


ᠨᠡᠢᠭᠡᠮ
✦ᠪᠠᠴᠢᠮ
ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠶᠠᠮᠤᠨ ᠤ᠋ ᠮᠡᠳᠡᠭᠡ ᠵᠢ ᠦᠨᠳᠦᠰᠦᠯᠡᠪᠡᠯ᠂ 2025 ᠣᠨ᠎ᠳᠤ
ᠪᠥᠬᠥ ᠤᠯᠤᠰ᠎ᠤᠨ ᠣᠶ ᠰᠢᠭᠤᠢ ᠨᠤᠲᠤᠭ ᠪᠡᠯᠴᠢᠭᠡᠷ᠎ᠦᠨ ᠲᠦᠢᠮᠡᠷ᠎ᠤᠨ ᠲᠣᠭ᠎ᠠ ᠬᠡᠮᠵᠢᠶ᠎ᠠ ᠲᠡᠦᠬᠡᠨ
ᠳᠡᠭᠡᠷᠡᠬᠢ ᠬᠠᠮᠤᠭ᠎ᠤᠨ ᠳᠣᠣᠷ᠎ᠠ ᠬᠡᠮᠵᠢᠶᠡᠨ᠎ᠳᠦ ᠬᠦᠷᠴᠦ᠂ ᠪᠥᠬᠥ ᠵᠢᠯ᠎ᠳᠦ 226 ᠤᠳᠠᠭ᠎ᠠ ᠲᠦᠢᠮᠡᠷ᠎ᠤᠨ
ᠭᠠᠮᠰᠢᠭ᠋ ᠭᠠᠷᠴᠤ᠂ ᠬᠣᠬᠢᠷᠠᠯ ᠳ᠋ᠤ ᠤᠴᠠᠷᠠᠭᠰᠠᠨ ᠣᠶ ᠰᠢᠭᠤᠢ ᠨᠤᠲᠤᠭ ᠪᠡᠯᠴᠢᠭᠡᠷ᠎ᠦᠨ ᠲᠠᠯᠠᠪᠠᠶ 4971
ᠾᠧᠺᠲ᠋ᠠᠷ ᠬᠦᠷᠴᠡᠢ᠃
✦27᠎ᠤ ᠡᠳᠦᠷ᠂
ᠲᠥᠪ᠎ᠦᠨ ᠴᠠᠭ ᠠᠭᠤᠷ᠎ᠤᠨ ᠬᠣᠷᠢᠶ᠎ᠠ 2026 ᠣᠨ᠎ᠤ ᠠᠩᠬᠠᠳᠤᠭᠠᠷ ᠬᠤᠭᠤᠴᠠᠭᠠᠨ᠎ᠤ《ᠬᠠᠪᠤᠷ᠎ᠤᠨ
ᠲᠠᠷᠢᠶᠠᠯᠠᠭ᠎ᠠ ᠶ᠋ᠢᠨ ᠴᠠᠭ ᠠᠭᠤᠷ ᠤ᠋ᠨ ᠦᠢᠯᠡᠴᠢᠯᠡᠭᠡᠨ᠎ᠦ ᠲᠤᠰᠬᠠᠢ ᠮᠡᠳᠡᠭᠦᠯᠦᠯᠳᠡ》 ᠵᠢ
ᠨᠡᠢᠲᠡᠯᠡᠪᠡ᠂ ᠡᠨᠡ ᠨᠢ ᠪᠥᠬᠥ ᠤᠯᠤᠰ᠎ᠤᠨ ᠬᠠᠪᠤᠷ᠎ᠤᠨ ᠲᠠᠷᠢᠶᠠᠯᠠᠭ᠎ᠠ᠎ᠶᠢᠨ ᠴᠠᠭ ᠠᠭᠤᠷ᠎ᠤᠨ ᠦᠢᠯᠡᠴᠢᠯᠡᠭᠡ
ᠪᠥᠬᠥ ᠲᠠᠯ᠎ᠠ᠎ᠪᠠᠷ ᠡᠬᠢᠯᠡᠭᠰᠡᠨ᠎ᠢ ᠬᠠᠷᠠᠭᠤᠯᠵᠤ ᠪᠠᠢᠨ᠎ᠠ᠃
✦ᠤᠯᠤᠰ᠎ᠤᠨ
ᠡᠨᠧᠷᠭᠢ᠎ᠶᠢᠨ ᠲᠣᠪᠴᠢᠶ᠎ᠠ ᠵᠢᠨ ᠮᠡᠳᠡᠭᠡ ᠵᠢ ᠦᠨᠳᠦᠰᠦᠯᠡᠪᠡᠯ᠂ 1 ᠰᠠᠷ᠎ᠠ᠎ᠶᠢᠨ ᠰᠡᠭᠦᠯᠴᠢ ᠪᠣᠯᠲᠠᠯ᠎ᠠ
ᠮᠠᠨ᠎ᠤ ᠤᠯᠤᠰ᠎ᠤᠨ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ᠎ᠦ ᠴᠠᠬᠢᠯᠭᠠᠨ ᠴᠡᠨᠡᠭᠯᠡᠬᠦ ᠰᠠᠭᠤᠷᠢ
ᠲᠥᠬᠦᠭᠡᠷᠦᠮᠵᠢ 2069.8 ᠲᠦᠮᠡ᠎ᠳᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 49.6% ᠪᠡᠷ ᠨᠡᠮᠡᠭᠳᠡᠪᠡ᠃
ᠡᠭᠦᠨ᠎ᠳᠦ᠂ ᠣᠯᠠᠨ ᠨᠡᠶ᠋ᠢᠲᠡ᠎ᠶᠢᠨ ᠴᠠᠬᠢᠯᠭᠠᠨ ᠴᠡᠨᠡᠭᠯᠡᠬᠦ ᠲᠥᠬᠦᠭᠡᠷᠦᠮᠵᠢ 480.1 ᠲᠦᠮᠡ ᠪᠠᠢᠵᠤ᠂ ᠠᠳᠠᠯᠢ ᠬᠤᠭᠤᠴᠠᠭᠠᠨ᠎ᠤ ᠬᠢ᠎ᠡᠴᠡ 31.2% ᠨᠡᠮᠡᠭᠳᠡᠪᠡ᠃ ᠬᠤᠪᠢ ᠬᠥᠮᠥᠨ᠎ᠦ ᠴᠠᠬᠢᠯᠭᠠᠨ ᠴᠡᠨᠡᠭᠯᠡᠬᠦ ᠲᠥᠬᠦᠭᠡᠷᠦᠮᠵᠢ 1589.7 ᠲᠦᠮᠡ
ᠪᠠᠢᠵᠤ᠂ ᠠᠳᠠᠯᠢ ᠬᠤᠭᠤᠴᠠᠭᠠᠨ᠎ᠤ ᠬᠢ᠎ᠡᠴᠡ 56.1% ᠪᠡᠷ ᠨᠡᠮᠡᠭᠳᠡᠪᠡ᠃
✦ᠠᠮᠢ ᠠᠬᠤᠢ
ᠣᠷᠴᠢᠨ ᠲᠤᠭᠤᠷᠢᠨ᠎ᠤ ᠶᠠᠮᠤᠨ ᠣᠢᠷ᠎ᠠ᠎ᠳᠤ 《ᠬᠠᠶᠠᠭᠳᠠᠮᠠᠯ
ᠴᠠᠬᠢᠯᠭᠠᠨ ᠬᠡᠷᠡᠭᠰᠡᠯ ᠡᠯᠧᠺᠲᠷᠣᠨ ᠦᠢᠯᠡᠳᠬᠦᠨ᠎ᠦ ᠪᠣᠬᠢᠷᠲᠤᠯ᠎ᠢ ᠰᠢᠢᠳᠪᠦᠷᠢᠯᠡᠬᠦ ᠶ᠋ᠢ ᠬᠢᠵᠠᠭᠠᠷᠯᠠᠬᠤ
ᠮᠡᠷᠭᠡᠵᠢᠯ᠎ᠦᠨ ᠵᠢᠷᠤᠮᠵᠢᠯ》 (HJ527 ︱ 2026) ᠢ᠋
ᠨᠡᠢᠲᠡᠯᠡᠵᠦ᠂ 3 ᠰᠠᠷ᠎ᠠ᠎ᠶᠢᠨ 1᠎ᠦ ᠡᠳᠦᠷ᠎ᠡᠴᠡ ᠡᠬᠢᠯᠡᠵᠦ ᠬᠡᠷᠡᠭᠵᠢᠭᠦᠯᠬᠦ᠎ᠪᠡᠷ ᠲᠥᠯᠥᠪᠯᠡᠵᠦ ᠪᠣᠶ᠃
ᠮᠡᠷᠭᠡᠵᠢᠯ᠎ᠦᠨ ᠵᠢᠷᠤᠮᠵᠢᠯ ᠨᠢ ᠬᠠᠶᠠᠭᠳᠠᠮᠠᠯ ᠴᠠᠬᠢᠯᠭᠠᠨ ᠬᠡᠷᠡᠭᠰᠡᠯ᠎ᠦᠨ ᠲᠦᠷᠦᠯ ᠵᠦᠢᠯ᠎ᠢ ᠥᠷᠭᠡᠳᠬᠡᠵᠦ᠂
ᠬᠠᠳᠠᠭᠠᠯᠠᠬᠤ ᠶᠠᠪᠤᠴᠠ᠎ᠳᠠᠬᠢ ᠪᠣᠬᠢᠷᠲᠤᠯ᠎ᠢ ᠬᠢᠵᠠᠭᠠᠷᠯᠠᠬᠤ ᠱᠠᠭᠠᠷᠳᠠᠯᠭ᠎ᠠ᠎ᠶᠢ ᠨᠠᠷᠢᠯᠢᠭ᠍ᠵᠢᠭᠤᠯᠵᠠᠢ᠃
✦ᠥᠪᠥᠷ
ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮ᠎ᠦᠨ ᠵᠦᠢᠯᠡᠰ᠎ᠦᠨ ᠬᠢᠨᠠᠯᠲᠠ ᠬᠠᠮᠢᠶᠠᠷᠤᠯᠲᠠ᠎ᠶᠢᠨ
ᠲᠣᠪᠴᠢᠶ᠎ᠠ᠎ᠡᠴᠡ ᠤᠢᠯᠠᠭᠠᠭᠰᠠᠨ ᠵᠢᠡᠷ᠂ ᠣᠯᠠᠨ ᠲᠦᠮᠡᠨ᠎ᠦ ᠡᠮ ᠪᠠ ᠪᠠᠭᠠᠵᠢ ᠬᠡᠷᠡᠭᠰᠡᠯᠬᠡᠷᠡᠭᠯᠡᠬᠦ ᠵᠢᠨ
ᠠᠮᠤᠷ ᠲᠦᠪᠰᠢᠨ ᠪᠦᠲᠦᠮᠵᠢᠲᠡᠶ᠂ ᠳᠥᠭᠥᠮ ᠳᠥᠲᠡ ᠪᠠᠢᠬᠤ᠎ᠶᠢ ᠪᠠᠲᠤᠯᠠᠬᠤ᠎ᠶᠢᠨ ᠲᠥᠯᠥᠭᠡ ᠲᠦᠷᠦᠭᠦᠬᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠤ᠋
ᠡᠮ ᠬᠤᠳᠠᠯᠳᠤᠬᠤ ᠠᠦ᠋ᠲ᠋ᠣ᠋ ᠮᠠᠰᠢᠨ ᠪᠠ ᠪᠠᠭᠠᠵᠢ ᠬᠡᠷᠡᠭᠰᠡᠯ ᠬᠤᠳᠠᠯᠳᠤᠬᠤ ᠠᠦ᠋ᠲ᠋ᠣ᠋ ᠮᠠᠰᠢᠨ᠎ᠤ
ᠬᠠᠮᠢᠶᠠᠷᠤᠯᠲᠠ᠎ᠶᠢᠨ ᠲᠣᠭᠲᠠᠭᠠᠯ》᠎ᠢ ᠳᠠᠷᠤᠮᠠᠯᠯᠠᠨ ᠲᠠᠷᠬᠠᠭᠠᠵᠤ᠂ ᠡᠮ ᠬᠤᠳᠠᠯᠳᠤᠬᠤ
ᠠᠦ᠋ᠲ᠋ᠣ᠋ ᠮᠠᠰᠢᠨ᠂ ᠪᠠᠭᠠᠵᠢ ᠬᠡᠷᠡᠭᠰᠡᠯ ᠬᠤᠳᠠᠯᠳᠤᠬᠤ ᠠᠦ᠋ᠲ᠋ᠣ᠋ ᠮᠠᠰᠢᠨ᠎ᠤ ᠪᠠᠢᠷᠢᠯᠠᠭᠤᠯᠤᠯᠲᠠ᠎ᠶᠢᠨ
ᠭᠣᠣᠯ ᠴᠣᠭᠴᠠ᠂ ᠪᠠᠢᠷᠢᠰᠢᠭᠤᠯᠤᠯᠲᠠ᠎ᠶᠢᠨ ᠵᠠᠷᠴᠢᠮ᠂ ᠡᠵᠡᠩᠨᠡᠯᠲᠡ᠎ᠶᠢᠨ ᠬᠡᠪᠴᠢᠶ᠎ᠡ ᠵᠡᠷᠭᠡ ᠲᠠᠯ᠎ᠠ᠎ᠪᠠᠷ
ᠰᠢᠰᠲᠧᠮᠲᠦ ᠴᠢᠨᠠᠷᠲᠠᠢ᠂ ᠪᠥᠬᠥ ᠶᠠᠪᠤᠴᠠ᠎ᠶᠢᠨ ᠵᠢᠷᠤᠮᠵᠢᠯ ᠭᠠᠷᠭᠠᠪᠠ᠃
✦2025 ᠣᠨ᠎ᠳᠤ᠂ ᠪᠠᠶᠠᠨᠨᠠᠭᠤᠷ
ᠬᠣᠲᠠ᠎ᠶᠢᠨ ᠲᠣᠰᠬᠣᠨ᠎ᠤ ᠲᠠᠰ᠎ᠤᠨ ᠪᠠᠷᠠᠭᠠᠨ᠎ᠤ ᠭᠦᠢᠯᠭᠡᠭᠡᠨ᠎ᠦ ᠶᠡᠷᠦᠩᠬᠡᠢᠯᠡᠭᠰᠡᠨ ᠦᠢᠯᠡᠴᠢᠯᠡᠭᠡᠨ᠎ᠦ ᠴᠡᠭ᠎ᠤᠨ
ᠪᠦᠷᠬᠦᠴᠡ᠎ᠶᠢᠨ ᠨᠣᠷᠮ᠎ᠠ 96%᠎ᠳᠤ ᠬᠦᠷᠴᠦ᠂ ᠬᠤᠰᠢᠭᠤ ᠰᠢᠶᠠᠨ ᠰᠤᠮᠤ ᠪᠠᠯᠭᠠᠰᠤ ᠭᠠᠴᠠᠭ᠎ᠠ ᠲᠣᠰᠬᠣᠨ᠎ᠤ ᠭᠤᠷᠪᠠᠨ ᠱᠠᠲᠤᠨ᠎ᠤ ᠲᠣᠣᠷ᠎ᠢ ᠪᠦᠬᠦᠨ᠎ᠢ
ᠬᠠᠮᠤᠷᠴᠤ᠂ 652 ᠲᠣᠰᠬᠣᠨ᠎ᠳᠤ ᠰᠢᠭᠤᠳ ᠰᠢᠤᠳᠠᠨ ᠨᠡᠪᠲᠡᠷᠡᠵᠡᠢ᠃
✦ᠦᠦᠰᠢᠨ
ᠬᠣᠰᠢᠭᠤᠨ᠎ᠤ ᠵᠠᠮ ᠬᠠᠷᠢᠯᠴᠠᠭᠠᠨ᠎ᠤ ᠬᠠᠮᠢᠶᠠᠷᠤᠯᠲᠠ᠎ᠶᠢᠨ ᠶᠡᠬᠡ ᠠᠩᠭᠢ ᠬᠠᠥᠯᠢ ᠬᠡᠷᠡᠭᠵᠢᠭᠦᠯᠬᠦ
ᠵᠢᠯᠣᠭᠣᠴᠢ ᠦᠭᠡᠢ ᠨᠢᠰᠬᠡᠯ᠎ᠢ ᠨᠡᠢᠲᠡ 13 ᠢᠵᠢ ᠲᠣᠬᠢᠷᠠᠭᠤᠯᠤᠨ᠂ ᠵᠠᠮ ᠬᠠᠷᠢᠯᠴᠠᠭᠠᠨ᠎ᠤ ᠬᠠᠤᠯᠢ᠎ᠠᠴᠠ
ᠵᠥᠷᠢᠴᠡᠭᠰᠡᠨ ᠭᠡᠷᠡᠴᠢ ᠠᠪᠬᠤ᠂ ᠠᠮᠤᠷ ᠲᠦᠪᠰᠢᠨ᠎ᠦ ᠳᠠᠯᠳᠠ ᠬᠡᠮ᠎ᠢ ᠵᠢᠭ᠍ᠰᠠᠭᠠᠨ ᠪᠠᠢᠴᠠᠭᠠᠬᠤ᠂ ᠵᠠᠮ
ᠬᠠᠷᠢᠯᠴᠠᠭᠠᠨ᠎ᠤ ᠠᠳᠠᠯᠢ ᠬᠠᠢᠨ ᠪᠠᠢᠴᠠᠭᠠᠬᠤ᠂ ᠵᠠᠮ ᠬᠠᠷᠢᠯᠴᠠᠭᠠᠨ᠎ᠤ ᠠᠮᠤᠷ ᠲᠦᠪᠰᠢᠨ᠎ᠦ ᠤᠬᠠᠭᠤᠯᠭ᠎ᠠ
ᠬᠢᠬᠦ ᠵᠡᠷᠭᠡ ᠲᠠᠯᠠᠪᠤᠷ᠎ᠲᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠡᠷᠡᠭᠯᠡᠯᠲᠡ ᠬᠢᠭᠡᠳ ᠵᠠᠮ
ᠬᠠᠷᠢᠯᠴᠠᠭᠠᠨ᠎ᠤ ᠬᠠᠮᠢᠶᠠᠷᠤᠯᠲᠠ ᠶ᠋ᠢᠨ ᠲᠤᠬᠠᠢᠯᠠᠭᠰᠠᠨ ᠠᠵᠢᠯ᠎ᠤᠨ ᠭᠦᠨᠵᠡᠭᠡᠢ ᠠᠭᠤᠰᠤᠯᠴᠠᠯ᠎ᠢ
ᠪᠡᠶᠡᠯᠡᠭᠦᠯᠵᠦ ᠪᠠᠢᠨ᠎ᠠ᠃
✦2025 ᠣᠨ᠎ᠳᠤ᠂
ᠵᠡᠭᠦᠨ ᠦᠵᠦᠮᠦᠴᠢᠨ ᠬᠣᠰᠢᠭᠤ《ᠤᠮᠠᠷᠠᠲᠤ᠎ᠶᠢᠨ ᠭᠤᠷᠪᠠᠨ ᠣᠷᠣᠨ》᠎ᠤ
ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠎ᠪᠠᠷ ᠭᠣᠣᠯᠳᠠᠯᠭ᠎ᠠ ᠪᠣᠯᠭᠠᠵᠤ᠂ ᠰᠢᠨᠵᠢᠯᠡᠬᠦ ᠤᠬᠠᠭᠠᠨᠴᠢ᠎ᠪᠠᠷ
ᠠᠷᠭ᠎ᠠ ᠪᠣᠳᠣᠯᠭ᠎ᠠ ᠬᠡᠷᠡᠭᠯᠡᠨ ᠡᠯᠡᠰᠦᠷᠬᠡᠭᠵᠢᠯ ᠢ᠋ ᠰᠡᠷᠭᠡᠢᠯᠡᠨ ᠡᠯᠡᠰᠦ᠎ᠶᠢ ᠵᠠᠰᠠᠬᠤ᠎ᠶᠢ ᠠᠬᠢᠭᠤᠯᠵᠤ᠂
ᠪᠥᠬᠥ ᠵᠢᠯ᠎ᠳᠦ 29.8 ᠲᠦᠮᠡᠨ ᠮᠦ᠍ ᠡᠯᠡᠰᠦ᠎ᠶᠢ ᠵᠠᠰᠠᠬᠤ ᠡᠭᠦᠷᠭᠡ᠎ᠶᠢ ᠪᠡᠶᠡᠯᠡᠭᠦᠯᠵᠦ᠂ 1.21
ᠳ᠋ᠦᠩᠰᠢᠭᠤᠷ ᠲᠥᠭᠥᠷᠢᠭ᠎ᠦᠨ ᠪᠡᠯᠡ ᠮᠥᠩᠭᠥ ᠣᠷᠣᠭᠤᠯᠪᠠ᠃
ᠠᠵᠦ ᠠᠬᠤᠢ
✦ᠵᠠᠬ᠎ᠠ ᠳᠡᠯᠭᠡᠭᠦᠷ᠎ᠦᠨ
ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ᠎ᠶᠢᠨ ᠢᠳᠡᠭᠡᠨ᠎ᠦ ᠵᠦᠢᠯ᠎ᠢ ᠬᠢᠨᠠᠨ ᠦᠨᠡᠯᠡᠬᠦ ᠲᠥᠪ᠎ᠡᠴᠡ
ᠣᠢᠯᠠᠭᠠᠭᠰᠠᠨ ᠵᠢᠡᠷ᠂ ᠮᠠᠨ᠎ᠤ ᠤᠯᠤᠰ᠎ᠤᠨ ᠣᠨᠴᠠᠭᠠᠶ ᠠᠨᠠᠭᠠᠬᠤ ᠤᠬᠠᠭᠠᠨ᠎ᠤ ᠬᠡᠷᠡᠭᠯᠡᠭᠡᠨ᠎ᠦ ᠨᠠᠢᠷᠠᠯᠭ᠎ᠠ᠎ᠲᠠᠢ
ᠢᠳᠡᠭᠡᠨ᠎ᠦ ᠵᠦᠢᠯ᠎ᠦᠨ ᠤᠯᠤᠰ᠎ᠲᠠᠭᠠᠨ ᠦᠢᠯᠡᠳᠪᠦᠷᠢᠯᠡᠭᠰᠡᠨ ᠳᠠᠩᠰᠠᠯᠠᠯᠲᠠ᠎ᠶᠢᠨ ᠡᠵᠡᠯᠡᠬᠦ ᠬᠠᠷᠢᠴᠠᠯ 2020
ᠣᠨ᠎ᠳᠤ 49% ᠪᠠᠢᠭᠰᠠᠨ ᠠ᠋ᠴᠠ᠎ᠪᠠᠨ 2025 ᠣᠨ᠎ᠳᠤ
88% ᠪᠣᠯᠵᠤ ᠳᠡᠭᠡᠭᠰᠢᠯᠡᠵᠡᠢ᠃ ᠬᠠᠪᠤᠳᠠᠷ᠎ᠤᠨ ᠪᠦᠷᠢᠨ ᠰᠢᠮ᠎ᠡ ᠲᠡᠵᠢᠭᠡᠯ᠎ᠦᠨ ᠨᠠᠢᠷᠠᠯᠭ᠎ᠠ ᠵᠡᠷᠭᠡ ᠭᠠᠳᠠᠭᠠᠳᠤ᠎ᠠᠴᠠ
ᠣᠷᠣᠭᠤᠯᠬᠤ ᠳ᠋ᠤ ᠲᠦᠰᠢᠭᠯᠡᠵᠦ ᠪᠠᠢᠭᠰᠠᠨ ᠵᠦᠢᠯ᠎ᠢ ᠤᠯᠤᠰ᠎ᠲᠠᠭᠠᠨ ᠦᠢᠯᠡᠳᠪᠦᠷᠢᠯᠡᠵᠦ ᠵᠠᠬ᠎ᠠ ᠳᠡᠯᠭᠡᠭᠦᠷ᠎ᠲᠦ
ᠭᠠᠷᠭᠠᠬᠤ᠎ᠶᠢ ᠪᠡᠶᠡᠯᠡᠭᠦᠯᠵᠦ᠂ ᠵᠠᠬ᠎ᠠ ᠳᠡᠯᠭᠡᠭᠦᠷ᠎ᠦᠨ ᠬᠡᠪᠴᠢᠶ᠎ᠡ᠎ᠶᠢ 2020 ᠣᠨ᠎ᠳᠤ 70 ᠳ᠋ᠦᠩᠰᠢᠭᠤᠷ ᠲᠥᠭᠥᠷᠢᠭ
ᠪᠠᠢᠭᠰᠠᠨ᠎ᠠᠴᠠ 2024 ᠣᠨ᠎ᠳᠤ 230 ᠳ᠋ᠦᠩᠰᠢᠭᠤᠷ ᠲᠥᠭᠥᠷᠢᠭ ᠪᠣᠯᠭᠠᠨ ᠨᠡᠮᠡᠭᠳᠡᠭᠦᠯᠵᠦ᠂ ᠵᠢᠯ ᠳᠤᠮᠳᠠᠴᠢ᠎ᠶᠢᠨ
ᠨᠡᠢᠯᠡᠮᠡᠯ ᠨᠡᠮᠡᠭᠳᠡᠯ᠎ᠦᠨ ᠨᠤᠷᠮ᠎ᠠ 25% ᠡᠴᠡ ᠳᠠᠪᠠᠪᠠ᠃
✦2025 ᠣᠨ᠎ᠳᠤ ᠬᠥᠳᠡᠭᠡ
ᠠᠵᠤ ᠠᠬᠤᠢ ᠬᠥᠳᠡᠭᠡ ᠲᠣᠰᠬᠣᠨ᠎ᠤ ᠶᠠᠮᠤᠨ᠎ᠠᠴᠠ ᠠᠯᠠᠰᠢᠨ ᠦᠬᠡᠷ ᠰᠠᠭᠠᠯᠢ᠎ᠶᠢᠨ ᠦᠨᠢᠶ᠎ᠡ᠎ᠶᠢᠨ ᠠᠵᠤ
ᠦᠢᠯᠡᠰ᠎ᠤᠨ ᠬᠦᠴᠢᠷᠳᠡᠯ᠎ᠢ ᠰᠢᠢᠳᠪᠦᠷᠢᠯᠡᠬᠦ ᠲᠤᠬᠠᠢ ᠰᠢᠰᠲᠧᠮ᠎ᠲᠠᠢ ᠠᠷᠭ᠎ᠠ ᠰᠦᠪᠡᠭᠴᠢᠯᠡᠨ ᠪᠠᠢᠷᠢᠯᠠᠭᠤᠯᠤᠭᠠᠳ
ᠢᠯᠡᠳᠲᠡ ᠦᠷ᠎ᠡ ᠪᠦᠲᠦᠮᠵᠢ ᠣᠯᠵᠠᠢ᠃ ᠣᠢᠯᠠᠭᠠᠭᠰᠠᠨ ᠵᠢᠡᠷ᠂ 2026 ᠣᠨ᠎ᠳᠤ ᠠᠯᠠᠰᠢᠨ ᠦᠬᠡᠷ᠎ᠦᠨ ᠠᠵᠤ
ᠦᠢᠯᠡᠰ᠎ᠤᠨ ᠬᠦᠴᠢᠷᠳᠡᠯ ᠢ᠋ ᠰᠢᠢᠳᠪᠦᠷᠢᠯᠡᠬᠦ ᠦᠷ᠎ᠡ ᠪᠦᠲᠦᠮᠵᠢ᠎ᠶᠢ
ᠦᠷᠭᠦᠯᠵᠢᠯᠡᠨ ᠪᠡᠬᠢᠵᠢᠭᠦᠯᠦᠨ ᠥᠷᠭᠡᠳᠬᠡᠨ᠎ᠡ᠃
✦2026 ᠣᠨ᠎ᠳᠤ᠂ ᠦᠪᠦᠷ
ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠡᠴᠡ ᠲᠥᠪ᠎ᠦᠨ ᠣᠨᠴᠠᠭᠠᠢ ᠰᠤᠷᠭᠠᠨ
ᠬᠥᠮᠦᠵᠢᠯ᠎ᠦᠨ ᠨᠥᠬᠥᠪᠦᠷᠢ᠎ᠶᠢᠨ ᠪᠡᠯᠡ ᠮᠥᠩᠭᠥ᠎ᠶᠢ 1377 ᠲᠦᠮᠡᠨ ᠲᠥᠭᠥᠷᠢᠭ ᠪᠠᠭᠤᠯᠭᠠᠵᠤ᠂ ᠬᠣᠶᠠᠷ ᠶᠡᠬᠡ ᠵᠠᠩᠭᠢᠯᠠᠭ᠎ᠠ᠎ᠶᠢᠨ
ᠬᠦᠷᠢᠶᠡᠨ᠎ᠳᠦ ᠭᠣᠣᠯᠳᠠᠯᠭ᠎ᠠ᠎ᠲᠠᠢ ᠬᠡᠷᠡᠭᠯᠡᠨ᠎ᠠ᠃ 800 ᠲᠦᠮᠡᠨ ᠲᠥᠭᠥᠷᠢᠭᠵᠢᠡᠷ ᠬᠦᠨᠳᠦ ᠵᠡᠮᠳᠡᠭ ᠬᠡᠦᠬᠡᠳ᠎ᠦᠨ
ᠰᠤᠷᠭᠠᠭᠤᠯᠢ᠎ᠳᠤ ᠣᠷᠣᠬᠤ ᠬᠦᠴᠢᠷ ᠠᠰᠠᠭᠤᠳᠠᠯ᠎ᠢ ᠬᠦᠴᠦᠯᠡᠨ ᠰᠢᠢᠳᠪᠦᠷᠢᠯᠡᠵᠦ᠂ 577 ᠲᠦᠮᠡᠨ ᠲᠥᠭᠥᠷᠢᠭᠵᠢᠡᠷ
ᠣᠨᠴᠠᠭᠠᠶ ᠰᠤᠷᠭᠠᠨ ᠬᠥᠮᠦᠵᠢᠯ᠎ᠦᠨ ᠡᠬᠢ ᠪᠠᠶᠠᠯᠢᠭ᠋᠎ᠤᠨ ᠲᠥᠪ᠎ᠦᠨ ᠪᠦᠲᠦᠭᠡᠨ ᠪᠠᠢᠭᠤᠯᠤᠯᠲᠠ ᠪᠠ ᠲᠥᠬᠦᠭᠡᠷᠦᠮᠵᠢ
ᠬᠤᠳᠠᠯᠳᠤᠨ ᠠᠪᠬᠤ᠎ᠶᠢ ᠳᠡᠮᠵᠢᠬᠦ᠎ᠳᠦ ᠬᠡᠷᠡᠭᠯᠡᠨ᠎ᠠ᠃
✦ᠣᠳᠣᠬᠠᠨ
ᠪᠣᠯᠲᠠᠯ᠎ᠠ᠂ ᠲᠦᠨᠭᠯᠢᠶᠤᠤ ᠬᠤᠲᠠ ᠡᠯ᠎ᠡ ᠲᠥᠷᠥᠯ᠎ᠦᠨ ᠨᠥᠬᠥᠪᠦᠷᠢ᠎ᠶᠢᠨ ᠪᠡᠯᠡ ᠮᠥᠩᠭᠥ᠎ᠶᠢ ᠨᠡᠶ᠋ᠢᠲᠡ 455.6
ᠲᠦᠮᠡᠨ ᠲᠥᠭᠥᠷᠢᠭ ᠪᠠᠭᠤᠯᠭᠠᠨ ᠠᠷᠠᠳ᠎ᠲᠤ ᠠᠰᠢᠭ᠋ ᠬᠦᠷᠲᠡᠭᠡᠬᠦ 122 ᠬᠣᠭᠣᠯᠠᠨ ᠭᠡᠷ (
ᠨᠠᠰᠤᠲᠠᠢᠴᠤᠳ᠎ᠤᠨ ᠬᠣᠭᠣᠯᠠᠨ ᠭᠡᠷ)᠎ᠢ ᠵᠠᠯᠭᠠᠭ᠎ᠠ᠎ᠪᠠᠷ ᠪᠠᠢᠭᠤᠯᠤᠨ ᠠᠰᠢᠭ᠍ᠯᠠᠯᠲᠠ᠎ᠳᠤ
ᠣᠷᠣᠭᠤᠯᠬᠤ᠎ᠶᠢ ᠠᠬᠢᠭᠤᠯᠵᠤ᠂ ᠨᠠᠭᠠᠲᠤ ᠵᠠᠬ᠎ᠠ᠎ᠶᠢᠨ ᠠᠮᠢᠳᠤᠷᠠᠯ᠎ᠤᠨ ᠪᠠᠲᠤᠯᠠᠭ᠎ᠠ ᠬᠦᠷᠲᠡᠬᠦ ᠡᠲᠡᠭᠡᠳ᠂
ᠣᠨᠴᠠ ᠬᠦᠴᠢᠷᠳᠡᠯᠲᠡᠢ ᠬᠥᠮᠥᠰ᠂ ᠪᠡᠶ᠎ᠡ᠎ᠪᠡᠨ ᠳᠠᠭᠠᠭᠠᠬᠤ ᠴᠢᠳᠠᠪᠤᠷᠢ᠎ᠪᠠᠨ ᠠᠯᠳᠠᠭᠰᠠᠳ ᠵᠡᠷᠭᠡ ᠠᠵᠤ
ᠠᠬᠤᠢ᠎ᠶᠢᠨ ᠬᠦᠴᠢᠷᠳᠡᠯᠲᠡᠢ ᠨᠠᠰᠤᠲᠠᠢᠴᠤᠳ᠎ᠤᠨ ᠬᠣᠭᠣᠯᠠ
ᠤᠮᠳᠠ᠎ᠶᠢᠨ ᠦᠢᠯᠡᠴᠢᠯᠡᠭᠡ ᠶ᠋ᠢᠨ ᠪᠥᠬᠥ ᠪᠦᠷᠬᠦᠴᠡ᠎ᠶᠢ ᠦᠨᠳᠦᠰᠦᠨ᠎ᠳᠡᠭᠡᠨ ᠪᠡᠶᠡᠯᠡᠭᠦᠯᠵᠡᠢ᠃
✦2025 ᠣᠨ᠎ᠳᠤ᠂ ᠬᠣᠷᠴᠢᠨ
ᠵᠡᠭᠦᠨ ᠭᠠᠷᠤᠨ ᠬᠣᠢᠲᠤ ᠬᠣᠰᠢᠭᠤᠨ᠎ᠤ ᠣᠰᠤᠨ ᠲᠤᠲᠤᠷᠭ᠎ᠠ ᠳᠠᠷᠢᠭ᠍ᠰᠠᠨ ᠲᠠᠯᠠᠪᠠᠢ 22 ᠲᠦᠮᠡᠨ ᠮᠦ᠍᠎ᠳᠦ ᠬᠦᠷᠴᠦ᠂
ᠶᠡᠷᠦᠩᠬᠡᠢ ᠤᠨᠠᠯᠲᠠ ᠨᠢ 2.4 ᠳ᠋ᠦᠩᠰᠢᠭᠤᠷ ᠵᠢᠩ᠎ᠢ ᠳᠠᠪᠠᠵᠤ᠂ ᠦᠢᠯᠡᠳᠬᠦᠨ᠎ᠦ ᠥᠷᠲᠡᠭ ᠨᠢ 6.3 ᠳ᠋ᠦᠩᠰᠢᠭᠤᠷ
ᠲᠥᠭᠥᠷᠢᠭ᠎ᠲᠦ ᠬᠥᠷᠪᠡ᠃
ᠰᠤᠶᠤᠯ
✦ᠣᠢᠷ᠎ᠠ᠎ᠳᠤ
ᠳᠤᠮᠳᠠᠳᠤ ᠤᠯᠤᠰ᠎ᠤᠨ ᠭᠠᠵᠠᠷ ᠰᠢᠨᠵᠢᠯᠡᠭᠡᠨ᠎ᠦ ᠶᠡᠬᠡ ᠰᠤᠷᠭᠠᠭᠤᠯᠢ ᠶ᠋ᠢᠨ ᠰᠤᠳᠤᠯᠭᠠᠨ᠎ᠤ ᠪᠦᠯᠬᠦᠮ᠎ᠤᠨ ᠬᠢᠨ
ᠤᠯᠠᠭᠠᠨᠬᠠᠳᠠ ᠬᠣᠲᠠ᠎ᠶᠢᠨ ᠬᠡᠰᠢᠭᠲᠡᠨ ᠬᠣᠰᠢᠭᠤᠨ᠎ᠤ ᠳᠠᠯᠠᠢᠨᠠᠭᠤᠷ᠎ᠠᠴᠠ ᠥᠪᠥᠷ ᠮᠣᠩᠭᠣᠯ᠎ᠤᠨ
ᠥᠨᠳᠥᠷᠯᠢᠭ᠎ᠦᠨ ᠣᠲᠣ᠌ ᠪᠣᠯᠲᠠᠯᠠᠬᠢ ᠬᠠᠮᠤᠭ᠎ᠤᠨ ᠡᠷᠲᠡᠨ᠎ᠦ ᠰᠢᠨ᠎ᠡ ᠴᠢᠯᠠᠭᠤᠨ ᠵᠡᠪᠰᠡᠭ᠎ᠦᠨ ᠦᠶ᠎ᠡ᠎ᠶᠢᠨ
ᠪᠠᠭᠤᠷᠢ — ᠳᠠᠯᠠᠢᠨᠠᠭᠤᠷ᠎ᠤᠨ ᠪᠠᠭᠤᠷᠢ᠎ᠶᠢ ᠠᠩᠬ᠎ᠠ ᠢᠯᠡᠷᠡᠭᠦᠯᠦᠭᠰᠡᠨ ᠪᠥᠭᠡᠳ ᠨᠤᠲᠠᠯᠠᠭᠰᠠᠨ ᠪᠠᠢᠨ᠎ᠠ᠃
ᠲᠠᠮᠢᠷ
✦ᠲᠤᠬᠠᠢ᠎ᠶᠢᠨ ᠭᠠᠵᠠᠷ᠎ᠤᠨ
ᠴᠠᠭ᠎ᠢᠶᠠᠷ 26᠎ᠤ ᠡᠳᠦᠷ᠂ 2027 ᠣᠨ᠎ᠤ ᠣᠯᠠᠨ ᠤᠯᠤᠰ᠎ᠤᠨ ᠰᠠᠭᠰᠤᠨ ᠪᠥᠮᠪᠥᠭᠡ᠎ᠶᠢᠨ ᠬᠣᠯᠪᠣᠭᠠᠨ᠎ᠤ ᠰᠠᠭᠰᠤᠨ
ᠪᠥᠮᠪᠥᠭᠡ ᠶ᠋ᠢᠨ ᠳᠡᠯᠡᠬᠡᠢ᠎ᠶᠢᠨ ᠬᠤᠨᠳᠠᠭᠠᠲᠤ ᠤᠷᠤᠯᠳᠤᠭᠠᠨ᠎ᠤ ᠠᠽᠢᠶ᠎ᠠ ᠲᠢᠪ᠎ᠦᠨ ᠣᠷᠣᠨ᠎ᠤ ᠪᠡᠯᠡᠳᠬᠡᠯ ᠤᠷᠤᠯᠳᠤᠭᠠᠨ᠎ᠳᠤ
ᠳᠤᠮᠳᠠᠳᠤ ᠤᠯᠤᠰ᠎ᠤᠨ ᠡᠷᠡᠭᠲᠡᠢ᠎ᠶᠢᠨ ᠰᠠᠭᠰᠤᠨ ᠪᠥᠮᠪᠥᠭᠡ᠎ᠶᠢᠨ ᠠᠩᠭᠢ 87᠄ 80 ᠵᠢᠨ ᠬᠢᠷᠢ ᠪᠦᠲᠦᠮᠵᠢ ᠪᠡᠷ
ᠶᠠᠫᠤᠨ᠎ᠤ ᠠᠩᠭᠢ ᠶ᠋ᠢ ᠢᠯᠠᠵᠠᠢ᠃
✦14 ᠳ᠋ᠤᠭᠡᠷ ᠬᠤᠭᠤᠴᠠᠭᠠᠨ᠎ᠤ ᠡᠪᠦᠯ᠎ᠦᠨ ᠤᠯᠠᠷᠢᠯ᠎ᠤᠨ ᠵᠡᠮᠳᠡᠭᠴᠦᠳ᠎ᠦᠨ ᠣᠯᠢᠮᠫᠢᠺ᠎ᠦᠨ
ᠴᠤᠭᠯᠠᠭᠠᠨ 3 ᠰᠠᠷ᠎ᠠ᠎ᠶᠢᠨ 6᠎ᠤ ᠡᠳᠦᠷ᠎ᠡᠴᠡ 15᠎ᠤ ᠡᠳᠦᠷ ᠪᠣᠯᠲᠠᠯ᠎ᠠ ᠢᠲ᠋ᠠᠯᠢ ᠳ᠋ᠤ᠌ ᠶᠠᠪᠤᠭᠳᠠᠨ᠎ᠠ᠃ 27᠎ᠤ
ᠡᠳᠦᠷ᠂ ᠳᠤᠮᠳᠠᠳᠤ ᠤᠯᠤᠰ᠎ᠤᠨ ᠲᠥᠯᠥᠭᠡᠯᠡᠭᠴᠢᠳ᠎ᠦᠨ ᠪᠦᠯᠬᠦᠮ ᠪᠡᠭᠡᠵᠢᠩ᠎ᠳᠦ ᠪᠠᠢᠭᠤᠯᠤᠭᠳᠠᠵᠤ᠂ ᠪᠥᠬᠥ ᠬᠥᠮᠥᠨ᠎ᠦ
ᠲᠣᠭ᠎ᠠ 167 ᠪᠠᠢᠵᠤ᠂ ᠪᠥᠬᠥ ᠤᠯᠤᠰ᠎ᠤᠨ 9 ᠮᠤᠵᠢ(ᠬᠣᠲᠠ)᠎ᠠ᠋ᠴᠠ ᠢᠷᠡᠵᠦ᠂ ᠳᠤᠮᠳᠠᠴᠢ ᠨᠠᠰᠤ ᠨᠢ 27 ᠪᠣᠯᠣᠨ᠎ᠠ᠃
ᠲᠡᠯᠡᠬᠡᠢ
✦ᠲᠤᠬᠠᠢ ᠶ᠋ᠢᠨ ᠭᠠᠵᠠᠷ᠎ᠤᠨ
ᠴᠠᠭ᠎ᠢᠶᠠᠷ 26᠎ᠤ ᠡᠳᠦᠷ ᠫᠠᠺᠢᠰᠲ᠋ᠠᠨ ᠪᠣᠯᠣᠨ ᠠᠹᠭᠠᠨᠢᠰᠲ᠋ᠠᠨ ᠬᠣᠶᠠᠷ ᠤᠯᠤᠰ᠎ᠤᠨ ᠬᠢᠯᠢ ᠶ᠋ᠢᠨ ᠣᠷᠣᠨ᠎ᠳᠤ ᠰᠢᠷᠦᠭᠦᠨ
ᠲᠤᠯᠤᠯᠳᠤᠭᠠᠨ ᠡᠭᠦᠰᠴᠦ᠂ ᠬᠣᠶᠠᠷ ᠲᠠᠯ᠎ᠠ᠎ᠪᠠᠷ᠎ᠢᠶᠠᠨ ᠬᠦᠨᠳᠦ ᠶᠡᠬᠡ ᠬᠥᠮᠥᠨ ᠬᠠᠷ᠎ᠠ ᠡᠨᠳᠡᠵᠦ ᠰᠢᠷᠬᠠᠲᠤᠵᠠᠢ᠃
27᠎ᠤ ᠥᠷᠯᠥᠭᠡ᠂ ᠫᠠᠺᠢᠰᠲ᠋ᠠᠨ᠎ᠤ ᠲᠠᠯ᠎ᠠ᠎ᠶᠢᠨ ᠬᠢᠨ ᠠᠹᠭᠠᠨᠢᠰᠲ᠋ᠠᠨ᠎ᠤ ᠨᠡᠢᠰᠯᠡᠯ ᠺᠠᠪᠦ᠋ᠯ ᠵᠡᠷᠭᠡ ᠭᠠᠵᠠᠷ᠎ᠲᠤ
ᠠᠭᠠᠷ᠎ᠤᠨ ᠳᠠᠭᠠᠷᠢᠯᠲᠠ ᠶᠠᠪᠤᠭᠤᠯᠵᠠᠢ᠃ ᠫᠠᠺᠢᠰᠲ᠋ᠠᠨ᠎ᠤ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠶᠠᠮᠤᠨ᠎ᠤ
ᠰᠠᠢᠳ᠂ ᠫᠠᠺᠢᠰᠲ᠋ᠠᠨ ᠨᠢᠭᠡᠨᠲᠡ ᠠᠹᠭᠠᠨᠢᠰᠲ᠋ᠠᠨ᠎ᠲᠠᠢ 《ᠢᠯᠡ ᠲᠠᠢ᠍ᠢᠨ》ᠶᠠᠪᠤᠭᠤᠯᠪᠠ ᠭᠡᠵᠦ ᠨᠡᠢᠲᠡᠯᠡᠪᠡ᠃
ᠦᠢᠯᠡᠴᠢᠯᠡᠭᠡ
✦ᠴᠠᠬᠠᠷ ᠪᠠᠷᠠᠭᠤᠨ
ᠭᠠᠷᠤᠨ ᠳᠤᠮᠳᠠᠳᠤ ᠬᠣᠰᠢᠭᠤᠨ᠎ᠤ ᠠᠵᠢᠯ ᠣᠯᠭᠣᠬᠤ ᠦᠢᠯᠡᠴᠢᠯᠡᠭᠡᠨ᠎ᠦ ᠲᠥᠪ ᠨᠡᠶ᠋ᠢᠲᠡ᠎ᠶᠢᠨ ᠠᠰᠠᠷᠠᠮᠵᠢ᠎ᠶᠢᠨ ᠴᠢᠨᠠᠷᠲᠠᠢ
ᠠᠵᠢᠯ᠎ᠤᠨ ᠪᠠᠢᠷᠢ᠎ᠳ᠋ᠤ 17 ᠠᠵᠢᠯᠲᠠᠨ ᠡᠯᠰᠡᠨ᠎ᠠ᠃ ᠨᠠᠷᠢᠨ
ᠠᠭᠤᠯᠭ᠎ᠠ ᠶᠢ 《ᠤᠤᠯ ᠵᠤᠬᠢᠶᠠᠯ᠎ᠢ ᠦᠵᠡᠬᠦ》(阅读原文)ᠦᠰᠦᠭ᠎ᠢ
ᠳᠤᠪᠴᠢᠳᠠᠵᠤ ᠦᠵᠡᠭᠡᠷᠡᠢ!
ᠲᠠᠨ᠎ᠤ ᠲᠤᠰᠠ᠎ᠳᠤ
✦ ᠰᠢᠷ᠎ᠠ ᠬᠥᠷᠥᠩᠭᠡ᠎ᠶᠢᠨ
ᠬᠥᠭᠡᠴᠦ ᠡᠳ᠋ ᠬᠣᠣᠷᠲᠤ ᠴᠢᠨᠠᠷ᠎ᠢᠶᠠᠷ ᠲᠤᠢᠯ᠎ᠤᠨ ᠥᠨᠳᠥᠷ ᠪᠠᠢᠳᠠᠭ᠃ ᠡᠨᠭ᠎ᠤᠨ ᠦᠶ᠎ᠠ ᠳ᠋ᠤ ᠬᠤᠭᠤᠴᠠᠭ᠎ᠠ᠎ᠨᠢ
ᠬᠡᠲᠦᠷᠡᠭᠰᠡᠨ ᠪᠤᠶᠤ ᠴᠢᠨᠠᠷ ᠨᠢ ᠬᠤᠪᠢᠷᠠᠭᠰᠠᠨ ᠢᠳᠡᠭᠡᠨ᠎ᠦ ᠲᠣᠰᠣ᠌᠂ ᠡᠪᠳᠡᠷᠡᠭᠰᠡᠨ ᠬᠠᠲᠠᠭᠤ ᠵᠢᠮᠢᠰ᠂ ᠰᠢᠷ᠎ᠠ
ᠪᠤᠷᠴᠠᠭ᠂ ᠡᠷᠳᠡᠨᠢ ᠰᠢᠰᠢ᠂ ᠪᠤᠭᠤᠳᠠᠢ᠂ ᠠᠷᠪᠠᠢ ᠵᠢᠴᠢ ᠤᠳᠠᠭᠠᠨ ᠳᠡᠪᠲᠦᠭᠡᠭᠡᠳ ᠴᠢᠨᠠᠷ ᠨᠢ ᠬᠤᠪᠢᠷᠠᠭᠰᠠᠨ ᠳᠡᠯᠳᠡᠦ᠂
ᠴᠠᠢ ᠵᠡᠷᠭᠡ ᠵᠢ ᠤᠨᠴᠠ ᠠᠨᠭᠬᠠᠷᠬᠤ ᠬᠡᠷᠡᠭᠳᠡᠢ᠃
ᠵᠠᠯᠭᠠᠭᠠᠳ《ᠡᠵᠢ ᠰᠠᠨᠠᠭᠳᠠᠬᠤ ᠨᠤᠲᠤᠭ》ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ
ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠤ ᠪᠠᠶᠠᠷᠯᠠᠯ᠎ᠠ᠂
ᠪᠠᠶᠠᠷᠳᠠᠢ!
(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ
ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ
ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ
ᠬᠤᠳᠠ᠂ ᠬᠤᠰᠢᠭᠤ ᠰᠢᠶᠠᠨ᠎ᠤ ᠵᠢᠷᠬᠢᠶ᠎ᠠ᠎ᠶᠢᠨ ᠲᠠᠪᠴᠠᠩ)