨ᠎ᠳᠤ ᠨᠠᠭᠠᠯᠳᠤᠭᠰᠠᠨ
ᠲᠣᠰᠣᠯᠢᠭ᠋ ᠵᠦᠢᠯ ᠢ ᠠᠷᠢᠯᠭᠠᠬᠤ᠎ᠳᠤ ᠬᠦᠴᠢᠷ ᠪᠣᠯᠳᠠᠭ᠃ ᠡᠨᠡ ᠦᠶᠡᠰ᠎ᠲᠦ ᠠᠯᠢᠮ᠎ᠠ ᠶᠢᠨ ᠬᠠᠯᠢᠰᠤ ᠶᠢ ᠲᠣᠭᠣᠭᠠᠨ᠎ᠳᠤ
ᠬᠢᠵᠦ ᠵᠢᠭᠠᠬᠠᠨ ᠤᠰᠤ ᠨᠡᠮᠡᠵᠦ ᠪᠤᠴᠠᠯᠭᠠᠪᠠᠯ ᠴᠡᠪᠡᠷᠬᠡᠨ ᠪᠣᠯᠴᠢᠬᠠᠳᠠᠭ᠃
ᠵᠠᠯᠭᠠᠭᠠᠳ《ᠬᠠᠢᠷ᠎ᠠ ᠵᠢᠨ
ᠤᠴᠠᠷᠠᠯ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠨᠡᠪᠳᠡᠷᠡᠭᠦᠯᠬᠡ
ᠮᠠᠨᠢ ᠲᠠ ᠪᠦᠬᠦᠨ ᠳᠦ ᠲᠠᠭᠠᠯᠠᠬᠳᠠᠬᠰᠠᠨ ᠪᠤᠯ ᠤᠳᠤᠨ ᠳᠡᠮᠳᠡᠭ ᠱᠠᠩᠨᠠᠵᠤ ᠪᠢᠳᠡᠨ ᠳᠤ ᠤᠷᠮ᠎ᠠ ᠬᠠᠢᠷᠠᠯᠠᠭᠠᠷᠠᠢ! ᠲᠠ
ᠪᠦᠬᠦᠨ ᠤ ᠬᠦᠯᠢᠶᠡᠨ ᠠᠪᠴᠤ᠌ ᠰᠤᠨᠤᠰᠤᠬ᠍ᠰᠠᠨ ᠳ᠋ᠦ
ᠪᠠᠶᠠᠷᠯᠠᠯ᠎ᠠ᠂ ᠪᠠᠶᠠᠷᠳᠠᠢ︕