3 ᠰᠠᠷ᠎ᠠ᠎ᠶ᠋ᠢᠨ 10᠎ᠦ ᠡᠳᠦᠷ
ᠡᠬᠢᠯᠡᠬᠦ᠌ ᠴᠠᠭ᠄
2026-03-10 10:33:11
ᠨᠠᠶ᠋ᠢᠷᠠᠭᠤᠯᠤᠭᠴᠢ ᠄
ᠭᠢᠯᠪᠡᠭᠡᠨ
ᠨᠡᠪᠲᠡᠷᠡᠬᠦᠯᠦᠭᠴᠢ ᠄
ᠭᠢᠯᠪᠡᠭᠡᠨ
ᠮᠡᠷᠭᠡᠵᠢᠯ ᠄
  
ᠤᠩᠰᠢᠭᠰᠠᠨ ᠤᠳᠠᠭ᠎ᠠ᠄


403.jpg


402.jpg


401.jpg


ᠬᠣᠶᠠᠷ ᠬᠤᠷᠠᠯ᠎ᠤᠨ ᠲᠤᠰᠭᠠᠢ ᠮᠡᠳᠡᠭᠡᠯᠡᠯ

✦ 3 ᠰᠠᠷ᠎ᠠ᠎ᠶᠢᠨ 9᠎ᠦ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠤᠨ ᠬᠣᠶᠠᠳᠤᠭᠠᠷ ᠪᠦᠭᠦᠳᠡ ᠬᠤᠷᠠᠯ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠬᠤᠷᠠᠯᠳᠤᠪᠠ᠃


ᠨᠡᠢᠭᠡᠮ

✦ 3 ᠰᠠᠷ᠎ᠠ᠎ᠵᠢᠨ 8᠎ᠤ ᠡᠳᠦᠷ᠂ ᠲᠥᠪ᠎ᠦᠨ ᠤᠬᠠᠭᠤᠯᠬᠤ ᠬᠡᠯᠲᠡᠰ᠂ ᠪᠥᠬᠥ ᠤᠯᠤᠰ᠎ᠤᠨ ᠡᠮᠡᠭᠲᠡᠢᠴᠦᠳ᠎ᠦᠨ ᠬᠣᠯᠪᠣᠭ᠎ᠠ᠎ᠠᠴᠠ 2026 ᠣᠨ᠎ᠤ 《ᠬᠠᠮᠤᠭ᠎ᠤᠨ ᠭᠣᠶᠣ᠌ ᠡᠮᠡᠭᠲᠡᠢ ᠲᠡᠮᠡᠴᠡᠭᠴᠢ》 ᠵᠢᠨ ᠲᠡᠷᠢᠭᠦᠨ᠎ᠦ ᠦᠶ᠋ᠯᠡ ᠠᠵᠢᠯᠯᠠᠭ᠎ᠠ᠎ᠶᠢ ᠨᠡᠢᠲᠡᠯᠡᠵᠤ᠂ ᠯᠠᠨ ᠵᠧᠨ᠂ ᠵᠦ ᠪᠸᠢ ᠸᠧᠢ᠂ ᠾᠧ ᠵᠢᠶᠣᠣ ᠯᠦᠩ ᠵᠡᠷᠭᠡ 10 ᠬᠥᠮᠥᠨ ᠰᠣᠩᠭᠣᠭᠳᠠᠵᠠᠢ᠃

✦ ᠠᠭᠠᠷ᠎ᠤᠨ ᠳᠤᠯᠠᠭᠠᠨ ᠲᠣᠭᠲᠠᠭᠤᠨ᠎ᠢᠶᠠᠷ ᠳᠡᠭᠡᠭᠰᠢᠯᠡᠬᠦ᠎ᠶᠢ ᠳᠠᠭᠠᠯᠳᠤᠨ᠂ ᠤᠢᠷ᠎ᠠ᠎ᠳᠦ ᠮᠠᠨ᠎ᠤ ᠤᠯᠤᠰ᠎ᠤᠨ ᠬᠠᠮᠤᠭ᠎ᠤᠨ ᠶᠡᠬᠡ ᠳᠣᠲᠣᠭᠠᠳᠤ ᠤᠷᠤᠰᠬᠠᠯᠲᠤ ᠭᠣᠣᠯ — ᠲᠠᠷᠢᠮ᠎ᠤᠨ ᠭᠣᠣᠯ ᠭᠤᠤᠯ ᠭᠡᠰᠬᠦ ᠬᠤᠭᠤᠴᠠᠭᠠᠨ᠎ᠳᠦ ᠤᠷᠤᠪᠠ᠃

✦ ᠬᠣᠲᠠᠴᠢᠯᠠᠭᠰᠠᠨ ᠭᠠᠵᠠᠷ ᠣᠷᠣᠨ᠂ ᠲᠠᠷᠢᠶᠠᠯᠠᠩ ᠎ᠤᠨ ᠪᠦᠲᠦᠭᠡᠭᠳᠡᠬᠦᠨ ᠎ᠦ ᠭᠣᠣᠯ ᠭᠠᠷᠤᠯᠲᠠ᠎ᠶᠢᠨ ᠣᠷᠣᠨ᠂ ᠭᠣᠣᠯᠳᠠᠯᠭ᠎ᠠ᠎ᠲᠠᠢ ᠠᠮᠢ ᠠᠬᠤᠢ᠎ᠶᠢᠨ ᠴᠢᠳᠠᠮᠵᠢᠲᠤ ᠣᠷᠣᠨ ᠭᠡᠬᠦ ᠭᠤᠷᠪᠠᠨ ᠲᠦᠷᠦᠯ᠎ᠦᠨ ᠶᠣᠰᠣᠭᠠᠷ᠂ ᠮᠠᠨ᠎ᠤ ᠤᠯᠤᠰ 2800 ᠭᠠᠷᠤᠢ ᠰᠢᠶᠠᠨ᠎ᠤ ᠱᠠᠲᠤᠨ᠎ᠤ ᠵᠠᠰᠠᠭ ᠵᠠᠬᠢᠷᠭᠠᠨ᠎ᠤ ᠣᠷᠣᠨ᠎ᠤ ᠭᠤᠤᠯ ᠴᠣᠭᠴᠠ᠎ᠶᠢᠨ ᠴᠢᠳᠠᠮᠵᠢ᠎ᠶᠢᠨ ᠪᠠᠢᠷᠢ ᠲᠣᠭᠲᠠᠭᠠᠯᠲᠠ᠎ᠶᠢ ᠲᠣᠳᠣᠷᠬᠠᠢᠯᠠᠪᠠ᠃

✦ ᠣᠢᠷ᠎ᠠ᠎ᠳᠤ ᠥᠪᠥᠷ ᠮᠣᠩᠭᠣᠯ᠎ᠤᠨ ᠦᠬᠠᠢ᠎ᠶᠢᠨ ᠶᠠ ᠳ᠋ᠦᠩ ᠨᠠᠷᠢᠯᠢᠭ᠋ ᠬᠢᠮᠢ᠎ᠶᠢᠨ ᠠᠵᠤ ᠦᠢᠯᠡᠳᠪᠦᠷᠢ᠎ᠶᠢᠨ ᠬᠢᠵᠠᠭᠠᠷᠲᠤ ᠺᠣᠮᠫᠠᠨᠢ᠎ᠵᠢᠨ ᠬᠢᠨ ᠦᠬᠠᠢ ᠪᠠᠩᠬᠢ᠎ᠶᠢᠨ ᠬᠠᠢᠨᠠᠨ᠎ᠤ ᠰᠠᠯᠪᠤᠷᠢ ᠪᠠᠩᠬᠢ᠎ᠲᠠᠢ 2500 ᠲᠦᠮᠡᠨ ᠲᠥᠭᠥᠷᠢᠭ᠎ᠦᠨ ᠵᠢᠭᠡᠯᠡᠯᠭᠡ᠎ᠶᠢᠨ ᠭᠡᠷ᠎ᠡ ᠲᠣᠭᠲᠠᠪᠠ᠃ ᠡᠨᠡ ᠨᠢ ᠥᠪᠡᠷᠲᠡᠭᠡᠨ ᠵᠠᠰᠠᠬᠤ ᠣᠷᠣᠨ᠎ᠤ ᠠᠩᠬᠠᠨ᠎ᠤ ᠠᠷᠠᠳ᠎ᠤᠨ ᠡᠵᠡᠩᠨᠡᠯᠲᠡ᠎ᠶᠢᠨ ᠠᠵᠤ ᠠᠬᠤᠢᠯᠠᠯ᠎ᠳᠤ ᠳᠠᠬᠢᠨ ᠵᠢᠭᠡᠯᠡᠯᠭᠡ ᠣᠯᠭᠣᠬᠤ ᠲᠤᠬᠠᠢᠯᠠᠭᠰᠠᠨ ᠠᠵᠢᠯ ᠦᠬᠠᠢ ᠬᠣᠲᠠ᠎ᠳᠤ ᠨᠠᠢᠳᠠᠪᠤᠷᠢᠵᠢᠭᠤᠯᠤᠭᠳᠠᠭᠰᠠᠨ ᠎ᠢ ᠬᠠᠷᠠᠭᠤᠯᠵᠤ ᠪᠠᠢᠨ᠎ᠠ᠃

✦ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ ᠵᠠᠰᠠᠭ ᠣᠯᠠᠨ ᠲᠦᠮᠡᠨ᠎ᠦ ᠪᠠᠢᠭᠤᠯᠭ᠎ᠠ ᠵᠢᠨ 2026 ᠣᠨ᠎ᠤ ᠠᠯᠪᠠᠲᠠᠨ ᠡᠯᠰᠡᠬᠦ ᠰᠢᠯᠭᠠᠯᠲᠠ᠎ᠵᠢᠨ ᠰᠢᠯᠭᠠᠭᠤᠯᠬᠤ ᠦᠨᠡᠮᠯᠡᠯ᠎ᠢ ᠳᠠᠷᠤᠮᠠᠯᠯᠠᠬᠤ ᠠᠵᠢᠯ 3 ᠰᠠᠷ᠎ᠠ᠎ᠶᠢᠨ 9᠎ᠦ ᠡᠳᠦᠷ᠎ᠡᠴᠡ 15᠎ᠤ ᠡᠳᠦᠷ ᠪᠤᠯᠲᠠᠯ᠎ᠠ ᠶᠠᠪᠤᠭᠳᠠᠵᠤ᠂ 2026 ᠣᠨ᠎ᠤ ᠠᠯᠪᠠᠲᠠᠨ ᠡᠯᠰᠡᠬᠦ ᠰᠢᠯᠭᠠᠯᠲᠠ 3 ᠰᠠᠷ᠎ᠠ᠎ᠶᠢᠨ 14᠂ 15᠎ᠤ ᠡᠳᠦᠷ᠎ᠲᠤ ᠶᠠᠪᠤᠭᠳᠠᠨ᠎ᠠ᠃

✦ ᠣᠢᠷ᠎ᠠ᠎ᠳᠤ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠲᠢᠩᠬᠢᠮ᠎ᠡᠴᠡ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠠᠮᠢᠲᠠᠨ᠎ᠤ ᠬᠢᠵᠢᠭ ᠡᠪᠡᠳᠴᠢᠨ᠎ᠢ ᠴᠡᠪᠡᠷᠰᠢᠭᠦᠯᠬᠦ 28 ᠲᠠᠯᠠᠪᠠᠶ᠎ᠶᠢ ᠨᠡᠢᠲᠡᠯᠡᠪᠡ᠃ ᠡᠭᠦᠨ᠎ᠳᠦ ᠰᠢᠯᠢ᠎ᠶᠢᠨ ᠭᠣᠣᠯ ᠠᠢᠮᠠᠭ᠎ᠤᠨ 13 ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠶ᠎ᠶᠢ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠠᠮᠢᠲᠠᠨ᠎ᠤ ᠬᠢᠵᠢᠭ ᠡᠪᠡᠳᠴᠢᠨ᠎ᠢ ᠴᠡᠪᠡᠷᠰᠢᠭᠦᠯᠬᠦ ᠲᠠᠯᠠᠪᠠᠶ᠎ᠪᠠᠷ ᠲᠣᠭᠲᠠᠭᠠᠪᠠ᠃

✦ ᠲᠦᠷᠦᠭᠦᠬᠡᠨ ᠪᠠᠶᠠᠨᠨᠠᠭᠤᠷ ᠬᠤᠲᠠ᠎ᠵᠢᠨ ᠯᠢᠨᠾᠧ ᠲᠣᠭᠣᠷᠢᠭ᠋᠎ᠤᠨ ᠴᠡᠷᠢᠭ᠎ᠡᠴᠡ ᠬᠠᠯᠠᠭᠳᠠᠭᠰᠠᠳ᠎ᠤᠨ ᠶᠠᠪᠤᠳᠠᠯ᠎ᠤᠨ ᠲᠣᠪᠴᠢᠶ᠎ᠠ ᠬᠠᠪᠤᠷ᠎ᠤᠨ ᠤᠯᠠᠷᠢᠯ᠎ᠤᠨ ᠴᠡᠷᠢᠭ᠎ᠠᠴᠠ ᠬᠠᠯᠠᠭᠳᠠᠭᠰᠠᠳ᠎ᠤᠨ ᠨᠤᠲᠤᠭ ᠲᠠᠭᠠᠨ ᠪᠤᠴᠠᠬᠰᠠᠨ ᠶᠠᠷᠢᠯᠴᠠᠬᠤ ᠬᠤᠷᠠᠯ ᠬᠤᠷᠠᠯᠳᠤᠭᠤᠯᠵᠤ᠂ ᠴᠡᠷᠢᠭ᠎ᠤᠨ ᠠᠯᠪᠠ᠎ᠪᠠᠨ ᠠᠮᠵᠢᠯᠲᠠ᠎ᠲᠠᠢ ᠪᠡᠶᠡᠯᠡᠭᠦᠯᠵᠦ ᠨᠤᠲᠤᠭ ᠪᠤᠴᠠᠭᠰᠠᠨ 32 ᠴᠡᠷᠢᠭ᠎ᠡᠴᠡ ᠬᠠᠯᠠᠭᠳᠠᠭᠴᠢ ᠵᠢ ᠬᠠᠯᠠᠭᠤᠨ᠎ᠢᠶᠠᠷ ᠤᠭᠲᠤᠵᠠᠢ᠃

✦ ᠰᠢᠯᠢᠩᠬᠣᠲᠠ ᠎ᠶᠢᠨ ᠠᠵᠢᠯ ᠣᠯᠭᠣᠯᠲᠠ ᠎ᠶᠢᠨ  ᠦᠢᠯᠡᠴᠢᠯᠡᠭᠡᠨ᠎ᠦ ᠲᠥᠪ 2026 ᠣᠨ᠎ᠦ 3 ᠰᠠᠷ᠎ᠠ᠎ᠶᠢᠨ 14᠎ᠤ ᠡᠳᠦᠷ ᠰᠢᠯᠢᠩᠬᠣᠲᠠ ᠎ᠶᠢᠨ ᠱᠠᠩ ᠳᠦ ᠤᠯᠤᠰ᠎ᠤᠨ ᠠᠷᠠᠯᠵᠢᠶᠠᠨ᠎ᠦ ᠪᠠᠷᠠᠭ᠎ᠠ ᠬᠤᠳᠠᠯᠳᠤᠨ ᠠᠪᠬᠤ ᠲᠥᠪ᠎ᠦᠨ ᠨᠢᠭᠡᠳᠦᠭᠡᠷ ᠳᠠᠪᠬᠤᠷᠯᠢᠭ᠋᠎ᠲᠤ ᠲᠤᠬᠠᠢ᠎ᠶᠢᠨ ᠲᠠᠯᠠᠪᠠᠶ᠎ᠶᠢᠨ ᠠᠵᠢᠯᠴᠢᠨ ᠠᠵᠢᠯᠲᠠᠨ ᠡᠯᠰᠡᠬᠦ ᠴᠤᠭᠯᠠᠭᠠᠨ ᠡᠷᠬᠢᠯᠡᠬᠦ᠎ᠪᠡᠷ ᠪᠣᠢ᠃

✦ ᠤᠢᠷ᠎ᠠ᠎ᠳᠦ ᠣᠷᠳᠣᠰ ᠬᠣᠲᠠ᠎ᠶᠢᠨ 2026 ᠣᠨ᠎ᠤ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠦᠨ ᠬᠠᠪᠤᠷ᠎ᠤᠨ ᠤᠯᠠᠷᠢᠯ᠎ᠤᠨ ᠠᠵᠢᠯ᠎ᠢᠶᠠᠨ ᠰᠡᠷᠭᠦᠭᠡᠬᠦ ᠵᠢᠴᠢ ᠢᠨᠵᠧᠨᠧᠷᠢᠩ᠎ᠦᠨ ᠶᠠᠰᠤ ᠴᠢᠨᠠᠷ᠎ᠢ ᠳᠡᠭᠡᠭᠰᠢᠯᠡᠭᠦᠯᠬᠦ ᠲᠤᠬᠠᠢ᠎ᠶᠢᠨ ᠲᠠᠯᠠᠪᠠᠢ ᠵᠢᠨ ᠪᠣᠯᠪᠠᠰᠤᠷᠠᠯ᠎ᠤᠨ ᠬᠤᠷᠠᠯ ᠣᠲᠣᠭ᠎ᠤᠨ ᠡᠮᠦᠨᠡᠲᠦ ᠬᠣᠰᠢᠭᠤᠨ᠎ᠤ ᠮᠤᠤᠠᠤᠰᠤ᠎ᠶᠢᠨ ᠡᠯᠡᠰᠦᠷᠬᠡᠭ ᠭᠠᠵᠠᠷ᠎ᠲᠡᠬᠢ ᠲᠣᠯᠣᠭᠠᠨ ᠡᠯᠡᠰᠦᠨ ᠲᠣᠭᠣᠷᠢᠭ᠋ ᠵᠢᠷᠭᠤᠭᠠᠨ ᠬᠣᠩᠭᠢᠯ᠎ᠤᠨ ᠣᠢᠵᠢᠭᠤᠯᠤᠯᠲᠠ᠎ᠶᠢᠨ ᠲᠣᠭᠣᠷᠢᠭ᠋᠎ᠲᠤ ᠶᠠᠪᠤᠭᠳᠠᠵᠤ᠂ ᠪᠣᠯᠪᠠᠰᠤᠷᠠᠯ᠎ᠳᠤ 130 ᠭᠠᠷᠤᠢ ᠬᠥᠮᠥᠨ ᠣᠷᠣᠯᠴᠠᠪᠠ᠃

✦ ᠤᠷᠳᠤᠰ ᠬᠤᠲᠠ᠎ᠵᠢᠨ ᠳ᠋ᠦᠩᠱᠧᠩ ᠲᠣᠭᠣᠷᠢᠭ᠋ 3 ᠰᠠᠷ᠎ᠠ᠎ᠶᠢᠨ 10᠎ᠤ ᠡᠳᠦᠷ᠎ᠡᠴᠡ 31᠎ᠤ ᠡᠳᠦᠷ ᠪᠣᠯᠲᠠᠯ᠎ᠠ ᠭᠠᠷ ᠳᠠᠮᠵᠢᠭ᠍ᠰᠠᠨ ᠮᠠᠰᠢᠨ ᠲᠡᠷᠭᠡ᠎ᠶᠢ ᠬᠤᠳᠠᠯᠳᠤᠨ ᠠᠪᠬᠤ᠎ᠳᠤ 200 ᠲᠦᠮᠡᠨ ᠲᠥᠭᠥᠷᠢᠭ᠎ᠦᠨ ᠮᠠᠰᠢᠨ ᠲᠡᠷᠭᠡᠨ᠎ᠦ ᠬᠡᠷᠡᠭᠯᠡᠭᠡᠨ᠎ᠦ ᠨᠥᠬᠥᠪᠦᠷᠢ ᠲᠠᠷᠬᠠᠭᠠᠬᠤ ᠪᠡᠷ ᠪᠤᠢ᠃


ᠲᠠᠮᠢᠷ

✦ WTT (ᠳᠡᠯᠡᠬᠡᠢ᠎ᠶᠢᠨ ᠫᠢᠩᠫᠠᠩ ᠪᠥᠮᠪᠥᠭᠡ᠎ᠶᠢᠨ ᠠᠵᠢᠯ ᠮᠡᠷᠭᠡᠵᠢᠯ᠎ᠦᠨ ᠬᠣᠯᠪᠣᠭ᠎ᠠ) ᠴᠦᠩᠴᠢᠩ᠎ᠦᠨ ᠮᠠᠩᠯᠠᠢ ᠰᠢᠯᠭᠠᠷᠠᠭᠤᠯᠬᠤ ᠤᠷᠤᠯᠳᠤᠭᠠᠨ 3 ᠰᠠᠷ᠎ᠠ᠎ᠵᠢᠨ 10᠎ᠤ ᠡᠳᠦᠷ᠎ᠡᠴᠡ 15᠎ᠤ ᠡᠳᠦᠷ ᠪᠣᠯᠲᠠᠯ᠎ᠠ ᠴᠦᠩᠴᠢᠩ᠎ᠳᠦ ᠶᠠᠪᠤᠭᠳᠠᠬᠤ ᠪᠤᠯᠤᠨ᠎ᠠ᠃

✦ ᠣᠢᠷ᠎ᠠ᠎ᠳᠦ ᠳᠠᠷᠬᠠᠨ ᠮᠣᠥᠮᠢᠩᠭᠠᠨ ᠬᠣᠯᠪᠤᠭᠠᠲᠤ ᠬᠣᠰᠢᠭᠤᠨ᠎ᠳᠤ 《ᠬᠠᠨ ᠲᠠᠶ᠋ᠢᠰᠢᠷᠢ》 ᠰᠦ᠍ᠷ ᠬᠠᠷᠪᠤᠭᠠᠨ᠎ᠤ ᠪᠤᠭᠣᠴᠠᠭᠠᠲᠤ ᠣᠷᠤᠯᠳᠤᠭᠠᠨ ᠶᠠᠪᠤᠭᠳᠠᠵᠤ᠂ ᠡᠯ᠎ᠠ ᠠᠢᠮᠠᠭ ᠬᠤᠲᠠ᠎ᠵᠢᠨ 60 ᠭᠠᠷᠤᠢ ᠬᠠᠷᠪᠤᠭᠠᠴᠢᠨ ᠣᠷᠣᠯᠴᠠᠵᠠᠢ᠃


ᠳᠡᠯᠡᠬᠡᠢ

✦ ᠠᠮᠧᠷᠢᠺᠠ᠎ᠶᠢᠨ ᠬᠢᠨ᠎ᠤ 3 ᠰᠠᠷ᠎ᠠ᠎ᠵᠢᠨ 7᠎ᠤ ᠡᠳᠦᠷ᠎ᠦᠨ ᠮᠡᠳᠡᠭᠡ᠎ᠶᠢ ᠦᠨᠳᠦᠰᠦᠯᠡᠪᠡᠯ᠂ ᠠᠮᠧᠷᠢᠺᠠ ᠪᠣᠯᠣᠨ ᠢᠰᠷᠧᠯ ᠢᠷᠠᠨ᠎ᠤ ᠴᠡᠷᠢᠭ᠎ᠦᠨ ᠶᠠᠪᠤᠳᠠᠯ᠎ᠤᠨ ᠠᠵᠢᠯᠯᠠᠭ᠎ᠠ᠎ᠵᠢᠨ ᠰᠡᠭᠦᠯᠴᠢ᠎ᠶᠢᠨ ᠬᠤᠭᠤᠴᠠᠭᠠᠨ᠎ᠳᠤ ᠣᠨᠴᠠ ᠲᠥᠷᠥᠯ᠎ᠦᠨ ᠴᠡᠷᠢᠭ ᠠᠩᠭᠢ ᠲᠣᠮᠢᠯᠠᠨ ᠢᠷᠠᠨ᠎ᠳᠤ ᠣᠴᠢᠭᠤᠯᠵᠤ᠂ ᠥᠨᠳᠥᠷ ᠴᠡᠪᠡᠷᠴᠡ᠎ᠲᠠᠢ ᠠᠭᠰᠢᠭᠠᠮᠠᠯ ᠦᠷᠡᠨ ᠣᠯᠬᠤ᠎ᠪᠠᠷ ᠪᠣᠳᠣᠯᠬᠢᠯᠠᠵᠤ ᠪᠠᠢᠨ᠎ᠠ᠃

✦ 3 ᠰᠠᠷ᠎ᠠ᠎ᠵᠢᠨ 7᠎ᠤ ᠡᠳᠦᠷ᠂ ᠠᠮᠧᠷᠢᠺᠠ᠎ᠶᠢᠨ ᠨᠢᠦ᠋ ᠶᠣᠷᠺ᠂ ᠸᠠᠰᠢᠩᠲ᠋ᠣᠨ᠂ ᠰᠠᠨ ᠹᠷᠠᠨᠰᠢᠰᠺᠤ᠂ ᠯᠤᠰ ᠠᠩᠵᠸᠯᠸᠰ᠂ ᠴᠢᠺᠠᠭᠤ᠋ ᠵᠡᠷᠭᠡ 50 ᠭᠠᠷᠤᠢ ᠬᠣᠲᠠ᠎ᠶᠢᠨ ᠠᠷᠠᠳ ᠣᠯᠠᠨ ᠰᠦᠷᠲᠦ ᠵᠢᠭ᠍ᠰᠠᠭᠠᠯ ᠶᠠᠪᠤᠭᠤᠯᠵᠤ᠂ ᠠᠮᠧᠷᠢᠺᠠ᠎ᠶᠢᠨ ᠢᠷᠠᠨ᠎ᠳᠤ ᠵᠡᠪᠰᠡᠭ ᠬᠥᠳᠡᠯᠭᠡᠭᠰᠡᠨ ᠤᠴᠢᠷ᠎ᠢ ᠵᠢᠮᠡᠯᠡᠨ ᠪᠤᠷᠤᠭᠤᠰᠢᠶᠠᠵᠤ᠂ ᠲᠸᠷᠠᠮᠫᠦ᠋ ᠵᠢᠨ ᠵᠠᠰᠠᠭ᠎ᠤᠨ ᠣᠷᠳᠣᠨ ᠳᠤᠮᠳᠠᠳᠤ ᠳᠣᠷᠣᠨᠠᠲᠤ᠎ᠳᠤ ᠴᠡᠷᠢᠭ ᠳᠠᠶ᠋ᠢᠨ᠎ᠦ ᠬᠠᠯᠳᠠᠯᠭ᠎ᠠ ᠬᠢᠬᠦ᠎ᠪᠡᠨ ᠵᠣᠭᠰᠣᠬᠤ᠎ᠶᠢ ᠤᠷᠢᠶᠠᠯᠠᠪᠠ᠃


ᠦᠢᠯᠡᠴᠢᠯᠡᠭᠡ

✦ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ᠎ᠶᠢᠨ ᠰᠢᠨᠵᠢᠯᠡᠬᠦ ᠤᠬᠠᠭᠠᠨ᠎ᠤ ᠬᠦᠷᠢᠶᠡᠯᠡᠩ ᠠᠵᠢᠯᠲᠠᠨ ᠡᠯᠰᠡᠵᠦ ᠪᠤᠢ᠃ 


ᠲᠠᠨ᠎ᠤ ᠲᠤᠰᠠ᠎ᠳᠤ

✦ ᠠᠮᠠᠷᠬᠠᠨ ᠭᠡᠳᠡᠰᠦ ᠬᠥᠭᠡᠭᠡᠳᠡᠭ ᠬᠥᠮᠥᠰ ᠳᠤᠤᠷᠠᠬᠢ ᠭᠤᠷᠪᠠᠨ ᠲᠥᠷᠥᠯ᠎ᠦᠨ ᠢᠳᠡᠭᠡᠨ᠎ᠢ ᠪᠠᠭ᠎ᠠ ᠢᠳᠡᠪᠡᠯ ᠵᠤᠬᠢᠨ᠎ᠠ᠄

1. ᠥᠨᠳᠥᠷ ᠴᠠᠷᠳᠠᠭᠤᠯᠲᠤ ᠢᠳᠡᠭᠡᠨ᠄ ᠲᠥᠮᠥᠰᠥ᠂ ᠠᠮᠲᠠᠲᠤ ᠲᠥᠮᠥᠰᠥ᠂ ᠯᠠᠩᠭᠤᠸᠠ ᠵᠡᠷᠭᠡ᠃

2. ᠪᠤᠷᠴᠠᠭ᠎ᠤᠨ ᠵᠦᠢᠯ᠄ ᠪᠤᠷᠴᠠᠭ᠎ᠤᠨ ᠵᠦᠢᠯ᠎ᠢ ᠬᠡᠳᠦ ᠠᠷᠪᠢᠨ ᠢᠳᠡᠪᠡᠯ ᠤᠭᠤᠷᠠᠭ᠎ᠤᠨ ᠰᠢᠩᠭᠡᠭᠡᠯᠲᠡ᠎ᠶᠢ ᠨᠥᠯᠥᠭᠡᠯᠡᠵᠦ᠂ ᠬᠣᠳᠣᠭᠣᠳᠤ ᠭᠡᠳᠡᠰᠦᠨ᠎ᠳᠦ ᠰᠡᠳᠦᠯᠲᠡ ᠥᠭᠳᠡᠭ᠃

3. ᠨᠣᠭᠣᠭᠠᠨ ᠴᠡᠴᠡᠭᠲᠦ ᠨᠣᠭᠣᠭ᠎ᠠ᠂ ᠴᠡᠴᠡᠭᠲᠦ ᠴᠠᠭᠠᠨ ᠨᠣᠭᠣᠭ᠎ᠠ᠂ ᠪᠥᠭᠡᠷᠡᠩᠬᠡᠢ ᠴᠠᠭᠠᠨ ᠨᠣᠭᠣᠭ᠎ᠠ ᠵᠡᠷᠭᠡ ᠢᠳᠡᠰᠢᠨ ᠨᠣᠭᠣᠭ᠎ᠠ᠎ᠶᠢ ᠪᠠᠭ᠎ᠠ ᠢᠳᠡᠪᠡᠯ ᠵᠤᠬᠢᠨ᠎ᠠ᠃ ᠡᠳᠡᠭᠡᠷ ᠢᠳᠡᠰᠢᠨ ᠨᠤᠭᠤᠭᠠᠨ᠎ᠳᠤ ᠬᠥᠪᠥᠩ᠎ᠦᠨ ᠦᠷ᠎ᠡ᠎ᠶᠢᠨ ᠰᠢᠬᠢᠷ ᠠᠭᠤᠯᠳᠠᠭ᠂ ᠡᠨᠡ ᠵᠦᠢᠯ᠎ᠦᠨ ᠰᠢᠬᠢᠷ ᠨᠢ ᠪᠤᠰᠤᠳ ᠲᠥᠷᠥᠯ᠎ᠦᠨ ᠰᠢᠬᠢᠷ᠎ᠢ ᠪᠤᠳᠤᠪᠠᠯ ᠬᠥᠮᠥᠨ᠎ᠦ ᠪᠡᠶ᠎ᠡ ᠰᠢᠩᠭᠡᠭᠡᠬᠦ᠎ᠳᠦ ᠨᠠᠩ ᠬᠦᠴᠢᠷ ᠪᠠᠢᠳᠠᠭ᠃

ᠵᠠᠯᠭᠠᠭᠠᠳ 《ᠬᠠᠮᠤᠭ᠎ᠤᠨ ᠰᠠᠢᠬᠠᠨ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ᠎ᠳᠤ  ᠪᠠᠶᠠᠷᠯᠠᠯ᠎ᠠ᠂ ᠪᠠᠶᠠᠷᠳᠠᠢ!

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)

ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号