


ᠬᠣᠶᠠᠷ ᠬᠤᠷᠠᠯ᠎ᠤᠨ ᠲᠤᠰᠭᠠᠢ ᠮᠡᠳᠡᠭᠡᠯᠡᠯ
✦ 2026 ᠣᠨ᠎ᠤ 3 ᠰᠠᠷ᠎ᠠ᠎ᠶᠢᠨ 11᠎ᠦ ᠡᠳᠦᠷ᠎ᠦᠨ ᠦᠳᠡ᠎ᠶᠢᠨ ᠡᠮᠦᠨᠡᠬᠢ 9 ᠴᠠᠭ᠎ᠲᠤ᠂ ᠪᠥᠬᠥ ᠤᠯᠤᠰ᠎ᠤᠨ ᠤᠯᠤᠰ ᠲᠥᠷᠥ᠎ᠶᠢᠨ ᠵᠥᠪᠯᠡᠯᠭᠡᠨ᠎ᠦ
ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠳᠥᠷᠪᠡᠳᠦᠭᠡᠷ ᠬᠤᠷᠠᠯ ᠠᠷᠠᠳ᠎ᠤᠨ ᠶᠡᠬᠡ ᠬᠤᠷᠠᠯ᠎ᠤᠨ
ᠲᠠᠩᠬᠢᠮ᠎ᠳᠤ ᠲᠡᠭᠦᠰᠬᠦ ᠬᠤᠷᠠᠯ ᠬᠢᠨ᠎ᠠ᠃
ᠨᠡᠢᠭᠡᠮ
✦ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠶᠠᠮᠤᠨ᠎ᠤ ᠲᠣᠭ᠎ᠠ
ᠪᠠᠷᠢᠮᠲᠠ᠎ᠳᠤ ᠢᠯᠡᠷᠬᠡᠢᠯᠡᠭᠰᠡᠨ᠎ᠢᠶᠠᠷ᠂ 2025 ᠣᠨ᠎ᠳᠤ ᠮᠠᠨ᠎ᠤ ᠤᠯᠤᠰ᠎ᠤᠨ ᠮᠢᠬᠠᠨ᠎ᠤ ᠲᠦᠷᠦᠯ᠎ᠦᠨ ᠭᠠᠷᠤᠯᠲᠠ
ᠠᠩᠬ᠎ᠠ ᠤᠳᠠᠭ᠎ᠠ 1 ᠳ᠋ᠦᠩᠰᠢᠭᠤᠷ ᠲᠣᠨ᠎ᠢ ᠳᠠᠪᠠᠵᠤ᠂ ᠪᠦᠬᠦ ᠤᠯᠤᠰ᠎ᠤᠨ ᠬᠥᠮᠥᠨ ᠳᠤᠮᠳᠠᠴᠢ᠎ᠳᠦ ᠨᠤᠬᠳᠠᠬᠤ ᠬᠡᠮᠵᠢᠶ᠎ᠡ 72.3 ᠺᠢᠯᠣᠭ᠌ᠷᠠᠮ᠎ᠳᠤ ᠬᠦᠷᠴᠦ᠂ ᠳᠡᠯᠡᠬᠡᠢ᠎ᠶᠢᠨ ᠳᠤᠮᠳᠠᠴᠢ ᠲᠦᠪᠰᠢᠨ᠎ᠡᠴᠡ
ᠳᠠᠪᠠᠵᠠᠢ᠃
✦ ᠵᠠᠮ ᠬᠠᠷᠢᠯᠴᠠᠭ᠎ᠠ ᠲᠡᠭᠡᠭᠡᠪᠦᠷᠢ᠎ᠶᠢᠨ ᠶᠠᠮᠤᠨ᠎ᠤ ᠮᠡᠳᠡᠭᠡ
ᠵᠢ ᠦᠨᠳᠦᠰᠦᠯᠡᠪᠡᠯ᠂ ᠣᠳᠣᠬᠠᠨ᠎ᠳᠤ ᠪᠦᠬᠦ ᠤᠯᠤᠰ᠎ᠲᠤ ᠡᠳᠦᠷ ᠪᠦᠷᠢ ᠲᠦᠷᠭᠡᠨ᠎ᠦ ᠵᠠᠰᠠᠮᠠᠯ ᠵᠠᠮ ᠳᠡᠭᠡᠷ᠎ᠡ 3000 ᠲᠦᠮᠡᠨ ᠵᠢᠵᠢᠭ ᠮᠠᠰᠢᠨ ᠲᠡᠷᠭᠡ ᠨᠡᠪᠲᠡᠷᠡᠵᠦ᠂ ᠲᠦᠷᠭᠡᠨ᠎ᠦ ᠭᠠᠯᠲᠤ ᠲᠡᠷᠭᠡ 1000 ᠲᠦᠮᠡᠨ ᠬᠥᠮᠥᠨ ᠤᠳᠠᠭ᠎ᠠ᠎ᠶᠢ ᠵᠦᠭᠡᠭᠡᠪᠦᠷᠢᠯᠡᠵᠤ᠂ ᠠᠷᠠᠳ᠎ᠤᠨ ᠠᠭᠠᠷ᠎ᠤᠨ ᠵᠦᠭᠡᠭᠡᠪᠤᠷᠢ ᠪᠠᠷᠤᠭ 200 ᠲᠦᠮᠡᠨ ᠬᠥᠮᠥᠨ ᠤᠳᠠᠭ᠎ᠠ᠎ᠶᠢ ᠵᠦᠭᠡᠭᠡᠪᠦᠷᠢᠯᠡᠵᠤ ᠪᠤᠢ᠃
✦ ᠤᠯᠤᠰ᠎ᠤᠨ ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ
ᠳᠤᠪᠴᠢᠶ᠎ᠠ ᠵᠢᠨ ᠬᠠᠮᠤᠭ᠎ᠤᠨ ᠰᠢᠨ᠎ᠡ ᠲᠣᠭ᠎ᠠ ᠪᠠᠷᠢᠮᠲᠠ᠎ᠳᠤ᠂ ᠣᠳᠣᠬᠠᠨ ᠪᠣᠯᠲᠠᠯ᠎ᠠ ᠪᠦᠬᠦ ᠤᠯᠤᠰ᠎ᠤᠨ ᠡᠯ᠎ᠡ
ᠲᠦᠷᠦᠯ᠎ᠦᠨ ᠠᠮᠤ ᠪᠤᠳᠠᠭᠠᠨ᠎ᠤ ᠡᠵᠡᠩᠨᠡᠯᠲᠡ ᠵᠢᠨ ᠭᠣᠣᠯ ᠴᠣᠭᠴᠠ ᠨᠠᠮᠤᠷ᠎ᠤᠨ ᠠᠮᠤ ᠪᠤᠳᠠᠭ᠎ᠠ ᠶᠢ 3 ᠳ᠋ᠦᠩᠰᠢᠭᠤᠷ ᠲᠣᠨ ᠬᠤᠳᠠᠯᠳᠤᠨ ᠠᠪᠴᠤ᠂ ᠣᠢᠷ᠎ᠠ᠎ᠶᠢᠨ ᠵᠢᠯ᠎ᠤᠨ ᠨᠡᠯᠢᠶᠡᠳ ᠥᠨᠳᠥᠷ ᠲᠦᠪᠰᠢᠨ᠎ᠳᠦ
ᠬᠦᠷᠴᠠᠢ᠃
✦ 2025 ᠣᠨ᠎ᠳᠤ᠂ ᠤᠯᠤᠰ᠎ᠤᠨ ᠵᠠᠬ᠎ᠠ
ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ ᠮᠢᠬᠠᠨ᠎ᠤ ᠪᠦᠲᠦᠭᠡᠭᠳᠡᠬᠦᠨ᠂ ᠢᠳᠡᠰᠢᠨᠦ
ᠤᠷᠭᠤᠮᠠᠯ᠎ᠤᠨ ᠲᠣᠰᠣ᠌᠎ᠶᠢ ᠬᠤᠳᠠᠯ ᠬᠠᠭᠤᠷᠮᠠᠭ᠎ᠢᠶᠠᠷ ᠦᠢᠯᠡᠳᠴᠦ ᠪᠣᠷᠣᠯᠠᠭᠤᠯᠬᠤ ᠲᠣᠪᠣᠢᠮ᠎ᠠ ᠠᠰᠠᠭᠤᠳᠠᠯ᠎ᠳᠤ
ᠠᠩᠬᠠᠷᠤᠯ᠎ᠢᠶᠠᠨ ᠲᠥᠪᠯᠡᠷᠡᠭᠦᠯᠵᠦ᠂ ᠪᠦᠬᠦ ᠤᠯᠤᠰ᠎ᠲᠤ ᠲᠤᠰᠬᠠᠢ ᠴᠡᠭᠴᠡᠯᠡᠨ ᠵᠠᠰᠠᠬᠤ ᠠᠵᠢᠯ ᠥᠷᠨᠢᠭᠦᠯᠵᠦ᠂ ᠪᠦᠬᠦ
ᠵᠢᠯ᠎ᠳᠦ 4.17 ᠲᠦᠮᠡᠨ ᠬᠡᠷᠡᠭ᠎ᠢ ᠪᠠᠢᠴᠠᠭᠠᠨ
ᠰᠢᠢᠳᠪᠦᠷᠢᠯᠡᠵᠦ᠂ 3.29 ᠳ᠋ᠦᠩᠰᠢᠭᠤᠷ ᠲᠥᠭᠥᠷᠢᠭ
ᠲᠣᠷᠭᠠᠵᠤ ᠬᠤᠷᠢᠶᠠᠮᠵᠢᠯᠠᠨ᠂ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ᠎ᠳᠤ 1702 ᠶᠠᠯᠠᠲᠤ ᠬᠡᠷᠡᠭ ᠢ ᠰᠢᠯᠵᠢᠭᠦᠯᠦᠨ ᠬᠦᠷᠭᠡᠵᠦ᠂ ᠥᠨᠳᠥᠷ ᠳᠠᠷᠤᠯᠲᠠ ᠪᠡᠷ ᠬᠠᠤᠯᠢ ᠬᠡᠷᠡᠭᠵᠢᠭᠦᠯᠵᠦ ᠤᠯᠠᠨ
ᠲᠦᠮᠡᠨ᠎ᠦ ᠢᠳᠡᠭᠡᠨ᠎ᠦ ᠠᠮᠤᠷ ᠲᠦᠪᠰᠢᠨ᠎ᠢ ᠬᠠᠮᠠᠭᠠᠯᠠᠪᠠ᠃
✦ ᠲᠡᠮᠦᠷ ᠵᠠᠮ᠎ᠤᠨ 12306 ᠳᠠᠪᠴᠠᠩ ᠲᠦᠷᠦᠬᠦᠬᠡᠨ ᠠᠯᠪᠠᠨ ᠵᠠᠷᠯᠠᠯ ᠨᠡᠢᠲᠡᠯᠡᠵᠦ᠂ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠲᠦ
ᠠᠵᠢᠯ ᠣᠯᠭᠣᠬᠤ ᠦᠢᠯᠡᠴᠢᠯᠡᠭᠡᠨ᠎ᠦ ᠠᠵᠢᠯ᠎ᠢ ᠤᠯᠠᠮ ᠰᠠᠢᠲᠤᠷ ᠦᠷᠨᠢᠭᠦᠯᠵᠦ᠂ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠦᠨ
ᠭᠠᠵᠠᠷ ᠣᠷᠣᠨ ᠠᠯᠤᠰᠯᠠᠨ ᠠᠵᠢᠯ ᠡᠷᠢᠬᠦ᠎ᠳᠦ ᠳᠥᠭᠥᠮ ᠦᠵᠡᠭᠦᠯᠬᠦ᠎ᠶᠢᠨ ᠲᠥᠯᠥᠭᠡ 2026 ᠣᠨ᠎ᠤ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ ᠭᠠᠯᠲᠤ
ᠲᠡᠷᠭᠡᠨ᠎ᠤ ᠪᠢᠯᠧᠲ ᠬᠤᠳᠠᠯᠳᠤᠨ ᠠᠪᠬᠤ᠎ᠳᠤ ᠬᠠᠷᠠᠭᠠᠯᠵᠠᠯ ᠦᠵᠡᠭᠦᠯᠦᠨ᠎ᠡ ᠭᠡᠪᠡ᠃ 2026 ᠣᠨ᠎ᠳᠤ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ ᠪᠡᠶ᠎ᠡ᠎ᠶᠢᠨ ᠦᠨᠡᠮᠯᠡᠯ᠎ᠢᠶᠡᠨ ᠰᠢᠯᠭᠠᠭᠤᠯᠤᠭᠰᠠᠨᠤ
ᠳᠠᠷᠠᠭ᠎ᠠ᠂ ᠲᠡᠭᠦᠰᠬᠦ ᠰᠤᠷᠤᠯᠭ᠎ᠠ᠎ᠶᠢᠨ ᠵᠢᠯ᠎ᠳᠡᠭᠡᠨ ᠳᠠᠩ ᠴᠢᠭᠯᠡᠯ᠎ᠦᠨ ᠰᠤᠷᠤᠭ᠍ᠴᠢ᠎ᠶᠢᠨ ᠬᠠᠷᠠᠭᠠᠯᠵᠠᠯ᠎ᠤᠨ
ᠪᠢᠯᠧᠲ᠎ᠢ ᠢᠯᠡᠭᠦᠦ 2 ᠤᠳᠠᠭ᠎ᠠ ᠬᠦᠷᠲᠡᠵᠦ ᠪᠣᠯᠣᠨ᠎ᠠ᠃ ᠪᠢᠯᠧᠲ᠎ᠦᠨ ᠦᠨ᠎ᠡ
ᠪᠣᠯᠣᠨ ᠰᠠᠭᠤᠳᠠᠯ᠎ᠤᠨ ᠬᠠᠷᠠᠭᠠᠯᠵᠠᠯ ᠢ ᠣᠳᠣ᠌ ᠶᠢᠨ ᠬᠡᠷᠡᠭᠵᠢᠭᠦᠯᠵᠦ ᠪᠠᠢᠭ᠎ᠠ ᠰᠤᠷᠤᠭ᠍ᠴᠢ᠎ᠶᠢᠨ
ᠪᠢᠯᠧᠲ᠎ᠦᠨ ᠬᠠᠷᠠᠭᠠᠯᠵᠠᠯ᠎ᠤᠨ ᠲᠥᠷᠥ᠎ᠶᠢᠨ ᠪᠣᠳᠣᠯᠭ᠎ᠠ ᠯᠤᠭ᠎ᠠ ᠨᠢᠭᠡᠳᠦᠯᠲᠡᠢ ᠪᠠᠢᠯᠭᠠᠨ᠎ᠠ᠃
✦ ᠰᠤᠷᠭᠠᠨ ᠬᠥᠮᠦᠵᠢᠯ ᠦᠨ ᠶᠠᠮᠤᠨ᠎ᠠᠴᠠ ᠨᠠᠢ᠍ᠮᠠᠳᠤᠭᠠᠷ
ᠬᠤᠭᠤᠴᠠᠭᠠᠨ᠎ᠤ ᠮᠤᠵᠢ᠎ᠶᠢᠨ ᠬᠠᠷᠢᠶ᠎ᠠ ᠶᠡᠬᠡ ᠳᠡᠭᠡᠳᠦ ᠰᠤᠷᠭᠠᠭᠤᠯᠢ᠎ᠶᠢᠨ ᠣᠨᠣᠪᠴᠢᠲᠠᠶ᠎ᠪᠠᠷ ᠬᠠᠪᠰᠤᠷᠤᠨ ᠲᠡᠳᠬᠦᠬᠦ
ᠨᠡᠢᠳᠡᠯᠢᠭ ᠲᠥᠰᠥᠯ᠎ᠢ ᠰᠣᠩᠭᠣᠨ ᠲᠠᠨᠢᠯᠴᠠᠭᠤᠯᠤᠭᠰᠠᠨ ᠦᠷ᠎ᠡ ᠳ᠋ᠦᠩ ᠢ ᠨᠡᠢᠲᠡᠯᠡᠪᠡ᠃ ᠪᠥᠬᠥ ᠤᠯᠤᠰ᠎ᠤᠨ 66 ᠲᠥᠰᠥᠯ᠎ᠦᠨ ᠳᠣᠲᠣᠷ᠎ᠠ ᠮᠠᠨ᠎ᠤ ᠣᠷᠣᠨ᠎ᠤ 4 ᠶᠡᠬᠡ ᠳᠡᠭᠡᠳᠦ ᠰᠤᠷᠭᠠᠭᠤᠯᠢ᠎ᠶᠢᠨ
ᠨᠡᠢᠲᠡᠯᠢᠭ ᠲᠥᠰᠥᠯ ᠠᠮᠵᠢᠯᠲᠠ᠎ᠲᠠᠢ ᠪᠡᠷ ᠰᠣᠩᠭᠣᠭᠳᠠᠵᠤ᠂ ᠪᠥᠬᠥ ᠤᠯᠤᠰ᠎ᠤᠨ ᠡᠯ᠎ᠡ ᠮᠤᠵᠢ (ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ) ᠵᠢᠨ ᠳᠣᠲᠣᠷ᠎ᠠ ᠣᠷᠣᠢᠯᠠᠵᠤ᠂ ᠡᠵᠡᠯᠡᠬᠦ ᠬᠠᠷᠢᠴᠠᠯ ᠨᠢ ᠪᠦᠬᠦ ᠤᠯᠤᠰ᠎ᠤᠨ
ᠶᠡᠷᠦᠩᠬᠡᠢ ᠲᠣᠭᠠᠨ᠎ᠤ 6% ᠶᠢ ᠳᠠᠪᠠᠭᠰᠠᠨ ᠪᠠᠢᠨ᠎ᠠ᠃
✦ ᠣᠢᠷ᠎ᠠ᠎ᠳᠤ ᠳᠤᠮᠳᠠᠳᠤ ᠤᠯᠤᠰ᠎ᠤᠨ ᠠᠷᠠᠳ᠎ᠤᠨ ᠬᠡᠷᠡᠭᠯᠡᠭᠡᠨ᠎ᠦ
ᠠᠭᠠᠷ᠎ᠤᠨ ᠠᠶᠠᠯᠠᠯ᠎ᠤᠨ ᠲᠣᠪᠴᠢᠶ᠎ᠠ᠎ᠶᠢᠨ ᠵᠥᠪᠰᠢᠶᠡᠷᠡᠯ᠎ᠢᠶᠡᠷ᠂ ᠮᠠᠨᠵᠤᠤᠷ᠎ᠤᠨ ᠪᠠᠷᠠᠭᠤᠨ ᠲᠡᠭᠦᠷᠭᠡ᠎ᠶᠢᠨ ᠨᠢᠰᠬᠡᠯ᠎ᠦᠨ
ᠪᠠᠭᠤᠳᠠᠯ᠎ᠢ ᠮᠠᠨᠵᠤᠤᠷ᠎ᠤᠨ ᠪᠠᠷᠠᠭᠤᠨ ᠲᠡᠭᠦᠷᠭᠡ᠎ᠶᠢᠨ ᠣᠯᠠᠨ ᠤᠯᠤᠰ᠎ᠤᠨ ᠨᠢᠰᠬᠡᠯ᠎ᠦᠨ ᠪᠠᠭᠤᠳᠠᠯ ᠭᠡᠵᠦ ᠬᠠᠯᠠᠪᠠ᠃
✦ ᠦᠦᠰᠢᠨ ᠬᠣᠰᠢᠭᠤᠨ᠎ᠤ ᠣᠷᠣᠨ ᠨᠤᠲᠤᠭ᠎ᠤᠨ ᠣᠨᠴᠠ ᠪᠦᠲᠦᠭᠡᠭᠳᠡᠬᠦᠨ᠎ᠦ
ᠳᠡᠯᠭᠡᠨ ᠲᠠᠨᠢᠯᠴᠠᠭᠤᠯᠭ᠎ᠠ᠎ᠶᠢᠨ ᠠᠵᠢᠯᠯᠠᠭ᠎ᠠ ᠤᠷᠴᠢᠮᠬᠠᠨ ᠬᠥᠬᠡᠬᠣᠲᠠ᠎ᠳᠤ ᠶᠠᠪᠤᠭᠳᠠᠪᠠ᠃ ᠠᠵᠢᠯᠯᠠᠭ᠎ᠠ᠎ᠳᠤ
ᠦᠦᠰᠢᠨ ᠬᠣᠰᠢᠭᠤᠨ᠎ᠤ ᠲᠠᠷᠢᠶᠠᠯᠠᠩ ᠮᠠᠯ ᠠᠵᠤ ᠠᠬᠤᠢ᠎ᠶᠢᠨ ᠬᠥᠭᠵᠢᠯᠲᠡ᠎ᠶᠢᠨ ᠣᠳᠣᠬᠢ ᠪᠠᠢᠳᠠᠯ᠎ᠢ ᠪᠦᠬᠦ ᠲᠠᠯ᠎ᠠ᠎ᠪᠠᠷ
ᠳᠡᠯᠭᠡᠨ ᠦᠵᠡᠭᠦᠯᠦᠭᠰᠡᠨ᠎ᠤ ᠬᠠᠮᠲᠤ ᠣᠷᠣᠨ ᠨᠤᠲᠤᠭ᠎ᠤᠨ ᠥᠪᠡᠷᠮᠢᠴᠡ ᠣᠨᠴᠠᠯᠢᠬᠳᠤ ᠪᠣᠬᠢᠷᠲᠤᠯ ᠦᠭᠡᠢ ᠮᠠᠯ᠎ᠤᠨ
ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠳᠡᠯᠭᠡᠨ ᠲᠠᠨᠢᠯᠴᠠᠭᠤᠯᠪᠠ᠃
ᠠᠵᠤ ᠠᠬᠤᠢ
✦ 2026 ᠣᠨ᠎ᠠᠴᠠ ᠨᠠᠭᠠᠰᠢ᠂ ᠳᠤᠮᠳᠠᠳᠤ ᠤᠯᠤᠰ᠎ᠤᠨ ᠺᠢᠨᠣ᠋ ᠶᠢᠨ
ᠪᠢᠯᠧᠲ᠎ᠦᠨ ᠣᠷᠣᠯᠭ᠎ᠠ 110 ᠳ᠋ᠦᠩᠰᠢᠭᠤᠷ ᠰᠢᠬᠠᠮ ᠲᠥᠭᠥᠷᠢᠭ ᠬᠦᠷᠴᠦ᠂ ᠪᠥᠬᠥ ᠳᠡᠯᠡᠬᠡᠢ᠎ᠶᠢᠨ
ᠺᠢᠨᠣ᠋ ᠶᠢᠨ ᠵᠠᠬ᠎ᠠ ᠳᠡᠯᠭᠡᠭᠦᠷ᠎ᠲᠠᠬᠢ ᠡᠵᠡᠯᠡᠬᠦ ᠬᠠᠷᠢᠴᠠᠯ ᠨᠢ 28%᠎ᠶᠢ ᠳᠠᠪᠠᠵᠠᠢ᠃
✦ 3 ᠰᠠᠷ᠎ᠠ᠎ᠶᠢᠨ 7 — 9᠎ᠤ ᠡᠳᠦᠷ ᠪᠣᠯᠲᠠᠯ᠎ᠠ ᠶᠠᠪᠤᠭᠳᠠᠭᠰᠠᠨ 《ᠥᠪᠥᠷ ᠮᠣᠩᠭᠣᠯ᠎ᠤᠨ ᠵᠡᠭᠦᠨ ᠬᠡᠰᠡᠭ · 2026 ᠣᠨ᠎ᠤ ᠥᠪᠥᠷ ᠮᠣᠩᠭᠣᠯ (ᠬᠠᠪᠤᠷ᠎ᠤᠨ ᠤᠯᠠᠷᠢᠯ)᠎ᠤᠨ ᠬᠥᠳᠡᠭᠡ ᠠᠵᠤ ᠠᠬᠤᠢ᠎ᠶᠢᠨ ᠮᠠᠰᠢᠨ ᠮᠧᠬᠠᠨᠢᠭ᠋᠎ᠤᠨ ᠦᠵᠡᠰᠬᠦᠯᠡᠩ》 ᠤᠯᠠᠭᠠᠨᠬᠠᠳᠠ᠎ᠶᠢᠨ ᠠᠷᠠᠯᠵᠢᠶ᠎ᠠ
ᠬᠤᠳᠠᠯᠳᠤᠭᠠᠨ᠎ᠤ ᠦᠢᠯᠡᠴᠢᠯᠡᠭᠡᠨ ᠤ ᠪᠣᠳᠠᠰ ᠤᠨ ᠭᠦᠢᠯᠭᠡᠭᠡ ᠶᠢᠨ ᠬᠦᠷᠢᠶᠡᠯᠡᠩ ᠲᠣᠭᠣᠷᠢᠭ᠋᠎ᠲᠤ ᠠᠮᠵᠢᠯᠲᠠ᠎ᠲᠠᠢ
ᠥᠨᠳᠥᠷᠯᠡᠵᠦ᠂ ᠭᠤᠷᠪᠠᠨ ᠡᠳᠦᠷ᠎ᠦᠨ ᠬᠤᠭᠤᠴᠠᠭᠠᠨ᠎ᠳᠤ 326 ᠵᠠᠬᠢᠶᠠᠯᠠᠭ᠎ᠠ ᠲᠣᠭᠲᠠᠵᠤ᠂ ᠰᠠᠨᠠᠮᠵᠢ᠎ᠶᠢᠨ ᠠᠷᠠᠯᠵᠢᠶ᠎ᠠ ᠪᠦᠲᠦᠭᠰᠡᠨ ᠬᠡᠮᠵᠢᠶ᠎ᠡ
5 ᠳ᠋ᠦᠩᠰᠢᠭᠤᠷ ᠲᠥᠭᠥᠷᠢᠭ᠎ᠢ ᠳᠠᠪᠠᠪᠠ᠃
ᠰᠣᠶᠣᠯ
✦ 《3·8》᠎ᠤ ᠳᠡᠯᠡᠬᠡᠢ᠎ᠶᠢᠨ ᠡᠮᠡᠭᠲᠡᠢᠴᠦᠳ᠎ᠤᠨ
ᠪᠠᠶᠠᠷ᠎ᠤᠨ ᠡᠳᠦᠷ᠎ᠢ ᠲᠣᠬᠢᠶᠠᠯᠳᠤᠭᠤᠯᠤᠨ ᠲᠠᠷᠬᠠᠨ ᠮᠤᠣᠮᠢᠩᠭᠠᠨ ᠬᠣᠯᠪᠣᠭᠠᠲᠤ ᠬᠣᠰᠢᠭᠤᠨ᠎ᠤ 《ᠪᠠᠶᠠᠰᠬᠤᠯᠠᠩᠲᠤ ᠨᠠᠭᠠᠳᠤᠮ》 ᠬᠣᠯᠪᠣᠭᠠᠨ᠎ᠤ ᠬᠢᠨ ᠤᠯᠠᠮᠵᠢᠯᠠᠯᠲᠤ
ᠱᠠᠭ᠎ᠠ ᠨᠠᠭᠠᠳᠤᠮ᠎ᠤᠨ ᠤᠷᠣᠯᠳᠤᠭᠠᠨ ᠶᠠᠪᠤᠭᠳᠠᠭᠤᠯᠤᠯ᠎ᠠ᠃ ᠲᠤᠰ ᠤᠳᠠᠭᠠᠨ᠎ᠤ ᠨᠠᠭᠠᠳᠤᠮ᠎ᠳᠤ ᠪᠠᠷᠭᠠᠶ ᠲᠣᠭᠯᠠᠭᠠᠮ᠂ ᠱᠠᠭ᠎ᠠ ᠬᠠᠮᠤᠬᠤ᠂ ᠱᠠᠭ᠎ᠠ ᠬᠠᠷᠪᠤᠬᠤ᠂ ᠬᠡᠢᠮᠣᠷᠢ᠎ᠶᠢᠨ ᠠᠷᠪᠠᠨ
ᠭᠤᠷᠪᠠ ᠵᠡᠷᠭᠡ ᠲᠠᠪᠤᠨ ᠲᠥᠷᠥᠯ᠎ᠦᠨ ᠨᠠᠭᠠᠳᠤᠮ᠎ᠢ ᠵᠣᠬᠢᠶᠠᠨ ᠪᠠᠢᠭᠤᠯᠤᠨ ᠶᠠᠪᠤᠭᠳᠠᠭᠤᠯᠵᠤ᠂ ᠪᠠᠶᠠᠨᠨᠠᠭᠤᠷ ᠬᠤᠲᠠ᠂
ᠠᠪᠠᠭ᠎ᠠ ᠬᠣᠰᠢᠭᠤ᠂ ᠰᠥᠨᠢᠳ ᠵᠡᠭᠦᠨ ᠬᠣᠰᠢᠭᠤ᠂ ᠳᠥᠷᠪᠡᠳ ᠬᠣᠰᠢᠭᠤ ᠵᠡᠷᠭᠡ ᠭᠠᠵᠠᠷ ᠣᠷᠣᠨ᠎ᠤ ᠱᠠᠭ᠎ᠠ ᠨᠠᠭᠠᠳᠤᠮ᠎ᠤᠨ
ᠪᠠᠬᠠᠲᠠᠳ ᠣᠷᠣᠯᠴᠠᠭᠰᠠᠨ ᠪᠠᠢᠨ᠎ᠠ᠃
ᠲᠠᠮᠢᠷ
✦ ᠡᠮᠡᠭᠲᠡᠢ᠎ᠶᠢᠨ ᠬᠥᠯ ᠪᠥᠮᠪᠥᠭᠡ᠎ᠶᠢᠨ
ᠠᠽᠢᠶ᠎ᠠ ᠲᠢᠪ ᠬᠤᠨᠳᠠᠭᠠᠲᠤ ᠳᠤᠭᠤᠢᠯᠠᠩ᠎ᠤᠨ ᠤᠷᠤᠯᠳᠤᠭᠠᠨ᠎ᠤ B ᠳᠤᠭᠤᠢᠯᠠᠩ᠎ᠤᠨ ᠬᠠᠮᠤᠭ᠎ᠤᠨ
ᠰᠡᠭᠦᠯᠴᠢ ᠵᠢᠨ ᠡᠭᠡᠯᠵᠢᠳᠦ᠂ ᠳᠤᠮᠳᠠᠳᠤ ᠤᠯᠤᠰ᠎ᠤᠨ ᠠᠩᠭᠢ 2᠄ 1 ᠪᠡᠷ
ᠰᠣᠯᠣᠩᠭᠣᠰ᠎ᠤᠨ ᠠᠩᠭᠢ᠎ᠶᠢ ᠢᠯᠠᠵᠤ᠂ ᠵᠠᠯᠭᠠᠭ᠎ᠠ᠎ᠪᠠᠷ ᠭᠤᠷᠪᠠ ᠤᠳᠠᠭ᠎ᠠ ᠲᠤᠰ ᠳᠤᠭᠤᠢᠯᠠᠩ᠎ᠤᠨ ᠨᠢᠭᠡᠳᠦᠭᠡᠷ᠎ᠲᠦ
ᠣᠷᠣᠵᠤ᠂ ᠳᠥᠷᠪᠡᠨ᠎ᠦ ᠨᠢᠭᠡ᠎ᠶᠢᠨ ᠰᠢᠢᠳᠪᠦᠷᠢᠲᠦ ᠤᠷᠤᠯᠳᠤᠭᠠᠨ᠎ᠳᠤ C ᠳᠤᠭᠤᠢᠯᠠᠩ᠎ᠤᠨ ᠬᠣᠶᠠᠳᠤᠭᠠᠷ
ᠪᠥᠮᠪᠥᠭᠡᠨ ᠠᠩᠭᠢ᠎ᠲᠠᠢ ᠤᠷᠤᠯᠳᠤᠬᠤ ᠪᠣᠯᠣᠨ᠎ᠠ᠃
✦ ᠠᠩᠬᠠᠨ ᠤ ᠬᠤᠭᠤᠴᠠᠭᠠᠨ᠎ᠤ 《ᠨᠤᠲᠤᠭ》 ᠨᠡᠷᠡᠮᠵᠢᠳᠤ
ᠮᠤᠩᠭᠤᠯ ᠮᠤᠷᠢᠨ᠎ᠤ ᠰᠤᠷᠢᠭ᠎ᠠ ᠤᠷᠤᠯᠳᠤᠭᠠᠨ ᠤᠷᠴᠢᠮᠬᠠᠨ ᠤᠩᠨᠢᠭᠤᠳ ᠬᠤᠰᠢᠭᠤᠨ᠎ᠤ ᠭᠡᠷᠰᠡᠩ ᠰᠤᠮᠤ᠎ᠳᠤ ᠶᠠᠪᠤᠭᠳᠠᠪᠠ᠃
ᠤᠷᠤᠯᠳᠤᠭᠠᠨ᠎ᠳᠤ 12 ᠭᠠᠵᠠᠷ᠎ᠤᠨ ᠵᠢᠷᠤᠭ᠎ᠠ ᠮᠣᠷᠢᠨ᠎ᠤ ᠤᠷᠤᠯᠳᠤᠭᠠᠨ᠂ 25 ᠭᠠᠵᠠᠷ᠎ᠤᠨ
ᠬᠤᠷᠳᠤᠨ ᠮᠣᠷᠢᠨ᠎ᠤ ᠤᠷᠤᠯᠳᠤᠭᠠᠨ ᠵᠡᠷᠭᠡ ᠲᠥᠷᠪᠡᠨ ᠲᠥᠷᠥᠯ᠎ᠦᠨ ᠤᠷᠤᠯᠳᠤᠭᠠᠨ᠎ᠢ ᠲᠣᠬᠢᠷᠠᠭᠤᠯᠵᠤ᠂ ᠣᠩᠨᠢᠭᠤᠳ ᠬᠣᠰᠢᠭᠤᠨ᠎ᠤ ᠬᠡᠪᠴᠢᠶᠡᠨ᠎ᠤ ᠤᠶᠠᠭᠠᠴᠢᠳ
ᠤᠨ ᠵᠠᠭᠤ ᠭᠠᠷᠤᠢ ᠮᠣᠷᠢ ᠤᠷᠣᠯᠳᠤᠵᠤ᠂ ᠬᠤᠷᠠᠭᠰᠠᠨ ᠣᠯᠠᠨ᠎ᠢᠶᠠᠨ ᠪᠠᠶᠠᠰᠬᠠᠵᠠᠢ᠃
✦ 3 ᠰᠠᠷ᠎ᠠ᠎ᠶᠢᠨ 9᠎ᠤ ᠡᠳᠦᠷ᠂ ᠰᠢᠨ᠎ᠡ ᠪᠠᠷᠭᠤ ᠵᠡᠭᠦᠨ ᠬᠣᠰᠢᠭᠤᠨ᠎ᠳᠤ ᠶᠠᠪᠤᠭᠳᠠᠭᠰᠠᠨ ᠬᠥᠯᠥᠨ ᠪᠣᠶ᠋ᠢᠷ
ᠬᠣᠲᠠ᠎ᠶᠢᠨ ᠨᠠᠢ᠍ᠮᠠᠳᠤᠭᠠᠷ ᠬᠤᠭᠤᠴᠠᠭᠠᠨ᠎ᠤ ᠳᠣᠯᠢᠶᠠ᠎ᠲᠤ ᠪᠥᠬᠡ ᠵᠢᠨ ᠡᠭᠡᠯᠵᠢᠲᠦ ᠪᠠᠷᠢᠯᠳᠤᠭᠠᠨ᠎ᠤ ᠰᠢᠯᠢᠳᠡᠭ
128 ᠪᠥᠬᠡ᠎ᠶᠢᠨ
ᠪᠠᠷᠢᠯᠳᠤᠭᠠᠨ᠎ᠳᠤ ᠰᠠᠢᠬᠠᠨ ᠲᠦᠷᠦᠭᠦᠯᠡᠪᠡ᠃
ᠳᠡᠯᠡᠬᠡᠢ
✦ ᠰᠢᠨᠬᠤᠸᠠ ᠬᠤᠷᠢᠶ᠎ᠠ ᠵᠢᠨ
ᠮᠡᠳᠡᠭᠡ ᠵᠢ ᠦᠨᠳᠦᠰᠦᠯᠡᠪᠡᠯ᠂ ᠠᠮᠧᠷᠢᠺᠠ᠎ᠶᠢᠨ ᠶᠡᠷᠦᠩᠬᠡᠢᠯᠡᠭᠴᠢ ᠲᠸᠷᠠᠮᠫᠦ᠋ 8᠎ᠤ
ᠡᠳᠦᠷ ᠢᠰᠷᠧᠯ᠎ᠦᠨ ᠵᠠᠭᠤᠴᠢᠯᠠᠭᠤᠷ᠎ᠲᠤ ᠬᠡᠯᠡᠬᠦ᠎ᠳᠡᠭᠡᠨ᠂ 《ᠲᠣᠬᠢᠷᠠᠮᠵᠢᠲᠠᠢ
ᠴᠠᠭ ᠲᠣᠬᠢᠶᠠᠯ》᠎ᠳᠤ ᠢᠷᠠᠨ᠎ᠳᠠᠬᠢ ᠴᠡᠷᠢᠭ
ᠲᠡᠶ᠋ᠢᠨ᠎ᠦ ᠠᠵᠢᠯᠯᠠᠭ᠎ᠠ᠎ᠪᠠᠨ ᠳᠠᠭᠤᠰᠬᠠᠬᠤ ᠡᠴᠦᠰ᠎ᠦᠨ ᠲᠣᠭᠲᠠᠭᠠᠯ ᠭᠠᠷᠭᠠᠨ᠎ᠠ ᠭᠡᠵᠡᠢ᠃
ᠦᠢᠯᠡᠴᠢᠯᠡᠭᠡ
✦ ᠤᠩᠨᠢᠭᠤᠳ ᠬᠤᠰᠢᠭᠤᠨ᠎ᠤ ᠠᠵᠢᠯ ᠤᠯᠭᠤᠯᠳᠠ ᠵᠢᠨ ᠤᠢᠯᠡᠴᠢᠯᠡᠭᠡᠨ᠎ᠤ ᠲᠦᠪ
ᠨᠡᠢᠳᠡ ᠵᠢᠨ ᠠᠰᠠᠷᠠᠮᠵᠢ ᠵᠢᠨ ᠴᠢᠨᠠᠷᠳᠠᠢ ᠠᠵᠢᠯ᠎ᠤᠨ ᠪᠠᠢᠷᠢ᠎ᠳᠤ ᠠᠵᠢᠯᠳᠠᠨ ᠡᠯᠰᠡᠬᠦ ᠪᠡᠷ ᠪᠤᠢ᠃
ᠲᠠᠨ᠎ᠤ ᠲᠤᠰᠠ᠎ᠳᠤ
✦ ᠵᠠᠷᠢᠮ ᠦᠶᠡᠰ᠎ᠲᠦ ᠲᠡᠷᠭᠡᠨ᠎ᠦ ᠠᠭᠠᠷ ᠲᠣᠬᠢᠷᠠᠭᠤᠯᠤᠭ᠍ᠴᠢ᠎ᠠᠴᠠ ᠨᠢᠭᠡ ᠵᠦᠢᠯ᠎ᠦᠨ ᠰᠣᠨᠢᠨ ᠦᠨᠦᠷ ᠭᠠᠷᠳᠠᠭ᠃
ᠡᠢᠮᠦᠷᠬᠦᠦ ᠪᠠᠢᠳᠠᠯ᠎ᠳᠤ ᠲᠡᠷᠭᠡᠨ ᠳᠣᠲᠣᠷ᠎ᠠ ᠪᠠᠨ ᠠᠯᠮᠤᠷᠠᠳ ᠪᠤᠶᠤ ᠨᠢᠮᠪᠡᠭᠡ᠎ᠶᠢ ᠬᠡᠰᠡᠭᠯᠡᠨ ᠬᠡᠷᠴᠢᠭᠡᠳ
ᠲᠠᠯᠪᠢᠪᠠᠯ ᠵᠢᠮᠢᠰ᠎ᠦᠨ ᠠᠩᠬᠢᠯᠤᠮ᠎ᠠ ᠦᠨᠦᠷ ᠲᠡᠷᠭᠡᠨ ᠳᠣᠲᠣᠷᠠᠬᠢ ᠰᠣᠨᠢᠨ ᠦᠨᠦᠷ᠎ᠢ ᠨᠠᠮᠳᠠᠭᠠᠵᠤ ᠲᠠᠢᠯᠤᠨ᠎ᠠ᠃
ᠵᠠᠯᠭᠠᠭᠠᠳ 《ᠡᠵᠢ
ᠮᠦᠷᠦᠭᠡᠳᠤᠯ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ
ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠦ ᠪᠠᠶᠠᠷᠯᠠᠯ᠎ᠠ᠂ ᠪᠠᠶᠠᠷᠳᠠᠢ︕
(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ
ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ
ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ
ᠬᠤᠳᠠ᠂ ᠬᠤᠰᠢᠭᠤ ᠰᠢᠶᠠᠨ᠎ᠤ ᠵᠢᠷᠬᠢᠶ᠎ᠠ᠎ᠶᠢᠨ ᠲᠠᠪᠴᠠᠩ)